ᠬᠤᠨᠢᠨ ᠤ ᠥᠰᠥᠯᠲᠡ ᠶᠢ ᠲᠦᠷᠭᠡᠨ ᠳᠡᠭᠡᠭᠰᠢᠯᠡᠭᠦᠯᠬᠦ ᠳᠤ ᠬᠠᠮᠢᠶᠠᠷᠤᠯᠲᠠ
ᠨᠡᠶᠢᠲᠡᠯᠡᠭᠰᠡᠨ ᠴᠠᠭ᠄
2021/9/29
 ᠨᠢᠭᠡ ᠳᠤ᠂ ᠲᠡᠵᠢᠭᠡᠨ ᠦᠷᠡᠵᠢᠭᠦᠯᠬᠦ ᠡᠷᠦᠬᠡ ᠰᠢᠯᠢᠳᠡᠭ ᠡᠭᠦᠯᠳᠡᠷ ᠢ ᠰᠣᠩᠭᠤᠪᠠᠯ ᠵᠣᠬᠢᠨ᠎ᠠ᠂ ᠲᠡᠭᠦᠨ ᠤ ᠲᠤᠰ ᠪᠡᠶ᠎ᠡ ᠶᠢᠨ ᠥᠰᠥᠯᠲᠡ ᠨᠢ ᠨᠡᠯᠢᠶᠡᠳ ᠲᠦᠷᠭᠡᠨ ᠪᠠᠶᠢᠳᠠᠭ᠃ ᠬᠤᠨᠠᠨ ᠳᠠᠶᠢᠯᠠᠯᠭ᠎ᠠ ᠶᠢᠨ ᠬᠠᠷ᠎ᠠ ᠬᠤᠨᠢ ︵湘宴黑羊︶ ᠪᠣᠯ ᠳᠠᠷᠤᠶ ᠥᠨᠳᠥᠷ ᠤᠨᠠᠯᠲᠠ ᠲᠠᠢ ᠬᠤᠨᠢᠨ ᠤ ᠨᠡᠶᠢᠲᠡᠯᠢᠭ ᠲᠥᠯᠥᠭᠡᠯᠡᠭᠴᠢ ᠮᠥᠨ᠂ ᠥᠰᠥᠯᠲᠡ ᠨᠢ ᠲᠦᠷᠭᠡᠨ᠂ ᠬᠠᠮᠢᠶᠠᠷᠤᠯᠲᠠ ᠨᠢ ᠵᠣᠬᠢᠰᠲᠠᠶ ᠪᠠᠶᠢᠳᠠᠯ ᠳᠣᠤᠷ᠎ᠠ᠂ ᠰᠠᠷ᠎ᠠ ᠶᠢᠨ ᠥᠰᠥᠯᠲᠡ ᠨᠢ 15 ᠵᠢᠩ ᠣᠷᠴᠢᠮ ᠪᠠᠶᠢᠵᠤ᠂ ᠪᠠᠰᠠ ᠨᠡᠯᠢᠶᠡᠳ ᠰᠠᠶᠢᠨ ᠦᠷᠡᠵᠢᠯ ᠤᠨ ᠴᠢᠳᠠᠪᠤᠷᠢ ᠲᠠᠢ ᠪᠠᠶᠢᠵᠤ᠂ ᠬᠥᠳᠡᠭᠡ ᠲᠣᠰᠬᠤᠨ ᠤ ᠡᠷᠴᠢᠮᠵᠢᠭᠦᠯᠦᠭᠰᠡᠨ ᠬᠠᠮᠢᠶᠠᠷᠤᠯᠲᠠ ᠳᠤ ᠳᠣᠭᠢᠷᠠᠨ᠎ᠠ᠃ ᠬᠤᠶᠠᠷ ᠲᠤ᠂ ᠬᠤᠨᠢᠨ ᠤ ᠥᠰᠥᠯᠲᠡ ᠶᠢᠨ ᠬᠤᠷᠳᠤᠴᠠ ᠶᠢ ᠳᠡᠭᠡᠭᠰᠢᠯᠡᠭᠦᠯᠵᠦ᠂ ᠬᠠᠰᠢᠶᠠᠯᠠᠨ ᠲᠡᠵᠢᠭᠡᠵᠦ ᠪᠣᠯᠤᠨ᠎ᠠ᠃ ᠬᠠᠰᠢᠶᠠᠯᠠᠨ ᠲᠡᠵᠢᠭᠡᠬᠦ ᠶᠢᠨ ᠥᠰᠥᠯᠲᠡ ᠶᠢᠨ ᠬᠤᠷᠳᠤᠴᠠ ᠨᠢ ᠪᠡᠯᠴᠢᠭᠡᠷᠯᠡᠭᠦᠯᠦᠨ ᠲᠡᠵᠢᠭᠡᠬᠦ ᠠᠴᠠ ᠢᠯᠡᠳᠲᠡ ᠳᠠᠪᠠᠭᠤᠯᠢᠭ ᠲᠠᠢ ᠪᠠᠶᠢᠳᠠᠭ᠃ ᠬᠠᠰᠢᠶᠠᠯᠠᠨ ᠲᠡᠵᠢᠭᠡᠬᠦ ᠬᠥᠳᠡᠯᠭᠡᠭᠡᠨ ᠨᠢ ᠪᠠᠭ᠎ᠠ ᠤᠴᠢᠷ ᠠᠴᠠ ᠬᠤᠨᠢᠨ ᠤ ᠲᠠᠮᠢᠷ ᠲᠡᠩᠬᠡᠭᠡ ᠶᠢᠨ ᠬᠤᠷᠣᠭᠳᠠᠯ ᠢ ᠪᠠᠭᠠᠰᠬᠠᠵᠤ᠂ ᠡᠲᠡᠭᠡᠷ ᠡᠨᠧᠷᠭᠢ ᠶᠢᠨ ᠣᠯᠠᠩᠬᠢ ᠨᠢ ᠬᠤᠨᠢᠨ ᠤ ᠥᠰᠥᠯᠲᠡ ᠪᠤᠶᠢᠵᠢᠯᠲᠠ ᠳᠤ ᠲᠥᠪᠯᠡᠷᠡᠳᠡᠭ᠃ ᠭᠤᠷᠪᠠ ᠳᠤ᠂ 60%᠎ ᠶᠢᠨ ᠡᠷᠳᠡᠨᠢ ᠰᠢᠰᠢ᠂ 20%᠎ ᠶᠢᠨ ᠪᠤᠷᠴᠠᠭ ᠤᠨ ᠰᠢᠭᠠᠷᠤ᠂ 15%᠎ ᠶᠢᠨ ᠪᠤᠭᠤᠳᠠᠢ ᠶᠢᠨ ᠬᠡᠪᠡᠭ ᠢ ᠬᠡᠷᠡᠭᠯᠡᠵᠦ᠂ ᠳᠠᠷᠠᠭ᠎ᠠ ᠳᠤᠨᠢ 5%᠎ ᠶᠢᠨ ᠬᠤᠯᠢᠮᠠᠭ ᠡᠳ᠋ ᠨᠡᠮᠡᠨ᠎ᠡ᠃ ᠬᠤᠨᠢ ᠲᠡᠵᠢᠭᠡᠬᠦ ᠳᠤ 40%᠎ ᠶᠢᠨ ᠨᠠᠷᠢᠯᠢᠭ ᠪᠣᠷᠳᠤᠭ᠎ᠠ ᠪᠠ 60%᠎ ᠶᠢᠨ ᠪᠦᠳᠦᠭᠦᠯᠢᠭ ᠪᠣᠷᠳᠤᠭ᠎ᠠ ᠶᠢ ᠬᠠᠮᠲᠤ ᠳᠤᠨᠢ ᠲᠡᠵᠢᠭᠡᠪᠡᠯ ᠵᠣᠬᠢᠬᠤ ᠬᠤᠭᠤᠴᠠᠭᠠᠨ ᠳᠤ ᠬᠤᠨᠢᠨ ᠤ ᠥᠰᠥᠯᠲᠡ ᠶᠢᠨ ᠬᠤᠷᠳᠤᠴᠠ ᠶᠢ ᠮᠡᠳᠡᠭᠳᠡᠮ᠎ᠡ ᠳᠡᠭᠡᠭᠰᠢᠯᠡᠭᠦᠯᠵᠦ ᠴᠢᠳᠠᠨ᠎ᠠ᠃ ᠠᠩᠬᠠᠷᠤᠭᠤᠰᠢᠲᠠᠶ ᠨᠢ᠂ ᠨᠠᠷᠢᠯᠢᠭ ᠪᠣᠷᠳᠤᠭ᠎ᠠ ᠶᠢᠨ ᠬᠡᠮᠵᠢᠶ᠎ᠡ ᠶᠢ 40%᠎ ᠠᠴᠠ ᠬᠡᠲᠦᠷᠡᠭᠦᠯᠵᠦ ᠪᠣᠯᠬᠤ ᠦᠭᠡᠢ᠂ ᠬᠡᠷᠪᠡ ᠡᠨᠡ ᠬᠠᠷᠢᠴᠠᠯ ᠠᠴᠠ ᠥᠨᠳᠥᠷ ᠪᠣᠯᠪᠠᠯ ᠬᠤᠨᠢᠨ ᠤ ᠰᠢᠩᠭᠡᠭᠡᠯᠲᠡ ᠶᠢ ᠠᠮᠠᠷᠬᠠᠨ ᠢᠶᠠᠷ ᠮᠠᠭᠤᠳᠠᠭᠤᠯᠤᠨ᠎ᠠ︔ ᠡᠭᠦᠨ ᠳᠤ ᠨᠠᠷᠢᠯᠢᠭ ᠪᠣᠷᠳᠤᠭ᠎ᠠ ᠶᠢᠨ ᠬᠡᠮᠵᠢᠶ᠎ᠡ ᠶᠢ 40%᠎ ᠠᠴᠠ ᠬᠡᠲᠦᠷᠡᠭᠦᠯᠵᠦ ᠪᠣᠯᠬᠤ ᠦᠭᠡᠢ᠃ ᠬᠦᠨᠳᠦ ᠲᠦᠷᠭᠡᠨ ᠨᠡᠮᠡᠭᠳᠡᠬᠦ ᠱᠠᠲᠤᠨ ᠳᠤ ᠨᠠᠷᠢᠯᠢᠭ ᠪᠣᠷᠳᠤᠭ᠎ᠠ ᠴᠤ 30%᠎ ᠠᠴᠠ ᠳᠣᠣᠷ᠎ᠠ ᠪᠠᠶᠢᠵᠤ ᠪᠣᠯᠬᠤ ᠦᠭᠡᠢ᠂ ᠡᠰᠡ ᠲᠡᠭᠡᠪᠡᠯ ᠦᠷ᠎ᠡ ᠪᠦᠲᠦᠮᠵᠢ ᠣᠯᠵᠤ ᠴᠢᠳᠠᠬᠤ ᠦᠭᠡᠢ᠂ ᠰᠢᠮ᠎ᠡ ᠲᠡᠵᠢᠭᠡᠯ ᠬᠦᠷᠦᠯᠴᠡᠬᠦ ᠦᠭᠡᠢ ᠪᠣᠯ ᠬᠤᠨᠢᠨ ᠤ ᠥᠰᠥᠯᠲᠡ ᠶᠢᠨ ᠬᠤᠷᠳᠤᠴᠠ ᠶᠢ ᠳᠣᠷᠣᠭᠰᠢᠯᠠᠭᠤᠯᠵᠤ᠂ ᠪᠣᠷᠣᠯᠠᠭᠤᠯᠤᠯᠲᠠ ᠶᠢᠨ ᠦᠷ᠎ᠡ ᠠᠰᠢᠭ ᠢ ᠨᠥᠯᠥᠭᠡᠯᠡᠨ᠎ᠡ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号