ᠪᠣᠷᠳᠣᠭᠠᠨ ᠤ ᠸᠠᠯᠠᠬᠤ ᠶᠢ ᠰᠢᠢᠳᠪᠦᠷᠢᠯᠡᠬᠦ ᠠᠷᠭ᠎ᠠ
ᠨᠡᠶᠢᠲᠡᠯᠡᠭᠰᠡᠨ ᠴᠠᠭ᠄
2021/9/29
  ᠰᠢᠮ᠎ᠡ ᠲᠡᠵᠢᠭᠡᠯ ᠢᠶᠠᠷ ᠬᠤᠣᠷ ᠲᠠᠶᠢᠯᠬᠤ ᠠᠷᠭ᠎ᠠ ᠨᠢᠭᠡ ᠳᠤ ᠢᠰᠦᠯᠳᠦᠬᠦ ᠶᠢ ᠡᠰᠡᠷᠭᠦᠴᠡᠬᠦ ᠪᠣᠳᠠᠰ ᠢ ᠨᠡᠮᠡᠨ᠎ᠡ᠃ ᠵᠢᠱᠢᠶᠡᠯᠡᠪᠡᠯ VA᠂ VC᠂ VE ᠪᠣᠯᠤᠨ ᠰᠧᠯᠧᠨ ᠵᠡᠷᠭᠡ ᠶᠢ ᠨᠡᠮᠡᠪᠡᠯ ᠴᠥᠮ ᠬᠥᠭᠡᠴᠦ ᠶᠢᠨ ᠬᠤᠣᠷᠲᠤ ᠡᠳ᠋ ᠤᠨ ᠡᠰ ᠲᠤ ᠦᠵᠡᠭᠦᠯᠬᠦ ᠦᠢᠯᠡᠳᠦᠯ ᠢ ᠨᠠᠮᠳᠠᠭᠤᠯᠤᠨ᠎ᠠ᠃ ᠬᠤᠶᠠᠷ ᠲᠤ᠂ ᠥᠨᠳᠡᠭᠡᠨ ᠰᠢᠪᠲᠦᠷᠲᠦ ᠬᠦᠴᠢᠯ ᠨᠡᠮᠡᠨ᠎ᠡ᠃ ᠡᠯᠢᠭᠡᠨ ᠤ ᠬᠤᠣᠷ ᠢ ᠲᠠᠶᠢᠯᠬᠤ ᠶᠢᠨ ᠰᠠᠭᠤᠷᠢ ᠪᠣᠯ ᠨᠠᠷᠢᠮᠤ ᠶᠢᠨ ᠳᠠᠪᠤᠰᠠᠩ ᠤᠨ ᠭᠯᠢᠫᠲ᠋ᠢᠳ᠋ ︵谷胱甘肽︶ ᠂ ᠥᠨᠳᠡᠭᠡᠨ ᠰᠢᠪᠲᠦᠷᠲᠦ ᠬᠦᠴᠢᠯ ︵蛋氨酸︶ ᠪᠣᠯ ᠨᠠᠷᠢᠮᠤ ᠶᠢᠨ ᠳᠠᠪᠤᠰᠠᠩ ᠤᠨ ᠭᠯᠢᠫᠲ᠋ᠢᠳ᠋ ᠤᠨ ᠭᠤᠣᠯ ᠪᠦᠷᠢᠯᠳᠦᠬᠦᠨ ᠪᠣᠯᠤᠨ᠎ᠠ᠃ ᠰᠢᠮ᠎ᠡ ᠲᠡᠵᠢᠭᠡᠯ ᠢᠶᠠᠷ ᠬᠤᠣᠷ ᠲᠠᠶᠢᠯᠬᠤ ᠠᠷᠭ᠎ᠠ ᠨᠢ ᠵᠣᠬᠢᠬᠤ ᠬᠡᠮᠵᠢᠶᠡᠨ ᠤ ᠬᠤᠣᠷ ᠲᠠᠶᠢᠯᠬᠤ ᠦᠢᠯᠡᠳᠦᠯ ᠲᠠᠢ ᠪᠣᠯᠪᠠᠴᠤ ᠰᠢᠮ᠎ᠡ ᠲᠡᠵᠢᠭᠡᠯ ᠤᠨ ᠲᠡᠩᠴᠡᠭᠦᠷᠢ ᠦᠭᠡᠶ ᠪᠠᠶᠢᠳᠠᠯ ᠢ ᠪᠤᠶ ᠪᠣᠯᠭᠠᠳᠠᠭ᠃      ᠰᠤᠷᠤᠨᠠᠭᠤᠯᠬᠤ ᠠᠷᠭ᠎ᠠ ᠶᠢᠨ ᠨᠢᠭᠡ ᠳᠤ ᠦᠵᠦᠮ ᠤᠨ ᠪᠥᠭᠡᠭᠡᠨᠡᠷᠡᠯ ᠷᠠᠰᠢᠶᠠᠨ ᠤ ᠪᠥᠭᠡᠭᠡᠨᠡᠷᠡᠯ ᠰᠢᠬᠢᠷ ᠤᠨ ᠠᠷᠭ᠎ᠠ ᠶᠢ ᠬᠡᠷᠡᠭᠯᠡᠨ᠎ᠡ᠂ ᠭᠡᠪᠡᠴᠦ ᠦᠢᠯᠡᠳᠦᠯ ᠨᠢ ᠡᠩ ᠤᠨ ᠪᠥᠭᠡᠳ ᠵᠠᠷᠤᠳᠠᠯ ᠨᠢ ᠨᠡᠯᠢᠶᠡᠳ ᠥᠨᠳᠥᠷ ᠪᠠᠶᠢᠳᠠᠭ᠃ ᠬᠤᠶᠠᠷ ᠲᠤ᠂ ᠢᠳᠡᠪᠬᠢᠵᠢᠭᠦᠯᠦᠭᠰᠡᠨ ᠨᠡᠭᠦᠷᠡᠰᠦ ᠶᠢᠨ ᠠᠷᠭ᠎ᠠ ᠪᠠ ᠴᠠᠬᠢᠭᠤᠷ ᠬᠦᠴᠢᠯ ᠤᠨ ᠳᠠᠪᠤᠰᠤᠨ ᠤ ᠠᠷᠭ᠎ᠠ ᠶᠢ ᠬᠡᠷᠡᠭᠯᠡᠨ᠎ᠡ᠃ ᠵᠥᠪᠬᠡᠨ ᠰᠢᠷ᠎ᠠ ᠬᠥᠷᠥᠩᠭᠡ ᠶᠢᠨ ᠬᠥᠭᠡᠴᠦ ᠶᠢᠨ ᠬᠤᠣᠷᠲᠤ ᠡᠳ᠋ ᠲᠤ ᠲᠤᠰᠠᠲᠠᠶ᠂ ᠪᠤᠰᠤᠳ ᠬᠤᠣᠷᠲᠤ ᠡᠳ᠋ ᠲᠤ ᠲᠤᠰᠠ ᠦᠭᠡᠶ᠃ ᠪᠠᠰᠠ ᠬᠥᠭᠡᠴᠦ ᠶᠢᠨ ᠬᠤᠣᠷᠲᠤ ᠡᠳ᠋ ᠢ ᠰᠣᠷᠣᠨ ᠨᠠᠭᠠᠯᠳᠤᠭᠤᠯᠬᠤ ᠶᠢᠨ ᠬᠠᠮᠲᠤ ᠪᠠᠰᠠ ᠶᠡᠭᠡ ᠬᠡᠮᠵᠢᠶᠡᠨ ᠤ ᠸᠢᠲ᠋ᠠᠮᠢᠨ ᠪᠣᠯᠤᠨ ᠰᠢᠪᠲᠦᠷᠲᠦ ᠬᠦᠴᠢᠯ ᠢ ᠰᠣᠷᠣᠨ ᠨᠠᠭᠠᠯᠳᠤᠭᠤᠯᠤᠭᠰᠠᠨ ᠠᠴᠠ ᠣᠳᠣᠬᠠᠨ ᠳᠤ ᠬᠡᠷᠡᠭᠯᠡᠭᠡᠨ ᠤ ᠦᠷ᠎ᠡ ᠳ᠋ᠦᠩ ᠨᠢ ᠨᠡᠯᠢᠶᠡᠳ ᠮᠠᠭᠤ ᠪᠠᠶᠢᠨ᠎ᠠ᠃      ᠠᠮᠢᠵᠢᠷᠠᠯ ᠤᠨ ᠬᠦᠴᠦᠨ ᠤ ᠢᠰᠬᠡᠭᠦᠷ ᠢ ᠨᠡᠮᠡᠬᠦ ᠠᠷᠭ᠎ᠠ ᠠᠮᠢᠵᠢᠷᠠᠯ ᠤᠨ ᠬᠦᠴᠦᠨ ᠤ ᠢᠰᠬᠡᠭᠦᠷ ᠨᠢ ᠬᠥᠭᠡᠴᠦ ᠶᠢᠨ ᠬᠤᠣᠷᠲᠤ ᠡᠳ᠋ ᠤᠨ ᠰᠤᠷᠤᠨᠠᠭᠤᠯᠤᠭᠴᠢ ᠪᠤᠶᠤ ᠲᠤᠭᠤᠯᠤᠭᠤᠯᠤᠭᠴᠢ ᠲᠠᠢ ᠠᠳᠠᠯᠢ ᠦᠭᠡᠢ᠂ ᠨᠡᠩ ᠴᠤ ᠡᠩ ᠤᠨ ᠬᠥᠭᠡᠴᠦ ᠰᠡᠷᠭᠡᠶᠢᠯᠡᠭᠴᠢ ᠲᠠᠢ ᠠᠳᠠᠯᠢ ᠦᠭᠡᠢ ᠪᠠᠶᠢᠳᠠᠭ᠃ ᠬᠥᠭᠡᠴᠦ ᠰᠡᠷᠭᠡᠶᠢᠯᠡᠭᠴᠢ ᠨᠢ ᠵᠥᠪᠬᠡᠨ ᠬᠥᠭᠡᠴᠦ ᠶᠢᠨ ᠥᠰᠥᠯᠲᠡ ᠶᠢ ᠬᠤᠷᠢᠭᠯᠠᠵᠤ᠂ ᠲᠡᠵᠢᠭᠡᠯ ᠪᠣᠷᠳᠣᠭᠠᠨ ᠳᠤ ᠨᠢᠭᠡᠨᠲᠡ ᠡᠭᠦᠰᠦᠭᠰᠡᠨ ᠬᠥᠭᠡᠴᠦ ᠶᠢᠨ ᠬᠤᠣᠷᠲᠤ ᠡᠳ᠋ ᠢ ᠠᠷᠢᠯᠭᠠᠬᠤ ᠶᠢᠨ ᠠᠷᠭ᠎ᠠ ᠦᠭᠡᠢ ᠶᠤᠮ᠃ ᠭᠡᠬᠦ ᠳᠡᠭᠡᠨ ᠲᠡᠵᠢᠭᠡᠯ ᠪᠣᠷᠳᠣᠭᠠᠨ ᠳᠤ ᠬᠥᠭᠡᠴᠦ ᠶᠢᠨ ᠬᠤᠣᠷᠲᠤ ᠡᠳ᠋ ᠤᠨ ᠰᠣᠷᠣᠯᠲᠠ ᠪᠤᠶᠤ ᠲᠤᠭᠤᠯᠤᠭᠤᠯᠤᠯᠲᠠ ᠶᠢᠨ ᠡᠳ᠋ ᠢ ᠨᠡᠮᠡᠪᠡᠯ᠂ ᠵᠥᠪᠬᠡᠨ ᠬᠥᠭᠡᠴᠦ ᠶᠢᠨ ᠬᠤᠣᠷᠲᠤ ᠡᠳ᠋ ᠢ ᠪᠠᠭ᠎ᠠ ᠬᠡᠮᠵᠢᠶᠡᠨ ᠤ ᠪᠣᠬᠢᠷᠲᠤᠭᠤᠯᠬᠤ ᠲᠡᠵᠢᠭᠡᠯ ᠪᠣᠷᠳᠤᠭ᠎ᠠ ᠳᠤ ᠠᠰᠢᠭᠲᠠᠶ᠂ ᠬᠦᠨᠳᠦ ᠪᠠ ᠳᠤᠮᠳᠠ ᠵᠡᠷᠭᠡ ᠶᠢᠨ ᠬᠥᠭᠡᠴᠦ ᠶᠢᠨ ᠲᠡᠵᠢᠭᠡᠯ ᠪᠣᠷᠳᠤᠭ᠎ᠠ ᠳᠤ ᠦᠢᠯᠡᠳᠦᠯ ᠦᠵᠡᠭᠦᠯᠬᠦ ᠦᠭᠡᠢ᠂ ᠵᠥᠪᠬᠡᠨ ᠬᠠᠶᠠᠭᠳᠠᠬᠤ ᠠᠴᠠ ᠪᠢᠰᠢ ᠲᠡᠵᠢᠭᠡᠬᠦ ᠶᠢ ᠴᠡᠭᠡᠷᠯᠡᠨ᠎ᠡ᠃ ᠠᠮᠢᠵᠢᠷᠠᠯ ᠤᠨ ᠬᠦᠴᠦᠨ ᠤ ᠢᠰᠬᠡᠭᠦᠷ ᠲᠤ ᠦᠵᠦᠮ ᠤᠨ ᠰᠢᠬᠢᠷ ᠤᠨ ᠢᠰᠦᠯᠳᠦᠭᠦᠯᠬᠦ ᠢᠰᠬᠡᠭᠦᠷ ᠢ ᠠᠭᠤᠯᠵᠤ ᠪᠠᠶᠢᠳᠠᠭ᠂ ᠲᠡᠷᠡ ᠨᠢ ᠨᠢᠭᠡ ᠵᠦᠢᠯ ᠤᠨ ᠢᠰᠦᠯᠳᠦᠭᠦᠯᠦᠨ ᠠᠩᠭᠢᠵᠢᠷᠠᠭᠤᠯᠬᠤ ᠢᠰᠬᠡᠭᠦᠷ ᠲᠤ ᠪᠠᠭᠲᠠᠨ᠎ᠠ᠂ ᠲᠡᠷᠡ ᠨᠢ ᠰᠢᠭᠤᠳ ᠰᠢᠷ᠎ᠠ ᠬᠦᠷᠦᠩᠭᠡ ᠶᠢᠨ ᠬᠥᠭᠡᠴᠦ᠂ ᠬᠠᠷ᠎ᠠ ᠦᠨᠳᠦᠰᠦ ᠶᠢᠨ ᠬᠥᠭᠡᠴᠦ᠂ ᠬᠦᠭᠡ ᠬᠥᠭᠡᠴᠦ ᠵᠡᠷᠭᠡ ᠤᠯᠠᠨ ᠵᠦᠢᠯ ᠤᠨ ᠬᠥᠭᠡᠴᠦ ᠶᠢ ᠬᠤᠷᠢᠭᠯᠠᠵᠤ᠂ ᠡᠯᠢᠭᠡᠨ ᠤ ᠳᠣᠲᠣᠷᠠᠬᠢ ᠢᠰᠦᠯᠳᠦᠨ ᠠᠩᠭᠢᠵᠢᠷᠠᠬᠤ ᠤᠷᠪᠠᠯ ᠢ ᠠᠬᠢᠭᠤᠯᠤᠨ᠂ ᠡᠯᠢᠭᠡᠨ ᠤ ᠰᠣᠯᠢᠯᠴᠠᠭᠠᠨ ᠤ ᠬᠤᠣᠷᠲᠤ ᠡᠳ᠋ ᠢ ᠬᠠᠪᠰᠤᠷᠴᠤ᠂ ᠰᠢᠷ᠎ᠠ ᠬᠦᠷᠦᠩᠭᠡ ᠶᠢᠨ ᠬᠥᠭᠡᠴᠦ ᠶᠢᠨ ᠬᠤᠣᠷᠲᠤ ᠡᠳ᠋ ᠲᠤ ᠬᠤᠣᠷᠳᠠᠭᠳᠠᠬᠤ ᠭᠡᠮ ᠳᠤ ᠤᠴᠠᠷᠠᠭᠤᠯᠬᠤ ᠬᠤᠣᠷ ᠬᠥᠨᠥᠭᠡᠯ ᠢ ᠮᠠᠰᠢ ᠰᠠᠶᠢᠨ ᠠᠷᠢᠯᠭᠠᠵᠤ ᠴᠢᠳᠠᠨ᠎ᠠ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号