ᠨᠣᠭᠤᠭᠠᠨ ᠬᠠᠯᠢᠰᠤ ᠲᠠᠢ ᠥᠨᠳᠡᠭᠡᠨ ᠲᠠᠬᠢᠶ᠎ᠠ
ᠨᠡᠶᠢᠲᠡᠯᠡᠭᠰᠡᠨ ᠴᠠᠭ᠄
2021/9/29
ᠨᠣᠭᠤᠭᠠᠨ ᠬᠠᠯᠢᠰᠤᠲᠤ ᠥᠨᠳᠡᠭᠡᠨ ᠲᠠᠬᠢᠶ᠎ᠠ  ︵绿壳蛋鸡︶᠎ ᠶᠢᠨ ᠴᠤᠷᠪᠠᠭ᠎ᠠ ᠶᠢᠨ ᠪᠡᠶ᠎ᠡ ᠶᠢᠨ ᠬᠦᠨᠳᠦ ᠨᠢ ᠪᠠᠷᠤᠭ 32.5 ᠭᠷᠠᠮ᠂ 150 ᠬᠤᠨᠤᠭ ᠤᠨ ᠦᠶ᠎ᠡ ᠳᠤ ᠡᠷᠡᠭᠴᠢᠨ ᠲᠠᠬᠢᠶ᠎ᠠ ᠶᠢᠨ ᠳᠤᠮᠳᠠᠴᠢ ᠬᠦᠨᠳᠦ ᠨᠢ 1500 ᠭᠷᠠᠮ᠂ ᠡᠮᠡᠭᠴᠢᠨ ᠲᠠᠬᠢᠶ᠎ᠠ ᠳᠤᠮᠳᠠᠴᠢ ᠪᠠᠷ 1300 ᠭᠷᠠᠮ ᠪᠠᠶᠢᠳᠠᠭ᠃ 300 ᠡᠳᠦᠷ ᠪᠣᠯᠬᠤ ᠦᠶ᠎ᠡ ᠳᠤ ᠡᠷᠡᠭᠴᠢᠨ ᠲᠠᠬᠢᠶ᠎ᠠ ᠶᠢᠨ ᠪᠡᠶ᠎ᠡ ᠶᠢᠨ ᠬᠦᠨᠳᠦ ᠨᠢ ᠡᠨᠡ ᠵᠢᠯ ᠪᠠᠷᠤᠭ 1850 ᠭᠷᠠᠮ᠂ ᠡᠮᠡᠭᠴᠢᠨ ᠲᠠᠬᠢᠶ᠎ᠠ ᠪᠠᠷᠤᠭ 1650 ᠭᠷᠠᠮ ᠪᠠᠶᠢᠪᠠ᠃ ᠲᠠᠸᠠᠷ ᠤᠨ ᠲᠠᠬᠢᠶ᠎ᠠ ᠶᠢ ᠬᠠᠭᠠᠰ ᠴᠡᠪᠡᠷ ᠬᠥᠨᠳᠡᠶ ᠪᠠᠷ ᠨᠢᠲᠤᠯᠬᠤ ᠨᠣᠷᠮ᠎ᠠ ᠨᠢ 80% ᠪᠠᠶᠢᠵᠤ᠂ ᠪᠦᠬᠦᠯᠢ ᠴᠡᠪᠡᠷ ᠬᠥᠨᠳᠡᠶ ᠪᠠᠷ ᠨᠢᠲᠤᠯᠬᠤ ᠨᠣᠷᠮ᠎ᠠ ᠨᠢ 61% ᠪᠣᠯᠤᠨ᠎ᠠ᠃ ᠲᠡᠭᠦᠨ ᠤ ᠮᠢᠬ᠎ᠠ ᠨᠢ ᠨᠠᠷᠢᠯᠢᠭ ᠂ ᠦᠨᠦᠷ ᠠᠮᠲᠠ ᠨᠢ ᠰᠣᠷᠭᠤᠭ᠂ ᠰᠢᠮ᠎ᠡ ᠲᠡᠵᠢᠭᠡᠯ ᠤᠨ ᠥᠷᠲᠡᠭ ᠨᠢ ᠥᠨᠳᠥᠷ ᠪᠠᠶᠢᠳᠠᠭ᠃ ᠨᠣᠭᠤᠭᠠᠨ ᠬᠠᠯᠢᠰᠤ ᠲᠠᠢ ᠥᠨᠳᠡᠭᠡᠨ ᠲᠠᠬᠢᠶ᠎ᠠ ᠥᠨᠳᠡᠭᠡᠯᠡᠬᠦ ᠳᠡᠭᠡᠨ ᠭᠤᠣᠯᠳᠠᠭᠤ 20 ᠭᠠᠷᠠᠭ ᠣᠷᠴᠢᠮ ᠪᠠᠶᠢᠳᠠᠭ᠂ ᠲᠡᠭᠦᠨ ᠤ ᠥᠨᠳᠡᠭᠡᠯᠡᠬᠦ ᠣᠷᠭᠢᠯ ᠦᠶ᠎ᠡ ᠨᠢ 80%᠎ ᠶᠢᠨ ᠥᠨᠳᠡᠭᠡᠯᠡᠬᠦ ᠨᠣᠷᠮ᠎ᠠ ᠳᠤ ᠬᠦᠷᠴᠦ᠂ ᠥᠨᠳᠡᠭᠡᠯᠡᠬᠦ ᠦᠶᠡᠯᠡᠯ ᠤᠨ ᠬᠤᠭᠤᠴᠠᠭ᠎ᠠ ᠨᠢ ᠡᠬᠢᠯᠡᠵᠦ ᠬᠥᠩᠭᠡᠵᠢᠬᠦ ᠠᠴᠠ ᠠᠪᠤᠭᠠᠳ 55 ᠭᠠᠷᠠᠭ ᠪᠣᠯᠬᠤ ᠦᠶ᠎ᠡ ᠳᠤ ᠪᠠᠷᠤᠭ 150 ᠥᠨᠳᠡᠭᠡ ᠥᠨᠳᠡᠭᠡᠯᠡᠳᠡᠭ᠃ ᠴᠤᠷᠪᠠᠭ᠎ᠠ ᠪᠤᠶᠢᠵᠢᠭᠤᠯᠤᠭᠠᠳ 19 ᠭᠠᠷᠠᠭ ᠪᠣᠯᠤᠭᠰᠠᠨ ᠲᠠᠬᠢᠶ᠎ᠠ ᠠᠴᠠ ᠥᠨᠳᠡᠭᠡᠯᠡᠬᠦ ᠲᠠᠬᠢᠶ᠎ᠠ ᠶᠢᠨ ᠬᠠᠰᠢᠶᠠᠨ ᠳᠤ ᠰᠢᠯᠵᠢᠨ ᠣᠷᠣᠵᠤ ᠪᠣᠯᠤᠨ᠎ᠠ᠃ ᠡᠭᠦᠯᠳᠡᠷ ᠤᠨ ᠲᠠᠬᠢᠶ᠎ᠠ ᠶᠢ ᠡᠩ ᠤᠨ ᠪᠠᠶᠢᠳᠠᠯ ᠳᠤ ᠭᠠᠳᠠᠨ᠎ᠠ ᠲᠡᠵᠢᠭᠡᠬᠦ ᠪᠤᠶᠤ ᠰᠢᠩᠭᠡᠯᠢᠭ ᠢᠶᠠᠷ ᠲᠡᠵᠢᠭᠡᠵᠦ ᠪᠣᠯᠤᠨ᠎ᠠ᠃ ᠬᠡᠷᠪᠡ ᠲᠠᠯ᠎ᠠ ᠭᠠᠵᠠᠷ ᠲᠤ ᠲᠡᠵᠢᠭᠡᠵᠦ ᠪᠠᠶᠢᠭ᠎ᠠ ᠪᠣᠯ ᠪᠥᠮᠪᠥᠭᠡᠨ ᠬᠤᠷᠣᠬᠠᠶ ᠶᠢᠨ ᠡᠪᠡᠳᠴᠢᠨ ᠢ ᠰᠡᠷᠭᠡᠶᠢᠯᠡᠬᠦ ᠶᠢ ᠠᠩᠬᠠᠷᠬᠤ ᠬᠡᠷᠡᠭᠲᠡᠶ᠃ ᠲᠠᠬᠢᠶᠠᠨ ᠤ ᠰᠦᠷᠦᠭ ᠲᠤ ᠶᠡᠷᠦ ᠳᠡᠭᠡᠨ ᠡᠳᠦᠷ ᠲᠤ 3 ᠤᠳᠠᠭ᠎ᠠ᠂ ᠤᠳᠠᠭ᠎ᠠ ᠪᠦᠷᠢ ᠶᠢᠨ ᠲᠡᠵᠢᠭᠡᠯ ᠪᠣᠷᠳᠤᠭ᠎ᠠ ᠶᠢᠨ ᠴᠠᠭ ᠤᠨ ᠵᠠᠶ ᠶᠢ ᠤᠷᠲᠤᠳᠬᠠᠵᠤ᠂ ᠲᠡᠵᠢᠭᠡᠯ ᠪᠣᠷᠳᠤᠭ᠎ᠠ ᠶᠢ ᠴᠢᠳᠠᠬᠤ ᠶᠢᠨ ᠬᠢᠷᠢ ᠪᠠᠷ ᠣᠯᠠᠨ ᠶᠠᠩᠵᠤ ᠶᠢᠨ ᠪᠣᠯᠭᠠᠵᠤ᠂ ᠲᠡᠳᠡᠭᠡᠷ ᠲᠤ ᠪᠢᠴᠢᠯ ᠡᠯᠧᠮᠧᠨ᠋ᠲ ᠲᠠᠢ ᠲᠡᠵᠢᠭᠡᠯ ᠪᠣᠷᠳᠤᠭ᠎ᠠ ᠥᠭᠭᠦᠨ᠎ᠡ᠂ ᠪᠠᠰᠠ ᠪᠦᠳᠦᠭᠦᠯᠢᠭ ᠤᠭᠤᠷᠠᠭ ᠢᠶᠠᠷ ᠥᠨᠳᠥᠷ ᠧ ᠼᠠᠢ ᠼᠣᠣ ᠡᠪᠡᠰᠦ᠂ ᠽᠢ ᠯᠢ ᠰᠢᠶᠠᠨ ᠼᠣᠣ ᠡᠪᠡᠰᠦ ᠵᠡᠷᠭᠡ ᠨᠣᠭᠤᠭᠠᠨ ᠪᠣᠷᠳᠤᠭ᠎ᠠ ᠶᠢ ᠬᠤᠯᠢᠵᠤ ᠲᠡᠵᠢᠭᠡᠵᠦ᠂ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ ᠤᠨ ᠪᠦᠬᠦ ᠲᠠᠯ᠎ᠠ ᠶᠢ ᠪᠠᠲᠤᠯᠠᠨ᠎ᠠ᠃ ᠲᠠᠬᠢᠶᠠᠨ ᠤ ᠰᠦᠷᠦᠭ ᠲᠤ ᠡᠳᠦᠷ ᠲᠤ 3 ᠤᠳᠠᠭ᠎ᠠ᠂ ᠤᠳᠠᠭ᠎ᠠ ᠪᠦᠷᠢ ᠶᠢᠨ ᠲᠡᠵᠢᠭᠡᠯ ᠪᠣᠷᠳᠤᠭ᠎ᠠ ᠶᠢᠨ ᠴᠠᠭ ᠤᠨ ᠵᠠᠶ ᠶᠢ ᠤᠷᠲᠤᠳᠬᠠᠵᠤ᠂ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ ᠤᠨ ᠪᠦᠬᠦ ᠲᠠᠯ᠎ᠠ ᠶᠢ ᠪᠠᠲᠤᠯᠠᠨ᠎ᠠ᠃ ᠤᠰᠤᠨ ᠳᠤᠨᠢ ᠪᠠᠰᠠ ᠨᠢᠭᠡ ᠪᠦᠯᠦᠭ ᠫᠧᠨᠢᠼᠢᠯᠢᠨ ᠢ ᠨᠡᠮᠡᠵᠦ ᠭᠠᠷᠠᠭ ᠪᠦᠷᠢ ᠨᠢᠭᠡ ᠤᠳᠠᠭ᠎ᠠ ᠤᠰᠤᠯᠠᠨ᠎ᠠ᠂ ᠢᠩᠭᠢᠪᠡᠯ ᠳᠠᠷᠤᠶ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠦᠢᠯᠡᠳᠦᠯ ᠲᠠᠢ ᠪᠣᠯᠤᠨ᠎ᠠ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号