︽ᠦᠨᠳᠦᠰᠦᠨ ᠱᠠᠲᠤᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠡᠷᠴᠢᠮᠲᠡᠢ ᠤᠷᠤᠭᠰᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾᠎ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/9/29
            ᠦᠨᠳᠦᠰᠦᠨ ᠱᠠᠲᠤᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠡᠷᠴᠢᠮᠲᠡᠢ ᠤᠷᠤᠭᠰᠢ ᠠᠬᠢᠭᠤᠯᠬᠤ ᠶᠢᠨ ᠲᠥᠯᠥᠭᠡ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠲᠦᠷᠦᠭᠦᠬᠡᠨ ᠳᠤ ︽ᠦᠨᠳᠦᠰᠦᠨ ᠱᠠᠲᠤᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠡᠷᠴᠢᠮᠲᠡᠢ ᠤᠷᠤᠭᠰᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ︵ᠠᠯᠠᠱᠠ ᠵᠡᠭᠦᠨ ᠵᠠᠰᠠᠭ ᠠᠯᠪᠠᠨ ᠲᠠᠷᠬᠠᠭᠠᠭᠰᠠᠨ ︹ 2020 ︺ 70 ᠳ᠋ᠤᠭᠠᠷ ᠲᠣᠭᠠᠲᠤ᠂ ᠴᠢᠨᠠᠭᠰᠢᠳᠠ ︽ᠲᠥᠰᠦᠯ︾ ᠭᠡᠵᠦ ᠲᠣᠪᠴᠢᠯᠠᠨ᠎ᠠ︶᠎ ᠢ ᠬᠡᠪᠯᠡᠨ ᠲᠠᠷᠬᠠᠭᠠᠵᠤ᠂ ᠭᠤᠤᠯ ᠠᠭᠤᠯᠭ᠎ᠠ ᠶᠢ ᠠᠳᠡ ᠲᠠᠶᠢᠯᠪᠤᠷᠢᠯᠠᠶ᠎ᠠ᠄             ᠨᠢᠭᠡ᠂ ︽ᠲᠥᠰᠦᠯ︾᠎ ᠢ ᠨᠡᠶᠢᠲᠡᠯᠡᠭᠰᠡᠨ ᠨᠥᠬᠦᠴᠡᠯ ᠪᠠᠶᠢᠳᠠᠯ             ︽ᠦᠨᠳᠦᠰᠦᠨ ᠱᠠᠲᠤᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠡᠷᠴᠢᠮᠲᠡᠢ ᠤᠷᠤᠭᠰᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹ 2019 ︺ 54 ᠳ᠋ᠦ᠋ᠭᠡᠷ ᠲᠣᠭᠠᠲᠤ︶᠂ ︽ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠬᠤ ᠰᠠᠯᠠᠭ᠎ᠠ ᠮᠥᠴᠢᠷ ᠤᠨ 26 ᠲᠤᠷᠰᠢᠯᠲᠠ ᠶᠢᠨ ᠴᠢᠬ ᠤᠨ ᠬᠦᠷᠢᠶ᠎ᠡ ᠴᠠᠷᠠᠭ᠎ᠠ ᠶᠢᠨ ᠪᠠᠷᠢᠮᠵᠢᠶ᠎ᠠ ᠶᠢᠨ ᠵᠢᠯᠣᠭᠤᠳᠤᠮᠵᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠡᠷᠴᠢᠮᠲᠡᠢ ᠤᠷᠤᠭᠰᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2020 ︺ 2 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠥᠬᠦ ᠬᠤᠰᠢᠭᠤᠨ ᠤ ᠦᠨᠳᠦᠰᠦᠨ ᠱᠠᠲᠤᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠡᠷᠴᠢᠮᠲᠡᠢ ᠤᠷᠤᠭᠰᠢ ᠠᠬᠢᠭᠤᠯᠬᠤ ᠶᠢ ᠳᠣᠭᠢᠷᠠᠭᠤᠯᠤᠨ ᠪᠠᠶᠢᠷᠢᠯᠠᠭᠤᠯᠪᠠ᠃             ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠠᠵᠢᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠲᠦᠷᠢᠮ︾ ︽ᠲᠥᠰᠦᠯ︾᠎ ᠲᠠᠢ ᠬᠠᠷᠢᠴᠠᠭᠤᠯᠵᠤ ᠦᠵᠡᠪᠡᠯ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠡᠷᠴᠢᠮᠲᠡᠢ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠪᠠ ᠵᠠᠰᠠᠭ ᠤᠨ ᠠᠵᠢᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠵᠠᠰᠠᠭ ᠤᠨ ᠠᠵᠢᠯ ᠢ ᠢᠯᠡ ᠨᠡᠶᠢᠲᠡᠯᠡᠬᠦ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠭᠰᠡᠨ ᠨᠥᠬᠦᠴᠡᠯ ᠪᠠᠶᠢᠳᠠᠯ ᠳᠣᠣᠷ᠎ᠠ᠂ ︽ᠢᠯᠡ ᠨᠡᠶᠢᠲᠡᠯᠡᠬᠦ ᠶᠢ ᠬᠡᠪ ᠤᠨ ᠪᠠᠶᠢᠳᠠᠯ ᠪᠣᠯᠭᠠᠬᠤ᠂ ᠢᠯᠡ ᠨᠡᠶᠢᠲᠡᠯᠡᠬᠦ ᠦᠭᠡᠶ ᠶᠢ ᠣᠨᠴᠠᠭᠠᠶ ᠪᠠᠶᠢᠳᠠᠯ ᠪᠣᠯᠭᠠᠬᠤ︾ ᠵᠠᠷᠴᠢᠮ ᠢ ᠪᠠᠷᠢᠮᠲᠠᠯᠠᠵᠤ᠂ ᠰᠢᠢᠳᠪᠦᠷᠢᠲᠦ ᠪᠣᠳᠣᠯᠭ᠎ᠠ ᠶᠢ ᠢᠯᠡ ᠨᠡᠶᠢᠲᠡᠯᠡᠬᠦ᠂ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠬᠠᠮᠢᠶᠠᠷᠤᠯᠲᠠ ᠶᠢ ᠢᠯᠡ ᠨᠡᠶᠢᠲᠡᠯᠡᠬᠦ᠂ ᠦᠢᠯᠡᠴᠢᠯᠡᠭᠡ ᠶᠢ ᠢᠯᠡ ᠨᠡᠶᠢᠲᠡᠯᠡᠬᠦ᠂ ᠦᠷ᠎ᠡ ᠳ᠋ᠦᠩ ᠢ ᠢᠯᠡ ᠨᠡᠶᠢᠲᠡᠯᠡᠬᠦ ᠶᠢᠨ ᠲᠣᠭᠤᠷᠢᠨ ᠳᠤ᠂ ᠭᠤᠣᠯᠳᠠᠯᠭ᠎ᠠ ᠲᠠᠢ ᠬᠦᠷᠢᠶᠡᠨ ᠤ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢ ᠢᠳᠡᠪᠬᠢᠲᠡᠶ ᠠᠬᠢᠭᠤᠯᠵᠤ᠂ ᠵᠠᠰᠠᠭ ᠤᠨ ᠠᠵᠢᠯ ᠢ ᠢᠯᠡ ᠨᠡᠶᠢᠲᠡᠯᠡᠬᠦ ᠲᠠᠢ ᠬᠤᠯᠪᠣᠭᠠᠲᠠᠢ ᠲᠦᠷᠢᠮ ᠤᠨ ᠰᠢᠰᠲ᠋ᠧᠮᠵᠢ ᠪᠠ ᠠᠯᠬᠤᠮ ᠳᠠᠷᠠᠭᠠᠯᠠᠯ ᠢ ᠪᠠᠶᠢᠭᠤᠯᠤᠨ ᠪᠦᠷᠢᠨᠰᠢᠬᠦᠯᠵᠦ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠠᠵᠢᠯᠯᠠᠭᠠᠨ ᠤ ᠪᠥᠬᠦ ᠬᠡᠯᠬᠢᠶ᠎ᠡ ᠶᠢᠨ ᠢᠯᠡ ᠲᠣᠳᠣ ᠪᠠᠶᠢᠬᠤ ᠶᠢ ᠬᠦᠴᠦᠯᠡᠨ ᠪᠡᠶᠡᠯᠡᠭᠦᠯᠵᠦ᠂ ᠠᠷᠠᠳ ᠣᠯᠠᠨ ᠤ ᠵᠠᠰᠠᠭ ᠤᠨ ᠠᠵᠢᠯ ᠤᠨ ᠮᠡᠳᠡᠭᠡ ᠵᠠᠩᠭᠢ ᠶᠢ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠤᠯᠬᠤ ᠪᠠ ᠵᠠᠰᠠᠭ ᠤᠨ ᠠᠵᠢᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠶᠢᠨ ᠳᠥᠭᠦᠮ ᠳᠥᠲᠡ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠵᠠᠰᠠᠭ ᠤᠨ ᠠᠵᠢᠯ ᠢ ᠢᠯᠡ ᠨᠡᠶᠢᠲᠡᠯᠡᠬᠦ ᠬᠢᠭᠡᠳ ᠵᠠᠰᠠᠭ ᠤᠨ ᠠᠵᠢᠯ ᠤᠨ ᠦᠢᠯᠡᠴᠢᠯᠡᠭᠡᠨ ᠤ ᠣᠷᠭᠠᠨᠢᠭ ᠢᠶᠠᠷ ᠠᠭᠤᠰᠤᠯᠴᠠᠬᠤ ᠶᠢ ᠦᠨᠡᠨᠬᠦ ᠠᠬᠢᠭᠤᠯᠵᠤ᠂ ᠵᠠᠰᠠᠭ ᠤᠨ ᠠᠵᠢᠯ ᠢ ᠢᠯᠡ ᠨᠡᠶᠢᠲᠡᠯᠡᠬᠦ ᠠᠵᠢᠯ ᠤᠨ ᠡᠷᠴᠢᠮᠲᠡᠢ ᠬᠥᠭᠵᠢᠬᠦ ᠶᠢ ᠡᠷᠴᠢᠮᠲᠡᠢ ᠠᠬᠢᠭᠤᠯᠤᠨ᠎ᠠ᠃             ᠬᠤᠶᠠᠷ᠂ ︽ᠲᠥᠰᠦᠯ︾᠎ ᠢ ᠲᠣᠭᠲᠠᠭᠠᠭᠰᠠᠨ ᠭᠤᠣᠯ ᠦᠨᠳᠦᠰᠦᠯᠡᠯ             ︵ᠨᠢᠭᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠠᠵᠢᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠳᠦᠷᠢᠮ︾             ︵ᠬᠤᠶᠠᠷ︶ ︽ᠦᠨᠳᠦᠰᠦᠨ ᠱᠠᠲᠤᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠡᠷᠴᠢᠮᠲᠡᠢ ᠤᠷᠤᠭᠰᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹ 2019 ︺ 54 ᠳ᠋ᠦ᠋ᠭᠡᠷ ᠲᠣᠭᠠᠲᠤ︶             ︵ᠭᠤᠷᠪᠠ︶ ︽ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠬᠤ ᠰᠠᠯᠠᠭ᠎ᠠ ᠮᠥᠴᠢᠷ ᠤᠨ 26 ᠲᠤᠷᠰᠢᠯᠲᠠ ᠶᠢᠨ ᠬᠦᠷᠢᠶ᠎ᠡ ᠬᠡᠪᠴᠢᠶᠡᠨ ᠤ ᠪᠠᠷᠢᠮᠵᠢᠶ᠎ᠠ ᠶᠢᠨ ᠵᠢᠯᠣᠭᠤᠳᠤᠮᠵᠢ︾             ︵ᠳᠥᠷᠪᠡ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠡᠷᠴᠢᠮᠲᠡᠢ ᠤᠷᠤᠭᠰᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2020 ︺ 2 ᠳ᠋ᠤᠭᠠᠷ ᠲᠣᠭᠠᠲᠤ︶             ᠭᠤᠷᠪᠠ᠂ ︽ᠲᠥᠰᠦᠯ︾᠎ ᠤᠨ ᠶᠡᠷᠦᠩᠬᠡᠶ ᠱᠠᠭᠠᠷᠳᠠᠯᠭ᠎ᠠ             ︽ᠲᠥᠰᠦᠯ︾᠎ ᠳᠤ ᠦᠨᠳᠦᠰᠦᠨ ᠱᠠᠲᠤᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠶᠢ ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠲᠣᠳᠣᠷᠬᠠᠶ ᠲᠣᠭᠲᠠᠭᠠᠪᠠ᠃ ᠠᠯᠠᠱᠠ ᠵᠡᠭᠦᠨ ᠬᠤᠰᠢᠭᠤ ᠭᠤᠷᠪᠠᠨ ᠵᠢᠯ ᠤᠨ ᠬᠤᠭᠤᠴᠠᠭ᠎ᠠ ᠶᠢ ᠠᠰᠢᠭᠯᠠᠨ᠂ ᠪᠥᠬᠦ ᠬᠤᠰᠢᠭᠤᠨ ᠤ ᠨᠢᠭᠡᠳᠦᠯᠲᠡᠶ ᠦᠨᠳᠦᠰᠦᠨ ᠱᠠᠲᠤᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠦᠷᠢᠯᠳᠦᠭᠦᠯᠵᠦ᠂ ᠢᠯᠡ ᠨᠡᠶᠢᠲᠡᠯᠡᠬᠦ ᠠᠭᠤᠯᠭ᠎ᠠ ᠨᠢ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠪᠥᠬᠦ ᠶᠠᠪᠤᠴᠠ ᠪᠠ ᠵᠠᠰᠠᠭ ᠤᠨ ᠠᠵᠢᠯ ᠤᠨ ᠦᠢᠯᠡᠴᠢᠯᠡᠭᠡᠨ ᠤ ᠪᠥᠬᠦ ᠶᠠᠪᠤᠴᠠ ᠶᠢ ᠬᠠᠮᠤᠷᠪᠠ᠃ 2020 ᠣᠨ ᠤ ᠵᠢᠯ ᠤᠨ ᠡᠴᠦᠰ ᠠᠴᠠ ᠡᠮᠦᠨ᠎ᠡ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠬᠤ ᠰᠠᠯᠠᠭ᠎ᠠ ᠮᠥᠴᠢᠷ ᠤᠨ ᠵᠢᠭᠠᠭᠰᠠᠨ 26 ᠲᠤᠷᠰᠢᠯᠲᠠ ᠶᠢᠨ ᠬᠦᠷᠢᠶᠡᠨ ᠤ ᠪᠠᠷᠢᠮᠵᠢᠶ᠎ᠠ ᠶᠢᠨ ᠵᠢᠯᠣᠭᠤᠳᠣᠯᠭ᠎ᠠ ᠲᠣᠰ ᠭᠠᠵᠠᠷ ᠣᠷᠣᠨ ᠤ ᠪᠣᠳᠠᠲᠤ ᠨᠥᠬᠦᠴᠡᠯ ᠪᠠᠶᠢᠳᠠᠯ ᠳᠤ ᠨᠡᠶᠢᠴᠡᠭᠰᠡᠨ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠢ ᠲᠤᠰᠬᠠᠵᠤ ᠳᠡᠶᠢᠯᠬᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠨᠡᠮᠡᠯᠲᠡ᠂ ᠥᠭᠡᠷᠡᠴᠢᠯᠡᠯᠲᠡ ᠶᠢ ᠡᠷᠴᠢᠮᠲᠡᠢ ᠵᠢᠷᠡᠭᠦᠯᠬᠦ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠱᠠᠭᠠᠷᠳᠠᠯᠭ᠎ᠠ ᠳᠤ ᠨᠡᠶᠢᠴᠡᠭᠰᠡᠨ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠵᠦᠢᠯᠡᠰ ᠤᠨ ᠪᠠᠷᠢᠮᠵᠢᠶ᠎ᠠ ᠶᠢᠨ ᠭᠠᠷᠴᠠᠭ ᠢ ᠬᠠᠤᠯᠢ ᠲᠣᠭᠲᠠᠭᠠᠯ ᠶᠣᠰᠣᠭᠠᠷ ᠨᠠᠶᠢᠷᠠᠭᠤᠯᠤᠨ ᠵᠣᠬᠢᠶᠠᠵᠤ ᠳᠠᠭᠤᠰᠬᠠᠨ᠂ ᠲᠣᠰ ᠭᠠᠵᠠᠷ ᠣᠷᠣᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠵᠦᠢᠯᠡᠰ ᠤᠨ ᠪᠠᠷᠢᠮᠵᠢᠶ᠎ᠠ ᠶᠢᠨ ᠭᠠᠷᠴᠠᠭ ᠲᠤ ᠬᠥᠳᠡᠯᠦᠩᠭᠦᠶ ᠲᠣᠬᠢᠷᠠᠭᠤᠯᠬᠤ ᠪᠠ ᠡᠷᠬᠡ ᠰᠦᠷᠲᠦ ᠵᠠᠷᠯᠠᠬᠤ ᠲᠣᠭᠲᠠᠴᠠ ᠶᠢ ᠪᠠᠶᠢᠭᠤᠯᠤᠨ᠎ᠠ᠃ 2021 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠪᠦᠷᠢᠨ ᠲᠡᠭᠦᠯᠳᠡᠷ ᠵᠠᠰᠠᠭ ᠤᠨ ᠠᠵᠢᠯ ᠤᠨ ᠮᠡᠳᠡᠭᠡ ᠵᠠᠩᠭᠢ ᠶᠢᠨ ᠬᠠᠮᠢᠶᠠᠷᠤᠯᠲᠠ᠂ ᠮᠡᠳᠡᠭᠡ ᠵᠠᠩᠭᠢ ᠶᠢ ᠢᠯᠡ ᠨᠡᠶᠢᠲᠡᠯᠡᠬᠦ᠂ ᠲᠠᠶᠢᠯᠤᠮᠵᠢ ᠭᠦᠢᠴᠡᠳᠬᠡᠵᠦ ᠬᠠᠷᠢᠭᠤ ᠥᠭᠬᠦ᠂ ᠣᠯᠠᠨ ᠨᠡᠶᠢᠲᠡ ᠶᠢᠨ ᠬᠦᠰᠡᠯᠲᠡ ᠶᠢ ᠳᠦᠷᠢᠮ ᠵᠢᠷᠤᠮ᠂ ᠪᠠᠶᠢᠭᠤᠯᠭ᠎ᠠ ᠶᠢᠨ ᠡᠷᠬᠡ ᠮᠡᠳᠡᠯ ᠢ ᠦᠨᠳᠦᠰᠦᠯᠡᠨ ᠵᠠᠰᠠᠭ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠬᠢᠨᠠᠯᠲᠠ ᠲᠠᠯᠪᠢᠵᠤ ᠰᠢᠯᠭᠠᠨ ᠦᠨᠡᠯᠡᠬᠦ ᠲᠦᠷᠢᠮ ᠤᠨ ᠲᠣᠭᠲᠠᠯᠴᠠᠭ᠎ᠠ ᠶᠢ ᠪᠠᠶᠢᠭᠤᠯᠵᠤ᠂ ᠦᠨᠳᠦᠰᠦᠨ ᠱᠠᠲᠤᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠡᠷᠴᠢᠮᠲᠡᠢ ᠤᠷᠤᠭᠰᠢ ᠠᠬᠢᠭᠤᠯᠬᠤ ᠶᠢᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠦᠨ᠎ᠡ᠃ 2022 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠡᠷᠬᠡ ᠰᠦᠷ ᠲᠠᠢ ᠪᠠᠷ ᠨᠡᠶᠢᠲᠡᠯᠡᠨ ᠲᠠᠶᠢᠯᠪᠤᠷᠢᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠶ ᠪᠣᠯᠭᠠᠵᠤ᠂ ᠨᠡᠶᠢᠭᠡᠮ ᠤᠨ ᠠᠩᠬᠠᠷᠤᠯ ᠳᠤ ᠬᠡᠨ ᠳᠠᠷᠤᠢ ᠳᠤᠨᠢ ᠬᠠᠷᠢᠭᠤ ᠥᠭᠴᠦ᠂ ᠣᠯᠠᠨ ᠨᠡᠶᠢᠲᠡ ᠶᠢ ᠪᠦᠲᠦᠮᠵᠢᠲᠡᠶ ᠪᠠᠷ ᠳᠠᠭᠠᠭᠤᠯᠤᠨ ᠵᠢᠯᠣᠭᠤᠳᠴᠤ ᠪᠠᠶᠢᠭᠠᠳ ᠦᠨᠳᠦᠰᠦᠨ ᠱᠠᠲᠤᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠠᠵᠢᠯ ᠤᠨ ᠬᠡᠪ ᠳᠦᠷᠢᠮ ᠢ ᠪᠣᠶ ᠪᠣᠯᠭᠠᠵᠤ᠂ ᠪᠠᠷᠢᠮᠵᠢᠶᠠᠵᠢᠭᠤᠯᠤᠨ ᠵᠢᠷᠤᠮᠵᠢᠭᠤᠯᠬᠤ ᠬᠢᠷᠢ ᠲᠥᠪᠰᠢᠨ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠂ ᠵᠠᠰᠠᠭ ᠤᠨ ᠠᠵᠢᠯ ᠢ ᠢᠯᠡ ᠨᠡᠶᠢᠲᠡᠯᠡᠬᠦ ᠴᠢᠳᠠᠪᠤᠷᠢ ᠪᠠ ᠬᠢᠷᠢ ᠲᠥᠪᠰᠢᠨ ᠢ ᠢᠯᠡᠳᠲᠡ ᠳᠡᠭᠡᠭᠰᠢᠯᠡᠭᠦᠯᠦᠨ᠎ᠡ᠃             ᠳᠥᠷᠪᠡ᠂ ︽ᠲᠥᠰᠦᠯ︾᠎ ᠳᠤ ᠲᠣᠳᠣᠷᠬᠠᠶᠢᠯᠠᠭᠰᠠᠨ ᠭᠤᠤᠯ ᠠᠭᠤᠯᠭ᠎ᠠ             ︵ᠨᠢᠭᠡ︶ ᠵᠠᠰᠠᠭ ᠤᠨ ᠠᠵᠢᠯ ᠢ ᠢᠯᠡ ᠨᠡᠶᠢᠲᠡᠯᠡᠬᠦ ᠵᠦᠢᠯᠡᠰ ᠤᠨ ᠪᠠᠷᠢᠮᠵᠢᠶᠠᠨ ᠤ ᠭᠠᠷᠴᠠᠭ ᠢ ᠨᠠᠶᠢᠷᠠᠭᠤᠯᠤᠨ ᠵᠣᠬᠢᠶᠠᠨ᠎ᠠ᠃ ︽ᠲᠥᠰᠦᠯ︾᠎ ᠳᠤ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ 26 ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠪᠠᠷᠢᠮᠵᠢᠶ᠎ᠠ ᠶᠢᠨ ᠲᠣᠭᠤᠷᠢᠨ ᠳᠤ ᠵᠢᠭᠠᠨ ᠵᠢᠯᠣᠭᠤᠳᠴᠤ᠂ 8 ᠬᠦᠴᠦᠨ ᠵᠦᠢᠯ ᠤᠨ ᠭᠠᠷᠴᠠᠭ ᠢ ᠨᠠᠶᠢᠷᠠᠭᠤᠯᠤᠨ ᠵᠣᠬᠢᠶᠠᠵᠤ ᠢᠯᠡ ᠪᠠᠷ ᠨᠡᠶᠢᠲᠡᠯᠡᠨ᠎ᠡ᠃ ᠡᠨᠡ ᠠᠵᠢᠯ ᠢ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ᠃             ︵ᠬᠤᠶᠠᠷ︶ ᠦᠨᠳᠦᠰᠦᠨ ᠱᠠᠲᠤᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠵᠦᠢᠯᠡᠰ ᠤᠨ ᠪᠠᠷᠢᠮᠵᠢᠶ᠎ᠠ ᠶᠢᠨ ᠭᠠᠷᠴᠠᠭ ᠢ ᠰᠢᠨᠡᠳᠬᠡᠵᠦ ᠲᠡᠭᠦᠯᠳᠡᠷᠵᠢᠭᠦᠯᠦᠨ᠎ᠡ᠃ ︽ᠲᠥᠰᠦᠯ︾᠎ ᠳᠤ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠠᠰᠠᠭ ᠤᠨ ᠠᠵᠢᠯ ᠢ ᠢᠯᠡ ᠨᠡᠶᠢᠲᠡᠯᠡᠬᠦ ᠵᠦᠢᠯᠡᠰ ᠤᠨ ᠪᠠᠷᠢᠮᠵᠢᠶᠠᠲᠤ ᠭᠠᠷᠴᠠᠭ ᠤᠨ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠵᠠᠰᠠᠭ ᠤᠨ ᠠᠵᠢᠯ ᠢ ᠢᠯᠡ ᠨᠡᠶᠢᠲᠡᠯᠡᠬᠦ ᠵᠦᠢᠯᠡᠰ ᠤᠨ ᠪᠠᠷᠢᠮᠵᠢᠶᠠᠲᠤ ᠭᠠᠷᠴᠠᠭ ᠢ ᠬᠡᠨ ᠳᠠᠷᠤᠢ ᠳᠤᠨᠢ ᠳᠣᠭᠢᠷᠠᠭᠤᠯᠤᠨ ᠰᠢᠨᠡᠳᠬᠡᠬᠦ ᠶᠢᠨ ᠬᠠᠮᠲᠤ ᠨᠡᠶᠢᠭᠡᠮ ᠳᠤ ᠢᠯᠡ ᠪᠠᠷ ᠨᠡᠶᠢᠲᠡᠯᠡᠨ᠎ᠡ᠃             ︵ᠭᠤᠷᠪᠠ︶ ᠦᠨᠳᠦᠰᠦᠨ ᠱᠠᠲᠤᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠠᠵᠢᠯ ᠤᠨ ᠵᠢᠷᠤᠮᠵᠢᠯ ᠢ ᠪᠠᠶᠢᠭᠤᠯᠤᠨ᠎ᠠ᠃ ︽ᠲᠥᠰᠦᠯ︾᠎ ᠳᠤ ᠱᠠᠭᠠᠷᠳᠠᠭᠰᠠᠨ ᠨᠢ᠂ ᠮᠡᠳᠡᠭᠡ ᠵᠠᠩᠭᠢ ᠶᠢᠨ ᠬᠠᠮᠢᠶᠠᠷᠤᠯᠲᠠ᠂ ᠮᠡᠳᠡᠭᠡ ᠵᠠᠩᠭᠢ ᠶᠢ ᠢᠯᠡ ᠨᠡᠶᠢᠲᠡᠯᠡᠬᠦ᠂ ᠲᠠᠶᠢᠯᠤᠮᠵᠢ ᠭᠦᠢᠴᠡᠳᠬᠡᠵᠦ ᠬᠠᠷᠢᠭᠤ ᠥᠭᠬᠦ᠂ ᠬᠦᠰᠡᠯᠲᠡ ᠶᠢ ᠢᠯᠡ ᠨᠡᠶᠢᠲᠡᠯᠡᠬᠦ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠬᠢᠨᠠᠯᠲᠠ ᠲᠠᠯᠪᠢᠵᠤ ᠰᠢᠯᠭᠠᠨ ᠦᠨᠡᠯᠡᠬᠦ ᠵᠡᠷᠭᠡ ᠲᠠᠯ᠎ᠠ ᠶᠢᠨ ᠲᠦᠷᠢᠮ ᠤᠨ ᠵᠢᠷᠤᠮᠵᠢᠯ ᠢ ᠲᠣᠭᠲᠠᠭᠠᠨ ᠲᠡᠭᠦᠯᠳᠡᠷᠵᠢᠭᠦᠯᠵᠦ᠂ 2021 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠵᠠᠰᠠᠭ ᠤᠨ ᠠᠵᠢᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠲᠠᠪᠴᠠᠩ ᠳᠤ ᠣᠯᠠᠨ ᠨᠡᠶᠢᠲᠡ ᠳᠤ ᠢᠯᠡ ᠪᠠᠷ ᠨᠡᠶᠢᠲᠡᠯᠡᠨ᠎ᠡ᠃ ᠡᠭᠦᠨ ᠤ ᠬᠠᠮᠲᠤ᠂ ᠵᠠᠰᠠᠭ ᠤᠨ ᠠᠵᠢᠯ ᠢ ᠢᠯᠡ ᠨᠡᠶᠢᠲᠡᠯᠡᠬᠦ ᠵᠦᠢᠯᠡᠰ ᠤᠨ ᠪᠠᠷᠢᠮᠵᠢᠶ᠎ᠠ ᠶᠢᠨ ᠭᠠᠷᠴᠠᠭ ᠵᠢᠴᠢ ᠲᠦᠷᠢᠮ ᠤᠨ ᠵᠢᠷᠤᠮᠵᠢᠯ ᠢ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠳᠤ ᠰᠢᠭᠢᠳᠬᠡᠨ ᠣᠷᠣᠭᠤᠯᠬᠤ ᠶᠢ ᠵᠣᠷᠢᠭᠵᠢᠭᠤᠯᠬᠤ ᠶᠢᠨ ᠬᠠᠮᠲᠤ ᠴᠠᠭ ᠲᠤᠨᠢ ᠳᠣᠭᠢᠷᠠᠭᠤᠯᠤᠨ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠶᠢ ᠰᠢᠯᠭᠠᠨ ᠦᠨᠡᠯᠡᠬᠦ ᠵᠠᠰᠠᠭ ᠤᠨ ᠠᠵᠢᠯ ᠢ ᠢᠯᠡ ᠨᠡᠶᠢᠲᠡᠯᠡᠬᠦ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠳᠤ ᠨᠠᠷᠢᠪᠴᠢᠯᠠᠨ ᠣᠷᠣᠭᠤᠯᠵᠤ᠂ ᠢᠯᠡ ᠨᠡᠶᠢᠲᠡᠯᠡᠬᠦ ᠠᠵᠢᠯ ᠢ ᠪᠤᠰᠤᠳ ᠲᠤᠬᠠᠶᠢᠯᠠᠭᠰᠠᠨ ᠠᠵᠢᠯ ᠲᠠᠢ ᠤᠶᠠᠯᠳᠤᠭ᠎ᠠ ᠬᠤᠯᠪᠣᠭ᠎ᠠ ᠲᠠᠢ ᠪᠠᠷ ᠵᠣᠬᠢᠴᠠᠭᠤᠯᠤᠨ ᠭᠦᠢᠴᠡᠳᠬᠡᠨ᠎ᠡ᠃             ︵ᠳᠥᠷᠪᠡ︶ ᠪᠠᠷᠢᠮᠵᠢᠶᠠᠲᠤ ᠵᠢᠷᠤᠮᠵᠢᠭᠰᠠᠨ ᠵᠠᠰᠠᠭ ᠤᠨ ᠠᠵᠢᠯ ᠢ ᠢᠯᠡ ᠨᠡᠶᠢᠲᠡᠯᠡᠬᠦ ᠲᠠᠪᠴᠠᠩ ᠤᠨ ᠵᠢᠭᠰᠠᠭᠠᠯ ᠢ ᠪᠠᠶᠢᠭᠤᠯᠤᠨ᠎ᠠ᠃ ︽ᠲᠥᠰᠦᠯ︾᠎ ᠳᠤ ᠱᠠᠭᠠᠷᠳᠠᠭᠰᠠᠨ ᠨᠢ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠶᠢ ᠲᠣᠰ ᠱᠠᠲᠤᠨ ᠤ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ᠂ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠤᠨ ᠠᠵᠢᠯ ᠤᠨ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠬᠦ ᠡᠷᠬᠡ ᠰᠦᠷᠲᠦ ᠲᠠᠪᠴᠠᠩ ᠪᠣᠯᠭᠠᠨ ᠪᠠᠶᠢᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠤ ᠬᠠᠷᠢᠯᠴᠠᠨ ᠰᠣᠯᠢᠯᠴᠠᠬᠤ ᠪᠠ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠨᠢᠭᠡᠳᠦᠯᠲᠡᠶ ᠵᠢᠷᠤᠮᠵᠢᠭᠰᠠᠨ ᠣᠷᠣᠬᠤ ᠡᠭᠦᠳᠡ ᠪᠣᠯᠭᠠᠨ᠎ᠠ᠃ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠠᠵᠢᠯ ᠤᠨ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠲᠣᠰ ᠱᠠᠲᠤᠨ ᠤ ᠵᠠᠰᠠᠭ ᠤᠨ ᠠᠵᠢᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠤᠨ᠎ᠠ᠃ ᠵᠠᠰᠠᠭ ᠤᠨ ᠠᠵᠢᠯ ᠤᠨ ᠦᠢᠯᠡᠴᠢᠯᠡᠭᠡᠨ ᠤ ᠶᠡᠭᠡ ᠲᠢᠩᠬᠢᠮ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠵᠡᠷᠭᠡ ᠲᠠᠯᠠᠪᠤᠷ ᠭᠠᠵᠠᠷ ᠲᠤ ᠪᠠᠷᠢᠮᠵᠢᠶᠠᠵᠢᠭᠤᠯᠤᠭᠰᠠᠨ ᠵᠠᠰᠠᠭ ᠤᠨ ᠠᠵᠢᠯ ᠢ ᠢᠯᠡ ᠨᠡᠶᠢᠲᠡᠯᠡᠬᠦ ᠲᠤᠰᠬᠠᠶ ᠲᠣᠭᠤᠷᠢᠭ ᠪᠠᠶᠢᠭᠤᠯᠵᠤ᠂ ᠵᠠᠰᠠᠭ ᠤᠨ ᠠᠵᠢᠯ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠᠷ ᠬᠦᠰᠡᠯᠲᠡ ᠭᠠᠷᠭᠠᠬᠤ᠂ ᠠᠵᠢᠯ ᠶᠠᠪᠤᠳᠠᠯ ᠭᠦᠢᠴᠡᠳᠬᠡᠬᠦ ᠳᠤ ᠠᠰᠠᠭᠤᠨ ᠯᠠᠪᠯᠠᠵᠤ ᠬᠠᠷᠢᠭᠤ ᠥᠭᠬᠦ ᠵᠡᠷᠭᠡ ᠦᠢᠯᠡᠴᠢᠯᠡᠭᠡᠨ ᠢ ᠬᠠᠩᠭᠠᠨ᠎ᠠ᠃             ︵ᠲᠠᠪᠤ︶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠭᠦᠢᠴᠡᠳᠬᠡᠵᠦ ᠬᠠᠷᠢᠭᠤ ᠥᠭᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠲᠥᠰᠦᠯ︾᠎ ᠳᠤ᠂ ᠰᠢᠨ᠎ᠡ ᠪᠠᠷ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠤᠩᠰᠢᠨ ᠲᠠᠶᠢᠯᠪᠤᠷᠢᠯᠠᠬᠤ ᠲᠥᠰᠦᠯ᠂ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠲᠠᠢ ᠵᠡᠷᠭᠡ ᠪᠠᠷ ᠵᠣᠬᠢᠶᠠᠨ ᠪᠠᠶᠢᠭᠤᠯᠬᠤ᠂ ᠵᠡᠷᠭᠡ ᠪᠠᠷ ᠬᠢᠨᠠᠨ ᠭᠠᠷ ᠤᠨ ᠥᠰᠥᠭ ᠵᠢᠷᠤᠬᠤ᠂ ᠵᠡᠷᠭᠡ ᠪᠠᠷ ᠪᠠᠶᠢᠷᠢᠯᠠᠭᠤᠯᠬᠤ ︽ᠭᠤᠷᠪᠠ ᠶᠢ ᠵᠡᠷᠭᠡ ᠪᠠᠷ ᠶᠠᠪᠤᠭᠳᠠᠭᠤᠯᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠣᠨᠢᠨ ᠮᠡᠳᠡᠭᠡ ᠵᠠᠷᠯᠠᠬᠤ ᠬᠤᠷᠠᠯ᠂ ᠲᠥᠷᠥ ᠶᠢᠨ ᠪᠣᠳᠣᠯᠭ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠵᠠᠷᠯᠠᠬᠤ ᠬᠤᠷᠠᠯ᠂ ᠲᠣᠪᠴᠢ ᠲᠣᠳᠣᠷᠬᠠᠶ ᠠᠰᠠᠭᠤᠯᠲᠠ ᠬᠠᠷᠢᠭᠤᠯᠲᠠ᠂ ᠵᠢᠷᠤᠭ ᠬᠦᠰᠦᠨᠦᠭᠲᠦ ᠶᠢᠨ ᠲᠠᠶᠢᠯᠪᠤᠷᠢ᠂ ᠬᠡᠷᠡᠭ ᠤᠨ ᠵᠢᠱᠢᠶ᠎ᠡ ᠶᠢᠨ ᠵᠠᠳᠠᠯᠤᠯᠲᠠ ᠵᠡᠷᠭᠡ ᠠᠷᠭ᠎ᠠ ᠪᠠᠷᠢᠯ ᠢ ᠨᠠᠩ ᠢᠯᠡᠭᠦᠦ ᠬᠡᠷᠡᠭᠯᠡᠨ᠂ ᠲᠥᠷᠥ ᠶᠢᠨ ᠪᠣᠳᠣᠯᠭ᠎ᠠ ᠶᠢ ᠭᠤᠤᠯᠳᠠᠯᠭ᠎ᠠ ᠲᠠᠢ ᠤᠩᠰᠢᠨ ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠶᠢ ᠠᠬᠢᠭᠤᠯᠵᠤ ᠬᠡᠷᠡᠭᠵᠢᠭᠦᠯᠦᠭᠰᠡᠨ ᠪᠠᠶᠢᠳᠠᠯ ᠢ ᠬᠡᠨ ᠳᠠᠷᠤᠢ ᠳᠤᠨᠢ ᠵᠠᠷᠯᠠᠬᠤ ᠬᠡᠷᠡᠭᠲᠡᠶ ᠭᠡᠵᠦ ᠱᠠᠭᠠᠷᠳᠠᠪᠠ᠃ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠠᠢ ᠬᠠᠷᠢᠭᠤᠯᠲᠠ ᠥᠭᠴᠦ᠂ ᠵᠠᠭᠠᠯᠳᠤᠯᠭ᠎ᠠ ᠰᠠᠨᠠᠭᠤᠯᠭ᠎ᠠ ᠪᠠ ᠦᠭᠡ ᠦᠯᠡᠳᠡᠭᠡᠬᠦ ᠳᠤ ᠬᠠᠷᠢᠭᠤ ᠥᠭᠬᠦ ᠠᠵᠢᠯ ᠢ ᠤᠯᠠᠮ ᠠᠬᠢᠭᠤᠯᠤᠨ ᠰᠠᠶᠢᠲᠤᠷ ᠭᠦᠢᠴᠡᠳᠬᠡᠬᠦ ᠬᠡᠷᠡᠭᠲᠡᠢ ᠰᠣᠨᠢᠨ ᠮᠡᠳᠡᠭᠡᠨ ᠤ ᠵᠠᠭᠤᠴᠢᠯᠠᠭᠤᠷ ᠎ ᠲᠠᠢ ᠶᠢᠨ ᠬᠠᠮᠵᠢᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠲᠠᠶᠢᠯᠤᠮᠵᠢ ᠭᠦᠢᠴᠡᠳᠬᠡᠵᠦ ᠬᠠᠷᠢᠭᠤ ᠥᠭᠬᠦ ᠨᠣᠷᠮ᠎ᠠ ᠶᠢ ᠣᠯᠠᠨ ᠲᠠᠪᠴᠠᠩ᠂ ᠣᠯᠠᠨ ᠠᠷᠭ᠎ᠠ ᠵᠠᠮ ᠢᠶᠠᠷ ᠳᠡᠭᠡᠭᠰᠢᠯᠡᠭᠦᠯᠦᠨ᠎ᠡ᠃             ︵ᠵᠢᠷᠭᠤᠭ᠎ᠠ︶ ᠵᠠᠰᠠᠭ ᠤᠨ ᠠᠵᠢᠯ ᠤᠨ ᠦᠢᠯᠡᠴᠢᠯᠡᠭᠡ ᠲᠠᠢ ᠠᠭᠤᠰᠤᠯᠴᠠᠨ ᠬᠥᠭᠵᠢᠬᠦ ᠶᠢ ᠴᠢᠩᠭᠠᠳᠬᠠᠨ᠎ᠠ᠃ ︽ᠲᠥᠰᠦᠯ︾᠎ ᠳᠤ ᠱᠠᠭᠠᠷᠳᠠᠭᠰᠠᠨ ᠨᠢ᠂ ᠴᠤᠭᠴᠠᠵᠢᠭᠤᠯᠤᠭᠰᠠᠨ ᠴᠠᠬᠢᠮ ᠵᠠᠰᠠᠭ ᠤᠨ ᠠᠵᠢᠯ ᠤᠨ ᠦᠢᠯᠡᠴᠢᠯᠡᠭᠡᠨ ᠤ ᠲᠠᠪᠴᠠᠩ᠂ ᠵᠠᠰᠠᠭ ᠤᠨ ᠠᠵᠢᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠲᠤᠰᠬᠠᠶ ᠪᠤᠯᠤᠩ᠂ ᠲᠤᠰᠬᠠᠶ ᠲᠣᠭᠤᠷᠢᠭ ᠭᠠᠷᠭᠠᠵᠤ᠂ ᠵᠠᠰᠠᠭ ᠤᠨ ᠠᠵᠢᠯ ᠤᠨ ᠦᠢᠯᠡᠴᠢᠯᠡᠭᠡᠨ ᠤ ᠵᠦᠢᠯᠡᠰ᠂ ᠠᠵᠢᠯ ᠶᠠᠪᠤᠳᠠᠯ ᠭᠦᠢᠴᠡᠳᠬᠡᠬᠦ ᠭᠠᠷ ᠠᠪᠤᠯᠭ᠎ᠠ᠂ ᠠᠵᠢᠯ ᠶᠠᠪᠤᠳᠠᠯ ᠭᠦᠢᠴᠡᠳᠬᠡᠬᠦ ᠶᠠᠪᠤᠴᠠ᠂ ᠠᠵᠢᠯ ᠶᠠᠪᠤᠳᠠᠯ ᠭᠦᠢᠴᠡᠳᠬᠡᠬᠦ ᠪᠠᠶᠢᠭᠤᠯᠤᠮᠵᠢ ᠵᠡᠷᠭᠡ ᠶᠢᠨ ᠮᠡᠳᠡᠭᠡ ᠵᠠᠩᠭᠢ ᠎ ᠶᠢ ᠡᠷᠴᠢᠮᠲᠡᠢ ᠣᠨᠣᠪᠴᠢᠲᠠᠶ ᠢᠯᠡ ᠪᠠᠷ ᠨᠡᠶᠢᠲᠡᠯᠡᠨ᠎ᠡ᠃ ᠵᠠᠰᠠᠭ ᠤᠨ ᠠᠵᠢᠯ ᠤᠨ ᠦᠢᠯᠡᠴᠢᠯᠡᠭᠡ ᠶᠢ ᠨᠢᠭᠡ ᠯᠡ ᠤᠳᠠᠭ᠎ᠠ ᠳᠤ ᠮᠡᠳᠡᠭᠳᠡᠬᠦ ᠲᠦᠷᠢᠮ ᠢ ᠨᠠᠶᠢᠳᠠᠪᠤᠷᠢᠵᠢᠭᠤᠯᠵᠤ᠂ 2021 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠣᠰ ᠭᠠᠵᠠᠷ ᠣᠷᠣᠨ ᠤ ᠠᠵᠢᠯ ᠶᠠᠪᠤᠳᠠᠯ ᠭᠦᠢᠴᠡᠳᠬᠡᠬᠦ ᠳᠤ ᠨᠢᠭᠡ ᠳᠡᠪᠲᠡᠷ ᠲᠤ ᠨᠡᠪᠲᠡᠷᠡᠬᠦ ᠶᠢ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠪᠠ ᠵᠠᠰᠠᠭ ᠤᠨ ᠠᠵᠢᠯ ᠤᠨ ᠰᠢᠨ᠎ᠡ ᠵᠠᠭᠤᠴᠢᠯᠠᠭᠤᠷ ᠤᠨ ᠨᠠᠷᠢᠯᠢᠭ ᠣᠨᠣᠴᠠᠲᠠᠶ ᠪᠠᠷ ᠬᠦᠷᠭᠡᠬᠦ ᠴᠢᠳᠠᠮᠵᠢ ᠶᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠵᠠᠰᠠᠭ ᠤᠨ ᠠᠵᠢᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠨᠠᠷᠢᠯᠢᠭ ᠣᠨᠣᠴᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠢᠯᠡ ᠨᠡᠶᠢᠲᠡᠯᠡᠬᠦ ᠪᠠᠷ ᠦᠢᠯᠡᠴᠢᠯᠡᠭᠡ ᠶᠢ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃             ︵ᠳᠣᠯᠤᠭ᠎ᠠ︶ ᠦᠨᠳᠦᠰᠦᠨ ᠱᠠᠲᠤᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠯᠠᠨ ᠨᠡᠶᠢᠲᠡ ᠪᠠᠷ ᠢᠶᠠᠨ ᠣᠷᠣᠯᠴᠠᠬᠤ ᠲᠣᠭᠲᠠᠴᠠ ᠶᠢ ︽ᠲᠥᠰᠦᠯ︾᠎ ᠳᠤ ᠱᠠᠭᠠᠷᠳᠠᠭᠰᠠᠨ ᠨᠢ᠂ 2021 ᠣᠨ ᠤ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠣᠯᠠᠨ ᠨᠡᠶᠢᠲᠡ ᠪᠠᠷ ᠢᠶᠠᠨ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠬᠤ ᠪᠠ ᠡᠷᠬᠡ ᠠᠰᠢᠭ ᠤᠨ ᠬᠤᠯᠪᠣᠭᠳᠠᠬᠤ ᠲᠠᠯ᠎ᠠ᠂ ᠣᠯᠠᠨ ᠲᠦᠮᠡᠨ ᠤ ᠲᠥᠯᠥᠭᠡᠯᠡᠭᠴᠢ᠂ ᠲᠤᠰᠬᠠᠶ ᠮᠡᠷᠭᠡᠵᠢᠯᠲᠡᠨ᠂ ᠵᠠᠭᠤᠴᠢᠯᠠᠭᠤᠷ ᠵᠡᠷᠭᠡ ᠵᠠᠰᠠᠭ ᠤᠨ ᠣᠷᠳᠣᠨ ᠤ ᠬᠤᠯᠪᠣᠭᠳᠠᠬᠤ ᠬᠤᠷᠠᠯ ᠳᠤ ᠰᠤᠯᠠ ᠣᠷᠣᠯᠴᠠᠬᠤ ᠳᠦᠷᠢᠮ ᠢ ᠪᠠᠶᠢᠭᠤᠯᠵᠤ᠂ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠶᠢ ᠰᠢᠯᠭᠠᠨ ᠦᠨᠡᠯᠡᠬᠦ ᠵᠠᠰᠠᠭ ᠤᠨ ᠠᠵᠢᠯ ᠢ ᠢᠯᠡ ᠨᠡᠶᠢᠲᠡᠯᠡᠬᠦ ᠭᠦᠢᠴᠡᠳᠬᠡᠯ ᠲᠤᠭ᠎ᠠ ᠳᠠᠬᠢ ᠣᠯᠠᠨ ᠨᠡᠶᠢᠲᠡ ᠶᠢᠨ ᠣᠷᠣᠯᠴᠠᠬᠤ ᠶᠢᠨ ᠬᠤᠪᠢ ᠶᠢᠨ ᠵᠢᠩ ᠢ ᠨᠡᠮᠡᠭᠳᠡᠭᠦᠯᠵᠦ᠂ ᠠᠷᠠᠳ ᠣᠯᠠᠨ ᠤ ᠲᠣᠰ ᠬᠤᠪᠢ ᠶᠢᠨ ᠠᠰᠢᠭ ᠲᠤᠰᠠ ᠳᠤ ᠬᠤᠯᠪᠣᠭᠳᠠᠬᠤ᠂ ᠣᠯᠠᠨ ᠨᠡᠶᠢᠲᠡ ᠪᠠᠷ ᠢᠶᠠᠨ ᠥᠷᠭᠡᠨ ᠢᠶᠠᠷ ᠮᠡᠳᠡᠬᠦ ᠱᠠᠭᠠᠷᠳᠠᠯᠭ᠎ᠠ ᠲᠠᠢ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠣᠯᠠᠨ ᠨᠡᠶᠢᠲᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠳᠤ ᠣᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠬᠤ ᠠᠷᠭ᠎ᠠ ᠪᠠᠷᠢᠯ ᠪᠠ ᠤᠳᠠᠭ᠎ᠠ ᠶᠢ ᠲᠣᠳᠣᠷᠬᠠᠶᠢᠯᠠᠵᠤ᠂ ᠰᠢᠢᠳᠪᠦᠷᠢᠲᠦ ᠪᠣᠳᠣᠯᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃             ︵ᠨᠠᠢᠮᠠ︶ ᠦᠨᠳᠦᠰᠦᠨ ᠱᠠᠲᠤᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠶᠢ ᠮᠠᠯᠵᠢᠬᠤ ᠲᠠᠷᠢᠶᠠᠯᠠᠬᠤ ᠣᠷᠣᠨ ᠪᠠ ᠨᠡᠶᠢᠭᠡᠮ ᠲᠣᠭᠤᠷᠢᠭ ᠳᠠᠰᠢ ᠰᠤᠩᠭᠠᠬᠤ ᠶᠢ ᠠᠬᠢᠭᠤᠯᠤᠨ᠎ᠠ᠃ ︽ᠲᠥᠰᠦᠯ︾᠎ ᠳᠤ ᠱᠠᠭᠠᠷᠳᠠᠭᠰᠠᠨ ᠨᠢ᠂ ᠦᠨᠳᠦᠰᠦᠨ ᠱᠠᠲᠤᠨ ᠤ ᠵᠠᠰᠠᠭ ‍ᠤᠨ‌ᠠᠵᠢᠯ ᠢ ᠢᠯᠡ ᠨᠡᠶᠢᠲᠡᠯᠡᠬᠦ ᠪᠠ ᠭᠠᠴᠠᠭ᠎ᠠ ᠲᠣᠰᠬᠤᠨ ︵ᠰᠠᠭᠤᠭᠠᠯᠢ ᠠᠷᠠᠳ︶᠎ ᠤ ᠶᠠᠪᠤᠳᠠᠯ ᠢ ᠢᠯᠡ ᠨᠡᠶᠢᠲᠡᠯᠡᠬᠦ ᠶᠢ ᠵᠣᠬᠢᠴᠠᠭᠤᠯᠤᠨ ᠬᠥᠭᠵᠢᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠬᠤ ᠰᠠᠯᠠᠭ᠎ᠠ ᠮᠥᠴᠢᠷ ᠤᠨ ᠵᠢᠭᠠᠭᠰᠠᠨ 26 ᠲᠤᠷᠰᠢᠯᠲᠠ ᠶᠢᠨ ᠬᠦᠷᠢᠶᠡᠨ ᠤ ᠪᠠᠷᠢᠮᠵᠢᠶ᠎ᠠ ᠶᠢᠨ ᠵᠢᠯᠣᠭᠤᠳᠣᠯᠭ᠎ᠠ ᠵᠢᠭᠠᠨ ᠵᠢᠯᠣᠭᠤᠳᠬᠤ ᠶᠠᠪᠤᠴᠠ ᠳᠠᠬᠢ ᠢᠯᠡ ᠨᠡᠶᠢᠲᠡᠯᠡᠬᠦ ᠳᠡᠰ ᠳᠠᠪᠬᠤᠷᠭ᠎ᠠ ᠳᠤ ︽ᠰᠢᠶᠠᠩ᠂ ᠲᠣᠰᠬᠤᠨ︾᠎ ᠤ ᠳᠡᠰ ᠤᠨ ᠠᠰᠠᠭᠤᠳᠠᠯ ᠢ ᠲᠣᠳᠣᠷᠬᠠᠶᠢᠯᠠᠵᠤ᠂ ᠭᠠᠴᠠᠭ᠎ᠠ ᠲᠣᠰᠬᠤᠨ ᠤ ︵ᠰᠠᠭᠤᠭᠠᠯᠢ︶ ᠠᠷᠠᠳ ᠤᠨ ᠵᠥᠪᠯᠡᠯ ᠳᠤ ᠢᠯᠡ ᠨᠡᠶᠢᠲᠡᠯᠡᠬᠦ ᠵᠦᠢᠯᠡᠰ ᠤᠨ ᠨᠢᠭᠡᠳ ᠨᠢᠭᠡᠳ ᠢᠶᠠᠷ ᠭᠦᠢᠴᠡᠳᠬᠡᠬᠦ ᠡᠭᠦᠷᠭᠡᠲᠦ ᠠᠵᠢᠯ ᠤᠨ ᠵᠢᠭᠰᠠᠭᠠᠯᠲᠠ ᠶᠢ ᠪᠠᠶᠢᠭᠤᠯᠵᠤ᠂ ᠭᠠᠴᠠᠭ᠎ᠠ ᠲᠣᠰᠬᠤᠨ ︵ᠰᠠᠭᠤᠭᠠᠯᠢ︶ ᠠᠷᠠᠳ ᠤᠨ ᠸᠢᠴᠠᠲ᠂ ᠲᠠᠷᠢᠶᠠᠴᠢᠳ ᠲᠤ ᠠᠰᠢᠭ ᠬᠦᠷᠲᠡᠭᠡᠬᠦ ᠮᠡᠳᠡᠭᠡ ᠵᠠᠩᠭᠢ ᠶᠢᠨ ᠬᠤᠷᠰᠢᠶ᠎ᠠ᠂ ᠨᠡᠶᠢᠲᠡ ᠶᠢᠨ ᠳ᠋ᠤᠭᠠᠷ᠂ ᠮᠡᠳᠡᠭᠡ ᠵᠠᠩᠭᠢ ᠶᠢᠨ ᠨᠡᠶᠢᠲᠡ ᠶᠢᠨ ᠪᠤᠯᠤᠩ ᠵᠡᠷᠭᠡ ᠠᠷᠭ᠎ᠠ ᠵᠠᠮ ᠢᠶᠠᠷ ᠶᠠᠳᠠᠭᠤᠷᠠᠯ ᠠᠴᠠ ᠠᠩᠭᠢᠵᠢᠷᠠᠭᠤᠯᠬᠤ ᠪᠣᠱᠤᠭ᠎ᠠ ᠶᠢ ᠳᠠᠪᠠᠭ᠋ᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠣᠰᠬᠤᠨ ᠤ ᠱᠠᠲᠤᠨ ᠤ ᠡᠳ᠋ ᠤᠨ ᠶᠠᠪᠤᠳᠠᠯ᠂ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠭᠤᠤᠯᠳᠠᠯᠭ᠎ᠠ ᠲᠠᠢ ᠢᠯᠡ ᠨᠡᠶᠢᠲᠡᠯᠡᠬᠦ ᠶᠢᠨ ᠬᠠᠮᠲᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠤᠯ ᠰᠦᠯᠵᠢᠶᠡᠨ ᠳᠡᠭᠡᠷ᠎ᠡ ᠵᠣᠬᠢᠬᠤ ᠲᠤᠰᠬᠠᠶ ᠪᠤᠯᠤᠩ ᠭᠠᠷᠭᠠᠵᠤ ᠲᠥᠪᠯᠡᠷᠡᠭᠦᠯᠦᠨ ᠢᠯᠡ ᠪᠠᠷ ᠨᠡᠶᠢᠲᠡᠯᠡᠨ᠎ᠡ᠃             ᠲᠠᠪᠤ᠂ ︽ᠲᠥᠰᠦᠯ︾᠎ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ             ᠨᠢᠭᠡ ᠳᠤ᠂ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠠᠷᠢᠶᠠᠲᠤ ᠣᠷᠣᠨ ᠤ ᠵᠠᠷᠴᠢᠮ ᠶᠣᠰᠣᠭᠠᠷ ᠬᠢᠨᠠᠯᠲᠠ ᠳᠡᠯᠪᠢᠨ ᠵᠢᠯᠣᠭᠤᠳᠬᠤ ᠠᠵᠢᠯ ᠢ ᠰᠠᠶᠢᠲᠤᠷ ᠭᠦᠢᠴᠡᠳᠬᠡᠵᠦ᠂ ᠲᠣᠰ ᠭᠠᠵᠠᠷ ᠣᠷᠣᠨ ᠤ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠤᠨ ᠡᠯ᠎ᠡ ᠲᠥᠷᠥᠯ ᠤᠨ ᠡᠭᠦᠷᠭᠡ ᠶᠢ ᠬᠡᠨ ᠳᠠᠷᠤᠢ ᠳᠤᠨᠢ᠂ ᠥᠨᠳᠥᠷ ᠪᠦᠲᠦᠮᠵᠢᠲᠡᠶ ᠪᠡᠶᠡᠯᠡᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠦᠷ᠎ᠡ ᠨᠥᠯᠥᠭᠡ ᠢᠶᠠᠨ ᠪᠠᠳᠠᠷᠠᠭᠤᠯᠵᠤ᠂ ᠡᠯ᠎ᠡ ᠲᠥᠷᠥᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠠᠮᠲᠤᠪᠠᠷ ᠳᠥᠯᠭᠢᠨ ᠠᠬᠢᠭᠤᠯᠤᠨ᠎ᠠ᠃ ᠬᠤᠶᠠᠷ ᠲᠤ᠂ ᠠᠵᠢᠯ ᠤᠨ ᠬᠠᠮᠵᠢᠯᠴᠠᠭ᠎ᠠ ᠶᠢ ᠴᠢᠩᠭᠠᠳᠬᠠᠨ᠎ᠠ᠃ ᠪᠦᠷᠢᠨ ᠲᠡᠭᠦᠯᠳᠡᠷ ᠵᠣᠬᠢᠴᠠᠭᠤᠯᠵᠤ ᠬᠠᠮᠲᠤᠷᠠᠨ ᠠᠵᠢᠯᠯᠠᠭ᠎ᠠ ᠪᠠᠨ ᠡᠬᠢᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠪᠠ ᠵᠠᠰᠠᠭ ᠤᠨ ᠠᠵᠢᠯ ᠤᠨ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠬᠠᠮᠢᠶᠠᠷᠤᠯᠲᠠ᠂ ᠲᠤᠭ᠎ᠠ ᠪᠠᠷᠢᠮᠲᠠ ᠶᠢ ᠨᠡᠭᠡᠭᠡᠯᠲᠡᠲᠡᠶ ᠪᠠᠷ ᠬᠠᠮᠲᠤᠪᠠᠷ ᠭᠥᠷᠳᠡᠬᠦ᠂ ᠵᠠᠰᠠᠭ ᠤᠨ ᠠᠵᠢᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠬᠦ ᠵᠡᠷᠭᠡ ᠲᠠᠯ᠎ᠠ ᠪᠠᠷ᠂ ᠵᠠᠰᠠᠭ ᠤᠨ ᠠᠵᠢᠯ ᠢ ᠢᠯᠡ ᠨᠡᠶᠢᠲᠡᠯᠡᠬᠦ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠤᠨ ᠬᠠᠮᠲᠤ ᠶᠢᠨ ᠬᠦᠴᠦᠨ ᠢ ᠪᠣᠶ ᠪᠣᠯᠭᠠᠨ᠎ᠠ᠃ ᠭᠤᠷᠪᠠ ᠳᠤ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠠᠵᠢᠯ ᠤᠨ ᠪᠠᠶᠢᠭᠤᠯᠤᠮᠵᠢ ᠪᠠ ᠠᠵᠢᠯᠲᠠᠨ ᠢ ᠲᠣᠳᠣᠷᠬᠠᠶᠢᠯᠠᠵᠤ᠂ ᠦᠨᠳᠦᠰᠦᠨ ᠱᠠᠲᠤᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠠᠵᠢᠯ ᠢ ᠪᠠᠶᠢᠭᠤᠯᠤᠮᠵᠢ ᠡᠭᠦᠷᠭᠡᠯᠡᠵᠦ᠂ ᠲᠤᠰᠬᠠᠶ ᠬᠥᠮᠦᠨ ᠬᠠᠷᠢᠭᠤᠴᠠᠬᠤ ᠶᠢ ᠦᠨᠡᠨᠬᠦ ᠪᠠᠲᠤᠯᠠᠭᠠᠵᠢᠭᠤᠯᠤᠨ᠎ᠠ᠃ ᠬᠥᠮᠦᠵᠢᠯ ᠰᠤᠷᠭᠠᠯᠲᠠ ᠶᠢᠨ ᠡᠷᠴᠢᠮ ᠢ ᠴᠢᠩᠭᠠᠷᠠᠭᠤᠯᠵᠤ᠂ ᠦᠨᠳᠦᠰᠦᠨ ᠱᠠᠲᠤᠨ ᠤ ᠺᠠᠳ᠋ᠷᠴᠤᠳ ᠤᠨ ᠵᠠᠰᠠᠭ ᠤᠨ ᠠᠵᠢᠯ ᠢ ᠢᠯᠡ ᠨᠡᠶᠢᠲᠡᠯᠡᠬᠦ ᠠᠵᠢᠯ ᠢ ᠰᠠᠶᠢᠲᠤᠷ ᠭᠦᠢᠴᠡᠳᠬᠡᠬᠦ ᠴᠢᠳᠠᠪᠤᠷᠢ ᠪᠠ ᠬᠢᠷᠢ ᠲᠥᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠲᠦᠷᠪᠡ ᠳᠤ᠂ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠦᠨᠳᠦᠰᠦᠨ ᠱᠠᠲᠤᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠶᠢ ᠪᠠᠷᠢᠮᠵᠢᠶᠠᠵᠢᠭᠤᠯᠤᠨ ᠵᠢᠷᠤᠮᠵᠢᠭᠤᠯᠤᠭᠰᠠᠨ ᠪᠠᠶᠢᠳᠠᠯ ᠢ ᠵᠠᠰᠠᠭ ᠤᠨ ᠠᠵᠢᠯ ᠢ ᠢᠯᠡ ᠨᠡᠶᠢᠲᠡᠯᠡᠬᠦ ᠠᠵᠢᠯ ᠤᠨ ᠦᠷ᠎ᠡ ᠪᠦᠲᠦᠮᠵᠢ ᠶᠢ ᠦᠨᠡᠯᠡᠬᠦ ᠴᠢᠬᠤᠯᠠ ᠠᠭᠤᠯᠭ᠎ᠠ ᠪᠣᠯᠭᠠᠵᠤ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠶᠢ ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠳᠤ ᠨᠠᠷᠢᠪᠴᠢᠯᠠᠨ ᠣᠷᠣᠭᠤᠯᠵᠤ᠂ ᠡᠯ᠎ᠡ ᠲᠥᠷᠥᠯ ᠤᠨ ᠡᠭᠦᠷᠭᠡ ᠶᠢᠨ ᠤᠷᠤᠭᠰᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠨ᠎ᠠ᠃                         ᠲᠠᠶᠢᠯᠤᠮᠵᠢ ᠬᠢᠭᠴᠢ᠄ ᠦ᠋ ᠹᠠᠨ ᠹᠠᠨ ᠠᠯᠠᠱᠠ ᠵᠡᠭᠦᠨ ᠬᠤᠰᠢᠭᠤᠨ ᠤ ᠵᠠᠰᠠᠭ ᠤᠨ ᠠᠵᠢᠯ ᠤᠨ ᠦᠢᠯᠡᠴᠢᠯᠡᠭᠡᠨ ᠤ ᠲᠣᠪᠴᠢᠶᠠᠨ ᠤ ᠳᠡᠳ᠋ ᠳᠠᠷᠤᠭ᠎ᠠ             ᠪᠢᠴᠢᠭ ᠮᠠᠲ᠋ᠧᠷᠢᠶᠠᠯ ᠤᠨ ᠲᠤᠬᠠᠢ ᠴᠠᠬᠢᠮ ᠬᠠᠭᠤᠳᠠᠰᠤ᠄       ︽ᠠᠯᠠᠱᠠ ᠵᠡᠭᠦᠨ ᠬᠤᠰᠢᠭᠤᠨ ᠤ ᠦᠨᠳᠦᠰᠦᠨ ᠱᠠᠲᠤᠨ ᠤ ᠵᠠᠰᠠᠭ ᠤᠨ ᠠᠵᠢᠯ ᠢ ᠢᠯᠡ ᠨᠡᠶᠢᠲᠡᠯᠡᠬᠦ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠡᠷᠴᠢᠮᠲᠡᠢ ᠤᠷᠤᠭᠰᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾᠎ ᠢ ᠬᠡᠪᠯᠡᠨ ᠲᠠᠷᠬᠠᠭᠠᠬᠤ ᠲᠤᠬᠠᠶ ᠮᠡᠳᠡᠭᠳᠡᠯ                         ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号