ᠠᠯᠠᠱᠠ ᠵᠡᠭᠦᠨ ᠬᠤᠰᠢᠭᠤᠨ ᠤ ᠰᠣᠶᠣᠯ ᠪᠠ  ᠵᠢᠭᠤᠯᠴᠢᠯᠠᠯ ᠤᠨ ᠲᠣᠪᠴᠢᠶ᠎ᠠ ᠠᠴᠠ ᠳᠠᠮᠵᠢᠭᠤᠯᠤᠨ ᠨᠡᠶᠢᠲᠡᠯᠡᠭᠰᠡᠨ᠄ ᠣᠯᠠᠮᠵᠢᠯᠠᠯᠲᠦ ᠣᠷᠠᠯᠠᠯ ᠢ ᠰᠡᠷᠭᠦᠭᠡᠨ ᠬᠦᠭᠵᠢᠭᠦᠯᠬᠦ ᠲᠣᠬᠠᠢ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2022/10/12
                                            ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠠᠪᠣᠳᠣᠭᠠᠷ ᠣᠳᠠᠭᠠᠨ ᠤ ᠪᠦᠬᠦᠳᠡ ᠬᠤᠷᠠᠯ ᠤᠨ ︽ᠳᠣᠮᠳᠠᠲᠦ ᠶᠢᠨ ᠰᠢᠯᠢᠳᠡᠭ ᠣᠯᠠᠮᠵᠢᠯᠠᠯᠲᠦ ᠰᠣᠶᠣᠯ ᠤᠨ ᠤᠯᠠᠮᠵᠢᠯᠠᠯ ᠤᠨ ᠰᠢᠰᠲ᠋ᠧᠮ ᠢ ᠪᠠᠶᠢᠭᠤᠯᠵᠤ᠂ ᠰᠣᠶᠣᠯ ᠤᠨ ᠦᠪ ᠤᠨ ᠬᠠᠮᠠᠭᠠᠯᠠᠯᠲᠠ ᠶᠢ ᠴᠢᠩᠭᠠᠳᠬᠠᠵᠤ᠂ ᠣᠯᠠᠮᠵᠢᠯᠠᠯᠲᠦ ᠣᠷᠠᠯᠠᠯ ᠢ ᠰᠡᠷᠭᠦᠭᠡᠨ ᠬᠦᠭᠵᠢᠭᠦᠯᠬᠦ︾ ᠱᠠᠭᠠᠷᠳᠠᠯᠭ᠎ᠠ ᠪᠠ ︽ᠲᠦᠷᠦ ᠶᠢᠨ ᠶᠠᠪᠦᠳᠠᠯ ᠤᠨ ᠬᠤᠷᠢᠶ᠎ᠠ ᠶᠢᠨ ᠠᠯᠪᠠᠨ ᠲᠢᠩᠬᠢᠮ᠂ ᠰᠣᠶᠣᠯ ᠤᠨ ᠶᠠᠮᠦᠨ ᠵᠡᠷᠭᠡ ᠰᠠᠯᠠᠭ᠎ᠠ ᠮᠦᠴᠢᠷ ᠤᠨ ᠲᠣᠮᠳᠠᠲᠦ ᠶᠢᠨ ᠣᠯᠠᠮᠵᠢᠯᠠᠯᠲᠦ ᠣᠷᠠᠯᠠᠯ ᠢ ᠰᠡᠷᠭᠦᠭᠡᠨ ᠬᠦᠭᠵᠢᠭᠦᠯᠬᠦ ᠲᠦᠯᠦᠪᠯᠡᠭᠡ ᠶᠢ ᠲᠠᠮᠵᠢᠭᠤᠯᠣᠨ ᠲᠠᠷᠬᠠᠭᠠᠭᠰᠠᠨ ᠮᠡᠳᠡᠭᠳᠡᠯ︾ ︵ᠲᠦᠷᠦ ᠶᠢᠨ ᠶᠠᠪᠦᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ᠲᠠᠷᠬᠠᠭᠠᠪᠠ ︹ 2017︺ 25 ᠳ᠋ᠣᠭᠠᠷ ᠨᠤᠮᠧᠷ︶᠎ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠪᠦᠬᠦ ᠣᠷᠣᠨ ᠤ ᠣᠯᠠᠮᠵᠢᠯᠯᠠᠲᠦ ᠣᠷᠠᠯᠠᠯ ᠤᠨ ᠤᠯᠠᠮᠵᠢᠯᠠᠨ ᠵᠠᠯᠭᠠᠮᠵᠢᠯᠠᠬᠤ ᠪᠠ ᠰᠡᠷᠭᠦᠭᠡᠨ ᠬᠦᠭᠵᠢᠭᠦᠯᠬᠦ ᠶᠢ ᠠᠬᠢᠭᠤᠯᠬᠤ ᠳᠤ ᠳᠣᠣᠷᠠᠬᠢ ᠮᠡᠲᠦ ᠰᠠᠨᠠᠯ ᠢ ᠳᠡᠪᠰᠢᠬᠦᠯᠵᠦ ᠪᠠᠶᠢᠨ᠎ᠠ᠃             ᠨᠢᠭᠡ᠂ ᠴᠢᠬᠤᠯᠠ ᠠᠴᠢ ᠬᠤᠯᠪᠣᠭᠳᠠᠯ             ᠣᠯᠠᠮᠵᠢᠯᠠᠯᠲᠦ ᠣᠷᠠᠯᠠᠯ ᠪᠣᠯ ᠲᠡᠦᠭᠡᠨ ᠣᠯᠠᠮᠵᠢᠯᠠᠯ ᠪᠠ ᠦᠨᠳᠦᠰᠦᠳᠡᠨ ᠪᠣᠶᠦ ᠣᠷᠣᠨ ᠨᠣᠳᠤᠭ ᠤᠨ ᠣᠨᠴᠠᠯᠢᠭ ᠲᠠᠢ᠂ ᠡᠳᠦᠷ ᠲᠣᠳᠣᠮ ᠤᠨ ᠠᠮᠢᠳᠦᠷᠠᠯ ᠲᠠᠢ ᠨᠢᠭᠲᠠ ᠬᠤᠯᠪᠣᠭ᠎ᠠ ᠲᠠᠢ᠂ ᠭᠤᠣᠯᠳᠠᠭᠤ ᠭᠠᠷ ᠤᠷᠠᠯᠠᠯ ᠳᠤ ᠲᠦᠰᠢᠭᠰᠡᠨ ᠦᠢᠯᠡᠳᠬᠦ ᠣᠷᠠᠯᠠᠯ ᠵᠢᠴᠢ ᠬᠤᠯᠪᠣᠭᠳᠠᠬᠤ ᠦᠢᠯᠡᠳᠭᠦᠨ ᠪᠦᠭᠡᠳ ᠮᠦᠨ ᠴᠤ ᠪᠦᠳᠦᠭᠡᠯᠴᠢ ᠴᠢᠨᠠᠷ ᠲᠠᠢ ᠭᠠᠷ ᠤᠷᠠᠯᠠᠯ ᠪᠠ ᠮᠠᠲ᠋ᠧᠷᠢᠶᠠᠯ ᠢ ᠦᠵᠡᠵᠦ ᠣᠷ᠎ᠠ ᠪᠠᠨ ᠭᠠᠷᠭᠠᠭᠰᠠᠨ ᠦᠪᠡᠷᠮᠢᠴᠡᠴᠢᠯᠡᠭᠰᠡᠨ ᠦᠢᠯᠡᠳᠪᠦᠷᠢᠯᠡᠯ ᠪᠠᠶᠢᠵᠤ᠂ ᠠᠵᠦ ᠦᠢᠯᠡᠳᠪᠦᠷᠢᠵᠢᠯᠡᠯ ᠤᠨ ᠦᠢᠯᠡᠳᠪᠦᠷᠢ ᠶᠢᠨ ᠤᠷᠤᠯᠠᠵᠤ ᠴᠢᠳᠠᠰᠢ ᠦᠭᠡᠢ ᠤᠨᠴᠠᠯᠢᠭ ᠲᠠᠢ᠃ ᠡᠯ᠎ᠡ ᠦᠨᠳᠦᠰᠦᠲᠡᠨ ᠤ ᠠᠷᠠᠳ ᠲᠦᠮᠡᠨ ᠤ ᠣᠷᠲᠦ ᠬᠤᠭᠤᠴᠠᠭᠠᠨ ᠤ ᠦᠢᠯᠡᠳᠪᠦᠷᠢᠯᠡᠯ ᠠᠮᠢᠳᠣᠷᠠᠯ ᠤᠨ ᠦᠢᠯᠡᠳᠦᠯᠭᠡ ᠲᠣᠮᠳᠠ ᠪᠦᠷᠢᠯᠳᠦᠭᠰᠡᠨ ᠡᠳᠡᠭᠡᠷ ᠣᠯᠠᠮᠵᠢᠯᠠᠯᠲᠦ ᠣᠷᠠᠯᠠᠯ ᠨᠢ ᠡᠯ᠎ᠡ ᠦᠨᠳᠦᠰᠦᠲᠡᠨ ᠤ ᠰᠣᠶᠣᠯ ᠤᠨ ᠦᠷᠳᠡᠭ ᠤᠨ ᠦᠵᠡᠯᠲᠡ᠂ ᠦᠵᠡᠯ ᠰᠠᠨᠠᠭ᠎ᠠ ᠣᠶᠣᠨ ᠤᠬᠠᠭᠠᠨ ᠪᠠ ᠦᠢᠯᠡᠳᠦᠯᠭᠡ ᠶᠢᠨ ᠲᠣᠷᠰᠢᠯᠭ᠎ᠠ ᠶᠢ ᠠᠭᠤᠯᠤᠭᠰᠠᠨ᠂ ᠪᠣᠳᠠᠰ ᠤᠨ ᠪᠣᠰᠦ ᠰᠣᠶᠣᠯ ᠤᠨ ᠦᠪ ᠤᠨ ᠴᠢᠬᠤᠯᠠ ᠪᠦᠷᠢᠯᠳᠦᠭᠦᠨ ᠬᠡᠰᠡᠭ ᠪᠤᠯᠤᠨ᠎ᠠ᠃ ᠮᠠᠨ ᠤ ᠣᠷᠣᠨ ᠤ ᠣᠯᠠᠮᠵᠢᠯᠠᠯᠲᠦ ᠣᠷᠠᠯᠠᠯ ᠤᠨ ᠲᠦᠷᠦᠯ ᠵᠦᠢᠯ ᠣᠯᠠᠨ᠂ ᠲᠠᠷᠬᠠᠴᠠ ᠦᠷᠭᠡᠨ᠃ ᠣᠯᠠᠮᠵᠢᠯᠠᠯᠲᠦ ᠣᠷᠠᠯᠠᠯ ᠢ ᠰᠡᠷᠭᠦᠭᠡᠨ ᠬᠦᠭᠵᠢᠭᠦᠯᠬᠦ ᠨᠢ ᠮᠠᠨ ᠤ ᠣᠷᠣᠨ ᠤ ᠰᠢᠯᠢᠳᠡᠭ ᠣᠯᠠᠮᠵᠢᠯᠠᠯᠲᠦ ᠰᠣᠶᠣᠯ ᠢ ᠤᠯᠠᠮᠵᠢᠯᠠᠨ ᠬᠦᠭᠵᠢᠬᠦᠯᠵᠦ᠂ ᠰᠣᠶᠣᠯ ᠤᠨ ᠠᠮᠢ ᠠᠬᠤᠢ ᠶᠢ ᠰᠢᠮᠡᠵᠢᠭᠦᠯᠬᠦ᠂ ᠰᠣᠶᠣᠯ ᠤᠨ ᠡᠬᠢ ᠪᠠᠶᠠᠯᠢᠭ ᠢ ᠪᠠᠶᠠᠯᠢᠭᠵᠢᠭᠤᠯᠬᠤ᠂ ᠰᠣᠶᠣᠯ ᠤᠨ ᠢᠳᠡᠭᠡᠯ ᠢ ᠴᠢᠩᠭᠠᠳᠬᠠᠬᠤ ᠳᠤ ᠠᠰᠢᠭᠲᠠᠢ᠃ ᠭᠠᠷ ᠤᠷᠠᠯᠠᠯ ᠤᠨ ᠪᠦᠳᠦᠭᠡᠯᠴᠢ ᠴᠢᠳᠠᠪᠦᠷᠢ ᠶᠢ ᠨᠡᠩ ᠰᠠᠶᠢᠨ ᠪᠠᠳᠠᠷᠠᠭᠤᠯᠬᠤ᠂ ᠭᠠᠷ ᠤᠷᠠᠯᠠᠯ ᠤᠨ ᠪᠦᠳᠦᠭᠡᠯᠴᠢ ᠦᠷᠳᠡᠭ ᠢ ᠢᠯᠡᠷᠬᠡᠶᠢᠯᠡᠬᠦ᠂ ᠪᠦᠬᠦ ᠨᠡᠶᠢᠭᠡᠮ ᠳᠤ ᠤᠬᠢ ᠰᠤᠳᠤ ᠶᠢ ᠬᠦᠭᠡᠭᠡᠴᠡᠯᠳᠦᠭᠰᠡᠨ ᠣᠷᠠᠨ ᠲᠠᠷᠬᠠᠨ ᠤ ᠵᠣᠷᠢᠭ ᠰᠠᠨᠠᠭ᠎ᠠ ᠶᠢ ᠪᠤᠶᠢᠵᠢᠭᠤᠯᠬᠤ ᠪᠠ ᠬᠦᠭᠵᠢᠭᠦᠯᠬᠦ ᠳᠤ ᠠᠰᠢᠭᠲᠠᠢ᠃ ᠠᠵᠢᠯ ᠣᠯᠭᠤᠬᠤ ᠶᠢ ᠠᠬᠢᠭᠤᠯᠬᠤ᠂ ᠨᠠᠷᠢᠨ ᠤᠨᠤᠪᠴᠢᠲᠠᠢ ᠪᠠᠷ ᠶᠠᠳᠠᠭᠤ ᠶᠢ ᠲᠡᠳᠭᠦᠭᠦ ᠶᠢ ᠪᠡᠶᠡᠯᠡᠭᠦᠯᠬᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠶᠢᠨ ᠣᠷᠣᠯᠭ᠎ᠠ ᠶᠢ ᠨᠡᠮᠡᠭᠳᠡᠭᠦᠯᠬᠦ᠂ ᠣᠯᠠᠮᠵᠢᠯᠠᠯᠲᠦ ᠬᠤᠷᠢᠶᠠᠯᠠᠯ ᠰᠠᠭᠠᠬᠠᠯᠲᠠ ᠪᠠ ᠠᠶᠢᠯ ᠲᠣᠰᠬᠤᠨ ᠤ ᠡᠷᠴᠢ ᠬᠦᠴᠦᠨ ᠢ ᠴᠢᠩᠭᠠᠳᠬᠠᠬᠤ ᠳᠤ ᠠᠰᠢᠭᠲᠠᠢ᠃             ᠬᠤᠶᠠᠷ᠂ ᠶᠡᠷᠥᠩᠬᠡᠢ ᠱᠠᠭᠠᠷᠳᠠᠯᠭ᠎ᠠ             ︵ᠨᠢᠭᠡ︶ ᠶᠡᠷᠥᠩᠬᠡᠢ ᠵᠣᠷᠢᠯᠲᠠ ᠦᠪᠡᠷᠳᠡᠭᠡᠨ ᠵᠠᠰᠠᠬᠤ ᠣᠷᠣᠨ ᠤ ᠡᠯ᠎ᠡ ᠦᠨᠳᠦᠰᠦᠲᠡᠨ ᠤ ᠰᠢᠯᠢᠳᠡᠭ ᠣᠯᠠᠮᠵᠢᠯᠠᠯᠲᠦ ᠰᠣᠶᠣᠯ ᠳᠤ ᠰᠠᠭᠤᠷᠢᠯᠠᠨ ᠪᠣᠰᠣᠳ ᠦᠨᠳᠦᠰᠦᠲᠡᠨ ᠪᠠ ᠭᠠᠵᠠᠷ ᠣᠷᠣᠨ ᠤ ᠰᠢᠯᠢᠳᠡᠭ ᠰᠣᠶᠣᠯ ᠤᠨ ᠦᠷ᠎ᠡ ᠪᠦᠳᠦᠭᠡᠯ ᠢ ᠰᠤᠷᠤᠯᠴᠠᠨ ᠠᠰᠢᠭᠯᠠᠵᠤ᠂ ᠣᠯᠠᠮᠵᠢᠯᠠᠯᠲᠦ ᠣᠷᠠᠯᠠᠯ ᠤᠨ ᠬᠠᠮᠤᠷᠤᠭᠰᠠᠨ ᠰᠣᠶᠣᠯ ᠤᠨ ᠡᠯᠧᠮᠧᠨ᠋ᠲ ᠪᠠ ᠣᠷᠠᠯᠠᠯ ᠤᠨ ᠵᠠᠷᠴᠢᠮ ᠢ ᠠᠭᠤᠳᠠᠯᠵᠦ ᠠᠰᠢᠭᠯᠠᠨ᠂ ᠣᠯᠠᠮᠵᠢᠯᠠᠯᠲᠦ ᠣᠷᠠᠯᠠᠯ ᠤᠨ ᠰᠡᠳᠦᠪ ᠪᠠ ᠦᠢᠯᠡᠳᠭᠦᠨ ᠤ ᠲᠦᠷᠦᠯ ᠵᠦᠢᠯ ᠢ ᠡᠯᠪᠡᠭᠵᠢᠭᠦᠯᠵᠦ᠂ ᠲᠦᠯᠦᠪᠯᠡᠬᠦ ᠪᠠ ᠵᠣᠬᠢᠶᠠᠬᠤ ᠬᠢᠷᠢ ᠲᠦᠪᠰᠢᠨ ᠢ ᠳᠡᠭᠡᠭᠰᠢᠯᠡᠬᠦᠯᠦᠨ᠂ ᠦᠢᠯᠡᠳᠭᠦᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ ᠰᠢᠯᠢᠳᠡᠭ ᠣᠷᠠᠨ ᠲᠠᠷᠬᠠᠨ ᠪᠠ ᠨᠡᠷᠡᠲᠦ ᠲᠡᠮᠳᠡᠭᠲᠦ ᠶᠢ ᠪᠤᠶᠢᠵᠢᠭᠤᠯᠤᠨ᠂ ᠣᠯᠠᠮᠵᠢᠯᠠᠯᠲᠦ ᠣᠷᠠᠯᠠᠯ ᠤᠨ ᠣᠳᠣ ᠦᠶ᠎ᠡ ᠶᠢᠨ ᠠᠮᠢᠳᠣᠷᠠᠯ ᠲᠣᠮᠳᠠ ᠰᠢᠨ᠎ᠡ ᠪᠠᠷ ᠦᠷᠭᠡᠨ ᠬᠡᠷᠡᠭᠯᠡᠭᠳᠡᠵᠦ᠂ ᠨᠡᠩ ᠰᠠᠶᠢᠨ ᠢᠶᠠᠷ ᠠᠷᠠᠳ ᠲᠦᠮᠡᠨ ᠤ ᠬᠡᠷᠡᠭᠯᠡᠭᠡᠨ ᠤ ᠲᠡᠭᠡᠭᠰᠢᠯᠡᠯᠲᠡ ᠶᠢᠨ ᠱᠠᠭᠠᠷᠳᠠᠯᠭ᠎ᠠ ᠶᠢ ᠬᠠᠩᠭᠠᠵᠦ ᠴᠢᠳᠠᠬᠤ ᠪᠣᠯᠭᠠᠨ᠎ᠠ᠃             ︵ᠬᠤᠶᠠᠷ︶ ᠦᠨᠳᠦᠰᠦᠨ ᠵᠠᠷᠴᠢᠮ             ⒈ ᠬᠠᠮᠠᠭᠠᠯᠠᠯᠲᠠ ᠪᠠᠷ ᠭᠤᠣᠯ ᠪᠣᠯᠭᠠᠨ ᠠᠰᠢᠭᠯᠠᠯᠲᠠ ᠪᠠᠨ ᠴᠢᠩᠭᠠᠳᠬᠠᠨ᠎ᠠ᠃ ᠣᠯᠠᠮᠵᠢᠯᠠᠯᠲᠦ ᠣᠷᠠᠯᠠᠯ ᠤᠨ ᠦᠨᠳᠦᠰᠦᠲᠡᠨ ᠤ ᠣᠨᠴᠠᠯᠢᠭ ᠪᠠ ᠣᠷᠣᠨ ᠨᠣᠳᠤᠭ ᠤᠨ ᠰᠣᠶᠣᠯ ᠤᠨ ᠣᠨᠴᠠᠯᠢᠭ ᠢ ᠲᠤᠪᠤᠶᠢᠯᠭᠠᠨ ᠣᠯᠠᠮᠵᠢᠯᠠᠯᠲᠦ ᠣᠷᠠᠯᠠᠯ ᠤᠨ ᠰᠣᠶᠣᠯ ᠤᠨ ᠴᠢᠮᠦᠭᠡ ᠪᠠ ᠭᠤᠣᠯᠯᠠᠬᠤ ᠦᠷᠳᠡᠭ ᠢ ᠪᠠᠲᠤᠯᠠᠵᠤ᠂ ᠣᠯᠠᠮᠵᠢᠯᠠᠯᠲᠦ ᠣᠷᠠᠯᠠᠯ ᠤᠨ ᠬᠠᠮᠠᠭᠠᠯᠠᠯᠲᠠ ᠠᠰᠢᠭᠯᠠᠯᠲᠠ ᠶᠢ ᠴᠢᠩᠭᠠᠳᠬᠠᠨ᠂ ᠨᠡᠶᠢᠭᠡᠮ ᠳᠤ ᠦᠢᠯᠡᠴᠢᠯᠡᠵᠦ ᠣᠯᠠᠨ ᠲᠦᠮᠡᠨ ᠳᠤ ᠦᠢᠯᠡᠴᠢᠯᠡᠨ᠎ᠡ᠃             ⒉ ᠤᠬᠢ ᠰᠤᠳᠤ ᠶᠢ ᠬᠦᠬᠡᠬᠡᠴᠡᠯᠳᠦᠵᠦ ᠶᠠᠰᠦ ᠴᠢᠨᠠᠷ ᠢᠶᠠᠨ ᠳᠡᠭᠡᠭᠰᠢᠯᠡᠬᠦᠯᠦᠨ᠎ᠡ᠃ ᠣᠷᠠᠨ ᠲᠠᠷᠬᠠᠨ ᠤ ᠰᠣᠶᠣᠯ ᠳᠤ ᠬᠦᠨ ᠰᠠᠭᠤᠷᠢᠯᠠᠨ ᠠᠩᠬᠠᠷᠦᠯ ᠲᠠᠯᠪᠢᠨ ᠪᠠᠷᠢᠮᠳᠠᠯᠠᠬᠤ ᠶᠢ ᠰᠨᠠᠭᠠᠴᠢᠯᠠᠵᠦ᠂ ᠴᠢᠨᠠᠷ ᠴᠢᠨᠰᠠᠭ᠎ᠠ ᠶᠢ ᠲᠡᠷᠢᠬᠦᠨ ᠳᠤ ᠪᠠᠶᠢᠷᠢᠯᠠᠭᠤᠯᠬᠤ ᠶᠢ ᠪᠠᠷᠢᠮᠳᠠᠯᠠᠨ᠂ ᠶᠠᠰᠦ ᠴᠢᠨᠠᠷ ᠤᠨ ᠳᠡᠭᠡᠭᠰᠢᠯᠡᠯᠲᠡ ᠶᠢ ᠲᠦᠯᠬᠢᠨ ᠠᠬᠢᠭᠤᠯᠵᠤ᠂ ᠨᠡᠷᠡᠲᠦ ᠲᠡᠮᠳᠡᠭᠲᠦ ᠶᠢᠨ ᠪᠠᠶᠢᠭᠤᠯᠣᠯᠲᠠ ᠶᠢ ᠴᠢᠩᠭᠠᠳᠬᠠᠨ᠂ ᠣᠬᠢ ᠦᠢᠯᠡᠳᠭᠦᠨ ᠢ ᠢᠯᠡᠬᠦᠦ ᠭᠠᠷᠭᠠᠵᠤ᠂ ᠴᠢᠳᠠᠪᠦᠷᠢᠳᠠᠨ ᠡᠷᠳᠡᠮᠳᠡᠨ ᠢ ᠨᠡᠮᠡᠭᠳᠡᠬᠦᠯᠦᠨ᠎ᠡ᠃             ⒊ ᠠᠮᠢᠳᠦᠷᠠᠯ ᠳᠤ ᠠᠭᠤᠰᠦᠨ ᠡᠷᠴᠢ ᠬᠦᠴᠦ ᠪᠠᠨ ᠬᠦᠪᠴᠢᠯᠡᠨ᠎ᠡ᠃ ᠪᠣᠳᠠᠰ ᠤᠨ ᠪᠣᠰᠦ ᠰᠣᠶᠣᠯ ᠤᠨ ᠦᠪ ᠤᠨ ᠦᠢᠯᠡᠳᠭᠦᠨ ᠪᠠ ᠣᠳᠣᠬᠢ ᠬᠦᠮᠦᠰ ᠤᠨ ᠱᠠᠭᠠᠷᠳᠠᠯᠭ᠎ᠠ ᠬᠡᠷᠡᠭᠴᠡᠭᠡ ᠶᠢᠨ ᠵᠠᠯᠭᠠᠯᠲᠠ ᠶᠢ ᠲᠦᠯᠬᠢᠨ ᠠᠬᠢᠭᠤᠯᠵᠦ᠂ ᠣᠳᠣ ᠦᠶ᠎ᠡ ᠶᠢᠨ ᠠᠮᠢᠳᠣᠷᠠᠯ ᠳᠤ ᠠᠭᠤᠰᠤᠨ᠎ᠠ᠃ ᠣᠯᠠᠮᠵᠢᠯᠠᠯᠲᠦ ᠣᠷᠠᠯᠠᠯ ᠤᠨ ᠰᠣᠶᠣᠯ ᠤᠨ ᠡᠯᠧᠮᠧᠨ᠋ᠲ ᠪᠠ ᠤᠶᠤᠨ ᠤ ᠦᠷᠳᠡᠭ ᠢ ᠮᠠᠯᠳᠠᠨ ᠠᠭᠤᠳᠠᠯᠵᠦ᠂ ᠦᠪᠡᠷᠮᠢᠴᠡᠴᠢᠯᠡᠭᠰᠡᠨ ᠣᠨᠴᠠᠯᠢᠭ ᠢ ᠲᠣᠪᠤᠶᠢᠯᠭᠠᠨ᠂ ᠣᠯᠠᠨ ᠵᠦᠢᠯᠡᠰ ᠢ ᠰᠢᠩᠭᠡᠭᠡᠨ ᠠᠪᠴᠦ ᠣᠯᠠᠮᠵᠢᠯᠠᠯᠲᠦ ᠣᠷᠠᠯᠠᠯ ᠤᠨ ᠣᠯᠠᠮᠵᠢᠯᠠᠬᠤ ᠡᠷᠴᠢ ᠬᠦᠴᠦᠨ ᠪᠠ ᠬᠦᠭᠵᠢᠬᠦ ᠬᠦᠳᠡᠯᠭᠡᠭᠴᠢ ᠬᠦᠴᠦ ᠶᠢ ᠴᠢᠩᠭᠠᠳᠬᠠᠨ᠎ᠠ᠃             ⒋ ᠠᠮᠢ ᠠᠬᠤᠢ ᠶᠢ ᠬᠠᠮᠠᠭᠠᠯᠠᠨ ᠪᠣᠬᠢᠷᠳᠣᠯ ᠦᠭᠡᠢ ᠪᠠᠷ ᠬᠦᠭᠵᠢᠬᠦᠯᠦᠨ᠎ᠡ᠃ ᠠᠮᠢ ᠠᠬᠤᠢ ᠶᠢ ᠬᠠᠮᠠᠭᠠᠯᠠᠬᠤ ᠣᠬᠠᠮᠰᠠᠷ ᠢᠶᠠᠨ ᠴᠢᠩᠭᠠᠳᠬᠠᠨ ᠪᠠᠶᠢᠭᠠᠯᠯᠢᠭ ᠮᠠᠲ᠋ᠧᠷᠢᠶᠠᠯ ᠢ ᠵᠣᠬᠢᠰᠲᠠᠢ ᠠᠰᠢᠭᠯᠠᠵᠤ᠂ ᠲᠠᠬᠢᠨ ᠡᠭᠦᠰᠴᠦ ᠦᠯᠦ ᠪᠣᠯᠬᠤ ᠪᠠᠶᠢᠭᠠᠯᠯᠢᠭ ᠣᠭ ᠮᠠᠲ᠋ᠧᠷᠢᠶᠠᠯ ᠤᠨ ᠡᠬᠢ ᠪᠠᠶᠠᠯᠢᠭ ᠢ ᠲᠣᠷ᠎ᠠ ᠪᠠᠷ ᠢᠶᠠᠨ ᠬᠡᠷᠡᠭᠯᠡᠬᠦ ᠶᠢ ᠡᠰᠡᠷᠭᠦᠴᠡᠨ᠂ ᠬᠠᠣᠯᠢ ᠪᠣᠰᠦ ᠪᠠᠷ ᠤᠯᠤᠭᠰᠠᠨ ᠬᠤᠪᠣᠷ ᠴᠣᠬᠠᠭ ᠠᠮᠢᠳᠠᠨ ᠣᠷᠭᠤᠮᠠᠯ ᠤᠨ ᠡᠬᠢ ᠪᠠᠶᠠᠯᠢᠭ ᠢ ᠬᠡᠷᠡᠭᠯᠡᠬᠦ ᠶᠢ ᠬᠤᠷᠢᠭᠯᠠᠨ᠎ᠠ᠃             ᠭᠤᠷᠪᠠ᠂ ᠭᠤᠣᠯ ᠡᠭᠦᠷᠭᠡ             ︵ᠨᠢᠭᠡ︶ ᠦᠪᠡᠷᠳᠡᠭᠡᠨ ᠵᠠᠰᠠᠬᠤ ᠣᠷᠣᠨ ᠤ ᠣᠯᠠᠮᠵᠢᠯᠠᠯᠲᠦ ᠣᠷᠠᠯᠠᠯ ᠢ ᠬᠠᠮᠠᠭᠠᠯᠠᠬᠤ ᠪᠠ ᠰᠡᠷᠭᠦᠭᠡᠨ ᠮᠠᠨᠳᠣᠭᠤᠯᠬᠤ ᠭᠠᠷᠴᠠᠭ ᠢ ᠪᠠᠶᠢᠭᠤᠯᠤᠨ᠎ᠠ᠃ ᠪᠣᠳᠠᠰ ᠤᠨ ᠪᠣᠰᠦ ᠰᠣᠶᠣᠯ ᠤᠨ ᠦᠪ ᠤᠨ ᠣᠯᠠᠮᠵᠢᠯᠠᠯᠲᠦ ᠣᠷᠠᠯᠠᠯ ᠤᠨ ᠵᠦᠢᠯ ᠢ ᠪᠠᠶᠢᠴᠠᠭᠠᠨ ᠠᠭᠤᠳᠠᠯᠠᠬᠤ᠂ ᠬᠠᠮᠠᠭᠠᠯᠠᠨ ᠣᠯᠠᠮᠵᠢᠯᠠᠬᠤ ᠶᠢ ᠣᠯᠠᠮ ᠨᠢᠭᠡ ᠠᠯᠬᠤᠮ ᠴᠢᠩᠭᠠᠳᠬᠠᠨ᠂ ᠣᠯᠠᠮᠵᠢᠯᠠᠯᠲᠦ ᠣᠷᠠᠯᠠᠯ ᠵᠦᠢᠯ ᠤᠨ ᠦᠢᠯᠡᠳᠪᠦᠷᠢᠯᠡᠯ ᠤᠨ ᠶᠠᠪᠣᠴᠠ᠂ ᠭᠤᠣᠯᠯᠠᠬᠤ ᠣᠷ᠎ᠠ ᠮᠡᠷᠭᠡᠵᠢᠯ᠂ ᠬᠡᠷᠡᠭᠰᠡᠬᠦ ᠮᠠᠲ᠋ᠧᠷᠢᠶᠠᠯ ᠪᠠ ᠬᠤᠯᠪᠣᠭᠳᠠᠬᠤ ᠦᠢᠯᠡᠳᠭᠦᠨ ᠳᠤ ᠪᠦᠬᠦ ᠲᠠᠯ᠎ᠠ ᠶᠢᠨ ᠬᠠᠮᠠᠭᠠᠯᠠᠯᠲᠠ ᠪᠠ ᠳᠡᠮᠳᠡᠭᠯᠡᠯ ᠬᠢᠵᠦ᠂ ᠲᠡᠦᠭᠡᠨ ᠦᠷᠳᠡᠭ ᠲᠠᠢ ᠪᠤᠯᠪᠠᠴᠤ ᠣᠳᠣᠬᠠᠨ ᠳᠤ ᠲᠦᠭᠰᠢᠭᠦᠷᠢᠲᠡᠢ ᠪᠠᠶᠢᠳᠠᠯ ᠳᠤ ᠣᠷᠣᠰᠢᠵᠦ ᠪᠠᠶᠢᠭ᠎ᠠ ᠣᠯᠠᠮᠵᠢᠯᠠᠯᠲᠦ ᠣᠷᠠᠯᠠᠯ ᠤᠨ ᠵᠦᠢᠯ ᠳᠤ ᠠᠪᠣᠷᠠᠯᠲᠠ ᠶᠢᠨ ᠴᠢᠨᠠᠷᠲᠠᠢ ᠳᠡᠮᠳᠡᠭᠯᠡᠯ ᠬᠢᠵᠦ᠂ ᠬᠠᠮᠠᠭᠠᠯᠠᠬᠤ ᠪᠠ ᠣᠯᠠᠮᠵᠢᠯᠠᠬᠤ ᠠᠷᠭ᠎ᠠ ᠠᠪᠴᠠᠯ ᠢ ᠬᠡᠷᠡᠭᠵᠢᠭᠦᠯᠦᠨ᠎ᠡ᠃ ᠦᠢᠯᠡᠳᠪᠦᠷᠢᠯᠡᠯ ᠤᠨ ᠴᠢᠨᠠᠷᠲᠠᠢ ᠬᠠᠮᠠᠭᠠᠯᠠᠯᠲᠠ ᠳᠤ ᠲᠣᠬᠢᠷᠠᠭᠰᠠᠨ᠂ ᠵᠣᠬᠢᠬᠤ ᠬᠡᠮᠵᠢᠶᠡᠨ ᠤ ᠣᠯᠠᠮᠵᠢᠯᠠᠬᠤ ᠰᠠᠭᠤᠷᠢ ᠪᠠ ᠦᠢᠯᠡᠳᠪᠦᠷᠢᠯᠡᠯ ᠤᠨ ᠬᠡᠪᠴᠢᠶ᠎ᠡ ᠶᠢ ᠪᠦᠷᠢᠯᠳᠦᠭᠦᠯᠦᠭᠰᠡᠨ᠂ ᠬᠦᠭᠵᠢᠯᠲᠡ ᠶᠢᠨ ᠬᠠᠨᠳᠣᠰᠢ ᠲᠠᠢ᠂ ᠠᠵᠢᠯ ᠣᠯᠭᠤᠬᠤ ᠶᠢ ᠲᠠᠶᠢᠴᠢᠯᠠᠬᠤ ᠳᠤ ᠠᠰᠢᠭᠲᠠᠢ ᠣᠯᠠᠮᠵᠢᠯᠠᠯᠲᠦ ᠣᠷᠠᠯᠠᠯ ᠤᠨ ᠵᠦᠢᠯ ᠢ ᠨᠢᠮᠪᠠᠢ ᠡᠮᠬᠢᠯᠡᠵᠦ ᠦᠪᠡᠷᠳᠡᠭᠡᠨ ᠵᠠᠰᠠᠬᠤ ᠣᠷᠣᠨ ᠤ ᠣᠯᠠᠮᠵᠢᠯᠠᠯᠲᠦ ᠣᠷᠠᠯᠠᠯ ᠢ ᠰᠡᠷᠭᠦᠭᠡᠨ ᠬᠦᠭᠵᠢᠭᠦᠯᠬᠦ ᠭᠠᠷᠴᠠᠭ ᠢ ᠪᠠᠶᠢᠭᠤᠯᠣᠨ᠎ᠠ᠃ ᠬᠦᠳᠡᠯᠥᠩᠭᠦᠢ ᠬᠠᠮᠢᠶᠠᠷᠣᠯᠲᠠ ᠶᠢ ᠬᠡᠷᠡᠭᠵᠢᠭᠦᠯᠵᠦ᠂ ᠡᠯ᠎ᠡ ᠭᠠᠵᠠᠷ ᠣᠷᠣᠨ ᠤ ᠱᠠᠲᠤ ᠱᠠᠲᠤᠨ ᠤ ᠪᠠᠨ ᠣᠯᠠᠮᠵᠢᠯᠠᠯᠲᠦ ᠣᠷᠠᠯᠠᠯ ᠢ ᠰᠡᠷᠭᠦᠭᠡᠨ ᠬᠦᠭᠵᠢᠭᠦᠯᠬᠦ ᠭᠠᠷᠴᠠᠭ ᠢ ᠪᠠᠶᠢᠭᠤᠯᠬᠤ ᠶᠢ ᠵᠣᠷᠢᠭᠵᠢᠭᠤᠯᠣᠨ᠎ᠠ᠃ ᠰᠡᠷᠭᠦᠭᠡᠨ ᠬᠦᠭᠵᠢᠭᠦᠯᠬᠦ ᠭᠠᠷᠴᠠᠭ ᠲᠤ ᠬᠠᠮᠤᠷᠤᠭᠳᠠᠭᠰᠠᠨ ᠵᠦᠢᠯ ᠳᠤ ᠴᠢᠬᠤᠯᠠ ᠲᠡᠮᠵᠢᠯᠡᠭᠡ ᠣᠯᠭᠤᠨ᠎ᠠ᠃             ︵ᠬᠤᠶᠠᠷ︶ ᠪᠣᠳᠠᠰ ᠤᠨ ᠪᠣᠰᠦ ᠰᠣᠶᠣᠯ ᠤᠨ ᠦᠪ ᠤᠨ ᠦᠢᠯᠡᠳᠪᠦᠷᠢᠯᠡᠯ ᠤᠨ ᠴᠢᠨᠠᠷᠲᠠᠢ ᠬᠠᠮᠠᠭᠠᠯᠠᠯᠲᠠ ᠶᠢ ᠲᠦᠯᠬᠢᠨ ᠠᠬᠢᠭᠤᠯᠵᠦ᠂ ᠨᠢᠭᠡ ᠪᠦᠯᠦᠭ ᠦᠢᠯᠡᠳᠪᠦᠷᠢᠯᠡᠯ ᠤᠨ ᠴᠢᠨᠠᠷᠲᠠᠢ ᠬᠠᠮᠠᠭᠠᠯᠠᠯᠲᠠ ᠶᠢᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠪᠤᠶᠢᠵᠢᠭᠤᠯᠵᠦ ᠨᠡᠷᠡᠶᠢᠳᠦᠨ᠎ᠡ᠃ ᠣᠯᠠᠮᠵᠢᠯᠠᠯᠲᠦ ᠣᠷᠠᠯᠠᠯ ᠤᠨ ᠵᠦᠢᠯ ᠲᠦᠪᠯᠡᠷᠡᠭᠰᠡᠨ ᠭᠠᠵᠠᠷ ᠣᠷᠣᠨ ᠪᠠ ᠬᠤᠯᠪᠤᠭᠳᠠᠯ ᠪᠦᠬᠦᠢ ᠰᠣᠶᠣᠯ ᠤᠨ ᠠᠮᠢ ᠠᠬᠤᠢ ᠶᠢᠨ ᠣᠷᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠨᠢᠭᠡ ᠪᠦᠯᠦᠭ ᠦᠢᠯᠡᠳᠪᠦᠷᠢᠯᠡᠯ ᠤᠨ ᠴᠢᠨᠠᠷᠲᠠᠢ ᠬᠠᠮᠠᠭᠠᠯᠠᠯᠲᠠ ᠶᠢᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠪᠠ ᠬᠠᠮᠠᠭᠠᠯᠠᠯᠲᠠ ᠶᠢᠨ ᠵᠦᠢᠯ ᠢ ᠪᠠᠶᠢᠭᠤᠯᠣᠨ᠎ᠠ᠃ ᠲᠣᠬᠠᠢ ᠶᠢᠨ ᠣᠷᠣᠨ ᠳᠤ ᠣᠯᠠᠮᠵᠢᠯᠠᠯᠲᠦ ᠣᠷᠠᠯᠠᠯ ᠤᠨ ᠵᠢᠭᠠᠨ ᠰᠤᠷᠭᠠᠬᠤ ᠲᠠᠯᠠᠪᠣᠷ᠂ ᠣᠯᠠᠮᠵᠢᠯᠠᠬᠤ ᠡᠷᠦᠭᠡ᠂ ᠣᠯᠠᠮᠵᠢᠯᠠᠬᠤ ᠣᠯᠠᠭ᠎ᠠ ᠦᠷᠳᠡᠭᠡ ᠪᠠ ᠣᠯᠠᠮᠵᠢᠯᠠᠭᠴᠢ ᠶᠢᠨ ᠠᠵᠢᠯᠯᠠᠬᠤ ᠲᠠᠰᠤᠭ ᠢ ᠬᠦᠭᠵᠢᠬᠦᠯᠵᠦ᠂ ᠣᠷᠣᠨ ᠨᠣᠳᠤᠭ᠂ ᠦᠨᠳᠦᠰᠦᠲᠡᠨ ᠤ ᠣᠨᠴᠠᠯᠢᠭ ᠪᠠ ᠵᠠᠬ᠎ᠠ ᠲᠡᠯᠭᠡᠭᠦᠷ ᠤᠨ ᠨᠦᠭᠡᠴᠡ ᠪᠤᠯᠤᠯᠴᠠᠭ᠎ᠠ ᠲᠠᠢ ᠣᠯᠠᠮᠵᠢᠯᠠᠯᠲᠦ ᠣᠷᠠᠯᠠᠯ ᠤᠨ ᠵᠦᠢᠯ᠂ ᠦᠢᠯᠡᠳᠭᠦᠨ ᠪᠠ ᠲᠡᠮᠳᠡᠭᠲᠦ ᠶᠢ ᠭᠤᠤᠯᠳᠠᠯᠭ᠎ᠠ ᠲᠠᠢ ᠬᠦᠮᠦᠵᠢᠬᠦᠯᠦᠨ ᠪᠤᠶᠢᠵᠢᠭᠤᠯᠵᠦ ᠪᠦᠳᠦᠭᠡᠨ ᠪᠠᠶᠢᠭᠤᠯᠣᠨ᠎ᠠ᠃ ᠦᠢᠯᠡᠳᠪᠦᠷᠢᠯᠡᠯ᠂ ᠬᠦᠢᠯᠭᠡᠭᠡᠨ᠂ ᠪᠣᠷᠣᠯᠠᠭᠤᠯᠥᠯᠭ᠎ᠠ ᠵᠡᠷᠭᠡ ᠠᠷᠭ᠎ᠠ ᠪᠠᠷᠢᠯ ᠢ ᠠᠰᠢᠭᠯᠠᠵᠤ ᠣᠯᠠᠮᠵᠢᠯᠠᠯᠲᠦ ᠣᠷᠠᠯᠠᠯ ᠤᠨ ᠠᠵᠦ ᠠᠬᠤᠢ ᠶᠢᠨ ᠦᠷ᠎ᠡ ᠠᠰᠢᠭ ᠣᠯᠬᠤ ᠴᠢᠳᠠᠪᠦᠷᠢ ᠶᠢ ᠴᠢᠩᠭᠠᠳᠬᠠᠨ ᠣᠯᠠᠮᠵᠢᠯᠠᠭᠴᠢ ᠶᠢᠨ ᠣᠷᠣᠯᠭ᠎ᠠ ᠶᠢ ᠨᠡᠮᠡᠭᠳᠡᠭᠦᠯᠦᠨ᠎ᠡ᠃ ᠨᠡᠷᠡᠶᠢᠳᠦᠭᠰᠡᠨ ᠦᠢᠯᠡᠳᠪᠦᠷᠢᠯᠡᠯ ᠤᠨ ᠴᠢᠨᠠᠷᠲᠠᠢ ᠬᠠᠮᠠᠭᠠᠯᠠᠯᠲᠠ ᠶᠢᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠲᠤ ᠲᠡᠮᠵᠢᠯᠭᠡ ᠣᠯᠭᠤᠨ᠎ᠠ᠃             ︵ᠭᠤᠷᠪᠠ︶ ᠣᠯᠠᠮᠵᠢᠯᠠᠯᠲᠦ ᠣᠷᠠᠯᠠᠯ ᠤᠨ ᠣᠯᠠᠮᠵᠢᠯᠠᠭᠴᠢ ᠶᠢᠨ ᠡᠩᠨᠡᠭᠡ ᠶᠢᠨ ᠪᠦᠳᠦᠭᠡᠨ ᠪᠠᠶᠢᠭᠤᠯᠣᠯᠲᠠ ᠶᠢ ᠴᠢᠩᠭᠠᠳᠬᠠᠨ᠎ᠠ᠃ ᠣᠯᠠᠮᠵᠢᠯᠠᠯᠲᠦ ᠣᠷ᠎ᠠ ᠴᠢᠳᠠᠪᠤᠷᠢ᠂ ᠣᠯᠠᠮᠵᠢᠯᠠᠯᠲᠦ ᠣᠷᠠᠨ ᠵᠢᠷᠤᠭ᠂ ᠣᠯᠠᠮᠵᠢᠯᠠᠯᠲᠦ ᠡᠮ ᠡᠮᠨᠡᠯᠭᠡ ᠂ ᠡᠮ ᠨᠠᠶᠢᠷᠠᠭᠤᠯᠬᠤ ᠵᠡᠷᠭᠡ ᠣᠯᠠᠮᠵᠢᠯᠠᠯᠲᠦ ᠣᠷᠠᠯᠠᠯ ᠤᠨ ᠬᠤᠯᠪᠤᠭᠳᠠᠯ ᠪᠦᠬᠦᠢ ᠬᠦᠷᠢᠶᠡᠨ ᠳᠤ ᠬᠢ ᠣᠷ᠎ᠠ ᠮᠡᠷᠭᠡᠵᠢᠯ ᠤᠬᠢ ᠰᠢᠯᠢᠳᠡᠭ᠂ ᠨᠦᠬᠦᠴᠡᠯ ᠳᠤ ᠨᠡᠶᠢᠴᠡᠬᠦ ᠢᠳᠡᠷ ᠵᠠᠯᠠᠭᠤ ᠣᠯᠠᠮᠵᠢᠯᠠᠭᠴᠢ ᠶᠢᠨ ᠮᠡᠳᠡᠭᠦᠯᠦᠯᠲᠡ ᠬᠢᠵᠦ ᠡᠯ᠎ᠡ ᠲᠡᠰ ᠤᠨ ᠪᠣᠳᠠᠰ ᠤᠨ ᠪᠣᠰᠦ ᠰᠣᠶᠣᠯ ᠤᠨ ᠦᠪ ᠤᠨ ᠲᠦᠯᠦᠭᠡᠯᠡᠭᠴᠢ ᠵᠦᠢᠯ      ᠂ ᠲᠦᠯᠦᠭᠡᠯᠡᠭᠴᠢ ᠣᠯᠠᠮᠵᠢᠯᠠᠭᠴᠢ ᠶᠢᠨ ᠡᠩᠨᠡᠭᠡ ᠳᠤ ᠤᠷᠤᠬᠤ ᠶᠢ ᠵᠤᠷᠢᠭᠵᠢᠭᠤᠯᠵᠤ᠂ ᠵᠣᠬᠢᠰᠲᠠᠢ ᠡᠩᠨᠡᠭᠡ ᠵᠢᠭᠰᠠᠭᠠᠯ ᠢ ᠪᠦᠷᠢᠯᠳᠦᠬᠦᠯᠦᠨ ᠵᠠᠯᠠᠭᠤ ᠦᠶ᠎ᠡ ᠶᠢᠨ ᠬᠢᠨ ᠤ ᠣᠯᠠᠮᠵᠢᠯᠠᠯᠲᠦ ᠣᠷᠠᠯᠠᠯ ᠳᠤ ᠤᠷᠤᠯᠴᠠᠬᠤ ᠢᠳᠡᠪᠬᠢ ᠴᠢᠨᠠᠷ ᠢ ᠲᠠᠶᠢᠴᠢᠯᠠᠨ᠎ᠠ᠃ ᠬᠠᠮᠢᠶ᠎ᠠ ᠪᠦᠬᠦᠢ ᠪᠠᠶᠢᠭᠤᠯᠣᠮᠵᠢ ᠪᠠ ᠠᠵᠦ ᠠᠬᠤᠶᠢᠯᠠᠯ ᠢ ᠲᠦᠰᠢᠨ ᠣᠯᠠᠮᠵᠢᠯᠠᠭᠴᠢ ᠳᠤ ᠰᠣᠳᠣᠯᠣᠨ ᠪᠤᠯᠪᠠᠰᠤᠷᠠᠬᠤ᠂ ᠰᠣᠳᠣᠯᠣᠨ ᠰᠣᠷᠣᠯᠴᠠᠬᠤ ᠪᠠ ᠲᠠᠪᠲᠠᠨ ᠪᠤᠯᠪᠠᠰᠤᠷᠠᠬᠤ ᠵᠠᠪᠰᠢᠶᠠᠨ ᠢ ᠦᠷᠬᠦᠯᠵᠢᠯᠡᠨ ᠬᠠᠩᠭᠠᠵᠦ᠂ ᠰᠣᠷᠣᠯᠴᠠᠨ ᠰᠣᠯᠢᠯᠴᠠᠬᠤ ᠲᠠᠪᠴᠠᠩ ᠢ ᠢᠳᠡᠪᠬᠢᠲᠠᠢ ᠪᠠᠶᠢᠭᠤᠯᠣᠨ᠎ᠠ᠃ ᠤᠯᠠᠮᠵᠢᠯᠠᠭᠴᠢᠳ ᠤᠨ ᠢᠳᠡᠪᠬᠢᠲᠡᠢ ᠰᠣᠷᠣᠯᠴᠠᠬᠤ ᠶᠢ ᠰᠠᠨᠠᠭᠠᠴᠢᠯᠠᠨ ᠠᠵᠢᠯ ᠲᠦᠷᠦᠯ ᠤᠨ ᠬᠤᠭᠤᠷᠤᠨᠳᠤᠬᠢ ᠪᠣᠶᠦ ᠠᠵᠢᠯ ᠲᠦᠷᠦᠯ ᠠᠯᠣᠰᠯᠠᠭᠰᠠᠨ ᠰᠤᠯᠢᠯᠴᠠᠭ᠎ᠠ ᠶᠢ ᠵᠤᠷᠢᠭᠵᠢᠭᠤᠯᠵᠦ᠂ ᠣᠷ᠎ᠠ ᠮᠡᠷᠭᠡᠵᠢᠯ ᠤᠨ ᠬᠢᠷᠢ ᠲᠦᠪᠰᠢᠨ ᠪᠤᠯᠤᠨ ᠣᠯᠠᠮᠵᠢᠯᠠᠬᠤ ᠴᠢᠳᠠᠪᠣᠷᠢ ᠶᠢ ᠨᠢ ᠳᠡᠭᠡᠭᠰᠢᠯᠡᠬᠦᠯᠦᠨ ᠂ ᠣᠯᠠᠮᠵᠢᠯᠠᠬᠤ ᠨᠦᠬᠡᠴᠡ ᠬᠦᠴᠦ ᠶᠢ ᠨᠢ ᠴᠢᠩᠭᠠᠳᠬᠠᠵᠦ᠂ ᠲᠠᠬᠢᠨ ᠪᠦᠳᠦᠭᠡᠬᠦ ᠴᠢᠳᠠᠪᠦᠷᠢ ᠶᠢ ᠨᠢ ᠲᠡᠭᠡᠭᠰᠢᠯᠡᠬᠦᠯᠦᠨ᠎ᠡ ᠃ ᠲᠠᠯᠠᠪᠣᠷ ᠬᠠᠩᠭᠠᠬᠤ᠂ ᠵᠠᠷᠣᠳᠠᠯ ᠲᠡᠳᠭᠦᠮᠵᠢ ᠬᠠᠩᠭᠠᠬᠤ ᠵᠡᠷᠭᠡ ᠲᠣᠰᠠᠲᠠᠢ ᠠᠷᠭ᠎ᠠ ᠵᠠᠮ ᠢᠶᠠᠷ ᠲᠠᠮᠵᠢᠭᠤᠯᠣᠨ᠂ ᠱᠠᠪᠢ ᠡᠯᠰᠡᠨ ᠡᠷᠳᠡᠮ ᠰᠣᠷᠭᠠᠬᠤ᠂ ᠣᠬᠠᠭᠤᠯᠵᠦ ᠲᠡᠯᠭᠡᠨ ᠦᠵᠡᠬᠦᠯᠬᠦ᠂ ᠰᠣᠯᠢᠯᠴᠠᠨ ᠪᠣᠯᠪᠠᠰᠣᠷᠠᠬᠤ ᠵᠡᠷᠭᠡ ᠣᠯᠠᠮᠵᠢᠯᠠᠯᠲᠦ ᠣᠷᠠᠯᠠᠯ ᠤᠨ ᠤᠯᠠᠮᠵᠢᠯᠠᠨ ᠰᠤᠷᠬᠤ ᠬᠦᠳᠡᠯᠭᠡᠭᠡᠨ ᠢ ᠦᠷᠨᠢᠬᠦᠯᠬᠦ ᠳᠤ ᠲᠡᠮᠵᠢᠯᠭᠡ ᠬᠠᠩᠭᠠᠨ᠎ᠠ᠃             ︵ᠲᠦᠷᠪᠡ︶ ᠣᠯᠠᠮᠵᠢᠯᠠᠯᠲᠦ ᠣᠷᠠᠯᠠᠯ ᠤᠨ ᠠᠵᠢᠯ ᠤᠨ ᠦᠷᠳᠡᠭᠡ ᠪᠠᠶᠢᠭᠤᠯᠤᠨ᠎ᠠ᠃ ᠦᠪᠡᠷᠳᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ᠲᠣᠯᠣᠭᠠᠶᠢᠯᠠᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠤᠬᠢᠴᠠᠭᠤᠯᠵᠤ᠂ ᠣᠯᠠᠮᠵᠢᠯᠠᠯᠲᠦ ᠣᠷᠠᠯᠠᠯ ᠤᠨ ᠡᠬᠢ ᠪᠠᠶᠠᠯᠢᠭ ᠪᠠ ᠲᠦᠰᠦᠯ ᠢ ᠨᠢᠭᠡᠳᠭᠡᠨ᠂ ᠬᠠᠮᠢᠶ᠎ᠠ ᠪᠦᠬᠦᠢ ᠪᠠᠶᠢᠭᠤᠯᠣᠮᠵᠢ᠂ ᠠᠵᠦ ᠠᠬᠤᠶᠢᠯᠠᠯ ᠪᠠ ᠣᠯᠠᠮᠵᠢᠯᠠᠭᠴᠢ ᠶᠢ ᠬᠤᠯᠪᠤᠭᠠᠯᠠᠵᠦ᠂ ᠦᠪᠡᠷᠳᠡᠭᠡᠨ ᠵᠠᠰᠠᠬᠤ ᠣᠷᠣᠨ ᠤ ᠣᠯᠠᠮᠵᠢᠯᠠᠯᠲᠦ ᠣᠷᠠᠯᠠᠯ ᠤᠨ ᠠᠵᠢᠯ ᠤᠨ ᠦᠷᠳᠡᠭᠡ ᠶᠢ ᠪᠠᠶᠢᠭᠤᠯᠤᠨ᠂ ᠣᠯᠠᠮᠵᠢᠯᠠᠯᠲᠦ ᠣᠷᠠᠯᠠᠯ ᠤᠨ ᠵᠦᠢᠯ ᠢ ᠬᠠᠮᠠᠭᠠᠯᠠᠨ ᠤᠯᠠᠮᠵᠢᠯᠠᠬᠤ᠂ ᠣᠬᠠᠭᠤᠯᠣᠨ ᠪᠣᠯᠪᠠᠰᠣᠷᠠᠭᠤᠯᠬᠤ᠂ ᠰᠣᠳᠣᠯᠣᠨ ᠬᠦᠭᠵᠢᠬᠦᠯᠬᠦ᠂ ᠰᠣᠯᠢᠯᠴᠠᠨ ᠬᠤᠷᠰᠢᠬᠤ᠂ ᠲᠡᠯᠭᠡᠨ ᠦᠵᠡᠭᠦᠯᠬᠦ᠂ ᠦᠢᠯᠡᠳᠦᠨ ᠪᠣᠷᠣᠯᠠᠭᠤᠯᠬᠤ ᠵᠡᠷᠭᠡ ᠠᠵᠢᠯᠯᠠᠭ᠎ᠠ ᠶᠢ ᠦᠷᠨᠢᠬᠦᠯᠵᠦ᠂ ᠦᠢᠯᠡᠴᠢᠭᠡᠨ ᠤ ᠬᠠᠮᠢᠶᠠᠷᠣᠯᠲᠠ ᠶᠢᠨ ᠲᠠᠪᠴᠠᠩ ᠢ ᠪᠠᠶᠢᠭᠤᠯᠤᠨ᠂ ᠣᠯᠠᠮᠵᠢᠯᠠᠯᠲᠦ ᠣᠷᠠᠯᠠᠯ ᠤᠨ ᠠᠵᠦ ᠠᠬᠤᠶᠢᠯᠠᠯ᠂ ᠲᠦᠷᠦᠯ ᠵᠦᠢᠯ ᠪᠠ ᠣᠯᠠᠮᠵᠢᠯᠠᠭᠴᠢ ᠳᠤ ᠮᠡᠷᠭᠡᠵᠢᠯ ᠤᠨ ᠵᠢᠯᠣᠭᠤᠳᠣᠯᠭ᠎ᠠ᠂ ᠰᠣᠷᠠᠭ ᠵᠠᠩᠬᠢ ᠶᠢᠨ ᠯᠠᠪᠯᠠᠯᠲᠠ᠂ ᠭᠠᠳᠠᠭᠠᠲᠦ ᠳᠤ ᠲᠡᠯᠭᠡᠷᠡᠭᠦᠯᠦᠨ ᠲᠠᠨᠢᠯᠴᠠᠭᠤᠯᠬᠤ ᠵᠡᠷᠭᠡ ᠦᠢᠯᠡᠴᠢᠯᠡᠭᠡᠨ ᠢ ᠬᠠᠩᠭᠠᠨ᠎ᠠ᠃ ᠡᠯ᠎ᠡ ᠠᠶᠢᠮᠠᠭ ᠬᠤᠲᠠ ᠵᠢᠴᠢ ᠣᠯᠠᠮᠵᠢᠯᠠᠯᠲᠦ ᠣᠷᠠᠯᠠᠯ ᠨᠡᠯᠢᠶᠡᠳ ᠲᠦᠪᠯᠡᠷᠡᠭᠰᠡᠨ ᠭᠠᠵᠠᠷ ᠣᠷᠣᠨ ᠳᠤ ᠰᠠᠯᠠᠭ᠎ᠠ ᠦᠷᠳᠡᠭᠡ ᠪᠠᠶᠢᠭᠤᠯᠵᠦ᠂ ᠡᠯ᠎ᠡ ᠭᠠᠵᠠᠷ ᠣᠷᠣᠨ ᠤ ᠣᠯᠠᠮᠵᠢᠯᠠᠯᠲᠦ ᠣᠷᠠᠯᠠᠯ ᠤᠨ ᠬᠠᠮᠠᠭᠠᠯᠠᠯᠲᠠ ᠪᠠ ᠣᠯᠠᠮᠵᠢᠯᠠᠯ ᠢ ᠵᠣᠬᠢᠴᠠᠭᠤᠯᠣᠨ ᠵᠢᠯᠤᠭᠤᠳᠴᠤ᠂ ᠪᠦᠬᠦ ᠣᠷᠣᠨ ᠤ ᠣᠯᠠᠮᠵᠢᠯᠠᠯᠲᠦ ᠣᠷᠠᠯᠠᠯ ᠤᠨ ᠲᠦᠰᠦᠯ ᠪᠠ ᠦᠢᠯᠡᠰ ᠤᠨ ᠬᠦᠭᠵᠢᠯᠲᠡ ᠶᠢ ᠠᠬᠢᠭᠤᠯᠣᠨ᠎ᠠ᠃             ︵ᠲᠠᠪᠤ︶ ᠣᠯᠠᠮᠵᠢᠯᠠᠯᠲᠦ ᠣᠷᠠᠯᠠᠯ ᠲᠠᠢ ᠬᠤᠯᠪᠣᠭᠳᠠᠬᠤ ᠰᠢᠨᠵᠢᠯᠡᠬᠦ ᠣᠬᠠᠭᠠᠨ ᠤ ᠰᠠᠯᠪᠣᠷᠢ ᠶᠢᠨ ᠪᠦᠳᠦᠭᠡᠨ ᠪᠠᠶᠢᠭᠤᠯᠣᠯᠲᠠ ᠪᠠ ᠣᠨᠣᠯ ᠮᠡᠷᠭᠡᠵᠢᠯ ᠤᠨ ᠰᠣᠳᠣᠯᠭᠠᠨ ᠢ ᠴᠢᠩᠭᠠᠳᠬᠠᠵᠦ᠂ ᠣᠯᠠᠮᠵᠢᠯᠠᠯᠲᠦ ᠣᠷᠠᠯᠠᠯ ᠤᠨ ᠦᠢᠯᠡᠳᠭᠦᠨ ᠢ ᠲᠦᠯᠦᠪᠯᠡᠬᠦ᠂ ᠦᠢᠯᠡᠳᠬᠦ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠨᠦᠬᠦᠴᠡᠯ ᠢ ᠪᠦᠷᠢᠯᠳᠦᠭᠦᠯᠦᠭᠰᠡᠨ ᠲᠡᠭᠡᠲᠦ ᠰᠣᠷᠭᠠᠭᠤᠯᠢ ᠪᠠ ᠲᠤᠰᠬᠠᠢ ᠮᠡᠷᠭᠡᠵᠢᠯ ᠤᠨ ᠰᠣᠷᠭᠠᠭᠤᠯᠢ ᠶᠢᠨ ᠦᠪᠡᠷ ᠤᠨ ᠪᠣᠲᠠᠲᠦ ᠪᠠᠶᠢᠳᠠᠯ ᠪᠠ ᠵᠠᠬ᠎ᠠ ᠲᠡᠯᠭᠡᠭᠦᠷ ᠤᠨ ᠬᠡᠷᠡᠭᠴᠡᠭᠡ ᠶᠢ ᠦᠨᠳᠣᠰᠦᠯᠡᠨ ᠣᠯᠠᠮᠵᠢᠯᠠᠯᠲᠦ ᠣᠷᠠᠯᠠᠯ ᠲᠠᠢ ᠬᠤᠯᠪᠣᠭᠳᠠᠬᠤ ᠲᠤᠰᠬᠠᠢ ᠮᠡᠷᠭᠡᠵᠢᠯ ᠪᠠ ᠬᠢᠴᠢᠶᠡᠯ ᠢ ᠨᠡᠭᠡᠭᠡᠵᠦ᠂ ᠣᠯᠠᠮᠵᠢᠯᠠᠯᠲᠦ ᠣᠷᠠᠯᠠᠯ ᠤᠨ ᠣᠨᠣᠯ ᠤᠨ ᠰᠣᠳᠣᠯᠭᠠᠨ ᠪᠠ ᠲᠤᠰᠬᠠᠢ ᠮᠡᠷᠭᠡᠵᠢᠯ ᠤᠨ ᠴᠢᠳᠠᠪᠣᠷᠢᠲᠠᠨ ᠤ ᠬᠦᠮᠦᠵᠢᠬᠦᠯᠦᠯ ᠢ ᠴᠢᠩᠭᠠᠳᠬᠠᠬᠤ ᠶᠢ ᠲᠡᠮᠵᠢᠨ᠎ᠡ᠃ ᠲᠡᠭᠡᠲᠦ ᠰᠣᠷᠭᠠᠭᠤᠯᠢ ᠪᠠ ᠲᠤᠰᠬᠠᠢ ᠮᠡᠷᠭᠡᠵᠢᠯ ᠤᠨ ᠰᠣᠷᠭᠠᠭᠤᠯᠢ ᠶᠢᠨ ᠣᠯᠠᠮᠵᠢᠯᠠᠭᠴᠢ᠂ ᠭᠠᠷ ᠦᠢᠯᠡᠳᠪᠦᠷᠢ ᠶᠢᠨ ᠶᠡᠭᠡ ᠤᠷᠠᠯᠢᠭᠴᠢᠨ ᠢ ᠲᠠᠳᠠᠨ ᠣᠷᠣᠭᠤᠯᠬᠤ ᠶᠢ ᠵᠣᠷᠢᠭᠵᠢᠭᠤᠯᠵᠦ᠂ ᠣᠯᠠᠮᠵᠢᠯᠠᠯᠲᠦ ᠣᠷᠠᠯᠠᠯ ᠤᠨ ᠲᠤᠰᠬᠠᠢ ᠮᠡᠷᠭᠡᠵᠢᠯ ᠤᠨ ᠵᠢᠭᠠᠨ ᠰᠤᠷᠭᠠᠯᠲᠠ ᠪᠠ ᠰᠤᠳᠤᠯᠭᠠᠨ ᠤ ᠬᠢᠷᠢ ᠲᠦᠪᠰᠢᠨ ᠢ ᠣᠯᠠᠮ ᠨᠢᠭᠡ ᠠᠯᠬᠤᠮ ᠲᠡᠭᠡᠭᠰᠢᠯᠡᠭᠦᠯᠦᠨ᠎ᠡ᠃ ᠣᠯᠠᠮᠵᠢᠯᠠᠯᠲᠦ ᠣᠷᠠᠯᠠᠯ ᠪᠠ ᠣᠳᠣᠬᠢ ᠲᠧᠭᠨᠢᠭ ᠮᠡᠷᠭᠡᠵᠢᠯ᠂ ᠣᠷᠠᠯᠠᠯ ᠤᠨ ᠣᠷᠭᠠᠨᠢᠭ ᠠᠭᠤᠰᠣᠯᠴᠠᠯ ᠢ ᠰᠦᠪᠡᠭᠴᠢᠯᠡᠨ ᠮᠠᠲ᠋ᠧᠷᠢᠶᠠᠯ ᠢᠶᠠᠨ ᠰᠠᠶᠢᠵᠢᠷᠠᠭᠤᠯᠵᠤ᠂ ᠦᠢᠯᠡᠳᠪᠦᠷᠢᠯᠡᠯ ᠢᠶᠠᠨ ᠰᠢᠨᠡᠴᠢᠯᠡᠨ᠂ ᠪᠦᠬᠦ᠋ᠢᠯᠡ ᠶᠠᠰᠦ ᠴᠢᠨᠠᠷ ᠢ ᠲᠡᠭᠡᠭᠰᠢᠯᠡᠭᠦᠯᠵᠦ᠂ ᠣᠯᠠᠮᠵᠢᠯᠠᠯᠲᠦ ᠣᠷᠠᠯᠠᠯ ᠢ ᠨᠡᠩ ᠰᠠᠶᠢᠨ ᠢᠶᠠᠷ ᠣᠳᠣᠬᠢ ᠠᠮᠢᠳᠣᠷᠠᠯ ᠳᠤ ᠠᠭᠤᠰᠣᠨ ᠣᠷᠣᠭᠤᠯᠣᠨ᠎ᠠ᠃ ᠣᠯᠠᠮᠵᠢᠯᠠᠯᠲᠦ ᠣᠷᠠᠯᠠᠯ ᠳᠤ ᠬᠤᠯᠪᠣᠭᠳᠠᠬᠤ ᠲᠣᠰᠬᠠᠢ ᠪᠦᠳᠦᠭᠡᠯ᠂ ᠣᠷᠴᠢᠭᠤᠯᠭ᠎ᠠ ᠶᠢᠨ ᠪᠦᠳᠦᠭᠡᠯ᠂ ᠵᠢᠷᠣᠭᠲᠦ ᠲᠡᠪᠲᠡᠷ ᠵᠡᠷᠭᠡ ᠰᠣᠳᠣᠯᠭᠠᠨ ᠪᠠ ᠦᠢᠯᠡᠳᠦᠯᠭᠡ ᠶᠢᠨ ᠦᠷ᠎ᠡ ᠪᠦᠳᠦᠭᠡᠯ ᠢ ᠬᠡᠪᠯᠡᠬᠦ ᠶᠢ ᠵᠣᠷᠢᠭᠵᠢᠭᠤᠯᠣᠨ᠎ᠠ᠃ ᠣᠯᠠᠮᠵᠢᠯᠠᠯᠲᠦ ᠣᠷᠠᠯᠠᠯ ᠤᠨ ᠪᠠᠷᠠᠭᠠᠨ ᠤ ᠲᠡᠮᠳᠡᠭ᠂ ᠬᠤᠳᠠᠯᠳᠣᠭᠠᠨ ᠤ ᠨᠢᠭᠤᠴᠠ᠂ ᠣᠶᠣᠨ ᠤ ᠦᠮᠴᠢ ᠶᠢᠨ ᠡᠷᠬᠡ ᠪᠠ ᠰᠢᠨ᠎ᠡ ᠶᠢ ᠡᠭᠦᠳᠦᠭᠰᠡᠨ ᠦᠷ᠎ᠡ ᠪᠦᠳᠦᠭᠡᠯ ᠳᠤ ᠬᠢ ᠬᠠᠮᠠᠭᠠᠯᠠᠯᠲᠠ ᠶᠢ ᠴᠢᠩᠭᠠᠳᠬᠠᠨ ᠣᠯᠠᠮᠵᠢᠯᠠᠭᠴᠢ᠂ ᠬᠤᠯᠪᠤᠭᠳᠠᠯ ᠪᠦᠬᠦᠢ ᠠᠵᠦ ᠠᠬᠤᠶᠢᠯᠠᠯ᠂ ᠪᠠᠶᠢᠭᠤᠯᠭ᠎ᠠ ᠵᠡᠷᠭᠡ ᠣᠯᠠᠮᠵᠢᠯᠠᠯᠲᠦ ᠣᠷᠠᠯᠠᠯ ᠢ ᠡᠵᠡᠩᠨᠡᠭᠴᠢ ᠶᠢᠨ ᠬᠠᠦᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃             ︵ᠵᠢᠷᠭᠤᠭ᠎ᠠ︶ ᠣᠯᠠᠮᠵᠢᠯᠠᠯᠲᠦ ᠣᠷᠠᠯᠠᠯ ᠢ ᠣᠬᠠᠭᠤᠯᠣᠨ ᠰᠣᠷᠳᠠᠯᠴᠢᠯᠠᠬᠤ᠂ ᠲᠡᠯᠭᠡᠭᠡᠨ ᠦᠵᠡᠬᠦᠯᠬᠦ᠂ ᠪᠣᠷᠣᠯᠠᠭᠤᠯᠬᠤ ᠠᠷᠭ᠎ᠠ ᠵᠠᠮ ᠢ ᠦᠷᠭᠡᠳᠬᠡᠨ᠎ᠡ᠃ ᠣᠯᠠᠮᠵᠢᠯᠠᠯᠲᠦ ᠣᠷᠠᠯᠠᠯ ᠤᠨ ᠲᠦᠪᠯᠡᠷᠡᠭᠰᠡᠨ ᠭᠠᠵᠠᠷ ᠣᠷᠣᠨ᠂ ᠲᠡᠦᠭᠡ ᠰᠣᠶᠣᠯ ᠤᠨ ᠵᠡᠬᠡᠯᠢ ᠲᠤᠭᠤᠷᠢᠭ᠂ ᠵᠢᠭᠤᠯᠴᠢᠯᠠᠯ ᠤᠨ ᠣᠷᠣᠨ ᠳᠤ ᠣᠯᠠᠮᠵᠢᠯᠠᠯᠲᠦ ᠣᠷᠠᠯᠠᠯ ᠤᠨ ᠦᠢᠯᠡᠳᠭᠦᠨ ᠢ ᠳᠡᠯᠭᠡᠨ ᠦᠵᠡᠬᠦᠯᠬᠦ᠂ ᠲᠡᠯᠭᠡᠨ ᠪᠣᠷᠣᠯᠠᠭᠤᠯᠬᠤ ᠲᠠᠯᠠᠪᠣᠷ ᠪᠠᠶᠢᠭᠤᠯᠬᠤ ᠶᠢ ᠵᠤᠷᠢᠭᠵᠢᠭᠤᠯᠵᠤ᠂ ᠦᠨᠳᠦᠰᠦᠲᠡᠨ ᠤ ᠪᠣᠶᠦ ᠭᠠᠵᠠᠷ ᠣᠷᠣᠨ ᠤ ᠣᠨᠴᠠᠯᠢᠭ ᠲᠠᠢ ᠣᠯᠠᠮᠵᠢᠯᠠᠯᠲᠦ ᠣᠷᠠᠯᠠᠯ ᠤᠨ ᠦᠢᠯᠡᠳᠭᠦᠨ ᠢ ᠲᠦᠪᠯᠡᠷᠡᠭᠦᠯᠦᠨ ᠲᠡᠯᠭᠡᠨ ᠦᠵᠡᠬᠦᠯᠬᠦ᠂ ᠤᠬᠠᠭᠤᠯᠤᠨ ᠰᠤᠷᠲᠠᠯᠴᠢᠯᠠᠵᠤ᠂ ᠲᠡᠯᠭᠡᠷᠡᠭᠦᠯᠦᠨ ᠲᠠᠨᠢᠯᠴᠠᠭᠤᠯᠵᠦ᠂ ᠣᠯᠠᠮᠵᠢᠯᠠᠯᠲᠦ ᠣᠷᠠᠯᠠᠯ ᠪᠠ ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠣᠶᠠᠯᠳᠣᠯ ᠢ ᠲᠦᠯᠬᠢᠨ ᠠᠬᠢᠭᠤᠯᠣᠨ᠎ᠠ᠃ ᠣᠯᠣᠰ ᠤᠨ ᠰᠣᠶᠣᠯ ᠪᠠ ᠪᠠᠶᠢᠭᠠᠯᠢ ᠶᠢᠨ ᠦᠪ ᠤᠨ ᠡᠳᠦᠷ᠂ ᠦᠪᠡᠷᠳᠡᠭᠡᠨ ᠵᠠᠰᠠᠬᠤ ᠣᠷᠣᠨ ᠤ ᠲᠠᠯ᠎ᠠ ᠨᠣᠳᠤᠭ ᠤᠨ ᠰᠣᠶᠣᠯ ᠤᠨ ᠦᠪ ᠤᠨ ᠡᠳᠦᠷ᠂ ᠪᠣᠳᠠᠰ ᠤᠨ ᠪᠣᠰᠦ ᠰᠣᠶᠣᠯ ᠤᠨ ᠦᠪ᠂ ᠵᠢᠭᠤᠯᠴᠢᠯᠠᠯ ᠵᠡᠷᠭᠡ ᠬᠤᠯᠪᠤᠭᠳᠠᠯ ᠪᠦᠬᠦᠢ ᠪᠠᠶᠠᠷ ᠨᠠᠭᠠᠳᠤᠮ᠂ ᠬᠤᠷᠠᠯ ᠴᠤᠭᠯᠠᠭᠠᠨ ᠳᠡᠭᠡᠷ᠎ᠡ ᠣᠯᠠᠮᠵᠢᠯᠠᠯᠲᠦ ᠣᠷᠠᠯᠠᠯ ᠤᠨ ᠲᠣᠰᠬᠠᠢ ᠣᠷᠣᠨ ᠪᠠᠶᠢᠭᠤᠯᠣᠨ᠎ᠠ᠃ ᠡᠯ᠎ᠡ ᠵᠦᠢᠯ ᠤᠨ ᠪᠣᠳᠠᠰ ᠤᠨ ᠪᠣᠰᠦ ᠦᠪ ᠤᠨ ᠦᠵᠡᠬᠦᠯᠬᠡ ᠪᠠ ᠣᠯᠠᠮᠵᠢᠯᠠᠯᠲᠦ ᠣᠷᠠᠯᠠᠯ ᠤᠨ ᠦᠵᠡᠭᠦᠯᠭᠡ ᠶᠢ ᠶᠠᠪᠣᠭᠳᠠᠭᠤᠯᠣᠨ ᠣᠯᠠᠮᠵᠢᠯᠠᠯᠲᠦ ᠣᠷᠠᠯᠠᠯ ᠳᠤ ᠨᠡᠩ ᠣᠯᠠᠨ ᠲᠡᠯᠭᠡᠨ ᠦᠵᠡᠭᠦᠯᠬᠦ᠂ ᠰᠤᠯᠢᠯᠴᠠᠬᠤ ᠲᠠᠪᠴᠠᠩ ᠢ ᠪᠠᠶᠢᠭᠤᠯᠣᠨ᠎ᠠ᠃ ᠬᠤᠳᠠᠯᠳᠣᠭᠠᠨ ᠤ ᠰᠦᠯᠵᠢᠶᠡᠨ ᠤ ᠦᠷᠳᠡᠭᠡ ᠪᠠ ᠬᠤᠯᠪᠤᠭᠳᠠᠯ ᠪᠦᠬᠦᠢ ᠲᠣᠰᠬᠠᠢ ᠮᠡᠷᠭᠡᠵᠢᠯ ᠤᠨ ᠰᠦᠯᠵᠢᠶᠡᠨ ᠤ ᠦᠷᠳᠡᠭᠡᠨ ᠤ ᠰᠦᠯᠵᠢᠶ᠎ᠡ ᠪᠠᠷ ᠪᠣᠷᠣᠯᠠᠭᠤᠯᠬᠤ ᠲᠠᠪᠴᠠᠩ ᠪᠠᠶᠢᠭᠤᠯᠬᠤ ᠶᠢ ᠵᠣᠷᠢᠭᠵᠢᠭᠤᠯᠵᠦ ᠣᠯᠠᠮᠵᠢᠯᠠᠯᠲᠦ ᠣᠷᠠᠯᠠᠯ ᠤᠨ ᠦᠢᠯᠡᠳᠭᠦᠨ ᠢ ᠲᠡᠯᠭᠡᠷᠡᠭᠦᠯᠦᠨ ᠲᠠᠨᠢᠯᠴᠠᠭᠤᠯᠬᠤ ᠶᠢ ᠳᠡᠮᠵᠢᠨ᠎ᠡ᠃             ︵ᠲᠣᠯᠤᠭ᠎ᠠ︶ ᠨᠡᠶᠢᠭᠡᠮ ᠤᠨ ᠣᠬᠠᠭᠤᠯᠣᠯ ᠰᠣᠷᠳᠠᠯᠴᠢᠯᠠᠯ ᠪᠠ ᠲᠦᠬᠡᠮᠡᠯᠵᠢᠯᠡᠬᠦᠯᠬᠦ ᠰᠣᠷᠭᠠᠨ ᠬᠦᠮᠦᠵᠢᠯ ᠢ ᠠᠬᠢᠭᠤᠯᠤᠨ᠎ᠠ᠃ ᠣᠯᠠᠮᠵᠢᠯᠠᠯᠲᠦ ᠣᠷᠠᠯᠠᠯ ᠤᠨ ᠨᠡᠶᠢᠭᠡᠮ ᠳᠡᠭᠡᠷᠡᠬᠢ ᠰᠣᠷᠳᠠᠯᠴᠢᠯᠠᠯ ᠤᠨ ᠬᠦᠴᠦᠯᠡᠴᠡ ᠶᠢ ᠨᠡᠮᠡᠭᠳᠡᠭᠦᠯᠵᠦ ᠵᠠᠭᠤᠴᠢᠯᠠᠭᠤᠷ᠂ ᠨᠡᠶᠢᠲᠡ ᠶᠢᠨ ᠬᠠᠯᠠᠮᠵᠢ ᠶᠢᠨ ᠵᠠᠷ᠂ ᠨᠢᠰᠭᠡᠯ ᠤᠨ ᠲᠠᠯᠠᠪᠣᠷ᠂ ᠲᠡᠷᠭᠡᠨ ᠤ ᠦᠷᠳᠡᠭᠡ᠂ ᠰᠣᠶᠣᠯ ᠤᠨ ᠲᠠᠯᠠᠪᠣᠷ ᠤᠨ ᠨᠡᠶᠢᠲᠡ ᠶᠢᠨ ᠣᠷᠣᠨ ᠵᠠᠢ ᠶᠢ ᠠᠰᠢᠭᠯᠠᠵᠦ᠂ ᠣᠯᠠᠮᠵᠢᠯᠠᠯᠲᠦ ᠣᠷᠠᠯᠠᠯ ᠤᠨ ᠨᠡᠶᠢᠲᠡ ᠶᠢᠨ ᠬᠠᠯᠠᠮᠵᠢ ᠶᠢᠨ ᠣᠬᠠᠭᠤᠯᠣᠯ ᠰᠣᠷᠳᠠᠯᠴᠢᠯᠠᠯ ᠢ ᠦᠷᠨᠢᠬᠦᠯᠦᠨ᠂ ᠣᠯᠠᠮᠵᠢᠯᠠᠯᠲᠦ ᠣᠷᠠᠯᠠᠯ ᠤᠨ ᠨᠡᠶᠢᠭᠡᠮ ᠤᠨ ᠨᠦᠯᠦᠭᠡ ᠪᠠ ᠣᠯᠠᠨ ᠲᠦᠮᠡᠨ ᠤ ᠲᠠᠨᠢᠨ ᠮᠡᠳᠡᠬᠦᠢ ᠬᠢᠷᠢ ᠲᠦᠪᠰᠢᠨ ᠶᠢ ᠦᠷᠭᠡᠳᠬᠡᠵᠦ᠂ ᠣᠷᠣᠨ ᠨᠣᠳᠤᠭ ᠤᠨ ᠰᠣᠶᠣᠯ ᠤᠨ ᠡᠬᠢ ᠪᠠᠶᠠᠯᠢᠭ ᠪᠠ ᠰᠣᠶᠣᠯ ᠤᠨ ᠲᠡᠮᠳᠡᠭᠲᠦ ᠶᠢ ᠣᠬᠠᠭᠤᠯᠣᠨ ᠰᠣᠷᠳᠠᠯᠴᠢᠯᠠᠵᠦ ᠳᠡᠯᠭᠡᠨ ᠦᠵᠡᠭᠦᠯᠦᠨ᠎ᠡ᠃ ᠲᠧᠯᠸᠢᠰ᠂ ᠲᠣᠣᠷ ᠰᠦᠯᠵᠢᠶ᠎ᠡ ᠵᠡᠷᠭᠡ ᠵᠠᠭᠤᠴᠢᠯᠠᠭᠤᠷ ᠤᠨ ᠡᠯᠪᠡᠭ ᠪᠠᠶᠠᠯᠢᠭ ᠠᠭᠤᠯᠭ᠎ᠠ ᠲᠠᠢ ᠣᠯᠠᠮᠵᠢᠯᠠᠯᠲᠦ ᠣᠷᠠᠯᠠᠯ ᠤᠨ ᠫᠷᠦᠭᠷᠡᠮ ᠭᠠᠷᠭᠠᠬᠤ ᠶᠢ ᠵᠣᠷᠢᠭᠵᠢᠭᠤᠯᠣᠨ᠎ᠠ᠃ ᠣᠯᠠᠮᠵᠢᠯᠠᠯᠲᠦ ᠣᠷᠠᠯᠠᠯ ᠤᠨ ᠪᠠᠷᠢᠮᠳᠠᠲᠦ ᠺᠢᠨᠣ᠋᠂ ᠵᠢᠭᠠᠨ ᠰᠤᠷᠭᠠᠬᠤ ᠺᠢᠨᠣ᠋ ᠪᠠ ᠣᠬᠠᠭᠤᠯᠣᠯ ᠰᠣᠷᠳᠠᠯᠴᠢᠯᠠᠯ ᠤᠨ ᠺᠢᠨᠣ᠋ ᠶᠢ ᠰᠡᠭᠦᠳᠡᠷᠯᠡᠨ ᠵᠢᠷᠣᠭᠯᠠᠬᠤ ᠪᠠ ᠤᠷᠴᠢᠭᠤᠯᠬᠤ᠂ ᠮᠡᠳᠡᠯᠭᠡ ᠶᠢᠨ ᠲᠠᠷᠬᠠᠭᠠᠯᠲᠠ ᠲᠦᠭᠡᠮᠡᠯᠵᠢᠭᠦᠯᠦᠯ ᠪᠠ ᠣᠷ᠎ᠠ ᠴᠢᠳᠠᠪᠦᠷᠢ ᠶᠢᠨ ᠰᠣᠯᠢᠯᠴᠠᠭ᠎ᠠ ᠶᠢ ᠠᠬᠢᠭᠤᠯᠣᠨ᠂ ᠣᠯᠠᠨ ᠨᠡᠶᠢᠲᠡ ᠶᠢᠨ ᠣᠯᠠᠮᠵᠢᠯᠠᠯᠲᠦ ᠣᠷᠠᠯᠠᠯ ᠤᠨ ᠮᠡᠳᠡᠯᠭᠡ ᠶᠢ ᠰᠣᠷᠣᠯᠴᠠᠬᠤ ᠳᠤ ᠳᠦᠬᠦᠮ ᠦᠵᠡᠬᠦᠯᠦᠨ᠎ᠡ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠨᠡᠶᠢᠭᠡᠮ ᠤᠨ ᠵᠤᠬᠢᠶᠠᠨ ᠪᠠᠶᠢᠭᠤᠯᠣᠯᠲᠠ ᠶᠢᠨ ᠣᠯᠠᠮᠵᠢᠯᠠᠯᠲᠦ ᠣᠷᠠᠯᠠᠯ ᠳᠤ ᠬᠤᠯᠪᠣᠭᠳᠠᠬᠤ ᠬᠦᠳᠡᠯᠭᠡᠭᠡᠨ ᠳᠤ ᠢᠳᠡᠪᠬᠢᠲᠠᠢ ᠣᠷᠣᠯᠴᠠᠬᠤ ᠪᠣᠶᠦ ᠵᠤᠬᠢᠶᠠᠨ ᠪᠠᠶᠢᠭᠤᠯᠬᠤ ᠶᠢ ᠵᠣᠷᠢᠭᠵᠢᠭᠤᠯᠵᠦ᠂ ᠡᠯ᠎ᠡ ᠱᠠᠲᠤᠨ ᠤ ᠨᠡᠶᠢᠲᠡ ᠶᠢᠨ ᠰᠣᠶᠣᠯ ᠤᠨ ᠪᠠᠶᠢᠭᠤᠯᠣᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠨᠡᠶᠢᠲᠡ ᠶᠢᠨ ᠰᠣᠶᠣᠯ ᠦᠢᠯᠡᠴᠢᠯᠡᠭᠡᠨ ᠤ ᠲᠠᠯᠠᠪᠣᠷ ᠲᠤ ᠲᠦᠰᠢᠭᠯᠡᠨ᠂ ᠲᠤᠭᠤᠷᠢᠭ ᠲᠤ ᠴᠢᠭᠯᠡᠭᠰᠡᠨ ᠣᠯᠠᠮᠵᠢᠯᠠᠯᠲᠦ ᠣᠷᠠᠯᠠᠯ ᠤᠨ ᠦᠵᠡᠬᠦᠯᠬᠡ ᠂ ᠪᠡᠶᠡᠲᠡᠨ ᠣᠶᠢᠯᠠᠭᠠᠬᠤ᠂ ᠵᠢᠭᠠᠨ ᠰᠤᠷᠭᠠᠬᠤ᠂ ᠢᠯᠡᠳᠭᠡᠯ᠂ ᠪᠣᠯᠪᠠᠰᠣᠷᠠᠬᠤ ᠵᠡᠷᠭᠡ ᠡᠯ᠎ᠡ ᠲᠦᠷᠦᠯ ᠤᠨ ᠬᠦᠳᠡᠯᠭᠡᠭᠡᠨ ᠢ ᠢᠳᠡᠪᠬᠢᠲᠡᠢ ᠦᠷᠨᠢᠬᠦᠯᠵᠦ᠂ ᠡᠯ᠎ᠡ ᠱᠠᠲᠤᠨ ᠤ ᠨᠡᠶᠢᠲᠡ ᠶᠢᠨ ᠰᠣᠶᠣᠯ ᠤᠨ ᠪᠠᠶᠢᠭᠤᠯᠣᠮᠵᠢ ᠶᠢ ᠣᠯᠠᠮᠵᠢᠯᠠᠯᠲᠦ ᠣᠷᠠᠯᠠᠯ ᠢ ᠲᠦᠭᠡᠮᠡᠯᠵᠢᠭᠦᠯᠦᠨ ᠲᠡᠯᠭᠡᠷᠡᠭᠦᠯᠬᠦ ᠴᠢᠬᠤᠯᠠ ᠪᠠᠬᠢᠯᠡᠯᠲᠡ ᠶᠢᠨ ᠭᠠᠵᠠᠷ ᠪᠣᠯᠭᠠᠨ᠂ ᠠᠷᠠᠳ ᠣᠯᠠᠨ ᠤ ᠰᠣᠶᠣᠯ ᠤᠨ ᠠᠮᠢᠳᠣᠷᠠᠯ ᠢ ᠡᠯᠪᠡᠭᠵᠢᠭᠦᠯᠵᠦ᠂ ᠣᠯᠠᠮᠵᠢᠯᠠᠯᠲᠦ ᠣᠷᠠᠯᠠᠯ ᠳᠤ ᠬᠢ ᠨᠡᠶᠢᠭᠡᠮ ᠤᠨ ᠡᠨᠡᠭᠰᠢᠯ ᠢ ᠴᠢᠩᠭᠠᠳᠬᠠᠨ᠎ᠠ᠃ ᠪᠣᠳᠠᠰ ᠤᠨ ᠪᠣᠰᠦ ᠰᠣᠶᠣᠯ ᠤᠨ ᠦᠪ ᠤᠨ ᠰᠣᠷᠭᠠᠭᠤᠯᠢ ᠶᠢᠨ ᠬᠦᠷᠢᠶᠡᠨ ᠳᠤ ᠣᠷᠣᠬᠤ ᠵᠡᠷᠭᠡ ᠬᠦᠳᠡᠯᠭᠡᠭᠡᠨ ᠢ ᠦᠷᠭᠦᠯᠵᠢᠯᠡᠨ ᠦᠷᠨᠢᠭᠦᠯᠦᠨ᠎ᠡ᠃ ᠣᠯᠠᠮᠵᠢᠯᠠᠯᠲᠦ ᠣᠷᠠᠯᠠᠯ ᠢ ᠲᠡᠭᠡᠲᠦ ᠰᠣᠷᠭᠠᠭᠤᠯᠢ ᠶᠢᠨ ᠰᠣᠶᠣᠯ ᠪᠣᠯᠪᠠᠰᠣᠷᠠᠯ ᠤᠨ ᠴᠢᠨᠰᠠᠭ᠎ᠠ ᠶᠢᠨ ᠬᠢᠴᠢᠶᠡᠯ ᠪᠠ ᠳᠤᠮᠳᠠᠳᠤ ᠪᠠᠭ᠎ᠠ ᠰᠣᠷᠭᠠᠭᠤᠯᠢ ᠶᠢᠨ ᠬᠢᠴᠢᠶᠡᠯ ᠤᠨ ᠭᠠᠳᠠᠨᠠᠬᠢ ᠵᠢᠭᠠᠨ ᠰᠣᠷᠭᠠᠬᠤ ᠬᠦᠳᠡᠯᠭᠡᠭᠡᠨ ᠳᠤ ᠣᠷᠣᠭᠤᠯᠣᠨ᠎ᠠ᠃ ᠶᠡᠭᠡ ᠳᠤᠮᠳᠠᠳᠤ ᠪᠠᠭ᠎ᠠ ᠰᠣᠷᠭᠠᠭᠤᠯᠢ ᠶᠢᠨ ᠣᠷᠣᠨ ᠨᠣᠳᠤᠭ ᠤᠨ ᠣᠨᠴᠠᠯᠢᠭ᠂ ᠦᠨᠳᠦᠰᠦᠲᠡᠨ ᠤ ᠣᠨᠴᠠᠯᠢᠭ ᠢ ᠬᠠᠷᠠᠭᠤᠯᠣᠭᠰᠨ ᠣᠯᠠᠮᠵᠢᠯᠠᠯᠲᠦ ᠣᠷᠠᠯᠠᠯ ᠤᠨ ᠪᠡᠶᠡᠲᠡᠨ ᠣᠶᠢᠯᠭᠠᠬᠤ ᠪᠠ ᠣᠷᠣᠯᠳᠣᠭᠠᠨ ᠢ ᠵᠣᠬᠢᠶᠠᠨ ᠪᠠᠶᠢᠭᠤᠯᠵᠦ᠂ ᠦᠷᠨᠢᠬᠦᠯᠬᠦ ᠶᠢ ᠲᠡᠮᠵᠢᠵᠦ᠂ ᠵᠠᠯᠠᠭᠤ ᠪᠠᠭᠠᠴᠤᠳ ᠤᠨ ᠭᠠᠷ ᠬᠦᠳᠡᠯᠬᠦ ᠴᠢᠳᠠᠪᠦᠷᠢ ᠪᠠ ᠪᠦᠳᠦᠭᠡᠬᠦ ᠴᠢᠳᠠᠪᠦᠷᠢ ᠶᠢ ᠲᠡᠭᠡᠭᠰᠢᠯᠡᠬᠦᠯᠵᠦ᠂ ᠣᠯᠠᠮᠵᠢᠯᠠᠯᠲᠦ ᠰᠣᠶᠣᠯ ᠳᠤ ᠬᠢ ᠲᠠᠨᠢᠨ ᠮᠡᠳᠡᠬᠦᠢ ᠶᠢ ᠭᠦᠨᠵᠡᠭᠡᠶᠢᠷᠡᠭᠦᠯᠦᠨ᠎ᠡ᠃             ᠲᠦᠷᠪᠡ᠂ ᠪᠠᠳᠣᠯᠠᠭ᠎ᠠ ᠶᠢᠨ ᠠᠷᠭ᠎ᠠ ᠬᠡᠮᠵᠢᠶ᠎ᠡ             ︵ᠨᠢᠭᠡ︶ ᠨᠢᠭᠡᠲᠦᠯᠲᠡᠢ ᠲᠦᠯᠦᠪᠯᠡᠵᠦ ᠨᠡᠶᠢᠲᠡ ᠳᠤ ᠨᠢ ᠬᠠᠷᠠᠭᠠᠯᠵᠠᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠰᠣᠶᠣᠯ᠂ ᠠᠵᠦ ᠠᠬᠤᠢ ᠪᠠ ᠰᠣᠷᠠᠭ ᠵᠠᠩᠬᠢᠴᠢᠯᠠᠯᠲᠠ᠂ ᠡᠳ᠋ ᠤᠨ ᠵᠠᠰᠠᠭ᠂ ᠰᠢᠨᠵᠢᠯᠡᠬᠦ ᠣᠬᠠᠭᠠᠨ ᠮᠡᠷᠭᠡᠵᠢᠯ᠂ ᠰᠣᠷᠭᠠᠨ ᠬᠦᠮᠦᠵᠢᠯ᠂ ᠬᠦᠮᠦᠨ ᠤ ᠬᠦᠴᠦᠨ ᠤ ᠡᠬᠢ ᠪᠠᠶᠠᠯᠢᠭ᠂ ᠨᠡᠶᠢᠭᠡᠮ ᠤᠨ ᠪᠠᠳᠣᠯᠠᠭ᠎ᠠ᠂ ᠣᠷᠴᠢᠨ ᠲᠤᠭᠤᠷᠢᠨ ᠢ ᠬᠠᠮᠠᠭᠠᠯᠠᠬᠤ᠂ ᠣᠢ ᠰᠢᠭᠤᠢ ᠶᠢᠨ ᠦᠢᠯᠡᠰ᠂ ᠲᠠᠷᠢᠶᠠᠯᠠᠬᠤ ᠮᠠᠯᠵᠢᠬᠤ ᠦᠢᠯᠡᠰ᠂ ᠣᠷᠣᠨ ᠰᠠᠭᠤᠴᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠥᠯᠲᠠ᠂ ᠮᠦᠩᠭᠦᠨ ᠬᠦᠢᠯᠭᠡᠭᠡᠨ᠂ ᠵᠢᠭᠤᠯᠴᠢᠯᠠᠯ᠂ ᠦᠢᠯᠡᠳᠪᠦᠷᠢ ᠬᠤᠳᠠᠯᠳᠤᠭ᠎ᠠ᠂ ᠰᠣᠨᠢᠨ ᠬᠡᠪᠯᠡᠯ ᠷᠠᠳᠢᠣ᠋ ᠲᠧᠯᠸᠢᠰ᠂ ᠶᠠᠳᠠᠭᠤ ᠶᠢ ᠲᠡᠳᠭᠦᠭᠦ᠂ ᠵᠡᠮᠳᠡᠭᠴᠣᠳ ᠤᠨ ᠬᠤᠯᠪᠣᠭ᠎ᠠ ᠵᠡᠷᠭᠡ ᠰᠠᠯᠠᠭ᠎ᠠ ᠮᠦᠴᠢᠷ ᠢ ᠨᠢᠭᠡᠳᠦᠯᠲᠡᠢ ᠲᠦᠯᠦᠪᠯᠡᠨ ᠵᠣᠬᠢᠴᠠᠭᠤᠯᠵᠦ᠂ ᠰᠣᠶᠣᠯ ᠤᠨ ᠦᠢᠯᠡᠰ ᠪᠠ ᠰᠣᠶᠣᠯ ᠤᠨ ᠠᠵᠦ ᠦᠢᠯᠡᠳᠪᠦᠷᠢ ᠂ ᠨᠠᠷᠢᠨ ᠤᠨᠤᠪᠴᠢᠲᠠᠢ ᠪᠠᠷ ᠶᠠᠳᠠᠭᠤ ᠶᠢ ᠲᠡᠳᠭᠦᠭᠦ᠂ ᠰᠢᠨ᠎ᠡ ᠬᠦᠳᠡᠭᠡ ᠲᠣᠰᠬᠤᠨ᠂ ᠰᠢᠨ᠎ᠡ ᠮᠠᠯᠵᠢᠬᠤ ᠣᠷᠣᠨ ᠤ ᠪᠦᠳᠦᠭᠡᠨ ᠪᠠᠶᠢᠭᠤᠯᠣᠯᠲᠠ᠂ ᠦᠨᠳᠦᠰᠦᠲᠡᠨ ᠤ ᠣᠯᠠᠮᠵᠢᠯᠠᠯᠲᠦ ᠭᠠᠷ ᠣᠷᠠᠯᠠᠯ ᠵᠢᠴᠢ ᠣᠨᠴᠠᠯᠢᠭᠲᠣ ᠭᠠᠴᠠᠭ᠎ᠠ ᠪᠠᠯᠭᠠᠰᠣ ᠶᠢᠨ ᠬᠠᠮᠠᠭᠠᠯᠠᠯᠲᠠ ᠪᠤᠯᠤᠨ ᠬᠦᠭᠵᠢᠯᠲᠡ᠂ ᠣᠯᠠᠮᠵᠢᠯᠠᠯᠲᠦ ᠠᠶᠢᠯ ᠲᠣᠰᠬᠤᠨ ᠤ ᠬᠠᠮᠠᠭᠠᠯᠠᠯᠲᠠ᠂ ᠦᠵᠡᠰᠭᠦᠯᠡᠩᠲᠦ ᠬᠦᠳᠡᠭᠡ ᠲᠣᠰᠬᠤᠨ ᠤ ᠪᠦᠳᠦᠭᠡᠨ ᠪᠠᠶᠢᠭᠤᠯᠣᠯᠲᠠ᠂ ᠲᠡᠬᠦᠯᠳᠡᠷ ᠵᠢᠭᠤᠯᠴᠢᠯᠠᠯ ᠵᠡᠷᠭᠡ ᠠᠵᠢᠯ ᠢ ᠤᠶᠠᠯᠳᠤᠭᠤᠯᠵᠤ ᠬᠦᠭᠵᠢᠬᠦᠯᠦᠨ ᠴᠡᠴᠡᠭᠯᠡᠬᠦᠯᠵᠦ᠂ ᠣᠯᠠᠮᠵᠢᠯᠠᠯᠲᠦ ᠣᠷᠠᠯᠠᠯ ᠢ ᠰᠡᠷᠭᠦᠭᠡᠨ ᠮᠠᠨᠳᠣᠭᠤᠯᠬᠤ ᠳᠤ ᠲᠣᠰᠠᠲᠠᠢ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠶᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠠᠢ᠃ ᠬᠦᠳᠡᠭᠡ ᠲᠤᠰᠬᠤᠨ ᠮᠠᠯᠵᠢᠬᠤ ᠣᠷᠣᠨ ᠤ ᠢᠯᠡᠭᠦᠴᠡ ᠬᠦᠳᠡᠯᠮᠦᠷᠢ ᠶᠢᠨ ᠬᠦᠴᠦ᠂ ᠬᠤᠲᠠ ᠶᠢᠨ ᠠᠵᠢᠯ ᠠᠴᠠ ᠪᠠᠭᠤᠭᠰᠠᠨ ᠠᠵᠢᠯᠲᠠᠨ᠂ ᠬᠤᠲᠠ ᠬᠦᠳᠡᠭᠡ ᠶᠢᠨ ᠵᠡᠮᠳᠡᠭᠴᠣᠳ᠂ ᠨᠣᠳᠤᠭ ᠲᠤ ᠪᠠᠨ ᠪᠤᠴᠠᠭᠰᠠᠨ᠂ ᠬᠦᠳᠡᠭᠡ ᠪᠠᠭᠤᠭᠰᠠᠨ ᠠᠵᠢᠯ ᠦᠢᠯᠡᠰ ᠡᠬᠢᠯᠡᠬᠦᠯᠬᠦ᠂ ᠰᠢᠨ᠎ᠡ ᠶᠢ ᠡᠭᠦᠳᠬᠦ ᠬᠦᠮᠦᠰ᠂ ᠦᠨᠳᠦᠰᠦᠲᠡᠨ ᠤ ᠣᠷᠣᠨ ᠤ ᠣᠯᠠᠨ ᠲᠦᠮᠡᠨ ᠳᠤ ᠴᠢᠭᠯᠡᠬᠦᠯᠦᠭᠰᠡᠨ ᠭᠠᠷ ᠣᠷᠠᠯᠠᠯ ᠤᠨ ᠴᠢᠳᠠᠪᠦᠷᠢ ᠶᠢᠨ ᠪᠣᠯᠪᠠᠰᠣᠷᠠᠯ ᠢ ᠦᠷᠭᠡᠨ ᠢᠶᠠᠷ ᠦᠷᠨᠢᠬᠦᠯᠵᠦ᠂ ᠲᠡᠳᠡᠨᠣᠰ ᠤᠨ ᠣᠯᠠᠮᠵᠢᠯᠠᠯᠲᠦ ᠣᠷᠠᠯᠠᠯ ᠤᠨ ᠦᠢᠯᠡᠳᠪᠦᠷᠢᠯᠡᠯ ᠬᠢᠬᠦ ᠶᠢ ᠵᠣᠷᠢᠭᠵᠢᠭᠤᠯᠣᠨ᠎ᠠ᠃ ᠪᠣᠳᠠᠰ ᠤᠨ ᠪᠣᠰᠦ ᠰᠣᠶᠣᠯ ᠤᠨ ᠦᠪ ᠤᠨ ᠦᠢᠯᠡᠳᠪᠦᠷᠢᠯᠡᠯ ᠤᠨ ᠴᠢᠨᠠᠷᠲᠠᠢ ᠬᠠᠮᠠᠭᠠᠯᠠᠯᠲᠠ ᠶᠢᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠤᠨ ᠦᠯᠢᠭᠡᠷ ᠳᠠᠭᠤᠷᠢᠶᠠᠯ ᠪᠣᠯᠵᠦ ᠵᠠᠮᠴᠢᠯᠠᠨ ᠤᠳᠤᠷᠢᠳᠬᠤ ᠦᠢᠯᠡᠳᠦᠯ ᠢᠶᠠᠨ ᠪᠠᠳᠠᠷᠠᠭᠤᠯᠬᠤ ᠶᠢ ᠬᠦᠲᠦᠯᠦᠨ᠎ᠡ᠃             ︵ᠬᠤᠶᠠᠷ︶ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠳᠡᠮᠵᠢᠨ᠎ᠡ᠃ ᠡᠯ᠎ᠡ ᠱᠠᠲᠤᠨ ᠤ ᠡᠳ᠋ ᠤᠨ ᠵᠠᠰᠠᠭ ᠣᠯᠠᠮᠵᠢᠯᠠᠯᠲᠦ ᠰᠣᠶᠣᠯ ᠪᠠ ᠣᠯᠠᠮᠵᠢᠯᠠᠯᠲᠦ ᠣᠷᠠᠯᠠᠯ ᠢ ᠲᠡᠮᠵᠢᠬᠦ ᠬᠦᠴᠦᠯᠡᠴᠡ ᠪᠠᠨ ᠨᠡᠮᠡᠭᠳᠡᠬᠦᠯᠦᠨ ᠣᠯᠠᠮᠵᠢᠯᠠᠯᠲᠦ ᠣᠷᠠᠯᠠᠯ ᠢ ᠰᠡᠷᠭᠦᠭᠡᠨ ᠬᠦᠭᠵᠢᠭᠦᠯᠬᠦ᠂ ᠵᠠᠮᠴᠢᠯᠠᠨ ᠤᠳᠤᠷᠢᠳᠬᠤ ᠪᠡᠯᠡ ᠮᠦᠩᠭᠦ ᠶᠢ ᠪᠠᠶᠢᠭᠤᠯᠵᠦ᠂ ᠲᠦᠷᠢᠮ ᠲᠣᠭᠳᠠᠭᠠᠯ ᠳᠤ ᠨᠡᠶᠢᠴᠡᠭᠰᠡᠨ ᠮᠦᠷᠳᠡᠭᠡᠨ ᠦᠨᠳᠦᠰᠦᠲᠡᠨ ᠤ᠂ ᠭᠠᠵᠠᠷ ᠣᠷᠣᠨ ᠤ ᠣᠨᠴᠠᠯᠢᠭ ᠪᠠ ᠬᠦᠭᠵᠢᠯᠲᠡ ᠶᠢᠨ ᠨᠦᠭᠡᠴᠡ ᠴᠢᠳᠠᠯ ᠲᠠᠢ ᠣᠯᠠᠮᠵᠢᠯᠠᠯᠲᠦ ᠣᠷᠠᠯᠠᠯ ᠤᠨ ᠵᠦᠢᠯ ᠳᠤ ᠵᠣᠬᠢᠬᠤ ᠬᠡᠮᠵᠢᠶᠡᠨ ᠤ ᠲᠡᠮᠵᠢᠯᠭᠡ ᠣᠯᠭᠤᠨ᠎ᠠ᠃ ᠶᠠᠳᠠᠭᠤ ᠬᠦᠴᠢᠷᠲᠠᠢ ᠣᠷᠣᠨ ᠤ ᠣᠯᠠᠮᠵᠢᠯᠠᠯᠲᠦ ᠣᠷᠠᠯᠠᠯ ᠤᠨ ᠵᠦᠢᠯ ᠢ ᠬᠦᠭᠵᠢᠬᠦᠯᠬᠦ ᠳᠤ ᠬᠠᠪᠰᠣᠷᠣᠮᠵᠢ ᠣᠯᠭᠤᠨ᠎ᠠ᠃ ᠲᠡᠭᠡᠲᠦ ᠰᠣᠷᠭᠠᠭᠤᠯᠢ ᠶᠢᠨ ᠣᠯᠠᠮᠵᠢᠯᠠᠯᠲᠦ ᠣᠷᠠᠯᠠᠯ ᠤᠨ ᠰᠠᠯᠪᠦᠷᠢ ᠠᠴᠠ ᠲᠡᠭᠦᠰᠦᠭᠰᠡᠨ ᠰᠣᠷᠣᠭᠴᠢ ᠶᠢᠨ ᠣᠯᠠᠮᠵᠢᠯᠠᠯᠲᠦ ᠣᠷᠠᠯᠠᠯ ᠤᠨ ᠠᠵᠢᠯ ᠦᠢᠯᠡᠰ ᠢ ᠡᠬᠢᠯᠡᠬᠦᠯᠬᠦ᠂ ᠰᠢᠨ᠎ᠡ ᠶᠢ ᠡᠭᠦᠳᠬᠦ ᠶᠢ ᠦᠷᠨᠢᠬᠦᠯᠬᠦ ᠳᠤ ᠲᠡᠮᠵᠢᠯᠭᠡ ᠣᠯᠭᠤᠨ᠎ᠠ᠃ ᠣᠯᠠᠮᠵᠢᠯᠠᠯᠲᠦ ᠣᠷᠠᠯᠠᠯ ᠤᠨ ᠣᠬᠠᠭᠤᠯᠣᠨ ᠰᠤᠷᠲᠠᠯᠴᠢᠯᠠᠬᠤ᠂ ᠲᠡᠯᠭᠡᠨ ᠦᠵᠡᠬᠦᠯᠬᠦ᠂ ᠵᠢᠭᠠᠨ ᠰᠣᠷᠭᠠᠬᠤ ᠪᠣᠯᠪᠠᠰᠣᠷᠠᠯ ᠤᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠣᠯᠲᠠ ᠶᠢ ᠴᠢᠩᠭᠠᠳᠬᠠᠬᠤ ᠶᠢᠨ ᠬᠠᠮᠲᠦ ︽13 · 5 ᠵᠢᠯ ᠤᠨ ᠲᠦᠯᠦᠪᠵᠢᠬᠦᠯᠭᠡ︾᠎ ᠶᠢᠨ ᠬᠤᠭᠤᠴᠠᠭᠠᠨ ᠤ ᠰᠣᠶᠣᠯ ᠵᠢᠭᠤᠯᠴᠢᠯᠠᠯ ᠤᠨ ᠳᠡᠭᠡᠭᠰᠢᠯᠡᠬᠦᠯᠦᠯᠲᠡ ᠶᠢᠨ ᠢᠨᠵᠧᠷᠨ᠋ᠷᠡᠭ ᠲᠤ ᠬᠠᠮᠦᠷᠣᠨ ᠣᠷᠣᠭᠤᠯᠣᠨ᠎ᠠ᠃ ᠣᠯᠠᠮᠵᠢᠯᠠᠯᠲᠦ ᠣᠷᠠᠯᠠᠯ ᠤᠨ ᠠᠵᠦ ᠠᠬᠤᠶᠢᠯᠠᠯ ᠤᠳᠤᠬᠢ ᠪᠠᠭ᠎ᠠ ᠵᠢᠵᠢᠭ ᠠᠵᠦ ᠠᠬᠤᠶᠢᠯᠠᠯ ᠪᠠ ᠲᠡᠭᠡᠲᠦ ᠰᠢᠨ᠎ᠡ ᠮᠡᠷᠭᠡᠵᠢᠯ ᠤᠨ ᠠᠵᠦ ᠠᠬᠤᠶᠢᠯᠠᠯ ᠵᠡᠷᠭᠡ ᠭᠠᠶᠢᠯᠢ ᠲᠠᠳᠠᠪᠣᠷᠢ ᠶᠢᠨ ᠬᠦᠩᠭᠡᠯᠡᠯᠲᠡ ᠶᠢᠨ ᠲᠦᠷᠦ ᠶᠢᠨ ᠪᠤᠳᠤᠯᠭ᠎ᠠ ᠶᠢᠨ ᠨᠦᠬᠦᠴᠡᠯ ᠳᠤ ᠨᠡᠶᠢᠴᠡᠪᠡᠯ ᠲᠣᠭᠳᠠᠭᠠᠯ ᠢᠶᠠᠷ ᠭᠠᠶᠢᠯᠢ ᠲᠠᠳᠠᠪᠣᠷᠢ ᠶᠢᠨ ᠬᠦᠩᠭᠡᠯᠡᠯᠲᠡ ᠶᠢᠨ ᠲᠦᠷᠦ ᠶᠢᠨ ᠪᠣᠳᠣᠯᠭ᠎ᠠ ᠶᠢ ᠬᠦᠷᠳᠡᠵᠦ ᠪᠣᠯᠣᠨ᠎ᠠ᠃             ︵ᠭᠤᠷᠪᠠ︶ ᠮᠦᠩᠭᠦᠨ ᠭᠦᠢᠯᠭᠡᠭᠡᠨ ᠤ ᠦᠢᠯᠡᠴᠢᠯᠡᠯᠭᠡ ᠶᠢ ᠴᠢᠩᠭᠠᠳᠬᠠᠨ᠎ᠠ᠃ ᠣᠯᠠᠮᠵᠢᠯᠠᠯᠲᠦ ᠣᠷᠠᠯᠠᠯ ᠤᠨ ᠠᠵᠦ ᠠᠬᠤᠶᠢᠯᠠᠯ ᠤᠨ ᠳᠠᠯᠲᠠ ᠬᠦᠷᠦᠩᠭᠡ ᠶᠢᠨ ᠦᠨᠡᠯᠡᠯᠭᠡ ᠶᠢᠨ ᠵᠡᠷᠴᠢᠮ ᠤᠨ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠨᠦᠬᠦᠴᠡᠯ ᠳᠤ ᠨᠡᠶᠢᠴᠡᠬᠦ ᠣᠯᠠᠮᠵᠢᠯᠠᠯᠲᠦ ᠣᠷᠠᠯᠠᠯ ᠤᠨ ᠠᠵᠦ ᠠᠬᠤᠶᠢᠯᠠᠯ ᠤᠨ ᠬᠦᠷᠦᠩᠭᠡ ᠶᠢ ᠴᠣᠭᠯᠠᠭᠤᠯᠣᠨ ᠬᠦᠭᠵᠢᠬᠦᠯᠬᠦ ᠶᠢ ᠲᠡᠮᠵᠢᠨ᠎ᠡ᠃ ᠮᠦᠩᠭᠦᠨ ᠬᠦᠢᠯᠭᠡᠭᠡᠨ ᠤ ᠪᠠᠶᠢᠭᠤᠯᠣᠮᠵᠢ ᠶᠢᠨ ᠣᠯᠠᠮᠵᠢᠯᠠᠯᠲᠦ ᠣᠷᠠᠯᠠᠯ ᠤᠨ ᠠᠵᠦ ᠠᠬᠤᠶᠢᠯᠠᠯ ᠤᠨ ᠣᠨᠴᠠᠯᠢᠭ ᠲᠤ ᠲᠣᠬᠢᠷᠠᠭᠰᠠᠨ ᠮᠦᠩᠭᠦᠨ ᠬᠦᠢᠯᠭᠡᠭᠡᠨ ᠤ ᠪᠦᠳᠦᠭᠡᠭᠳᠡᠭᠦᠨ ᠪᠠ ᠦᠢᠯᠡᠴᠢᠯᠡᠭᠡ ᠶᠢ ᠨᠡᠭᠡᠭᠡᠨ ᠬᠦᠭᠵᠢᠬᠦᠯᠬᠦ ᠶᠢ ᠵᠣᠷᠢᠭᠵᠢᠭᠤᠯᠵᠦ᠂ ᠣᠯᠠᠮᠵᠢᠯᠠᠯᠲᠦ ᠣᠷᠠᠯᠠᠯ ᠤᠨ ᠠᠵᠦ ᠠᠬᠤᠶᠢᠯᠠᠯ ᠳᠤ ᠬᠢ ᠪᠡᠯᠡ ᠣᠷᠣᠭᠤᠯᠣᠯᠲᠠ᠂ ᠬᠦᠷᠦᠩᠭᠡ ᠴᠣᠭᠯᠠᠭᠤᠯᠣᠯᠲᠠ ᠪᠠ ᠦᠢᠯᠡᠴᠢᠯᠡᠭᠡ ᠪᠠᠨ ᠴᠢᠩᠭᠠᠳᠬᠠᠨ᠎ᠠ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号