ᠰᠠᠭᠠᠯᠢ ᠶᠢᠨ ᠦᠨᠢᠶᠡᠨ ᠤ ᠰᠦ ᠭᠠᠷᠬᠤ ᠬᠠᠯᠠᠭᠤᠷᠠᠯ ᠡᠪᠡᠳᠴᠢᠨ
ᠨᠡᠶᠢᠲᠡᠯᠡᠭᠰᠡᠨ ᠴᠠᠭ᠄
2021/9/29
ᠰᠦ ᠭᠠᠷᠬᠤ ᠬᠠᠯᠠᠭᠤᠷᠠᠯ ︵产乳热︶ ᠪᠣᠯ ᠣᠳᠣᠬᠠᠨ ᠳᠤ ᠮᠠᠯᠵᠢᠯ ᠤᠨ ᠲᠠᠯᠠᠪᠠᠶ ᠳᠤ ᠨᠡᠶᠢᠳᠡᠮ ᠳᠡᠯᠭᠡᠷᠡᠵᠦ ᠪᠠᠶᠢᠭ᠎ᠠ ᠡᠪᠡᠳᠴᠢᠨ ᠡᠮᠭᠡᠭ ᠪᠠᠶᠢᠵᠤ᠂ ᠴᠢᠰᠤᠨ ᠤ ᠺᠠᠯᠼ ᠬᠡᠲᠦ ᠳᠣᠤᠷ᠎ᠠ ᠪᠠᠶᠢᠬᠤ ᠲᠠᠢ ᠬᠤᠯᠪᠣᠭ᠎ᠠ ᠲᠠᠢ ᠰᠣᠯᠢᠯᠴᠠᠭ᠎ᠠ ᠶᠢᠨ ᠴᠢᠨᠠᠷᠲᠠᠶ ᠡᠪᠡᠳᠴᠢᠨ ᠮᠥᠨ᠂ ᠭᠤᠤᠯᠳᠠᠭᠤ ᠰᠠᠭᠠᠯᠢ ᠶᠢᠨ ᠦᠨᠢᠶ᠎ᠡ ᠲᠤᠭᠤᠯᠯᠠᠭᠰᠠᠨ ᠤ ᠳᠠᠷᠠᠭ᠎ᠠ ᠡᠭᠦᠰᠳᠡᠭ᠂ ᠡᠭᠦᠨ ᠤ ᠰᠢᠯᠲᠠᠭᠠᠨ ᠨᠢ ᠰᠠᠭᠠᠯᠢ ᠶᠢᠨ ᠦᠨᠢᠶ᠎ᠡ ᠲᠤᠭᠤᠯᠯᠠᠭᠰᠠᠨ ᠤ ᠳᠠᠷᠠᠭ᠎ᠠ ᠺᠠᠯᠼ ᠤᠨ ᠰᠣᠯᠢᠯᠴᠠᠭ᠎ᠠ ᠶᠢᠨ ᠬᠡᠮᠵᠢᠶ᠎ᠡ ᠨᠢ ᠺᠠᠯᠼ ᠤᠨ ᠱᠠᠭᠠᠷᠳᠠᠯᠭ᠎ᠠ ᠶᠢ ᠬᠠᠩᠭᠠᠵᠤ ᠳᠡᠶᠢᠯᠬᠦ ᠥᠬᠡᠶ ᠠᠴᠠ ᠪᠣᠯᠵᠣ᠂ ᠰᠠᠭᠠᠯᠢ ᠶᠢᠨ ᠦᠨᠢᠶ᠎ᠡ ᠬᠥᠩᠭᠡᠵᠢᠭᠰᠡᠨ ᠤ ᠳᠠᠷᠠᠭ᠎ᠠ ᠰᠦ ᠭᠠᠷᠬᠤ ᠪᠠ ᠤᠭᠤᠷᠠᠭ ᠰᠦᠨ ᠤ ᠨᠡᠶᠢᠯᠡᠯᠭᠡ ᠳᠤ ᠴᠥᠮ ᠶᠡᠭᠡ ᠬᠡᠮᠵᠢᠶᠡᠨ ᠤ ᠺᠠᠯᠼ ᠬᠡᠷᠡᠭᠰᠡᠳᠡᠭ᠃ ᠲᠤᠭᠤᠯᠯᠠᠬᠤ ᠠᠴᠠ ᠡᠮᠦᠨᠡᠬᠢ ᠡᠳᠦᠷ ᠤᠨ ᠬᠦᠨᠡᠰᠦᠨ ᠤ ᠺᠠᠯᠼ ᠪᠠ ᠺᠠᠯᠢ ᠶᠢᠨ ᠠᠭᠤᠯᠤᠭᠳᠠᠴᠠ ᠨᠢ ᠬᠡᠲᠦ ᠥᠨᠳᠥᠷ ᠪᠠᠶᠢᠳᠠᠭ᠃ ᠲᠡᠵᠢᠭᠡᠯ ᠪᠣᠷᠳᠣᠭᠠᠨ ᠤ ᠳᠣᠲᠣᠷᠠᠬᠢ ᠺᠠᠯᠼ ᠨᠢ ᠰᠠᠭᠠᠯᠢ ᠶᠢᠨ ᠦᠨᠢᠶᠡᠨ ᠤ ᠺᠠᠯᠼ ᠢ ᠢᠳᠡᠪᠬᠢᠵᠢᠭᠦᠯᠦᠨ ᠲᠣᠬᠢᠷᠠᠭᠤᠯᠬᠤ ᠲᠣᠭᠲᠠᠴᠠ ᠶᠢᠨ ᠴᠢᠳᠠᠪᠤᠷᠢ ᠶᠢ ᠬᠡᠲᠦ ᠥᠨᠳᠥᠷ ᠪᠠᠭᠤᠷᠠᠭᠤᠯᠵᠤ᠂ ᠰᠦᠨ ᠤ ᠬᠠᠯᠠᠭᠤᠨ ᠢ ᠠᠮᠠᠷᠬᠠᠨ ᠡᠭᠦᠰᠭᠡᠨ᠎ᠡ᠃ ᠭᠤᠷᠪᠠᠨ ᠵᠦᠢᠯ ᠤᠨ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠨᠢᠭᠡᠳᠦᠭᠡᠷ ᠵᠦᠢᠯ ᠤᠨ ᠠᠷᠭ᠎ᠠ᠄ ᠰᠠᠭᠠᠯᠢ ᠶᠢᠨ ᠦᠨᠢᠶ᠎ᠡ ᠶᠢ ᠬᠥᠩᠭᠡᠵᠢᠬᠦ ᠠᠴᠠ ᠡᠮᠦᠨ᠎ᠡ ᠺᠠᠯᠼ ᠪᠠᠭ᠎ᠠ ᠬᠤᠨᠤᠭ ᠤᠨ ᠲᠡᠵᠢᠭᠡᠯ ᠲᠡᠵᠢᠭᠡᠵᠦ᠂ ᠰᠠᠭᠠᠯᠢ ᠶᠢᠨ ᠦᠨᠢᠶ᠎ᠡ ᠶᠢᠨ ᠨᠠᠷᠢᠨ ᠭᠡᠳᠡᠰᠦ ᠵᠢᠴᠢ ᠶᠠᠰᠤᠨ ᠤ ᠺᠠᠯᠼ ᠠᠴᠠ ᠣᠯᠬᠤ ᠴᠢᠳᠠᠪᠤᠷᠢ ᠶᠢ ᠪᠣᠯᠪᠠᠰᠤᠷᠠᠭᠤᠯᠤᠨ᠎ᠠ᠃ ᠡᠨᠡ ᠬᠦ ᠠᠷᠭ᠎ᠠ ᠨᠢ ᠬᠤᠨᠤᠭ ᠤᠨ ᠠᠮᠤ ᠪᠤᠳᠠᠭ᠎ᠠ ᠶᠢ ᠨᠠᠶᠢᠷᠠᠭᠤᠯᠬᠤ ᠳᠤ ᠶᠠᠷᠰᠢᠭ ᠪᠣᠯᠬᠤ ᠤᠴᠢᠷ ᠠᠴᠠ ᠰᠦᠨ ᠤ ᠭᠠᠷᠤᠯᠲᠠ ᠶᠢᠨ ᠬᠠᠯᠠᠭᠤᠨ ᠢ ᠪᠠᠭᠤᠷᠠᠭᠤᠯᠬᠤ ᠳᠤ ᠨᠡᠯᠢᠶᠡᠳ ᠬᠡᠷᠡᠭᠴᠡᠭᠡ ᠲᠠᠢ ᠠᠷᠭ᠎ᠠ ᠪᠢᠰᠢ ᠶᠤᠮ᠃ ᠬᠤᠶᠠᠳᠤᠭᠠᠷ ᠵᠦᠢᠯ ᠤᠨ ᠠᠷᠭ᠎ᠠ᠄ ᠪᠢᠯᠢᠭ ᠢᠶᠣᠨ ᠳᠠᠪᠤᠰᠤ ᠶᠢ ᠬᠡᠷᠡᠭᠯᠡᠨ᠎ᠡ᠂ ᠡᠨᠡ ᠨᠢ ᠪᠠᠰᠠ ᠴᠢᠰᠤᠨ ᠤ ᠺᠠᠯᠼ ᠳᠣᠣᠷ᠎ᠠ ᠪᠣᠯᠬᠤ ᠶᠢ ᠰᠡᠷᠭᠡᠶᠢᠯᠡᠬᠦ ᠤᠯᠠᠮᠵᠢᠯᠠᠯᠲᠤ ᠠᠷᠭ᠎ᠠ ᠪᠣᠯᠤᠨ᠎ᠠ᠃ ᠠᠷᠭ᠎ᠠ ᠢᠶᠣᠨ ᠨᠢ ᠺᠠᠯᠢ ᠶᠢᠨ ᠢᠶᠣᠨ ᠮᠡᠲᠦ ᠶᠢᠨ ᠴᠢᠰᠤ ᠶᠢ ᠱᠦᠯᠲᠦᠯᠢᠭ ᠴᠢᠨᠠᠷᠲᠠᠶ ᠪᠣᠯᠭᠠᠵᠤ᠂ ᠰᠠᠭᠠᠯᠢ ᠶᠢᠨ ᠦᠨᠢᠶᠡᠨ ᠤ ᠺᠠᠯᠼ ᠤᠨ ᠲᠣᠬᠢᠷᠠᠭᠤᠯᠬᠤ ᠴᠢᠳᠠᠪᠤᠷᠢ ᠶᠢ ᠪᠠᠭᠤᠷᠠᠭᠤᠯᠤᠨ᠎ᠠ᠂ ᠳᠠᠷᠤᠶ ᠰᠠᠭᠠᠯᠢ ᠶᠢᠨ ᠦᠨᠢᠶᠡᠨ ᠤ ᠶᠠᠰᠤᠨ ᠤ ᠺᠠᠯᠼ ᠤᠨ ᠨᠥᠭᠡᠴᠡ ᠶᠢ ᠳᠠᠶᠢᠴᠢᠯᠠᠬᠤ ᠴᠢᠳᠠᠪᠤᠷᠢ ᠶᠢ ᠪᠠᠭᠤᠷᠠᠭᠤᠯᠤᠨ᠎ᠠ᠃ ᠪᠢᠯᠢᠭ ᠢᠶᠣᠨ ᠳᠠᠪᠤᠰᠤ᠂ ᠵᠢᠱᠢᠶᠡᠯᠡᠪᠡᠯ ᠾᠯᠣᠷᠲᠤ ᠺᠠᠯᠼ ᠪᠤᠶᠤ ᠬᠦᠬᠦᠷ ᠬᠦᠴᠢᠯ ᠤᠨ ᠮᠠᠭᠨᠢ ᠨᠢ ᠳᠡᠭᠡᠷᠡᠬᠢ ᠪᠠᠶᠢᠳᠠᠯ ᠢ ᠢᠯᠠᠨ ᠳᠠᠪᠠᠵᠤ᠂ ᠴᠢᠰᠤ ᠶᠢ ᠬᠦᠴᠢᠯᠯᠢᠭ ᠴᠢᠨᠠᠷᠲᠠᠶ ᠪᠣᠯᠭᠠᠳᠠᠭ᠃ ᠬᠡᠷᠪᠡ ᠬᠥᠩᠭᠡᠵᠢᠬᠦ ᠠᠴᠠ ᠡᠮᠦᠨ᠎ᠡ ᠲᠡᠵᠢᠭᠡᠪᠡᠯ ᠺᠠᠯᠼ ᠤᠨ ᠰᠣᠯᠢᠯᠴᠠᠭ᠎ᠠ ᠶᠢᠨ ᠲᠣᠭᠲᠠᠴᠠ ᠶᠢ ᠢᠳᠡᠪᠬᠢᠵᠢᠭᠦᠯᠵᠦ᠂ ᠰᠠᠭᠠᠯᠢ ᠶᠢᠨ ᠦᠨᠢᠶ᠎ᠡ ᠳᠤ ᠨᠡᠩ ᠠᠮᠠᠷᠬᠠᠨ ᠨᠡᠩ ᠠᠷᠪᠢᠨ ᠺᠠᠯᠼ ᠣᠯᠭᠤᠵᠤ᠂ ᠺᠠᠯᠼ ᠤᠨ ᠲᠣᠬᠢᠷᠠᠭᠤᠯᠭ᠎ᠠ ᠶᠢ ᠰᠠᠶᠢᠵᠢᠷᠠᠭᠤᠯᠤᠨ᠂ ᠰᠦᠨ ᠤ ᠬᠠᠯᠠᠭᠤᠨ ᠤ ᠲᠦᠭᠰᠢᠭᠦᠷᠢ ᠶᠢ ᠪᠠᠭᠠᠰᠬᠠᠨ᠎ᠠ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号