ᠠᠯᠠᠱᠠ ᠵᠡᠭᠦᠨ ᠬᠤᠰᠢᠭᠤᠨ ᠤ ᠰᠣᠶᠣᠯ ᠪᠠ  ᠵᠢᠭᠤᠯᠴᠢᠯᠠᠯ ᠤᠨ ᠲᠣᠪᠴᠢᠶ᠎ᠠ ᠠᠴᠠ ᠳᠠᠮᠵᠢᠭᠤᠯᠤᠨ ᠨᠡᠶᠢᠲᠡᠯᠡᠭᠰᠡᠨ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠳᠦᠷᠢᠮ
ᠨᠡᠶᠢᠲᠡᠯᠡᠭᠰᠡᠨ ᠴᠠᠭ᠄
2022/10/12
                 ︵2019 ᠤᠨ ᠤ 9 ᠰᠠᠷ᠎ᠠ ᠶᠢᠨ 26᠎ ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷ᠎ᠡ ᠪᠠᠲᠤᠯᠠᠪᠠ︶          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠨᠡᠶᠢᠲᠡᠯᠡᠯ                          ᠬᠤᠷᠢᠨ ᠳᠥᠷᠪᠡᠳᠦᠭᠡᠷ ᠨᠤᠮᠧᠷᠲᠤ 2019 ᠤᠨ ᠤ 9 ᠰᠠᠷ᠎ᠠ ᠶᠢᠨ 26᠎ ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠠᠯ ᠳᠡᠭᠡᠷ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠳᠦᠷᠢᠮ︾᠎ ᠢ ᠪᠠᠲᠤᠯᠠᠭᠠᠳ᠂ ᠡᠳᠦᠭᠡ ᠨᠡᠶᠢᠲᠡᠯᠡᠪᠡ᠂ 2019 ᠤᠨ ᠤ 11 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                    2019᠎ ᠤᠨ 9 ᠰᠠᠷ᠎ᠠ ᠶᠢᠨ 26᠎ ᠤ ᠡᠳᠦᠷ          ᠨᠢᠭᠡᠳᠦᠭᠡᠷ ᠵᠦᠢᠯ      ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠪᠠ ᠪᠠᠳᠠᠷᠠᠭᠤᠯᠤᠨ᠂ ᠤᠯᠠᠭᠠᠨᠮᠥ᠋ᠴᠢᠷ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠦᠢᠯᠡᠲᠦᠯ ᠢ ᠪᠠᠳᠠᠷᠠᠭᠤᠯᠵᠤ᠂ ᠤᠯᠠᠭᠠᠨᠮᠥ᠋ᠴᠢᠷ ᠤᠨ ᠠᠵᠢᠯ ᠦᠢᠯᠡᠰ ᠤᠨ ᠪᠥᠬᠦ ᠲᠠᠯ᠎ᠠ ᠪᠠᠷ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠤᠰ ᠳᠦᠷᠢᠮ ᠢ ᠲᠣᠭᠲᠠᠭᠠᠪᠠ᠃          ᠬᠤᠶᠠᠳᠤᠭᠠᠷ ᠵᠦᠢᠯ      ᠲᠣᠰ ᠳᠦᠷᠢᠮ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠯᠠᠭᠠᠨᠮᠥ᠋ᠴᠢᠷ ᠢ ᠪᠠᠶᠢᠭᠤᠯᠬᠤ᠂ ᠪᠦᠲᠦᠭᠡᠨ ᠪᠠᠶᠢᠭᠤᠯᠬᠤ᠂ ᠬᠥᠭᠵᠢᠭᠦᠯᠬᠦ᠂ ᠬᠠᠮᠠᠭᠠᠯᠠᠬᠤ ᠪᠠ ᠬᠠᠮᠢᠶᠠᠷᠬᠤ ᠳᠤ ᠲᠣᠬᠢᠷᠠᠨ᠎ᠠ᠃          ᠭᠤᠷᠪᠠᠳᠤᠭᠠᠷ ᠵᠦᠢᠯ      ᠤᠯᠠᠭᠠᠨᠮᠥ᠋ᠴᠢᠷ ᠪᠣᠯ ᠦᠨᠳᠦᠰᠦᠨ ᠱᠠᠲᠤᠨ ᠳᠤ ᠬᠠᠨᠳᠤᠭᠤᠯᠤᠭᠰᠠᠨ᠂ ᠣᠯᠠᠨ ᠲᠦᠮᠡᠨ ᠳᠤ ᠬᠠᠨᠳᠤᠭᠤᠯᠤᠭᠰᠠᠨ᠂ ᠲᠡᠷᠢᠭᠦᠨ ᠤ ᠴᠢᠨᠠᠷ᠂ ᠣᠯᠠᠨ ᠲᠦᠮᠡᠨᠴᠢ ᠴᠢᠨᠠᠷ᠂ ᠦᠨᠳᠦᠰᠦᠲᠡᠨ ᠤ ᠴᠢᠨᠠᠷ᠂ ᠴᠠᠭ ᠦᠶᠡᠴᠢ ᠴᠢᠨᠠᠷ ᠂ ᠡᠩᠨᠡᠭᠡ ᠨᠢ ᠪᠠᠭ᠎ᠠ ᠠᠵᠢᠯ ᠨᠢ ᠰᠢᠭᠤᠷᠬᠠᠢ᠂ ᠪᠠᠭ ᠤᠨ ᠭᠡᠰᠢᠭᠦᠨ ᠨᠢ ᠨᠢᠭᠡ ᠲᠦᠷᠦᠯ ᠳᠤ ᠮᠡᠷᠭᠡᠰᠢᠨ ᠣᠯᠠᠨ ᠲᠦᠷᠦᠯ ᠳᠤ ᠪᠠᠨ ᠴᠢᠳᠠᠪᠤᠷᠢ ᠲᠠᠢ᠂ ᠲᠣᠭᠯᠠᠯᠲᠠ ᠨᠢ ᠪᠠᠭ᠎ᠠ ᠬᠡᠪᠴᠢᠶᠡᠨ ᠤ ᠣᠯᠠᠨ ᠶᠠᠩᠵᠤ ᠶᠢᠨ ᠤᠳᠬ᠎ᠠ ᠤᠷᠠᠯᠢᠭ ᠪᠣᠯᠤᠨ᠎ᠠ᠃          ᠳᠥᠷᠪᠡᠳᠦᠭᠡᠷ ᠵᠦᠢᠯ      ᠲᠣᠰ ᠳᠦᠷᠢᠮ ᠳᠤ ᠬᠡᠯᠡᠵᠦ ᠪᠠᠶᠢᠭ᠎ᠠ ᠤᠯᠠᠭᠠᠨᠮᠥ᠋ᠴᠢᠷ ᠭᠡᠳᠡᠭ ᠨᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠶᠣᠰᠣᠭᠠᠷ ᠪᠠᠶᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠳᠤ ᠬᠠᠷᠢᠶᠠᠯᠠᠭᠳᠠᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠬᠡᠰᠡᠭ ᠪᠣᠯᠬᠤ ᠶᠢ ᠵᠢᠭᠠᠵᠤ ᠪᠤᠢ᠃          ᠲᠠᠪᠤᠳᠤᠭᠠᠷ ᠵᠦᠢᠯ      ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠠᠶᠢᠭᠤᠯᠤᠨ᠎ᠠ᠃ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠤᠯᠠᠭᠠᠨᠮᠥ᠋ᠴᠢᠷ ᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠤᠶᠤᠴᠢᠯᠠᠯ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠪᠠᠶᠢᠭᠤᠯᠤᠨ᠎ᠠ᠃          ᠤᠯᠠᠭᠠᠨᠮᠥ᠋ᠴᠢᠷ ᠪᠠᠶᠢᠭᠤᠯᠬᠤ ᠳᠤ ᠲᠡᠭᠦᠨ ᠤ ᠡᠭᠦᠷᠭᠡ ᠬᠠᠷᠢᠭᠤᠴᠠᠯᠭ᠎ᠠ ᠪᠠ ᠠᠵᠢᠯ ᠦᠢᠯᠡᠰ ᠤᠨ ᠬᠥᠭᠵᠢᠯᠲᠡ ᠯᠦᠭᠡ ᠬᠡᠷᠡᠭᠰᠡᠬᠦ ᠲᠤᠰᠬᠠᠶ ᠮᠡᠷᠭᠡᠵᠢᠯ ᠤᠨ ᠠᠵᠢᠯᠲᠠᠨ᠂ ᠪᠣᠯᠪᠠᠰᠤᠷᠠᠵᠤ ᠲᠣᠭᠯᠠᠬᠤ ᠲᠠᠯᠠᠪᠤᠷ ᠭᠠᠵᠠᠷ᠂ ᠣᠷᠣᠨ ᠲᠤᠭ᠎ᠠ᠂ ᠵᠠᠷᠤᠳᠠᠯ ᠵᠡᠷᠭᠡ ᠦᠨᠳᠦᠰᠦᠨ ᠨᠥᠬᠦᠴᠡᠯ ᠢ ᠪᠦᠷᠢᠯᠳᠦᠭᠦᠯᠬᠦ ᠬᠡᠷᠡᠭᠲᠡᠶ᠃          ᠵᠢᠷᠭᠤᠳᠤᠭᠠᠷ ᠵᠦᠢᠯ      ᠤᠯᠠᠭᠠᠨᠮᠥ᠋ᠴᠢᠷ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ ᠴᠢᠭᠯᠡᠯᠲᠡ ᠶᠢ ᠪᠠᠷᠢᠮᠲᠠᠯᠠᠵᠤ ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠵᠢᠯᠣᠭᠤᠳᠤᠮᠵᠢ ᠪᠣᠯᠭᠠᠵᠤ᠂ ᠰᠢᠷᠭᠠᠭᠤ ᠬᠠᠲᠠᠭᠤᠵᠢᠯᠲᠠᠶ ᠲᠡᠮᠡᠴᠡᠬᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠦᠨᠳᠦᠰᠦᠲᠡᠨ ᠤ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠶ᠃          ᠳᠣᠯᠣᠳᠤᠭᠠᠷ ᠵᠦᠢᠯ      ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠦᠯᠦᠪᠵᠢᠭᠦᠯᠭᠡ ᠵᠢᠴᠢ ᠵᠢᠯ ᠤᠨ ᠲᠥᠯᠥᠪᠯᠡᠭᠡ ᠳᠤ ᠪᠠᠨ ᠣᠷᠣᠭᠤᠯᠵᠤ᠂ ᠬᠡᠷᠡᠭᠰᠡᠬᠦ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠪᠠᠨ ᠣᠷᠣᠭᠤᠯᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢᠨ ᠲᠤᠰᠬᠠᠶ ᠵᠦᠢᠯ ᠤᠨ ᠵᠠᠷᠤᠳᠠᠯ ᠭᠠᠷᠭᠠᠵᠤ᠂ ᠤᠯᠠᠭᠠᠨᠮᠥ᠋ᠴᠢᠷ ᠤᠨ ᠵᠣᠬᠢᠶᠠᠨ ᠪᠦᠲᠦᠭᠡᠬᠦ ᠂ ᠲᠣᠭᠯᠠᠯᠲᠠ ᠭᠠᠷᠭᠠᠬᠤ ᠪᠠ ᠪᠣᠯᠪᠠᠰᠤᠷᠠᠭᠤᠯᠬᠤ ᠵᠡᠷᠭᠡ ᠲᠥᠷᠥᠯ ᠵᠦᠢᠯ ᠳᠤ ᠬᠡᠷᠡᠭᠯᠡᠬᠦ ᠬᠡᠷᠡᠭᠲᠡᠶ᠃          ᠬᠤᠪᠢ ᠬᠥᠮᠦᠨ᠂ ᠬᠠᠤᠯᠢ ᠶᠢᠨ ᠬᠠᠷᠢᠭᠤᠴᠠᠯᠭᠠᠲᠠᠨ ᠪᠠ ᠪᠤᠰᠤᠳ ᠵᠣᠬᠢᠶᠠᠨ ᠪᠠᠶᠢᠭᠤᠯᠤᠯᠲᠠ ᠠᠴᠠ ᠤᠯᠠᠭᠠᠨᠮᠥ᠋ᠴᠢᠷ ᠲᠤ ᠡᠳ᠋ ᠬᠥᠷᠥᠩᠭᠡ ᠬᠠᠨᠳᠢᠪᠯᠠᠵᠤ ᠪᠣᠯᠤᠨ᠎ᠠ᠂ ᠬᠦᠯᠢᠶᠡᠨ ᠠᠪᠤᠭᠰᠠᠨ ᠡᠳ᠋ ᠬᠥᠷᠥᠩᠭᠡ ᠶᠢ ᠤᠯᠠᠭᠠᠨᠮᠥ᠋ᠴᠢᠷ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠥᠭᠵᠢᠭᠦᠯᠬᠦ ᠳᠤ ᠬᠡᠷᠡᠭᠯᠡᠬᠦ ᠬᠡᠷᠡᠭᠲᠡᠶ᠃          ᠨᠠᠶᠢᠮᠠᠳᠤᠭᠠᠷ ᠵᠦᠢᠯ      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠤᠯᠠᠭᠠᠨᠮᠥ᠋ᠴᠢᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃          ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ᠂ ᠰᠤᠷᠭᠠᠨ ᠬᠥᠮᠦᠵᠢᠯ᠂ ᠦᠨᠳᠦᠰᠦᠲᠡᠨ ᠤ ᠬᠡᠷᠡᠭ ᠶᠠᠪᠤᠳᠠᠯ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠤᠯᠠᠭᠠᠨᠮᠥ᠋ᠴᠢᠷ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃          ᠶᠢᠰᠦᠳᠦᠭᠡᠷ ᠵᠦᠢᠯ      ᠤᠯᠠᠭᠠᠨᠮᠥ᠋ᠴᠢᠷ ᠳᠣᠤᠷᠠᠬᠢ ᠮᠡᠲᠦ ᠡᠭᠦᠷᠭᠡ ᠴᠢᠳᠠᠪᠤᠷᠢ ᠶᠢ ᠭᠦᠢᠴᠡᠳᠭᠡᠨ᠎ᠡ᠄          ︵ᠨᠢᠭᠡ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠣᠭᠯᠠᠯᠲᠠ ᠭᠠᠷᠭᠠᠬᠤ︔          ︵ᠬᠤᠶᠠᠷ︶ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠬᠦ︔          ︵ᠭᠤᠷᠪᠠ︶ ᠤᠷᠠᠯᠢᠭ ᠤᠨ ᠬᠡᠯᠪᠡᠷᠢ ᠪᠠᠷ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ︔          ︵ᠲᠦᠷᠪᠡ︶ ᠣᠯᠠᠨ ᠲᠦᠮᠡᠨ ᠤ ᠠᠵᠢᠯ ᠤᠨ ᠴᠢᠯᠥᠭᠡᠨ ᠤ ᠤᠷᠠᠨ ᠰᠠᠶᠢᠬᠠᠨ ᠤ ᠲᠣᠭᠯᠠᠯᠲᠠ ᠭᠠᠷᠭᠠᠬᠤ ᠪᠠ ᠵᠣᠬᠢᠶᠠᠨ ᠪᠦᠲᠦᠭᠡᠬᠦ ᠠᠵᠢᠯᠯᠠᠭ᠎ᠠ ᠶᠢ ᠬᠠᠪᠰᠤᠷᠤᠨ ᠵᠢᠯᠣᠭᠤᠳᠴᠤ᠂ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠭᠤᠤᠯᠯᠠᠭᠴᠢ ᠬᠦᠴᠦᠨ ᠢ ᠬᠥᠮᠦᠵᠢᠭᠦᠯᠦᠨ᠎ᠡ︔          ︵ᠲᠠᠪᠤ︶ ᠦᠨᠳᠦᠰᠦᠨ ᠱᠠᠲᠤᠨ ᠳᠤ ᠬᠦᠨᠵᠡᠭᠡᠶᠢᠷᠡᠵᠦ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ︔          ︵ᠵᠢᠷᠭᠤᠭ᠎ᠠ︶ ᠦᠨᠳᠦᠰᠦᠲᠡᠨ ᠤ ᠠᠷᠠᠳ ᠤᠨ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠵᠤ᠂ ᠤᠯᠠᠮᠵᠢᠯᠠᠨ ᠵᠠᠯᠭᠠᠮᠵᠢᠯᠠᠨ᠎ᠠ︔          ︵ᠳᠣᠯᠤᠭ᠎ᠠ︶ ᠤᠯᠠᠭᠠᠨᠮᠥ᠋ᠴᠢᠷ ᠤᠨ ᠵᠣᠬᠢᠶᠠᠨ ᠪᠦᠲᠦᠭᠡᠬᠦ ᠠᠷᠭ᠎ᠠ ᠮᠠᠶ᠋ᠢᠭ᠂ ᠲᠣᠭᠯᠠᠯᠲᠠ ᠶᠢᠨ ᠬᠡᠯᠪᠡᠷᠢ᠂ ᠤᠯᠠᠮᠵᠢᠯᠠᠬᠤ ᠠᠷᠭ᠎ᠠ ᠵᠠᠮ ᠤᠨ ᠰᠢᠨ᠎ᠡ ᠶᠢ ᠡᠭᠦᠳᠦᠨ᠎ᠡ︔          ︵ᠨᠠᠶᠢᠮᠠ︶ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠦᠨ᠎ᠡ᠃          ᠠᠷᠪᠠᠳᠤᠭᠠᠷ ᠵᠦᠢᠯ      ᠤᠯᠠᠭᠠᠨᠮᠥ᠋ᠴᠢᠷ ᠤᠨ ᠣᠷᠤᠨ ᠲᠤᠭ᠎ᠠ ᠶᠢᠨ ᠬᠢᠨᠠᠨ ᠲᠣᠭᠲᠠᠭᠠᠯᠲᠠ ᠨᠢ ᠲᠡᠭᠦᠨ ᠤ ᠦᠢᠯᠡᠴᠢᠯᠡᠭᠡᠨ ᠤ ᠬᠡᠪᠴᠢᠶ᠎ᠡ᠂ ᠬᠥᠮᠦᠨ ᠠᠮᠠ ᠶᠢᠨ ᠬᠡᠪᠴᠢᠶ᠎ᠡ ᠪᠣᠯᠤᠨ ᠪᠠᠶᠢᠭ᠎ᠠ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠵᠡᠷᠭᠡ ᠬᠦᠴᠦᠨ ᠢ ᠶᠡᠷᠦᠩᠬᠡᠶᠢᠯᠡᠨ ᠪᠣᠳᠣᠯᠬᠢᠯᠠᠵᠤ᠂ ᠤᠯᠠᠭᠠᠨᠮᠥ᠋ᠴᠢᠷ ᠤᠨ ᠡᠭᠦᠷᠭᠡ ᠴᠢᠳᠠᠪᠤᠷᠢ ᠪᠠᠨ ᠭᠦᠢᠴᠡᠳ ᠭᠦᠢᠴᠡᠳᠭᠡᠬᠦ ᠶᠢ ᠪᠠᠲᠤᠯᠠᠬᠤ ᠬᠡᠷᠡᠭᠲᠡᠶ᠃          ᠤᠯᠠᠭᠠᠨᠮᠥ᠋ᠴᠢᠷ ᠲᠤᠬᠠᠶ ᠶᠢᠨ ᠭᠠᠵᠠᠷ ᠤᠨ ᠰᠣᠶᠣᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠨ ᠵᠢᠯᠣᠭᠤᠳᠣᠯᠭ᠎ᠠ ᠪᠠ ᠬᠢᠨᠠᠯᠲᠠ ᠳᠣᠤᠷ᠎ᠠ᠂ ᠣᠷᠣᠨ ᠲᠤᠭ᠎ᠠ ᠶᠢᠨ ᠳᠣᠲᠣᠷᠠᠬᠢ ᠲᠤᠭᠯᠠᠭᠴᠢ ᠶᠢ ᠡᠵᠡᠨ ᠮᠡᠳᠡᠵᠦ ᠢᠯᠡ ᠪᠠᠷ ᠡᠯᠰᠡᠵᠦ ᠪᠣᠯᠤᠨ᠎ᠠ︔ ᠣᠨᠴᠠᠭᠠᠢ ᠴᠢᠳᠠᠪᠤᠷᠢᠲᠠᠨ ᠢ ᠲᠤᠰᠬᠠᠶ ᠮᠡᠷᠭᠡᠵᠢᠯᠲᠡᠨ ᠤ ᠦᠨᠡᠯᠡᠨ ᠵᠢᠱᠢᠯᠲᠡ ᠪᠠ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠨᠠᠨ ᠰᠢᠯᠭᠠᠯᠲᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠯᠰᠡᠨ ᠬᠡᠷᠡᠭᠯᠡᠵᠦ ᠪᠣᠯᠤᠨ᠎ᠠ᠃          ᠤᠯᠠᠭᠠᠨᠮᠥ᠋ᠴᠢᠷ ᠣᠷᠣᠨ ᠲᠤᠭ᠎ᠠ ᠶᠢᠨ ᠭᠠᠳᠠᠨᠠᠬᠢ ᠭᠡᠰᠢᠭᠦᠨ ᠡᠯᠰᠡᠪᠡᠯ᠂ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠵᠤ᠂ ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠬᠤ ᠬᠡᠷᠡᠭᠲᠡᠶ᠃          ᠠᠷᠪᠠᠨ ᠨᠢᠭᠡᠳᠦᠭᠡᠷ ᠵᠦᠢᠯ      ᠤᠯᠠᠭᠠᠨᠮᠥ᠋ᠴᠢᠷ ᠤᠨ ᠳᠣᠲᠣᠷᠠᠬᠢ ᠲᠤᠰ ᠭᠠᠵᠠᠷ ᠣᠷᠣᠨ ᠤ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠶᠢ ᠪᠣᠯᠪᠠᠰᠤᠷᠠᠩᠭᠤᠶ ᠬᠡᠷᠡᠭᠯᠡᠵᠦ ᠪᠠᠶᠢᠭ᠎ᠠ ᠭᠡᠰᠢᠭᠦᠳ ᠵᠣᠬᠢᠬᠤ ᠬᠠᠷᠢᠴᠠᠯ ᠳᠤ ᠬᠦᠷᠦᠭᠰᠡᠨ ᠪᠠᠶᠢᠬᠤ ᠬᠡᠷᠡᠭᠲᠡᠶ᠃          ᠤᠯᠠᠭᠠᠨᠮᠥ᠋ᠴᠢᠷ ᠤᠨ ᠭᠡᠰᠢᠭᠦᠳ ᠡᠷᠬᠡᠪᠰᠢ ᠠᠵᠢᠯ ᠤᠨ ᠪᠠᠶᠢᠷᠢ ᠪᠠᠨ ᠬᠠᠶᠢᠷᠠᠯᠠᠨ ᠠᠵᠢᠯ ᠦᠢᠯᠡᠰ ᠢᠶᠠᠨ ᠳᠡᠭᠡᠳᠦᠯᠡᠵᠦ᠂ ᠦᠨᠳᠦᠰᠦᠨ ᠱᠠᠲᠤᠨ ᠤ ᠣᠯᠠᠨ ᠲᠦᠮᠡᠨ ᠳᠤ ᠬᠠᠯᠠᠭᠤᠨ ᠰᠡᠳᠬᠢᠯ ᠢᠶᠠᠷ ᠦᠢᠯᠡᠴᠢᠯᠡᠵᠦ᠂ ᠡᠭᠦᠷᠭᠡ ᠴᠢᠳᠠᠪᠤᠷᠢ ᠪᠠᠨ ᠭᠦᠢᠴᠡᠳᠭᠡᠬᠦ ᠳᠤ ᠱᠠᠭᠠᠷᠳᠠᠭᠳᠠᠬᠤ ᠤᠯᠤᠰ ᠲᠦᠷᠦ ᠶᠢᠨ ᠬᠡᠪ ᠪᠤᠯᠪᠠᠰᠤᠷᠠᠯ᠂ ᠲᠤᠰᠬᠠᠶ ᠮᠡᠷᠭᠡᠵᠢᠯ ᠤᠨ ᠮᠡᠳᠡᠯᠭᠡ ᠪᠠ ᠳᠠᠭᠤᠤ᠂ ᠪᠥᠵᠢᠭ᠂ ᠬᠦᠭᠵᠢᠮ᠂ ᠳᠠᠭᠤᠷᠢᠯᠢᠭ ᠵᠡᠷᠭᠡ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠲᠠᠢ ᠪᠠᠶᠢᠬᠤ ᠬᠡᠷᠡᠭᠲᠡᠶ᠃          ᠠᠷᠪᠠᠨ ᠬᠤᠶᠠᠳᠤᠭᠠᠷ ᠵᠦᠢᠯ      ᠤᠯᠠᠭᠠᠨᠮᠥ᠋ᠴᠢᠷ ᠨᠢ ᠲᠠᠷᠢᠶᠠᠯᠠᠬᠤ ᠮᠠᠯᠵᠢᠬᠤ ᠣᠷᠣᠨ᠂ ᠬᠢᠵᠠᠭᠠᠷ ᠣᠷᠣᠨ᠂ ᠦᠨᠳᠦᠰᠦᠨ ᠱᠠᠲᠤᠨ ᠤ ᠨᠢᠭᠡᠴᠢ ᠳᠤ ᠭᠦᠨᠵᠡᠭᠡᠶᠢᠷᠡᠨ ᠲᠣᠭᠯᠠᠯᠲᠠ ᠭᠠᠷᠭᠠᠬᠤ ᠪᠠᠷ ᠭᠤᠤᠯ ᠪᠣᠯᠭᠠᠵᠤ᠂ ᠵᠢᠯ ᠪᠦᠷᠢ ᠶᠢᠨ ᠬᠠᠮᠤᠭ ᠤᠨ ᠳᠣᠤᠷ᠎ᠠ ᠲᠣᠭᠯᠠᠯᠲᠠ ᠭᠠᠷᠭᠠᠬᠤ ᠲᠤᠭ᠎ᠠ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠯᠠᠭᠠᠨᠮᠥ᠋ᠴᠢᠷ ᠤᠨ ᠦᠢᠯᠡᠴᠢᠯᠡᠬᠦ ᠴᠢᠳᠠᠪᠤᠷᠢ ᠪᠣᠯᠤᠨ ᠬᠡᠪᠴᠢᠶ᠎ᠡ ᠲᠠᠢ ᠤᠶᠠᠯᠳᠤᠭᠤᠯᠤᠨ ᠲᠣᠭᠲᠠᠭᠠᠬᠤ ᠬᠡᠷᠡᠭᠲᠡᠶ᠃          ᠠᠷᠪᠠᠨ ᠭᠤᠷᠪᠠᠳᠤᠭᠠᠷ ᠵᠦᠢᠯ      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠤᠯᠠᠭᠠᠨᠮᠥ᠋ᠴᠢᠷ ᠤᠨ ᠪᠣᠯᠪᠠᠰᠤᠷᠠᠵᠤ ᠲᠣᠭᠯᠠᠯᠲᠠ ᠭᠠᠷᠭᠠᠬᠤ ᠳᠤ ᠬᠡᠷᠡᠭᠰᠡᠬᠦ ᠲᠠᠯᠠᠪᠤᠷ ᠭᠠᠵᠠᠷ᠂ ᠪᠡᠯᠡᠳᠬᠡᠮᠵᠢ ᠲᠥᠬᠦᠭᠡᠷᠦᠮᠵᠢ ᠪᠣᠯᠤᠨ ᠵᠠᠮ ᠬᠠᠷᠢᠯᠴᠠᠭᠠᠨ ᠤ ᠪᠠᠭᠠᠵᠢ ᠶᠢ ᠪᠠᠲᠤᠯᠠᠬᠤ ᠬᠡᠷᠡᠭᠲᠡᠶ᠃          ᠠᠷᠪᠠᠨ ᠳᠥᠷᠪᠡᠳᠦᠭᠡᠷ ᠵᠦᠢᠯ      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠤᠯᠠᠭᠠᠨᠮᠥ᠋ᠴᠢᠷ ᠤᠨ ᠭᠡᠰᠢᠭᠦᠳ ᠤᠨ ᠠᠵᠢᠯ ᠠᠴᠠ ᠬᠠᠯᠠᠭᠳᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃          ᠠᠷᠪᠠᠨ ᠲᠠᠪᠤᠨ ᠵᠢᠯ ᠦᠷᠭᠦᠯᠵᠢᠯᠡᠨ ᠠᠵᠢᠯᠯᠠᠭᠠᠳ ᠦᠷᠭᠦᠯᠵᠢᠯᠡᠨ ᠲᠣᠭᠯᠠᠬᠤ ᠳᠤ ᠲᠣᠬᠢᠷᠠᠬᠤ ᠦᠭᠡᠢ ᠪᠥᠵᠢᠭᠴᠢᠨ ᠤ ᠲᠣᠰ ᠬᠥᠮᠦᠨ ᠤ ᠭᠤᠶᠤᠴᠢᠯᠠᠯ ᠢᠶᠠᠷ ᠳᠠᠮᠵᠢᠨ᠂ ᠰᠣᠶᠣᠯ᠂ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠵᠡᠷᠭᠡ ᠬᠠᠮᠢᠶ᠎ᠠ ᠪᠦᠬᠦᠢ ᠨᠢᠭᠡᠴᠢ ᠳᠤ ᠲᠥᠪᠬᠢᠨᠡᠭᠦᠯᠵᠦ᠂ ᠤᠤᠯ ᠤᠨ ᠮᠡᠷᠭᠡᠵᠢᠯ ᠤᠨ ᠴᠣᠯᠠ ᠶᠢᠨ ᠣᠯᠭᠤᠮᠵᠢ ᠶᠢ ᠨᠢ ᠦᠯᠡᠳᠡᠭᠡᠵᠦ ᠪᠣᠯᠤᠨ᠎ᠠ᠃          ᠭᠤᠴᠢᠨ ᠵᠢᠯ ᠠᠴᠠ ᠳᠡᠭᠡᠭᠰᠢ ᠦᠷᠭᠦᠯᠵᠢᠯᠡᠨ ᠠᠵᠢᠯᠯᠠᠭᠰᠠᠨ ᠪᠣᠯᠪᠠᠴᠤ ᠬᠠᠤᠯᠢ ᠪᠠᠷ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤᠨ ᠤ ᠨᠥᠬᠦᠴᠡᠯ ᠳᠤ ᠬᠦᠷᠦᠭᠡᠳᠦᠢ ᠲᠤᠭᠯᠠᠭᠴᠢ ᠪᠣᠯ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠠᠵᠢᠯ ᠠᠴᠠ ᠪᠠᠨ ᠪᠠᠭᠤᠵᠤ ᠰᠣᠪᠢᠯᠠᠵᠤ ᠪᠣᠯᠤᠨ᠎ᠠ          ᠠᠷᠪᠠᠨ ᠲᠠᠪᠤᠳᠤᠭᠠᠷ ᠵᠦᠢᠯ      ᠤᠯᠠᠭᠠᠨᠮᠥ᠋ᠴᠢᠷ ᠤᠨ ᠭᠡᠰᠢᠭᠦᠳ ᠤᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠳᠤ ᠲᠡᠭᠦᠨ ᠤ ᠠᠵᠢᠯ ᠮᠡᠷᠭᠡᠵᠢᠯ ᠤᠨ ᠰᠢᠨᠵᠢ ᠴᠢᠨᠠᠷ ᠪᠠ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢ ᠪᠣᠳᠣᠯᠬᠢᠯᠠᠵᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠪᠠ ᠪᠣᠳᠠᠲᠤ ᠠᠮᠵᠢᠯᠲᠠ ᠪᠦᠲᠦᠮᠵᠢ ᠶᠢᠨ ᠬᠤᠪᠢ ᠨᠡᠮᠡᠷᠢ ᠶᠢ ᠰᠢᠯᠭᠠᠨ ᠦᠨᠡᠯᠡᠬᠦ ᠶᠢ ᠳᠣᠪᠤᠶᠢᠯᠭᠠᠵᠤ᠂ ᠪᠣᠳᠠᠲᠠᠶ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃          ᠠᠷᠪᠠᠨ ᠵᠢᠷᠭᠤᠳᠤᠭᠠᠷ ᠵᠦᠢᠯ      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠪᠣᠯᠪᠠᠰᠤᠷᠠᠭᠤᠯᠤᠯ ᠤᠨ ᠲᠥᠯᠥᠪᠯᠡᠭᠡ ᠲᠣᠭᠲᠠᠭᠠᠵᠤ᠂ ᠤᠯᠠᠭᠠᠨᠮᠥ᠋ᠴᠢᠷ ᠤᠨ ᠵᠣᠬᠢᠶᠠᠨ ᠪᠦᠲᠦᠭᠡᠬᠦ᠂ ᠨᠠᠶᠢᠷᠠᠭᠤᠯᠤᠨ ᠵᠢᠯᠣᠭᠤᠳᠬᠤ᠂ ᠲᠣᠭᠯᠠᠯᠲᠠ ᠭᠠᠷᠭᠠᠬᠤ ᠵᠡᠷᠭᠡ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠲᠥᠷᠥᠯ ᠬᠤᠪᠢᠶᠠᠨ ᠱᠠᠲᠤ ᠬᠤᠪᠢᠶᠠᠨ ᠪᠣᠯᠪᠠᠰᠤᠷᠠᠭᠤᠯᠬᠤ ᠶᠢ ᠵᠢᠯ ᠪᠦᠷᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠠᠷᠪᠠᠨ ᠳᠣᠯᠣᠳᠤᠭᠠᠷ ᠵᠦᠢᠯ      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠤᠯᠠᠭᠠᠨᠮᠥ᠋ᠴᠢᠷ ᠤᠨ ᠡᠭᠦᠷᠭᠡ ᠴᠢᠳᠠᠪᠤᠷᠢ ᠪᠠᠨ ᠭᠦᠢᠴᠡᠳᠭᠡᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠰᠢᠯᠭᠠᠨ ᠬᠢᠨᠠᠵᠤ ᠦᠨᠡᠯᠡᠬᠦ ᠳᠦᠷᠢᠮ ᠢ ᠪᠠᠶᠢᠭᠤᠯᠣᠨ ᠪᠦᠷᠢᠨᠰᠢᠭᠦᠯᠬᠦ ᠶᠢᠨ ᠬᠠᠮᠲᠤ ᠰᠢᠯᠭᠠᠨ ᠬᠢᠨᠠᠵᠤ ᠦᠨᠡᠯᠡᠭᠰᠡᠨ ᠦᠷ᠎ᠡ ᠳ᠋ᠦᠩ ᠢᠶᠠᠷ ᠨᠥᠬᠦᠪᠥᠷᠢ ᠥᠭᠬᠦ ᠪᠤᠶᠤ ᠱᠠᠩᠨᠠᠵᠤ ᠲᠣᠷᠭᠠᠬᠤ ᠶᠢᠨ ᠦᠨᠳᠦᠰᠦᠯᠡᠯ ᠪᠣᠯᠭᠠᠬᠤ ᠬᠡᠷᠡᠭᠲᠡᠶ᠃          ᠠᠷᠪᠠᠨ ᠨᠠᠶᠢᠮᠠᠳᠣᠭᠠᠷ ᠵᠦᠢᠯ      ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ ᠰᠢᠨᠵᠢᠯᠡᠬᠦ ᠣᠬᠠᠭᠠᠨ ᠰᠣᠳᠣᠯᠭᠠᠨ ᠤ ᠪᠠᠶᠢᠭᠤᠯᠭ᠎ᠠ ᠨᠢ ᠤᠯᠠᠭᠠᠨᠮᠥ᠋ᠴᠢᠷ ᠤᠨ ᠴᠢᠳᠠᠪᠤᠷᠢᠲᠠᠨ ᠢ ᠬᠠᠨᠳᠤᠯᠭ᠎ᠠ ᠲᠠᠢ ᠪᠠᠷ ᠬᠥᠮᠦᠵᠢᠭᠦᠯᠬᠦ ᠠᠵᠢᠯ ᠢ ᠥᠷᠨᠢᠭᠦᠯᠵᠦ᠂ ᠤᠯᠠᠭᠠᠨᠮᠥ᠋ᠴᠢᠷ ᠤᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠠᠶᠢᠭᠤᠯᠵᠤ᠂ ᠤᠯᠠᠭᠠᠨᠮᠥ᠋ᠴᠢᠷ ᠤᠨ ᠰᠤᠳᠤᠯᠭᠠᠨ ᠪᠠ ᠡᠷᠳᠡᠮ ᠰᠢᠨᠵᠢᠯᠡᠭᠡᠨ ᠤ ᠰᠣᠯᠢᠯᠴᠠᠭ᠎ᠠ ᠶᠢ ᠥᠷᠨᠢᠭᠦᠯᠬᠦ ᠬᠡᠷᠡᠭᠲᠡᠶ᠃          ᠠᠷᠪᠠ ᠶᠢᠰᠦᠳᠦᠭᠡᠷ ᠵᠦᠢᠯ      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠯᠠᠭᠠᠨᠮᠥ᠋ᠴᠢᠷ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠯᠢᠳᠡᠭ ᠪᠦᠯᠬᠦᠮ ᠨᠡᠶᠢᠲᠡ᠂ ᠬᠠᠮ ᠴᠢᠳᠠᠪᠤᠷᠢᠲᠠᠨ ᠤ ᠨᠡᠷᠡᠰ ᠤᠨ ᠵᠢᠭᠰᠠᠭᠠᠯᠲᠠ ᠪᠠ ᠤᠯᠠᠮᠵᠢᠯᠠᠯᠲᠤ ᠰᠣᠩᠭᠤᠳᠠᠭ ᠪᠦᠲᠦᠭᠡᠯ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠶᠢ ᠪᠠᠶᠢᠭᠤᠯᠬᠤ ᠬᠡᠷᠡᠭᠲᠡᠶ᠃          ᠬᠤᠷᠢᠳᠤᠭᠠᠷ ᠵᠦᠢᠯ      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠭᠠᠵᠠᠷ ᠣᠷᠣᠨ ᠤ ᠪᠠᠨ ᠤᠯᠠᠭᠠᠨᠮᠥ᠋ᠴᠢᠷ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠬᠠᠮᠠᠭᠠᠯᠠᠬᠤ ᠪᠠ ᠰᠤᠳᠤᠯᠬᠤ ᠠᠵᠢᠯ ᠢ ᠬᠠᠷᠢᠭᠤᠴᠠᠨ᠎ᠠ᠃          ᠤᠯᠠᠭᠠᠨᠮᠥ᠋ᠴᠢᠷ ᠤᠷᠠᠯᠢᠭ ᠤᠨ ᠳᠠᠩᠰᠠ ᠡᠪᠬᠡᠮᠡᠯ ᠵᠢᠴᠢ ᠪᠣᠳᠠᠲᠤ ᠪᠣᠳᠠᠰ ᠢ ᠬᠠᠳᠠᠭᠠᠯᠠᠬᠤ᠂ ᠬᠠᠮᠠᠭᠠᠯᠠᠬᠤ ᠪᠠ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠶ᠃          ᠬᠤᠷᠢᠨ ᠨᠢᠭᠡᠳᠦᠭᠡᠷ ᠵᠦᠢᠯ      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠷᠠᠳᠢᠣ᠋ ᠨᠡᠪᠲᠡᠷᠡᠭᠦᠯᠭᠡ᠂ ᠰᠣᠨᠢᠨ ᠰᠡᠳᠬᠦᠯ᠂ ᠲᠣᠤᠷ ᠰᠦᠯᠵᠢᠶ᠎ᠡ᠂ ᠺᠢᠨᠣ᠋ ᠲᠧᠯᠸᠢᠰ᠂ ᠬᠡᠪᠯᠡᠯ ᠵᠡᠷᠭᠡ ᠵᠠᠭᠤᠴᠢᠯᠠᠭᠤᠷ ᠪᠣᠯᠤᠨ ᠠᠷᠭ᠎ᠠ ᠪᠠᠷᠢᠯ ᠢ ᠠᠰᠢᠭᠯᠠ᠂ ᠤᠯᠠᠭᠠᠨᠮᠥ᠋ᠴᠢᠷ ᠢ ᠤᠬᠠᠭᠤᠯᠵᠤ᠂ ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠤᠯᠠᠮᠵᠢᠯᠠᠨ ᠳᠡᠯᠭᠡᠷᠡᠭᠦᠯᠬᠦ ᠬᠡᠷᠡᠭᠲᠡᠶ᠃          ᠬᠤᠷᠢᠨ ᠬᠤᠶᠠᠳᠤᠭᠠᠷ ᠵᠦᠢᠯ      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠤᠯᠠᠭᠠᠨᠮᠥ᠋ᠴᠢᠷ ᠤᠨ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ ᠥᠷᠨᠢᠭᠦᠯᠬᠦ ᠶᠢ ᠳᠡᠮᠵᠢᠬᠦ ᠬᠡᠷᠡᠭᠲᠡᠶ᠃          ᠬᠤᠷᠢᠨ ᠭᠤᠷᠪᠠᠳᠤᠭᠠᠷ ᠵᠦᠢᠯ      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃          ᠬᠤᠷᠢᠨ ᠳᠥᠷᠪᠡᠳᠦᠭᠡᠷ ᠵᠦᠢᠯ      ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠪᠣᠯᠤᠨ ᠪᠤᠰᠤᠳ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠭᠰᠠᠨ ᠠᠵᠢᠯ ᠤᠨ ᠴᠢᠯᠥᠭᠡᠨ ᠤ ᠤᠯᠠᠭᠠᠨᠮᠥ᠋ᠴᠢᠷ ᠨᠢ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠠᠭᠠᠨᠮᠥ᠋ᠴᠢᠷ ᠤᠨ ᠡᠭᠦᠷᠭᠡ ᠴᠢᠳᠠᠪᠤᠷᠢ ᠪᠠᠨ ᠭᠦᠢᠴᠡᠳᠭᠡᠬᠦ ᠬᠡᠷᠡᠭᠲᠡᠶ᠂ ᠪᠣᠳᠠᠲᠠᠶ ᠬᠠᠮᠢᠶᠠᠷᠤᠯᠲᠠ ᠶᠢᠨ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃          ᠬᠤᠷᠢᠨ ᠲᠠᠪᠤᠳᠤᠭᠠᠷ ᠵᠦᠢᠯ      ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤᠯᠠᠭᠠᠨᠮᠥ᠋ᠴᠢᠷ ᠤᠨ ᠨᠡᠷ᠎ᠡ ᠪᠠ ᠨᠥᠯᠥᠭᠡᠯᠡᠬᠦ ᠬᠦᠴᠦᠨ ᠢ ᠠᠰᠢᠭᠯᠠ᠂ ᠤᠯᠤᠰ ᠤᠨ ᠰᠣᠶᠣᠯ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ᠂ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠪᠠ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠠᠵᠢᠯᠯᠠᠭ᠎ᠠ ᠬᠢᠵᠦ ᠪᠣᠯᠬᠤ ᠦᠭᠡᠢ᠃          ᠬᠤᠷᠢᠨ ᠵᠢᠷᠭᠤᠳᠤᠭᠠᠷ ᠵᠦᠢᠯ      ᠲᠤᠰ ᠳᠦᠷᠢᠮ ᠤᠨ ᠲᠣᠭᠲᠠᠭᠠᠯ ᠠᠴᠠ ᠵᠥᠷᠢᠴᠡᠵᠦ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠠᠵᠢᠯᠲᠠᠨ ᠳᠤ ᠳᠣᠤᠷᠠᠬᠢ ᠮᠡᠲᠦ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠲᠡᠭᠦᠨ ᠤ ᠳᠡᠭᠡᠳᠦ ᠱᠠᠲᠤᠨ ᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠳᠠᠭᠠᠨ ᠵᠠᠯᠠᠷᠠᠭᠤᠯᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠄          ︵ᠨᠢᠭᠡ︶ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠰᠬᠠᠶ ᠲᠦᠷᠦᠯ ᠵᠦᠢᠯ ᠤᠨ ᠵᠠᠷᠤᠳᠠᠯ ᠢ ᠡᠵᠡᠯᠡᠭᠰᠡᠨ᠂ ᠳᠤᠮᠳᠠ ᠠᠴᠠ ᠨᠢ ᠲᠠᠰᠤᠳᠠᠨ ᠦᠯᠡᠳᠡᠭᠡᠭᠰᠡᠨ᠂ ᠨᠡᠭᠦᠯᠭᠡᠨ ᠬᠡᠷᠡᠭᠯᠡᠭᠰᠡᠨ︔          ︵ᠬᠤᠶᠠᠷ︶ ᠤᠯᠠᠭᠠᠨᠮᠥ᠋ᠴᠢᠷ ᠤᠨ ᠪᠡᠯᠡᠳᠬᠡᠮᠵᠢ ᠲᠦᠬᠦᠭᠡᠷᠤᠮᠵᠢ ᠶᠢ ᠳᠤᠷ᠎ᠠ ᠪᠠᠷ ᠢᠶᠠᠨ ᠨᠤᠷᠠᠭᠠᠵᠤ᠂ ᠡᠵᠡᠯᠡᠵᠦ᠂ ᠨᠡᠭᠦᠯᠭᠡᠨ ᠬᠡᠷᠡᠭᠯᠡᠭᠰᠡᠨ᠂ ᠤᠯᠠᠭᠠᠨᠮᠥ᠋ᠴᠢᠷ ᠤᠨ ᠲᠠᠯᠠᠪᠠᠢ ᠶᠢ ᠡᠵᠡᠯᠡᠭᠰᠡᠨ᠂ ᠡᠰᠡᠬᠦᠯ᠎ᠡ ᠤᠯᠠᠭᠠᠨᠮᠥ᠋ᠴᠢᠷ ᠤᠨ ᠪᠡᠯᠡᠳᠬᠡᠮᠵᠢ ᠲᠦᠬᠦᠭᠡᠷᠤᠮᠵᠢ ᠶᠢᠨ ᠲᠠᠯᠠᠪᠣᠷ ᠤᠨ ᠴᠢᠳᠠᠮᠵᠢ ᠶᠢᠨ ᠬᠡᠷᠡᠭᠴᠡᠭᠡ ᠶᠢ ᠬᠤᠪᠢᠷᠠᠭᠤᠯᠤᠭᠰᠠᠨ᠂ ᠲᠡᠭᠦᠨ ᠤ ᠬᠡᠪ ᠤᠨ ᠠᠵᠢᠯᠯᠠᠭᠠᠨ ᠢ ᠬᠠᠷᠰᠢᠯᠠᠭᠰᠠᠨ︔          ︵ᠭᠤᠷᠪᠠ︶ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠭᠡᠭᠰᠡᠨ ᠥᠬᠡᠶ︔          ︵ᠲᠦᠷᠪᠡ︶ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠬᠠᠤᠯᠢ ᠶᠣᠰᠣ ᠶᠢ ᠵᠥᠷᠢᠴᠡᠭᠰᠡᠨ ᠪᠣᠰᠣᠳ ᠦᠢᠯᠡ ᠠᠵᠢᠯᠯᠠᠭ᠎ᠠ ᠃          ᠬᠤᠷᠢᠨ ᠳᠣᠯᠣᠳᠤᠭᠠᠷ ᠵᠦᠢᠯ      ᠲᠤᠰ ᠳᠦᠷᠢᠮ ᠢ 2019 ᠣᠨ ᠤ 11 ᠳ᠋ᠣᠭᠡᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃        
 
ᠢᠷᠡᠯᠲᠡ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号