ᠠᠯᠠᠱᠠ ᠵᠡᠭᠦᠨ ᠬᠤᠰᠢᠭᠤᠨ ᠤ ᠰᠣᠶᠣᠯ ᠪᠠ  ᠵᠢᠭᠤᠯᠴᠢᠯᠠᠯ ᠤᠨ ᠲᠣᠪᠴᠢᠶ᠎ᠠ ᠠᠴᠠ ᠳᠠᠮᠵᠢᠭᠤᠯᠤᠨ ᠨᠡᠶᠢᠲᠡᠯᠡᠭᠰᠡᠨ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠳᠦᠷᠢᠮ
ᠨᠡᠶᠢᠲᠡᠯᠡᠭᠰᠡᠨ ᠴᠠᠭ᠄
2022/10/12
                                                  ︵1994 ᠤᠨ ᠤ 5 ᠰᠠᠷ᠎ᠠ ᠶᠢᠨ 31᠎ ᠤ ᠡᠳᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠢᠮᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠢᠮᠠᠳᠤᠭᠠᠷ ᠤᠳᠠᠭᠠᠨ ᠤ ᠬᠤᠷᠠᠯ ᠢᠶᠠᠷ ᠪᠠᠲᠤᠯᠠᠵᠤ᠂ 1998 ᠤᠨ ᠤ 11 ᠰᠠᠷ᠎ᠠ ᠶᠢᠨ 27᠎ ᠤ ᠡᠳᠦᠷ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠤᠳᠠᠭᠠᠨ ᠤ ᠬᠤᠷᠠᠯ ᠢ ᠦᠨᠳᠦᠰᠦᠯᠡᠵᠦ᠂ ︽︿ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠳᠦᠷᠢᠮ﹀᠎ ᠳᠤ ᠵᠠᠰᠠᠪᠤᠷᠢ ᠤᠷᠤᠭᠤᠯᠬᠤ ᠲᠤᠬᠠᠢ ᠲᠤᠭᠲᠠᠭᠠᠯ︾᠎ ᠳᠤ ᠨᠢᠭᠡᠳᠦᠭᠡᠷ ᠤᠳᠠᠭ᠎ᠠ ᠵᠠᠰᠠᠪᠤᠷᠢ ᠤᠷᠤᠭᠤᠯᠵᠤ᠂ 2010 ᠤᠨ ᠤ 9 ᠰᠠᠷ᠎ᠠ ᠶᠢᠨ 17᠎ ᠤ ᠡᠳᠦᠷ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠳᠤᠯᠤᠳᠤᠭᠠᠷ ᠤᠳᠠᠭᠠᠨ ᠤ ᠬᠤᠷᠠᠯ ᠢ ᠦᠨᠳᠦᠰᠦᠯᠡᠵᠦ᠂ ︽ᠬᠡᠰᠡᠭ ᠤᠷᠤᠨ ᠨᠤᠲᠤᠭ ᠤᠨ ᠴᠢᠨᠠᠷᠲᠠᠢ ᠬᠠᠤᠯᠢ ᠳᠦᠷᠢᠮ ᠳᠤ ᠵᠠᠰᠠᠪᠤᠷᠢ ᠤᠷᠤᠭᠤᠯᠬᠤ ᠲᠤᠬᠠᠢ ᠲᠤᠭᠲᠠᠭᠠᠯ ︵ᠬᠤᠶᠠᠷ︶︾᠎ ᠳᠤ ᠬᠤᠶᠠᠳᠤᠭᠠᠷ ᠤᠳᠠᠭ᠎ᠠ ᠵᠠᠰᠠᠪᠤᠷᠢ ᠤᠷᠤᠭᠤᠯᠵᠤ᠂ 2016 ᠤᠨ ᠤ 5 ᠰᠠᠷ᠎ᠠ ᠶᠢᠨ 30᠎ ᠤ ᠡᠳᠦᠷ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠬᠤᠶᠠᠳᠤᠭᠠᠷ ᠤᠳᠠᠭᠠᠨ ᠤ ᠬᠤᠷᠠᠯ ᠢ ᠦᠨᠳᠦᠰᠦᠯᠡᠵᠦ᠂ ︽ᠬᠡᠰᠡᠭ ᠤᠷᠤᠨ ᠨᠤᠲᠤᠭ ᠤᠨ ᠴᠢᠨᠠᠷᠲᠠᠢ ᠬᠠᠤᠯᠢ ᠳᠦᠷᠢᠮ ᠳᠤ ᠵᠠᠰᠠᠪᠤᠷᠢ ᠤᠷᠤᠭᠤᠯᠬᠤ ᠲᠤᠬᠠᠢ ᠲᠤᠭᠲᠠᠭᠠᠯ︾᠎ ᠳᠤ ᠭᠤᠷᠪᠠᠳᠤᠭᠠᠷ ᠤᠳᠠᠭᠠᠨ ᠤ ᠵᠠᠰᠠᠪᠤᠷᠢ ᠤᠷᠤᠭᠤᠯᠪᠠ︶ ᠨᠢᠭᠡᠳᠦᠭᠡᠷ ᠪᠦᠯᠦᠭ     ᠶᠡᠷᠦᠩᠬᠡᠢ ᠳᠦᠷᠢᠮ             ᠨᠢᠭᠡᠳᠦᠭᠡᠷ ᠵᠦᠢᠯ      ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠵᠢᠷᠤᠮᠲᠤ ᠰᠤᠶᠤᠯ ᠤᠨ ᠦᠢᠯᠡᠰ ᠢ ᠴᠡᠴᠡᠭᠯᠡᠭᠦᠯᠦᠨ ᠬᠦᠭᠵᠢᠭᠦᠯᠵᠦ᠂ ᠨᠡᠶᠢᠭᠡᠮ ᠵᠢᠷᠤᠮᠲᠤ ᠤᠶᠤᠨ ᠤ ᠪᠤᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠵᠢᠷᠤᠮᠲᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠤᠨ ᠬᠡᠷᠡᠭᠴᠡᠭᠡ ᠳᠤ ᠵᠤᠬᠢᠴᠠᠭᠤᠯᠬᠤ ᠶᠢᠨ ᠲᠦᠯᠦᠭᠡ᠂ ᠦᠨᠳᠦᠰᠦᠨ ᠬᠠᠤᠯᠢ ᠪᠤᠯᠤᠨ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠤᠭᠲᠠᠭᠠᠯ ᠢ ᠦᠨᠳᠦᠰᠦᠯᠡᠨ᠂ ᠦᠪᠡᠷᠲᠡᠭᠡᠨ ᠵᠠᠰᠠᠬᠤ ᠤᠷᠤᠨ ᠤ ᠪᠤᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠳᠦᠷᠢᠮ ᠢ ᠲᠤᠭᠲᠠᠭᠠᠪᠠ᠃             ᠬᠤᠶᠠᠳᠤᠭᠠᠷ ᠵᠦᠢᠯ      ᠦᠪᠡᠷᠲᠡᠭᠡᠨ ᠵᠠᠰᠠᠬᠤ ᠤᠷᠤᠨ ᠤ ᠬᠡᠪᠴᠢᠶᠡᠨ ᠳᠤ ᠰᠤᠶᠤᠯ ᠤᠨ ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠠᠶᠢᠭ᠎ᠠ ᠠᠯᠢᠪᠠ ᠪᠠᠶᠢᠭᠤᠯᠭ᠎ᠠ ᠪᠤᠯᠤᠨ ᠬᠤᠪᠢ ᠬᠦᠮᠦᠨ ᠡᠷᠬᠡᠪᠡᠰᠢ ᠲᠤᠰ ᠳᠦᠷᠢᠮ ᠢ ᠵᠢᠷᠤᠮᠯᠠᠬᠤ ᠬᠡᠷᠡᠭᠲᠡᠢ᠃             ᠭᠤᠷᠪᠠᠳᠤᠭᠠᠷ ᠵᠦᠢᠯ      ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡ ᠲᠠᠯ᠎ᠠ ᠪᠠᠷ ᠬᠦᠭᠵᠢᠯᠲᠡ ᠶᠢ ᠠᠳᠬᠤᠵᠤ᠂ ᠨᠢᠭᠡ ᠲᠠᠯ᠎ᠠ ᠪᠠᠷ ᠬᠠᠮᠢᠶᠠᠷᠤᠯᠲᠠ ᠶᠢ ᠠᠳᠬᠤᠬᠤ ᠶᠢ ᠡᠷᠡᠰ ᠪᠠᠷᠢᠮᠲᠠᠯᠠᠬᠤ ᠬᠡᠷᠡᠭᠲᠡᠢ᠃             ᠰᠤᠶᠤᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠪᠠ ᠬᠠᠮᠢᠶᠠᠷᠤᠯᠲᠠ ᠡᠷᠬᠡᠪᠡᠰᠢ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ ᠴᠢᠭᠯᠡᠯ ᠢᠶᠠᠨ ᠡᠷᠡᠰ ᠪᠠᠷᠢᠮᠲᠠᠯᠠᠵᠤ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠵᠤ᠂ ᠡᠷᠡᠭᠦᠯ ᠮᠡᠨᠳᠦ ᠳᠤ ᠲᠤᠰᠠᠲᠠᠢ᠂ ᠭᠤᠶᠢᠲᠠ ᠪᠠᠶᠠᠯᠢᠭ ᠠᠭᠤᠯᠭ᠎ᠠ ᠲᠠᠢ᠂ ᠤᠯᠠᠨ ᠲᠦᠮᠡᠨ ᠤ ᠰᠤᠨᠢᠷᠬᠠᠬᠤ ᠳᠤᠷᠠᠲᠠᠢ ᠪᠦᠭᠡᠳ ᠦᠨᠳᠦᠰᠦᠲᠡᠨ ᠤ ᠪᠦᠯᠬᠦᠮᠳᠡᠯ ᠳᠤ ᠠᠰᠢᠭᠲᠠᠢ ᠰᠤᠶᠤᠯ ᠤᠨ ᠡᠵᠡᠩᠨᠡᠬᠦ ᠠᠵᠢᠯᠯᠠᠭ᠎ᠠ ᠶᠢ ᠵᠤᠷᠢᠭᠵᠢᠭᠤᠯᠤᠨ ᠳᠡᠮᠵᠢᠬᠦ ᠬᠡᠷᠡᠭᠲᠡᠢ᠃ ᠲᠡᠷᠰᠯᠡᠭᠦᠦ ᠠᠭᠤᠯᠭ᠎ᠠ ᠲᠠᠢ᠂ ᠰᠠᠳᠤᠷ ᠰᠠᠮᠠᠭᠤᠨ ᠱᠠᠯᠢᠭ ᠵᠠᠪᠬᠠᠢ᠂ ᠬᠦᠴᠦᠷᠬᠡᠭᠯᠡᠯᠲᠦ ᠠᠵᠢᠯᠯᠠᠭ᠎ᠠ᠂ ᠹᠸᠤᠳᠠᠯ ᠤᠨ ᠮᠤᠬᠤᠷ ᠰᠦᠰᠦᠭ᠂ ᠵᠤᠭᠤᠰ ᠮᠦᠷᠦ᠋ᠢᠴᠡᠬᠦ ᠪᠤᠯᠤᠨ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠰᠤᠶᠤᠯ ᠤᠨ ᠡᠵᠡᠩᠨᠡᠬᠦ ᠠᠵᠢᠯᠯᠠᠭ᠎ᠠ ᠶᠢ ᠬᠤᠷᠢᠭᠯᠠᠨ ᠴᠠᠭᠠᠵᠠᠯᠠᠨ᠎ᠠ᠃             ᠳᠦᠷᠪᠡᠳᠦᠭᠡᠷ ᠵᠦᠢᠯ      ᠦᠨᠳᠦᠰᠦᠲᠡᠨ ᠤ ᠰᠤᠶᠤᠯ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠦᠨᠳᠦᠰᠦᠲᠡᠨ ᠤ ᠬᠡᠯᠪᠡᠷᠢ ᠪᠤᠯᠤᠨ ᠦᠨᠳᠦᠰᠦᠲᠡᠨ ᠤ ᠤᠨᠴᠠᠯᠢᠭ ᠪᠦᠬᠦᠢ ᠰᠤᠶᠤᠯ ᠤᠨ ᠡᠵᠡᠩᠨᠡᠬᠦ ᠠᠵᠢᠯᠯᠠᠭ᠎ᠠ ᠶᠢ ᠳᠡᠮᠵᠢᠨ ᠪᠠᠳᠠᠷᠠᠭᠤᠯᠵᠤ᠂ ᠨᠡᠶᠢᠭᠡᠮ ᠵᠢᠷᠤᠮᠲᠤ ᠦᠨᠳᠦᠰᠦᠲᠡᠨ ᠤ ᠰᠤᠶᠤᠯ ᠤᠨ ᠦᠢᠯᠡᠰ ᠢ ᠴᠡᠴᠡᠭᠯᠡᠨ ᠬᠦᠭᠵᠢᠭᠦᠯᠦᠨ᠎ᠡ᠃             ᠬᠦᠳᠡᠭᠡ ᠲᠤᠰᠬᠤᠨ᠂ ᠮᠠᠯᠵᠢᠬᠤ ᠤᠷᠤᠨ ᠤ ᠰᠤᠶᠤᠯ ᠤᠨ ᠵᠠᠬ᠎ᠠ ᠳᠡᠯᠭᠡᠭᠦᠷ ᠤᠨ ᠬᠦᠭᠵᠢᠯᠲᠡ ᠶᠢ ᠵᠤᠷᠢᠭᠵᠢᠭᠤᠯᠤᠨ ᠳᠡᠮᠵᠢᠵᠦ᠂ ᠬᠦᠳᠡᠭᠡ ᠲᠤᠰᠬᠤᠨ᠂ ᠮᠠᠯᠵᠢᠬᠤ ᠤᠷᠤᠨ ᠳᠤ ᠰᠤᠶᠤᠯ ᠤᠨ ᠡᠵᠡᠩᠨᠡᠯᠲᠡ ᠶᠢᠨ ᠵᠦᠢᠯ ᠢ ᠨᠡᠬᠡᠬᠡᠨ ᠡᠷᠬᠢᠯᠡᠬᠦ ᠪᠤᠯᠤᠨ ᠺᠢᠨᠤ᠋ ᠭᠠᠷᠭᠠᠬᠤ ᠠᠵᠢᠯᠯᠠᠭ᠎ᠠ ᠶᠢ ᠨᠡᠬᠡᠬᠡᠨ ᠬᠦᠭᠵᠢᠭᠦᠯᠬᠦ ᠶᠢ ᠬᠠᠷᠠᠭᠠᠯᠵᠠᠨ ᠳᠡᠮᠵᠢᠨ᠎ᠡ᠃             ᠲᠠᠪᠤᠳᠤᠭᠠᠷ ᠵᠦᠢᠯ      ᠲᠤᠰ ᠳᠦᠷᠢᠮ ᠳᠤᠤᠷᠠᠬᠢ ᠰᠤᠶᠤᠯ ᠤᠨ ᠡᠵᠡᠩᠨᠡᠬᠦ ᠠᠵᠢᠯᠯᠠᠭᠠᠨ ᠳᠤ ᠵᠤᠷᠢᠭᠤᠯᠤᠯᠲᠠ ᠲᠠᠢ᠄             ︵ᠨᠢᠭᠡ︶ ᠡᠵᠡᠩᠨᠡᠯᠲᠡ ᠶᠢᠨ ᠴᠢᠨᠠᠷᠲᠠᠢ ᠲᠤᠭᠯᠠᠯᠲᠠ᠂ ᠤᠷᠤᠯᠳᠤᠭᠠᠨ ᠲᠡᠮᠡᠴᠡᠭᠡᠨ᠂ ᠳᠡᠯᠭᠡᠨ ᠦᠵᠡᠭᠦᠯᠦᠯᠭᠡ             ︵ᠬᠤᠶᠠᠷ︶ ᠡᠵᠡᠩᠨᠡᠯᠲᠡ ᠶᠢᠨ ᠴᠢᠨᠠᠷᠲᠠᠢ ᠨᠠᠶᠢᠷ ᠴᠡᠩᠭᠡᠭᠦᠨ ᠤ ᠬᠦᠳᠡᠯᠭᠡᠭᠡᠨ︔             ︵ᠭᠤᠷᠪᠠ︶ ᠨᠤᠮ ᠪᠢᠴᠢᠭ᠂ ᠭᠡᠷᠡᠯ ᠵᠢᠷᠤᠭ᠂ ᠰᠤᠨᠢᠨ ᠰᠡᠳᠭᠦᠯ ᠲᠠᠷᠬᠠᠭᠠᠬᠤ ᠪᠠ ᠪᠤᠷᠤᠯᠠᠭᠤᠯᠬᠤ᠂ ᠲᠦᠷᠢᠶᠡᠰᠦᠯᠡᠭᠦᠯᠬᠦ︔             ︵ᠳᠦᠷᠪᠡ︶ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠤ ᠲᠠᠷᠬᠠᠭᠠᠬᠤ᠂ ᠪᠤᠷᠤᠯᠠᠭᠤᠯᠬᠤ᠂ ᠲᠦᠷᠢᠶᠡᠰᠦᠯᠡᠭᠦᠯᠬᠦ᠂ ᠰᠤᠨᠢᠷᠬᠠᠭᠤᠯᠬᠤ︔             ︵ᠲᠠᠪᠤ︶ ᠤᠷᠠᠨ ᠪᠢᠴᠢᠯᠭᠡ᠂ ᠤᠷᠠᠨ ᠵᠢᠷᠤᠭ ᠵᠡᠷᠭᠡ ᠤᠷᠠᠯᠢᠭ ᠤᠨ ᠪᠦᠲᠦᠭᠡᠯ ᠢ ᠪᠤᠷᠤᠯᠠᠭᠤᠯᠬᠤ᠂ ᠦᠨ᠎ᠡ ᠬᠠᠶᠠᠯᠴᠠᠨ ᠬᠤᠳᠠᠯᠳᠤᠬᠤ᠂ ᠡᠵᠡᠩᠨᠡᠯᠲᠡ ᠶᠢᠨ ᠴᠢᠨᠠᠷᠲᠠᠢ ᠴᠠᠷᠳᠠᠵᠤ ᠴᠢᠮᠡᠭᠯᠡᠬᠦ︔             ︵ᠵᠢᠷᠭᠤᠭ᠎ᠠ︶ ᠺᠢᠨᠤ᠋ ᠶᠢᠨ ᠹᠢᠯᠢᠮ ᠲᠠᠷᠬᠠᠭᠠᠬᠤ᠂ ᠡᠵᠡᠩᠨᠡᠯᠲᠡ ᠶᠢᠨ ᠴᠢᠨᠠᠷᠲᠠᠢ ᠺᠢᠨᠤ᠋ ᠭᠠᠷᠭᠠᠬᠤ︔             ︵ᠳᠤᠯᠤᠭ᠎ᠠ︶ ᠬᠠᠤᠯᠢ ᠶᠤᠰᠤᠭᠠᠷ ᠵᠦᠪᠰᠢᠶᠡᠷᠡᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠢ ᠡᠵᠡᠩᠨᠡᠬᠦ ᠠᠵᠢᠯᠯᠠᠭ᠎ᠠ︔             ︵ᠨᠠᠢᠮᠠ︶ ᠡᠵᠡᠩᠨᠡᠯᠲᠡ ᠶᠢᠨ ᠴᠢᠨᠠᠷᠲᠠᠢ ᠭᠡᠷᠡᠯ ᠵᠢᠷᠤᠭ ᠲᠠᠲᠠᠬᠤ᠂ ᠳᠦᠷᠰᠦ ᠰᠢᠩᠭᠡᠭᠡᠯᠲᠡ ᠬᠢᠬᠦ︔             ︵ᠶᠢᠰᠦ︶ ᠡᠵᠡᠩᠨᠡᠯᠲᠡ ᠶᠢᠨ ᠴᠢᠨᠠᠷᠲᠠᠢ ᠰᠤᠶᠤᠯ ᠤᠷᠠᠯᠢᠭ ᠤᠨ ᠪᠤᠯᠪᠠᠰᠤᠷᠠᠯ︔             ︵ᠠᠷᠪᠠ︶ ᠰᠤᠶᠤᠯ ᠤᠨ ᠡᠵᠡᠩᠨᠡᠨ ᠬᠠᠮᠢᠶᠠᠷᠬᠤ ᠠᠵᠢᠯᠯᠠᠭ᠎ᠠ︔             ︵ᠠᠷᠪᠠᠨ ᠨᠢᠭᠡ︶ ᠬᠠᠤᠯᠢ ᠴᠠᠭᠠᠵᠠ᠂ ᠬᠠᠤᠯᠢ ᠳᠦᠷᠢᠮ ᠳᠤ ᠲᠤᠭᠲᠠᠭᠠᠭᠳᠠᠭᠰᠠᠨ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨ ᠤ ᠬᠠᠮᠢᠶᠠᠷᠤᠯᠲᠠ ᠳᠤ ᠬᠠᠷᠢᠶᠠᠯᠠᠭᠳᠠᠬᠤ ᠪᠤᠰᠤᠳ ᠰᠤᠶᠤᠯ ᠤᠨ ᠡᠵᠡᠩᠨᠡᠬᠦ ᠠᠵᠢᠯᠯᠠᠭ᠎ᠠ᠃             ᠵᠢᠷᠭᠤᠳᠤᠭᠠᠷ ᠵᠦᠢᠯ      ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠪᠤᠯ ᠰᠤᠶᠤᠯ ᠤᠨ ᠵᠠᠬ᠎ᠠ ᠳᠡᠯᠭᠡᠭᠦᠷ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠨ᠎ᠠ᠃ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ᠂ ᠳᠤᠲᠤᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ᠂ ᠪᠠᠷᠠᠭᠠᠨ ᠤ ᠦᠨ᠎ᠡ ᠶᠢᠨ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠷᠠᠳᠢᠤ᠋ ᠲᠧᠯᠸᠢᠰ᠂ ᠰᠤᠨᠢᠨ ᠮᠡᠳᠡᠭᠡ ᠬᠡᠪᠯᠡᠯ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠦᠪᠡᠷᠰᠡᠳ ᠤᠨ ᠬᠠᠷᠢᠭᠤᠴᠠᠬᠤ ᠬᠦᠷᠢᠶ᠎ᠡ ᠬᠡᠪᠴᠢᠶᠡᠨ ᠳᠤ ᠪᠠᠨ ᠰᠤᠶᠤᠯ ᠤᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠨ ᠬᠠᠮᠢᠶᠠᠷᠤᠨ᠎ᠠ᠃             ᠳᠤᠯᠤᠳᠤᠭᠠᠷ ᠵᠦᠢᠯ      ᠬᠤᠰᠢᠭᠤ ᠰᠢᠶᠠᠨ ᠠᠴᠠ ᠳᠡᠭᠡᠭᠰᠢᠬᠢ ᠱᠠᠲᠤᠨ ᠤ ᠠᠷᠠᠳ ᠤᠨ ᠵᠠᠰᠠᠭ ᠤᠨ ᠤᠷᠳᠤᠨ ᠪᠤᠯᠤᠨ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠰ ᠳᠦᠷᠢᠮ ᠢ ᠬᠡᠷᠡᠭᠵᠢᠭᠦᠯᠦᠭᠡᠳ ᠲᠤᠪᠤᠶᠢᠮ᠎ᠠ ᠠᠮᠵᠢᠯᠲᠠ ᠤᠯᠤᠭᠰᠠᠨ ᠵᠤᠬᠢᠶᠠᠨ ᠪᠠᠶᠢᠭᠤᠯᠤᠯᠲᠠ ᠪᠤᠯᠤᠨ ᠬᠤᠪᠢ ᠬᠦᠮᠦᠨ ᠢ ᠰᠠᠶᠢᠰᠢᠶᠠᠨ ᠤᠷᠮᠠᠰᠢᠭᠤᠯᠵᠤ᠂ ᠱᠠᠩᠨᠠᠨ ᠬᠦᠬᠢᠭᠦᠯᠦᠨ᠎ᠡ᠃             ᠬᠤᠶᠠᠳᠤᠭᠠᠷ ᠪᠦᠯᠦᠭ     ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ             ᠨᠠᠢᠮᠠᠳᠤᠭᠠᠷ ᠵᠦᠢᠯ      ᠦᠪᠡᠷᠲᠡᠭᠡᠨ ᠵᠠᠰᠠᠬᠤ ᠤᠷᠤᠨ ᠤ ᠡᠯ᠎ᠡ ᠱᠠᠲᠤᠨ ᠤ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠬᠦᠷᠢᠶ᠎ᠡ ᠬᠡᠪᠴᠢᠶᠡᠨ ᠳᠤ ᠬᠢ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠂ ᠭᠤᠤᠯᠳᠠᠭᠤ ᠬᠠᠷᠢᠭᠤᠴᠠᠬᠤ ᠨᠢ᠄             ︵ᠨᠢᠭᠡ︶ ᠤᠯᠤᠰ ᠤᠨ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠳᠦᠷᠢᠮ᠂ ᠲᠦᠷᠦ ᠶᠢᠨ ᠪᠤᠳᠤᠯᠭ᠎ᠠ ᠵᠢᠴᠢ ᠲᠤᠰ ᠳᠦᠷᠢᠮ ᠢ ᠬᠡᠷᠡᠭᠵᠢᠭᠦᠯᠦᠨ ᠲᠤᠭᠤᠰᠢᠯᠠᠭᠤᠯᠬᠤ︔             ︵ᠬᠤᠶᠠᠷ︶ ᠰᠤᠶᠤᠯ ᠤᠨ ᠵᠠᠬ᠎ᠠ ᠳᠡᠯᠭᠡᠭᠦᠷ ᠤᠨ ᠬᠦᠭᠵᠢᠯᠲᠡ ᠶᠢᠨ ᠲᠦᠯᠦᠪᠵᠢᠭᠦᠯᠭᠡ ᠪᠤᠯᠤᠨ ᠬᠠᠮᠢᠶᠠᠷᠤᠯᠲᠠ ᠶᠢᠨ ᠳᠦᠷᠢᠮ ᠢ ᠲᠤᠭᠲᠠᠭᠠᠬᠤ︔             ︵ᠭᠤᠷᠪᠠ︶ ︽ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾᠎ ᠢ ᠬᠢᠨᠠᠨ ᠤᠯᠭᠤᠬᠤ︔             ︵ᠳᠦᠷᠪᠡ︶ ᠰᠤᠶᠤᠯ ᠤᠨ ᠡᠵᠡᠩᠨᠡᠬᠦ ᠠᠵᠢᠯᠯᠠᠭᠠᠨ ᠳᠤ ᠬᠢᠨᠠᠯᠲᠠ ᠲᠠᠯᠪᠢᠵᠤ᠂ ᠪᠠᠶᠢᠴᠠᠭᠠᠵᠤ᠂ ᠵᠢᠭᠠᠨ ᠵᠢᠯᠤᠭᠤᠳᠬᠤ︔             ︵ᠲᠠᠪᠤ︶ ᠰᠤᠶᠤᠯ ᠤᠨ ᠡᠵᠡᠩᠨᠡᠬᠦ ᠠᠵᠢᠯᠯᠠᠭᠠᠨ ᠤ ᠳᠤᠮᠳᠠᠬᠢ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠬᠦ︔             ︵ᠵᠢᠷᠭᠤᠭ᠎ᠠ︶ ᠰᠤᠶᠤᠯ ᠤᠨ ᠵᠠᠬ᠎ᠠ ᠳᠡᠯᠭᠡᠭᠦᠷ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠠᠮᠢᠶᠠᠷᠬᠤ ᠶᠤᠰᠤᠲᠠᠢ ᠪᠤᠰᠤᠳ ᠵᠦᠢᠯᠡᠰ ᠢ ᠬᠠᠮᠢᠶᠠᠷᠤᠨ᠎ᠠ᠃             ᠡᠯ᠎ᠡ ᠱᠠᠲᠤᠨ ᠤ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨ ᠰᠤᠶᠤᠯ ᠤᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ᠂ ᠪᠠᠶᠢᠴᠠᠭᠠᠵᠤ᠂ ᠰᠤᠶᠤᠯ ᠤᠨ ᠡᠵᠡᠩᠨᠡᠬᠦ ᠠᠵᠢᠯᠯᠠᠭ᠎ᠠ ᠶᠢ ᠵᠢᠭᠠᠨ ᠵᠢᠯᠤᠭᠤᠳᠴᠤ᠂ ᠰᠤᠶᠤᠯ ᠤᠨ ᠡᠵᠡᠩᠨᠡᠬᠦ ᠠᠵᠢᠯᠯᠠᠭᠠᠨ ᠤ ᠳᠤᠮᠳᠠᠬᠢ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠵᠦ ᠪᠤᠯᠤᠨ᠎ᠠ᠃ ᠰᠤᠶᠤᠯ ᠤᠨ ᠵᠠᠬ᠎ᠠ ᠳᠡᠯᠭᠡᠭᠦᠷ ᠤᠨ ᠪᠠᠶᠢᠴᠠᠭᠠᠭᠴᠢ ᠰᠤᠶᠤᠯ ᠤᠨ ᠵᠠᠬ᠎ᠠ ᠳᠡᠯᠭᠡᠭᠦᠷ ᠲᠤ ᠪᠠᠶᠢᠴᠠᠭᠠᠯᠲᠠ ᠬᠢᠬᠦ ᠳᠤ ᠪᠠᠨ ᠡᠷᠬᠡᠪᠡᠰᠢ ᠬᠤᠶᠠᠷ ᠠᠴᠠ ᠳᠡᠭᠡᠭᠰᠢ ᠬᠦᠮᠦᠨ ᠶᠠᠪᠤᠬᠤ ᠬᠡᠷᠡᠭᠲᠡᠢ ᠮᠦᠷᠲᠡᠭᠡᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠶᠤᠯ ᠤᠨ ᠵᠠᠬ᠎ᠠ ᠳᠡᠯᠭᠡᠭᠦᠷ ᠢ ᠪᠠᠶᠢᠴᠠᠭᠠᠭᠴᠢ ᠶᠢᠨ ᠦᠨᠡᠮᠯᠡᠯ︾ ᠪᠤᠯᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠤᠯᠭᠤᠭᠰᠠᠨ ︽ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠦᠨᠡᠮᠯᠡᠯ︾᠎ ᠲᠠᠢ ᠪᠠᠶᠢᠬᠤ ᠬᠡᠷᠡᠭᠲᠡᠢ᠃             ᠶᠢᠰᠦᠳᠦᠭᠡᠷ ᠵᠦᠢᠯ      ᠰᠤᠶᠤᠯ ᠤᠨ ᠵᠠᠬ᠎ᠠ ᠳᠡᠯᠭᠡᠭᠦᠷ ᠲᠤ ᠱᠠᠲᠤᠯᠠᠨ ᠬᠠᠮᠢᠶᠠᠷᠬᠤ ᠶᠢ ᠬᠡᠷᠡᠭᠵᠢᠭᠦᠯᠬᠦ             ︵ᠨᠢᠭᠡ︶ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠦᠪᠡᠷᠲᠡᠭᠡᠨ ᠵᠠᠰᠠᠬᠤ ᠤᠷᠤᠨ ᠤ ᠬᠠᠷᠢᠶ᠎ᠠ ᠨᠢᠭᠡᠴᠢ᠂ ᠤᠯᠤᠰ ᠬᠢᠭᠡᠳ ᠭᠠᠳᠠᠷ ᠮᠤᠵᠢ ︵ᠦᠪᠡᠷᠲᠡᠭᠡᠨ ᠵᠠᠰᠠᠬᠤ ᠤᠷᠤᠨ᠂ ᠬᠤᠲᠠ︶᠎ ᠶᠢᠨ ᠦᠪᠡᠷᠲᠡᠭᠡᠨ ᠵᠠᠰᠠᠬᠤ ᠤᠷᠤᠨ ᠳᠤ ᠰᠠᠭᠤᠭ᠎ᠠ ᠪᠠᠶᠢᠭᠤᠯᠭ᠎ᠠ ᠶᠢᠨ ᠡᠷᠬᠢᠯᠡᠭᠰᠡᠨ ᠰᠤᠶᠤᠯ ᠤᠨ ᠡᠵᠩᠨᠡᠬᠦ ᠠᠵᠢᠯᠯᠠᠭ᠎ᠠ ᠶᠢ ᠬᠠᠮᠢᠶᠠᠷᠤᠨ᠎ᠠ︔             ︵ᠬᠤᠶᠠᠷ︶ ᠠᠶᠢᠮᠠᠭ ᠬᠤᠲᠠ ᠶᠢᠨ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠶᠢᠮᠠᠭ ᠬᠤᠲᠠ ᠶᠢᠨ ᠢᠶᠠᠨ ᠬᠠᠷᠢᠶ᠎ᠠ ᠨᠢᠭᠡᠴᠢ ᠶᠢᠨ ᠡᠷᠬᠢᠯᠡᠭᠰᠡᠨ ᠰᠤᠶᠤᠯ ᠤᠨ ᠡᠵᠡᠩᠨᠡᠬᠦ ᠠᠵᠢᠯᠯᠠᠭ᠎ᠠ ᠶᠢ ᠬᠠᠮᠢᠶᠠᠷᠤᠨ᠎ᠠ︔             ︵ᠭᠤᠷᠪᠠ︶ ᠬᠤᠰᠢᠭᠤ᠂ ᠦᠪᠡᠷᠲᠡᠭᠡᠨ ᠵᠠᠰᠠᠬᠤ ᠬᠤᠰᠢᠭᠤ᠂ ᠰᠢᠶᠠᠨ᠂ ᠲᠤᠭᠤᠷᠢᠭ ᠲᠤᠬᠢᠷᠠᠭᠤᠯᠤᠭᠰᠠᠨ ᠦᠭᠡᠢ ᠬᠤᠲᠠ᠂ ᠬᠤᠲᠠ ᠶᠢᠨ ᠬᠠᠷᠢᠶ᠎ᠠ ᠲᠤᠭᠤᠷᠢᠭ ᠤᠨ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠤᠰᠢᠭᠤ ᠰᠢᠶᠠᠨ ᠵᠢᠴᠢ ᠳᠤᠤᠷᠠᠬᠢ ᠪᠠᠶᠢᠭᠤᠯᠭ᠎ᠠ ᠪᠠ ᠬᠤᠪᠢ ᠬᠦᠮᠦᠨ ᠤ ᠡᠷᠬᠢᠯᠡᠭᠰᠡᠨ ᠰᠤᠶᠤᠯ ᠤᠨ ᠡᠵᠡᠩᠨᠡᠬᠦ ᠠᠵᠢᠯᠯᠠᠭ᠎ᠠ ᠶᠢ ᠬᠠᠮᠢᠶᠠᠷᠤᠨ᠎ᠠ᠃             ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠭᠰᠠᠨ ᠠᠵᠤ ᠠᠬᠤᠶᠢᠯᠠᠯ ᠤᠨ ᠡᠷᠬᠢᠯᠡᠭᠰᠡᠨ ᠰᠤᠶᠤᠯ ᠤᠨ ᠡᠵᠡᠩᠨᠡᠬᠦ ᠠᠵᠢᠯᠯᠠᠭ᠎ᠠ ᠶᠢ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠮᠢᠶᠠᠷᠤᠨ᠎ᠠ᠂ ᠤᠯᠤᠰ ᠠᠴᠠ ᠦᠭᠡᠷ᠎ᠡ ᠲᠤᠭᠲᠠᠭᠠᠯ ᠲᠠᠢ ᠨᠢ ᠠᠰᠲᠠᠭᠠᠨ᠃             ᠳᠡᠭᠡᠳᠦ ᠱᠠᠲᠤᠨ ᠤ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠡᠷᠡᠭᠴᠡᠭᠡ ᠪᠠᠨ ᠦᠨᠳᠦᠰᠦᠯᠡᠨ᠂ ᠪᠤᠰᠤᠳ ᠬᠠᠮᠢᠶᠠᠷᠤᠯᠲᠠ ᠶᠢᠨ ᠰᠤᠶᠤᠯ ᠤᠨ ᠵᠠᠬ᠎ᠠ ᠳᠡᠯᠭᠡᠭᠦᠷ ᠤᠨ ᠠᠵᠢᠯ ᠢᠶᠠᠨ ᠳᠤᠤᠷ᠎ᠠ ᠱᠠᠲᠤᠨ ᠤ ᠰᠤᠶᠤᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠨᠠᠶᠢᠳᠠᠵᠤ ᠬᠠᠮᠢᠶᠠᠷᠤᠭᠤᠯᠵᠤ ᠪᠤᠯᠤᠨ᠎ᠠ᠃             ᠬᠦᠬᠡᠬᠤᠲᠠ ᠪᠤᠯᠤᠨ ᠪᠤᠭᠤᠲᠤ ᠬᠤᠲᠠ ᠶᠢᠨ ᠬᠤᠲᠠ ᠶᠢᠨ ᠲᠤᠭᠤᠷᠢᠭ ᠤᠨ ᠰᠤᠶᠤᠯ ᠤᠨ ᠵᠠᠬ᠎ᠠ ᠳᠡᠯᠭᠡᠭᠦᠷ ᠤᠨ ᠱᠠᠲᠤᠯᠠᠨ ᠬᠠᠮᠢᠶᠠᠷᠬᠤ ᠪᠠᠶᠢᠭᠤᠯᠤᠯ ᠢ ᠬᠦᠬᠡᠬᠤᠲᠠ ᠪᠤᠯᠤᠨ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠤᠷᠳᠤᠨ ᠪᠤᠲᠠᠲᠠᠢ ᠪᠠᠶᠢᠳᠠᠯ ᠢᠶᠠᠨ ᠦᠨᠳᠦᠰᠦᠯᠡᠨ ᠲᠤᠭᠲᠠᠭᠠᠨ᠎ᠠ᠃             ᠠᠷᠪᠠᠳᠤᠭᠠᠷ ᠵᠦᠢᠯ      ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠱᠠᠲᠤᠯᠠᠨ ᠬᠠᠮᠢᠶᠠᠷᠬᠤ ᠬᠦᠷᠢᠶ᠎ᠡ ᠬᠡᠪᠴᠢᠶᠡᠨ ᠳᠤ ᠪᠠᠨ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠰᠦᠢᠳᠭᠡᠯ ᠢᠶᠠᠨ ᠬᠤᠷᠢᠶᠠᠨ ᠠᠪᠤᠨ᠎ᠠ᠃ ᠰᠦᠢᠳᠭᠡᠯ ᠬᠤᠷᠢᠶᠠᠬᠤ ᠬᠦᠷᠢᠶ᠎ᠡ ᠬᠡᠪᠴᠢᠶ᠎ᠡ᠂ ᠪᠠᠷᠢᠮᠵᠢᠶ᠎ᠠ ᠬᠢᠭᠡᠳ ᠬᠡᠷᠡᠭᠯᠡᠬᠦ ᠠᠷᠭ᠎ᠠ ᠬᠡᠮᠵᠢᠶ᠎ᠡ ᠶᠢ ᠤᠯᠤᠰ ᠪᠤᠯᠤᠨ ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠲᠤᠭᠲᠠᠭᠠᠯ ᠤᠨ ᠶᠤᠰᠤᠭᠠᠷ ᠬᠡᠷᠡᠭᠵᠢᠭᠦᠯᠦᠨ᠎ᠡ᠃             ᠠᠷᠪᠠᠨ ᠨᠢᠭᠡᠳᠦᠭᠡᠷ ᠵᠦᠢᠯ      ᠰᠤᠶᠤᠯ ᠤᠨ ᠡᠵᠡᠩᠨᠡᠬᠦ ᠠᠵᠢᠯᠯᠠᠭ᠎ᠠ ᠶᠢ ᠡᠷᠬᠢᠯᠡᠬᠦ ᠳᠤ ᠡᠵᠡᠩᠨᠡᠬᠦ ᠵᠦᠢᠯ ᠤᠨ ᠲᠤᠬᠢᠷᠠᠬᠤ ᠲᠠᠯᠠᠪᠤᠷ᠂ ᠲᠦᠬᠦᠭᠡᠷᠦᠮᠵᠢ ᠪᠤᠯᠤᠨ ᠲᠤᠰᠬᠠᠢ ᠮᠡᠷᠭᠡᠵᠢᠯ ᠤᠨ ᠠᠵᠢᠯᠲᠠᠨ ᠢ ᠪᠦᠷᠢᠳᠦᠭᠦᠯᠬᠦ ᠬᠡᠷᠡᠭᠲᠡᠢ᠃             ᠠᠷᠪᠠᠨ ᠬᠤᠶᠠᠳᠤᠭᠠᠷ ᠵᠦᠢᠯ      ᠰᠤᠶᠤᠯ ᠤᠨ ᠡᠵᠡᠩᠨᠡᠬᠦ ᠠᠵᠢᠯᠯᠠᠭ᠎ᠠ ᠶᠢ ᠡᠷᠬᠢᠯᠡᠬᠦ ᠳᠤ ᠡᠷᠭᠦᠳᠡᠯ ᠪᠤᠯᠤᠨ ︽ᠡᠵᠡᠩᠨᠡᠯᠲᠡ ᠶᠢᠨ ᠦᠨᠡᠮᠯᠡᠯ︾ ᠵᠡᠷᠭᠡ ᠬᠤᠯᠪᠤᠭᠳᠠᠯ ᠪᠦᠬᠦᠢ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠂ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠪᠠᠶᠢᠴᠠᠭᠠᠯᠭᠠᠵᠤ ᠵᠦᠪᠰᠢᠶᠡᠷᠡᠭᠦᠯᠦᠭᠡᠳ ᠰᠠᠶ᠋ᠢ ︽ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾᠎ ᠢᠶᠠᠨ ᠠᠪᠳᠠᠭ︔ ᠤᠯᠤᠰ ᠤᠨ ᠲᠤᠭᠲᠠᠭᠠᠯ ᠶᠤᠰᠤᠭᠠᠷ ︽ᠠᠮᠤᠷ ᠲᠦᠪᠰᠢᠨ ᠤ ᠬᠢᠷᠢ ᠲᠡᠩᠴᠡᠭᠰᠡᠨ ᠭᠡᠷᠡᠴᠢ︾᠂ ︽ᠡᠷᠡᠭᠦᠯ ᠬᠠᠮᠠᠭᠠᠯᠠᠯ ᠤᠨ ᠵᠦᠪᠰᠢᠶᠡᠷᠡᠯ ᠤᠨ ᠦᠨᠡᠮᠯᠡᠯ︾᠎ ᠢ ᠠᠪᠬᠤ ᠴᠢᠬᠤᠯᠠᠲᠠᠢ᠂ ︽ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾᠎ ᠢᠶᠠᠨ ᠠᠪᠴᠤ ᠳᠤᠲᠤᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠬᠦᠷᠴᠦ ᠡᠷᠭᠦᠳᠡᠯ ᠢᠶᠠᠨ ᠦᠭᠴᠦ ᠭᠦᠢᠴᠡᠳᠭᠡᠭᠦᠯᠦᠨ᠎ᠡ᠃             ᠠᠷᠪᠠᠨ ᠭᠤᠷᠪᠠᠳᠤᠭᠠᠷ ᠵᠦᠢᠯ      ᠦᠭᠡᠷᠡᠴᠢᠯᠡᠨ ᠡᠵᠡᠩᠨᠡᠭᠴᠢ᠂ ᠡᠵᠡᠩᠨᠡᠬᠦ ᠭᠠᠵᠠᠷ᠂ ᠡᠵᠡᠩᠨᠡᠬᠦ ᠵᠦᠢᠯᠡᠰ ᠡᠰᠡᠭᠦᠯ᠎ᠡ ᠡᠵᠡᠩᠨᠡᠬᠦ ᠬᠡᠪᠴᠢᠶ᠎ᠡ ᠪᠠᠨ ᠦᠷᠭᠡᠳᠭᠡᠪᠡᠯ ᠲᠤᠰ ᠪᠦᠯᠦᠭ ᠤᠨ ᠠᠷᠪᠠᠨ ᠬᠤᠶᠠᠳᠤᠭᠠᠷ ᠵᠦᠢᠯ ᠲᠤ ᠲᠤᠭᠲᠠᠭᠠᠭᠰᠠᠨ ᠳᠡᠰ ᠳᠠᠷᠠᠭᠠᠯᠠᠯ ᠤᠨ ᠶᠤᠰᠤᠭᠠᠷ ᠭᠦᠢᠴᠡᠳᠭᠡᠯ ᠢᠶᠠᠨ ᠬᠢᠬᠦ ᠬᠡᠷᠡᠭᠲᠡᠢ᠃             ᠭᠤᠷᠪᠠᠳᠤᠭᠠᠷ ᠪᠦᠯᠦᠭ     ᠡᠵᠡᠩᠨᠡᠯᠲᠡ ᠶᠢᠨ ᠴᠢᠨᠠᠷᠲᠠᠢ ᠲᠤᠭᠯᠠᠯᠲᠠ᠂ ᠤᠷᠤᠯᠳᠤᠭᠠᠨ ᠲᠡᠮᠡᠴᠡᠭᠡᠨ᠂ ᠦᠵᠡᠰᠭᠦᠯᠡᠩ ᠤᠨ ᠬᠠᠮᠢᠶᠠᠷᠤᠯᠲᠠ             ᠠᠷᠪᠠᠨ ᠳᠦᠷᠪᠡᠳᠦᠭᠡᠷ ᠵᠦᠢᠯ      ᠡᠵᠡᠩᠨᠡᠯᠲᠡ ᠶᠢᠨ ᠴᠢᠨᠠᠷᠲᠠᠢ ᠲᠤᠭᠯᠠᠯᠲᠠ᠂ ᠤᠷᠤᠯᠳᠤᠭᠠᠨ ᠲᠡᠮᠡᠴᠡᠭᠡᠨ᠂ ᠦᠵᠡᠰᠭᠦᠯᠡᠩ ᠤᠨ ᠠᠭᠤᠯᠭ᠎ᠠ ᠶᠢ ᠰᠤᠶᠤᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠭᠠᠷᠳᠠᠨ ᠬᠢᠨᠠᠨ ᠪᠠᠶᠢᠴᠠᠭᠠᠵᠤ ᠵᠦᠪᠰᠢᠶᠡᠷᠡᠯ ᠦᠭᠬᠦ ᠬᠡᠷᠡᠭᠲᠡᠢ᠃             ᠤᠷᠤᠨ ᠤ ᠭᠠᠳᠠᠨᠠᠬᠢ ᠪᠦᠯᠬᠦᠮ ᠨᠢᠭᠡᠴᠢ᠂ ᠬᠤᠪᠢ ᠬᠦᠮᠦᠨ ᠮᠠᠨ ᠤ ᠤᠷᠤᠨ ᠳᠤ ᠢᠷᠡᠵᠦ ᠡᠵᠡᠩᠨᠡᠯᠲᠡ ᠶᠢᠨ ᠴᠢᠨᠠᠷᠲᠠᠢ ᠲᠤᠭᠯᠠᠯᠲᠠ᠂ ᠤᠷᠤᠯᠳᠤᠭᠠᠨ ᠲᠡᠮᠡᠴᠡᠭᠡᠨ᠂ ᠦᠵᠡᠰᠭᠦᠯᠡᠩ ᠡᠷᠬᠢᠯᠡᠬᠦ ᠭᠡᠪᠡᠯ ᠡᠷᠬᠡᠪᠡᠰᠢ ᠤᠷᠢᠳᠠᠪᠡᠷ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠡᠷᠭᠦᠳᠡᠯ ᠦᠭᠴᠦ᠂ ᠬᠢᠨᠠᠨ ᠪᠠᠶᠢᠴᠠᠭᠠᠯᠭᠠᠵᠤ ᠵᠦᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠡᠵᠡᠩᠨᠡᠯᠲᠡ ᠶᠢᠨ ᠴᠢᠨᠠᠷᠲᠠᠢ ᠠᠵᠢᠯᠯᠠᠭ᠎ᠠ ᠶᠢ ᠡᠷᠬᠢᠯᠡᠵᠦ ᠪᠤᠯᠤᠨ᠎ᠠ᠃             ᠠᠷᠪᠠᠨ ᠲᠠᠪᠤᠳᠤᠭᠠᠷ ᠵᠦᠢᠯ      ᠡᠵᠡᠩᠨᠡᠯᠲᠡ ᠶᠢᠨ ᠴᠢᠨᠠᠷᠲᠠᠢ ᠲᠤᠭᠯᠠᠯᠲᠠ᠂ ᠤᠷᠤᠯᠳᠤᠭᠠᠨ ᠲᠡᠮᠡᠴᠡᠭᠡᠨ᠂ ᠦᠵᠡᠰᠭᠦᠯᠡᠩ ᠢ ᠡᠷᠬᠢᠯᠡᠭᠴᠢ ᠪᠠᠶᠢᠭᠤᠯᠭ᠎ᠠ ᠪᠠ ᠬᠤᠪᠢ ᠬᠦᠮᠦᠨ ᠬᠤᠳᠠᠯ ᠬᠠᠭᠤᠷᠮᠠᠭ ᠮᠡᠳᠡᠭᠡ ᠵᠠᠩᠭᠢ ᠵᠤᠬᠢᠶᠠᠬᠤ ᠪᠤᠶᠤ ᠬᠠᠩᠭᠠᠵᠤ ᠪᠤᠯᠬᠤ ᠦᠭᠡᠢ᠃             ᠠᠷᠪᠠᠨ ᠵᠢᠷᠭᠤᠳᠤᠭᠠᠷ ᠵᠦᠢᠯ      ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠪᠠᠶᠢᠴᠠᠭᠠᠭᠰᠠᠨ ᠵᠦᠪᠰᠢᠶᠡᠷᠡᠯ ᠢ ᠤᠯᠤᠭ᠎ᠠ ᠦᠭᠡᠢ ᠪᠦᠯᠬᠦᠮ ᠨᠢᠭᠡᠴᠢ ᠪᠠ ᠬᠤᠪᠢ ᠬᠦᠮᠦᠨ ᠤ ᠡᠵᠡᠩᠨᠡᠯᠲᠡ ᠶᠢᠨ ᠴᠢᠨᠠᠷᠲᠠᠢ ᠲᠤᠭᠯᠠᠯᠲᠠ᠂ ᠤᠷᠤᠯᠳᠤᠭᠠᠨ ᠲᠡᠮᠡᠴᠡᠭᠡᠨ᠂ ᠦᠵᠡᠰᠭᠦᠯᠡᠩ ᠢ ᠶᠠᠮᠠᠷ ᠴᠦ ᠪᠠᠶᠢᠭᠤᠯᠭ᠎ᠠ ᠬᠦᠯᠢᠶᠡᠨ ᠠᠪᠴᠤ ᠪᠤᠯᠬᠤ ᠦᠭᠡᠢ᠃             ᠡᠯ᠎ᠡ ᠵᠦᠢᠯ ᠤᠨ ᠠᠯᠪᠠᠨ ᠵᠢᠷᠤᠮ ᠤᠨ ᠲᠤᠭᠯᠠᠯᠲᠠ ᠡᠷᠬᠡᠪᠡᠰᠢ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠬᠤ ᠬᠡᠷᠡᠭᠲᠡᠢ᠃ ᠠᠯᠪᠠᠨ ᠵᠢᠷᠤᠮ ᠤᠨ ᠲᠤᠭᠯᠠᠯᠲᠠ ᠶᠢᠨ ᠨᠡᠷ᠎ᠡ ᠪᠠᠷ ᠠᠰᠢᠭ ᠬᠤᠨᠵᠢᠪᠤᠷᠢ ᠤᠯᠬᠤ ᠲᠤᠭᠯᠠᠯᠲᠠ ᠬᠢᠵᠦ ᠪᠤᠯᠬᠤ ᠦᠭᠡᠢ᠃             ᠳᠦᠷᠪᠡᠳᠦᠭᠡᠷ ᠪᠦᠯᠦᠭ     ᠡᠵᠡᠩᠨᠡᠯᠲᠡ ᠶᠢᠨ ᠴᠢᠨᠠᠷᠲᠠᠢ ᠨᠠᠶᠢᠷ ᠨᠠᠭᠠᠳᠤᠮ ᠤᠨ ᠬᠠᠮᠢᠶᠠᠷᠤᠯᠲᠠ             ᠠᠷᠪᠠᠨ ᠳᠤᠯᠤᠳᠤᠭᠠᠷ ᠵᠦᠢᠯ      ᠨᠠᠶᠢᠷ ᠨᠠᠭᠠᠳᠤᠮ ᠤᠨ ᠠᠵᠢᠯᠯᠠᠭᠠᠨ ᠤ ᠲᠠᠯᠠᠪᠤᠷ ᠢ ᠡᠵᠡᠩᠨᠡᠬᠦ ᠳᠤ ᠳᠤᠤᠷᠠᠬᠢ ᠨᠦᠬᠦᠴᠡᠯ ᠢ ᠪᠦᠷᠢᠯᠳᠦᠭᠦᠯᠬᠦ ᠬᠡᠷᠡᠭᠲᠡᠢ᠄             ︵ᠨᠢᠭᠡ︶ ᠲᠠᠯᠠᠪᠤᠷ ᠲᠤᠭᠲᠠᠮᠠᠯ ᠮᠦᠷᠲᠡᠭᠡᠨ ᠠᠮᠤᠷ ᠲᠦᠪᠰᠢᠨ ᠪᠤᠯᠤᠨ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔             ︵ᠬᠤᠶᠠᠷ︶ ᠲᠤᠬᠢᠷᠠᠮᠵᠢᠲᠠᠢ ᠭᠡᠷᠡᠯᠲᠦᠭᠦᠯᠭᠡ᠂ ᠰᠠᠯᠬᠢ ᠨᠡᠪᠲᠡᠷᠡᠭᠦᠯᠬᠦ ᠲᠦᠬᠦᠭᠡᠷᠦᠮᠵᠢ ᠪᠤᠯᠤᠨ ᠦᠢᠯᠡᠴᠢᠯᠡᠭᠡᠨ ᠤ ᠪᠡᠯᠡᠳᠭᠡᠮᠵᠢ ᠲᠠᠢ ᠪᠠᠶᠢᠬᠤ︔             ︵ᠭᠤᠷᠪᠠ︶ ᠵᠤᠬᠢᠬᠤ ᠲᠤᠰᠬᠠᠢ ᠮᠡᠷᠭᠡᠵᠢᠯ ᠤᠨ ᠮᠡᠳᠡᠯᠭᠡ ᠡᠵᠡᠮᠰᠢᠭᠰᠡᠨ ᠬᠠᠮᠢᠶᠠᠷᠤᠭᠴᠢ ᠪᠤᠯᠤᠨ ᠠᠮᠤᠷ ᠲᠦᠪᠰᠢᠨ ᠤ ᠬᠠᠮᠠᠭᠠᠯᠠᠭᠴᠢ ᠲᠠᠢ ᠪᠠᠶᠢᠬᠤ︔             ︵ᠳᠦᠷᠪᠡ︶ ᠬᠠᠷᠢᠭᠤᠴᠠᠯᠭᠠᠲᠠᠨ ᠨᠢ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠪᠤᠯᠪᠠᠰᠤᠷᠠᠯ ᠢᠶᠠᠷ ᠳᠠᠮᠵᠢᠵᠤ ᠬᠢᠷᠢ ᠲᠡᠩᠴᠡᠭᠭᠰᠡᠨ ᠦᠨᠡᠮᠯᠡᠯ ᠠᠪᠤᠭᠰᠠᠨ ᠪᠠᠶᠢᠬᠤ᠃             ᠠᠷᠪᠠᠨ ᠨᠠᠢᠮᠠᠳᠤᠭᠠᠷ ᠵᠦᠢᠯ      ᠨᠠᠶᠢᠷ ᠨᠠᠭᠠᠳᠤᠮ ᠤᠨ ᠠᠵᠢᠯᠯᠠᠭ᠎ᠠ ᠵᠢᠴᠢ ᠲᠡᠭᠦᠨ ᠤ ᠲᠠᠯᠠᠪᠤᠷ ᠢ ᠠᠰᠢᠭᠯᠠᠨ ᠤᠷᠢᠨ ᠲᠠᠴᠢᠶᠠᠩᠭᠤᠢ᠂ ᠱᠠᠯᠢᠭ ᠵᠠᠪᠬᠠᠢ᠂ ᠵᠤᠭᠤᠰ ᠨᠠᠭᠠᠳᠬᠤ᠂ ᠹᠸᠤᠳᠠᠯ ᠤᠨ ᠮᠤᠬᠤᠷ ᠰᠦᠰᠦᠭ ᠪᠤᠯᠤᠨ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠠᠵᠢᠯᠯᠠᠭ᠎ᠠ ᠦᠷᠨᠢᠭᠦᠯᠬᠦ ᠶᠢ ᠬᠤᠷᠢᠭᠯᠠᠨ᠎ᠠ᠃             ᠠᠷᠪᠠ ᠶᠢᠰᠦᠳᠦᠭᠡᠷ ᠵᠦᠢᠯ      ᠨᠤᠴᠤᠮᠠᠲᠠᠭᠠᠢ ᠪᠤᠳᠠᠰ᠂ ᠳᠡᠯᠪᠡᠷᠡᠮᠡᠳᠡᠭᠡᠢ ᠪᠤᠳᠠᠰ᠂ ᠳᠤᠭᠰᠢᠨ ᠬᠤᠤᠷ ᠵᠡᠷᠭᠡ ᠠᠶᠤᠯᠲᠠᠢ ᠪᠤᠳᠠᠰ ᠪᠤᠯᠤᠨ ᠰᠦᠷᠳᠡᠭᠦᠯᠬᠦ ᠢᠷᠲᠤ ᠪᠠᠭᠠᠵᠢ᠂ ᠫᠤᠤ ᠵᠡᠪᠰᠡᠭ ᠠᠪᠴᠤ ᠶᠠᠪᠤᠭ᠎ᠠ ᠬᠦᠮᠦᠰ ᠢ ᠨᠠᠶᠢᠷ ᠨᠠᠭᠠᠳᠤᠮ ᠤᠨ ᠠᠵᠢᠯᠯᠠᠭᠠᠨ ᠤ ᠲᠠᠯᠠᠪᠤᠷ ᠲᠤ ᠤᠷᠤᠭᠤᠯᠵᠤ ᠪᠤᠯᠬᠤ ᠦᠭᠡᠢ᠃             ᠬᠤᠷᠢᠳᠤᠭᠠᠷ ᠵᠦᠢᠯ      ᠨᠠᠶᠢᠷ ᠨᠠᠭᠠᠳᠤᠮ ᠤᠨ ᠠᠵᠢᠯᠯᠠᠭᠠᠨ ᠤ ᠲᠠᠯᠠᠪᠤᠷ ᠳᠡᠩᠳᠡᠭᠦᠦ ᠪᠦᠳᠡᠬᠢ ᠭᠡᠷᠡᠯᠲᠦᠭᠦᠯᠭᠡ ᠬᠡᠷᠡᠭᠯᠡᠵᠦ ᠪᠤᠯᠬᠤ ᠦᠭᠡᠢ᠂ ᠲᠤᠭᠲᠠᠭᠰᠠᠨ ᠤᠷᠤᠨ ᠲᠤᠭ᠎ᠠ ᠠᠴᠠ ᠪᠠᠨ ᠬᠡᠲᠦᠷᠡᠭᠰᠡᠨ ᠤᠷᠤᠯᠴᠠᠭᠴᠢ ᠲᠠᠢ ᠨᠠᠶᠢᠷ ᠨᠠᠭᠠᠳᠤᠮ ᠤᠨ ᠠᠵᠢᠯᠯᠠᠭ᠎ᠠ ᠶᠢ ᠡᠷᠬᠢᠯᠡᠵᠦ ᠪᠤᠯᠬᠤ ᠦᠭᠡᠢ᠃             ᠬᠤᠷᠢᠨ ᠨᠢᠭᠡᠳᠦᠭᠡᠷ ᠵᠦᠢᠯ      ᠦᠰᠪᠦᠷᠢ ᠬᠡᠦᠬᠡᠳ ᠲᠤ ᠲᠤᠬᠢᠷᠠᠬᠤ ᠦᠭᠡᠢ ᠨᠠᠶᠢᠷ ᠨᠠᠭᠠᠳᠤᠮ ᠤᠨ ᠠᠵᠢᠯᠯᠠᠭᠠᠨ ᠤ ᠲᠠᠯᠠᠪᠤᠷ ᠲᠤ ᠡᠷᠬᠡᠪᠡᠰᠢ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠳᠤᠲᠤᠭᠠᠳᠤ ᠶᠢ ᠬᠠᠮᠠᠭᠠᠯᠠᠬᠤ ᠶᠢᠨ ᠬᠢᠨ ᠤ ᠵᠤᠬᠢᠶᠠᠨ ᠦᠢᠯᠡᠳᠦᠭᠰᠡᠨ ︽ᠦᠰᠪᠦᠷᠢ ᠬᠡᠦᠬᠡᠳ ᠤᠷᠤᠵᠤ ᠪᠤᠯᠬᠤ ᠦᠭᠡᠢ︾ ᠭᠡᠰᠡᠨ ᠲᠡᠮᠲᠡᠭ ᠪᠠᠶᠢᠷᠢᠯᠠᠭᠤᠯᠵᠤ᠂ ᠦᠰᠪᠦᠷᠢ ᠬᠡᠦᠬᠡᠳ ᠤᠷᠤᠬᠤ ᠶᠢ ᠬᠤᠷᠢᠭᠯᠠᠬᠤ ᠬᠡᠷᠡᠭᠲᠡᠢ᠃             ᠬᠤᠷᠢᠨ ᠬᠤᠶᠠᠳᠤᠭᠠᠷ ᠵᠦᠢᠯ      ᠡᠯᠧᠺᠲᠷᠣᠨ  ᠲᠤᠭᠯᠠᠭᠠᠮ ᠤᠨ ᠠᠵᠢᠯᠯᠠᠭ᠎ᠠ ᠡᠵᠩᠨᠡᠵᠦ ᠪᠠᠶᠢᠭ᠎ᠠ ᠪᠠᠶᠢᠭᠤᠯᠭ᠎ᠠ ᠪᠠ ᠬᠤᠪᠢ ᠬᠦᠮᠦᠨ ᠠᠮᠠᠷᠠᠯᠲᠠ ᠶᠢᠨ ᠪᠢᠰᠢ ᠡᠳᠦᠷ ᠦᠰᠪᠦᠷᠢ ᠬᠡᠦᠬᠡᠳ ᠢ ᠬᠦᠯᠢᠶᠡᠨ ᠠᠪᠴᠤ ᠪᠤᠯᠬᠤ ᠦᠭᠡᠢ᠃                         ᠡᠯᠧᠺᠲᠷᠣᠨ  ᠲᠤᠭᠯᠠᠭᠠᠮ ᠤᠨ ᠠᠵᠢᠯᠯᠠᠭ᠎ᠠ ᠡᠵᠡᠩᠨᠡᠵᠦ ᠪᠠᠶᠢᠭ᠎ᠠ ᠪᠠᠶᠢᠭᠤᠯᠭ᠎ᠠ ᠪᠠ ᠬᠤᠪᠢ ᠬᠦᠮᠦᠨ ᠦᠰᠪᠦᠷᠢ ᠬᠡᠦᠬᠡᠳ ᠳᠤ ᠪᠡᠶ᠎ᠡ ᠰᠡᠳᠭᠢᠯ ᠤᠨ ᠡᠷᠡᠭᠦᠯ ᠮᠡᠨᠳᠦ ᠳᠤ ᠨᠢ ᠬᠤᠤᠷᠲᠠᠢ ᠲᠤᠭᠯᠠᠭᠠᠮ ᠢ ᠬᠠᠩᠭᠠᠵᠤ ᠪᠤᠯᠬᠤ ᠦᠭᠡᠢ᠃             ᠡᠯᠧᠺᠲᠷᠣᠨ  ᠲᠤᠭᠯᠠᠭᠠᠮ ᠤᠨ ᠠᠵᠢᠯᠯᠠᠭ᠎ᠠ ᠡᠵᠡᠩᠨᠡᠵᠦ ᠪᠠᠶᠢᠭ᠎ᠠ ᠪᠠᠶᠢᠭᠤᠯᠭ᠎ᠠ ᠪᠠ ᠬᠤᠪᠢ ᠬᠦᠮᠦᠨ ᠡᠯᠧᠺᠲᠷᠣᠨ  ᠲᠤᠭᠯᠠᠭᠠᠮ ᠤᠨ ᠠᠵᠢᠯᠯᠠᠭ᠎ᠠ ᠶᠢ ᠠᠰᠢᠭᠯᠠᠨ ᠵᠤᠭᠤᠰ ᠨᠠᠭᠠᠳᠬᠤ᠂ ᠬᠡᠯᠪᠡᠷᠢ ᠬᠤᠪᠢᠷᠠᠭᠠᠨ ᠵᠤᠭᠤᠰ ᠨᠠᠭᠠᠳᠬᠤ ᠪᠤᠶᠤ ᠦᠰᠪᠦᠷᠢ ᠬᠡᠦᠬᠡᠳ ᠢ ᠦᠳᠦᠭᠡᠨ ᠳᠤᠬᠢᠵᠤ ᠵᠤᠭᠤᠰ ᠨᠠᠭᠠᠳᠤᠭᠤᠯᠵᠤ ᠪᠤᠯᠬᠤ ᠦᠭᠡᠢ᠃             ᠬᠤᠷᠢᠨ ᠭᠤᠷᠪᠠᠳᠤᠭᠠᠷ ᠵᠦᠢᠯ      ᠡᠵᠡᠩᠨᠡᠯᠲᠡ ᠶᠢᠨ ᠴᠢᠨᠠᠷᠲᠠᠢ ᠨᠠᠶᠢᠷ ᠨᠠᠭᠠᠳᠤᠮ ᠤᠨ ᠠᠵᠢᠯᠯᠠᠭ᠎ᠠ ᠡᠷᠬᠢᠯᠡᠵᠦ ᠪᠠᠶᠢᠭ᠎ᠠ ᠪᠠᠶᠢᠭᠤᠯᠭ᠎ᠠ ᠪᠤᠶᠤ ᠬᠤᠪᠢ ᠬᠦᠮᠦᠨ ᠤᠷᠠᠨ ᠰᠠᠶᠢᠬᠠᠨ ᠤ ᠲᠤᠭᠯᠠᠯᠲᠠ ᠶᠢᠨ ᠪᠦᠯᠬᠦᠮ ᠨᠢᠭᠡᠴᠢ ᠶᠢ ᠬᠦᠯᠢᠶᠡᠨ ᠠᠪᠬᠤ ᠳᠤ ᠪᠠᠨ ᠡᠷᠬᠡᠪᠡᠰᠢ ᠨᠠᠶᠢᠷ ᠨᠠᠭᠠᠳᠤᠮ ᠤᠨ ᠲᠠᠯᠠᠪᠤᠷ ᠤᠨ ︽ᠡᠵᠡᠩᠨᠡᠯᠲᠡ ᠶᠢᠨ ᠴᠢᠨᠠᠷᠲᠠᠢ ᠲᠤᠭᠯᠠᠯᠲᠠ ᠶᠢᠨ ᠵᠦᠪᠰᠢᠶᠡᠷᠡᠯ ᠤᠨ ᠦᠨᠡᠮᠯᠡᠯ︾᠎ ᠢ ᠪᠦᠷᠢᠯᠳᠦᠭᠦᠯᠬᠦ ᠬᠡᠷᠡᠭᠲᠡᠢ︔             ᠤᠷᠢᠨ ᠬᠡᠷᠡᠭᠯᠡᠵᠦ ᠪᠠᠶᠢᠭ᠎ᠠ ᠲᠤᠭᠯᠠᠭᠴᠢ ᠨᠢ ᠡᠷᠬᠡᠪᠡᠰᠢ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠯᠠᠭᠴᠢ ᠶᠢᠨ ᠬᠤᠪᠢ ᠬᠦᠮᠦᠨ ᠳᠤ ᠨᠢ ᠤᠯᠭᠤᠭᠰᠠᠨ ︽ᠡᠵᠡᠩᠨᠡᠯᠲᠡ ᠶᠢᠨ ᠲᠤᠭᠯᠠᠯᠲᠠ ᠶᠢᠨ ᠵᠦᠪᠰᠢᠶᠡᠷᠡᠯ ᠤᠨ ᠦᠨᠡᠮᠯᠡᠯ︾ ᠪᠠᠶᠢᠬᠤ ᠬᠡᠷᠡᠭᠲᠡᠢ︔ ᠦᠨᠡᠮᠯᠡᠯ ᠦᠭᠡᠢ ᠲᠤᠭᠯᠠᠯᠲᠠ ᠶᠢᠨ ᠪᠦᠯᠬᠦᠮ ᠪᠤᠯᠤᠨ ᠬᠤᠪᠢ ᠬᠦᠮᠦᠨ ᠢ ᠬᠦᠯᠢᠶᠡᠨ ᠠᠪᠴᠤ ᠪᠤᠯᠬᠤ ᠦᠭᠡᠢ᠃             ᠲᠠᠪᠤᠳᠤᠭᠠᠷ ᠪᠦᠯᠦᠭ     ᠨᠤᠮ ᠰᠡᠳᠭᠦᠯ ᠪᠤᠯᠤᠨ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠤ ᠬᠠᠮᠢᠶᠠᠷᠤᠯᠲᠠ             ᠬᠤᠷᠢᠨ ᠳᠦᠷᠪᠡᠳᠦᠭᠡᠷ ᠵᠦᠢᠯ      ᠬᠠᠤᠯᠢ ᠪᠤᠰᠤ᠂ ᠵᠢᠩᠬᠢᠨᠢ ᠪᠤᠰᠤ ᠬᠡᠪᠯᠡᠯ ᠤᠨ᠂ ᠳᠤᠲᠤᠭᠠᠳᠤ ᠲᠠᠷᠬᠠᠭᠠᠯᠭ᠎ᠠ ᠶᠢᠨ ᠪᠤᠯᠤᠨ ᠤᠯᠤᠰ ᠠᠴᠠ ᠵᠠᠷᠯᠠᠨ ᠬᠤᠷᠢᠭᠯᠠᠭᠰᠠᠨ ᠨᠤᠮ ᠳᠡᠪᠲᠡᠷ᠂ ᠭᠡᠷᠡᠯ ᠵᠢᠷᠤᠭ᠂ ᠰᠤᠨᠢᠨ ᠰᠡᠳᠭᠦᠯ᠂ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠢ ᠡᠵᠡᠩᠨᠡᠵᠦ ᠪᠤᠯᠬᠤ ᠦᠭᠡᠢ᠃             ᠶᠠᠮᠠᠷᠪᠠ ᠪᠠᠶᠢᠭᠤᠯᠭ᠎ᠠ ᠪᠤᠯᠤᠨ ᠬᠤᠪᠢ ᠬᠦᠮᠦᠨ ᠦᠰᠪᠦᠷᠢ ᠬᠡᠦᠬᠡᠳ ᠳᠤ ᠬᠦᠴᠦᠷᠬᠡᠭᠯᠡᠯ᠂ ᠬᠤᠤᠷᠯᠠᠨ ᠠᠯᠠᠬᠤ᠂ ᠰᠦᠷᠳᠡᠭᠦᠯᠦᠯ ᠵᠡᠷᠭᠡ ᠶᠢᠨ ᠬᠤᠤᠷᠳᠠᠭᠤᠯᠬᠤ ᠠᠭᠤᠯᠭ᠎ᠠ ᠪᠦᠬᠦᠢ ᠨᠤᠮ ᠳᠡᠪᠲᠡᠷ᠂ ᠭᠡᠷᠡᠯ ᠵᠢᠷᠤᠭ᠂ ᠰᠤᠨᠢᠨ ᠰᠡᠳᠭᠦᠯ᠂ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠢ ᠬᠤᠳᠠᠯᠳᠤᠬᠤ᠂ ᠲᠦᠷᠢᠶᠡᠰᠦᠯᠡᠬᠦ ᠪᠤᠶᠤ ᠦᠭᠡᠷ᠎ᠡ ᠶᠠᠮᠠᠷ ᠨᠢᠭᠡᠨ ᠬᠡᠯᠪᠡᠷᠢ ᠪᠠᠷ ᠳᠠᠮᠵᠢᠭᠤᠯᠵᠤ ᠪᠤᠯᠬᠤ ᠦᠭᠡᠢ᠃             ᠬᠤᠷᠢᠨ ᠲᠠᠪᠤᠳᠤᠭᠠᠷ ᠵᠦᠢᠯ      ᠪᠦᠭᠡᠮ ᠢᠶᠠᠷ ᠬᠤᠳᠠᠯᠳᠤᠬᠤ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠦᠪᠰᠢᠶᠡᠷᠡᠯ ᠤᠯᠤᠭ᠎ᠠ ᠦᠭᠡᠢ ᠡᠵᠡᠩᠨᠡᠭᠴᠢ ᠨᠤᠮ ᠰᠡᠳᠭᠦᠯ᠂ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠢ ᠪᠦᠭᠡᠮ ᠢᠶᠠᠷ ᠬᠤᠳᠠᠯᠳᠤᠬᠤ ᠲᠤᠬᠠᠶᠢᠯᠠᠭᠰᠠᠨ ᠠᠵᠢᠯ ᠢ ᠡᠷᠬᠢᠯᠡᠵᠦ ᠪᠤᠯᠬᠤ ᠦᠭᠡᠢ᠃             ᠬᠤᠷᠢᠨ ᠵᠢᠷᠭᠤᠳᠤᠭᠠᠷ ᠵᠦᠢᠯ      ᠳᠦᠷᠰᠦ ᠰᠢᠩᠭᠡᠭᠡᠯᠲᠡ ᠭᠠᠷᠭᠠᠨ ᠰᠤᠨᠢᠷᠬᠠᠭᠤᠯᠬᠤ ᠪᠠᠶᠢᠭᠤᠯᠭ᠎ᠠ ᠦᠰᠪᠦᠷᠢ ᠬᠡᠦᠬᠡᠳ ᠢ ᠬᠦᠯᠢᠶᠡᠨ ᠠᠪᠴᠤ ︽ᠦᠰᠪᠦᠷᠢ ᠬᠡᠦᠬᠡᠳ ᠲᠤ ᠲᠤᠬᠢᠷᠠᠬᠤ ᠦᠭᠡᠢ︾ ᠭᠡᠰᠡᠨ ᠲᠡᠮᠲᠡᠭ ᠲᠠᠢ ᠳᠦᠷᠰᠦ ᠰᠢᠩᠭᠡᠭᠡᠯᠲᠡ ᠶᠢ ᠦᠵᠡᠭᠦᠯᠵᠦ ᠪᠤᠯᠬᠤ ᠦᠭᠡᠢ᠃             ᠬᠤᠷᠢᠨ ᠳᠤᠯᠤᠳᠤᠭᠠᠷ ᠵᠦᠢᠯ      ᠨᠤᠮ ᠳᠡᠪᠲᠡᠷ᠂ ᠭᠡᠷᠡᠯ ᠵᠢᠷᠤᠭ᠂ ᠰᠤᠨᠢᠨ ᠰᠡᠳᠭᠦᠯ ᠪᠤᠯᠤᠨ ᠳᠠᠭᠤ ᠳᠦᠷᠰᠦ ᠰᠢᠩᠭᠡᠭᠡᠯᠲᠡ ᠶᠢᠨ ᠡᠵᠡᠩᠨᠡᠯᠲᠡ ᠶᠢᠨ ᠵᠠᠷ ᠮᠡᠳᠡᠭᠡ ᠶᠢᠨ ᠠᠭᠤᠯᠭ᠎ᠠ ᠦᠨᠡᠨ ᠪᠤᠳᠠᠲᠠᠢ ᠪᠠᠶᠢᠬᠤ ᠬᠡᠷᠡᠭᠲᠡᠢ᠂ ᠤᠷᠢᠨ ᠲᠠᠴᠢᠶᠠᠩᠭᠤᠢ᠂ ᠱᠠᠯᠢᠭ ᠵᠠᠪᠬᠠᠢ᠂ ᠬᠦᠴᠦᠷᠬᠡᠭᠯᠡᠯ ᠤᠨ ᠵᠢᠷᠤᠭ ᠳᠦᠷᠰᠦ ᠪᠤᠯᠤᠨ ᠦᠰᠦᠭ ᠪᠢᠴᠢᠭ ᠢ ᠬᠡᠷᠡᠭᠯᠡᠵᠦ ᠪᠤᠯᠬᠤ ᠦᠭᠡᠢ᠃             ᠵᠢᠷᠭᠤᠳᠤᠭᠠᠷ ᠪᠦᠯᠦᠭ     ᠪᠤᠰᠤᠳ ᠡᠵᠩᠨᠡᠯᠲᠡ ᠶᠢᠨ ᠠᠵᠢᠯᠯᠠᠭ᠎ᠠ ᠶᠢᠨ ᠬᠠᠮᠢᠶᠠᠷᠤᠯᠲᠠ             ᠬᠤᠷᠢᠨ ᠨᠠᠢᠮᠠᠳᠤᠭᠠᠷ ᠵᠦᠢᠯ      ᠤᠷᠠᠨ ᠪᠢᠴᠢᠯᠭᠡ᠂ ᠤᠷᠠᠨ ᠵᠢᠷᠤᠭ ᠵᠡᠷᠭᠡ ᠤᠷᠠᠯᠢᠭ ᠤᠨ ᠪᠦᠲᠦᠭᠡᠯ ᠢ ᠪᠤᠷᠤᠯᠠᠭᠤᠯᠤᠨ ᠬᠤᠳᠠᠯᠳᠤᠬᠤ᠂ ᠦᠨ᠎ᠡ ᠬᠠᠶᠠᠯᠴᠠᠨ ᠬᠤᠳᠠᠯᠳᠤᠬᠤ ᠳᠤ ᠪᠠᠨ ᠵᠤᠬᠢᠶᠠᠭᠴᠢ ᠶᠢᠨ ᠬᠢᠨᠢ ᠨᠡᠷ᠎ᠡ᠂ ᠤᠯᠤᠰ ᠤᠨ ᠬᠠᠷᠢᠶ᠎ᠠ᠂ ᠴᠠᠭ ᠦᠶ᠎ᠡ ᠶᠢ ᠨᠢ ᠲᠤᠳᠤᠷᠬᠠᠶᠢᠯᠠᠬᠤ ᠬᠡᠷᠡᠭᠲᠡᠢ︔ ᠳᠠᠭᠤᠷᠢᠶᠠᠮᠠᠯ ᠦᠢᠯᠡᠳᠭᠦᠨ᠂ ᠬᠠᠭᠤᠯᠪᠤᠷᠢ ᠦᠢᠯᠡᠳᠭᠦᠨ ᠢ ᠪᠤᠷᠤᠯᠠᠭᠤᠯᠤᠨ ᠬᠤᠳᠠᠯᠳᠤᠬᠤ᠂ ᠦᠨ᠎ᠡ ᠬᠠᠶᠠᠯᠴᠠᠨ ᠬᠤᠳᠠᠯᠳᠤᠬᠤ ᠳᠤ ᠪᠠᠨ ᠪᠠᠰᠠ ︽ᠳᠠᠭᠤᠷᠢᠶᠠᠮᠠᠯ︾ ᠪᠤᠶᠤ ︽ᠬᠠᠭᠤᠯᠪᠤᠷᠢ︾ ᠭᠡᠵᠦ ᠲᠤᠳᠤᠷᠬᠠᠶᠢᠯᠠᠵᠤ ᠦᠭᠬᠦ ᠬᠡᠷᠡᠭᠲᠡᠢ᠃ ᠬᠠᠤᠯᠢ ᠪᠤᠰᠤ ᠳᠠᠭᠤᠷᠢᠶᠠᠮᠠᠯ ᠦᠢᠯᠡᠳᠭᠦᠨ᠂ ᠬᠠᠭᠤᠯᠪᠤᠷᠢ ᠦᠢᠯᠡᠳᠭᠦᠨ ᠪᠤᠶᠤ ᠪᠤᠰᠤᠳ ᠤᠨ ᠨᠡᠷ᠎ᠡ ᠶᠢ ᠬᠠᠭᠤᠷᠮᠠᠭᠯᠠᠨ ᠪᠢᠴᠢᠭᠰᠡᠨ ᠤᠷᠠᠯᠢᠭ ᠤᠨ ᠪᠦᠲᠦᠭᠡᠯ ᠢ ᠪᠤᠷᠤᠯᠠᠭᠤᠯᠤᠨ ᠬᠤᠳᠠᠯᠳᠤᠬᠤ᠂ ᠦᠨ᠎ᠡ ᠬᠠᠶᠠᠯᠴᠠᠨ ᠬᠤᠳᠠᠯᠳᠤᠬᠤ ᠶᠢ ᠬᠤᠷᠢᠭᠯᠠᠨ᠎ᠠ᠃             ᠬᠤᠷᠢᠨ ᠶᠢᠰᠦᠳᠦᠭᠡᠷ ᠵᠦᠢᠯ      ᠡᠵᠡᠩᠨᠡᠯᠲᠡ ᠶᠢᠨ ᠴᠢᠨᠠᠷᠲᠠᠢ ᠤᠷᠠᠨ ᠪᠢᠴᠢᠯᠭᠡ᠂ ᠤᠷᠠᠨ ᠵᠢᠷᠤᠭ ᠵᠡᠷᠭᠡ ᠤᠷᠠᠯᠢᠭ ᠤᠨ ᠪᠦᠲᠦᠭᠡᠯ ᠤᠨ ᠴᠠᠷᠳᠠᠵᠤ ᠴᠢᠮᠡᠭᠯᠡᠬᠦ ᠲᠤᠬᠠᠶᠢᠯᠠᠭᠰᠠᠨ ᠠᠵᠢᠯ ᠢ ᠡᠷᠬᠢᠯᠡᠬᠦ ᠳᠤ ᠲᠤᠬᠢᠷᠠᠮᠵᠢᠲᠠᠢ ᠲᠤᠰᠬᠠᠢ ᠮᠡᠷᠭᠡᠵᠢᠯ ᠤᠨ ᠮᠡᠳᠡᠯᠭᠡ ᠪᠤᠯᠤᠨ ᠴᠢᠳᠠᠪᠤᠷᠢ ᠲᠠᠢ ᠬᠦᠮᠦᠨ ᠪᠠᠶᠢᠬᠤ ᠬᠡᠷᠡᠭᠲᠡᠢ᠃             ᠭᠤᠴᠢᠳᠤᠭᠠᠷ ᠵᠦᠢᠯ      ᠡᠵᠡᠩᠨᠡᠯᠲᠡ ᠶᠢᠨ ᠴᠢᠨᠠᠷᠲᠠᠢ ᠤᠷᠠᠯᠢᠭ ᠤᠨ ᠪᠤᠯᠪᠠᠰᠤᠷᠠᠯ ᠡᠷᠬᠢᠯᠡᠬᠦ ᠪᠠᠶᠢᠭᠤᠯᠭ᠎ᠠ ᠪᠤᠯᠤᠨ ᠬᠤᠪᠢ ᠬᠦᠮᠦᠨ ᠪᠤᠯᠪᠠᠰᠤᠷᠠᠯ ᠤᠨ ᠴᠢᠨᠠᠷ ᠴᠢᠨᠰᠠᠭ᠎ᠠ ᠶᠢ ᠪᠠᠲᠤᠯᠠᠬᠤ ᠬᠡᠷᠡᠭᠲᠡᠢ᠃             ᠭᠤᠴᠢᠨ ᠨᠢᠭᠡᠳᠦᠭᠡᠷ ᠵᠦᠢᠯ      ᠰᠤᠶᠤᠯ ᠤᠨ ᠵᠠᠭᠤᠴᠢᠯᠠᠭᠴᠢ ᠶᠢᠨ ᠠᠵᠢᠯᠯᠠᠭ᠎ᠠ ᠶᠢ ᠡᠷᠬᠢᠯᠡᠵᠦ ᠪᠠᠶᠢᠭ᠎ᠠ ᠪᠠᠶᠢᠭᠤᠯᠭ᠎ᠠ ᠪᠠ ᠬᠤᠪᠢ ᠬᠦᠮᠦᠨ ᠬᠡᠪᠯᠡᠯ ᠳᠤ ᠨᠡᠶᠢᠲᠡᠯᠡᠬᠦ᠂ ᠳᠡᠯᠭᠡᠵᠦ ᠨᠠᠭᠠᠬᠤ ᠬᠤᠳᠠᠯ ᠬᠠᠭᠤᠷᠮᠠᠭ ᠰᠤᠶᠤᠯ ᠤᠨ ᠡᠵᠩᠨᠡᠯᠲᠡ ᠶᠢᠨ ᠠᠵᠢᠯᠯᠠᠭᠠᠨ ᠤ ᠵᠠᠷ ᠮᠡᠳᠡᠭᠡ ᠶᠢ ᠬᠠᠩᠭᠠᠵᠤ ᠪᠤᠯᠬᠤ ᠦᠭᠡᠢ᠃             ᠭᠤᠴᠢᠨ ᠬᠤᠶᠠᠳᠤᠭᠠᠷ ᠵᠦᠢᠯ      ᠲᠦᠷ ᠴᠠᠭ ᠤᠨ ᠴᠢᠨᠠᠷᠲᠠᠢ ᠰᠤᠶᠤᠯ ᠤᠨ ᠵᠠᠭᠤᠯᠴᠢᠯᠠᠭᠴᠢ ᠶᠢᠨ ᠠᠵᠢᠯᠯᠠᠭ᠎ᠠ ᠶᠢ ᠡᠷᠬᠢᠯᠡᠬᠦ ᠳᠤ ᠵᠠᠪᠠᠯ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠵᠦᠪᠰᠢᠶᠡᠷᠡᠭᠦᠯᠦᠭᠰᠡᠨ ᠪᠠᠶᠢᠬᠤ ᠬᠡᠷᠡᠭᠲᠡᠢ᠃             ᠳᠤᠯᠤᠳᠤᠭᠠᠷ ᠪᠦᠯᠦᠭ     ᠡᠵᠡᠩᠨᠡᠭᠴᠢ ᠶᠢᠨ ᠡᠷᠬᠡ ᠠᠰᠢᠭ ᠪᠠ ᠡᠭᠦᠷᠭᠡ ᠬᠠᠷᠢᠭᠤᠴᠠᠯᠭ᠎ᠠ             ᠭᠤᠴᠢᠨ ᠭᠤᠷᠪᠠᠳᠤᠭᠠᠷ ᠵᠦᠢᠯ      ᠡᠵᠡᠩᠨᠡᠭᠴᠢ ᠶᠢᠨ ᠬᠠᠤᠯᠢ ᠶᠤᠰᠤᠨ ᠤ ᠡᠷᠬᠡ ᠠᠰᠢᠭ ᠬᠠᠤᠯᠢ ᠪᠠᠷ ᠬᠠᠮᠠᠭᠠᠯᠠᠭᠳᠠᠵᠤ᠂ ᠡᠵᠡᠩᠨᠡᠭᠴᠢ ᠠᠴᠠ ᠲᠡᠭᠦᠨ ᠤ ᠬᠠᠤᠯᠢ ᠶᠤᠰᠤᠨ ᠤ ᠡᠷᠬᠡ ᠠᠰᠢᠭ ᠲᠤ ᠬᠠᠯᠳᠠᠭᠰᠠᠨ ᠪᠠᠶᠢᠭᠤᠯᠭ᠎ᠠ ᠪᠠ ᠬᠤᠪᠢ ᠬᠦᠮᠦᠨ ᠢ ᠢᠯᠡᠴᠢᠯᠡᠬᠦ᠂ ᠮᠡᠳᠡᠭᠦᠯᠬᠦ᠂ ᠵᠠᠭᠠᠯᠳᠤᠬᠤ ᠪᠠ ᠭᠤᠮᠤᠳᠠᠯ ᠲᠤᠭᠠᠴᠠᠬᠤ ᠡᠷᠬᠡ ᠲᠠᠢ᠃             ᠭᠤᠴᠢᠨ ᠳᠦᠷᠪᠡᠳᠦᠭᠡᠷ ᠵᠦᠢᠯ      ᠡᠵᠡᠩᠨᠡᠭᠴᠢ ᠠᠴᠠ ᠬᠠᠮᠢᠶᠠᠷᠤᠯᠲᠠ ᠶᠢᠨ ᠪᠤᠰᠤ ᠰᠠᠯᠠᠭ᠎ᠠ ᠮᠦᠴᠢᠷ ᠪᠤᠯᠤᠨ ᠪᠠᠶᠢᠴᠠᠭᠠᠭᠴᠢ ᠶᠢᠨ ᠦᠨᠡᠮᠯᠡᠯ ᠦᠭᠡᠢ ᠪᠠᠶᠢᠴᠠᠭᠠᠯᠲᠠ ᠶᠢ ᠵᠦᠪᠰᠢᠶᠡᠷᠡᠬᠦ ᠦᠭᠡᠢ ᠪᠠᠶᠢᠬᠤ ᠡᠷᠬᠡ ᠲᠠᠢ᠂ ᠦᠨᠡᠮᠯᠡᠯ ᠤᠯᠭᠤᠳᠠᠭ ᠪᠤᠰᠤ ᠰᠠᠯᠠᠭ᠎ᠠ ᠮᠦᠴᠢᠷ ᠤᠨ ᠬᠢᠨ ᠤ ︽ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾᠂ ︽ᠡᠵᠡᠩᠨᠡᠯᠲᠡ ᠶᠢᠨ ᠦᠨᠡᠮᠯᠡᠯ︾ ᠵᠡᠷᠭᠡ ᠬᠤᠯᠪᠤᠭᠳᠠᠯ ᠪᠦᠬᠦᠢ ᠦᠨᠡᠮᠯᠡᠯ ᠢ ᠬᠤᠷᠢᠶᠠᠮᠵᠢᠯᠠᠬᠤ ᠶᠢ ᠵᠦᠪᠰᠢᠶᠡᠷᠡᠬᠦ ᠦᠭᠡᠢ ᠪᠠᠶᠢᠬᠤ ᠡᠷᠬᠡ ᠲᠠᠢ᠃             ᠭᠤᠴᠢᠨ ᠲᠠᠪᠤᠳᠤᠭᠠᠷ ᠵᠦᠢᠯ      ᠡᠵᠡᠩᠨᠡᠭᠴᠢ᠂ ᠶᠠᠮᠠᠷᠪᠠ ᠨᠢᠭᠡᠨ ᠪᠠᠶᠢᠭᠤᠯᠭ᠎ᠠ ᠪᠤᠶᠤ ᠬᠤᠪᠢ ᠬᠦᠮᠦᠨ ᠲᠦᠯᠦᠪᠦᠷᠢ ᠦᠭᠡᠢ ᠪᠠᠷ ᠡᠵᠡᠩᠨᠡᠯᠲᠡ ᠶᠢᠨ ᠲᠠᠯᠠᠪᠤᠷ ᠪᠤᠯᠤᠨ ᠲᠦᠬᠦᠭᠡᠷᠦᠮᠵᠢ ᠶᠢ ᠬᠡᠷᠡᠭᠯᠡᠬᠦ ᠶᠢ ᠵᠦᠪᠰᠢᠶᠡᠷᠡᠬᠦ ᠦᠭᠡᠢ ᠪᠠᠶᠢᠬᠤ ᠡᠷᠬᠡ ᠲᠠᠢ᠂ ᠤᠯᠤᠰ ᠪᠤᠯᠤᠨ ᠦᠪᠡᠷᠲᠡᠭᠡᠨ ᠵᠠᠰᠠᠬᠤ ᠤᠷᠤᠨ ᠤ ᠲᠤᠭᠲᠠᠭᠠᠯ ᠲᠠᠢ ᠨᠡᠶᠢᠴᠡᠬᠦ ᠦᠭᠡᠢ ᠡᠯ᠎ᠡ ᠵᠦᠢᠯ ᠤᠨ ᠰᠦᠢᠳᠭᠡᠯ ᠪᠤᠯᠤᠨ ᠲᠤᠷᠭᠠᠭᠤᠯᠢ ᠶᠢ ᠲᠤᠰᠢᠶᠠᠬᠤ ᠦᠭᠡᠢ ᠪᠠᠶᠢᠬᠤ ᠡᠷᠬᠡ ᠲᠠᠢ᠃             ᠭᠤᠴᠢᠨ ᠵᠢᠷᠭᠤᠳᠤᠭᠠᠷ ᠵᠦᠢᠯ      ᠡᠵᠡᠩᠨᠡᠭᠴᠢ᠂ ᠬᠠᠮᠢᠶᠠᠷᠤᠯᠲᠠ ᠶᠢᠨ ᠰᠠᠯᠠᠭ᠎ᠠ ᠮᠦᠴᠢᠷ ᠪᠤᠯᠤᠨ ᠬᠠᠮᠢᠶᠠᠷᠤᠭᠴᠢ ᠶᠢᠨ ᠬᠠᠤᠯᠢ ᠶᠤᠰᠤ ᠶᠢ ᠵᠦᠷᠢᠴᠡᠵᠦ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠠᠴᠠ ᠪᠤᠯᠵᠤ ᠠᠵᠤ ᠠᠬᠤᠢ ᠶᠢᠨ ᠬᠤᠬᠢᠷᠠᠯ ᠠᠮᠰᠠᠭᠰᠠᠨ ᠪᠤᠯ ᠲᠦᠯᠦᠪᠦᠷᠢ ᠠᠪᠬᠤ ᠪᠠᠷ ᠱᠠᠭᠠᠷᠳᠠᠬᠤ ᠡᠷᠬᠡ ᠲᠠᠢ᠃             ᠭᠤᠴᠢᠨ ᠳᠤᠯᠤᠳᠤᠭᠠᠷ ᠵᠦᠢᠯ      ᠡᠵᠡᠩᠨᠡᠭᠴᠢ᠂ ᠦᠢᠯᠡᠴᠢᠯᠡᠭᠡᠨ ᠤ ᠲᠦᠷᠦᠯ ᠵᠦᠢᠯ ᠪᠤᠯᠤᠨ ᠪᠤᠷᠤᠯᠠᠭᠤᠯᠤᠨ ᠬᠤᠳᠠᠯᠳᠤᠵᠤ ᠪᠠᠶᠢᠭ᠎ᠠ ᠪᠦᠲᠦᠭᠡᠭᠳᠡᠭᠦᠨ ᠳᠤ ᠪᠠᠨ ᠢᠯᠡ ᠪᠠᠷ ᠦᠨ᠎ᠡ ᠬᠠᠳᠠᠬᠤ ᠬᠡᠷᠡᠭᠲᠡᠢ᠂ ᠬᠠᠳᠠᠭᠰᠠᠨ ᠦᠨ᠎ᠡ ᠠᠴᠠ ᠬᠡᠲᠦᠷᠡᠭᠰᠡᠨ ᠵᠤᠭᠤᠰ ᠪᠤᠯᠤᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠠᠴᠠ ᠬᠡᠲᠦᠷᠡᠭᠰᠡᠨ ᠰᠦᠢᠳᠭᠡᠯ ᠬᠤᠷᠢᠶᠠᠵᠤ ᠪᠤᠯᠬᠤ ᠦᠭᠡᠢ᠃             ᠭᠤᠴᠢᠨ ᠨᠠᠢᠮᠠᠳᠤᠭᠠᠷ ᠵᠦᠢᠯ      ᠡᠵᠡᠩᠨᠡᠭᠴᠢ᠂ ᠰᠤᠶᠤᠯ ᠤᠨ ᠡᠵᠡᠩᠨᠡᠯᠲᠡ ᠶᠢᠨ ᠠᠵᠢᠯᠯᠠᠭᠠᠨ ᠤ ᠲᠠᠯᠠᠪᠤᠷ ᠤᠨ ᠡᠮᠬᠢ ᠲᠢᠭᠯᠢᠮ ᠢ ᠵᠢᠷᠤᠮᠯᠠᠵᠤ᠂ ᠰᠤᠶᠤᠯ ᠤᠨ ᠡᠵᠡᠩᠨᠡᠯᠲᠡ ᠶᠢᠨ ᠠᠵᠢᠯᠯᠠᠭᠠᠨ ᠤ ᠲᠠᠯᠠᠪᠤᠷ ᠤᠨ ᠠᠮᠤᠷ ᠲᠦᠪᠰᠢᠨ ᠪᠤᠯᠤᠨ ᠡᠷᠡᠭᠦᠯ ᠬᠠᠮᠠᠭᠠᠯᠠᠯ ᠢ ᠪᠠᠲᠤᠯᠠᠬᠤ ᠬᠡᠷᠡᠭᠲᠡᠢ᠃             ᠭᠤᠴᠢᠨ ᠶᠢᠰᠦᠳᠦᠭᠡᠷ ᠵᠦᠢᠯ      ᠡᠵᠡᠩᠨᠡᠭᠴᠢ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠭᠴᠢ ᠶᠢᠨ ᠬᠠᠤᠯᠢ ᠶᠤᠰᠤ ᠪᠠᠷ ᠭᠦᠢᠴᠡᠳᠭᠡᠵᠦ ᠪᠠᠶᠢᠭ᠎ᠠ ᠠᠯᠪᠠᠨ ᠶᠠᠪᠤᠳᠠᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠢ᠂ ᠰᠠᠭᠠᠲᠠᠭᠠᠬᠤ ᠪᠤᠶᠤ ᠲᠡᠪᠴᠢᠵᠦ ᠪᠤᠯᠬᠤ ᠦᠭᠡᠢ᠃             ᠳᠦᠴᠢᠳᠦᠭᠡᠷ ᠵᠦᠢᠯ      ᠡᠵᠡᠩᠨᠡᠭᠴᠢ ᠬᠠᠤᠯᠢ ᠶᠤᠰᠤᠭᠠᠷ ᠭᠠᠶᠢᠯᠢ ᠲᠤᠰᠢᠶᠠᠵᠤ᠂ ᠪᠤᠯᠪᠠᠰᠤᠨ ᠢᠶᠠᠷ ᠡᠵᠡᠩᠨᠡᠬᠦ ᠶᠢ ᠪᠠᠷᠢᠮᠲᠠᠯᠠᠵᠤ᠂ ᠨᠡᠶᠢᠭᠡᠮ ᠨᠡᠶᠢᠲᠡ ᠶᠢᠨ ᠶᠤᠰᠤ ᠰᠤᠷᠲᠠᠬᠤᠨ ᠢ ᠵᠢᠷᠤᠮᠯᠠᠬᠤ ᠬᠡᠷᠡᠭᠲᠡᠢ᠃             ᠨᠠᠢᠮᠠᠳᠤᠭᠠᠷ ᠪᠦᠯᠦᠭ     ᠬᠠᠤᠯᠢ ᠶᠢᠨ ᠬᠠᠷᠢᠭᠤᠴᠠᠯᠭ᠎ᠠ             ᠳᠦᠴᠢᠨ ᠨᠢᠭᠡᠳᠦᠭᠡᠷ ᠵᠦᠢᠯ      ᠵᠦᠪᠰᠢᠶᠡᠷᠡᠯ ᠠᠪᠤᠭ᠎ᠠ ᠦᠭᠡᠢ ᠪᠠᠷ ᠳᠤᠷ᠎ᠠ ᠪᠠᠷ ᠢᠶᠠᠨ ᠰᠤᠶᠤᠯ ᠤᠨ ᠡᠵᠡᠩᠨᠡᠯᠲᠡ ᠶᠢᠨ ᠠᠵᠢᠯᠯᠠᠭ᠎ᠠ ᠡᠷᠬᠢᠯᠡᠭᠴᠢ ᠶᠢ ᠰᠤᠶᠤᠯ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠢᠨ ᠠᠯᠪᠠᠳᠠᠨ ᠡᠵᠡᠩᠨᠡᠯᠲᠡ ᠶᠢ ᠨᠢ ᠵᠤᠭᠰᠤᠭᠠᠵᠤ᠂ ᠬᠠᠤᠯᠢ ᠶᠢ ᠵᠦᠷᠢᠴᠡᠭᠰᠡᠨ ᠤᠯᠵᠠᠪᠤᠷᠢ ᠶᠢ ᠨᠢ ᠬᠤᠷᠢᠶᠠᠬᠤ ᠶᠢᠨ ᠬᠠᠮᠲᠤ ᠬᠠᠤᠯᠢ ᠶᠢ ᠵᠦᠷᠢᠴᠡᠭᠰᠡᠨ ᠤᠯᠵᠠᠪᠤᠷᠢ ᠶᠢᠨ ᠬᠢᠨᠢ ᠨᠢᠭᠡ ᠠᠴᠠ ᠬᠤᠶᠠᠷ ᠳᠠᠬᠢᠨ ᠮᠦᠩᠭᠦ ᠪᠠᠷ ᠲᠤᠷᠭᠠᠨ᠎ᠠ︔ ᠬᠠᠤᠯᠢ ᠠᠴᠠ ᠵᠦᠷᠢᠴᠡᠭᠰᠡᠨ ᠤᠯᠵᠠᠪᠤᠷᠢ ᠤᠯᠤᠭ᠎ᠠ ᠦᠭᠡᠢ ᠪᠤᠶᠤ ᠡᠰᠡᠭᠦᠯ᠎ᠡ ᠬᠠᠤᠯᠢ ᠠᠴᠠ ᠵᠦᠷᠢᠴᠡᠭᠰᠡᠨ ᠤᠯᠵᠠᠪᠤᠷᠢ ᠶᠢᠨ ᠲᠤᠭ᠎ᠠ ᠶᠢ ᠨᠢ ᠲᠤᠭᠲᠠᠭᠠᠬᠤ ᠶᠢᠨ ᠠᠷᠭ᠎ᠠ ᠦᠭᠡᠢ ᠪᠤᠯ 500 ᠲᠦᠭᠦᠷᠢᠭ ᠠᠴᠠ ᠳᠡᠭᠡᠭᠰᠢ 5000 ᠮᠢᠩᠭᠠᠨ ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠨ᠎ᠠ᠃             ᠳᠦᠴᠢᠨ ᠬᠤᠶᠠᠳᠤᠭᠠᠷ ᠵᠦᠢᠯ      ᠲᠤᠰ ᠳᠦᠷᠢᠮ ᠤᠨ ᠠᠷᠪᠠᠨ ᠵᠢᠷᠭᠤᠳᠤᠭᠠᠷ ᠵᠦᠢᠯ ᠤᠨ ᠨᠢᠭᠡᠳᠦᠭᠡᠷ ᠪᠠᠳᠠᠭ ᠤᠨ ᠲᠤᠭᠲᠠᠭᠠᠯ ᠢ ᠵᠦᠷᠢᠴᠡᠭᠴᠢ ᠶᠢ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨ ᠬᠠᠤᠯᠢ ᠢ ᠵᠦᠷᠢᠴᠡᠭᠰᠡᠨ ᠤᠯᠵᠠᠪᠤᠷᠢ ᠶᠢ ᠨᠢ ᠬᠤᠷᠢᠶᠠᠬᠤ ᠶᠢᠨ ᠬᠠᠮᠲᠤ ᠬᠠᠤᠯᠢ ᠶᠢ ᠵᠦᠷᠢᠴᠡᠭᠰᠡᠨ ᠤᠯᠵᠠᠪᠤᠷᠢ ᠶᠢᠨ ᠬᠢᠨᠢ ᠨᠢᠭᠡ ᠠᠴᠠ ᠭᠤᠷᠪᠠᠨ ᠳᠠᠬᠢᠨ ᠵᠤᠭᠤᠰ ᠢᠶᠠᠷ ᠲᠤᠷᠭᠠᠨ᠎ᠠ︔ ᠬᠠᠤᠯᠢ ᠠᠴᠠ ᠵᠦᠷᠢᠴᠡᠭᠰᠡᠨ ᠤᠯᠵᠠᠪᠤᠷᠢ ᠤᠯᠤᠭ᠎ᠠ ᠦᠭᠡᠢ ᠪᠤᠶᠤ ᠬᠠᠤᠯᠢ ᠠᠴᠠ ᠵᠦᠷᠢᠴᠡᠭᠰᠡᠨ ᠤᠯᠵᠠᠪᠤᠷᠢ ᠶᠢᠨ ᠲᠤᠭ᠎ᠠ ᠶᠢ ᠨᠢ ᠲᠤᠭᠲᠠᠭᠠᠬᠤ ᠶᠢᠨ ᠠᠷᠭ᠎ᠠ ᠦᠭᠡᠢ ᠪᠤᠯ 1000 ᠲᠦᠭᠦᠷᠢᠭ ᠠᠴᠠ ᠳᠡᠭᠡᠭᠰᠢ 20000 ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠨ᠎ᠠ᠃             ᠠᠯᠪᠠᠨ ᠵᠢᠷᠤᠮ ᠤᠨ ᠲᠤᠭᠯᠠᠯᠲᠠ ᠶᠢᠨ ᠨᠡᠷ᠎ᠡ ᠪᠠᠷ ᠠᠰᠢᠭ ᠤᠯᠵᠠᠪᠤᠷᠢ ᠶᠢᠨ ᠴᠢᠨᠠᠷᠲᠠᠢ ᠲᠤᠭᠯᠠᠯᠲᠠ ᠡᠷᠬᠢᠯᠡᠭᠴᠢ ᠶᠢ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠯᠪᠠᠳᠠᠨ ᠲᠤᠭᠯᠠᠯᠲᠠ ᠶᠢ ᠨᠢ ᠵᠤᠭᠰᠤᠭᠠᠵᠤ᠂ ᠬᠠᠤᠯᠢ ᠶᠢ ᠵᠦᠷᠢᠴᠡᠭᠰᠡᠨ ᠤᠯᠵᠠᠪᠤᠷᠢ ᠶᠢ ᠨᠢ ᠬᠤᠷᠢᠶᠠᠬᠤ ᠶᠢᠨ ᠬᠠᠮᠲᠤ ᠬᠠᠤᠯᠢ ᠶᠢ ᠵᠦᠷᠢᠴᠡᠭᠰᠡᠨ ᠤᠯᠵᠠᠪᠤᠷᠢ ᠶᠢᠨ ᠬᠢᠨᠢ ᠨᠢᠭᠡ ᠠᠴᠠ ᠭᠤᠷᠪᠠᠨ ᠳᠠᠬᠢᠨ ᠵᠤᠭᠤᠰ ᠢᠶᠠᠷ ᠲᠤᠷᠭᠠᠨ᠎ᠠ︔ ᠬᠠᠤᠯᠢ ᠠᠴᠠ ᠵᠦᠷᠢᠴᠡᠭᠰᠡᠨ ᠤᠯᠵᠠᠪᠤᠷᠢ ᠤᠯᠤᠭ᠎ᠠ ᠦᠭᠡᠢ ᠪᠤᠶᠤ ᠬᠠᠤᠯᠢ ᠠᠴᠠ ᠵᠦᠷᠢᠴᠡᠭᠰᠡᠨ ᠤᠯᠵᠠᠪᠤᠷᠢ ᠶᠢᠨ ᠲᠤᠭ᠎ᠠ ᠶᠢ ᠨᠢ ᠲᠤᠭᠲᠠᠭᠠᠬᠤ ᠶᠢᠨ ᠠᠷᠭ᠎ᠠ ᠦᠭᠡᠢ ᠪᠤᠯ 1000 ᠲᠦᠭᠦᠷᠢᠭ ᠠᠴᠠ ᠳᠡᠭᠡᠭᠰᠢ 20000 ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠨ᠎ᠠ᠃             ᠳᠦᠴᠢᠨ ᠭᠤᠷᠪᠠᠳᠤᠭᠠᠷ ᠵᠦᠢᠯ      ᠨᠠᠶᠢᠷ ᠨᠠᠭᠠᠳᠤᠮ ᠤᠨ ᠠᠵᠢᠯᠯᠠᠭᠠᠨ ᠤ ᠲᠠᠯᠠᠪᠤᠷ ᠲᠤ ᠱᠠᠯᠢᠭ ᠵᠠᠪᠬᠠᠢ᠂ ᠤᠷᠢᠨ ᠲᠠᠴᠢᠶᠠᠩᠭᠤᠢ᠂ ᠵᠤᠭᠤᠰ ᠮᠦᠷᠦ᠋ᠢᠴᠡᠬᠦ᠂ ᠹᠸᠤᠳᠠᠯ ᠤᠨ ᠮᠤᠬᠤᠷ ᠰᠦᠰᠦᠭ ᠢ ᠰᠤᠷᠲᠠᠯᠴᠢᠯᠠᠬᠤ ᠵᠡᠷᠭᠡ ᠠᠵᠢᠯᠯᠠᠭ᠎ᠠ ᠦᠷᠨᠢᠭᠦᠯᠪᠡᠯ᠂ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠤᠰᠤᠭᠠᠷ ᠰᠢᠢᠳᠭᠡᠨ ᠲᠤᠷᠭᠠᠵᠤ᠂ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠯᠪᠠᠳᠠᠨ ᠠᠵᠢᠯ ᠢ ᠨᠢ ᠵᠤᠭᠰᠤᠭᠠᠵᠤ ᠴᠡᠭᠴᠡᠯᠡᠬᠦ ᠪᠤᠶᠤ ︽ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾᠎ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃             ᠨᠠᠶᠢᠷ ᠨᠠᠭᠠᠳᠤᠮ ᠤᠨ ᠠᠵᠢᠯᠯᠠᠭᠠᠨ ᠤ ᠲᠠᠯᠠᠪᠤᠷ ᠲᠤ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠠᠵᠢᠯᠯᠠᠭᠠᠨ ᠦᠷᠨᠢᠭᠦᠯᠪᠡᠯ᠂ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠯᠪᠠᠳᠠᠨ ᠠᠵᠢᠯ ᠢ ᠨᠢ ᠵᠤᠭᠰᠤᠭᠠᠵᠤ ᠴᠡᠭᠴᠡᠯᠡᠨ᠎ᠡ︔ ᠦᠢᠯᠡ ᠪᠠᠶᠢᠳᠠᠯ ᠨᠢ ᠬᠦᠨᠳᠦ ᠪᠤᠯ ︽ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾᠎ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃             ᠳᠦᠴᠢᠨ ᠳᠦᠷᠪᠡᠳᠦᠭᠡᠷ ᠵᠦᠢᠯ      ᠡᠵᠡᠩᠨᠡᠭᠴᠢ᠂ ᠲᠤᠰ ᠳᠦᠷᠢᠮ ᠤᠨ ᠬᠤᠷᠢᠨ ᠨᠢᠭᠡᠳᠦᠭᠡᠷ ᠵᠦᠢᠯ ᠳᠤ ᠬᠢ ᠦᠰᠪᠦᠷᠢ ᠪᠠᠭᠠᠴᠤᠤᠯ ᠢ ᠬᠠᠮᠠᠭᠠᠯᠠᠬᠤ ᠲᠤᠭᠲᠠᠭᠠᠯ ᠢ ᠵᠦᠷᠢᠴᠡᠪᠡᠯ᠂ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠯᠪᠠᠳᠠᠨ ᠵᠠᠰᠠᠨ ᠵᠠᠯᠠᠷᠠᠭᠤᠯᠤᠨ᠎ᠠ᠂ ᠬᠠᠤᠯᠢ ᠶᠢ ᠵᠦᠷᠢᠴᠡᠭᠰᠡᠨ ᠤᠯᠵᠠᠪᠤᠷᠢ ᠶᠢ ᠨᠢ ᠬᠤᠷᠢᠶᠠᠬᠤ ᠶᠢᠨ ᠬᠠᠮᠲᠤ ᠬᠠᠤᠯᠢ ᠶᠢ ᠵᠦᠷᠢᠴᠡᠭᠰᠡᠨ ᠤᠯᠵᠠᠪᠤᠷᠢ ᠶᠢᠨ ᠬᠢᠨᠢ ᠨᠢᠭᠡ ᠠᠴᠠ ᠭᠤᠷᠪᠠᠨ ᠳᠠᠬᠢᠨ ᠵᠤᠭᠤᠰ ᠢᠶᠠᠷ ᠲᠤᠷᠭᠠᠨ᠎ᠠ︔ ᠬᠠᠤᠯᠢ ᠠᠴᠠ ᠵᠦᠷᠢᠴᠡᠭᠰᠡᠨ ᠤᠯᠵᠠᠪᠤᠷᠢ ᠤᠯᠤᠭ᠎ᠠ ᠦᠭᠡᠢ ᠪᠤᠶᠤ ᠬᠠᠤᠯᠢ ᠠᠴᠠ ᠵᠦᠷᠢᠴᠡᠭᠰᠡᠨ ᠤᠯᠵᠠᠪᠤᠷᠢ ᠶᠢᠨ ᠲᠤᠭ᠎ᠠ ᠶᠢ ᠨᠢ ᠲᠤᠭᠲᠠᠭᠠᠬᠤ ᠶᠢᠨ ᠠᠷᠭ᠎ᠠ ᠦᠭᠡᠢ ᠪᠤᠯ 300 ᠲᠦᠭᠦᠷᠢᠭ ᠠᠴᠠ ᠳᠡᠭᠡᠭᠰᠢ 3000 ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠨ᠎ᠠ︔ ᠦᠢᠯᠡ ᠪᠠᠶᠢᠳᠠᠯ ᠨᠢ ᠬᠦᠨᠳᠦ ᠪᠤᠯ ︽ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾᠎ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ             ᠡᠯᠧᠺᠲᠷᠣᠨ  ᠲᠤᠭᠯᠠᠭᠠᠮ ᠤᠨ ᠠᠵᠢᠯᠯᠠᠭ᠎ᠠ ᠡᠵᠡᠩᠨᠡᠵᠦ ᠪᠠᠶᠢᠭ᠎ᠠ ᠪᠠᠶᠢᠭᠤᠯᠭ᠎ᠠ ᠪᠠ ᠬᠤᠪᠢ ᠬᠦᠮᠦᠨ ᠠᠮᠠᠷᠠᠯᠲᠠ ᠶᠢᠨ ᠪᠢᠰᠢ ᠡᠳᠦᠷ ᠦᠰᠪᠦᠷᠢ ᠬᠡᠦᠬᠡᠳ ᠢ ᠬᠦᠯᠢᠶᠡᠨ ᠠᠪᠬᠤ ᠪᠤᠶᠤ ᠲᠡᠳᠡᠨᠦᠰ ᠤᠨ ᠪᠡᠶ᠎ᠡ ᠰᠡᠳᠭᠢᠯ ᠤᠨ ᠡᠷᠡᠭᠦᠯ ᠮᠡᠨᠳᠦ ᠳᠤ ᠬᠤᠤᠷᠲᠠᠢ ᠡᠯᠧᠺᠲᠷᠣᠨ  ᠲᠤᠭᠯᠠᠭᠠᠮ ᠤᠨ ᠠᠭᠤᠯᠭ᠎ᠠ ᠶᠢ ᠬᠠᠩᠭᠠᠪᠠᠯ᠂ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠯᠪᠠᠳᠠᠨ ᠵᠠᠰᠠᠨ ᠵᠠᠯᠠᠷᠠᠭᠤᠯᠵᠤ᠂ ᠬᠠᠤᠯᠢ ᠶᠢ ᠵᠦᠷᠢᠴᠡᠭᠰᠡᠨ ᠤᠯᠵᠠᠪᠤᠷᠢ ᠶᠢ ᠨᠢ ᠬᠤᠷᠢᠶᠠᠨ ᠠᠪᠴᠤ ᠶᠢᠨ ᠬᠠᠮᠲᠤ ᠬᠠᠤᠯᠢ ᠶᠢ ᠵᠦᠷᠢᠴᠡᠭᠰᠡᠨ ᠤᠯᠵᠠᠪᠤᠷᠢ ᠶᠢᠨ ᠬᠢᠨᠢ ᠬᠤᠶᠠᠷ ᠠᠴᠠ ᠲᠠᠪᠤᠨ ᠳᠠᠬᠢᠨ ᠵᠤᠭᠤᠰ ᠢᠶᠠᠷ ᠲᠤᠷᠭᠠᠨ᠎ᠠ︔ ᠬᠠᠤᠯᠢ ᠠᠴᠠ ᠵᠦᠷᠢᠴᠡᠭᠰᠡᠨ ᠤᠯᠵᠠᠪᠤᠷᠢ ᠤᠯᠤᠭ᠎ᠠ ᠦᠭᠡᠢ ᠪᠤᠶᠤ ᠬᠠᠤᠯᠢ ᠠᠴᠠ ᠵᠦᠷᠢᠴᠡᠭᠰᠡᠨ ᠤᠯᠵᠠᠪᠤᠷᠢ ᠶᠢᠨ ᠲᠤᠭ᠎ᠠ ᠶᠢ ᠨᠢ ᠲᠤᠭᠲᠠᠭᠠᠬᠤ ᠶᠢᠨ ᠠᠷᠭ᠎ᠠ ᠦᠭᠡᠢ ᠪᠤᠯ 300 ᠲᠦᠭᠦᠷᠢᠭ ᠠᠴᠠ ᠳᠡᠭᠡᠭᠰᠢ 3000 ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠨ᠎ᠠ︔ ᠦᠢᠯᠡ ᠪᠠᠶᠢᠳᠠᠯ ᠨᠢ ᠬᠦᠨᠳᠦ ᠪᠤᠯ ︽ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾᠎ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃             ᠳᠦᠴᠢᠨ ᠲᠠᠪᠤᠳᠤᠭᠠᠷ ᠵᠦᠢᠯ      ᠵᠢᠩᠬᠢᠨᠢ ᠬᠡᠪᠯᠡᠯ ᠤᠨ ᠪᠤᠰᠤ᠂ ᠳᠤᠲᠤᠭᠠᠳᠤ ᠳᠤ ᠪᠠᠨ ᠲᠠᠷᠬᠠᠭᠠᠬᠤ ᠪᠤᠯᠤᠨ ᠤᠯᠤᠰ ᠠᠴᠠ ᠵᠠᠷᠯᠢᠭᠯᠠᠨᠨ ᠴᠠᠭᠠᠵᠠᠯᠠᠭᠰᠠᠨ ᠨᠤᠮ ᠪᠢᠴᠢᠭ᠂ ᠭᠡᠷᠡᠯ ᠵᠢᠷᠤᠭ᠂ ᠰᠤᠨᠢᠨ ᠰᠡᠳᠭᠦᠯ ᠬᠢᠭᠡᠳ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠤ ᠡᠵᠡᠩᠨᠡᠭᠴᠢ ᠶᠢ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠢ ᠵᠦᠷᠢᠴᠡᠭᠰᠡᠨ ᠤᠯᠵᠠᠪᠤᠷᠢ ᠪᠤᠯᠤᠨ ᠪᠤᠳᠠᠰ ᠢ ᠨᠢ ᠬᠤᠷᠢᠶᠠᠬᠤ ᠶᠢᠨ ᠬᠠᠮᠲᠤ ᠬᠠᠤᠯᠢ ᠶᠢ ᠵᠦᠷᠢᠴᠡᠭᠰᠡᠨ ᠤᠯᠵᠠᠪᠤᠷᠢ ᠶᠢᠨ ᠬᠢᠨᠢ ᠨᠢᠭᠡ ᠠᠴᠠ ᠬᠤᠶᠠᠷ ᠳᠠᠬᠢᠨ ᠵᠤᠭᠤᠰ ᠢᠶᠠᠷ ᠲᠤᠷᠭᠠᠨ᠎ᠠ︔ ᠬᠠᠤᠯᠢ ᠠᠴᠠ ᠵᠦᠷᠢᠴᠡᠭᠰᠡᠨ ᠤᠯᠵᠠᠪᠤᠷᠢ ᠤᠯᠤᠭ᠎ᠠ ᠦᠭᠡᠢ ᠪᠤᠶᠤ ᠬᠠᠤᠯᠢ ᠠᠴᠠ ᠵᠦᠷᠢᠴᠡᠭᠰᠡᠨ ᠤᠯᠵᠠᠪᠤᠷᠢ ᠶᠢᠨ ᠲᠤᠭ᠎ᠠ ᠶᠢ ᠨᠢ ᠲᠤᠭᠲᠠᠭᠠᠬᠤ ᠶᠢᠨ ᠠᠷᠭ᠎ᠠ ᠦᠭᠡᠢ ᠪᠤᠯ 1000 ᠲᠦᠭᠦᠷᠢᠭ ᠠᠴᠠ ᠳᠡᠭᠡᠭᠰᠢ 50000 ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠨ᠎ᠠ︔ ᠦᠢᠯᠡ ᠪᠠᠶᠢᠳᠠᠯ ᠨᠢ ᠬᠦᠨᠳᠦ ᠪᠤᠯ ᠰᠤᠶᠤᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠠᠯᠪᠠᠳᠠᠨ ᠠᠵᠢᠯ ᠢ ᠨᠢ ᠵᠤᠭᠰᠤᠭᠠᠵᠤ ᠴᠡᠭᠴᠡᠯᠡᠬᠦ ᠪᠤᠶᠤ ︽ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾᠎ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃             ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠤᠭ᠎ᠠ ᠦᠭᠡᠢ ᠪᠠᠷ ᠨᠤᠮ ᠰᠡᠳᠭᠦᠯ ᠪᠤᠶᠤ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠢ ᠪᠦᠭᠡᠮ ᠢᠶᠠᠷ ᠪᠤᠷᠤᠯᠠᠭᠤᠯᠬᠤ ᠠᠵᠢᠯ ᠢ ᠡᠵᠩᠨᠡᠭᠴᠢ ᠶᠢ ᠬᠠᠤᠯᠢ ᠶᠢ ᠵᠦᠷᠢᠴᠡᠭᠰᠡᠨ ᠤᠯᠵᠠᠪᠤᠷᠢ ᠪᠤᠯᠤᠨ ᠪᠤᠳᠠᠰ ᠢ ᠨᠢ ᠬᠤᠷᠢᠶᠠᠬᠤ ᠶᠢᠨ ᠬᠠᠮᠲᠤ ᠬᠠᠤᠯᠢ ᠶᠢ ᠵᠦᠷᠢᠴᠡᠭᠰᠡᠨ ᠤᠯᠵᠠᠪᠤᠷᠢ ᠶᠢᠨ ᠬᠢᠨᠢ ᠨᠢᠭᠡ ᠠᠴᠠ ᠭᠤᠷᠪᠠᠨ ᠳᠠᠬᠢᠨ ᠵᠤᠭᠤᠰ ᠢᠶᠠᠷ ᠲᠤᠷᠭᠠᠨ᠎ᠠ︔ ᠬᠠᠤᠯᠢ ᠠᠴᠠ ᠵᠦᠷᠢᠴᠡᠭᠰᠡᠨ ᠤᠯᠵᠠᠪᠤᠷᠢ ᠤᠯᠤᠭ᠎ᠠ ᠦᠭᠡᠢ ᠪᠤᠶᠤ ᠬᠠᠤᠯᠢ ᠠᠴᠠ ᠵᠦᠷᠢᠴᠡᠭᠰᠡᠨ ᠤᠯᠵᠠᠪᠤᠷᠢ ᠶᠢᠨ ᠲᠤᠭ᠎ᠠ ᠶᠢ ᠨᠢ ᠲᠤᠭᠲᠠᠭᠠᠬᠤ ᠶᠢᠨ ᠠᠷᠭ᠎ᠠ ᠦᠭᠡᠢ ᠪᠤᠯ 1000 ᠲᠦᠭᠦᠷᠢᠭ ᠠᠴᠠ ᠳᠡᠭᠡᠭᠰᠢ 20000 ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠨ᠎ᠠ︔ ᠦᠢᠯᠡ ᠪᠠᠶᠢᠳᠠᠯ ᠨᠢ ᠬᠦᠨᠳᠦ ᠪᠤᠯ ᠰᠤᠶᠤᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠠᠯᠪᠠᠳᠠᠨ ᠠᠵᠢᠯ ᠢ ᠨᠢ ᠵᠤᠭᠰᠤᠭᠠᠵᠤ ᠴᠡᠭᠴᠡᠯᠡᠬᠦ ᠪᠤᠶᠤ ᠴᠢᠨᠠᠭᠰᠢᠯᠠᠪᠠᠯ ︽ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾᠎ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃             ᠦᠰᠪᠦᠷᠢ ᠪᠠᠭᠠᠴᠤᠤᠯ ᠳᠤ ᠬᠤᠳᠠᠯᠳᠤᠬᠤ᠂ ᠲᠦᠷᠢᠶᠡᠰᠦᠯᠡᠬᠦ ᠪᠤᠶᠤ ᠪᠤᠰᠤᠳ ᠠᠷᠭ᠎ᠠ ᠬᠡᠯᠪᠡᠷᠢ ᠪᠠᠷ ᠱᠠᠯᠢᠭ ᠵᠠᠪᠬᠠᠢ ᠨᠤᠮ ᠪᠢᠴᠢᠭ᠂ ᠭᠡᠷᠡᠯ ᠵᠢᠷᠤᠭ᠂ ᠰᠤᠨᠢᠨ ᠰᠡᠳᠭᠦᠯ᠂ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠵᠡᠷᠭᠡ ᠪᠤᠳᠠᠰ ᠢ ᠳᠠᠮᠵᠢᠭᠤᠯᠤᠭᠴᠢ᠂ ᠡᠯᠧᠺᠲ᠋ᠤᠷᠠᠨ ᠲᠤᠭᠯᠠᠭᠠᠮ ᠢ ᠠᠰᠢᠭᠯᠠᠨ ᠵᠤᠭᠤᠰ ᠨᠠᠭᠠᠳᠬᠤ᠂ ᠬᠡᠯᠪᠡᠷᠢ ᠬᠤᠪᠢᠷᠭᠠᠨ ᠵᠤᠭᠤᠰ ᠨᠠᠭᠠᠳᠬᠤ ᠪᠤᠶᠤ ᠦᠰᠪᠦᠷᠢ ᠪᠠᠭᠠᠴᠤᠤᠯ ᠢ ᠦᠳᠦᠭᠡᠨ ᠳᠤᠬᠢᠵᠤ ᠵᠤᠭᠤᠰ ᠨᠠᠭᠠᠳᠤᠭᠤᠯᠤᠭᠴᠢ ᠶᠢ ᠬᠠᠤᠯᠢ ᠶᠤᠰᠤᠭᠠᠷ ᠬᠦᠨᠳᠦ ᠪᠠᠷ ᠰᠢᠢᠳᠭᠡᠨ ᠲᠤᠷᠭᠠᠨ᠎ᠠ᠃             ᠳᠦᠴᠢᠨ ᠵᠢᠷᠭᠤᠳᠤᠭᠠᠷ ᠵᠦᠢᠯ      ᠦᠢᠯᠡᠴᠢᠯᠡᠭᠡᠨ ᠤ ᠵᠦᠢᠯ      ᠪᠤᠯᠤᠨ ᠪᠤᠷᠤᠯᠠᠭᠤᠯᠵᠤ ᠪᠠᠶᠢᠭ᠎ᠠ ᠲᠠᠸᠠᠷ ᠲᠤ ᠪᠠᠨ ᠢᠯᠡ ᠦᠨ᠎ᠡ ᠬᠠᠳᠠᠬᠤ ᠦᠭᠡᠢ ᠪᠤᠶᠤ ᠲᠤᠭᠲᠠᠭᠰᠠᠨ ᠦᠨ᠎ᠡ ᠠᠴᠠ ᠬᠡᠲᠦᠷᠡᠭᠦᠯᠵᠦ ᠬᠤᠳᠠᠯᠳᠤᠬᠤ ᠪᠤᠯᠤᠨ ᠦᠢᠯᠡᠴᠢᠯᠡᠭᠡᠨ ᠤ ᠬᠦᠷᠢᠶ᠎ᠡ ᠬᠡᠪᠴᠢᠶᠡᠨ ᠠᠴᠠ ᠬᠡᠲᠦᠷᠡᠭᠦᠯᠵᠦ ᠰᠦᠢᠳᠭᠡᠯ ᠬᠤᠷᠢᠶᠠᠪᠠᠯ᠂ ᠪᠠᠷᠠᠭᠠᠨ ᠤ ᠦᠨ᠎ᠡ ᠶᠢ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠬᠠᠤᠯᠢ ᠶᠤᠰᠤᠭᠠᠷ ᠰᠢᠢᠳᠭᠡᠨ ᠲᠤᠷᠭᠤᠭᠠᠨ᠎ᠠ᠃             ᠳᠦᠴᠢᠨ ᠳᠤᠯᠤᠳᠤᠭᠠᠷ ᠵᠦᠢᠯ      ᠰᠤᠶᠤᠯ ᠤᠨ ᠡᠵᠡᠩᠨᠡᠯᠲᠡ ᠶᠢᠨ ᠠᠵᠢᠯᠯᠠᠭ᠎ᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠤᠷᠭᠠᠨ ᠰᠢᠢᠳᠭᠡᠬᠦ ᠬᠠᠤᠯᠢ︾᠎ ᠶᠢ ᠵᠦᠷᠢᠴᠡᠪᠡᠯ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠢᠳᠭᠡᠯ ᠦᠵᠡᠭᠦᠯᠦᠨ ᠲᠤᠷᠭᠠᠨ᠎ᠠ︔ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠤᠯᠢ᠂ ᠲᠤᠭᠲᠠᠭᠠᠯ ᠢ ᠵᠦᠷᠢᠴᠡᠭᠴᠢ ᠶᠢ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠰᠢᠢᠳᠭᠡᠯ ᠤᠯᠭᠤᠨ᠎ᠠ︔ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠬᠠᠤᠯᠢ᠂ ᠲᠤᠭᠲᠠᠭᠠᠯ ᠢ ᠵᠦᠷᠢᠴᠡᠭᠴᠢ ᠶᠢ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ ᠠᠴᠠ ᠰᠢᠢᠳᠭᠡᠯ ᠤᠯᠭᠤᠨ᠎ᠠ︔ ᠶᠠᠯ᠎ᠠ ᠪᠦᠷᠢᠯᠳᠦᠪᠡᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃             ᠳᠦᠴᠢᠨ ᠨᠠᠢᠮᠠᠳᠤᠭᠠᠷ ᠵᠦᠢᠯ      ᠬᠤᠯᠪᠤᠭᠳᠠᠬᠤ ᠬᠦᠮᠦᠨ ᠰᠢᠢᠳᠭᠡᠯ ᠲᠤᠭᠲᠠᠭᠠᠯ ᠢ ᠵᠦᠪᠰᠢᠶᠡᠷᠡᠬᠦ ᠦᠭᠡᠢ ᠪᠤᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠠᠷᠭᠤ ᠶᠢᠨ ᠬᠠᠤᠯᠢ︾ ᠪᠤᠯᠤᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠦᠪᠯᠡᠬᠦ ᠬᠠᠤᠯᠢ︾᠎ ᠶᠢᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠳᠠᠬᠢᠨ ᠵᠦᠪᠯᠡᠬᠦ ᠪᠠᠷ ᠡᠷᠡᠮᠡᠯᠵᠡᠬᠦ ᠪᠤᠶᠤ ᠠᠯᠪᠠᠨ ᠵᠠᠭᠠᠯᠳᠤᠯᠭ᠎ᠠ ᠭᠠᠷᠭᠠᠨ᠎ᠠ︔ ᠬᠤᠯᠪᠤᠭᠳᠠᠬᠤ ᠬᠦᠮᠦᠨ ᠬᠤᠭᠤᠴᠠᠭ᠎ᠠ ᠬᠡᠲᠦᠷᠡᠲᠡᠯ᠎ᠡ ᠳᠠᠬᠢᠨ ᠵᠦᠪᠯᠡᠬᠦ ᠪᠠᠷ ᠡᠷᠮᠡᠯᠵᠡᠬᠦ ᠦᠭᠡᠢ᠂ ᠠᠯᠪᠠᠨ ᠵᠠᠭᠠᠯᠳᠤᠯᠭ᠎ᠠ ᠭᠠᠷᠭᠠᠬᠤ ᠦᠭᠡᠢ᠂ ᠪᠠᠰᠠ ᠰᠢᠢᠳᠭᠡᠯ ᠲᠤᠭᠲᠠᠭᠠᠯ ᠤᠨ ᠭᠦᠢᠴᠡᠳᠭᠡᠯ ᠢ ᠬᠢᠬᠦ ᠦᠭᠡᠢ ᠪᠤᠯ ᠰᠢᠢᠳᠭᠡᠯ ᠲᠤᠭᠲᠠᠭᠠᠯ ᠢ ᠲᠤᠭᠲᠠᠭᠠᠭᠰᠠᠨ ᠪᠠᠶᠢᠭᠤᠯᠭ᠎ᠠ ᠠᠴᠠ ᠠᠷᠠᠳ ᠤᠨ ᠰᠢᠭᠦᠬᠦ ᠬᠤᠷᠢᠶᠠᠨ ᠳᠤ ᠡᠷᠭᠦᠳᠡᠯ ᠭᠠᠷᠭᠠᠵᠤ ᠠᠯᠪᠠᠳᠠᠨ ᠬᠦᠢᠴᠡᠳᠭᠡᠬᠦᠯᠦᠨ᠎ᠡ᠃             ᠳᠦᠴᠢ ᠶᠢᠰᠦᠳᠦᠭᠡᠷ ᠵᠦᠢᠯ      ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠭᠴᠢ ᠬᠠᠤᠯᠢ ᠶᠤᠰᠤ ᠶᠢ ᠵᠦᠷᠢᠴᠡᠵᠦ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠪᠡᠯ ᠲᠤᠬᠠᠢ ᠶᠢᠨ ᠪᠠᠶᠢᠭᠤᠯᠭ᠎ᠠ ᠪᠤᠶᠤ ᠡᠰᠡᠭᠦᠯ᠎ᠡ ᠳᠡᠭᠡᠳᠦ ᠱᠠᠲᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠭᠦᠮᠵᠢᠯᠡᠨ ᠰᠤᠷᠭᠠᠬᠤ ᠪᠤᠶᠤ ᠵᠠᠰᠠᠭ ᠵᠠᠬᠢᠷᠭᠠᠨ ᠤ ᠰᠢᠢᠳᠭᠡᠯ ᠤᠯᠭᠤᠨ᠎ᠠ︔ ᠶᠠᠯ᠎ᠠ ᠪᠦᠷᠢᠯᠳᠦᠪᠡᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃             ᠡᠯ᠎ᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠠᠤᠯᠢ ᠶᠢ ᠬᠡᠷᠡᠭᠵᠢᠭᠦᠯᠦᠭᠴᠢ ᠪᠤᠰᠤ ᠬᠦᠮᠦᠨ ᠳᠤᠷ᠎ᠠ ᠪᠠᠷ ᠢᠶᠠᠨ ᠰᠤᠶᠤᠯ ᠤᠨ ᠡᠵᠡᠩᠨᠡᠯᠲᠡ ᠶᠢᠨ ᠲᠠᠯᠠᠪᠤᠷ ᠲᠤ ᠬᠦᠷᠴᠦ ᠬᠢᠨᠠᠨ ᠪᠠᠶᠢᠴᠠᠭᠠᠬᠤ᠂ ᠰᠢᠢᠳᠭᠡᠨ ᠲᠤᠷᠭᠤᠭᠠᠬᠤ᠂ ᠲᠦᠯᠦᠪᠦᠷᠢ ᠦᠭᠡᠢ ᠦᠢᠯᠡᠴᠢᠯᠡᠭᠦᠯᠪᠡᠯ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠠᠰᠠᠭ ᠵᠠᠬᠢᠷᠭᠠᠨ ᠤ ᠰᠢᠢᠳᠭᠡᠯ ᠤᠯᠭᠤᠨ᠎ᠠ᠃ ᠡᠯ᠎ᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠠᠤᠯᠢ ᠬᠡᠷᠡᠭᠵᠢᠭᠦᠯᠦᠭᠴᠢ ᠳᠤᠷ᠎ᠠ ᠪᠠᠷ ᠢᠶᠠᠨ ᠠᠵᠢᠯ ᠤᠨ ᠪᠠᠶᠢᠷᠢ ᠠᠯᠤᠰᠯᠠᠨ ᠬᠠᠤᠯᠢ ᠬᠡᠷᠡᠭᠵᠢᠭᠦᠯᠵᠦ᠂ ᠱᠠᠲᠤ ᠠᠯᠤᠰᠯᠠᠨ ᠬᠠᠤᠯᠢ ᠬᠡᠷᠡᠭᠵᠢᠭᠦᠯᠵᠦ᠂ ᠳᠦᠷᠢᠮ ᠢ ᠵᠦᠷᠢᠴᠡᠨ ᠰᠦᠢᠳᠭᠡᠯ ᠬᠤᠷᠢᠶᠠᠵᠤ᠂ ᠲᠦᠯᠦᠪᠦᠷᠢ ᠦᠭᠡᠢ ᠦᠢᠯᠡᠴᠢᠯᠡᠭᠦᠯᠪᠡᠯ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠪᠠᠶᠢᠳᠠᠯ ᠤᠨ ᠬᠦᠨᠳᠦ ᠬᠦᠩᠭᠡᠨ ᠢ ᠦᠵᠡᠵᠦ ᠪᠠᠶᠢᠭᠠᠳ ᠰᠤᠷᠭᠠᠨ ᠳᠤᠩᠭᠤᠳᠴᠤ᠂ ᠵᠠᠰᠠᠭ ᠵᠠᠬᠢᠷᠭᠠᠨ ᠤ ᠰᠢᠢᠳᠭᠡᠯ ᠤᠯᠭᠤᠬᠤ ᠪᠤᠶᠤ ᠡᠰᠡᠭᠦᠯ᠎ᠡ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠠᠴᠠ ᠰᠢᠯᠵᠢᠭᠦᠯᠦᠨ ᠶᠠᠪᠤᠭᠤᠯᠤᠨ᠎ᠠ᠃             ᠶᠢᠰᠦᠳᠦᠭᠡᠷ ᠪᠦᠯᠦᠭ     ᠬᠠᠪᠰᠤᠷᠤᠯᠲᠠ ᠳᠦᠷᠢᠮ             ᠲᠠᠪᠢᠳᠤᠭᠠᠷ ᠵᠦᠢᠯ      ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠲᠤᠰ ᠳᠦᠷᠢᠮ ᠢ ᠦᠨᠳᠦᠰᠦᠯᠡᠨ ᠬᠡᠷᠡᠭᠵᠢᠭᠦᠯᠬᠦ ᠨᠠᠷᠢᠨ ᠳᠦᠷᠢᠮ ᠢ ᠲᠤᠭᠲᠠᠭᠠᠵᠤ ᠪᠤᠯᠤᠨ᠎ᠠ᠃             ᠲᠠᠪᠢᠨ ᠨᠢᠭᠡᠳᠦᠭᠡᠷ ᠵᠦᠢᠯ      ᠲᠤᠰ ᠳᠦᠷᠢᠮ ᠤᠨ ᠬᠡᠷᠡᠭᠵᠢᠭᠦᠯᠬᠦ ᠲᠤᠮᠳᠠᠬᠢ ᠪᠤᠳᠠᠲᠠᠢ ᠠᠰᠭᠤᠳᠠᠯ ᠢ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠷᠢᠭᠤᠴᠠᠨ ᠲᠠᠶᠢᠯᠪᠤᠷᠢᠯᠠᠯᠲᠠ ᠬᠢᠨ᠎ᠡ᠃             ᠲᠠᠪᠢᠨ ᠬᠤᠶᠠᠳᠤᠭᠠᠷ ᠵᠦᠢᠯ      ᠲᠤᠰ ᠳᠦᠷᠢᠮ ᠨᠡᠶᠢᠳᠡᠯᠡᠭᠳᠡᠭᠰᠡᠨ ᠡᠳᠦᠷ ᠠᠴᠠ ᠪᠠᠨ ᠡᠬᠢᠯᠡᠵᠦ ᠬᠡᠷᠡᠭᠵᠢᠭᠦᠯᠦᠭᠳᠡᠨ᠎ᠡ᠃  
 
ᠢᠷᠡᠯᠲᠡ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号