ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠳᠠᠮᠵᠢᠭᠤᠯᠤᠨ ᠨᠡᠶᠢᠲᠡᠯᠡᠭᠰᠡᠨ᠄ ᠬᠦᠳᠡᠭᠡ ᠲᠤᠰᠬᠤᠨ ᠤ ᠵᠢᠭᠤᠯᠴᠢᠯᠠᠯ ᠤᠨ ᠦᠷᠭᠦᠯᠵᠢᠯᠡᠭᠦ᠋ᠢᠴᠡ ᠬᠦᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ
ᠨᠡᠶᠢᠲᠡᠯᠡᠭᠰᠡᠨ ᠴᠠᠭ᠄
2022/10/12
                                    ᠬᠦᠳᠡᠭᠡ ᠲᠤᠰᠬᠤᠨ ᠤ ᠵᠢᠭᠤᠯᠴᠢᠯᠠᠯ ᠪᠤᠯ ᠵᠢᠭᠤᠯᠴᠢᠯᠠᠯ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ᠂ ᠬᠦᠲᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠ ᠬᠦᠴᠦᠨ ᠶᠤᠮ᠃ ᠲᠠᠷᠢᠶᠠᠯᠠᠩ ᠬᠦᠳᠡᠭᠡ ᠲᠤᠰᠬᠤᠨ ᠤ ᠤᠳᠤᠬᠢᠴᠢᠯᠠᠯᠳᠠ ᠶᠢᠨ ᠠᠬᠢᠴᠠ ᠢ ᠲᠦᠷᠭᠡᠳᠬᠡᠨ ᠬᠤᠳᠠ ᠬᠦᠳᠡᠭᠡ ᠶᠢ ᠠᠭᠤᠰᠤᠯᠴᠠᠭᠤᠯᠤᠨ ᠬᠦᠭᠵᠢᠬᠦᠯᠬᠦ᠂ ᠶᠠᠳᠠᠭᠤ ᠬᠦᠴᠢᠷᠳᠡᠯ ᠲᠠᠢ ᠭᠠᠵᠠᠷ ᠤᠷᠤᠨ ᠢ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠶᠢ ᠰᠢᠪᠲᠤᠯᠬᠤ ᠵᠡᠷᠭᠡ ᠲᠠᠯ᠎ᠠ ᠪᠠᠷ ᠴᠦ ᠴᠢᠬᠤᠯᠠ ᠦᠢᠯᠡᠳᠦᠯ ᠢᠶᠠᠨ ᠪᠠᠳᠠᠷᠠᠭᠤᠯᠵᠤ ᠪᠠᠶᠢᠳᠠᠭ᠃ ︽ᠨᠠᠮ ᠤᠨ ᠲᠦᠪ ᠬᠤᠷᠢᠶ᠎ᠠ᠂ ᠤᠯᠤᠰ ᠤᠨ ᠶᠠᠪᠤᠳᠠᠯ ᠤᠨ ᠬᠤᠷᠢᠶ᠎ᠠ ᠶᠢᠨ ᠬᠦᠳᠡᠭᠡ ᠲᠤᠰᠬᠤᠨ ᠢ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠲᠤᠬᠠᠢ ᠰᠠᠨᠠᠯ︾ ︵ᠲᠤᠮᠳᠠᠲᠤ ᠲᠠᠷᠬᠠᠭᠠᠭᠰᠠᠨ ︹2018︺ 1 ᠨᠤᠮᠧᠷ︶ ᠪᠠ ︽ᠬᠦᠳᠡᠭᠡ ᠲᠤᠰᠬᠤᠨ ᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠭᠡ ︵2018 — 2022 ᠤᠨ︶︾᠎ ᠶᠢ ᠬᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠲᠦᠯᠦᠭᠡ᠂ ᠬᠦᠳᠡᠭᠡ ᠲᠤᠰᠬᠤᠨ ᠤ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠦᠷᠭᠦᠯᠵᠢᠯᠡᠭᠦ᠋ᠢᠴᠡ ᠬᠦᠭᠵᠢᠬᠦ ᠶᠢ ᠠᠬᠢᠭᠤᠯᠵᠤ᠂ ᠲᠠᠷᠢᠶᠠᠯᠠᠩ ᠬᠦᠳᠡᠭᠡ ᠲᠤᠰᠬᠤᠨ ᠤ ᠬᠦᠭᠵᠢᠯᠲᠡ ᠶᠢᠨ ᠰᠢᠨ᠎ᠡ ᠬᠦᠳᠡᠯᠭᠡᠭᠴᠢ ᠬᠦᠴᠦᠨ ᠢ ᠦᠳᠲᠡᠷ ᠲᠦᠷᠭᠡᠨ ᠪᠤᠢ ᠪᠤᠯᠭᠠᠬᠤ ᠶᠢᠨ ᠲᠤᠰᠠ ᠳᠤ᠂ ᠡᠳᠦᠭᠡ ᠲᠤᠤᠷᠠᠬᠢ ᠮᠡᠲᠦ ᠰᠠᠨᠠᠯ ᠢ ᠲᠤᠷᠠᠳᠪᠠ᠃             ᠨᠢᠭᠡ᠂ ᠶᠡᠷᠦᠩᠬᠡᠢ ᠱᠠᠭᠠᠷᠳᠠᠯᠭ᠎ᠠ             1. ᠵᠢᠯᠤᠭᠤᠳᠬᠤ ᠦᠵᠡᠯ ᠰᠠᠨᠠᠭ᠎ᠠ             ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠬᠤᠷᠠᠯ᠂ ᠭᠤᠷᠪᠠᠳᠤᠭᠠᠷ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠲᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠰᠢᠨ᠎ᠡ ᠬᠦᠭᠵᠢᠯᠲᠡ ᠶᠢᠨ ᠲᠤᠬᠠᠢ ᠤᠶᠢᠯᠠᠭᠠᠭᠳᠠᠬᠤᠨ ᠢ ᠪᠤᠢ ᠪᠤᠯᠭᠠᠵᠤ᠂ ᠴᠢᠨᠠᠷ ᠰᠠᠶᠢᠲᠠᠢ ᠬᠦᠭᠵᠢᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠲᠠᠪᠦ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠲᠦᠯᠲᠠᠢ ᠲᠦᠯᠦᠪᠵᠢᠭᠦᠯᠦᠨ ᠠᠬᠢᠭᠤᠯᠵᠤ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠩᠭᠤᠢ ᠪᠠᠷ ᠠᠬᠢᠭᠤᠯᠤᠨ᠎ᠠ᠃ ᠠᠵᠦ ᠦᠢᠯᠡᠳᠪᠦᠷᠢ ᠨᠢ ᠬᠦᠭᠵᠢᠨ ᠮᠠᠨᠲᠤᠵᠤ᠂ ᠤᠷᠴᠢᠨ ᠲᠤᠭᠤᠷᠢᠨ ᠨᠢ ᠤᠷᠤᠰᠢᠨ ᠠᠮᠢᠲᠤᠷᠠᠬᠤ ᠳᠤ ᠲᠠᠭᠠᠯᠠᠮᠵᠢ ᠲᠠᠢ᠂ ᠤᠷᠤᠨ ᠨᠤᠲᠤᠭ ᠤᠨ ᠵᠠᠩᠰᠢᠯ ᠨᠢ ᠪᠤᠯᠪᠠᠰᠤᠨ᠂ ᠵᠠᠰᠠᠭᠰᠠᠨ ᠨᠢ ᠦᠷ᠎ᠡ ᠪᠦᠲᠦᠮᠵᠢ ᠲᠠᠢ᠂ ᠠᠮᠢᠲᠤᠷᠠᠯ ᠨᠢ ᠪᠠᠶᠠᠨ ᠴᠢᠨᠡᠭᠡᠯᠢᠭ ᠪᠠᠶᠢᠬᠤ ᠶᠡᠷᠦᠩᠬᠡᠢ ᠱᠠᠭᠠᠷᠳᠠᠯᠭ᠎ᠠ ᠶᠤᠰᠤ ᠪᠠᠷ ᠬᠦᠳᠡᠭᠡ ᠲᠤᠰᠬᠤᠨ ᠤ ᠪᠤᠲᠠᠲᠤ ᠪᠠᠶᠢᠳᠠᠯ ᠪᠠ ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ᠂ ᠲᠦᠯᠦᠪᠵᠢᠭᠦᠯᠦᠨ ᠳᠠᠭᠠᠭᠤᠯᠬᠤ ᠶᠢ ᠴᠢᠩᠭᠠᠳᠬᠠᠨ᠂ ᠬᠦᠳᠡᠭᠡ ᠲᠤᠰᠬᠤᠨ ᠤ ᠰᠠᠭᠤᠷᠢ ᠲᠦᠬᠦᠭᠡᠷᠦᠮᠵᠢ ᠪᠠᠨ ᠲᠡᠭᠦᠯᠳᠡᠷᠵᠢᠭᠦᠯᠦᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠤᠷᠴᠢᠨ ᠲᠤᠭᠤᠷᠢᠨ ᠢᠶᠠᠨ ᠰᠠᠶᠢᠵᠢᠷᠠᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠪᠦᠲᠦᠭᠡᠭᠳᠡᠭᠦᠨ ᠢᠶᠠᠨ ᠪᠠᠶᠠᠯᠢᠭᠵᠢᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ ᠢ ᠵᠠᠬ᠎ᠠ ᠲᠡᠯᠭᠡᠭᠦᠷ ᠲᠤ ᠭᠠᠷᠭᠠᠨ ᠠᠵᠦ ᠦᠢᠯᠡᠳᠪᠦᠷᠢᠵᠢᠭᠰᠡᠨ ᠲᠡᠶᠢᠰᠢ ᠬᠦᠭᠵᠢᠭᠦᠯᠬᠦ ᠶᠢ ᠠᠬᠢᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠴᠢᠨᠠᠷ ᠴᠢᠨᠰᠠᠭ᠎ᠠ ᠪᠠ ᠶᠡᠷᠦᠩᠬᠡᠢ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠮᠠᠨ ᠤ ᠤᠯᠤᠰ ᠤᠨ ᠬᠦᠳᠡᠭᠡ ᠲᠤᠰᠬᠤᠨ ᠢ ᠪᠦᠬᠦ ᠲᠠᠯ᠎ᠠ ᠪᠠᠷ ᠬᠦᠭᠵᠢᠭᠦᠯᠬᠦ ᠶᠢ ᠪᠡᠶᠡᠯᠡᠭᠦᠯᠬᠦ ᠶᠢᠨ ᠲᠦᠯᠦᠭᠡ ᠴᠢᠬᠤᠯᠠ ᠬᠤᠪᠢ ᠨᠡᠮᠡᠷᠢ ᠪᠠᠨ ᠦᠵᠡᠭᠦᠯᠦᠨ᠎ᠡ᠃             2. ᠦᠨᠳᠦᠰᠦᠨ ᠵᠠᠷᠴᠢᠮ             ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠠᠯ ᠦᠭᠡᠢ ᠬᠦᠭᠵᠢᠭᠦᠯᠬᠦ᠃ ᠬᠦᠬᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠦᠩᠭᠦᠨ ᠠᠭᠤᠯᠠ ᠮᠦᠨ ᠭᠡᠭᠦ ᠤᠶᠢᠯᠠᠭᠠᠭᠳᠠᠬᠤᠨ ᠢ ᠭᠦᠢᠴᠠᠳᠬᠡᠨ᠂ ᠨᠡᠭᠡᠭᠡᠭᠦ ᠪᠠ ᠬᠠᠮᠠᠭᠠᠯᠠᠬᠤ ᠶᠢ ᠵᠡᠷᠭᠡ ᠪᠠᠷ ᠡᠷᠬᠢᠮᠯᠡᠬᠦ ᠶᠢ ᠴᠢᠬᠤᠯᠠᠴᠢᠯᠠᠨ᠂ ᠡᠬᠢ ᠪᠠᠶᠠᠯᠢᠭ ᠤᠨ ᠤᠷᠴᠢᠨ ᠲᠤᠭᠤᠷᠢᠨ ᠤ ᠳᠠᠭᠠᠭᠠᠴᠠ ᠶᠢᠨ ᠴᠢᠳᠠᠪᠤᠷᠢ ᠪᠠ ᠬᠦᠭᠵᠢᠯᠲᠡ ᠶᠢᠨ ᠨᠢᠭᠤᠭᠳᠠᠮᠠᠯ ᠬᠦᠴᠦᠨ ᠢ ᠨᠢᠭᠡᠲᠦᠯᠲᠠᠢ ᠲᠦᠯᠦᠪᠯᠡᠨ ᠪᠤᠳᠤᠯᠬᠢᠯᠠᠵᠤ᠂ ᠬᠦᠳᠡᠭᠡ ᠲᠤᠰᠬᠤᠨ ᠤ ᠠᠮᠢ ᠠᠬᠤᠢ ᠶᠢᠨ ᠤᠷᠴᠢᠨ ᠲᠤᠭᠤᠷᠢᠨ ᠪᠠ ᠤᠨᠴᠠᠯᠢᠭ ᠲᠠᠢ ᠰᠢᠨᠵᠢ ᠪᠠᠶᠢᠳᠠᠯ ᠢ ᠬᠠᠮᠠᠭᠠᠯᠠᠬᠤ ᠶᠢ ᠴᠢᠩᠭᠠᠳᠬᠠᠨ᠂ ᠳᠡᠰ ᠲᠠᠷᠠᠭ᠎ᠠ ᠲᠠᠢ ᠨᠡᠬᠡᠬᠡᠭᠦ ᠪᠠ ᠵᠤᠬᠢᠰᠲᠠᠢ ᠪᠠᠶᠢᠷᠢᠯᠠᠭᠤᠯᠬᠤ ᠶᠢ ᠴᠢᠩᠭᠠᠳᠬᠠᠨ᠂ ᠠᠪᠤᠨ ᠲᠤᠤᠷ᠎ᠠ ᠪᠠᠨ ᠠᠰᠢᠭ ᠤᠯᠬᠤ ᠶᠢ ᠬᠦᠭᠡᠭᠡᠴᠡᠯᠳᠦᠬᠦ ᠪᠠ ᠰᠤᠬᠤᠷ ᠪᠠᠯᠠᠢ ᠪᠠᠷ ᠬᠦᠭᠵᠢᠭᠦᠯᠬᠦ ᠠᠴᠠ ᠵᠠᠶᠢᠯᠠᠰᠬᠢᠨ᠎ᠠ᠃             ᠭᠠᠵᠠᠷ ᠤᠷᠤᠨ ᠤ ᠪᠠᠶᠢᠳᠠᠯ ᠳᠤ ᠪᠠᠨ ᠲᠤᠬᠢᠷᠠᠭᠤᠯᠤᠨ᠂ ᠦᠪᠡᠷᠮᠢᠴᠠ ᠤᠨᠴᠠᠯᠢᠭ ᠲᠠᠢ ᠬᠦᠭᠵᠢᠬᠦᠯᠬᠦ᠃ ᠤᠷᠤᠨ ᠪᠦᠰᠡ ᠶᠢᠨ ᠤᠨᠴᠠᠯᠢᠭ ᠪᠠ ᠡᠬᠢ ᠪᠠᠶᠠᠯᠢᠭ ᠤᠨ ᠲᠦᠷᠦᠯᠬᠢ ᠴᠢᠨᠠᠷ ᠢ ᠦᠨᠳᠦᠰᠦᠯᠡᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠨ᠂ ᠭᠠᠵᠠᠷ ᠤᠷᠤᠨ ᠤ ᠪᠠᠶᠢᠳᠠᠯ ᠳᠤ ᠪᠠᠨ ᠲᠤᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠦᠨ᠂ ᠦᠪᠡᠷᠮᠢᠴᠠ ᠤᠨᠴᠠᠯᠢᠭ ᠲᠠᠢ᠂ ᠵᠦᠷᠢᠶᠡᠨᠲᠦ ᠲᠠᠯ᠎ᠠ ᠲᠠᠢ᠂ ᠤᠯᠠᠨ ᠶᠠᠩᠵᠤ ᠶᠢᠨ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠭᠦᠨ ᠢ ᠢᠲᠡᠪᠬᠢᠲᠠᠢ ᠨᠡᠬᠡᠬᠡᠨ᠂ ᠶᠡᠭᠡ ᠪᠠᠷ ᠡᠪᠳᠡᠬᠦ ᠪᠤᠶᠤ ᠪᠠᠶᠢᠭᠤᠯᠬᠤ᠂ ᠮᠢᠩᠭᠠᠨ ᠲᠤᠰᠬᠤᠨ ᠨᠢᠬᠡ ᠯᠡ ᠲᠦᠷᠰᠤ ᠪᠠ ᠬᠠᠭᠤᠯᠪᠤᠷᠢ ᠬᠤᠳᠠᠴᠢᠯᠠᠯᠲᠠ᠂ ᠲᠦᠭᠦᠮᠴᠢᠯᠡᠨ ᠲᠠᠭᠤᠷᠢᠶᠠᠬᠤ ᠶᠢ ᠰᠡᠷᠬᠡᠶᠢᠯᠡᠨ ᠬᠤᠷᠢᠭᠯᠠᠵᠤ᠂ ᠲᠤᠤᠷ᠎ᠠ ᠬᠢᠷᠢ ᠬᠡᠮᠵᠢᠶ᠎ᠡ ᠪᠠᠷ ᠢᠵᠢᠯᠢᠰᠢᠭᠦᠯᠦᠭᠰᠡᠨ ᠦᠷᠢᠰᠦᠯᠳᠦᠭᠡᠨ ᠠᠴᠠ ᠵᠠᠶᠢᠯᠠᠰᠬᠢᠨ᠎ᠠ             ᠲᠠᠷᠢᠶᠠᠯᠠᠩ ᠢᠶᠠᠷ ᠦᠨᠳᠦᠰᠦ ᠪᠤᠯᠭᠠᠨ᠂ ᠤᠯᠠᠨ ᠡᠰᠢᠵᠢᠭᠦᠯᠦᠨ ᠬᠦᠭᠵᠢᠭᠦᠯᠬᠦ᠃ ᠲᠠᠷᠢᠶᠠᠴᠢᠳ ᠢᠶᠠᠷ ᠠᠰᠢᠭ ᠬᠦᠷᠲᠡᠬᠦ ᠭᠤᠤᠯ ᠴᠤᠭᠴᠠ ᠪᠤᠯᠭᠠᠬᠤ ᠶᠢ ᠪᠠᠷᠢᠮᠲᠠᠯᠠᠨ᠂ ᠲᠠᠷᠢᠶᠠᠯᠠᠩ ᠬᠦᠳᠡᠭᠡ ᠲᠤᠰᠬᠤᠨ ᠢᠶᠠᠷ ᠦᠨᠲᠦᠰᠦᠨ ᠲᠦᠰᠢᠭ ᠪᠤᠯᠭᠠᠨ᠂ ᠲᠠᠷᠢᠶᠠᠴᠢᠨ ᠤ ᠬᠦᠰᠡᠯ ᠡᠷᠡᠮᠡᠯᠵᠡᠯ ᠢ ᠬᠦᠨᠲᠦᠳᠬᠡᠨ᠂ ᠲᠠᠷᠢᠶᠠᠴᠢᠨ ᠤ ᠪᠦᠬᠦᠢ ᠯᠡ ᠶᠠᠪᠤᠴᠠ ᠳᠤ ᠤᠷᠤᠯᠴᠠᠬᠤ ᠶᠢ ᠴᠢᠬᠤᠯᠠᠴᠢᠯᠠᠨ᠂ ᠲᠠᠷᠢᠶᠠᠴᠢᠳ ᠤᠨ ᠢᠳᠡᠪᠬᠢᠵᠢᠯ ᠪᠠ ᠰᠢᠨ᠎ᠡ ᠪᠦᠲᠦᠭᠡᠯᠴᠢ ᠴᠢᠨᠠᠷ ᠢ ᠲᠠᠶᠢᠴᠢᠯᠠᠨ᠂ ᠵᠠᠰᠠᠭ ᠤᠨ ᠤᠷᠲᠤᠨ ᠤ ᠳᠡᠮᠵᠢᠯᠭᠡ ᠪᠠ ᠤᠳᠤᠷᠢᠳᠬᠤ ᠡᠷᠴᠢᠮ ᠢ ᠴᠢᠩᠭᠠᠷᠠᠭᠤᠯᠤᠨ᠂ ᠨᠡᠩ ᠤᠯᠠᠨ ᠨᠡᠶᠢᠭᠡᠮ ᠤᠨ ᠬᠦᠷᠦᠩᠬᠡ ᠵᠤᠭᠤᠰ ᠪᠠ ᠡᠵᠡᠩᠨᠡᠬᠦ ᠭᠤᠤᠯ ᠴᠤᠭᠴᠠ ᠶᠢ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠳᠤ ᠲᠠᠳᠠᠨ ᠤᠷᠤᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠬᠦᠭᠵᠢᠭᠡᠨ᠎ᠡ᠃             ᠠᠭᠤᠯᠤᠭᠳᠠᠬᠤᠨ ᠢ ᠪᠠᠶᠠᠯᠢᠭᠵᠢᠭᠤᠯᠤᠨ᠂ ᠶᠠᠰᠤ ᠴᠢᠨᠠᠷ ᠲᠠᠢ ᠬᠦᠭᠵᠢᠭᠦᠯᠬᠦ᠃ ᠬᠦᠳᠡᠭᠡ ᠲᠤᠰᠬᠤᠨ ᠤ ᠤᠯᠠᠮᠵᠢᠯᠠᠯᠲᠤ ᠰᠤᠶᠤᠯ ᠪᠠ ᠤᠷᠤᠨ ᠨᠤᠲᠤᠭ ᠤᠨ ᠵᠠᠩ ᠠᠭᠠᠯᠢ ᠶᠢ ᠠᠭᠤᠳᠠᠯᠤᠨ᠂ ᠬᠦᠳᠡᠭᠡ ᠲᠤᠰᠬᠤᠨ ᠤ ᠲᠡᠦᠬᠡ ᠶᠢᠨ ᠲᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠪᠠ ᠰᠤᠶᠤᠯ ᠤᠨ ᠦᠪ ᠬᠦᠷᠦᠩᠭᠡ ᠶᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠨ᠂ ᠤᠲᠤ ᠦᠶ᠎ᠡ ᠶᠢᠨ ᠪᠤᠯᠪᠠᠰᠤᠨ ᠤ ᠰᠢᠯᠢᠳᠡᠭ ᠦᠷ᠎ᠡ ᠪᠦᠳᠦᠭᠡᠯ ᠢ ᠰᠢᠩᠭᠡᠭᠡᠨ ᠠᠪᠴᠤ ᠬᠠᠮᠠᠭᠠᠯᠠᠨ ᠤᠯᠠᠮᠵᠢᠯᠠᠭᠰᠠᠨ ᠤ ᠰᠠᠭᠤᠷᠢᠨ ᠳᠡᠭᠡᠷ᠎ᠡ ᠪᠦᠲᠦᠭᠡᠯᠴᠢ ᠴᠢᠨᠠᠷ ᠪᠦᠬᠦᠢ ᠬᠤᠪᠢᠷᠠᠨ ᠬᠦᠭᠵᠢᠭᠦᠯᠵᠦ᠂ ᠬᠦᠳᠡᠭᠡ ᠲᠤᠰᠬᠤᠨ ᠪᠠ ᠲᠠᠷᠢᠶᠠᠴᠢᠳ ᠤᠨ ᠤᠶᠤᠨ ᠰᠠᠨᠠᠭᠠᠨ ᠤ ᠲᠦᠷᠰᠦ ᠪᠠᠶᠢᠳᠠᠯ ᠢ ᠳᠡᠭᠡᠭᠰᠢᠯᠡᠭᠦᠯᠦᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠬᠦᠮᠦᠨ ᠰᠤᠶᠤᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ ᠤᠨ ᠤᠬᠢ ᠰᠤᠲᠤᠨ᠂ ᠲᠦᠷᠦᠯ ᠲᠡᠮᠲᠡᠭᠵᠢᠭᠰᠡᠨ ᠬᠦᠭᠵᠢᠯᠲᠡ ᠶᠢ ᠠᠬᠢᠭᠤᠯᠤᠨ᠎ᠠ᠃             ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠨ᠂ ᠠᠭᠤᠰᠤᠯᠴᠠᠭᠤᠯᠤᠨ ᠬᠦᠭᠵᠢᠭᠦᠯᠬᠦ᠃ ᠡᠬᠢ ᠪᠠᠶᠠᠯᠢᠭ ᠢ ᠨᠢᠭᠡᠲᠦᠭᠦᠯᠦᠨ᠂ ᠰᠠᠯᠠᠭ᠎ᠠ ᠮᠦᠴᠢᠷ ᠤᠳ ᠬᠤᠯᠪᠤᠭᠠᠯᠠᠨ ᠬᠦᠳᠡᠯᠦᠯᠴᠡᠵᠦ᠂ ᠨᠢᠭᠡᠳᠦᠯᠲᠠᠢ ᠲᠦᠯᠦᠪᠯᠡᠵᠦ ᠠᠬᠢᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠪᠠ ᠲᠠᠷᠢᠶᠠᠯᠠᠩ᠂ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ ᠪᠡᠶ᠎ᠡ ᠲᠠᠮᠢᠷ᠂ ᠡᠷᠡᠭᠦᠯ ᠮᠡᠨᠲᠦ᠂ ᠨᠠᠰᠤᠵᠢᠯ ᠤᠨ ᠠᠰᠠᠷᠠᠮᠵᠢ᠂ ᠰᠤᠶᠤᠯ ᠤᠨ ᠪᠦᠲᠦᠭᠡᠯᠴᠢ ᠲᠦᠰᠦᠪᠯᠡᠯ᠂ ᠲᠡᠦᠬᠡ ᠶᠢᠨ ᠲᠤᠷᠠᠰᠬᠠᠯᠲᠤ ᠵᠦᠢᠯᠡᠰ ᠢ ᠬᠠᠮᠠᠭᠠᠯᠠᠬᠤ ᠵᠡᠷᠬᠡ ᠬᠦᠷᠢᠶ᠎ᠡ ᠬᠡᠪᠴᠢᠶ᠎ᠡ ᠶᠢᠨ ᠬᠦᠨᠵᠡᠬᠡᠶᠢᠷᠡᠨ ᠠᠭᠤᠰᠤᠯᠴᠠᠬᠤ ᠶᠢ ᠲᠦᠷᠭᠡᠳᠬᠡᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠰᠢᠨ᠎ᠡ ᠦᠢᠯᠡᠳᠬᠦᠨ ᠰᠢᠨ᠎ᠡ ᠠᠵᠢᠯ ᠤᠨ ᠪᠠᠶᠢᠳᠠᠯ ᠰᠢᠨ᠎ᠡ ᠵᠠᠭᠪᠤᠷ ᠢ ᠪᠤᠶᠢᠵᠢᠭᠤᠯᠵᠤ᠂ ᠬᠦᠳᠡᠭᠡ ᠲᠤᠰᠬᠤᠨ ᠤ ᠨᠢᠭᠡ ᠬᠤᠶᠠᠷ ᠭᠤᠷᠪᠠᠲᠤᠭᠠᠷ ᠦᠢᠯᠡᠳᠪᠦᠷᠢ ᠶᠢᠨ ᠠᠭᠤᠰᠤᠯᠳᠤᠨ ᠬᠦᠭᠵᠢᠬᠦ ᠶᠢ ᠠᠬᠢᠭᠤᠯᠬᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠨ ᠤ ᠤᠷᠤᠯᠭ᠎ᠠ ᠨᠡᠮᠡᠭᠳᠡᠬᠦ᠂ ᠬᠦᠳᠡᠭᠡ ᠲᠤᠰᠬᠤᠨ ᠤᠯᠠᠮ ᠭᠤᠶᠤ ᠪᠤᠯᠬᠤ ᠶᠢ ᠪᠡᠶᠡᠯᠡᠭᠦᠯᠦᠨ᠎ᠡ᠃             3. ᠭᠤᠤᠯ ᠬᠠᠷᠠᠯᠲᠠ             2022 ᠤᠨ ᠪᠤᠯᠬᠤ ᠳᠤ᠂ ᠵᠢᠭᠤᠯᠴᠢᠯᠠᠯ ᠤᠨ ᠰᠠᠭᠤᠷᠢ ᠲᠦᠬᠦᠭᠡᠷᠦᠮᠵᠢ ᠪᠠ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠬᠢᠷᠢ ᠬᠡᠮᠵᠢᠶ᠎ᠡ ᠪᠦᠬᠦ ᠲᠠᠯ᠎ᠠ ᠪᠠᠷ ᠳᠡᠭᠡᠭᠰᠢᠯᠡᠵᠦ᠂ ᠲᠠᠷᠢᠶᠠᠴᠢᠳ ᠢ ᠪᠠᠶᠠᠵᠢᠭᠤᠯᠤᠨ᠂ ᠲᠠᠷᠢᠶᠠᠴᠢᠳ ᠲᠤ ᠠᠰᠢᠭ ᠬᠦᠷᠳᠡᠭᠡᠬᠦ ᠦᠢᠯᠡᠲᠦᠯ ᠨᠢ ᠨᠡᠩ ᠲᠤᠪᠤᠶᠢᠮ᠎ᠠ ᠪᠤᠯᠵᠤ᠂ ᠪᠠᠶᠢᠷᠢᠯᠠᠭᠤᠯᠤᠯᠲᠠ ᠵᠤᠬᠢᠰᠲᠠᠢ᠂ ᠲᠦᠷᠦᠯ ᠵᠦᠢᠯ ᠨᠢ ᠤᠯᠠᠨ᠂ ᠦᠢᠯᠡᠳᠦᠯ ᠨᠢ ᠪᠦᠷᠢᠨ ᠲᠡᠭᠦᠯᠳᠡᠷ᠂ ᠦᠪᠡᠷᠮᠢᠴᠠ ᠤᠨᠴᠠᠯᠢᠭ ᠨᠢ ᠲᠤᠪᠤᠶᠢᠮ᠎ᠠ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠪᠦᠲᠦᠴᠡ ᠶᠢ ᠦᠨᠳᠦᠰᠦᠨ ᠳᠤ ᠪᠠᠨ ᠲᠦᠯᠦᠪᠰᠢᠷᠡᠭᠦᠯᠦᠨ᠎ᠡ᠃ ᠬᠤᠶᠠᠷ᠂ ᠲᠦᠯᠦᠪᠵᠢᠭᠦᠯᠦᠨ ᠤᠳᠤᠷᠢᠳᠬᠤ ᠶᠢ ᠴᠢᠩᠭᠠᠳᠬᠠᠨ᠂ ᠤᠷᠤᠨ ᠪᠦᠰᠡ ᠶᠢᠨ ᠪᠠᠶᠢᠷᠢᠯᠠᠭᠤᠯᠤᠯᠳᠠ ᠶᠢ ᠰᠢᠯᠢᠳᠡᠭᠵᠢᠭᠦᠯᠬᠦ             4. ᠬᠦᠳᠡᠭᠡ ᠲᠤᠰᠬᠤᠨ ᠤ ᠵᠢᠭᠤᠯᠴᠢᠯᠠᠯ ᠤᠨ ᠤᠷᠤᠨ ᠪᠦᠰᠡ ᠶᠢᠨ ᠪᠦᠬᠦᠯᠢ ᠴᠤᠭᠴᠠ ᠶᠢᠨ ᠪᠠᠶᠢᠷᠢᠯᠠᠭᠤᠯᠤᠯᠳᠠ ᠶᠢ ᠰᠢᠯᠢᠳᠡᠭᠵᠢᠭᠦᠯᠬᠦ             ᠵᠢᠭᠤᠯᠴᠢᠯᠠᠯ ᠤᠨ ᠦᠢᠯᠡᠳᠭᠦᠨ ᠪᠠ ᠵᠠᠬ᠎ᠠ ᠳᠡᠯᠭᠡᠭᠦᠷ ᠤᠨ ᠬᠠᠷᠢᠴᠠᠩᠭᠤᠢ ᠪᠤᠯᠪᠠᠰᠤᠷᠠᠩᠭᠤᠢ ᠤᠷᠤᠨ ᠪᠦᠰᠡ᠂ ᠵᠠᠮ ᠬᠠᠷᠢᠯᠴᠠᠭ᠎ᠠ ᠶᠢᠨ ᠭᠤᠤᠯ ᠱᠤᠭᠤᠮ ᠪᠠ A ᠳᠡᠰ ᠤᠨ ᠦᠵᠡᠮᠵᠢ ᠶᠢᠨ ᠤᠷᠤᠨ ᠤ ᠡᠷᠬᠢᠨ ᠲᠤᠭᠤᠷᠢᠨ ᠤ ᠬᠦᠳᠡᠭᠡ ᠲᠤᠰᠬᠤᠨ ᠤ ᠵᠢᠭᠤᠯᠴᠢᠯᠠᠯ ᠢ ᠬᠦᠨᠵᠡᠬᠡᠶᠢᠷᠡᠭᠦᠯᠦᠨ ᠬᠦᠭᠵᠢᠭᠦᠯᠬᠦ ᠪᠠ ᠬᠦᠳᠡᠭᠡ ᠲᠤᠰᠬᠤᠨ ᠤ ᠵᠢᠭᠤᠯᠴᠢᠯᠠᠯ ᠤᠨ ᠬᠡᠪᠴᠢᠶᠡᠵᠢᠬᠦ᠂ ᠲᠦᠪᠯᠡᠷᠡᠰᠢᠬᠦ ᠶᠢ ᠠᠬᠢᠭᠤᠯᠤᠨ᠎ᠠ᠃ ᠵᠡᠭᠦᠨ ᠬᠡᠰᠡᠭ ᠤᠨ ᠭᠠᠵᠠᠷ ᠤᠷᠤᠨ ᠤ ᠲᠦᠪ ᠬᠤᠳᠠ ᠶᠢᠨ ᠲᠤᠭᠤᠷᠢᠨ ᠳᠤ ᠦᠢᠯᠡᠴᠢᠯᠡᠬᠦ ᠶᠢ ᠵᠤᠷᠢᠭᠵᠢᠭᠤᠯᠤᠨ᠂ ᠶᠡᠭᠡ ᠬᠤᠳᠠ ᠶᠢᠨ ᠲᠤᠭᠤᠷᠢᠨ ᠳᠤ ᠪᠠᠶᠢᠬᠤ ᠬᠦᠳᠡᠭᠡ ᠲᠤᠰᠬᠤᠨ ᠤ ᠵᠢᠭᠤᠯᠴᠢᠯᠠᠯ ᠤᠨ ᠪᠦᠰᠡ ᠶᠢᠨ ᠪᠦᠲᠦᠭᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠬᠢᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠵᠤᠷᠢᠭᠰᠠᠨ ᠭᠠᠵᠠᠷ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠤᠨ᠎ᠠ᠃ ᠲᠤᠮᠳᠠᠲᠤ ᠪᠠᠷᠠᠭᠤᠨ ᠬᠡᠰᠡᠭ ᠭᠠᠵᠠᠷ ᠤᠷᠤᠨ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠬᠢᠭᠡᠳ ᠰᠢᠨ᠎ᠡ ᠮᠠᠶ᠋ᠢᠭ ᠤᠨ ᠬᠤᠳᠠ ᠪᠠᠯᠭᠠᠰᠤ ᠶᠢ ᠤᠷᠭᠠᠨᠢᠭ ᠢᠶᠠᠷ ᠤᠶᠠᠯᠳᠤᠭᠤᠯᠤᠨ᠂ ᠡᠷᠳᠡᠨ ᠤ ᠪᠠᠯᠭᠠᠰᠤ ᠲᠤᠰᠬᠤᠨ᠂ ᠦᠨᠳᠦᠰᠦᠲᠡᠨ ᠤ ᠤᠨᠴᠠᠯᠢᠭᠲᠦ ᠲᠤᠰᠬᠤᠨ᠂ ᠰᠤᠶᠤᠯ ᠤᠨ ᠲᠤᠰᠬᠤᠨ ᠪᠠᠯᠭᠠᠰᠤ ᠶᠢ ᠵᠤᠬᠢᠰᠲᠠᠢ ᠠᠰᠢᠭᠯᠠᠨ᠂ ︽ᠭᠤᠷᠪᠠᠨ ᠲᠤᠭᠤᠷᠢᠭ ᠭᠤᠷᠪᠠᠨ ᠱᠤᠭᠤᠮ︾᠎ ᠤᠨ ᠶᠠᠳᠠᠭᠤ ᠬᠦᠴᠢᠷᠳᠡᠯ ᠲᠠᠢ ᠭᠠᠵᠠᠷ ᠤᠷᠤᠨ ᠤ ᠵᠢᠭᠤᠯᠴᠢᠯᠠᠯ ᠤᠨ ᠴᠠᠭᠠᠷᠢᠭ ᠢ ᠪᠦᠲᠦᠭᠡᠨ ᠪᠠᠶᠢᠭᠤᠯᠵᠤ᠂ ᠨᠢᠭᠡ ᠬᠡᠰᠡᠭ ᠬᠦᠳᠡᠭᠡ ᠲᠤᠰᠬᠤᠨ ᠤ ᠵᠢᠭᠤᠯᠴᠢᠯᠠᠯ ᠤᠨ ᠰᠢᠯᠢᠳᠡᠭ ᠱᠤᠭᠤᠮ ᠢ ᠪᠤᠶᠢᠵᠢᠭᠤᠯᠤᠨ᠂ ᠵᠡᠭᠦᠨ ᠬᠤᠶᠢᠲᠦ ᠤᠨ ᠭᠠᠵᠠᠷ ᠤᠷᠤᠨ ᠤ ᠲᠠᠷᠢᠶᠠᠯᠠᠩ᠂ ᠤᠢ ᠰᠢᠭᠤᠢ᠂ ᠵᠤᠰᠠᠯᠠᠩ᠂ ᠮᠦᠰᠦ ᠴᠠᠰᠤ ᠵᠡᠷᠭᠡ ᠳᠠᠪᠠᠭᠤᠯᠢᠭ ᠲᠠᠯ᠎ᠠ ᠳᠤ ᠲᠦᠰᠢᠭᠯᠡᠨ᠂ ᠵᠤᠰᠠᠯᠠᠩ ᠤᠨ ᠵᠢᠭᠤᠯᠴᠢᠯᠠᠯ᠂ ᠮᠦᠰᠦ ᠴᠠᠰᠤᠨ ᠤ ᠵᠢᠭᠤᠯᠴᠢᠯᠠᠯ᠂ ᠤᠢ ᠰᠢᠭᠤᠢ ᠶᠢᠨ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ᠂ ᠵᠠᠩ ᠦᠢᠯᠡ ᠶᠢᠨ ᠵᠢᠭᠤᠯᠴᠢᠯᠠᠯ ᠵᠡᠷᠭᠡ ᠶᠢ ᠭᠤᠤᠯᠳᠠᠯᠭ᠎ᠠ ᠲᠠᠢ ᠦᠷᠨᠢᠭᠦᠯᠦᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠬᠢᠯᠢ ᠠᠯᠤᠰᠤᠯᠠᠭᠰᠠᠨ ᠰᠤᠯᠢᠯᠴᠠᠭ᠎ᠠ ᠬᠢᠭᠦ ᠶᠢ ᠰᠦᠪᠡᠭᠴᠢᠯᠡᠨ ᠬᠦᠭᠵᠢᠭᠦᠯᠵᠦ᠂ ᠬᠦᠳᠡᠭᠡ ᠲᠤᠰᠬᠤᠨ ᠤ ᠵᠢᠭᠤᠯᠴᠢᠯᠠᠯ ᠤᠨ ᠰᠢᠨ᠎ᠡ ᠦᠨᠳᠦᠷᠴᠠ ᠶᠢ ᠪᠦᠲᠦᠭᠡᠬᠦ ᠶᠢ ᠵᠤᠷᠢᠭᠵᠢᠭᠤᠯᠤᠨ᠎ᠠ ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠪᠡᠶ᠎ᠡ ᠲᠠᠮᠢᠷ ᠤᠨ ᠶᠡᠷᠦᠩᠬᠡᠢ ᠲᠤᠪᠴᠢᠶ᠎ᠠ᠂ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶             5. ᠬᠦᠳᠡᠭᠡ ᠲᠤᠰᠬᠤᠨ ᠤ ᠵᠢᠭᠤᠯᠴᠢᠯᠠᠯ ᠤᠨ ᠤᠷᠤᠨ ᠤ ᠬᠠᠮᠵᠢᠯᠴᠠᠨ ᠬᠦᠭᠵᠢᠭᠦ ᠶᠢ ᠠᠬᠢᠭᠤᠯᠤᠨ᠎ᠠ             ᠵᠡᠭᠦᠨ᠂ ᠲᠤᠮᠳᠠ ᠪᠠᠷᠠᠭᠤᠨ ᠬᠡᠰᠡᠭ ᠤᠨ ᠵᠢᠭᠤᠯᠴᠢᠯᠠᠯ ᠤᠨ ᠬᠠᠮᠵᠢᠯᠴᠠᠭ᠎ᠠ ᠶᠢ ᠴᠢᠩᠭᠠᠳᠬᠠᠨ᠂ ᠵᠢᠭᠤᠯᠴᠢᠯᠠᠭᠴᠢᠳ ᠪᠠ ᠵᠠᠬ᠎ᠠ ᠳᠡᠯᠭᠡᠭᠦᠷ ᠤᠨ ᠬᠦᠴᠦᠨ ᠵᠦᠢᠯ ᠤᠨ ᠭᠦᠢᠯᠭᠡᠭᠡᠨ ᠢ ᠠᠬᠢᠭᠤᠯᠤᠨ᠂ ᠬᠠᠷᠢᠯᠴᠠᠨ ᠵᠤᠴᠢᠨ ᠲᠤ ᠦᠢᠯᠡᠴᠢᠯᠡᠬᠦ᠂ ᠬᠠᠷᠢᠯᠴᠠᠨ ᠵᠠᠬ᠎ᠠ ᠳᠡᠯᠭᠡᠭᠦᠷ ᠲᠤ ᠦᠢᠯᠡᠴᠢᠯᠡᠬᠦ᠂ ᠬᠠᠮᠲᠤᠷᠠᠨ ᠬᠦᠭᠵᠢᠬᠦ ᠪᠠᠶᠢᠳᠠᠯ ᠢ ᠪᠤᠢ ᠪᠤᠯᠭᠠᠨ᠎ᠠ᠃ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠭᠦᠨ ᠢ ᠬᠤᠳᠠ ᠶᠢᠨ ᠰᠠᠭᠤᠭᠠᠯᠢ ᠠᠷᠠᠳ ᠤᠨ ᠶᠡᠷᠦ ᠶᠢᠨ ᠬᠡᠷᠡᠭᠴᠡᠭᠡ ᠳᠤ ᠨᠡᠶᠢᠴᠡᠭᠦᠯᠬᠦ ᠶᠢ ᠴᠢᠩᠭᠠᠳᠬᠠᠨ᠂ ᠬᠤᠳᠠ ᠬᠦᠳᠡᠭᠡ ᠶᠢᠨ ᠰᠠᠭᠤᠷᠢ ᠲᠦᠭᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠨᠢᠭᠡᠲᠦᠯᠲᠠᠢ ᠲᠦᠯᠦᠪᠯᠡᠨ᠂ ᠬᠤᠳᠠ ᠶᠢᠨ ᠴᠢᠳᠠᠪᠤᠷᠢᠳᠠᠨ᠂ ᠤᠶᠤᠨ ᠤ ᠡᠬᠢ ᠪᠠᠶᠠᠯᠢᠭ ᠤᠨ ᠬᠦᠳᠡᠭᠡ ᠲᠤᠰᠬᠤᠨ ᠤ ᠵᠢᠭᠤᠯᠴᠢᠯᠠᠯ ᠢ ᠳᠡᠮᠵᠢᠭᠦ ᠶᠢ ᠦᠷᠭᠡᠳᠬᠡᠨ᠂ ᠬᠤᠳᠠ ᠬᠦᠳᠡᠭᠡ ᠶᠢᠨ ᠬᠤᠭᠤᠷᠤᠨᠲᠤᠬᠢ ᠬᠦᠮᠦᠰ ᠤᠨ ᠶᠠᠪᠤᠯᠴᠠᠭ᠎ᠠ᠂ ᠰᠤᠷᠠᠭ ᠴᠢᠮᠡᠭᠡᠨ ᠤ ᠨᠡᠪᠲᠡᠷᠡᠯᠴᠡᠭᠡ᠂ ᠬᠦᠷᠦᠩᠭᠡ ᠶᠢᠨ ᠰᠢᠯᠵᠢᠯᠲᠡ ᠶᠢ ᠠᠬᠢᠭᠤᠯᠤᠨ᠂ ᠬᠤᠳᠠ ᠬᠦᠳᠡᠭᠡ ᠶᠢᠨ ᠨᠢᠭᠡ ᠴᠤᠭᠴᠠᠯᠠᠯᠳᠠ ᠶᠢᠨ ᠬᠦᠭᠵᠢᠯᠲᠡ ᠶᠢᠨ ᠠᠬᠢᠴᠠ ᠶᠢ ᠲᠦᠷᠭᠡᠳᠬᠡᠨ᠎ᠡ᠃ ᠵᠢᠭᠤᠯᠴᠢᠯᠠᠯ ᠤᠨ ᠡᠬᠢ ᠪᠠᠶᠠᠯᠢᠭ ᠤᠨ ᠠᠰᠢᠭᠯᠠᠯᠲᠠ ᠶᠢᠨ ᠪᠦᠬᠦᠯᠢ ᠴᠤᠭᠴᠠᠲᠤ ᠴᠢᠨᠠᠷ ᠢ ᠴᠢᠬᠤᠯᠠᠴᠢᠯᠠᠨ᠂ ᠵᠡᠷᠭᠡᠯᠡᠳᠡᠭᠡ ᠭᠠᠵᠠᠷ ᠤᠷᠤᠨ ᠤ ᠪᠠᠨ ᠵᠠᠰᠠᠭ ᠵᠠᠬᠢᠷᠭᠠᠨ ᠤ ᠪᠠᠬᠢᠯᠡᠯᠳᠡ ᠶᠢ ᠳᠠᠪᠠᠨ᠂ ᠲᠦᠯᠦᠪᠵᠢᠭᠦᠯᠭᠡ ᠶᠢ ᠨᠢᠭᠡᠲᠦᠯᠵᠢᠭᠦᠯᠬᠦ᠂ ᠬᠠᠮᠲᠤᠷᠠᠨ ᠬᠦᠭᠵᠢᠬᠦ ᠶᠢ ᠵᠤᠷᠢᠭᠵᠢᠭᠤᠯᠬᠤ᠂ ᠠᠯᠳᠠᠷᠲᠤ ᠦᠵᠡᠮᠵᠢ ᠶᠢᠨ ᠤᠷᠤᠨ᠂ ᠨᠡᠷᠡᠲᠠᠢ ᠲᠡᠦᠬᠡᠲᠦ ᠰᠤᠶᠤᠯ ᠤᠨ ᠬᠤᠳᠠ ᠪᠠᠯᠭᠠᠰᠤ᠂ ᠦᠪᠡᠷᠮᠢᠴᠠ ᠤᠨᠴᠠᠯᠢᠭᠲᠦ ᠵᠢᠭᠤᠯᠴᠢᠯᠠᠯ ᠤᠨ ᠨᠡᠷᠡᠲᠦ ᠪᠠᠯᠭᠠᠰᠣ᠂ ᠤᠯᠠᠮᠵᠢᠯᠠᠯᠲᠤ ᠲᠤᠰᠬᠤᠨ ᠢ ᠲᠦᠰᠢᠭᠯᠡᠨ ᠨᠡᠷᠡᠲᠦ ᠦᠵᠡᠮᠵᠢ᠂ ᠨᠡᠷᠡᠲᠦ ᠬᠤᠳᠠ᠂ ᠨᠡᠷᠡᠲᠦ ᠪᠠᠯᠭᠠᠰᠤ᠂ ᠨᠡᠷᠡᠲᠦ ᠲᠤᠰᠬᠤᠨ ᠵᠡᠷᠭᠡ ︽ᠲᠦᠷᠪᠡᠨ ᠨᠡᠷᠡᠲᠦ ᠶᠢ ᠨᠢᠭᠡ ᠴᠤᠭᠴᠠᠵᠢᠭᠤᠯᠬᠤ︾ ᠠᠷᠭ᠎ᠠ ᠪᠠᠷ ᠪᠦᠬᠦ ᠤᠷᠤᠨ ᠤ ᠵᠢᠭᠤᠯᠴᠢᠯᠠᠯ ᠤᠨ ᠬᠦᠭᠵᠢᠯᠲᠡ ᠶᠢᠨ ᠬᠡᠪ ᠮᠠᠶ᠋ᠢᠭ ᠢ ᠰᠦᠪᠡᠭᠴᠢᠯᠡᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠷᠤᠨ ᠰᠠᠭᠤᠴᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠶᠠᠮᠤᠨ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶             6. ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠲᠦᠯᠦᠪᠵᠢᠭᠦᠯᠦᠯᠬᠡ ᠶᠢ ᠲᠤᠭᠳᠠᠭᠠᠨ᠎ᠠ             ᠡᠯ᠎ᠡ ᠭᠠᠵᠠᠷ ᠤᠷᠤᠨ ᠨᠢ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢ ᠴᠢᠬᠤᠯᠠ ᠠᠭᠤᠯᠭ᠎ᠠ ᠪᠤᠯᠭᠠᠨ ᠠᠵᠤ ᠠᠬᠤᠢ ᠶᠢᠨ ᠨᠡᠶᠢᠭᠡᠮ ᠤᠨ ᠬᠦᠭᠵᠢᠯᠲᠡ ᠶᠢᠨ ᠲᠦᠯᠦᠪᠵᠢᠭᠦᠯᠭᠡ᠂ ᠨᠤᠲᠤᠭ ᠳᠡᠪᠢᠰᠬᠡᠷ ᠤᠨ ᠤᠷᠤᠨ ᠵᠠᠢ ᠶᠢᠨ ᠲᠦᠯᠦᠪᠵᠢᠭᠦᠯᠭᠡ ᠵᠢᠴᠢ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠳᠠ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠵᠡᠷᠭᠡ ᠶᠢᠨ ᠲᠤᠰᠬᠠᠢ ᠵᠦᠢᠯ ᠤᠨ ᠲᠦᠯᠦᠪᠵᠢᠭᠦᠯᠭᠡ ᠳᠤ ᠤᠷᠤᠭᠤᠯᠬᠤ ᠪᠤᠯᠤᠨ᠂ ᠲᠦᠯᠦᠪᠵᠢᠭᠦᠯᠭᠡ ᠳᠤ ᠪᠠᠨ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠱᠠᠭᠠᠷᠳᠠᠯᠭ᠎ᠠ ᠶᠢ ᠭᠦᠢᠴᠡᠳ ᠬᠠᠷᠠᠭᠤᠯᠤᠭᠰᠠᠨ ᠪᠠᠶᠢᠬᠤ ᠬᠡᠷᠡᠭᠲᠠᠢ᠃ ᠨᠦᠬᠦᠴᠡᠯ ᠲᠠᠢ ᠭᠠᠵᠠᠷ ᠤᠷᠤᠨ ᠤ ᠬᠦᠳᠡᠭᠡ ᠲᠤᠰᠬᠤᠨ ᠤ ᠵᠢᠭᠤᠯᠴᠢᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠪᠠ ᠬᠦᠭᠵᠢᠯᠲᠡ ᠶᠢᠨ ᠪᠠᠶᠢᠳᠠᠯ ᠤᠨ ᠪᠠᠶᠢᠴᠠᠭᠠᠯᠲᠠ ᠶᠢ ᠵᠤᠬᠢᠶᠠᠨ ᠪᠠᠶᠢᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠲᠦᠯᠦᠪᠵᠢᠭᠦᠯᠭᠡ ᠶᠢ ᠨᠠᠶᠢᠳᠠᠪᠦᠷᠢᠵᠢᠭᠤᠯᠤᠨ᠂ ᠵᠠᠰᠠᠭ ᠵᠠᠬᠢᠷᠭᠠᠨ ᠤ ᠭᠠᠵᠠᠷ ᠤᠷᠤᠨ ᠤ ᠬᠢᠵᠠᠭᠠᠷᠯᠠᠯ ᠢ ᠰᠢᠪᠲᠤᠯᠬᠤ ᠶᠢ ᠵᠤᠷᠢᠭᠵᠢᠭᠤᠯᠤᠨ᠂ ᠵᠢᠭᠤᠯᠴᠢᠯᠠᠯ ᠤᠨ ᠡᠬᠢ ᠪᠠᠶᠠᠯᠢᠭ ᠤᠨ ᠤᠷᠤᠨ ᠪᠦᠰᠡ ᠠᠯᠤᠰᠯᠠᠨ ᠨᠢᠭᠡᠳᠬᠦ᠂ ᠤᠷᠤᠨ ᠪᠦᠰᠡ ᠶᠢᠨ ᠴᠢᠨᠠᠷ ᠲᠠᠢ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠳᠠᠭᠠᠬᠤ ᠶᠢ ᠳᠡᠮᠵᠢᠨ᠎ᠡ᠃ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠲᠦᠯᠦᠪᠵᠢᠭᠦᠯᠭᠡ ᠨᠢ ᠲᠤᠬᠠᠢ ᠶᠢᠨ ᠭᠠᠵᠠᠷ ᠤᠨ ᠪᠤᠳᠠᠲᠤ ᠪᠠᠶᠢᠳᠠᠯ ᠲᠠᠢ ᠪᠠᠨ ᠨᠡᠶᠢᠴᠡᠬᠦ᠂ ᠤᠷᠤᠨ ᠨᠤᠲᠤᠭ ᠤᠨ ᠵᠠᠩᠰᠢᠯ᠂ ᠬᠡᠪ ᠨᠠᠮᠪᠠ ᠬᠢᠭᠡᠳ ᠰᠤᠶᠤᠯ ᠤᠨ ᠤᠯᠠᠮᠵᠢᠯᠠᠯ ᠢ ᠡᠷᠴᠢᠮᠵᠢᠭᠦᠯᠦᠨ᠂ ᠲᠤᠰᠬᠤᠨ ᠤ ᠠᠷᠠᠳ ᠤᠨ ᠬᠦᠭᠵᠢᠬᠦ ᠶᠢᠨ ᠡᠷᠡᠮᠡᠯᠵᠡᠯ ᠢ ᠬᠦᠨᠲᠦᠳᠬᠡᠨ᠂ ᠨᠤᠲᠤᠭ ᠲᠡᠪᠢᠰᠬᠡᠷ ᠤᠷᠤᠨ ᠵᠠᠢ ᠶᠢᠨ ᠲᠦᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠦᠷᠢᠵᠢᠭᠤᠯᠤᠨ᠂ ᠲᠤᠬᠠᠢ ᠶᠢᠨ ᠭᠠᠵᠠᠷ ᠲᠤ ᠨᠢ ᠬᠡᠷᠡᠭᠵᠢᠭᠦᠯᠬᠦ ᠶᠢ ᠴᠢᠬᠤᠯᠠᠴᠢᠯᠠᠨ᠎ᠠ᠃ ᠲᠠᠷᠢᠶᠠᠨ ᠭᠠᠵᠠᠷ ᠢ ᠴᠢᠩᠭ᠎ᠠ ᠬᠠᠮᠠᠭᠠᠯᠠᠨ᠂ ᠲᠤᠭᠳᠠᠮᠠᠯ ᠰᠠᠭᠤᠷᠢ ᠲᠠᠷᠢᠶ᠎ᠠ ᠶᠢᠨ ᠡᠵᠡᠮᠰᠢᠯ ᠱᠤᠭᠤᠮ ᠢ ᠬᠡᠷᠡᠭᠵᠢᠭᠦᠯᠬᠦ ᠶᠢᠨ ᠬᠠᠮᠲᠤ ᠲᠤᠰᠬᠠᠢ ᠬᠠᠮᠠᠭᠠᠯᠠᠯᠲᠠ ᠶᠠᠪᠤᠭᠤᠯᠤᠨ᠎ᠠ᠃ ᠲᠤᠰᠬᠠᠢ ᠨᠠᠶᠢᠷᠠᠭᠤᠯᠤᠨ ᠵᠤᠬᠢᠶᠠᠭᠰᠠᠨ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠲᠦᠯᠦᠪᠵᠢᠭᠦᠯᠭᠡ ᠨᠢ ᠪᠠᠯᠭᠠᠰᠤ ᠶᠢᠨ ᠲᠦᠯᠦᠪᠵᠢᠭᠦᠯᠭᠡ᠂ ᠰᠢᠶᠠᠨ ᠤ ᠲᠦᠯᠦᠪᠵᠢᠭᠦᠯᠭᠡ ᠪᠠ ᠲᠤᠰᠬᠤᠨ ᠤ ᠲᠦᠯᠦᠪᠵᠢᠭᠦᠯᠭᠡ ᠶᠢᠨ ᠬᠤᠯᠪᠤᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠠᠢ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ ᠠᠮᠢ ᠠᠬᠤᠢ ᠤᠷᠴᠢᠨ ᠲᠤᠭᠤᠷᠢᠨ ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠷᠤᠨ ᠰᠠᠭᠤᠴᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠶᠠᠮᠤᠨ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠲᠡᠦᠬᠡ ᠶᠢᠨ ᠲᠤᠷᠠᠰᠬᠠᠯᠲᠤ ᠵᠦᠢᠯ ᠤᠨ ᠲᠤᠪᠴᠢᠶ᠎ᠠ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶       ᠭᠤᠷᠪᠠ᠂ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠦᠨ᠂ ᠨᠡᠶᠢᠲᠡ ᠶᠢᠨ ᠦᠢᠯᠡᠴᠢᠯᠡᠭᠡ ᠶᠢ ᠳᠡᠭᠡᠭᠰᠢᠯᠡᠭᠦᠯᠦᠨ᠎ᠡ             7. ᠬᠦᠳᠡᠭᠡ ᠲᠤᠰᠬᠤᠨ ᠤ ᠵᠢᠭᠤᠯᠴᠢᠯᠠᠯ ᠤᠨ ᠰᠠᠭᠤᠷᠢ ᠲᠦᠭᠦᠭᠡᠷᠦᠮᠵᠢ ᠶᠢ ᠰᠠᠶᠢᠵᠢᠷᠠᠭᠤᠯᠬᠤ             ᠦᠵᠡᠰᠭᠦᠯᠡᠩᠲᠦ ᠰᠠᠶᠢᠬᠠᠨ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ᠂ ᠰᠢᠨ᠎ᠡ ᠮᠠᠶ᠋ᠢᠭ ᠤᠨ ᠬᠤᠳᠠᠴᠢᠯᠠᠯᠳᠠ ᠶᠢᠨ ᠪᠦᠲᠦᠭᠡᠨ ᠪᠠᠶᠢᠭᠤᠯᠤᠯᠲᠠ᠂ ᠠᠷᠠᠳ ᠢ ᠰᠢᠯᠵᠢᠭᠦᠯᠦᠨ ᠨᠡᠭᠦᠯᠬᠡᠬᠦ ᠵᠡᠷᠭᠡ ᠠᠵᠢᠯ ᠢ ᠤᠶᠠᠯᠳᠤᠭᠤᠯᠤᠨ ᠬᠦᠳᠡᠭᠡ ᠲᠤᠰᠬᠤᠨ ᠤ ᠨᠤᠭᠤᠭᠠᠷᠠᠭᠤᠯᠲᠠ᠂ ᠭᠤᠶᠤᠵᠢᠭᠤᠯᠤᠯᠲᠠ ᠶᠢ ᠪᠡᠶᠡᠯᠡᠭᠦᠯᠵᠦ᠂ ᠬᠦᠳᠡᠭᠡ ᠲᠤᠰᠬᠤᠨ ᠤ ᠦᠵᠡᠮᠵᠢ᠂ ᠬᠦᠳᠡᠭᠡ ᠲᠤᠰᠬᠤᠨ ᠤ ᠵᠢᠭᠤᠯᠴᠢᠯᠠᠯ ᠤᠨ ᠤᠷᠴᠢᠨ ᠲᠤᠭᠤᠷᠢᠨ ᠢ ᠰᠠᠶᠢᠵᠢᠷᠠᠭᠤᠯᠤᠨ᠎ᠠ᠃ ᠵᠠᠮ ᠬᠠᠷᠢᠯᠴᠠᠭ᠎ᠠ ᠶᠢᠨ ᠭᠤᠤᠯ ᠱᠤᠭᠤᠮ᠂ ᠵᠢᠭᠤᠯᠴᠢᠯᠠᠯ ᠤᠨ ᠭᠤᠤᠯ ᠦᠵᠡᠮᠵᠢ ᠶᠢᠨ ᠤᠷᠤᠨ ᠠᠴᠠ ᠬᠦᠳᠡᠭᠡ ᠲᠤᠰᠬᠤᠨ ᠤ ᠵᠢᠭᠤᠯᠴᠢᠯᠠᠯ ᠤᠨ ᠭᠠᠵᠠᠷ ᠬᠦᠷᠲᠡᠯᠡᠬᠢ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠳᠠ ᠶᠢ ᠲᠦᠷᠭᠡᠳᠬᠡᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠤᠷᠤᠵᠤ ᠪᠤᠯᠬᠤᠶᠢᠴᠠ ᠴᠢᠨᠠᠷ ᠢ ᠳᠡᠭᠡᠭᠰᠢᠯᠡᠭᠦᠯᠦᠨ᠂ ᠨᠦᠬᠦᠴᠡᠯ ᠲᠠᠢ ᠵᠢᠭᠤᠯᠴᠢᠯᠠᠯ ᠤᠨ ᠬᠤᠳᠠ ᠪᠠ ᠵᠢᠭᠤᠯᠴᠢᠯᠠᠭᠴᠢᠳ ᠤᠨ ᠲᠦᠪᠯᠡᠷᠡᠭᠰᠡᠨ ᠬᠦᠳᠡᠭᠡ ᠲᠤᠰᠬᠤᠨ ᠤ ᠵᠢᠭᠤᠯᠴᠢᠯᠠᠯ ᠤᠨ ᠭᠠᠵᠠᠷ ᠤᠷᠤᠨ ᠤ ᠬᠤᠭᠤᠷᠤᠨᠲᠦ ᠪᠠᠨ ᠬᠦᠳᠡᠭᠡ ᠲᠤᠰᠬᠤᠨ ᠤ ᠵᠢᠭᠤᠯᠴᠢᠯᠠᠯ ᠤᠨ ᠨᠡᠶᠢᠲᠡ ᠶᠢᠨ ᠮᠠᠰᠢᠨ ᠲᠡᠷᠭᠡ᠂ ᠬᠦᠳᠡᠭᠡ ᠲᠤᠰᠬᠤᠨ ᠤ ᠵᠢᠭᠤᠯᠴᠢᠯᠠᠯ ᠤᠨ ᠰᠢᠭᠤᠳ ᠨᠡᠪᠲᠡᠷᠡᠬᠦ ᠲᠡᠷᠭᠡ ᠵᠡᠷᠭᠡ ᠶᠢ ᠨᠡᠪᠲᠡᠷᠡᠭᠦᠯᠬᠦ ᠶᠢ ᠵᠤᠷᠢᠭᠵᠢᠭᠤᠯᠤᠨ ᠬᠤᠳᠠ ᠶᠢᠨ ᠰᠠᠭᠤᠭᠠᠯᠢ ᠠᠷᠠᠳ ᠪᠠ ᠵᠢᠭᠤᠯᠴᠢᠯᠠᠭᠴᠢᠳ ᠤᠨ ᠬᠦᠳᠡᠭᠡ ᠲᠤᠰᠬᠤᠨ ᠳᠤ ᠵᠢᠭᠤᠯᠴᠢᠯᠠᠬᠤ ᠳᠤ ᠲᠦᠭᠦᠮ ᠦᠵᠡᠭᠦᠯᠦᠨ᠎ᠡ᠃ ᠬᠦᠳᠡᠭᠡ ᠲᠤᠰᠬᠤᠨ ᠤ ᠵᠠᠰᠠᠮᠠᠯ ᠵᠠᠮ ᠤᠨ ᠰᠦᠯᠵᠢᠶ᠎ᠡ ᠶᠢᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠦᠨ᠂ ᠰᠢᠶᠠᠩ ᠪᠠᠯᠭᠠᠰᠤ᠂ ᠪᠠᠶᠢᠭᠤᠯᠤᠮᠵᠢ ᠶᠢᠨ ᠲᠦᠷᠢᠮᠲᠦ ᠲᠤᠰᠬᠤᠨ ᠤ ᠬᠠᠳᠠᠭᠤᠷᠠᠭᠤᠯᠤᠭᠰᠠᠨ ᠵᠠᠮ ᠤᠨ ︽ᠨᠡᠪᠲᠡᠷᠡᠵᠦ ᠪᠠᠶᠢᠳᠠᠯ᠎ᠠ ᠰᠠᠭᠠᠳ ᠲᠤ ᠤᠴᠠᠷᠠᠬᠤ︾ ᠪᠠᠶᠢᠳᠠᠯ ᠢ ᠰᠡᠯᠪᠢᠨ ᠵᠠᠰᠠᠬᠤ ᠶᠢ ᠲᠦᠷᠭᠡᠳᠬᠡᠨ᠂ ᠬᠦᠳᠡᠭᠡ ᠲᠤᠰᠬᠤᠨ ᠤ ᠵᠠᠰᠠᠮᠠᠯ ᠵᠠᠮ ᠤᠨ ᠳᠡᠰ ᠤᠨ ᠪᠠᠷᠢᠮᠵᠢᠶ᠎ᠠ ᠶᠢ ᠲᠡᠭᠡᠭᠰᠢᠯᠡᠭᠦᠯᠦᠨ᠂ ᠭᠠᠵᠠᠷ ᠤᠷᠤᠨ ᠤ ᠪᠠᠶᠢᠳᠠᠯ ᠳᠤ ᠪᠠᠨ ᠲᠤᠬᠢᠷᠠᠭᠤᠯᠤᠨ ᠵᠢᠭᠤᠯᠴᠢᠯᠠᠯ ᠤᠨ ᠶᠠᠪᠠᠭᠠᠨ ᠵᠠᠮ᠂ ᠲᠤᠭᠤᠢ ᠲᠡᠷᠭᠡ ᠶᠢᠨ ᠵᠠᠮ ᠵᠡᠷᠭᠡ ᠤᠳᠠᠭᠠᠨ ᠶᠠᠪᠤᠬᠤ ᠰᠢᠰᠲ᠋ᠧᠮ ᠢ ᠬᠦᠭᠵᠢᠭᠦᠯᠬᠦ ᠶᠢ ᠵᠤᠷᠢᠭᠵᠢᠭᠤᠯᠤᠨ᠎ᠠ᠃ ᠬᠤᠪᠢ ᠶᠢᠨ ᠲᠡᠷᠭᠡ᠂ ᠭᠡᠷᠲᠦ ᠲᠡᠷᠭᠡ ᠶᠢᠨ ᠪᠠᠭᠤᠴᠠ᠂ ᠵᠠᠮ ᠬᠠᠷᠢᠯᠴᠠᠭ᠎ᠠ ᠶᠢᠨ ᠦᠷᠲᠡᠭᠡ ᠶᠢᠨ ᠪᠦᠲᠦᠭᠡᠨ ᠪᠠᠶᠢᠭᠤᠯᠤᠯᠳᠠ ᠶᠢ ᠤᠨᠴᠠᠯᠢᠭᠲᠦ ᠲᠤᠰᠬᠤᠨ ᠪᠠᠯᠭᠠᠰᠤ᠂ ᠦᠵᠡᠮᠵᠢ ᠶᠢᠨ ᠬᠤᠩᠬᠢᠯ ᠵᠡᠷᠭᠡ ᠴᠢᠬᠤᠯᠠ ᠴᠡᠭ ᠲᠡᠶᠢᠰᠢ ᠰᠤᠨᠵᠢᠷᠠᠭᠤᠯᠤᠨ ᠪᠠᠶᠢᠭᠤᠯᠬᠤ ᠶᠢ ᠤᠳᠤᠷᠢᠳᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠦᠪᠡᠷᠲᠡᠭᠡᠨ ᠮᠠᠰᠢᠨ ᠵᠢᠯᠤᠭᠤᠳᠤᠨ ᠵᠢᠭᠤᠯᠴᠢᠯᠠᠬᠤ ᠰᠢᠯᠢᠳᠡᠭ ᠱᠤᠭᠤᠮ ᠢ ᠲᠤᠭᠳᠠᠮᠠᠯ ᠬᠤᠭᠤᠴᠠᠭ᠎ᠠ ᠲᠠᠢ ᠨᠡᠶᠢᠳᠡᠯᠡᠨ᠎ᠡ᠃ ᠬᠦᠳᠡᠭᠡ ᠲᠤᠰᠬᠤᠨ ᠤ ᠵᠢᠭᠤᠯᠴᠢᠯᠠᠯ ᠤᠨ ᠤᠰᠤ ᠴᠠᠬᠢᠯᠭᠠᠨ ᠤ ᠬᠠᠩᠭᠠᠯᠲᠠ᠂ ᠬᠤᠭ ᠨᠤᠪᠰᠢ ᠪᠤᠵᠠᠷ ᠤᠰᠤ ᠶᠢ ᠰᠢᠢᠳᠪᠦᠷᠢᠯᠡᠬᠦ ᠵᠢᠴᠢ ᠲᠡᠷᠭᠡ ᠵᠤᠭᠰᠤᠬᠤ᠂ ᠤᠷᠴᠢᠨ ᠲᠤᠭᠤᠷᠢᠨ ᠤ ᠠᠷᠢᠭᠤᠨ ᠴᠡᠪᠡᠷ᠂ ᠮᠡᠳᠡᠭᠡ ᠬᠤᠯᠪᠤᠭ᠎ᠠ ᠵᠡᠷᠭᠡ ᠪᠦᠷᠢᠨ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ ᠪᠠᠲᠤᠯᠠᠭᠠᠲᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠯᠲᠡ ᠦᠭᠡᠷᠡᠴᠢᠯᠡᠯᠳᠡ ᠶᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠵᠠᠮ ᠬᠠᠷᠢᠯᠴᠠᠭ᠎ᠠ ᠵᠦᠭᠡᠭᠡᠪᠦᠷᠢ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶             8. ᠬᠦᠳᠡᠭᠡ ᠲᠤᠰᠬᠤᠨ ᠤ ᠵᠢᠭᠤᠯᠴᠢᠯᠠᠯ ᠤᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ             ︽ᠵᠤᠷᠯᠤᠩ ᠤᠨ ᠬᠤᠪᠢᠰᠬᠠᠯ︾᠎ ᠤᠨ ᠰᠢᠨ᠎ᠡ ᠭᠤᠷᠪᠠᠨ ᠵᠢᠯ ᠤᠨ ᠲᠦᠯᠦᠪᠯᠡᠭᠡ ᠶᠢ ᠬᠡᠷᠡᠭᠵᠢᠭᠦᠯᠦᠨ᠂ ᠵᠤᠷᠯᠤᠩ ᠤᠨ ᠲᠡᠷᠢᠭᠦᠨ ᠤ ᠮᠡᠷᠭᠡᠵᠢᠯ ᠢ ᠤᠷᠤᠭᠤᠯᠤᠨ ᠲᠡᠯᠭᠡᠷᠡᠭᠦᠯᠦᠨ᠎ᠡ᠃ ᠬᠦᠳᠡᠭᠡ ᠲᠤᠰᠬᠤᠨ ᠤ ᠪᠤᠲᠠᠲᠤ ᠪᠠᠶᠢᠳᠠᠯ ᠲᠠᠢ ᠤᠶᠠᠯᠳᠤᠭᠤᠯᠤᠨ᠂ ᠭᠠᠵᠠᠷ ᠤᠷᠤᠨ ᠤ ᠪᠠᠶᠢᠳᠠᠯ ᠳᠤ ᠪᠠᠨ ᠲᠤᠬᠢᠷᠠᠭᠤᠯᠤᠨ ᠵᠤᠷᠯᠤᠩ ᠢ ᠪᠦᠲᠦᠭᠡᠨ ᠪᠠᠶᠢᠭᠤᠯᠬᠤ᠂ ᠦᠭᠡᠷᠡᠴᠢᠯᠡᠬᠦ ᠪᠠ ᠲᠦᠯᠦᠪᠯᠡᠭᠡ ᠬᠢᠵᠦ᠂ ᠡᠷᠬᠢᠨ ᠲᠤᠭᠤᠷᠢᠨ᠂ ᠤᠷᠴᠢᠨ ᠲᠤᠭᠤᠷᠢᠨ ᠤ ᠪᠦᠬᠦᠯᠢ ᠴᠤᠭᠴᠠᠲᠤ ᠪᠠᠶᠢᠷᠢᠯᠠᠭᠤᠯᠤᠯᠳᠠ ᠯᠤᠭ᠎ᠠ ᠵᠤᠬᠢᠴᠠᠬᠤ ᠶᠢ ᠴᠢᠬᠤᠯᠠᠴᠢᠯᠠᠨ᠂ ᠴᠢᠳᠠᠬᠤ ᠶᠢᠨ ᠬᠢᠷᠢ ᠳᠤ ᠤᠷᠤᠨ ᠭᠠᠵᠠᠷ ᠤᠨ ᠰᠤᠶᠤᠯ ᠤᠨ ᠤᠨᠴᠠᠯᠢᠭ ᠢᠶᠠᠨ ᠲᠤᠳᠤᠳᠬᠠᠨ᠂ ᠢᠮᠠᠭᠳᠠ ᠢᠵᠢ ᠪᠦᠷᠢᠯᠳᠦᠭᠦᠯᠬᠦ ᠲᠦᠭᠦᠭᠡᠷᠦᠮᠵᠢ ᠶᠢᠨ ᠠᠷᠢᠭᠤᠨ ᠴᠡᠪᠡᠷ᠂ ᠬᠡᠷᠡᠭᠯᠡᠭᠡᠨ ᠤ ᠴᠢᠨᠠᠷ ᠲᠠᠢ ᠶᠢ ᠪᠠᠷᠢᠮᠲᠠᠯᠠᠨ᠂ ᠬᠡᠯᠪᠡᠷᠢᠴᠢ ᠦᠵᠡᠯ᠂ ᠪᠦᠷᠢᠯᠭᠡᠮᠡᠳᠡᠭᠡᠢ ᠰᠤᠷᠳᠠᠯ ᠢ ᠡᠰᠡᠷᠭᠦᠴᠡᠬᠦ ᠶᠢᠨ ᠬᠠᠮᠲᠤ ᠵᠤᠷᠯᠤᠩ ᠤᠨ ᠬᠤᠪᠢᠰᠬᠠᠯ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠬᠤ ᠠᠵᠢᠯᠯᠠᠭ᠎ᠠ ᠶᠢ ᠢᠳᠡᠪᠬᠢᠲᠠᠢ ᠵᠤᠬᠢᠶᠠᠨ ᠪᠠᠶᠢᠭᠤᠯᠵᠤ ᠦᠷᠨᠢᠭᠦᠯᠦᠨ᠂ ᠵᠢᠭᠤᠯᠴᠢᠯᠠᠭᠴᠢᠳ᠂ ᠤᠯᠠᠨ ᠲᠦᠮᠡᠨ ᠤ ᠵᠤᠷᠯᠤᠩ ᠢ ᠪᠤᠯᠪᠠᠰᠤᠨ ᠠᠰᠢᠭᠯᠠᠬᠤ ᠬᠦᠮᠦᠵᠢᠯ ᠢ ᠶᠠᠪᠤᠭᠳᠠᠭᠤᠯᠤᠨ᠎ᠠ᠃ ᠬᠦᠳᠡᠭᠡ ᠲᠤᠰᠬᠤᠨ ᠤ ᠵᠢᠭᠤᠯᠴᠢᠯᠠᠯ ᠤᠨ ᠯᠠᠪᠯᠠᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠂ ᠨᠦᠬᠦᠴᠡᠯ ᠲᠠᠢ᠂ ᠵᠢᠭᠤᠯᠴᠢᠯᠠᠭᠴᠢ ᠤᠯᠠᠨ ᠬᠦᠳᠡᠭᠡ ᠲᠤᠰᠬᠤᠨ ᠤ ᠵᠢᠭᠤᠯᠴᠢᠯᠠᠯ ᠤᠨ ᠤᠷᠤᠨ ᠳᠤ ᠵᠢᠭᠤᠯᠴᠢᠯᠠᠭᠴᠢ ᠶᠢᠨ ᠯᠠᠪᠯᠠᠬᠤ ᠦᠢᠯᠡᠴᠢᠯᠡᠭᠡᠨ ᠤ ᠲᠦᠪ ᠢ ᠪᠦᠲᠦᠭᠡᠨ ᠪᠠᠶᠢᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ ᠤᠨ ᠳᠡᠮᠳᠡᠭ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠲᠠᠶᠢᠯᠪᠦᠷᠢᠯᠠᠬᠤ᠂ ᠰᠤᠷᠠᠭ ᠴᠢᠮᠡᠭᠡ ᠯᠠᠪᠯᠠᠬᠤ᠂ ᠠᠮᠤᠷ ᠲᠦᠪᠰᠢᠨ ᠤ ᠠᠪᠤᠷᠠᠯᠲᠠ ᠵᠡᠷᠭᠡ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠢᠳᠡᠵᠦ ᠤᠤᠭᠤᠬᠤ᠂ ᠬᠤᠨᠤᠵᠤ ᠬᠡᠪᠲᠡᠭᠦ᠂ ᠰᠡᠯᠡᠭᠦᠴᠡᠯ ᠵᠤᠭ᠎ᠠ ᠴᠡᠩᠭᠡᠯ᠂ ᠭᠡᠷ ᠤᠨ ᠭᠠᠳᠠᠨᠠᠬᠢ ᠬᠦᠳᠡᠯᠭᠡᠭᠡᠨ᠂ ᠲᠠᠸᠠᠷ ᠤᠨ ᠬᠤᠳᠠᠯᠳᠤᠭ᠎ᠠ᠂ ᠰᠤᠶᠤᠯ ᠤᠨ ᠦᠵᠡᠭᠦᠯᠦᠯᠭᠡ᠂ ᠠᠷᠠᠳ ᠤᠨ ᠵᠠᠩ ᠵᠠᠩᠰᠢᠯ ᠢ ᠤᠶᠢᠯᠠᠭᠠᠬᠤ ᠵᠡᠷᠭᠡ ᠪᠦᠷᠢᠨ ᠲᠦᠭᠦᠷ ᠦᠢᠯᠡᠴᠢᠯᠡᠭᠡ ᠶᠢ ᠲᠡᠭᠦᠯᠳᠡᠷᠵᠢᠭᠦᠯᠦᠨ᠂ ᠬᠦᠳᠡᠭᠡ ᠲᠤᠰᠬᠤᠨ ᠤ ᠵᠢᠭᠤᠯᠴᠢᠯᠠᠯ ᠳᠤ ᠤᠯᠠᠮ ᠨᠢᠭᠡ ᠠᠯᠬᠤᠮ ᠲᠦᠭᠦᠮ ᠦᠵᠡᠭᠦᠯᠦᠨ᠎ᠡ᠃ ᠬᠦᠳᠡᠭᠡ ᠲᠤᠰᠬᠤᠨ ᠤ ᠵᠢᠭᠤᠯᠴᠢᠯᠠᠯ ᠤᠨ ᠰᠤᠷᠠᠭ ᠴᠢᠮᠡᠭᠡ ᠶᠢᠨ ᠲᠠᠪᠴᠠᠩ ᠢ ᠪᠦᠲᠦᠭᠡᠨ ᠪᠠᠶᠢᠭᠤᠯᠬᠤ ᠶᠢ ᠲᠦᠷᠭᠡᠳᠬᠡᠨ᠂ ᠰᠦᠯᠵᠢᠶ᠎ᠡ ᠪᠠᠷ ᠳᠠᠮᠵᠢᠨ ᠤᠷᠢᠳᠴᠢᠯᠠᠵᠤ ᠵᠠᠬᠢᠶᠠᠯᠠᠬᠤ᠂ ᠮᠦᠩᠬᠦ ᠲᠤᠰᠢᠶᠠᠬᠤ᠂ ᠬᠠᠷᠢᠯᠴᠠᠬᠤ ᠵᠡᠷᠭᠡ ᠦᠢᠯᠡᠳᠦᠯ ᠢ ᠪᠦᠷᠢᠨ ᠲᠡᠭᠦᠰ ᠪᠤᠯᠭᠠᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠤᠶᠤᠨᠴᠢᠯᠠᠬᠤ ᠶᠢ ᠠᠬᠢᠭᠤᠯᠤᠨ᠎ᠠ ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠡᠷᠡᠭᠦᠯ ᠬᠠᠮᠠᠭᠠᠯᠠᠯ ᠡᠷᠡᠭᠦᠯ ᠮᠡᠨᠲᠦ ᠶᠢᠨ ᠵᠦᠪᠯᠡᠯ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶             ᠲᠦᠷᠪᠡ᠂ ᠰᠤᠶᠤᠯ ᠤᠨ ᠠᠭᠤᠯᠤᠭᠳᠠᠬᠤᠨ ᠢᠶᠠᠨ ᠪᠠᠶᠠᠯᠢᠭᠵᠢᠭᠤᠯᠤᠨ᠂ ᠦᠢᠯᠡᠳᠭᠦᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ             9. ᠬᠦᠳᠡᠭᠡ ᠲᠤᠰᠬᠤᠨ ᠤ ᠵᠢᠭᠤᠯᠴᠢᠯᠠᠯ ᠤᠨ ᠰᠤᠶᠤᠯ ᠤᠨ ᠤᠨᠴᠠᠯᠢᠭ ᠢ ᠲᠤᠪᠤᠶᠢᠯᠭᠠᠨ᠎ᠠ             ᠬᠠᠮᠠᠭᠠᠯᠠᠭᠰᠠᠨ ᠰᠠᠭᠤᠷᠢᠨ ᠲᠡᠭᠡᠷ᠎ᠡ᠂ ᠲᠡᠦᠬᠡ ᠶᠢᠨ ᠲᠤᠷᠠᠰᠬᠠᠯᠲᠤ ᠵᠦᠢᠯ ᠤᠨ ᠡᠷᠲᠡᠨ ᠤ ᠦᠯᠡᠳᠡᠭᠳᠡᠯ᠂ ᠤᠯᠠᠮᠵᠢᠯᠠᠯᠲᠦ ᠲᠤᠰᠬᠤᠨ᠂ ᠦᠨᠳᠦᠰᠦᠲᠡᠨ ᠤ ᠤᠨᠴᠠᠯᠢᠭᠲᠦ ᠲᠤᠰᠬᠤᠨ᠂ ᠤᠯᠠᠮᠵᠢᠯᠠᠯᠲᠦ ᠪᠠᠷᠢᠯᠭ᠎ᠠ᠂ ᠲᠠᠷᠢᠶᠠᠯᠠᠩ ᠤᠨ ᠦᠯᠡᠳᠡᠭᠳᠡᠯ ᠤᠯᠠ ᠮᠦᠷ᠂ ᠤᠰᠤᠯᠠᠯᠲᠠ ᠶᠢᠨ ᠢᠨᠵᠧᠨᠧᠷ ᠤᠨ ᠦᠪ ᠬᠦᠷᠦᠩᠬᠡ᠂ ᠲᠠᠷᠢᠶᠠᠯᠠᠩ ᠤᠨ ᠰᠤᠶᠤᠯ ᠤᠨ ᠦᠪ ᠬᠦᠷᠦᠩᠬᠡ᠂ ᠪᠤᠳᠠᠰ ᠤᠨ ᠪᠤᠰᠤ ᠰᠤᠶᠤᠯ ᠤᠨ ᠦᠪ ᠬᠦᠷᠦᠩᠬᠡ ᠵᠡᠷᠭᠡ ᠶᠢ ᠪᠦᠲᠦᠮᠵᠢᠲᠠᠢ ᠠᠰᠢᠭᠯᠠᠨ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠬᠦᠨ ᠢ ᠨᠡᠬᠡᠭᠡᠬᠦ ᠳᠤ ᠠᠭᠤᠰᠤᠭᠤᠯᠤᠨ᠎ᠠ᠃ ᠲᠡᠦᠬᠡ ᠶᠢᠨ ᠲᠤᠷᠠᠰᠬᠠᠯᠲᠤ ᠵᠦᠢᠯᠡᠰ ᠤᠨ ᠡᠬᠢ ᠪᠠᠶᠠᠯᠢᠭ ᠪᠠ ᠬᠦᠳᠡᠭᠡ ᠲᠤᠰᠬᠤᠨ ᠤ ᠵᠢᠭᠤᠯᠴᠢᠯᠠᠯ ᠤᠨ ᠬᠠᠮᠲᠤᠷᠠᠨ ᠬᠦᠭᠵᠢᠬᠦ ᠶᠢ ᠠᠬᠢᠭᠤᠯᠤᠨ᠂ ᠲᠡᠦᠬᠡ ᠶᠢᠨ ᠲᠤᠷᠠᠰᠬᠠᠯᠲᠤ ᠵᠦᠢᠯᠡᠰ ᠢ ᠬᠠᠮᠠᠭᠠᠯᠠᠬᠤ ᠬᠦᠷᠢᠶ᠎ᠡ ᠬᠡᠪᠴᠢᠶᠡᠨ ᠳᠤ ᠭᠠᠵᠠᠷ ᠤᠷᠤᠨ ᠳᠤ ᠨᠢ ᠲᠤᠬᠢᠷᠠᠭᠰᠠᠨ ᠦᠢᠯᠡᠴᠢᠯᠡᠭᠡᠨ ᠤ ᠦᠢᠯᠡᠰ ᠪᠠ ᠰᠡᠯᠡᠭᠦᠴᠡᠯ ᠲᠠᠷᠢᠶᠠᠯᠠᠩ ᠢ ᠲᠤᠬᠢᠷᠠᠮᠵᠢᠲᠠᠢ ᠬᠦᠭᠵᠢᠭᠦᠯᠬᠦ ᠶᠢ ᠳᠡᠮᠵᠢᠨ᠂ ᠲᠡᠦᠬᠡ ᠶᠢᠨ ᠲᠤᠷᠠᠰᠬᠠᠯᠲᠤ ᠵᠦᠢᠯᠡᠰ ᠤᠨ ᠬᠦᠷᠢᠶ᠎ᠡ ᠬᠡᠪᠴᠢᠶᠡᠨ ᠳᠤ ᠰᠤᠳᠤᠯᠤᠨ ᠰᠤᠷᠬᠤ ᠵᠢᠭᠤᠯᠴᠢᠯᠠᠯ ᠤᠨ ᠱᠤᠭᠤᠮ ᠢ ᠲᠠᠨᠢᠯᠴᠠᠭᠤᠯᠤᠨ ᠠᠬᠢᠭᠤᠯᠤᠨ᠎ᠠ᠃ ᠲᠡᠦᠬᠡ ᠶᠢᠨ ᠲᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠠᠷᠠᠳ ᠢᠷᠭᠡᠨ ᠤ ᠬᠡᠪ ᠴᠢᠨᠠᠷ ᠪᠠ ᠨᠡᠶᠢᠭᠡᠮ ᠵᠢᠷᠦᠮ ᠤᠨ ᠪᠤᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠬᠦ᠂ ᠠᠵᠤ ᠠᠬᠤᠢ ᠨᠡᠶᠢᠭᠡᠮ ᠤᠨ ᠬᠦᠭᠵᠢᠯᠲᠡ ᠳᠤ ᠴᠢᠬᠤᠯᠠ ᠦᠢᠯᠡᠲᠦᠯ ᠢ ᠪᠠᠳᠠᠷᠠᠭᠤᠯᠤᠨ᠎ᠠ᠃ ᠬᠦᠳᠡᠭᠡ ᠲᠤᠰᠬᠤᠨ ᠤ ᠤᠷᠤᠨ ᠭᠠᠵᠠᠷ ᠤᠨ ᠤᠨᠴᠠᠯᠢᠭᠲᠦ ᠰᠤᠶᠤᠯ᠂ ᠦᠨᠲᠦᠰᠦᠲᠡᠨ ᠤ ᠠᠷᠠᠳ ᠤᠨ ᠰᠤᠶᠤᠯ᠂ ᠤᠯᠠᠮᠵᠢᠯᠠᠯᠲᠦ ᠭᠠᠷ ᠤᠷᠠᠯᠠᠯ᠂ ᠤᠯᠠᠮᠵᠢᠯᠠᠯᠲᠤ ᠰᠢ ᠵᠦᠴᠦᠭᠡ ᠲᠠᠭᠤᠤᠷᠢᠯᠢᠭ ᠵᠡᠷᠭᠡ ᠶᠢ ᠤᠯᠠᠮᠵᠢᠯᠠᠨ ᠬᠦᠭᠵᠢᠭᠦᠯᠵᠤ᠂ ᠢᠯᠡᠳᠬᠡᠭᠦ ᠬᠡᠯᠪᠡᠷᠢ ᠪᠠᠨ ᠰᠢᠨᠡᠳᠬᠡᠨ᠂ ᠬᠦᠳᠡᠭᠡ ᠲᠤᠰᠬᠤᠨ ᠤ ᠰᠤᠶᠤᠯ ᠵᠢᠭᠤᠯᠴᠢᠯᠠᠯ ᠤᠨ ᠦᠢᠯᠡᠳᠭᠦᠨ ᠢ ᠨᠡᠭᠡᠭᠡᠨ ᠬᠦᠭᠵᠢᠭᠦᠯᠵᠤ᠂ ᠬᠦᠳᠡᠭᠡ ᠲᠤᠰᠬᠤᠨ ᠤ ᠵᠢᠭᠤᠯᠴᠢᠯᠠᠯ ᠤᠨ ᠵᠢᠭᠤᠯᠴᠢᠯᠠᠭᠴᠢᠳ ᠤᠯᠠᠨ ᠴᠤᠭᠯᠠᠷᠠᠳᠠᠭ ᠰᠠᠭᠤᠷᠢᠨ ᠭᠠᠵᠠᠷ ᠲᠤ ᠲᠦᠰᠢᠭᠯᠡᠨ ᠤᠯᠠᠮᠵᠢᠯᠠᠯᠲᠦ ᠭᠠᠷ ᠤᠷᠠᠯᠠᠯ ᠤᠨ ᠦᠢᠯᠡᠳᠭᠦᠨ ᠢ ᠦᠢᠯᠡᠳᠪᠦᠷᠢᠯᠡᠬᠦ᠂ ᠲᠦᠯᠦᠪᠯᠡᠬᠦ ᠪᠠ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢ ᠤᠷᠭᠠᠨᠢᠭ ᠢᠶᠠᠷ ᠤᠶᠠᠯᠳᠤᠭᠤᠯᠤᠨ ᠲᠦᠯᠬᠢᠨ ᠠᠬᠢᠭᠤᠯᠤᠨ᠎ᠠ᠃ ᠬᠦᠳᠡᠭᠡ ᠲᠤᠰᠬᠤᠨ ᠪᠠ ᠲᠤᠰᠬᠠᠢ ᠮᠡᠷᠭᠡᠵᠢᠯ ᠤᠨ ᠤᠷᠠᠯᠢᠭ ᠤᠨ ᠬᠤᠷᠢᠶ᠎ᠠ ᠪᠦᠯᠭᠦᠮ ᠲᠠᠢ ᠬᠠᠮᠲᠤᠷᠠᠯᠴᠠᠬᠤ ᠶᠢ ᠵᠤᠷᠢᠭᠵᠢᠭᠤᠯᠤᠨ᠂ ᠤᠨᠴᠠᠯᠢᠭ ᠨᠢ ᠢᠯᠡᠷᠬᠡᠢ᠂ ᠭᠠᠵᠠᠷ ᠤᠷᠤᠨ ᠤ ᠨᠡᠶᠢᠭᠡᠮ ᠤᠨ ᠰᠤᠶᠤᠯ ᠢ ᠬᠠᠷᠠᠭᠤᠯᠤᠭᠰᠠᠨ ᠰᠢᠯᠢᠳᠡᠭ ᠰᠤᠶᠤᠯ ᠵᠢᠭᠤᠯᠴᠢᠯᠠᠯ ᠢ ᠵᠤᠬᠢᠶᠠᠨ ᠪᠠᠶᠢᠭᠤᠯᠤᠨ᠎ᠠ᠃ ᠬᠦᠳᠡᠭᠡ ᠲᠤᠰᠬᠤᠨ ᠤ ᠤᠨᠴᠠᠯᠢᠭᠲᠦ ᠰᠤᠶᠤᠯ ᠤᠨ ᠦᠪ ᠬᠦᠷᠦᠩᠭᠡ ᠶᠢ ᠶᠡᠭᠡ ᠪᠠᠷ ᠬᠦᠭᠵᠢᠭᠦᠯᠦᠨ᠂ ᠬᠦᠳᠡᠭᠡ ᠲᠤᠰᠬᠤᠨ ᠳᠤ ᠬᠤᠪᠢᠰᠬᠠᠯ ᠤᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ ᠢ ᠬᠦᠭᠵᠢᠭᠦᠯᠬᠦ ᠶᠢ ᠳᠡᠮᠵᠢᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ ᠤᠷᠤᠨ ᠰᠠᠭᠤᠴᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠶᠠᠮᠤᠨ᠂ ᠠᠮᠢ ᠠᠬᠤᠢ ᠤᠷᠴᠢᠨ ᠲᠤᠭᠤᠷᠢᠨ ᠤ ᠶᠠᠮᠤᠨ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠲᠡᠦᠬᠡ ᠶᠢᠨ ᠲᠤᠷᠠᠰᠬᠠᠯᠲᠤ ᠵᠦᠢᠯ ᠤᠨ ᠲᠤᠪᠴᠢᠶ᠎ᠠ ᠲᠤᠰᠢᠶᠠᠯ ᠢᠶᠠᠷ ᠢᠶᠠᠨ ᠠᠵᠢᠯ ᠢᠶᠠᠨ ᠬᠤᠪᠢᠶᠠᠷᠢᠯᠠᠨ ᠬᠠᠷᠢᠭᠤᠴᠠᠨ᠎ᠠ᠃︶             10. ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠭᠦᠨ ᠤ ᠲᠦᠷᠦᠯ ᠵᠦᠢᠯ ᠢ ᠪᠠᠶᠠᠯᠢᠭᠵᠢᠭᠤᠯᠤᠨ᠎ᠠ             ᠵᠢᠭᠤᠯᠴᠢᠯᠠᠭᠴᠢᠳ ᠤᠨ ᠲᠤᠭᠤᠷᠢᠨ ᠦᠵᠡᠬᠦ᠂ ᠵᠤᠭᠠᠴᠠᠬᠤ᠂ ᠠᠮᠠᠷᠠᠬᠤ᠂ ᠪᠡᠶ᠎ᠡ ᠰᠤᠪᠢᠯᠠᠬᠤ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ᠂ ᠰᠤᠶᠤᠯ ᠢ ᠤᠶᠢᠯᠠᠭᠠᠬᠤ ᠵᠡᠷᠬᠡ ᠤᠯᠠᠨ ᠶᠠᠩᠵᠤ ᠶᠢᠨ ᠱᠠᠭᠠᠷᠳᠠᠯᠭ᠎ᠠ ᠶᠢ ᠭᠦᠢᠴᠡᠳᠬᠡᠨ᠂ ᠤᠯᠠᠮᠵᠢᠯᠠᠯᠲᠤ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠭᠦᠨ ᠤ ᠳᠡᠰ ᠳᠡᠪᠰᠢᠬᠦ ᠶᠢ ᠠᠬᠢᠭᠤᠯᠤᠨ᠂ ᠰᠢᠨ᠎ᠡ ᠬᠡᠯᠪᠡᠷᠢ ᠶᠢᠨ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠭᠦᠨ ᠢ ᠡᠭᠦᠳᠦᠨ ᠪᠦᠲᠦᠭᠡᠬᠦ ᠶᠢ ᠲᠦᠷᠭᠡᠳᠬᠡᠨ᠂ ᠤᠲᠤ ᠦᠶ᠎ᠡ ᠶᠢᠨ ᠲᠠᠷᠢᠢᠶᠠᠯᠠᠩ ᠤᠨ ᠬᠦᠭᠵᠢᠯᠲᠡ ᠲᠠᠢ ᠤᠶᠠᠯᠳᠤᠭᠤᠯᠤᠨ᠂ ᠨᠢᠭᠡ ᠪᠦᠯᠦᠭ ᠰᠡᠯᠡᠭᠦᠴᠡᠯ ᠲᠠᠷᠢᠶᠠᠯᠠᠩ ᠤᠨ ᠰᠢᠯᠢᠳᠡᠭ ᠬᠦᠷᠢᠶᠡᠯᠡᠩ᠂ ᠲᠠᠷᠢᠶᠠᠯᠠᠩ ᠤᠨ ᠴᠡᠴᠡᠷᠯᠢᠭ᠂ ᠬᠦᠳᠡᠭᠡ ᠲᠤᠰᠬᠤᠨ ᠤ ᠠᠵᠤ ᠦᠢᠯᠡᠳᠪᠦᠷᠢ ᠶᠢᠨ ᠠᠭᠤᠰᠤᠯᠴᠠᠨ ᠬᠦᠭᠵᠢᠭᠰᠡᠨ ᠵᠢᠱᠢᠶᠡᠴᠢ ᠲᠠᠷᠢᠶᠠᠯᠠᠩ᠂ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠤᠭᠴᠠ᠂ ᠲᠠᠷᠢᠶᠠᠯᠠᠩ ᠮᠠᠯ ᠠᠵᠤ ᠠᠬᠤᠢ ᠶᠢ ᠪᠦᠲᠦᠭᠡᠨ ᠪᠠᠶᠢᠭᠤᠯᠵᠤ᠂ ᠰᠡᠯᠡᠭᠦᠴᠡᠯ ᠲᠠᠷᠢᠶᠠᠯᠠᠩ ᠪᠠ ᠬᠦᠳᠡᠭᠡ ᠲᠤᠰᠬᠤᠨ ᠤ ᠵᠢᠭᠤᠯᠴᠢᠯᠠᠯ ᠤᠨ ᠰᠢᠨ᠎ᠡ ᠦᠢᠯᠡᠰ ᠤᠨ ᠪᠠᠶᠢᠳᠠᠯ ᠢ ᠬᠠᠶᠢᠨ ᠬᠦᠭᠵᠢᠭᠦᠯᠦᠨ᠎ᠡ᠃ ᠬᠦᠳᠡᠭᠡ ᠲᠤᠰᠬᠤᠨ ᠤ ᠠᠭᠤᠯᠠᠷᠬᠠᠭ ᠭᠠᠵᠠᠷ ᠤᠨ ᠡᠬᠢ ᠪᠠᠶᠠᠯᠢᠭ᠂ ᠤᠢ ᠰᠢᠭᠤᠢ ᠶᠢᠨ ᠡᠬᠢ ᠪᠠᠶᠠᠯᠢᠭ᠂ ᠤᠰᠤᠨ ᠤ ᠡᠬᠢ ᠪᠠᠶᠠᠯᠢᠭ᠂ ᠭᠠᠵᠠᠷ ᠤᠨ ᠢᠯᠴᠢ ᠬᠢᠭᠡᠳ ᠮᠦᠰᠦ ᠴᠠᠰᠤᠨ ᠤ ᠡᠬᠢ ᠪᠠᠶᠠᠯᠢᠭ ᠢ ᠤᠶᠠᠯᠳᠤᠭᠤᠯᠤᠨ ᠤᠢ ᠰᠢᠭᠤᠢ ᠤᠨ ᠦᠵᠡᠮᠵᠢ ᠦᠵᠡᠬᠦ᠂ ᠠᠭᠤᠯᠠᠨ ᠭᠠᠵᠠᠷ ᠤᠨ ᠵᠤᠭᠠᠴᠠᠯ᠂ ᠤᠰᠤᠨ ᠤᠷᠤᠨ ᠤ ᠰᠡᠯᠡᠭᠦᠴᠡᠯ᠂ ᠮᠦᠰᠦ ᠴᠠᠰᠤᠨ ᠤ ᠲᠤᠭᠯᠠᠭᠠᠮ᠂ ᠬᠠᠯᠠᠭᠤᠨ ᠷᠠᠰᠢᠶᠠᠨ ᠳᠤ ᠪᠡᠶ᠎ᠡ ᠰᠤᠪᠢᠯᠠᠬᠤ ᠮᠡᠲᠦ ᠶᠢᠨ ᠵᠢᠭᠤᠯᠴᠢᠯᠠᠯ ᠤᠨ ᠦᠢᠯᠡᠳᠭᠦᠨ ᠢ ᠬᠦᠭᠵᠢᠭᠦᠯᠦᠨ᠎ᠡ᠃ ᠨᠦᠬᠦᠴᠡᠯ ᠲᠠᠢ ᠭᠠᠵᠠᠷ ᠤᠷᠤᠨ ᠤ ᠬᠦᠳᠡᠭᠡ ᠲᠤᠰᠬᠤᠨ ᠤ ᠵᠢᠭᠤᠯᠴᠢᠯᠠᠯ ᠪᠠ ᠬᠢᠳᠠᠳ ᠡᠮ ᠡᠮᠨᠡᠯᠭᠡ ᠶᠢ ᠤᠶᠠᠯᠳᠤᠭᠤᠯᠤᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠦᠢᠯᠡᠳᠭᠦᠨ ᠢ ᠪᠦᠲᠦᠭᠡᠨ ᠨᠡᠬᠡᠬᠡᠬᠦ ᠶᠢ ᠵᠤᠷᠢᠭᠵᠢᠭᠤᠯᠤᠨ᠎ᠠ᠃ ᠬᠦᠳᠡᠭᠡ ᠲᠤᠰᠬᠤᠨ ᠤ ᠭᠠᠵᠠᠷ ᠲᠠᠷᠢᠶ᠎ᠠ᠂ ᠰᠤᠯᠠ ᠪᠠᠶᠢᠭ᠎ᠠ ᠲᠠᠷᠢᠶᠠᠴᠢᠨ ᠤ ᠭᠡᠷ ᠪᠠᠶᠢᠰᠢᠩ ᠵᠡᠷᠭᠡ ᠡᠬᠢ ᠪᠠᠶᠠᠯᠢᠭ ᠢ ᠪᠦᠷᠢᠮᠦᠰᠦᠨ ᠠᠰᠢᠭᠯᠠᠨ ᠬᠦᠳᠡᠭᠡ ᠲᠤᠰᠬᠤᠨ ᠤ ᠠᠷᠠᠳ ᠤᠨ ᠬᠤᠨᠤᠬᠤ ᠭᠠᠵᠠᠷ᠂ ᠨᠠᠰᠤᠲᠠᠨ ᠢ ᠠᠰᠠᠷᠠᠬᠤ ᠭᠠᠵᠠᠷ ᠵᠡᠷᠭᠡ ᠲᠦᠷᠦᠯ ᠵᠦᠢᠯ ᠢ ᠨᠡᠭᠡᠭᠡᠨ ᠪᠦᠲᠦᠭᠡᠨ ᠪᠠᠶᠢᠭᠤᠯᠤᠨ᠎ᠠ᠃ ᠲᠤᠬᠠᠢ ᠶᠢᠨ ᠭᠠᠵᠠᠷ ᠤᠨ ᠪᠠᠶᠢᠭᠠᠯᠢ ᠪᠠ ᠰᠤᠶᠤᠯ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠤᠨᠴᠠᠯᠢᠭᠲᠦ ᠠᠷᠠᠳ ᠤᠨ ᠬᠤᠨᠤᠬᠤ ᠭᠠᠵᠠᠷ ᠢ ᠪᠠᠶᠢᠭᠤᠯᠤᠨ᠂ ᠰᠤᠶᠤᠯ ᠤᠨ ᠤᠯᠠᠮᠵᠢᠯᠠᠯ ᠪᠠ ᠪᠦᠲᠦᠭᠡᠯᠴᠢ ᠲᠦᠯᠦᠪᠯᠡᠭᠡ ᠶᠢ ᠳᠡᠭᠡᠭᠰᠢᠯᠡᠭᠦᠯᠬᠦ ᠶᠢ ᠪᠡᠶᠡᠯᠡᠭᠦᠯᠬᠦ᠂ ᠡᠷᠬᠢᠯᠡᠭᠰᠡᠨ ᠠᠵᠢᠯ ᠤᠨ ᠪᠠᠷᠢᠮᠵᠢᠶ᠎ᠠ ᠪᠠᠨ ᠲᠡᠭᠦᠯᠳᠡᠷᠵᠢᠭᠦᠯᠦᠨ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠤᠨᠤᠴᠠᠲᠠᠢ ᠡᠵᠡᠩᠨᠡᠨ ᠪᠤᠷᠤᠯᠠᠭᠤᠯᠤᠯᠲᠠ ᠶᠢ ᠰᠦᠪᠡᠭᠴᠢᠯᠡᠨ᠂ ᠰᠤᠬᠤᠷ ᠪᠠᠯᠠᠢ ᠪᠠᠷ ᠤᠷᠤᠰᠬᠠᠯ ᠢ ᠳᠠᠭᠠᠬᠤ ᠪᠠ ᠲᠤᠤᠷ᠎ᠠ ᠬᠢᠷᠢ ᠲᠦᠪᠰᠢᠨ ᠤ ᠲᠠᠭᠤᠷᠢᠶᠠᠮᠠᠯ ᠠᠵᠢᠯᠯᠠᠭ᠎ᠠ ᠠᠴᠠ ᠵᠠᠶᠢᠯᠠᠰᠬᠢᠨ᠂ ᠤᠯᠠᠨ ᠡᠰᠢᠲᠦ ᠪᠡᠯᠡ ᠤᠷᠤᠭᠤᠯᠤᠯᠲᠠ ᠶᠢᠨ ᠭᠤᠤᠯ ᠴᠤᠭᠴᠠ ᠶᠢ ᠤᠷᠤᠭᠤᠯᠤᠨ᠂ ᠬᠦᠳᠡᠭᠡ ᠲᠤᠰᠬᠤᠨ ᠤ ᠠᠷᠠᠳ ᠤᠨ ᠬᠤᠨᠤᠬᠤ ᠭᠠᠵᠠᠷ ᠤᠨ ᠤᠯᠠᠨ ᠶᠠᠩᠵᠤ᠂ ᠦᠪᠡᠷᠮᠢᠴᠠ ᠴᠢᠨᠠᠷ ᠲᠠᠢ᠂ ᠲᠤᠰᠬᠠᠶᠢᠵᠢᠭᠰᠠᠨ ᠬᠦᠭᠵᠢᠯᠲᠡ ᠶᠢ ᠠᠬᠢᠭᠤᠯᠤᠨ᠎ᠠ᠃ ᠤᠷᠤᠨ ᠨᠤᠲᠤᠭ ᠤᠨ ᠤᠨᠴᠠᠯᠢᠭ ᠪᠦᠬᠦᠢ ᠬᠤᠪᠴᠠᠰᠤ ᠬᠤᠨᠠᠷ ᠵᠠᠰᠠᠯ ᠴᠢᠮᠡᠭ᠂ ᠭᠠᠷ ᠤᠷᠠᠯᠠᠯ ᠤᠨ ᠦᠢᠯᠡᠳᠭᠦᠨ᠂ ᠲᠠᠷᠢᠶᠠᠯᠠᠩ ᠤᠨ ᠪᠠ ᠲᠤᠰᠠᠯᠠᠬᠤ ᠴᠢᠨᠠᠷ ᠲᠠᠢ ᠨᠤᠲᠤᠭ ᠤᠨ ᠤᠨᠴᠠ ᠭᠠᠷᠤᠯᠲᠠ ᠶᠢᠨ ᠦᠢᠯᠡᠳᠭᠦᠨ᠂ ᠵᠢᠭᠤᠯᠴᠢᠯᠠᠯ ᠤᠨ ᠲᠤᠷᠠᠰᠬᠠᠯ ᠤᠨ ᠪᠤᠳᠠᠰ ᠵᠡᠷᠭᠡ ᠵᠢᠭᠤᠯᠴᠢᠯᠠᠯ ᠤᠨ ᠲᠠᠸᠠᠷ ᠢ ᠨᠡᠭᠡᠭᠡᠬᠦ ᠶᠢ ᠵᠤᠷᠢᠭᠵᠢᠭᠤᠯᠤᠨ᠎ᠠ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠯᠲᠡ ᠦᠭᠡᠷᠡᠴᠢᠯᠡᠯᠳᠡ ᠶᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠠᠮᠢ ᠠᠬᠤᠢ ᠤᠷᠴᠢᠨ ᠲᠤᠭᠤᠷᠢᠨ ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠪᠡᠶ᠎ᠡ ᠲᠠᠮᠢᠷ ᠤᠨ ᠶᠡᠷᠦᠩᠬᠡᠢ ᠲᠤᠪᠴᠢᠶ᠎ᠠ᠂ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ ᠃︶             11. ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠦᠨ᠎ᠡ             ᠬᠦᠳᠡᠭᠡ ᠲᠤᠰᠬᠤᠨ ᠤ ᠵᠢᠭᠤᠯᠴᠢᠯᠠᠯ ᠤᠨ ᠡᠯ᠎ᠡ ᠬᠦᠷᠢᠶ᠎ᠡ᠂ ᠡᠯ᠎ᠡ ᠵᠠᠩᠬᠢᠯᠠᠭ᠎ᠠ ᠶᠢᠨ ᠦᠢᠯᠡᠴᠢᠯᠡᠭᠡᠨ ᠤ ᠲᠦᠷᠢᠮ ᠪᠠ ᠪᠠᠷᠢᠮᠵᠢᠶ᠎ᠠ ᠶᠢ ᠲᠤᠭᠲᠠᠭᠠᠨ ᠲᠡᠭᠦᠯᠳᠡᠷᠵᠢᠭᠦᠯᠦᠨ᠂ ᠡᠵᠡᠩᠨᠡᠭᠴᠢ᠂ ᠬᠠᠮᠢᠶᠠᠷᠤᠭᠴᠢ᠂ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠮᠡᠷᠭᠡᠵᠢᠯ ᠴᠢᠳᠠᠪᠤᠷᠢ ᠶᠢ ᠬᠦᠮᠦᠵᠢᠭᠦᠯᠦᠨ ᠪᠤᠯᠪᠠᠰᠤᠷᠠᠭᠤᠯᠬᠤ ᠶᠢ ᠴᠢᠩᠭᠠᠳᠬᠠᠨ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠵᠢᠭᠤᠯᠴᠢᠯᠠᠯ ᠤᠨ ᠤᠶᠢᠯᠠᠭᠠᠭᠳᠠᠬᠤᠨ ᠪᠠ ᠦᠢᠯᠡᠴᠢᠯᠡᠭᠡᠨ ᠤ ᠤᠬᠠᠮᠰᠠᠷ᠂ ᠪᠤᠯᠪᠠᠰᠤᠨ ᠳᠠᠳᠬᠠᠯ ᠢ ᠳᠡᠭᠡᠭᠰᠢᠯᠡᠭᠦᠯᠦᠨ᠂ ᠡᠵᠡᠩᠨᠡᠨ ᠬᠠᠮᠢᠶᠠᠷᠬᠤ ᠮᠡᠷᠭᠡᠵᠢᠯ ᠢ ᠡᠵᠡᠮᠰᠢᠨ᠎ᠡ᠃ ᠲᠡᠷᠢᠭᠦᠨ ᠤ ᠰᠤᠶᠤᠯ᠂ ᠰᠢᠨᠵᠢᠯᠡᠬᠦ ᠤᠬᠠᠭᠠᠨᠴᠢ ᠠᠷᠭ᠎ᠠ ᠪᠠᠷᠢᠯ ᠢ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠭᠦᠨ ᠢ ᠤᠶᠢᠯᠠᠭᠠᠬᠤ᠂ ᠦᠢᠯᠡᠴᠢᠯᠡᠬᠦ ᠪᠠ ᠬᠠᠮᠢᠶᠠᠷᠤᠯᠳᠠ ᠶᠢᠨ ᠶᠠᠪᠤᠴᠨ ᠳᠤ ᠪᠠᠨ ᠬᠡᠷᠡᠭᠯᠡᠬᠦ ᠶᠢ ᠵᠤᠷᠢᠭᠵᠢᠭᠤᠯᠤᠨ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠮᠡᠳᠡᠯᠭᠡ ᠶᠢᠨ ᠬᠡᠮᠵᠢᠶ᠎ᠡ ᠪᠠᠨ ᠨᠡᠮᠡᠭᠳᠡᠭᠦᠯᠦᠨ᠎ᠡ᠃ ᠲᠤᠰᠬᠠᠢ ᠮᠡᠷᠭᠡᠵᠢᠯ ᠤᠨ ᠰᠠᠶᠢᠨ ᠲᠤᠷᠠᠴᠤᠳ ᠤᠨ ᠬᠦᠳᠡᠭᠡ ᠲᠤᠰᠬᠤᠨ ᠢ ᠲᠤᠰᠠᠯᠠᠬᠤ ᠠᠵᠢᠯᠯᠠᠭ᠎ᠠ ᠶᠢ ᠶᠡᠭᠡ ᠪᠠᠷ ᠦᠷᠨᠢᠭᠦᠯᠦᠨ᠂ ᠲᠤᠰᠬᠠᠢ ᠮᠡᠷᠭᠡᠵᠢᠯᠳᠡᠳ ᠤᠨ ᠬᠦᠳᠡᠭᠡ ᠲᠤᠰᠬᠤᠨ ᠤ ᠦᠵᠡᠮᠵᠢ ᠶᠢᠨ ᠵᠢᠷᠤᠭ ᠤᠨ ᠲᠦᠯᠦᠪᠯᠡᠭᠡ᠂ ᠬᠦᠳᠡᠭᠡ ᠲᠤᠰᠬᠤᠨ ᠤ ᠵᠢᠭᠤᠯᠴᠢᠯᠠᠯ ᠢ ᠰᠡᠳᠦᠨ ᠲᠦᠯᠦᠪᠯᠡᠬᠦ ᠠᠵᠢᠯᠯᠠᠭᠠᠨ ᠳᠤ ᠤᠷᠤᠯᠴᠠᠬᠤ ᠶᠢ ᠵᠤᠷᠢᠭᠵᠢᠭᠤᠯᠤᠨ᠎ᠠ᠃ ᠬᠡᠯᠬᠢᠶᠡᠵᠢᠭᠰᠡᠨ᠂ ᠨᠠᠶᠢᠳᠠᠨ ᠬᠠᠮᠢᠶᠠᠷᠤᠭᠤᠯᠤᠭᠰᠠᠨ᠂ ᠬᠠᠮᠲᠤ ᠪᠠᠷ ᠡᠳ᠋ᠯᠡᠭᠰᠡᠨ᠂ ᠭᠡᠰᠢᠭᠦᠨ ᠤ ᠲᠦᠷᠢᠮ᠂ ᠴᠠᠭ ᠤᠨ ᠬᠤᠪᠢᠶᠠᠷᠢ ᠶᠢᠨ ᠲᠦᠷᠢᠮ᠂ ᠡᠷᠬᠢᠯᠡᠭᠰᠡᠨ ᠠᠵᠢᠯ ᠤᠨ ᠳᠠᠭᠠᠭᠠᠮᠠᠯ ᠤᠨ ᠲᠦᠷᠢᠮ ᠵᠡᠷᠭᠡ ᠤᠲᠤ ᠦᠶ᠎ᠡ ᠶᠢᠨ ᠡᠵᠡᠩᠨᠡᠯ ᠬᠠᠮᠢᠶᠠᠷᠤᠯᠲᠠ ᠶᠢᠨ ᠬᠡᠯᠪᠡᠷᠢ ᠶᠢ ᠰᠦᠪᠡᠭᠴᠢᠯᠡᠨ ᠬᠡᠷᠡᠭᠯᠡᠵᠦ᠂ ᠬᠦᠳᠡᠭᠡ ᠲᠤᠰᠬᠤᠨ ᠤ ᠵᠢᠭᠤᠯᠴᠢᠯᠠᠯ ᠤᠨ ᠡᠵᠡᠩᠨᠡᠬᠦ ᠴᠢᠳᠠᠪᠤᠷᠢ ᠪᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶             ᠲᠠᠪᠤ᠂ ᠬᠦᠳᠡᠭᠡ ᠲᠤᠰᠬᠤᠨ ᠤ ᠵᠢᠭᠤᠯᠴᠢᠯᠠᠯ ᠤᠨ ᠨᠡᠷᠡᠲᠦ ᠳᠡᠮᠳᠡᠭ ᠢ ᠡᠭᠦᠳᠦᠨ ᠪᠠᠶᠢᠭᠤᠯᠵᠤ᠂ ᠵᠠᠬ᠎ᠠ ᠳᠡᠯᠭᠡᠭᠦᠷ ᠤᠨ ᠡᠵᠡᠩᠨᠡᠨ ᠪᠣᠷᠤᠯᠠᠭᠤᠯᠤᠯᠲᠠ ᠶᠢ ᠦᠷᠭᠡᠳᠬᠡᠨ᠎ᠡ             12. ᠬᠦᠳᠡᠭᠡ ᠲᠤᠰᠬᠤᠨ ᠤ ᠵᠢᠭᠤᠯᠴᠢᠯᠠᠯ ᠤᠨ ᠨᠡᠷᠡᠲᠦ ᠳᠡᠮᠲᠡᠭ ᠤᠨ ᠰᠢᠰᠲ᠋ᠧᠮ ᠢ ᠪᠠᠶᠢᠭᠤᠯᠤᠨ᠎ᠠ             ᠬᠦᠳᠡᠭᠡ ᠲᠤᠰᠬᠤᠨ ᠤ ᠵᠢᠭᠤᠯᠴᠢᠯᠠᠯ ᠤᠨ ᠨᠡᠷᠡᠲᠦ ᠲᠡᠮᠳᠡᠭ ᠤᠨ ᠲᠤᠬᠠᠢ ᠦᠵᠡᠯ ᠤᠬᠠᠮᠰᠠᠷ ᠢ ᠪᠤᠢ ᠪᠤᠯᠭᠠᠨ᠂ ᠨᠡᠷᠡᠲᠦ ᠳᠡᠮᠳᠡᠭ ᠤᠨ ᠲᠦᠷᠢ ᠲᠦᠷᠭᠦ ᠶᠢ ᠳᠡᠭᠡᠭᠰᠢᠯᠡᠭᠦᠯᠦᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠨᠡᠷᠡᠲᠦ ᠳᠡᠮᠳᠡᠭ ᠤᠨ ᠨᠦᠯᠦᠭᠡᠯᠡᠬᠦ ᠬᠦᠴᠦᠨ ᠪᠠ ᠦᠷᠢᠰᠤᠯᠳᠦᠬᠦ ᠬᠦᠴᠦᠨ ᠢ ᠴᠢᠩᠭᠠᠳᠬᠠᠨ᠎ᠠ᠃ ᠡᠯ᠎ᠡ ᠭᠠᠵᠠᠷ ᠤᠨ ᠬᠦᠳᠡᠭᠡ ᠲᠤᠰᠬᠤᠨ ᠤ ᠵᠢᠭᠤᠯᠴᠢᠯᠠᠯ ᠤᠨ ᠰᠢᠯᠢᠳᠡᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠵᠤᠷᠢᠭᠵᠢᠭᠤᠯᠤᠨ᠂ ᠨᠢᠬᠡ ᠪᠦᠯᠦᠭ     ᠤᠨᠴᠠᠯᠢᠭ ᠨᠢ ᠲᠤᠲᠤ᠂ ᠳᠠᠪᠠᠭᠤᠯᠢᠭ ᠨᠢ ᠲᠤᠪᠤᠶᠢᠮ᠎ᠠ ᠬᠦᠳᠡᠭᠡ ᠲᠤᠰᠬᠤᠨ ᠤ ᠵᠢᠭᠤᠯᠴᠢᠯᠠᠯ ᠤᠨ ᠨᠡᠷᠡᠲᠦ ᠳᠡᠮᠳᠡᠭ ᠢ ᠳᠡᠯᠭᠡᠷᠡᠭᠦᠯᠦᠨ᠂ ᠪᠦᠬᠦ ᠲᠠᠯ᠎ᠠ ᠶᠢᠨ᠂ ᠤᠯᠠᠨ ᠲᠠᠪᠬᠤᠷᠭᠠᠲᠤ ᠬᠦᠳᠡᠭᠡ ᠲᠤᠰᠠᠬᠤᠨ ᠤ ᠵᠢᠭᠤᠯᠴᠢᠯᠠᠯ ᠤᠨ ᠨᠡᠷᠡᠲᠦ ᠲᠡᠮᠳᠡᠭ ᠤᠨ ᠰᠢᠰᠲ᠋ᠧᠮ ᠢ ᠪᠠᠶᠢᠭᠤᠯᠤᠨ᠎ᠠ᠃ ᠪᠦᠬᠦ ᠤᠯᠤᠰ ᠤᠨ ᠬᠦᠳᠡᠭᠡ ᠲᠤᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠤᠰᠬᠤᠨ ᠤ ᠨᠡᠷ᠎ᠡ ᠶᠢᠨ ᠪᠦᠷᠢᠳᠬᠡᠯ ᠬᠢᠵᠦ᠂ ᠬᠦᠳᠡᠭᠡ ᠲᠤᠰᠬᠤᠨ ᠤ ᠵᠢᠭᠤᠯᠴᠢᠯᠠᠯ ᠤᠨ ᠰᠢᠯᠢᠳᠡᠭ ᠢᠨᠵᠧᠨᠧᠷᠢᠩ ᠢ ᠦᠷᠨᠢᠭᠦᠯᠦᠨ᠂ ᠪᠦᠬᠦ ᠤᠯᠤᠰ ᠲᠤ ᠨᠢᠬᠡ ᠪᠦᠯᠦᠭ     ᠬᠦᠳᠡᠭᠡ ᠲᠤᠰᠬᠤᠨ ᠤ ᠵᠢᠭᠤᠯᠴᠢᠯᠠᠯ ᠤᠨ ᠰᠢᠯᠢᠳᠡᠭ ᠲᠤᠰᠬᠤᠨ᠂ ᠰᠢᠯᠢᠳᠡᠭ ᠨᠢᠭᠡᠴᠢ ᠶᠢ ᠪᠤᠶᠢᠵᠢᠭᠤᠯᠤᠨ᠎ᠠ᠃ ᠨᠦᠬᠦᠴᠡᠯ ᠪᠦᠷᠢᠳᠦᠭᠰᠡᠨ ᠭᠠᠵᠠᠷ ᠤᠷᠤᠨ ᠳᠤ ᠬᠦᠳᠡᠭᠡ ᠲᠤᠰᠬᠤᠨ ᠤ ᠬᠤᠷᠠᠮᠳᠤᠨ ᠬᠦᠭᠵᠢᠬᠦ ᠶᠢ ᠵᠤᠷᠢᠭᠵᠢᠭᠤᠯᠤᠨ᠂ ᠨᠦᠯᠦᠭᠡᠯᠡᠬᠦ ᠬᠦᠴᠦᠨ ᠲᠠᠢ ᠬᠦᠳᠡᠭᠡ ᠲᠤᠰᠬᠤᠨ ᠤ ᠵᠢᠭᠤᠯᠴᠢᠯᠠᠯ ᠤᠨ ᠵᠤᠷᠢᠭᠰᠠᠨ ᠭᠠᠵᠠᠷ ᠢ ᠢᠲᠡᠪᠬᠢᠲᠠᠢ ᠪᠠᠶᠢᠭᠤᠯᠤᠨ᠎ᠠ᠃ ᠡᠬᠢ ᠪᠠᠶᠠᠯᠢᠭ ᠤᠨ ᠨᠦᠬᠦᠴᠡᠯ ᠰᠠᠶᠢᠲᠠᠢ᠂ ᠰᠠᠭᠤᠷᠢ ᠲᠦᠭᠦᠭᠡᠷᠦᠮᠵᠢ ᠨᠢ ᠲᠡᠭᠦᠯᠳᠡᠷᠵᠢᠭᠰᠡᠨ᠂ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠨᠢ ᠪᠦᠷᠢᠨᠰᠢᠭᠰᠡᠨ ᠬᠦᠳᠡᠭᠡ ᠲᠤᠰᠬᠤᠨ ᠤ ᠵᠢᠭᠤᠯᠴᠢᠯᠠᠯ ᠤᠨ ᠴᠡᠭ ᠤᠨ A ᠳᠡᠰ ᠤᠨ ᠦᠵᠡᠮᠵᠢ ᠶᠢᠨ ᠤᠷᠤᠨ᠂ ᠤᠨᠴᠠᠯᠢᠭᠲᠤ ᠵᠢᠵᠢᠭ ᠪᠠᠯᠭᠠᠰᠣ ᠵᠡᠷᠭᠡ ᠨᠡᠷᠡᠲᠦ ᠲᠡᠮᠳᠡᠭ ᠢ ᠭᠤᠶᠤᠴᠢᠯᠠᠨ ᠮᠡᠳᠡᠭᠦᠯᠵᠦ ᠪᠦᠲᠦᠭᠡᠨ ᠪᠠᠶᠢᠭᠤᠯᠬᠤ ᠶᠢ ᠳᠡᠮᠵᠢᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠠᠮᠢ ᠠᠬᠤᠢ ᠤᠷᠴᠢᠨ ᠲᠤᠭᠤᠷᠢᠨ ᠤ ᠶᠠᠮᠤᠨ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶             13. ᠬᠦᠳᠡᠭᠡ ᠲᠤᠰᠬᠤᠨ ᠤ ᠵᠢᠭᠤᠯᠴᠢᠯᠠᠯ ᠤᠨ ᠡᠵᠡᠩᠨᠡᠨ ᠪᠤᠷᠤᠯᠠᠭᠤᠯᠤᠯᠳᠠ ᠶᠢᠨ ᠬᠡᠯᠪᠡᠷᠢ ᠶᠢ ᠰᠢᠨ᠎ᠡ ᠪᠠᠷ ᠡᠭᠦᠳᠦᠨ᠎ᠡ             ᠵᠠᠰᠠᠭ ᠤᠨ ᠤᠷᠳᠤᠨ ᠤ ᠢᠳᠡᠪᠬᠢ ᠦᠢᠯᠡᠳᠤᠯ ᠢ ᠪᠠᠳᠠᠷᠠᠭᠤᠯᠤᠨ᠂ ᠨᠡᠶᠢᠭᠡᠮ ᠤᠨ ᠬᠦᠴᠦᠨ ᠬᠦᠳᠡᠭᠡ ᠲᠤᠰᠬᠤᠨ ᠤ ᠵᠢᠭᠤᠯᠴᠢᠯᠠᠯ ᠤᠨ ᠤᠬᠠᠭᠤᠯᠤᠨ ᠲᠡᠯᠭᠡᠷᠡᠭᠦᠯᠭᠦ ᠪᠠ ᠤᠯᠠᠮᠵᠢᠯᠠᠬᠤ ᠦᠢᠯᠡᠴᠢᠯᠡᠭᠡ ᠳᠤ ᠤᠷᠤᠯᠴᠠᠬᠤ ᠶᠢ ᠵᠤᠷᠢᠭᠵᠢᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠤᠬᠠᠭᠤᠯᠬᠤ ᠬᠦᠳᠡᠯᠭᠡᠭᠡᠨ ᠢ ᠡᠯ᠎ᠡ ᠭᠠᠵᠠᠷ ᠲᠤ ᠦᠷᠨᠢᠭᠦᠯᠦᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠵᠤᠴᠢᠳ ᠤᠨ ᠢᠷᠡᠯᠲᠡ ᠶᠢᠨ ᠵᠠᠬ᠎ᠠ ᠲᠡᠯᠭᠡᠭᠦᠷ ᠢ ᠦᠷᠭᠡᠳᠬᠡᠨ᠎ᠡ᠃ ᠲᠧᠯᠸᠢᠰ᠂ ᠷᠠᠳᠢᠣ᠋ ᠬᠤᠷᠢᠶ᠎ᠠ᠂ ᠰᠤᠨᠢᠨ ᠵᠡᠷᠭᠡ ᠤᠯᠠᠮᠵᠢᠯᠠᠯᠲᠦ ᠵᠠᠭᠤᠴᠢᠯᠠᠭᠤᠷ ᠤᠨ ᠡᠬᠢ ᠪᠠᠶᠠᠯᠢᠭ ᠲᠤ ᠲᠦᠰᠢᠭᠯᠡᠨ᠂ ᠵᠢᠭᠤᠯᠴᠢᠯᠠᠯ ᠤᠨ ᠲᠡᠯᠭᠡᠷᠡᠭᠦᠯᠦᠨ ᠲᠠᠨᠢᠯᠴᠠᠭᠤᠯᠬᠤ ᠬᠤᠷᠠᠯ᠂ ᠦᠵᠡᠰᠭᠦᠯᠡᠩ᠂ ᠴᠢᠬᠤᠯᠠ ᠬᠦᠳᠡᠯᠭᠡᠭᠡᠨ ᠵᠡᠷᠭᠡ ᠲᠡᠪᠴᠠᠩ ᠢ ᠠᠰᠢᠭᠯᠠᠨ ᠬᠦᠳᠡᠭᠡ ᠲᠤᠰᠬᠤᠨ ᠤ ᠵᠢᠭᠤᠯᠴᠢᠯᠠᠯ ᠤᠨ ᠤᠬᠠᠭᠤᠯᠭ᠎ᠠ ᠪᠠᠨ ᠦᠷᠭᠡᠳᠬᠡᠨ᠎ᠡ᠃ ᠰᠢᠨ᠎ᠡ ᠵᠠᠭᠤᠴᠢᠯᠠᠭᠤᠷ᠂ ᠬᠤᠪᠢ ᠶᠢᠨ ᠵᠠᠭᠤᠴᠢᠯᠠᠭᠤᠷ ᠢ ᠭᠦᠢᠴᠡᠳ ᠠᠰᠢᠭᠯᠠᠨ᠂ ᠡᠯᠧᠺᠲᠷᠣᠨ  ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠬᠦᠳᠡᠭᠡ ᠲᠤᠰᠬᠤᠨ ᠤ ᠵᠢᠭᠤᠯᠴᠢᠯᠠᠯ ᠤᠨ ᠰᠤᠪᠠᠭ ᠪᠠᠶᠢᠭᠤᠯᠬᠤ ᠶᠢ ᠳᠡᠮᠵᠢᠨ᠂ ᠰᠦᠯᠵᠢᠶᠡᠨ ᠲᠡᠭᠡᠷ᠎ᠡ ᠤᠬᠠᠭᠤᠯᠤᠨ ᠲᠡᠯᠭᠡᠷᠡᠭᠦᠯᠭᠦ ᠪᠠ ᠦᠢᠯᠡᠳᠭᠦᠨ ᠪᠤᠷᠤᠯᠠᠭᠤᠯᠬᠤ ᠵᠡᠷᠭᠡ ᠶᠢ ᠦᠷᠨᠢᠭᠦᠯᠦᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃             ᠵᠢᠷᠭᠤᠭ᠎ᠠ᠂ ᠲᠠᠷᠢᠶᠠᠴᠢᠨ ᠤ ᠠᠰᠢᠭ ᠬᠦᠷᠲᠡᠭᠦ ᠶᠢ ᠴᠢᠬᠤᠯᠠᠴᠢᠯᠠᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠳᠤ ᠬᠦᠴᠦᠨ ᠨᠡᠮᠡᠷᠢᠯᠡᠨ᠎ᠡ             14. ᠬᠦᠭᠵᠢᠯᠲᠡ ᠶᠢᠨ ᠬᠡᠯᠪᠡᠷᠢ ᠶᠢ ᠰᠦᠪᠡᠭᠴᠢᠯᠡᠨ ᠲᠡᠯᠭᠡᠷᠡᠭᠦᠯᠦᠨ᠎ᠡ             ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠨᠢ ᠵᠢᠭᠤᠯᠴᠢᠯᠠᠭᠴᠢᠳ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ᠂ ᠬᠠᠮᠤᠭ ᠶᠡᠭᠡ ᠬᠡᠮᠵᠢᠶ᠎ᠡ ᠪᠠᠷ ᠵᠢᠭᠤᠯᠴᠢᠯᠠᠯ ᠤᠨ ᠡᠬᠢ ᠪᠠᠶᠠᠯᠢᠭ ᠢᠶᠠᠨ ᠤᠬᠠᠭᠤᠯᠤᠨ ᠲᠠᠨᠢᠯᠴᠠᠭᠤᠯᠤᠨ ᠲᠡᠯᠭᠡᠷᠡᠭᠦᠯᠭᠦ ᠶᠢᠨ ᠬᠠᠮᠲᠤ ᠵᠢᠭᠤᠯᠴᠢᠯᠠᠭᠴᠢᠳ ᠢ ᠵᠤᠬᠢᠶᠠᠨ ᠪᠠᠶᠢᠭᠤᠯᠵᠤ᠂ ᠬᠠᠮᠲᠤᠷᠠᠨ ᠡᠵᠡᠩᠨᠡᠨ ᠪᠤᠷᠤᠯᠠᠭᠤᠯᠬᠤ ᠵᠡᠷᠭᠡ ᠬᠡᠯᠪᠡᠷᠢ ᠪᠠᠷ ᠵᠠᠬ᠎ᠠ ᠲᠡᠯᠭᠡᠭᠦᠷ ᠤᠨ ︽ᠵᠢᠭᠤᠯᠴᠢᠯᠠᠯ ᠤᠨ ᠦᠢᠯᠡᠴᠢᠯᠡᠬᠡᠨ ᠤ ᠭᠠᠵᠠᠷ ᠨᠢ ᠲᠤᠰᠬᠤᠨ ᠢᠶᠠᠨ ᠳᠠᠭᠠᠭᠤᠯᠬᠤ︾ ᠬᠡᠪ ᠮᠠᠶ᠋ᠢᠭ ᠢ ᠬᠠᠮᠲᠤ ᠪᠠᠷ ᠨᠡᠬᠡᠬᠡᠭᠦ ᠶᠢ ᠳᠡᠮᠵᠢᠨ᠎ᠡ᠃ ᠦᠵᠡᠮᠵᠢ ᠶᠢᠨ ᠤᠷᠤᠨ ᠤ ᠡᠷᠬᠢᠨ ᠲᠤᠭᠤᠷᠢᠨ ᠢᠶᠠᠨ ᠨᠡᠶᠢᠳᠡᠮ ᠲᠠᠶᠢᠴᠢᠯᠠᠨ ᠬᠦᠳᠡᠭᠡ ᠲᠤᠰᠬᠤᠨ ᠤ ᠵᠢᠭᠤᠯᠴᠢᠯᠠᠯ ᠢ ᠬᠦᠭᠵᠢᠭᠦᠯᠭᠦ ᠶᠢ ᠢᠳᠡᠪᠬᠢᠲᠠᠢ ᠠᠬᠢᠭᠤᠯᠤᠨ᠂ ᠬᠦᠳᠡᠭᠡ ᠲᠤᠰᠬᠤᠨ ᠪᠠ ᠦᠵᠡᠮᠵᠢ ᠶᠢᠨ ᠤᠷᠤᠨ ᠤ ᠬᠠᠮᠲᠤ ᠤᠷᠤᠰᠢᠨ᠂ ᠬᠠᠮᠲᠤ ᠬᠦᠭᠵᠢᠬᠦ᠂ ᠬᠠᠮᠲᠤ ᠪᠠᠶᠢᠭᠤᠯᠤᠨ ᠬᠠᠮᠲᠤ ᠡᠳ᠋ᠯᠡᠬᠦ ︽ᠦᠵᠡᠮᠵᠢ ᠶᠢᠨ ᠤᠷᠤᠨ ᠨᠢ ᠲᠤᠰᠬᠤᠨ ᠢᠶᠠᠨ ᠳᠠᠭᠠᠭᠤᠯᠬᠤ︾ ᠬᠡᠪ ᠮᠠᠶ᠋ᠢᠭ ᠢ ᠲᠦᠯᠦᠪᠰᠢᠷᠡᠭᠦᠯᠦᠨ᠎ᠡ᠃ ᠡᠵᠡᠩᠨᠡᠯᠲᠡ ᠶᠢᠨ ᠴᠢᠳᠠᠪᠤᠷᠢ ᠲᠠᠢ᠂ ᠬᠠᠮᠢᠶᠠᠷᠤᠯᠲᠠ ᠳᠤ ᠪᠠᠨ ᠴᠢᠳᠠᠮᠠᠭᠠᠢ ᠲᠤᠰ ᠭᠠᠵᠠᠷ ᠤᠨ ᠪᠤᠶᠤ ᠨᠤᠲᠤᠭ ᠲᠤ ᠪᠠᠨ ᠪᠤᠴᠠᠭᠰᠠᠨ ᠴᠢᠳᠠᠪᠤᠷᠢᠲᠠᠨ ᠤ ᠵᠢᠭᠤᠯᠴᠢᠯᠠᠯ ᠳᠤ ᠪᠡᠯᠡ ᠤᠷᠤᠭᠤᠯᠬᠤ᠂ ᠠᠵᠢᠯ ᠤᠯᠭᠤᠯᠲᠠ ᠶᠢ ᠰᠢᠩᠭᠡᠭᠡᠨ ᠠᠪᠬᠤ᠂ ᠠᠳᠠᠯ ᠦᠢᠯᠡᠰ ᠴᠤᠭᠴᠠᠯᠠᠬᠤ ᠶᠢ ᠳᠠᠶᠢᠴᠢᠯᠠᠬᠤ ᠠᠷᠭ᠎ᠠ ᠪᠠᠷ ᠲᠠᠷᠢᠶᠠᠴᠢᠳ ᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ︽ᠴᠢᠳᠠᠪᠤᠷᠢᠳᠠᠨ ᠡᠷᠦᠬᠡ ᠶᠢ ᠲᠠᠭᠠᠭᠤᠯᠬᠤ︾ ᠬᠡᠪ ᠮᠠᠶ᠋ᠢᠭ ᠢ ᠬᠦᠴᠦᠲᠡᠢ ᠳᠡᠮᠵᠢᠨ᠎ᠡ᠃ ᠠᠵᠤ ᠠᠬᠤᠶᠢᠯᠠᠯ ᠢ ᠬᠦᠳᠡᠭᠡ ᠲᠤᠰᠬᠤᠨ ᠤ ᠵᠢᠭᠤᠯᠴᠢᠯᠠᠯ ᠤᠨ ᠡᠵᠡᠩᠨᠡᠯᠲᠡ ᠶᠢᠨ ᠤᠲᠤᠷᠢᠲᠤᠮᠵᠢ ᠪᠤᠯᠭᠠᠬᠤ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠂ ᠲᠤᠬᠠᠢ ᠶᠢᠨ ᠭᠠᠵᠠᠷ ᠤᠨ ᠲᠤᠰᠬᠤᠨ ᠤ ᠠᠷᠠᠳ ᠤᠨ ᠡᠵᠡᠩᠨᠡᠯᠲᠡ ᠪᠤᠶᠤ ᠬᠠᠮᠢᠶᠠᠷᠤᠯᠲᠠ ᠶᠢᠨ ︽ᠺᠤᠮᠫᠠᠨᠢ + ᠲᠠᠷᠢᠶᠠᠴᠢᠨ︾ ᠭᠡᠪ ᠮᠠᠶ᠋ᠢᠭ ᠢ ᠰᠢᠩᠭᠡᠭᠡᠨ ᠠᠪᠤᠨ᠎ᠠ᠃ ᠲᠤᠰᠬᠠᠶᠢᠵᠢᠭᠤᠯᠤᠭᠰᠠᠨ ᠦᠢᠯᠡᠴᠢᠯᠡᠭᠡᠨ ᠪᠠ ᠬᠡᠪᠴᠢᠶᠡᠰᠢᠭᠰᠡᠨ ᠡᠵᠡᠩᠨᠡᠯᠲᠡ ᠶᠢᠨ ᠬᠠᠷᠢᠯᠴᠠᠨ ᠤᠶᠠᠯᠳᠤᠭᠰᠠᠨ ︽ᠬᠤᠷᠰᠢᠶ᠎ᠠ + ᠲᠠᠷᠢᠶᠠᠴᠢᠨ︾᠎ ᠤ ᠬᠡᠪ ᠮᠠᠶ᠋ᠢᠭ ᠢ ᠤᠳᠤᠷᠢᠲᠤᠨ ᠲᠦᠷᠢᠮᠵᠢᠭᠦᠯᠦᠨ᠎ᠡ᠃ ᠡᠯ᠎ᠡ ᠭᠠᠵᠠᠷ ᠤᠨ ᠪᠤᠲᠠᠲᠠᠢ ᠠᠴᠠ ᠡᠭᠦᠰᠦᠨ᠂ ᠤᠯᠠᠨ ᠡᠳᠡᠭᠡᠳ ᠤᠷᠤᠯᠴᠠᠨ᠂ ᠪᠠᠶᠢᠭᠤᠯᠤᠮᠵᠢ ᠨᠢ ᠲᠡᠭᠦᠯᠳᠡᠷᠵᠢᠭᠰᠡᠨ᠂ ᠬᠠᠷᠢᠯᠴᠠᠨ ᠠᠰᠢᠭᠯᠠᠨ ᠬᠠᠮᠲᠤ ᠪᠠᠷ ᠤᠯᠬᠤ ᠶᠢᠨ ᠰᠢᠨ᠎ᠡ ᠬᠡᠪ ᠮᠠᠶ᠋ᠢᠭ ᠰᠢᠨ᠎ᠡ ᠬᠢᠭᠦ ᠠᠷᠭ᠎ᠠ ᠶᠢ ᠢᠳᠡᠪᠬᠢᠲᠡᠢ ᠰᠦᠪᠡᠭᠴᠢᠯᠡᠨ ᠲᠡᠯᠭᠡᠷᠡᠭᠦᠯᠭᠦ ᠶᠢ ᠵᠤᠷᠢᠭᠵᠢᠭᠤᠯᠤᠨ᠂ ᠲᠤᠭᠳᠠᠮᠠᠯ ᠴᠢᠨᠠᠷ ᠲᠤᠭᠳᠠᠮᠠᠯ ᠬᠡᠮᠵᠢᠶ᠎ᠡ ᠲᠠᠢ ᠵᠠᠳᠠᠯᠤᠨ ᠰᠢᠨᠵᠢᠯᠡᠬᠦ ᠠᠵᠢᠯ ᠤᠨ ᠡᠬᠡ ᠳᠠᠩᠰᠠ ᠶᠢ ᠪᠠᠶᠢᠭᠤᠯᠤᠨ᠂ ᠵᠢᠭᠤᠯᠴᠢᠯᠠᠯ ᠤᠨ ᠶᠠᠳᠠᠭᠤ ᠶᠢ ᠳᠡᠳᠭᠦᠭᠦ ᠠᠵᠢᠯ ᠢ ᠳ᠋ᠦᠩᠨᠡᠨ ᠲᠡᠯᠭᠡᠷᠡᠭᠦᠯᠦᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠳᠡᠳᠭᠦᠭᠦ ᠠᠯᠪᠠᠨ ᠭᠡᠷ ᠲᠤᠰᠢᠶᠠᠯ ᠢᠶᠠᠷ ᠢᠶᠠᠨ ᠠᠵᠢᠯ ᠢᠶᠠᠨ ᠬᠤᠪᠢᠶᠠᠷᠢᠯᠠᠨ ᠬᠠᠷᠢᠭᠤᠴᠠᠨ᠎ᠠ᠃︶             15. ᠠᠰᠢᠭ ᠲᠤᠰᠠ ᠪᠠ ᠪᠠᠶᠢᠭᠤᠯᠤᠮᠵᠢ ᠶᠢᠨ ᠬᠤᠯᠪᠤᠯᠳᠤᠬᠤ ᠶᠢ ᠲᠡᠭᠦᠯᠳᠡᠷᠵᠢᠭᠦᠯᠦᠨ᠎ᠡ             ᠭᠤᠤᠯᠳᠠᠯᠭ᠎ᠠ ᠪᠠᠨ ᠲᠤᠪᠤᠶᠢᠯᠭᠠᠨ᠂ ᠤᠨᠴᠠᠭᠠᠢ ᠶᠠᠳᠠᠭᠤ ᠬᠦᠴᠢᠷᠳᠡᠯ ᠲᠠᠢ ᠭᠠᠵᠠᠷ ᠤᠷᠤᠨ ᠨᠢ ᠵᠢᠭᠤᠯᠴᠢᠯᠠᠯ ᠢᠶᠠᠷ ᠶᠠᠳᠠᠭᠤ ᠶᠢ ᠳᠡᠳᠭᠦᠭᠦ ᠠᠵᠢᠯ ᠢ ᠰᠠᠶᠢᠲᠤᠷ ᠬᠢᠨ᠎ᠡ᠃ ᠤᠯᠠᠨ ᠡᠰᠢ ᠶᠢᠨ ᠠᠰᠢᠭ ᠲᠤᠰᠠ ᠪᠠ ᠪᠠᠶᠢᠭᠤᠯᠤᠮᠵᠢ ᠶᠢᠨ ᠬᠤᠯᠪᠤᠯᠳᠠᠬᠤ ᠶᠢ ᠪᠠᠶᠢᠭᠤᠯᠤᠨ ᠪᠦᠷᠢᠨᠰᠢᠭᠦᠯᠦᠨ᠂ ᠲᠠᠷᠢᠶᠠᠴᠢᠳ ᠲᠤ ᠨᠡᠩ ᠰᠠᠶᠢᠨ ᠵᠢᠭᠤᠯᠴᠢᠯᠠᠯ ᠤᠨ ᠬᠦᠭᠵᠢᠯᠲᠡ ᠶᠢᠨ ᠠᠰᠢᠭ ᠤᠯᠵᠠᠪᠤᠷᠢ ᠶᠢ ᠬᠤᠪᠢᠶᠠᠯᠴᠠᠨ ᠡᠳ᠋ᠯᠡᠭᠦᠯᠵᠤ᠂ ᠲᠠᠷᠢᠶᠠᠴᠢᠳ ᠤᠨ ᠤᠷᠤᠯᠴᠠᠬᠤ ᠴᠢᠨᠠᠷ ᠪᠠ ᠬᠦᠷᠳᠡᠮᠵᠢ ᠶᠢᠨ ᠰᠡᠳᠬᠢᠭᠳᠡᠯ ᠢ ᠳᠡᠭᠡᠭᠰᠢᠯᠡᠭᠦᠯᠦᠨ᠎ᠡ᠃ ᠡᠬᠢ ᠪᠠᠶᠠᠯᠢᠭ ᠢ ᠡᠳ᠋ ᠬᠦᠷᠦᠩᠭᠡ ᠪᠤᠯᠭᠠᠬᠤ᠂ ᠲᠠᠷᠢᠶᠠᠴᠢᠨ ᠢ ᠬᠤᠪᠢ ᠤᠷᠤᠭᠤᠯᠤᠭᠴᠢ ᠪᠤᠯᠭᠠᠬᠤ ᠠᠷᠭ᠎ᠠ ᠬᠡᠮᠵᠢᠶ᠎ᠡ ᠶᠢ ᠰᠦᠪᠡᠭᠴᠢᠯᠡᠨ᠂ ᠲᠤᠰᠬᠤᠨ ᠤ ᠬᠠᠮᠲᠤ ᠨᠡᠶᠢᠲᠡ ᠪᠠ ᠠᠷᠠᠳ ᠢ ᠳᠠᠭᠠᠭᠤᠯᠤᠨ ᠪᠡᠯᠡ ᠮᠦᠩᠭᠦ᠂ ᠮᠡᠷᠭᠡᠵᠢᠯ᠂ ᠭᠠᠵᠠᠷ ᠰᠢᠷᠤᠢ᠂ ᠰᠢᠭᠤᠢ ᠲᠠᠢ ᠭᠠᠵᠠᠷ᠂ ᠭᠡᠷ ᠪᠠᠶᠢᠰᠢᠩ ᠵᠢᠴᠢ ᠬᠦᠳᠡᠭᠡ ᠲᠤᠰᠬᠤᠨ ᠤ ᠵᠢᠭᠤᠯᠴᠢᠯᠠᠯ ᠤᠨ ᠬᠤᠷᠰᠢᠶ᠎ᠠ ᠳᠤ ᠬᠤᠪᠢ ᠤᠷᠤᠭᠤᠯᠤᠨ ᠵᠢᠭᠤᠯᠴᠢᠯᠠᠯ ᠤᠨ ᠠᠵᠤ ᠠᠬᠤᠶᠢᠯᠠᠯ ᠠᠰᠢᠭ ᠬᠦᠷᠲᠡᠨ᠂ ᠠᠵᠤ ᠠᠬᠤᠶᠢᠯᠠᠯ ᠤᠨ ᠪᠠᠲᠤᠯᠭᠠᠲᠤ ᠤᠷᠤᠯᠭ᠎ᠠ ᠬᠤᠪᠢᠶᠠᠬᠤ ᠶᠢ ᠵᠤᠷᠢᠭᠵᠢᠭᠤᠯᠤᠨ᠎ᠠ᠃ ᠶᠠᠳᠠᠭᠤ ᠬᠦᠴᠢᠷᠳᠡᠯ ᠲᠠᠢ ᠭᠠᠵᠠᠷ ᠤᠷᠤᠨ ᠳᠤ ᠨᠢᠭᠡ ᠪᠦᠯᠦᠭ ᠬᠦᠳᠡᠭᠡ ᠲᠤᠰᠬᠤᠨ ᠤ ᠠᠷᠠᠳ ᠤᠨ ᠬᠤᠨᠤᠬᠤ ᠭᠡᠷ ᠢ ᠦᠭᠡᠷᠡᠴᠢᠯᠡᠨ ᠭᠤᠤᠯᠳᠠᠯᠭ᠎ᠠ ᠲᠠᠢ ᠵᠢᠭᠤᠯᠴᠢᠯᠠᠯ ᠢᠶᠠᠷ ᠶᠠᠳᠠᠭᠤ ᠶᠢ ᠳᠡᠳᠭᠦᠭᠦ ᠲᠦᠷᠦᠯ ᠵᠦᠢᠯ ᠪᠤᠯᠭᠠᠨ ᠪᠡᠶᠡᠯᠡᠭᠦᠯᠭᠦ ᠪᠠᠷ ᠳᠠᠮᠵᠢᠨ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠢ ᠤᠲᠤᠷᠢᠳᠤᠨ ᠰᠤᠯᠠ ᠪᠠᠶᠢᠬᠤ ᠭᠡᠷ ᠪᠠᠶᠢᠰᠢᠩ ᠢ ᠨᠢ ᠵᠠᠰᠠᠨ ᠰᠠᠶᠢᠵᠢᠷᠠᠭᠤᠯᠤᠨ᠂ ᠡᠯ᠎ᠡ ᠭᠠᠵᠠᠷ ᠢ ᠵᠢᠯᠤᠭᠤᠳᠤᠨ ᠦᠮᠴᠢᠯᠡᠬᠦ ᠡᠷᠭᠡ ᠨᠢ ᠨᠠᠷᠢᠨ ᠲᠤᠳᠤᠷᠬᠠᠢ ᠰᠠᠭᠤᠷᠢᠨ ᠳᠡᠭᠡᠷ᠎ᠡ ᠶᠠᠳᠠᠭᠤ ᠶᠢ ᠪᠠᠭᠠᠰᠬᠠᠬᠤ ᠪᠦᠲᠦᠮᠵᠢᠲᠡᠢ ᠪᠠᠶᠢᠭᠤᠯᠤᠮᠵᠢ ᠶᠢ ᠪᠠᠶᠢᠭᠤᠯᠤᠨ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠤ ᠠᠰᠢᠭ ᠤᠯᠵᠠᠪᠤᠷᠢ ᠶᠢ ᠨᠡᠮᠡᠭᠳᠡᠭᠦᠯᠦᠨ᠎ᠡ᠃ ᠲᠤᠬᠠᠢ ᠶᠢᠨ ᠭᠠᠵᠠᠷ ᠤᠨ ᠲᠤᠰᠬᠤᠨ ᠤ ᠠᠷᠠᠳ ᠪᠠ ᠨᠤᠲᠤᠭ ᠲᠤ ᠪᠠᠨ ᠪᠤᠴᠠᠭᠰᠠᠨ ᠬᠦᠮᠦᠰ ᠤᠨ ᠦᠢᠯᠡᠰ ᠪᠦᠲᠦᠭᠡᠨ ᠬᠦᠳᠡᠭᠡ ᠲᠤᠰᠬᠤᠨ ᠤ ᠵᠢᠭᠤᠯᠴᠢᠯᠠᠯ ᠤᠨ ᠡᠵᠡᠩᠨᠡᠯᠲᠡ ᠪᠠ ᠦᠢᠯᠡᠴᠢᠯᠡᠭᠡᠨ ᠳᠤ ᠤᠷᠤᠯᠴᠠᠬᠤ ᠶᠢ ᠳᠡᠮᠵᠢᠨ᠎ᠡ᠃ ᠬᠦᠳᠡᠭᠡ ᠲᠤᠰᠬᠤᠨ ᠤ ᠵᠢᠭᠤᠯᠴᠢᠯᠠᠯ ᠤᠨ ᠠᠵᠤ ᠠᠬᠤᠶᠢᠯᠠᠯ ᠢ ᠵᠤᠷᠢᠭᠵᠢᠭᠤᠯᠤᠨ ᠤᠷᠢᠳᠠ ᠪᠠᠷ ᠲᠤᠬᠠᠢ ᠶᠢᠨ ᠭᠠᠵᠠᠷ ᠤᠨ ᠲᠤᠰᠬᠤᠨ ᠤ ᠠᠷᠠᠳ ᠲᠤ ᠪᠠᠨ ᠠᠵᠢᠯ ᠤᠯᠭᠤᠨ᠎ᠠ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠳᠡᠳᠭᠦᠭᠦ ᠠᠯᠪᠠᠨ ᠭᠡᠷ ᠲᠤᠰᠢᠶᠠᠯ ᠢᠶᠠᠷ ᠢᠶᠠᠨ ᠠᠵᠢᠯ ᠢᠶᠠᠨ ᠬᠤᠪᠢᠶᠠᠷᠢᠯᠠᠨ ᠬᠠᠷᠢᠭᠤᠴᠠᠨ᠎ᠠ᠃︶             ᠲᠤᠯᠤᠭ᠎ᠠ᠂ ᠪᠡᠯᠡ ᠮᠦᠩᠬᠦ ᠶᠢᠨ ᠡᠬᠢ ᠪᠠᠶᠠᠯᠢᠭ ᠢ ᠨᠢᠭᠡᠳᠦᠭᠦᠯᠦᠨ᠂ ᠦᠨᠳᠦᠰᠦᠨ ᠨᠦᠬᠦᠴᠡᠯ ᠤᠨ ᠪᠠᠲᠤᠯᠭ᠎ᠠ ᠶᠢ ᠴᠢᠩᠭᠠᠷᠠᠭᠤᠯᠤᠨ᠎ᠠ             16. ᠡᠳ᠋ ᠤᠨ ᠵᠠᠰᠠᠭ ᠤᠨ ᠪᠡᠯᠡ ᠤᠷᠤᠭᠤᠯᠬᠤ ᠪᠠᠶᠢᠭᠤᠯᠤᠮᠵᠢ ᠶᠢ ᠲᠡᠭᠦᠯᠲᠡᠷᠵᠢᠭᠦᠯᠦᠨ᠎ᠡ             ᠬᠦᠳᠡᠭᠡ ᠲᠤᠰᠬᠤᠨ ᠳᠤ ᠵᠢᠭᠤᠯᠴᠢᠯᠠᠯ ᠤᠨ ᠲᠦᠷᠦᠯ ᠵᠦᠢᠯ ᠤᠨ ᠪᠡᠯᠡ ᠮᠦᠩᠬᠦ ᠶᠢᠨ ᠲᠡᠮᠵᠢᠬᠦ ᠬᠦᠴᠦᠨ ᠢ ᠶᠡᠭᠡᠰᠬᠡᠨ ᠨᠦᠬᠦᠴᠡᠯ ᠱᠠᠭᠠᠷᠳᠠᠯᠭ᠎ᠠ ᠲᠠᠢ ᠭᠠᠵᠠᠷ ᠤᠷᠤᠨ ᠤ ᠤᠲᠤ ᠪᠠᠶᠢᠭ᠎ᠠ ᠪᠡᠯᠡ ᠮᠦᠩᠬᠦ ᠶᠢᠨ ᠠᠷᠭ᠎ᠠ ᠵᠠᠮ ᠶᠢᠨ ᠨᠢᠭᠡᠲᠦᠯᠲᠠᠢ ᠲᠦᠯᠦᠪᠵᠢᠭᠦᠯᠦᠨ ᠠᠰᠢᠭᠯᠠᠬᠤ ᠶᠢ ᠵᠤᠷᠢᠭᠵᠢᠭᠤᠯᠤᠨ᠂ ᠲᠤᠰᠬᠤᠨ ᠤ ᠪᠠᠨ ᠵᠢᠰᠤ ᠪᠠᠶᠢᠳᠠᠯ ᠢ ᠳᠡᠭᠡᠭᠰᠢᠯᠡᠭᠦᠯᠬᠦ ᠶᠢ ᠢᠳᠡᠭᠬᠢᠲᠠᠢ ᠳᠡᠮᠵᠢᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠤᠰᠬᠤᠨ ᠤ ᠵᠠᠮ᠂ ᠲᠡᠷᠭᠡᠨ ᠵᠤᠭᠰᠤᠭᠠᠯ᠂ ᠵᠤᠷᠯᠤᠩ᠂ ᠬᠤᠭ ᠨᠤᠪᠰᠢ ᠪᠤᠵᠠᠷ ᠤᠰᠤ ᠶᠢ ᠰᠢᠢᠳᠪᠦᠷᠢᠯᠡᠬᠦ ᠵᠡᠷᠭᠡ ᠰᠠᠭᠤᠷᠢ ᠦᠢᠯᠡᠴᠢᠯᠡᠭᠡᠨ ᠤ ᠲᠦᠭᠦᠭᠡᠷᠦᠮᠵᠢ ᠶᠢ ᠰᠠᠶᠢᠵᠢᠷᠠᠭᠤᠯᠤᠨ᠎ᠠ᠃ ᠲᠤᠭᠳᠠᠭᠠᠯ ᠶᠤᠰᠤ ᠪᠠᠷ ᠨᠢᠭᠡᠲᠦᠯᠲᠠᠢ ᠲᠦᠯᠦᠪᠵᠢᠭᠦᠯᠦᠭᠰᠡᠨ ᠬᠠᠮᠢᠶ᠎ᠠ ᠪᠦᠬᠦᠢ ᠲᠠᠷᠢᠶᠠᠯᠠᠩ ᠪᠠ ᠬᠦᠳᠡᠭᠡ ᠲᠤᠰᠬᠤᠨ ᠤ ᠵᠢᠭᠤᠯᠴᠢᠯᠠᠯ ᠢ ᠬᠦᠮᠦᠵᠢᠭᠦᠯᠦᠨ ᠬᠦᠭᠵᠢᠭᠦᠯᠬᠦ ᠳᠤ ᠬᠡᠷᠡᠭᠯᠡᠵᠦ ᠪᠤᠯᠤᠨ᠎ᠠ᠃ ︵ᠡᠳ᠋ ᠤᠨ ᠵᠠᠰᠠᠭ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ ᠲᠤᠰᠢᠶᠠᠯ ᠢᠶᠠᠷ ᠢᠶᠠᠨ ᠠᠵᠢᠯ ᠢᠶᠠᠨ ᠬᠤᠪᠢᠶᠠᠷᠢᠯᠠᠨ ᠬᠠᠷᠢᠭᠤᠴᠠᠨ᠎ᠠ᠃︶             17᠂ ᠬᠡᠷᠡᠭᠯᠡᠬᠦ ᠭᠠᠵᠠᠷ ᠤᠨ ᠪᠠᠲᠤᠯᠠᠭ᠎ᠠ ᠶᠢ ᠴᠢᠩᠭᠠᠷᠠᠭᠤᠯᠤᠨ᠎ᠠ             ᠡᠯ᠎ᠡ ᠭᠠᠵᠠᠷ ᠨᠢ ᠬᠦᠳᠡᠭᠡ ᠲᠤᠰᠬᠤᠨ ᠤ ᠵᠢᠭᠤᠯᠴᠢᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠨᠤᠲᠤᠭ ᠲᠡᠪᠢᠰᠭᠡᠷ ᠤᠨ ᠤᠷᠤᠨ ᠵᠠᠢ ᠶᠢᠨ ᠲᠦᠯᠦᠪᠵᠢᠭᠦᠯᠬᠡ ᠪᠠ ᠭᠠᠵᠠᠷ ᠲᠠᠷᠢᠶ᠎ᠠ ᠶᠢ ᠠᠰᠢᠭᠯᠠᠬᠤ ᠵᠢᠯ ᠤᠨ ᠲᠦᠯᠦᠪᠯᠡᠭᠡ ᠳᠤ ᠪᠠᠨ ᠤᠷᠤᠭᠤᠯᠤᠨ ᠨᠢᠭᠡᠲᠦᠯᠲᠠᠢ ᠲᠦᠯᠦᠪᠵᠢᠭᠦᠯᠦᠨ ᠲᠤᠬᠢᠷᠠᠭᠤᠯᠬᠤ ᠬᠡᠷᠡᠭᠲᠠᠢ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠱᠠᠭᠠᠷᠳᠠᠯᠭ᠎ᠠ ᠪᠠ ᠬᠠᠮᠢᠶ᠎ᠠ ᠪᠦᠬᠦᠢ ᠲᠤᠭᠳᠠᠭᠠᠯ ᠶᠤᠰᠤ ᠪᠠᠷ ᠬᠦᠳᠡᠭᠡ ᠲᠤᠰᠬᠤᠨ ᠤ ᠰᠤᠯᠠ ᠪᠠᠶᠢᠬᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠬᠢ ᠰᠤᠷᠪᠤᠯᠵᠢ ᠶᠢ ᠠᠮᠢᠲᠤᠯᠢᠭ ᠪᠤᠯᠭᠠᠨ᠂ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠨᠡᠮᠡᠭᠳᠡᠯ ᠬᠠᠰᠤᠭᠳᠠᠯ ᠲᠠᠢ ᠬᠤᠯᠪᠤᠬᠤ ᠶᠢ ᠦᠷᠨᠢᠭᠦᠯᠦᠨ᠂ ᠪᠦᠲᠦᠭᠡᠨ ᠪᠠᠶᠢᠭᠤᠯᠤᠯᠲᠠ ᠶᠢ ᠰᠠᠶᠢᠵᠢᠷᠠᠭᠤᠯᠤᠨ ᠂ ᠰᠡᠯᠡᠭᠦᠴᠡᠯ ᠲᠠᠷᠢᠶᠠᠯᠠᠩ ᠪᠠ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢ ᠠᠬᠢᠭᠤᠯᠤᠨ᠂ ᠭᠠᠵᠠᠷ ᠲᠠᠷᠢᠶ᠎ᠠ ᠶᠢ ᠭᠠᠮᠨᠠᠬᠤ᠂ ᠡᠷᠴᠢᠮᠯᠡᠬᠦ᠂ ᠠᠰᠢᠭᠯᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠷᠬᠢᠯᠲᠡ ᠶᠢᠨ ᠬᠡᠯᠪᠡᠷᠢ ᠪᠠᠷ ᠳᠠᠮᠵᠢᠨ ᠲᠡᠥᠬᠡ ᠶᠢᠨ ᠲᠤᠷᠠᠰᠬᠠᠯᠲᠤ ᠵᠦᠢᠯᠡᠰ ᠤᠨ ᠪᠠᠷᠢᠯᠭ᠎ᠠ ᠳᠤ ᠬᠠᠮᠢᠶᠠᠳᠠᠬᠤ ᠲᠠᠷᠢᠶᠠᠴᠢᠳ ᠤᠨ ᠭᠡᠷ ᠪᠠᠶᠢᠰᠢᠩ ᠵᠢᠴᠢ ᠤᠷᠤᠨ ᠰᠠᠭᠤᠴᠠ ᠶᠢᠨ ᠰᠠᠭᠤᠷᠢ ᠶᠢᠨ ᠡᠳ᠋ᠯᠡᠬᠦ ᠡᠷᠭᠡ ᠶᠢ ᠤᠯᠵᠤ᠂ ᠨᠢᠭᠡᠲᠦᠯᠲᠠᠢ ᠬᠠᠮᠠᠭᠠᠯᠠᠨ ᠨᠡᠭᠡᠭᠡᠨ ᠠᠰᠢᠭᠯᠠᠬᠤ ᠶᠢ ᠵᠤᠷᠢᠭᠵᠢᠭᠤᠯᠤᠨ᠎ᠠ᠃ ᠲᠠᠷᠢᠶᠠᠴᠢᠳ ᠤᠨ ᠤᠷᠤᠨ ᠰᠠᠭᠤᠴᠠ ᠶᠢᠨ ᠰᠠᠭᠤᠷᠢ ᠶᠢᠨ ᠪᠤᠳᠠᠰ ᠤᠨ ᠡᠷᠭᠡ ᠶᠢᠨ ᠠᠰᠢᠭ ᠢ ᠭᠦᠢᠴᠡᠳ ᠪᠠᠲᠤᠯᠠᠬᠤ ᠤᠷᠢᠳᠠᠯ ᠲᠤᠤᠷ᠎ᠠ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠶᠢᠯᠠᠯ ᠤᠨ ᠵᠤᠬᠢᠶᠠᠨ ᠪᠠᠶᠢᠭᠤᠯᠤᠯᠲᠠ ᠨᠢ ᠲᠦᠷᠢᠶᠡᠰᠤᠯᠡᠭᠦᠯᠬᠦ᠂ ᠬᠤᠪᠢ ᠤᠷᠤᠬᠤ᠂ ᠬᠤᠷᠰᠢᠬᠤ ᠵᠡᠷᠭᠡ ᠬᠡᠯᠪᠡᠷᠢ ᠪᠠᠷ ᠰᠤᠯᠠ ᠪᠠᠶᠢᠬᠤ ᠤᠷᠤᠨ ᠰᠠᠭᠤᠴᠠ ᠶᠢᠨ ᠰᠠᠭᠤᠷᠢ ᠪᠠ ᠲᠠᠷᠢᠶᠠᠴᠢᠨ ᠤ ᠭᠡᠷ ᠪᠠᠶᠢᠰᠢᠩ ᠢ ᠠᠮᠢᠲᠤᠯᠢᠭ ᠠᠰᠢᠭᠯᠠᠬᠤ ᠶᠢ ᠰᠦᠪᠡᠭᠴᠢᠯᠡᠨ᠂ ᠲᠦᠯᠦᠪᠵᠢᠭᠦᠯᠬᠡ ᠶᠢᠨ ᠱᠠᠭᠠᠷᠳᠠᠯᠭ᠎ᠠ ᠪᠠ ᠬᠡᠷᠡᠭᠯᠡᠬᠦ ᠭᠠᠵᠠᠷ ᠤᠨ ᠪᠠᠷᠢᠮᠵᠢᠶ᠎ᠠ ᠪᠠᠷ ᠬᠦᠳᠡᠭᠡ ᠲᠤᠰᠬᠤᠨ ᠤ ᠵᠢᠭᠤᠯᠴᠢᠯᠠᠯ ᠤᠨ ᠬᠦᠯᠢᠶᠡᠨ ᠵᠤᠴᠢᠯᠠᠬᠤ ᠪᠠ ᠬᠦᠳᠡᠯᠭᠡᠭᠡᠨ ᠬᠢᠬᠦ ᠭᠠᠵᠠᠷ ᠢ ᠰᠢᠨᠡᠳᠬᠡᠨ ᠵᠠᠰᠠᠵᠤ ᠪᠠᠶᠢᠭᠤᠯᠤᠨ᠎ᠠ᠃ ᠲᠡᠥᠬᠡ ᠶᠢᠨ ᠦᠯᠡᠳᠡᠭᠳᠡᠯ ᠦᠢᠯᠡᠳᠪᠦᠷᠢ ᠠᠭᠤᠷᠬᠠᠢ ᠶᠢᠨ ᠬᠠᠶᠠᠭᠳᠠᠯ ᠤᠨ ᠭᠠᠵᠠᠷ ᠢ ᠲᠠᠬᠢᠨ ᠠᠰᠢᠭᠯᠠᠬᠤ ᠶᠢ ᠲᠠᠮᠵᠢᠨ ᠠᠭᠯᠠᠭ ᠲᠠᠩ ᠵᠡᠷᠭᠡ ᠠᠰᠢᠭᠯᠠᠭᠠᠲᠤᠢ ᠭᠠᠵᠠᠷ ᠢ ᠬᠦᠳᠡᠭᠡ ᠲᠤᠰᠬᠤᠨ ᠤ ᠵᠢᠭᠤᠯᠴᠢᠯᠠᠯ ᠤᠨ ᠭᠠᠵᠠᠷ ᠪᠤᠯᠭᠠᠨ ᠨᠡᠭᠡᠭᠡᠨ᠎ᠡ᠃ ︵ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠷᠤᠨ ᠰᠠᠭᠤᠴᠠ ᠬᠤᠳᠠ ᠬᠦᠳᠡᠭᠡ᠂ ᠠᠮᠢ ᠠᠬᠤᠢ ᠤᠷᠴᠢᠨ ᠲᠤᠭᠤᠷᠢᠨ ᠤ ᠶᠠᠮᠤᠨ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ ᠲᠤᠰᠢᠶᠠᠯ ᠢᠶᠠᠷ ᠢᠶᠠᠨ ᠠᠵᠢᠯ ᠢᠶᠠᠨ ᠬᠤᠪᠢᠶᠠᠷᠢᠯᠠᠨ ᠬᠠᠷᠢᠭᠤᠴᠠᠨ᠎ᠠ᠃︶             18᠂ ᠮᠦᠩᠭᠦᠨ ᠭᠦᠢᠯᠭᠡᠭᠡ ᠶᠢᠨ ᠲᠡᠮᠵᠢᠯᠭᠡ ᠶᠢ ᠴᠢᠩᠭᠠᠳᠬᠠᠨ᠎ᠠ             ᠮᠦᠩᠭᠦᠨ ᠭᠦᠢᠯᠭᠡᠭᠡ ᠶᠢᠨ ᠪᠠᠶᠢᠭᠤᠯᠤᠮᠵᠢ ᠶᠢᠨ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠳᠤ ᠵᠢᠭᠡᠯᠡᠯᠭᠡ ᠶᠢᠨ ᠳᠡᠮᠵᠢᠯᠭᠡ ᠬᠠᠩᠭᠠᠬᠤ ᠶᠢ ᠵᠤᠷᠢᠭᠵᠢᠭᠤᠯᠤᠨ᠂ ᠮᠦᠩᠭᠦᠨ ᠭᠦᠢᠯᠭᠡᠭᠡ ᠶᠢᠨ ᠦᠢᠯᠡᠳᠭᠦᠨ ᠤ ᠰᠢᠨ᠎ᠡ ᠶᠢ ᠡᠭᠦᠳᠦᠨ᠂ ᠵᠢᠭᠡᠯᠡᠯᠭᠡ ᠶᠢᠨ ᠬᠤᠷᠢᠭ᠎ᠠ ᠶᠢ ᠪᠠᠭᠤᠷᠠᠭᠤᠯᠤᠨ᠂ ᠵᠢᠭᠡᠯᠡᠯᠭᠡ ᠶᠢᠨ ᠭᠠᠷ ᠭᠦᠢᠴᠡᠳᠭᠡᠯ ᠢ ᠲᠦᠭᠦᠮᠴᠢᠯᠡᠨ᠂ ᠢᠲᠡᠭᠡᠮᠵᠢᠲᠦ ᠵᠢᠭᠡᠯᠡᠯᠭᠡ ᠲᠠᠯᠪᠢᠬᠤ ᠬᠦᠴᠦᠯᠡᠴᠠ ᠪᠠᠨ ᠶᠡᠬᠡᠰᠬᠡᠨ ᠬᠦᠳᠡᠭᠡ ᠲᠤᠰᠬᠤᠨ ᠤ ᠵᠢᠭᠤᠯᠴᠢᠯᠠᠯ ᠤᠨ ᠬᠦᠲᠦᠴᠢ ᠠᠵᠤ ᠠᠬᠤᠶᠢᠯᠠᠯ ᠤᠨ ᠬᠦᠭᠵᠢᠯᠲᠡ ᠳᠤ ᠲᠤᠰᠠᠯᠠᠨ᠎ᠠ᠃ ᠬᠠᠤᠯᠢ ᠶᠤᠰᠤ ᠪᠠᠷ ᠲᠤᠭᠳᠠᠭᠠᠯ ᠳᠤ ᠨᠡᠶᠢᠴᠡᠭᠰᠡᠨ ᠬᠦᠳᠡᠭᠡ ᠲᠤᠰᠬᠤᠨ ᠤ ᠳᠠᠭᠠᠭᠠᠴᠢᠯᠠᠭᠰᠠᠨ ᠭᠠᠵᠠᠷ ᠲᠠᠷᠢᠶ᠎ᠠ ᠶᠢᠨ ᠡᠵᠡᠩᠨᠡᠨ ᠬᠠᠮᠢᠶᠠᠷᠬᠤ ᠡᠷᠭᠡ᠂ ᠲᠠᠷᠢᠶᠠᠴᠢᠳ ᠤᠨ ᠤᠷᠤᠨ ᠰᠠᠭᠤᠴᠠ ᠶᠢᠨ ᠡᠳ᠋ ᠬᠦᠷᠦᠩᠭᠡ ᠶᠢᠨ ᠡᠷᠭᠡ ᠪᠠᠨ ᠪᠠᠷᠢᠴᠠᠭᠠᠯᠠᠨ ᠵᠢᠭᠡᠯᠡᠯᠭᠡ ᠵᠢᠭᠡᠯᠡᠬᠦ ᠲᠤᠬᠠᠶᠢᠯᠠᠭᠰᠠᠨ ᠠᠵᠢᠯ ᠢ ᠠᠬᠢᠭᠤᠯᠤᠨ᠂ ᠬᠠᠮᠲᠤ ᠶᠢᠨ ᠤᠢ ᠰᠢᠭᠤᠢ ᠶᠢᠨ ᠦᠮᠴᠢᠯᠡᠬᠦ ᠡᠷᠭᠡ ᠪᠠᠨ ᠪᠠᠷᠢᠴᠠᠭᠠᠯᠠᠨ ᠵᠢᠭᠡᠯᠡᠯᠭᠡ ᠠᠪᠬᠤ᠂ ᠵᠢᠭᠤᠯᠴᠢᠯᠠᠯ ᠤᠨ ᠡᠭᠦᠳᠡᠨ ᠪᠧᠯᠲ ᠤᠨ ᠠᠰᠢᠭ ᠤᠯᠵᠠᠪᠤᠷᠢ ᠪᠠᠨ ᠪᠠᠷᠢᠴᠠᠭᠠᠯᠠᠨ ᠵᠢᠭᠡᠯᠡᠯᠭᠡ ᠠᠪᠬᠤ ᠲᠤᠬᠠᠶᠢᠯᠠᠭᠰᠠᠨ ᠠᠵᠢᠯ ᠢ ᠢᠳᠡᠪᠬᠢᠲᠠᠢ ᠠᠬᠢᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠡᠬᠡ ᠮᠦᠩᠬᠦ ᠪᠠᠨ ᠨᠡᠶᠢᠯᠡᠭᠦᠯᠬᠦ ᠬᠡᠪᠴᠢᠶ᠎ᠡ ᠶᠢ ᠦᠷᠭᠡᠳᠬᠡᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠡᠵᠡᠩᠨᠡᠨ ᠬᠠᠮᠢᠶᠠᠷᠤᠯᠲᠠ ᠶᠢᠨ ᠡᠷᠦᠬᠡ ᠶᠢᠨ ᠪᠠᠭ᠎ᠠ ᠲᠤᠭ᠎ᠠ ᠶᠢᠨ ᠵᠢᠭᠡᠯᠡᠯᠭᠡ ᠠᠪᠬᠤ ᠪᠠᠷ ᠳᠠᠮᠵᠢᠨ ᠡᠬᠡ ᠮᠦᠩᠭᠦ ᠪᠠᠨ ᠨᠡᠶᠢᠯᠡᠭᠦᠯᠬᠦ ᠶᠢ ᠳᠠᠭᠠᠳᠬᠠᠯ ᠢᠶᠠᠷ ᠪᠠᠲᠤᠯᠠᠭᠤᠯᠤᠨ᠎ᠠ᠃ ᠳᠠᠭᠠᠳᠬᠠᠯ ᠤᠨ ᠦᠢᠯᠡᠰ ᠤᠨ ᠬᠦᠳᠡᠭᠡ ᠲᠤᠰᠬᠤᠨ ᠤ ᠵᠢᠭᠤᠯᠴᠢᠯᠠᠯ ᠲᠡᠶᠢᠰᠢ ᠰᠤᠩᠭᠠᠨ ᠤᠲᠤᠷᠢᠳᠬᠤ ᠶᠢ ᠵᠤᠷᠢᠭᠵᠢᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠳᠠᠭᠠᠳᠬᠠᠯ ᠤᠨ ᠦᠢᠯᠡᠳᠭᠦᠨ ᠢ ᠰᠦᠪᠡᠭᠴᠢᠯᠡᠨ ᠳᠡᠮᠵᠢᠨ᠎ᠡ᠃ ︵ᠡᠳ᠋ ᠤᠨ ᠵᠠᠰᠠᠭ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠠᠷᠠᠳ ᠤᠨ ᠪᠠᠩᠬᠢ᠂ ᠪᠠᠩᠬᠢ ᠪᠠᠲᠤᠯᠠᠨ ᠬᠠᠮᠠᠭᠠᠯᠠᠯᠲᠠ ᠶᠢᠨ ᠶᠠᠮᠤᠨ ᠲᠤᠰᠢᠶᠠᠯ ᠢᠶᠠᠷ ᠢᠶᠠᠨ ᠠᠵᠢᠯ ᠢᠶᠠᠨ ᠬᠤᠪᠢᠶᠠᠷᠢᠯᠠᠨ ᠬᠠᠷᠢᠭᠤᠴᠠᠨ᠎ᠠ᠃︶             19᠂ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ             ᠬᠦᠳᠡᠭᠡ ᠲᠤᠰᠬᠤᠨ ᠤ ᠵᠢᠭᠤᠯᠴᠢᠯᠠᠯ ᠢ ᠰᠢᠶᠠᠩ ᠲᠤᠰᠬᠤᠨ ᠢ ᠬᠦᠭᠵᠢᠭᠦᠯᠬᠦ᠂ ᠡᠯ᠎ᠡ ᠱᠠᠲᠤᠨ ᠤ ᠺᠠᠳ᠋ᠷ ᠤᠨ ᠪᠤᠯᠪᠠᠰᠤᠷᠠᠯ ᠤᠨ ᠲᠦᠯᠦᠪᠯᠡᠭᠡ ᠳᠤ ᠤᠷᠤᠭᠤᠯᠤᠨ᠂ ᠰᠢᠶᠠᠨ᠂ ᠰᠢᠶᠠᠩ ᠪᠠᠯᠭᠠᠰᠤ ᠶᠢᠨ ᠨᠠᠮ ᠵᠠᠰᠠᠭ ᠤᠨ ᠤᠲᠤᠷᠢᠳᠤᠯᠭ᠎ᠠ ᠶᠢᠨ ᠬᠦᠳᠡᠭᠡ ᠲᠤᠰᠬᠤᠨ ᠤ ᠵᠢᠭᠤᠯᠴᠢᠯᠠᠯ ᠢ ᠬᠦᠭᠵᠢᠭᠦᠯᠬᠦ ᠲᠤᠰᠬᠠᠢ ᠰᠡᠲᠤᠪᠲᠤ ᠪᠤᠯᠪᠠᠰᠤᠷᠠᠯ᠂ ᠬᠢᠨᠠᠨ ᠰᠤᠷᠭᠠᠯᠲᠠ ᠶᠢ ᠭᠡᠷ ᠲᠤ ᠨᠢ ᠬᠦᠷᠭᠡᠬᠦ᠂ ᠨᠢᠭᠡ ᠨᠢᠭᠡ ᠡᠷᠦᠬᠡ ᠪᠷ ᠶᠠᠳᠠᠭᠤ ᠶᠢ ᠳᠡᠳᠭᠦᠭᠦ ᠵᠡᠷᠭᠡ ᠬᠡᠯᠪᠡᠷᠢ ᠪᠠᠷ ᠳᠠᠮᠵᠢᠨ᠂ ᠤᠯᠠᠨ ᠲᠠᠪᠬᠤᠷᠭᠠᠲᠤ᠂ ᠤᠯᠠᠨ ᠠᠷᠭ᠎ᠠ ᠵᠠᠮ ᠢᠶᠠᠷ ᠬᠦᠳᠡᠭᠡ ᠲᠤᠰᠬᠤᠨ ᠤ ᠵᠢᠭᠤᠯᠴᠢᠯᠠᠯ ᠤᠨ ᠪᠤᠯᠪᠠᠰᠤᠷᠠᠯ ᠢ ᠦᠷᠨᠢᠭᠦᠯᠦᠨ᠎ᠡ᠃ ᠡᠯ᠎ᠡ ᠱᠠᠲᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠲᠠᠷᠢᠶᠠᠯᠠᠩ ᠬᠦᠳᠡᠭᠡ ᠲᠤᠰᠬᠤᠨ᠂ ᠰᠤᠶᠤᠯ ᠪᠠ ᠵᠢᠭᠤᠯᠴᠢᠯᠠᠯ᠂ ᠶᠠᠳᠠᠭᠤ ᠶᠢ ᠳᠡᠳᠭᠦᠭᠦ ᠵᠡᠷᠭᠡ ᠰᠠᠯᠠᠭ᠎ᠠ ᠮᠦᠴᠢᠷ ᠨᠢ ᠬᠦᠳᠡᠭᠡ ᠲᠤᠰᠬᠤᠨ ᠤ ᠵᠢᠭᠤᠯᠴᠢᠯᠠᠯ ᠤᠨ ᠴᠢᠳᠠᠪᠤᠷᠢᠳᠠᠨ ᠢ ᠬᠦᠮᠦᠵᠢᠭᠦᠯᠬᠦ ᠶᠢ ᠪᠤᠯᠪᠠᠰᠤᠷᠠᠯ ᠤᠨ ᠲᠦᠯᠦᠪᠯᠡᠭᠡ ᠳᠤ ᠪᠠᠨ ᠤᠷᠤᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ ᠢ ᠬᠠᠮᠢᠶᠠᠷᠤᠭᠴᠢ᠂ ᠦᠢᠯᠡᠴᠢᠯᠡᠭᠴᠢ ᠳᠤ ᠪᠠᠨ ᠴᠢᠳᠠᠪᠤᠷᠢ ᠶᠢᠨ ᠪᠤᠯᠪᠠᠰᠤᠷᠠᠯ ᠬᠢᠵᠤ᠂ ᠪᠦᠲᠦᠴᠠ ᠨᠢ ᠵᠤᠬᠢᠰᠲᠠᠢ ᠬᠡᠪ ᠴᠢᠨᠠᠷ ᠢᠶᠠᠷ ᠨᠡᠯᠢᠶᠡᠳ ᠦᠨᠲᠦᠷ ᠬᠦᠳᠡᠭᠡ ᠲᠤᠰᠬᠤᠨ ᠤ ᠵᠢᠭᠤᠯᠴᠢᠯᠠᠯ ᠤᠨ ᠵᠢᠭᠤᠯᠴᠢᠨ ᠢ ᠤᠯᠠᠰᠢᠷᠠᠭᠤᠯᠬᠤ ᠠᠵᠢᠯᠯᠠᠭᠠᠨ ᠢ ᠦᠷᠨᠢᠭᠦᠯᠵᠦ᠂ ᠶᠡᠭᠡ ᠰᠤᠷᠭᠠᠭᠤᠯᠢ ᠶᠢᠨ ᠤᠶᠤᠳᠠᠨ᠂ ᠰᠤᠶᠤᠯ ᠤᠷᠠᠯᠢᠭ ᠤᠨ ᠴᠢᠳᠠᠪᠤᠷᠢᠲᠠᠨ᠂ ᠲᠤᠰᠬᠠᠢ ᠮᠡᠷᠭᠡᠵᠢᠯ ᠤᠨ ᠬᠦᠮᠦᠰ᠂ ᠵᠠᠯᠠᠭᠤᠴᠤᠳ ᠤᠨ ᠦᠢᠯᠡᠰ ᠪᠦᠲᠦᠭᠡᠬᠦ ᠪᠦᠯᠬᠦᠮ ᠵᠡᠷᠭᠡ ᠡᠯ᠎ᠡ ᠲᠦᠷᠦᠯ ᠤᠨ ︽ᠵᠢᠭᠤᠯᠴᠢᠨ ᠢ ᠤᠯᠠᠰᠢᠷᠠᠭᠤᠯᠬᠤ︾᠎ ᠶᠢ ᠵᠤᠬᠢᠶᠠᠨ ᠪᠠᠶᠢᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠳᠤ ᠪᠡᠶ᠎ᠡ ᠪᠠᠷ ᠪᠠᠨ ᠤᠷᠤᠯᠴᠠᠨ᠂ ᠴᠢᠳᠠᠪᠤᠷᠢᠳᠠᠨ ᠤ ᠬᠦᠳᠡᠭᠡ ᠲᠤᠰᠬᠤᠨ ᠵᠦᠭ ᠰᠢᠯᠵᠢᠬᠦ ᠶᠢ ᠠᠬᠢᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠴᠢᠳᠠᠪᠤᠷᠢᠳᠠᠨ ᠤ ᠪᠦᠲᠦᠴᠠ ᠶᠢ ᠰᠠᠶᠢᠵᠢᠷᠠᠭᠤᠯᠤᠨ᠎ᠠ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠳᠡᠳᠭᠦᠭᠦ ᠠᠯᠪᠠᠨ ᠭᠡᠷ ᠲᠤᠰᠢᠶᠠᠯ ᠢᠶᠠᠷ ᠢᠶᠠᠨ ᠠᠵᠢᠯ ᠢᠶᠠᠨ ᠬᠤᠪᠢᠶᠠᠷᠢᠯᠠᠨ ᠬᠠᠷᠢᠭᠤᠴᠠᠨ᠎ᠠ᠃︶             ᠡᠯ᠎ᠡ ᠭᠠᠵᠠᠷ ᠤᠷᠤᠨ ᠤ ᠡᠯ᠎ᠡ ᠰᠠᠯᠠᠭ᠎ᠠ ᠮᠦᠴᠢᠷ ᠨᠢ ᠬᠦᠳᠡᠭᠡ ᠲᠤᠰᠬᠤᠨ ᠤ ᠵᠢᠭᠤᠯᠴᠢᠯᠠᠯ ᠤᠨ ᠦᠷᠭᠦᠯᠵᠢᠯᠡᠵᠦ ᠪᠤᠯᠬᠤᠶᠢᠴᠠ᠂ ᠶᠠᠰᠤ ᠴᠢᠨᠠᠷ ᠰᠠᠶᠢᠲᠠᠢ ᠬᠦᠭᠵᠢᠯᠲᠡ ᠪᠠᠷ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠡᠶᠡᠯᠡᠭᠦᠯᠬᠦ ᠴᠢᠬᠤᠯᠠ ᠠᠵᠢᠯᠯᠠᠭ᠎ᠠ ᠪᠤᠯᠭᠠᠨ᠂ ᠬᠦᠳᠡᠭᠡ ᠲᠤᠰᠬᠤᠨ ᠤ ᠵᠢᠭᠤᠯᠴᠢᠯᠠᠯ ᠢ ᠬᠦᠭᠵᠢᠭᠦᠯᠬᠦ ᠠᠵᠢᠯ ᠢ ᠨᠢᠭᠡᠲᠦᠯᠲᠠᠢ ᠲᠦᠯᠦᠪᠵᠢᠭᠦᠯᠦᠨ ᠪᠤᠲᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠨᠠᠶᠢᠳᠠᠪᠤᠷᠢᠵᠢᠭᠤᠯᠬᠤ ᠪᠠ ᠪᠡᠶᠡᠯᠡᠭᠦᠯᠬᠦ ᠲᠦᠰᠦᠯ ᠢ ᠭᠠᠷᠭᠠᠨ᠂ ᠰᠠᠯᠠᠭ᠎ᠠ ᠮᠦᠴᠢᠷ ᠤᠳ ᠠᠵᠢᠯ ᠤᠨ ᠲᠤᠰᠢᠶᠠᠯ ᠢ ᠲᠤᠲᠤ ᠪᠤᠯᠭᠠᠨ ᠪᠠᠶᠢᠴᠠᠭᠠᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠭᠦᠭᠵᠢᠯᠲᠡ ᠶᠢᠨ ᠬᠦᠴᠦᠷᠭᠡᠭ ᠶᠡᠭᠡ ᠬᠦᠴᠦᠨ ᠤ ᠬᠠᠮᠲᠦᠷᠠᠯ ᠤᠨ ᠪᠦᠷᠢᠯᠲᠦᠬᠦ ᠶᠢ ᠠᠬᠢᠭᠤᠯᠤᠨ᠂ ᠡᠯ᠎ᠡ ᠲᠦᠷᠦᠯ ᠤᠨ ᠡᠭᠦᠷᠭᠡ ᠪᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠦᠯᠬᠢᠨ ᠤᠷᠤᠭᠰᠢᠯᠠᠭᠤᠯᠤᠨ᠎ᠠ᠃                                          
 
ᠢᠷᠡᠯᠲᠡ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号