| | | | | | ᠬᠦᠳᠡᠭᠡ ᠲᠤᠰᠬᠤᠨ ᠤ ᠵᠢᠭᠤᠯᠴᠢᠯᠠᠯ ᠪᠤᠯ ᠵᠢᠭᠤᠯᠴᠢᠯᠠᠯ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ᠂ | ᠬᠦᠲᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠ ᠬᠦᠴᠦᠨ | ᠶᠤᠮ᠃ ᠲᠠᠷᠢᠶᠠᠯᠠᠩ ᠬᠦᠳᠡᠭᠡ ᠲᠤᠰᠬᠤᠨ ᠤ ᠤᠳᠤᠬᠢᠴᠢᠯᠠᠯᠳᠠ ᠶᠢᠨ ᠠᠬᠢᠴᠠ ᠢ ᠲᠦᠷᠭᠡᠳᠬᠡᠨ ᠬᠤᠳᠠ ᠬᠦᠳᠡᠭᠡ ᠶᠢ | ᠠᠭᠤᠰᠤᠯᠴᠠᠭᠤᠯᠤᠨ ᠬᠦᠭᠵᠢᠬᠦᠯᠬᠦ᠂ ᠶᠠᠳᠠᠭᠤ ᠬᠦᠴᠢᠷᠳᠡᠯ ᠲᠠᠢ ᠭᠠᠵᠠᠷ ᠤᠷᠤᠨ ᠢ ᠶᠠᠳᠠᠭᠤ ᠠᠴᠠ ᠠᠩᠬᠢᠵᠢᠷᠠᠭᠤᠯᠬᠤ | ᠪᠤᠭᠤᠮᠲᠠ ᠶᠢ ᠰᠢᠪᠲᠤᠯᠬᠤ ᠵᠡᠷᠭᠡ ᠲᠠᠯ᠎ᠠ ᠪᠠᠷ ᠴᠦ ᠴᠢᠬᠤᠯᠠ ᠦᠢᠯᠡᠳᠦᠯ ᠢᠶᠠᠨ ᠪᠠᠳᠠᠷᠠᠭᠤᠯᠵᠤ ᠪᠠᠶᠢᠳᠠᠭ᠃ ︽ | ᠨᠠᠮ ᠤᠨ ᠲᠦᠪ ᠬᠤᠷᠢᠶ᠎ᠠ᠂ ᠤᠯᠤᠰ ᠤᠨ ᠶᠠᠪᠤᠳᠠᠯ ᠤᠨ ᠬᠤᠷᠢᠶ᠎ᠠ ᠶᠢᠨ ᠬᠦᠳᠡᠭᠡ ᠲᠤᠰᠬᠤᠨ ᠢ ᠬᠦᠭᠵᠢᠭᠦᠯᠬᠦ | ᠪᠠᠶᠢᠯᠳᠤᠬᠤ ᠪᠤᠳᠤᠯᠭ᠎ᠠ ᠶᠢᠨ ᠲᠤᠬᠠᠢ ᠰᠠᠨᠠᠯ︾ ︵ᠲᠤᠮᠳᠠᠲᠤ ᠲᠠᠷᠬᠠᠭᠠᠭᠰᠠᠨ ︹2018︺ 1 ᠨᠤᠮᠧᠷ︶ ᠪᠠ ︽ | ᠬᠦᠳᠡᠭᠡ ᠲᠤᠰᠬᠤᠨ ᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠭᠡ ︵2018 — 2022 | ᠤᠨ︶︾ ᠶᠢ ᠬᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠲᠦᠯᠦᠭᠡ᠂ ᠬᠦᠳᠡᠭᠡ ᠲᠤᠰᠬᠤᠨ ᠤ | ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠂ ᠬᠦᠳᠡᠭᠡ ᠲᠤᠰᠬᠤᠨ ᠤ | ᠵᠢᠭᠤᠯᠴᠢᠯᠠᠯ ᠤᠨ ᠦᠷᠭᠦᠯᠵᠢᠯᠡᠭᠦ᠋ᠢᠴᠡ ᠬᠦᠭᠵᠢᠬᠦ ᠶᠢ ᠠᠬᠢᠭᠤᠯᠵᠤ᠂ ᠲᠠᠷᠢᠶᠠᠯᠠᠩ ᠬᠦᠳᠡᠭᠡ ᠲᠤᠰᠬᠤᠨ ᠤ | ᠬᠦᠭᠵᠢᠯᠲᠡ ᠶᠢᠨ ᠰᠢᠨ᠎ᠡ ᠬᠦᠳᠡᠯᠭᠡᠭᠴᠢ ᠬᠦᠴᠦᠨ ᠢ ᠦᠳᠲᠡᠷ ᠲᠦᠷᠭᠡᠨ ᠪᠤᠢ ᠪᠤᠯᠭᠠᠬᠤ ᠶᠢᠨ ᠲᠤᠰᠠ ᠳᠤ᠂ ᠡᠳᠦᠭᠡ | ᠲᠤᠤᠷᠠᠬᠢ ᠮᠡᠲᠦ ᠰᠠᠨᠠᠯ ᠢ ᠲᠤᠷᠠᠳᠪᠠ᠃ | | ᠨᠢᠭᠡ᠂ ᠶᠡᠷᠦᠩᠬᠡᠢ ᠱᠠᠭᠠᠷᠳᠠᠯᠭ᠎ᠠ | | 1. ᠵᠢᠯᠤᠭᠤᠳᠬᠤ ᠦᠵᠡᠯ ᠰᠠᠨᠠᠭ᠎ᠠ | | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ | ᠬᠤᠷᠠᠯ᠂ ᠭᠤᠷᠪᠠᠳᠤᠭᠠᠷ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠲᠤᠮᠳᠠᠲᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠰᠢᠨ᠎ᠡ ᠬᠦᠭᠵᠢᠯᠲᠡ ᠶᠢᠨ ᠲᠤᠬᠠᠢ ᠤᠶᠢᠯᠠᠭᠠᠭᠳᠠᠬᠤᠨ ᠢ ᠪᠤᠢ ᠪᠤᠯᠭᠠᠵᠤ᠂ | ᠴᠢᠨᠠᠷ ᠰᠠᠶᠢᠲᠠᠢ ᠬᠦᠭᠵᠢᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠲᠠᠪᠦ ᠶᠢ ᠨᠢᠭᠡ ᠴᠤᠭᠴᠠᠵᠢᠭᠤᠯᠬᠤ︾ | ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠲᠦᠯᠲᠠᠢ ᠲᠦᠯᠦᠪᠵᠢᠭᠦᠯᠦᠨ ᠠᠬᠢᠭᠤᠯᠵᠤ᠂ ︽ᠲᠦᠷᠪᠡᠨ ᠪᠦᠬᠦ ᠲᠠᠯ᠎ᠠ︾ | ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠩᠭᠤᠢ ᠪᠠᠷ ᠠᠬᠢᠭᠤᠯᠤᠨ᠎ᠠ᠃ ᠠᠵᠦ | ᠦᠢᠯᠡᠳᠪᠦᠷᠢ ᠨᠢ ᠬᠦᠭᠵᠢᠨ ᠮᠠᠨᠲᠤᠵᠤ᠂ ᠤᠷᠴᠢᠨ ᠲᠤᠭᠤᠷᠢᠨ ᠨᠢ ᠤᠷᠤᠰᠢᠨ ᠠᠮᠢᠲᠤᠷᠠᠬᠤ ᠳᠤ ᠲᠠᠭᠠᠯᠠᠮᠵᠢ ᠲᠠᠢ᠂ | ᠤᠷᠤᠨ ᠨᠤᠲᠤᠭ ᠤᠨ ᠵᠠᠩᠰᠢᠯ ᠨᠢ ᠪᠤᠯᠪᠠᠰᠤᠨ᠂ ᠵᠠᠰᠠᠭᠰᠠᠨ ᠨᠢ ᠦᠷ᠎ᠡ ᠪᠦᠲᠦᠮᠵᠢ ᠲᠠᠢ᠂ ᠠᠮᠢᠲᠤᠷᠠᠯ ᠨᠢ ᠪᠠᠶᠠᠨ | ᠴᠢᠨᠡᠭᠡᠯᠢᠭ ᠪᠠᠶᠢᠬᠤ ᠶᠡᠷᠦᠩᠬᠡᠢ ᠱᠠᠭᠠᠷᠳᠠᠯᠭ᠎ᠠ ᠶᠤᠰᠤ ᠪᠠᠷ ᠬᠦᠳᠡᠭᠡ ᠲᠤᠰᠬᠤᠨ ᠤ ᠪᠤᠲᠠᠲᠤ ᠪᠠᠶᠢᠳᠠᠯ ᠪᠠ | ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ᠂ ᠲᠦᠯᠦᠪᠵᠢᠭᠦᠯᠦᠨ ᠳᠠᠭᠠᠭᠤᠯᠬᠤ ᠶᠢ | ᠴᠢᠩᠭᠠᠳᠬᠠᠨ᠂ ᠬᠦᠳᠡᠭᠡ ᠲᠤᠰᠬᠤᠨ ᠤ ᠰᠠᠭᠤᠷᠢ ᠲᠦᠬᠦᠭᠡᠷᠦᠮᠵᠢ ᠪᠠᠨ ᠲᠡᠭᠦᠯᠳᠡᠷᠵᠢᠭᠦᠯᠦᠨ᠂ ᠬᠦᠳᠡᠭᠡ ᠲᠤᠰᠬᠤᠨ ᠤ | ᠵᠢᠭᠤᠯᠴᠢᠯᠠᠯ ᠤᠨ ᠤᠷᠴᠢᠨ ᠲᠤᠭᠤᠷᠢᠨ ᠢᠶᠠᠨ ᠰᠠᠶᠢᠵᠢᠷᠠᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ | ᠪᠦᠲᠦᠭᠡᠭᠳᠡᠭᠦᠨ ᠢᠶᠠᠨ ᠪᠠᠶᠠᠯᠢᠭᠵᠢᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ ᠢ ᠵᠠᠬ᠎ᠠ ᠲᠡᠯᠭᠡᠭᠦᠷ ᠲᠤ ᠭᠠᠷᠭᠠᠨ | ᠠᠵᠦ ᠦᠢᠯᠡᠳᠪᠦᠷᠢᠵᠢᠭᠰᠡᠨ ᠲᠡᠶᠢᠰᠢ ᠬᠦᠭᠵᠢᠭᠦᠯᠬᠦ ᠶᠢ ᠠᠬᠢᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ | ᠬᠦᠭᠵᠢᠯᠲᠡ ᠶᠢᠨ ᠴᠢᠨᠠᠷ ᠴᠢᠨᠰᠠᠭ᠎ᠠ ᠪᠠ ᠶᠡᠷᠦᠩᠬᠡᠢ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠮᠠᠨ ᠤ | ᠤᠯᠤᠰ ᠤᠨ ᠬᠦᠳᠡᠭᠡ ᠲᠤᠰᠬᠤᠨ ᠢ ᠪᠦᠬᠦ ᠲᠠᠯ᠎ᠠ ᠪᠠᠷ ᠬᠦᠭᠵᠢᠭᠦᠯᠬᠦ ᠶᠢ ᠪᠡᠶᠡᠯᠡᠭᠦᠯᠬᠦ ᠶᠢᠨ ᠲᠦᠯᠦᠭᠡ ᠴᠢᠬᠤᠯᠠ | ᠬᠤᠪᠢ ᠨᠡᠮᠡᠷᠢ ᠪᠠᠨ ᠦᠵᠡᠭᠦᠯᠦᠨ᠎ᠡ᠃ | | 2. ᠦᠨᠳᠦᠰᠦᠨ ᠵᠠᠷᠴᠢᠮ | | ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠠᠯ ᠦᠭᠡᠢ ᠬᠦᠭᠵᠢᠭᠦᠯᠬᠦ᠃ ᠬᠦᠬᠡᠮᠳᠦᠭ ᠨᠤᠭᠤᠭᠠᠨ | ᠠᠭᠤᠯᠠ ᠤᠰᠤ ᠪᠤᠯ ᠲᠠᠷᠤᠢ ᠠᠯᠳᠠ ᠮᠦᠩᠭᠦᠨ ᠠᠭᠤᠯᠠ ᠮᠦᠨ ᠭᠡᠭᠦ ᠤᠶᠢᠯᠠᠭᠠᠭᠳᠠᠬᠤᠨ ᠢ ᠭᠦᠢᠴᠠᠳᠬᠡᠨ᠂ ᠨᠡᠭᠡᠭᠡᠭᠦ | ᠪᠠ ᠬᠠᠮᠠᠭᠠᠯᠠᠬᠤ ᠶᠢ ᠵᠡᠷᠭᠡ ᠪᠠᠷ ᠡᠷᠬᠢᠮᠯᠡᠬᠦ ᠶᠢ ᠴᠢᠬᠤᠯᠠᠴᠢᠯᠠᠨ᠂ ᠡᠬᠢ ᠪᠠᠶᠠᠯᠢᠭ ᠤᠨ ᠤᠷᠴᠢᠨ ᠲᠤᠭᠤᠷᠢᠨ ᠤ | ᠳᠠᠭᠠᠭᠠᠴᠠ ᠶᠢᠨ ᠴᠢᠳᠠᠪᠤᠷᠢ ᠪᠠ ᠬᠦᠭᠵᠢᠯᠲᠡ ᠶᠢᠨ ᠨᠢᠭᠤᠭᠳᠠᠮᠠᠯ ᠬᠦᠴᠦᠨ ᠢ ᠨᠢᠭᠡᠲᠦᠯᠲᠠᠢ ᠲᠦᠯᠦᠪᠯᠡᠨ | ᠪᠤᠳᠤᠯᠬᠢᠯᠠᠵᠤ᠂ ᠬᠦᠳᠡᠭᠡ ᠲᠤᠰᠬᠤᠨ ᠤ ᠠᠮᠢ ᠠᠬᠤᠢ ᠶᠢᠨ ᠤᠷᠴᠢᠨ ᠲᠤᠭᠤᠷᠢᠨ ᠪᠠ ᠤᠨᠴᠠᠯᠢᠭ ᠲᠠᠢ ᠰᠢᠨᠵᠢ | ᠪᠠᠶᠢᠳᠠᠯ ᠢ ᠬᠠᠮᠠᠭᠠᠯᠠᠬᠤ ᠶᠢ ᠴᠢᠩᠭᠠᠳᠬᠠᠨ᠂ ᠳᠡᠰ ᠲᠠᠷᠠᠭ᠎ᠠ ᠲᠠᠢ ᠨᠡᠬᠡᠬᠡᠭᠦ ᠪᠠ ᠵᠤᠬᠢᠰᠲᠠᠢ ᠪᠠᠶᠢᠷᠢᠯᠠᠭᠤᠯᠬᠤ ᠶᠢ | ᠴᠢᠩᠭᠠᠳᠬᠠᠨ᠂ ᠠᠪᠤᠨ ᠲᠤᠤᠷ᠎ᠠ ᠪᠠᠨ ᠠᠰᠢᠭ ᠤᠯᠬᠤ ᠶᠢ ᠬᠦᠭᠡᠭᠡᠴᠡᠯᠳᠦᠬᠦ ᠪᠠ ᠰᠤᠬᠤᠷ ᠪᠠᠯᠠᠢ ᠪᠠᠷ | ᠬᠦᠭᠵᠢᠭᠦᠯᠬᠦ ᠠᠴᠠ ᠵᠠᠶᠢᠯᠠᠰᠬᠢᠨ᠎ᠠ᠃ | | ᠭᠠᠵᠠᠷ ᠤᠷᠤᠨ ᠤ ᠪᠠᠶᠢᠳᠠᠯ ᠳᠤ ᠪᠠᠨ ᠲᠤᠬᠢᠷᠠᠭᠤᠯᠤᠨ᠂ ᠦᠪᠡᠷᠮᠢᠴᠠ ᠤᠨᠴᠠᠯᠢᠭ ᠲᠠᠢ ᠬᠦᠭᠵᠢᠬᠦᠯᠬᠦ᠃ | ᠤᠷᠤᠨ ᠪᠦᠰᠡ ᠶᠢᠨ ᠤᠨᠴᠠᠯᠢᠭ ᠪᠠ ᠡᠬᠢ ᠪᠠᠶᠠᠯᠢᠭ ᠤᠨ ᠲᠦᠷᠦᠯᠬᠢ ᠴᠢᠨᠠᠷ ᠢ ᠦᠨᠳᠦᠰᠦᠯᠡᠨ᠂ ᠵᠠᠬ᠎ᠠ ᠳᠡᠯᠭᠡᠭᠦᠷ ᠢᠶᠠᠷ | ᠤᠳᠤᠷᠢᠳᠤᠮᠵᠢ ᠪᠤᠯᠭᠠᠨ᠂ ᠭᠠᠵᠠᠷ ᠤᠷᠤᠨ ᠤ ᠪᠠᠶᠢᠳᠠᠯ ᠳᠤ ᠪᠠᠨ ᠲᠤᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ | ᠲᠦᠯᠦᠪᠵᠢᠭᠦᠯᠦᠨ᠂ ᠦᠪᠡᠷᠮᠢᠴᠠ ᠤᠨᠴᠠᠯᠢᠭ ᠲᠠᠢ᠂ ᠵᠦᠷᠢᠶᠡᠨᠲᠦ ᠲᠠᠯ᠎ᠠ ᠲᠠᠢ᠂ ᠤᠯᠠᠨ ᠶᠠᠩᠵᠤ ᠶᠢᠨ ᠬᠦᠳᠡᠭᠡ | ᠲᠤᠰᠬᠤᠨ ᠤ ᠵᠢᠭᠤᠯᠴᠢᠯᠠᠯ ᠤᠨ ᠦᠢᠯᠡᠳᠭᠦᠨ ᠢ ᠢᠲᠡᠪᠬᠢᠲᠠᠢ ᠨᠡᠬᠡᠬᠡᠨ᠂ ᠶᠡᠭᠡ ᠪᠠᠷ ᠡᠪᠳᠡᠬᠦ ᠪᠤᠶᠤ ᠪᠠᠶᠢᠭᠤᠯᠬᠤ᠂ | ᠮᠢᠩᠭᠠᠨ ᠲᠤᠰᠬᠤᠨ ᠨᠢᠬᠡ ᠯᠡ ᠲᠦᠷᠰᠤ ᠪᠠ ᠬᠠᠭᠤᠯᠪᠤᠷᠢ ᠬᠤᠳᠠᠴᠢᠯᠠᠯᠲᠠ᠂ ᠲᠦᠭᠦᠮᠴᠢᠯᠡᠨ ᠲᠠᠭᠤᠷᠢᠶᠠᠬᠤ ᠶᠢ | ᠰᠡᠷᠬᠡᠶᠢᠯᠡᠨ ᠬᠤᠷᠢᠭᠯᠠᠵᠤ᠂ ᠲᠤᠤᠷ᠎ᠠ ᠬᠢᠷᠢ ᠬᠡᠮᠵᠢᠶ᠎ᠡ ᠪᠠᠷ ᠢᠵᠢᠯᠢᠰᠢᠭᠦᠯᠦᠭᠰᠡᠨ ᠦᠷᠢᠰᠦᠯᠳᠦᠭᠡᠨ ᠠᠴᠠ ᠵᠠᠶᠢᠯᠠᠰᠬᠢᠨ᠎ᠠ | ᠃ | | ᠲᠠᠷᠢᠶᠠᠯᠠᠩ ᠢᠶᠠᠷ ᠦᠨᠳᠦᠰᠦ ᠪᠤᠯᠭᠠᠨ᠂ ᠤᠯᠠᠨ ᠡᠰᠢᠵᠢᠭᠦᠯᠦᠨ ᠬᠦᠭᠵᠢᠭᠦᠯᠬᠦ᠃ ᠲᠠᠷᠢᠶᠠᠴᠢᠳ ᠢᠶᠠᠷ ᠠᠰᠢᠭ | ᠬᠦᠷᠲᠡᠬᠦ ᠭᠤᠤᠯ ᠴᠤᠭᠴᠠ ᠪᠤᠯᠭᠠᠬᠤ ᠶᠢ ᠪᠠᠷᠢᠮᠲᠠᠯᠠᠨ᠂ ᠲᠠᠷᠢᠶᠠᠯᠠᠩ ᠬᠦᠳᠡᠭᠡ ᠲᠤᠰᠬᠤᠨ ᠢᠶᠠᠷ ᠦᠨᠲᠦᠰᠦᠨ | ᠲᠦᠰᠢᠭ ᠪᠤᠯᠭᠠᠨ᠂ ᠲᠠᠷᠢᠶᠠᠴᠢᠨ ᠤ ᠬᠦᠰᠡᠯ ᠡᠷᠡᠮᠡᠯᠵᠡᠯ ᠢ ᠬᠦᠨᠲᠦᠳᠬᠡᠨ᠂ ᠲᠠᠷᠢᠶᠠᠴᠢᠨ ᠤ ᠪᠦᠬᠦᠢ ᠯᠡ ᠶᠠᠪᠤᠴᠠ ᠳᠤ | ᠤᠷᠤᠯᠴᠠᠬᠤ ᠶᠢ ᠴᠢᠬᠤᠯᠠᠴᠢᠯᠠᠨ᠂ ᠲᠠᠷᠢᠶᠠᠴᠢᠳ ᠤᠨ ᠢᠳᠡᠪᠬᠢᠵᠢᠯ ᠪᠠ ᠰᠢᠨ᠎ᠡ ᠪᠦᠲᠦᠭᠡᠯᠴᠢ ᠴᠢᠨᠠᠷ ᠢ ᠲᠠᠶᠢᠴᠢᠯᠠᠨ᠂ | ᠵᠠᠰᠠᠭ ᠤᠨ ᠤᠷᠲᠤᠨ ᠤ ᠳᠡᠮᠵᠢᠯᠭᠡ ᠪᠠ ᠤᠳᠤᠷᠢᠳᠬᠤ ᠡᠷᠴᠢᠮ ᠢ ᠴᠢᠩᠭᠠᠷᠠᠭᠤᠯᠤᠨ᠂ ᠨᠡᠩ ᠤᠯᠠᠨ ᠨᠡᠶᠢᠭᠡᠮ ᠤᠨ | ᠬᠦᠷᠦᠩᠬᠡ ᠵᠤᠭᠤᠰ ᠪᠠ ᠡᠵᠡᠩᠨᠡᠬᠦ ᠭᠤᠤᠯ ᠴᠤᠭᠴᠠ ᠶᠢ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠳᠤ | ᠲᠠᠳᠠᠨ ᠤᠷᠤᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠠᠮᠢᠵᠢᠷᠠᠯ ᠤᠨ ᠬᠦᠴᠦᠨ ᠢ | ᠬᠦᠭᠵᠢᠭᠡᠨ᠎ᠡ᠃ | | ᠠᠭᠤᠯᠤᠭᠳᠠᠬᠤᠨ ᠢ ᠪᠠᠶᠠᠯᠢᠭᠵᠢᠭᠤᠯᠤᠨ᠂ ᠶᠠᠰᠤ ᠴᠢᠨᠠᠷ ᠲᠠᠢ ᠬᠦᠭᠵᠢᠭᠦᠯᠬᠦ᠃ ᠬᠦᠳᠡᠭᠡ ᠲᠤᠰᠬᠤᠨ ᠤ | ᠤᠯᠠᠮᠵᠢᠯᠠᠯᠲᠤ ᠰᠤᠶᠤᠯ ᠪᠠ ᠤᠷᠤᠨ ᠨᠤᠲᠤᠭ ᠤᠨ ᠵᠠᠩ ᠠᠭᠠᠯᠢ ᠶᠢ ᠠᠭᠤᠳᠠᠯᠤᠨ᠂ ᠬᠦᠳᠡᠭᠡ ᠲᠤᠰᠬᠤᠨ ᠤ | ᠲᠡᠦᠬᠡ ᠶᠢᠨ ᠲᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠪᠠ ᠰᠤᠶᠤᠯ ᠤᠨ ᠦᠪ ᠬᠦᠷᠦᠩᠭᠡ ᠶᠢ ᠬᠠᠮᠠᠭᠠᠯᠠᠨ | ᠤᠯᠠᠮᠵᠢᠯᠠᠬᠤ ᠶᠢ ᠴᠢᠩᠭᠠᠳᠬᠠᠨ᠂ ᠤᠲᠤ ᠦᠶ᠎ᠡ ᠶᠢᠨ ᠪᠤᠯᠪᠠᠰᠤᠨ ᠤ ᠰᠢᠯᠢᠳᠡᠭ ᠦᠷ᠎ᠡ ᠪᠦᠳᠦᠭᠡᠯ ᠢ ᠰᠢᠩᠭᠡᠭᠡᠨ | ᠠᠪᠴᠤ ᠬᠠᠮᠠᠭᠠᠯᠠᠨ ᠤᠯᠠᠮᠵᠢᠯᠠᠭᠰᠠᠨ ᠤ ᠰᠠᠭᠤᠷᠢᠨ ᠳᠡᠭᠡᠷ᠎ᠡ ᠪᠦᠲᠦᠭᠡᠯᠴᠢ ᠴᠢᠨᠠᠷ ᠪᠦᠬᠦᠢ ᠬᠤᠪᠢᠷᠠᠨ ᠬᠦᠭᠵᠢᠭᠦᠯᠵᠦ᠂ | ᠬᠦᠳᠡᠭᠡ ᠲᠤᠰᠬᠤᠨ ᠪᠠ ᠲᠠᠷᠢᠶᠠᠴᠢᠳ ᠤᠨ ᠤᠶᠤᠨ ᠰᠠᠨᠠᠭᠠᠨ ᠤ ᠲᠦᠷᠰᠦ ᠪᠠᠶᠢᠳᠠᠯ ᠢ ᠳᠡᠭᠡᠭᠰᠢᠯᠡᠭᠦᠯᠦᠨ᠂ ᠬᠦᠳᠡᠭᠡ | ᠲᠤᠰᠬᠤᠨ ᠤ ᠵᠢᠭᠤᠯᠴᠢᠯᠠᠯ ᠤᠨ ᠬᠦᠮᠦᠨ ᠰᠤᠶᠤᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠬᠦᠳᠡᠭᠡ | ᠲᠤᠰᠬᠤᠨ ᠤ ᠵᠢᠭᠤᠯᠴᠢᠯᠠᠯ ᠤᠨ ᠤᠬᠢ ᠰᠤᠲᠤᠨ᠂ ᠲᠦᠷᠦᠯ ᠲᠡᠮᠲᠡᠭᠵᠢᠭᠰᠡᠨ ᠬᠦᠭᠵᠢᠯᠲᠡ ᠶᠢ ᠠᠬᠢᠭᠤᠯᠤᠨ᠎ᠠ᠃ | | ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠨ᠂ ᠠᠭᠤᠰᠤᠯᠴᠠᠭᠤᠯᠤᠨ ᠬᠦᠭᠵᠢᠭᠦᠯᠬᠦ᠃ ᠡᠬᠢ ᠪᠠᠶᠠᠯᠢᠭ ᠢ | ᠨᠢᠭᠡᠲᠦᠭᠦᠯᠦᠨ᠂ ᠰᠠᠯᠠᠭ᠎ᠠ ᠮᠦᠴᠢᠷ ᠤᠳ ᠬᠤᠯᠪᠤᠭᠠᠯᠠᠨ ᠬᠦᠳᠡᠯᠦᠯᠴᠡᠵᠦ᠂ ᠨᠢᠭᠡᠳᠦᠯᠲᠠᠢ ᠲᠦᠯᠦᠪᠯᠡᠵᠦ ᠠᠬᠢᠭᠤᠯᠤᠨ᠂ | ᠬᠦᠳᠡᠭᠡ ᠲᠤᠰᠬᠤᠨ ᠤ ᠵᠢᠭᠤᠯᠴᠢᠯᠠᠯ ᠪᠠ ᠲᠠᠷᠢᠶᠠᠯᠠᠩ᠂ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ ᠪᠡᠶ᠎ᠡ ᠲᠠᠮᠢᠷ᠂ | ᠡᠷᠡᠭᠦᠯ ᠮᠡᠨᠲᠦ᠂ ᠨᠠᠰᠤᠵᠢᠯ ᠤᠨ ᠠᠰᠠᠷᠠᠮᠵᠢ᠂ ᠰᠤᠶᠤᠯ ᠤᠨ ᠪᠦᠲᠦᠭᠡᠯᠴᠢ ᠲᠦᠰᠦᠪᠯᠡᠯ᠂ ᠲᠡᠦᠬᠡ ᠶᠢᠨ ᠲᠤᠷᠠᠰᠬᠠᠯᠲᠤ | ᠵᠦᠢᠯᠡᠰ ᠢ ᠬᠠᠮᠠᠭᠠᠯᠠᠬᠤ ᠵᠡᠷᠬᠡ ᠬᠦᠷᠢᠶ᠎ᠡ ᠬᠡᠪᠴᠢᠶ᠎ᠡ ᠶᠢᠨ ᠬᠦᠨᠵᠡᠬᠡᠶᠢᠷᠡᠨ ᠠᠭᠤᠰᠤᠯᠴᠠᠬᠤ ᠶᠢ ᠲᠦᠷᠭᠡᠳᠬᠡᠨ᠂ | ᠬᠦᠳᠡᠭᠡ ᠲᠤᠰᠬᠤᠨ ᠤ ᠵᠢᠭᠤᠯᠴᠢᠯᠠᠯ ᠤᠨ ᠰᠢᠨ᠎ᠡ ᠦᠢᠯᠡᠳᠬᠦᠨ ᠰᠢᠨ᠎ᠡ ᠠᠵᠢᠯ ᠤᠨ ᠪᠠᠶᠢᠳᠠᠯ ᠰᠢᠨ᠎ᠡ ᠵᠠᠭᠪᠤᠷ ᠢ | ᠪᠤᠶᠢᠵᠢᠭᠤᠯᠵᠤ᠂ ᠬᠦᠳᠡᠭᠡ ᠲᠤᠰᠬᠤᠨ ᠤ ᠨᠢᠭᠡ ᠬᠤᠶᠠᠷ ᠭᠤᠷᠪᠠᠲᠤᠭᠠᠷ ᠦᠢᠯᠡᠳᠪᠦᠷᠢ ᠶᠢᠨ ᠠᠭᠤᠰᠤᠯᠳᠤᠨ | ᠬᠦᠭᠵᠢᠬᠦ ᠶᠢ ᠠᠬᠢᠭᠤᠯᠬᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠨ ᠤ ᠤᠷᠤᠯᠭ᠎ᠠ ᠨᠡᠮᠡᠭᠳᠡᠬᠦ᠂ | ᠬᠦᠳᠡᠭᠡ ᠲᠤᠰᠬᠤᠨ ᠤᠯᠠᠮ ᠭᠤᠶᠤ ᠪᠤᠯᠬᠤ ᠶᠢ ᠪᠡᠶᠡᠯᠡᠭᠦᠯᠦᠨ᠎ᠡ᠃ | | 3. ᠭᠤᠤᠯ ᠬᠠᠷᠠᠯᠲᠠ | | 2022 ᠤᠨ ᠪᠤᠯᠬᠤ ᠳᠤ᠂ ᠵᠢᠭᠤᠯᠴᠢᠯᠠᠯ ᠤᠨ ᠰᠠᠭᠤᠷᠢ ᠲᠦᠬᠦᠭᠡᠷᠦᠮᠵᠢ ᠪᠠ ᠨᠡᠶᠢᠲᠡ ᠶᠢᠨ | ᠦᠢᠯᠡᠴᠢᠯᠡᠭᠡᠨ ᠤ ᠲᠦᠬᠦᠭᠡᠷᠦᠮᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠦᠳᠡᠭᠡ ᠲᠤᠰᠬᠤᠨ ᠤ | ᠵᠢᠭᠤᠯᠴᠢᠯᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠬᠢᠷᠢ ᠬᠡᠮᠵᠢᠶ᠎ᠡ ᠪᠦᠬᠦ ᠲᠠᠯ᠎ᠠ ᠪᠠᠷ ᠳᠡᠭᠡᠭᠰᠢᠯᠡᠵᠦ᠂ | ᠲᠠᠷᠢᠶᠠᠴᠢᠳ ᠢ ᠪᠠᠶᠠᠵᠢᠭᠤᠯᠤᠨ᠂ ᠲᠠᠷᠢᠶᠠᠴᠢᠳ ᠲᠤ ᠠᠰᠢᠭ ᠬᠦᠷᠳᠡᠭᠡᠬᠦ ᠦᠢᠯᠡᠲᠦᠯ ᠨᠢ ᠨᠡᠩ ᠲᠤᠪᠤᠶᠢᠮ᠎ᠠ ᠪᠤᠯᠵᠤ᠂ | ᠪᠠᠶᠢᠷᠢᠯᠠᠭᠤᠯᠤᠯᠲᠠ ᠵᠤᠬᠢᠰᠲᠠᠢ᠂ ᠲᠦᠷᠦᠯ ᠵᠦᠢᠯ ᠨᠢ ᠤᠯᠠᠨ᠂ ᠦᠢᠯᠡᠳᠦᠯ ᠨᠢ ᠪᠦᠷᠢᠨ ᠲᠡᠭᠦᠯᠳᠡᠷ᠂ ᠦᠪᠡᠷᠮᠢᠴᠠ | ᠤᠨᠴᠠᠯᠢᠭ ᠨᠢ ᠲᠤᠪᠤᠶᠢᠮ᠎ᠠ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠪᠦᠲᠦᠴᠡ ᠶᠢ | ᠦᠨᠳᠦᠰᠦᠨ ᠳᠤ ᠪᠠᠨ ᠲᠦᠯᠦᠪᠰᠢᠷᠡᠭᠦᠯᠦᠨᠡ᠃ ᠬᠤᠶᠠᠷ᠂ ᠲᠦᠯᠦᠪᠵᠢᠭᠦᠯᠦᠨ ᠤᠳᠤᠷᠢᠳᠬᠤ ᠶᠢ ᠴᠢᠩᠭᠠᠳᠬᠠᠨ᠂ | ᠤᠷᠤᠨ ᠪᠦᠰᠡ ᠶᠢᠨ ᠪᠠᠶᠢᠷᠢᠯᠠᠭᠤᠯᠤᠯᠳᠠ ᠶᠢ ᠰᠢᠯᠢᠳᠡᠭᠵᠢᠭᠦᠯᠬᠦ | | 4. ᠬᠦᠳᠡᠭᠡ ᠲᠤᠰᠬᠤᠨ ᠤ ᠵᠢᠭᠤᠯᠴᠢᠯᠠᠯ ᠤᠨ ᠤᠷᠤᠨ ᠪᠦᠰᠡ ᠶᠢᠨ ᠪᠦᠬᠦᠯᠢ ᠴᠤᠭᠴᠠ ᠶᠢᠨ | ᠪᠠᠶᠢᠷᠢᠯᠠᠭᠤᠯᠤᠯᠳᠠ ᠶᠢ ᠰᠢᠯᠢᠳᠡᠭᠵᠢᠭᠦᠯᠬᠦ | | ᠵᠢᠭᠤᠯᠴᠢᠯᠠᠯ ᠤᠨ ᠦᠢᠯᠡᠳᠭᠦᠨ ᠪᠠ ᠵᠠᠬ᠎ᠠ ᠳᠡᠯᠭᠡᠭᠦᠷ ᠤᠨ ᠬᠠᠷᠢᠴᠠᠩᠭᠤᠢ ᠪᠤᠯᠪᠠᠰᠤᠷᠠᠩᠭᠤᠢ ᠤᠷᠤᠨ ᠪᠦᠰᠡ᠂ | ᠵᠠᠮ ᠬᠠᠷᠢᠯᠴᠠᠭ᠎ᠠ ᠶᠢᠨ ᠭᠤᠤᠯ ᠱᠤᠭᠤᠮ ᠪᠠ A ᠳᠡᠰ ᠤᠨ ᠦᠵᠡᠮᠵᠢ ᠶᠢᠨ ᠤᠷᠤᠨ ᠤ ᠡᠷᠬᠢᠨ ᠲᠤᠭᠤᠷᠢᠨ ᠤ | ᠬᠦᠳᠡᠭᠡ ᠲᠤᠰᠬᠤᠨ ᠤ ᠵᠢᠭᠤᠯᠴᠢᠯᠠᠯ ᠢ ᠬᠦᠨᠵᠡᠬᠡᠶᠢᠷᠡᠭᠦᠯᠦᠨ ᠬᠦᠭᠵᠢᠭᠦᠯᠬᠦ ᠪᠠ ᠬᠦᠳᠡᠭᠡ ᠲᠤᠰᠬᠤᠨ ᠤ | ᠵᠢᠭᠤᠯᠴᠢᠯᠠᠯ ᠤᠨ ᠬᠡᠪᠴᠢᠶᠡᠵᠢᠬᠦ᠂ ᠲᠦᠪᠯᠡᠷᠡᠰᠢᠬᠦ ᠶᠢ ᠠᠬᠢᠭᠤᠯᠤᠨ᠎ᠠ᠃ ᠵᠡᠭᠦᠨ ᠬᠡᠰᠡᠭ ᠤᠨ ᠭᠠᠵᠠᠷ ᠤᠷᠤᠨ ᠤ ᠲᠦᠪ | ᠬᠤᠳᠠ ᠶᠢᠨ ᠲᠤᠭᠤᠷᠢᠨ ᠳᠤ ᠦᠢᠯᠡᠴᠢᠯᠡᠬᠦ ᠶᠢ ᠵᠤᠷᠢᠭᠵᠢᠭᠤᠯᠤᠨ᠂ ᠶᠡᠭᠡ ᠬᠤᠳᠠ ᠶᠢᠨ ᠲᠤᠭᠤᠷᠢᠨ ᠳᠤ ᠪᠠᠶᠢᠬᠤ | ᠬᠦᠳᠡᠭᠡ ᠲᠤᠰᠬᠤᠨ ᠤ ᠵᠢᠭᠤᠯᠴᠢᠯᠠᠯ ᠤᠨ ᠪᠦᠰᠡ ᠶᠢᠨ ᠪᠦᠲᠦᠭᠡᠨ ᠪᠠᠶᠢᠭᠤᠯᠤᠯᠳᠠ ᠶᠢ ᠭᠤᠤᠯᠳᠠᠯᠭ᠎ᠠ ᠲᠠᠢ | ᠠᠬᠢᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ | ᠬᠦᠳᠡᠭᠡ ᠲᠤᠰᠬᠤᠨ ᠤ ᠵᠢᠭᠤᠯᠴᠢᠯᠠᠯ ᠤᠨ ᠵᠤᠷᠢᠭᠰᠠᠨ ᠭᠠᠵᠠᠷ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠤᠨ᠎ᠠ᠃ | ᠲᠤᠮᠳᠠᠲᠤ ᠪᠠᠷᠠᠭᠤᠨ ᠬᠡᠰᠡᠭ ᠭᠠᠵᠠᠷ ᠤᠷᠤᠨ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠤᠨ᠂ | ᠬᠦᠳᠡᠭᠡ ᠲᠤᠰᠬᠤᠨ ᠤ ᠵᠢᠭᠤᠯᠴᠢᠯᠠᠯ ᠬᠢᠭᠡᠳ ᠰᠢᠨ᠎ᠡ ᠮᠠᠶ᠋ᠢᠭ ᠤᠨ ᠬᠤᠳᠠ ᠪᠠᠯᠭᠠᠰᠤ ᠶᠢ ᠤᠷᠭᠠᠨᠢᠭ ᠢᠶᠠᠷ | ᠤᠶᠠᠯᠳᠤᠭᠤᠯᠤᠨ᠂ ᠡᠷᠳᠡᠨ ᠤ ᠪᠠᠯᠭᠠᠰᠤ ᠲᠤᠰᠬᠤᠨ᠂ ᠦᠨᠳᠦᠰᠦᠲᠡᠨ ᠤ ᠤᠨᠴᠠᠯᠢᠭᠲᠦ ᠲᠤᠰᠬᠤᠨ᠂ ᠰᠤᠶᠤᠯ ᠤᠨ | ᠲᠤᠰᠬᠤᠨ ᠪᠠᠯᠭᠠᠰᠤ ᠶᠢ ᠵᠤᠬᠢᠰᠲᠠᠢ ᠠᠰᠢᠭᠯᠠᠨ᠂ ︽ᠭᠤᠷᠪᠠᠨ ᠲᠤᠭᠤᠷᠢᠭ ᠭᠤᠷᠪᠠᠨ ᠱᠤᠭᠤᠮ︾ ᠤᠨ ᠶᠠᠳᠠᠭᠤ | ᠬᠦᠴᠢᠷᠳᠡᠯ ᠲᠠᠢ ᠭᠠᠵᠠᠷ ᠤᠷᠤᠨ ᠤ ᠵᠢᠭᠤᠯᠴᠢᠯᠠᠯ ᠤᠨ ᠴᠠᠭᠠᠷᠢᠭ ᠢ ᠪᠦᠲᠦᠭᠡᠨ ᠪᠠᠶᠢᠭᠤᠯᠵᠤ᠂ ᠨᠢᠭᠡ ᠬᠡᠰᠡᠭ ᠬᠦᠳᠡᠭᠡ | ᠲᠤᠰᠬᠤᠨ ᠤ ᠵᠢᠭᠤᠯᠴᠢᠯᠠᠯ ᠤᠨ ᠰᠢᠯᠢᠳᠡᠭ ᠱᠤᠭᠤᠮ ᠢ ᠪᠤᠶᠢᠵᠢᠭᠤᠯᠤᠨ᠂ ᠵᠡᠭᠦᠨ ᠬᠤᠶᠢᠲᠦ ᠤᠨ ᠭᠠᠵᠠᠷ ᠤᠷᠤᠨ ᠤ | ᠲᠠᠷᠢᠶᠠᠯᠠᠩ᠂ ᠤᠢ ᠰᠢᠭᠤᠢ᠂ ᠵᠤᠰᠠᠯᠠᠩ᠂ ᠮᠦᠰᠦ ᠴᠠᠰᠤ ᠵᠡᠷᠭᠡ ᠳᠠᠪᠠᠭᠤᠯᠢᠭ ᠲᠠᠯ᠎ᠠ ᠳᠤ ᠲᠦᠰᠢᠭᠯᠡᠨ᠂ | ᠵᠤᠰᠠᠯᠠᠩ ᠤᠨ ᠵᠢᠭᠤᠯᠴᠢᠯᠠᠯ᠂ ᠮᠦᠰᠦ ᠴᠠᠰᠤᠨ ᠤ ᠵᠢᠭᠤᠯᠴᠢᠯᠠᠯ᠂ ᠤᠢ ᠰᠢᠭᠤᠢ ᠶᠢᠨ ᠵᠢᠭᠤᠯᠴᠢᠯᠠᠯ᠂ ᠡᠷᠡᠭᠦᠯᠵᠢᠯ | ᠰᠤᠪᠢᠯᠠᠯᠲᠠ ᠶᠢᠨ ᠵᠢᠭᠤᠯᠴᠢᠯᠠᠯ᠂ ᠵᠠᠩ ᠦᠢᠯᠡ ᠶᠢᠨ ᠵᠢᠭᠤᠯᠴᠢᠯᠠᠯ ᠵᠡᠷᠭᠡ ᠶᠢ ᠭᠤᠤᠯᠳᠠᠯᠭ᠎ᠠ ᠲᠠᠢ ᠦᠷᠨᠢᠭᠦᠯᠦᠨ᠂ | ᠬᠦᠳᠡᠭᠡ ᠲᠤᠰᠬᠤᠨ ᠤ ᠵᠢᠭᠤᠯᠴᠢᠯᠠᠯ ᠤᠨ ᠬᠢᠯᠢ ᠠᠯᠤᠰᠤᠯᠠᠭᠰᠠᠨ ᠰᠤᠯᠢᠯᠴᠠᠭ᠎ᠠ ᠬᠢᠭᠦ ᠶᠢ ᠰᠦᠪᠡᠭᠴᠢᠯᠡᠨ | ᠬᠦᠭᠵᠢᠭᠦᠯᠵᠦ᠂ ᠬᠦᠳᠡᠭᠡ ᠲᠤᠰᠬᠤᠨ ᠤ ᠵᠢᠭᠤᠯᠴᠢᠯᠠᠯ ᠤᠨ ᠰᠢᠨ᠎ᠡ ᠦᠨᠳᠦᠷᠴᠠ ᠶᠢ ᠪᠦᠲᠦᠭᠡᠬᠦ ᠶᠢ ᠵᠤᠷᠢᠭᠵᠢᠭᠤᠯᠤᠨ᠎ᠠ | ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ ᠲᠠᠷᠢᠶᠠᠯᠠᠩ | ᠬᠦᠳᠡᠭᠡ ᠲᠤᠰᠬᠤᠨ ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠪᠡᠶ᠎ᠡ ᠲᠠᠮᠢᠷ ᠤᠨ ᠶᠡᠷᠦᠩᠬᠡᠢ | ᠲᠤᠪᠴᠢᠶ᠎ᠠ᠂ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠡᠭᠦᠷᠭᠡ ᠬᠠᠷᠢᠭᠤᠴᠠᠯᠭ᠎ᠠ ᠶᠢᠨ ᠶᠤᠰᠤᠭᠠᠷ | ᠬᠤᠪᠢᠶᠠᠷᠢᠯᠠᠨ ᠬᠠᠷᠢᠭᠤᠴᠠᠨ᠎ᠠ᠃︶ | | 5. ᠬᠦᠳᠡᠭᠡ ᠲᠤᠰᠬᠤᠨ ᠤ ᠵᠢᠭᠤᠯᠴᠢᠯᠠᠯ ᠤᠨ ᠤᠷᠤᠨ ᠤ ᠬᠠᠮᠵᠢᠯᠴᠠᠨ ᠬᠦᠭᠵᠢᠭᠦ ᠶᠢ ᠠᠬᠢᠭᠤᠯᠤᠨ᠎ᠠ | | ᠵᠡᠭᠦᠨ᠂ ᠲᠤᠮᠳᠠ ᠪᠠᠷᠠᠭᠤᠨ ᠬᠡᠰᠡᠭ ᠤᠨ ᠵᠢᠭᠤᠯᠴᠢᠯᠠᠯ ᠤᠨ ᠬᠠᠮᠵᠢᠯᠴᠠᠭ᠎ᠠ ᠶᠢ ᠴᠢᠩᠭᠠᠳᠬᠠᠨ᠂ | ᠵᠢᠭᠤᠯᠴᠢᠯᠠᠭᠴᠢᠳ ᠪᠠ ᠵᠠᠬ᠎ᠠ ᠳᠡᠯᠭᠡᠭᠦᠷ ᠤᠨ ᠬᠦᠴᠦᠨ ᠵᠦᠢᠯ ᠤᠨ ᠭᠦᠢᠯᠭᠡᠭᠡᠨ ᠢ ᠠᠬᠢᠭᠤᠯᠤᠨ᠂ ᠬᠠᠷᠢᠯᠴᠠᠨ | ᠵᠤᠴᠢᠨ ᠲᠤ ᠦᠢᠯᠡᠴᠢᠯᠡᠬᠦ᠂ ᠬᠠᠷᠢᠯᠴᠠᠨ ᠵᠠᠬ᠎ᠠ ᠳᠡᠯᠭᠡᠭᠦᠷ ᠲᠤ ᠦᠢᠯᠡᠴᠢᠯᠡᠬᠦ᠂ ᠬᠠᠮᠲᠤᠷᠠᠨ ᠬᠦᠭᠵᠢᠬᠦ ᠪᠠᠶᠢᠳᠠᠯ ᠢ ᠪᠤᠢ | ᠪᠤᠯᠭᠠᠨ᠎ᠠ᠃ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠭᠦᠨ ᠢ ᠬᠤᠳᠠ ᠶᠢᠨ ᠰᠠᠭᠤᠭᠠᠯᠢ ᠠᠷᠠᠳ ᠤᠨ | ᠶᠡᠷᠦ ᠶᠢᠨ ᠬᠡᠷᠡᠭᠴᠡᠭᠡ ᠳᠤ ᠨᠡᠶᠢᠴᠡᠭᠦᠯᠬᠦ ᠶᠢ ᠴᠢᠩᠭᠠᠳᠬᠠᠨ᠂ ᠬᠤᠳᠠ ᠬᠦᠳᠡᠭᠡ ᠶᠢᠨ ᠰᠠᠭᠤᠷᠢ ᠲᠦᠭᠦᠭᠡᠷᠦᠮᠵᠢ ᠪᠠ | ᠤᠯᠠᠨ ᠨᠡᠶᠢᠲᠡ ᠶᠢᠨ ᠦᠢᠯᠡᠴᠢᠯᠡᠭᠡ ᠶᠢ ᠨᠢᠭᠡᠲᠦᠯᠲᠠᠢ ᠲᠦᠯᠦᠪᠯᠡᠨ᠂ ᠬᠤᠳᠠ ᠶᠢᠨ ᠴᠢᠳᠠᠪᠤᠷᠢᠳᠠᠨ᠂ ᠤᠶᠤᠨ ᠤ ᠡᠬᠢ | ᠪᠠᠶᠠᠯᠢᠭ ᠤᠨ ᠬᠦᠳᠡᠭᠡ ᠲᠤᠰᠬᠤᠨ ᠤ ᠵᠢᠭᠤᠯᠴᠢᠯᠠᠯ ᠢ ᠳᠡᠮᠵᠢᠭᠦ ᠶᠢ ᠦᠷᠭᠡᠳᠬᠡᠨ᠂ ᠬᠤᠳᠠ ᠬᠦᠳᠡᠭᠡ ᠶᠢᠨ | ᠬᠤᠭᠤᠷᠤᠨᠲᠤᠬᠢ ᠬᠦᠮᠦᠰ ᠤᠨ ᠶᠠᠪᠤᠯᠴᠠᠭ᠎ᠠ᠂ ᠰᠤᠷᠠᠭ ᠴᠢᠮᠡᠭᠡᠨ ᠤ ᠨᠡᠪᠲᠡᠷᠡᠯᠴᠡᠭᠡ᠂ ᠬᠦᠷᠦᠩᠭᠡ ᠶᠢᠨ ᠰᠢᠯᠵᠢᠯᠲᠡ ᠶᠢ | ᠠᠬᠢᠭᠤᠯᠤᠨ᠂ ᠬᠤᠳᠠ ᠬᠦᠳᠡᠭᠡ ᠶᠢᠨ ᠨᠢᠭᠡ ᠴᠤᠭᠴᠠᠯᠠᠯᠳᠠ ᠶᠢᠨ ᠬᠦᠭᠵᠢᠯᠲᠡ ᠶᠢᠨ ᠠᠬᠢᠴᠠ ᠶᠢ ᠲᠦᠷᠭᠡᠳᠬᠡᠨ᠎ᠡ᠃ | ᠵᠢᠭᠤᠯᠴᠢᠯᠠᠯ ᠤᠨ ᠡᠬᠢ ᠪᠠᠶᠠᠯᠢᠭ ᠤᠨ ᠠᠰᠢᠭᠯᠠᠯᠲᠠ ᠶᠢᠨ ᠪᠦᠬᠦᠯᠢ ᠴᠤᠭᠴᠠᠲᠤ ᠴᠢᠨᠠᠷ ᠢ ᠴᠢᠬᠤᠯᠠᠴᠢᠯᠠᠨ᠂ | ᠵᠡᠷᠭᠡᠯᠡᠳᠡᠭᠡ ᠭᠠᠵᠠᠷ ᠤᠷᠤᠨ ᠤ ᠪᠠᠨ ᠵᠠᠰᠠᠭ ᠵᠠᠬᠢᠷᠭᠠᠨ ᠤ ᠪᠠᠬᠢᠯᠡᠯᠳᠡ ᠶᠢ ᠳᠠᠪᠠᠨ᠂ ᠲᠦᠯᠦᠪᠵᠢᠭᠦᠯᠭᠡ ᠶᠢ | ᠨᠢᠭᠡᠲᠦᠯᠵᠢᠭᠦᠯᠬᠦ᠂ ᠬᠠᠮᠲᠤᠷᠠᠨ ᠬᠦᠭᠵᠢᠬᠦ ᠶᠢ ᠵᠤᠷᠢᠭᠵᠢᠭᠤᠯᠬᠤ᠂ ᠠᠯᠳᠠᠷᠲᠤ ᠦᠵᠡᠮᠵᠢ ᠶᠢᠨ ᠤᠷᠤᠨ᠂ ᠨᠡᠷᠡᠲᠠᠢ | ᠲᠡᠦᠬᠡᠲᠦ ᠰᠤᠶᠤᠯ ᠤᠨ ᠬᠤᠳᠠ ᠪᠠᠯᠭᠠᠰᠤ᠂ ᠦᠪᠡᠷᠮᠢᠴᠠ ᠤᠨᠴᠠᠯᠢᠭᠲᠦ ᠵᠢᠭᠤᠯᠴᠢᠯᠠᠯ ᠤᠨ ᠨᠡᠷᠡᠲᠦ ᠪᠠᠯᠭᠠᠰᠣ᠂ | ᠤᠯᠠᠮᠵᠢᠯᠠᠯᠲᠤ ᠲᠤᠰᠬᠤᠨ ᠢ ᠲᠦᠰᠢᠭᠯᠡᠨ ᠨᠡᠷᠡᠲᠦ ᠦᠵᠡᠮᠵᠢ᠂ ᠨᠡᠷᠡᠲᠦ ᠬᠤᠳᠠ᠂ ᠨᠡᠷᠡᠲᠦ ᠪᠠᠯᠭᠠᠰᠤ᠂ ᠨᠡᠷᠡᠲᠦ | ᠲᠤᠰᠬᠤᠨ ᠵᠡᠷᠭᠡ ︽ᠲᠦᠷᠪᠡᠨ ᠨᠡᠷᠡᠲᠦ ᠶᠢ ᠨᠢᠭᠡ ᠴᠤᠭᠴᠠᠵᠢᠭᠤᠯᠬᠤ︾ ᠠᠷᠭ᠎ᠠ ᠪᠠᠷ ᠪᠦᠬᠦ ᠤᠷᠤᠨ ᠤ | ᠵᠢᠭᠤᠯᠴᠢᠯᠠᠯ ᠤᠨ ᠬᠦᠭᠵᠢᠯᠲᠡ ᠶᠢᠨ ᠬᠡᠪ ᠮᠠᠶ᠋ᠢᠭ ᠢ ᠰᠦᠪᠡᠭᠴᠢᠯᠡᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ | ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠪᠠᠶᠢᠭᠠᠯᠢ ᠶᠢᠨ | ᠡᠬᠢ ᠪᠠᠶᠠᠯᠢᠭ ᠤᠨ ᠶᠠᠮᠤᠨ᠂ ᠤᠷᠤᠨ ᠰᠠᠭᠤᠴᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠶᠠᠮᠤᠨ᠂ | ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠡᠭᠦᠷᠭᠡ ᠬᠠᠷᠢᠭᠤᠴᠠᠯᠭ᠎ᠠ ᠶᠢᠨ | ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶ | | 6. ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠲᠦᠯᠦᠪᠵᠢᠭᠦᠯᠦᠯᠬᠡ ᠶᠢ ᠲᠤᠭᠳᠠᠭᠠᠨ᠎ᠠ | | ᠡᠯ᠎ᠡ ᠭᠠᠵᠠᠷ ᠤᠷᠤᠨ ᠨᠢ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢ ᠴᠢᠬᠤᠯᠠ ᠠᠭᠤᠯᠭ᠎ᠠ | ᠪᠤᠯᠭᠠᠨ ᠠᠵᠤ ᠠᠬᠤᠢ ᠶᠢᠨ ᠨᠡᠶᠢᠭᠡᠮ ᠤᠨ ᠬᠦᠭᠵᠢᠯᠲᠡ ᠶᠢᠨ ᠲᠦᠯᠦᠪᠵᠢᠭᠦᠯᠭᠡ᠂ ᠨᠤᠲᠤᠭ ᠳᠡᠪᠢᠰᠬᠡᠷ ᠤᠨ ᠤᠷᠤᠨ | ᠵᠠᠢ ᠶᠢᠨ ᠲᠦᠯᠦᠪᠵᠢᠭᠦᠯᠭᠡ ᠵᠢᠴᠢ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠳᠠ᠂ ᠠᠮᠢ ᠠᠬᠤᠢ ᠤᠷᠴᠢᠨ | ᠲᠤᠭᠤᠷᠢᠨ ᠢ ᠬᠠᠮᠠᠭᠠᠯᠠᠬᠤ ᠵᠡᠷᠭᠡ ᠶᠢᠨ ᠲᠤᠰᠬᠠᠢ ᠵᠦᠢᠯ ᠤᠨ ᠲᠦᠯᠦᠪᠵᠢᠭᠦᠯᠭᠡ ᠳᠤ ᠤᠷᠤᠭᠤᠯᠬᠤ ᠪᠤᠯᠤᠨ᠂ | ᠲᠦᠯᠦᠪᠵᠢᠭᠦᠯᠭᠡ ᠳᠤ ᠪᠠᠨ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠱᠠᠭᠠᠷᠳᠠᠯᠭ᠎ᠠ ᠶᠢ ᠭᠦᠢᠴᠡᠳ | ᠬᠠᠷᠠᠭᠤᠯᠤᠭᠰᠠᠨ ᠪᠠᠶᠢᠬᠤ ᠬᠡᠷᠡᠭᠲᠠᠢ᠃ ᠨᠦᠬᠦᠴᠡᠯ ᠲᠠᠢ ᠭᠠᠵᠠᠷ ᠤᠷᠤᠨ ᠤ ᠬᠦᠳᠡᠭᠡ ᠲᠤᠰᠬᠤᠨ ᠤ ᠵᠢᠭᠤᠯᠴᠢᠯᠠᠯ ᠤᠨ | ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠪᠠ ᠬᠦᠭᠵᠢᠯᠲᠡ ᠶᠢᠨ ᠪᠠᠶᠢᠳᠠᠯ ᠤᠨ ᠪᠠᠶᠢᠴᠠᠭᠠᠯᠲᠠ ᠶᠢ ᠵᠤᠬᠢᠶᠠᠨ | ᠪᠠᠶᠢᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠲᠦᠯᠦᠪᠵᠢᠭᠦᠯᠭᠡ ᠶᠢ | ᠨᠠᠶᠢᠳᠠᠪᠦᠷᠢᠵᠢᠭᠤᠯᠤᠨ᠂ ᠵᠠᠰᠠᠭ ᠵᠠᠬᠢᠷᠭᠠᠨ ᠤ ᠭᠠᠵᠠᠷ ᠤᠷᠤᠨ ᠤ ᠬᠢᠵᠠᠭᠠᠷᠯᠠᠯ ᠢ ᠰᠢᠪᠲᠤᠯᠬᠤ ᠶᠢ ᠵᠤᠷᠢᠭᠵᠢᠭᠤᠯᠤᠨ᠂ | ᠵᠢᠭᠤᠯᠴᠢᠯᠠᠯ ᠤᠨ ᠡᠬᠢ ᠪᠠᠶᠠᠯᠢᠭ ᠤᠨ ᠤᠷᠤᠨ ᠪᠦᠰᠡ ᠠᠯᠤᠰᠯᠠᠨ ᠨᠢᠭᠡᠳᠬᠦ᠂ ᠤᠷᠤᠨ ᠪᠦᠰᠡ ᠶᠢᠨ ᠴᠢᠨᠠᠷ ᠲᠠᠢ | ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠳᠠᠭᠠᠬᠤ ᠶᠢ ᠳᠡᠮᠵᠢᠨ᠎ᠡ᠃ | ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠲᠦᠯᠦᠪᠵᠢᠭᠦᠯᠭᠡ ᠨᠢ ᠲᠤᠬᠠᠢ ᠶᠢᠨ ᠭᠠᠵᠠᠷ ᠤᠨ ᠪᠤᠳᠠᠲᠤ | ᠪᠠᠶᠢᠳᠠᠯ ᠲᠠᠢ ᠪᠠᠨ ᠨᠡᠶᠢᠴᠡᠬᠦ᠂ ᠤᠷᠤᠨ ᠨᠤᠲᠤᠭ ᠤᠨ ᠵᠠᠩᠰᠢᠯ᠂ ᠬᠡᠪ ᠨᠠᠮᠪᠠ ᠬᠢᠭᠡᠳ ᠰᠤᠶᠤᠯ ᠤᠨ ᠤᠯᠠᠮᠵᠢᠯᠠᠯ ᠢ | ᠡᠷᠴᠢᠮᠵᠢᠭᠦᠯᠦᠨ᠂ ᠲᠤᠰᠬᠤᠨ ᠤ ᠠᠷᠠᠳ ᠤᠨ ᠬᠦᠭᠵᠢᠬᠦ ᠶᠢᠨ ᠡᠷᠡᠮᠡᠯᠵᠡᠯ ᠢ ᠬᠦᠨᠲᠦᠳᠬᠡᠨ᠂ ᠨᠤᠲᠤᠭ ᠲᠡᠪᠢᠰᠬᠡᠷ | ᠤᠷᠤᠨ ᠵᠠᠢ ᠶᠢᠨ ᠲᠦᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠦᠷᠢᠵᠢᠭᠤᠯᠤᠨ᠂ ᠲᠤᠬᠠᠢ ᠶᠢᠨ | ᠭᠠᠵᠠᠷ ᠲᠤ ᠨᠢ ᠬᠡᠷᠡᠭᠵᠢᠭᠦᠯᠬᠦ ᠶᠢ ᠴᠢᠬᠤᠯᠠᠴᠢᠯᠠᠨ᠎ᠠ᠃ ᠲᠠᠷᠢᠶᠠᠨ ᠭᠠᠵᠠᠷ ᠢ ᠴᠢᠩᠭ᠎ᠠ ᠬᠠᠮᠠᠭᠠᠯᠠᠨ᠂ ᠲᠤᠭᠳᠠᠮᠠᠯ | ᠰᠠᠭᠤᠷᠢ ᠲᠠᠷᠢᠶ᠎ᠠ ᠶᠢᠨ ᠡᠵᠡᠮᠰᠢᠯ ᠱᠤᠭᠤᠮ ᠢ ᠬᠡᠷᠡᠭᠵᠢᠭᠦᠯᠬᠦ ᠶᠢᠨ ᠬᠠᠮᠲᠤ ᠲᠤᠰᠬᠠᠢ ᠬᠠᠮᠠᠭᠠᠯᠠᠯᠲᠠ ᠶᠠᠪᠤᠭᠤᠯᠤᠨ᠎ᠠ᠃ | ᠲᠤᠰᠬᠠᠢ ᠨᠠᠶᠢᠷᠠᠭᠤᠯᠤᠨ ᠵᠤᠬᠢᠶᠠᠭᠰᠠᠨ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ | ᠲᠦᠯᠦᠪᠵᠢᠭᠦᠯᠭᠡ ᠨᠢ ᠪᠠᠯᠭᠠᠰᠤ ᠶᠢᠨ ᠲᠦᠯᠦᠪᠵᠢᠭᠦᠯᠭᠡ᠂ ᠰᠢᠶᠠᠨ ᠤ ᠲᠦᠯᠦᠪᠵᠢᠭᠦᠯᠭᠡ ᠪᠠ ᠲᠤᠰᠬᠤᠨ ᠤ | ᠲᠦᠯᠦᠪᠵᠢᠭᠦᠯᠭᠡ ᠶᠢᠨ ᠬᠤᠯᠪᠤᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠠᠢ᠃ ︵ᠰᠤᠶᠤᠯ ᠪᠠ | ᠵᠢᠭᠤᠯᠴᠢᠯᠠᠯ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ ᠠᠮᠢ ᠠᠬᠤᠢ ᠤᠷᠴᠢᠨ ᠲᠤᠭᠤᠷᠢᠨ ᠤ | ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠷᠤᠨ ᠰᠠᠭᠤᠴᠠ ᠬᠤᠳᠠ ᠬᠦᠳᠡᠭᠡ ᠶᠢᠨ ᠪᠦᠲᠦᠭᠡᠨ | ᠪᠠᠶᠢᠭᠤᠯᠤᠯᠳᠠ ᠶᠢᠨ ᠶᠠᠮᠤᠨ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠲᠡᠦᠬᠡ ᠶᠢᠨ ᠲᠤᠷᠠᠰᠬᠠᠯᠲᠤ ᠵᠦᠢᠯ ᠤᠨ | ᠲᠤᠪᠴᠢᠶ᠎ᠠ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶ | ᠭᠤᠷᠪᠠ᠂ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠦᠨ᠂ ᠨᠡᠶᠢᠲᠡ ᠶᠢᠨ ᠦᠢᠯᠡᠴᠢᠯᠡᠭᠡ ᠶᠢ | ᠳᠡᠭᠡᠭᠰᠢᠯᠡᠭᠦᠯᠦᠨ᠎ᠡ | | 7. ᠬᠦᠳᠡᠭᠡ ᠲᠤᠰᠬᠤᠨ ᠤ ᠵᠢᠭᠤᠯᠴᠢᠯᠠᠯ ᠤᠨ ᠰᠠᠭᠤᠷᠢ ᠲᠦᠭᠦᠭᠡᠷᠦᠮᠵᠢ ᠶᠢ ᠰᠠᠶᠢᠵᠢᠷᠠᠭᠤᠯᠬᠤ | | ᠦᠵᠡᠰᠭᠦᠯᠡᠩᠲᠦ ᠰᠠᠶᠢᠬᠠᠨ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ᠂ ᠰᠢᠨ᠎ᠡ ᠮᠠᠶ᠋ᠢᠭ ᠤᠨ | ᠬᠤᠳᠠᠴᠢᠯᠠᠯᠳᠠ ᠶᠢᠨ ᠪᠦᠲᠦᠭᠡᠨ ᠪᠠᠶᠢᠭᠤᠯᠤᠯᠲᠠ᠂ ᠠᠷᠠᠳ ᠢ ᠰᠢᠯᠵᠢᠭᠦᠯᠦᠨ ᠨᠡᠭᠦᠯᠬᠡᠬᠦ ᠵᠡᠷᠭᠡ ᠠᠵᠢᠯ ᠢ | ᠤᠶᠠᠯᠳᠤᠭᠤᠯᠤᠨ ᠬᠦᠳᠡᠭᠡ ᠲᠤᠰᠬᠤᠨ ᠤ ᠨᠤᠭᠤᠭᠠᠷᠠᠭᠤᠯᠲᠠ᠂ ᠭᠤᠶᠤᠵᠢᠭᠤᠯᠤᠯᠲᠠ ᠶᠢ ᠪᠡᠶᠡᠯᠡᠭᠦᠯᠵᠦ᠂ ᠬᠦᠳᠡᠭᠡ | ᠲᠤᠰᠬᠤᠨ ᠤ ᠦᠵᠡᠮᠵᠢ᠂ ᠬᠦᠳᠡᠭᠡ ᠲᠤᠰᠬᠤᠨ ᠤ ᠵᠢᠭᠤᠯᠴᠢᠯᠠᠯ ᠤᠨ ᠤᠷᠴᠢᠨ ᠲᠤᠭᠤᠷᠢᠨ ᠢ ᠰᠠᠶᠢᠵᠢᠷᠠᠭᠤᠯᠤᠨ᠎ᠠ᠃ | ᠵᠠᠮ ᠬᠠᠷᠢᠯᠴᠠᠭ᠎ᠠ ᠶᠢᠨ ᠭᠤᠤᠯ ᠱᠤᠭᠤᠮ᠂ ᠵᠢᠭᠤᠯᠴᠢᠯᠠᠯ ᠤᠨ ᠭᠤᠤᠯ ᠦᠵᠡᠮᠵᠢ ᠶᠢᠨ ᠤᠷᠤᠨ ᠠᠴᠠ ᠬᠦᠳᠡᠭᠡ | ᠲᠤᠰᠬᠤᠨ ᠤ ᠵᠢᠭᠤᠯᠴᠢᠯᠠᠯ ᠤᠨ ᠭᠠᠵᠠᠷ ᠬᠦᠷᠲᠡᠯᠡᠬᠢ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠳᠠ ᠶᠢ | ᠲᠦᠷᠭᠡᠳᠬᠡᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠤᠷᠤᠵᠤ ᠪᠤᠯᠬᠤᠶᠢᠴᠠ ᠴᠢᠨᠠᠷ ᠢ ᠳᠡᠭᠡᠭᠰᠢᠯᠡᠭᠦᠯᠦᠨ᠂ | ᠨᠦᠬᠦᠴᠡᠯ ᠲᠠᠢ ᠵᠢᠭᠤᠯᠴᠢᠯᠠᠯ ᠤᠨ ᠬᠤᠳᠠ ᠪᠠ ᠵᠢᠭᠤᠯᠴᠢᠯᠠᠭᠴᠢᠳ ᠤᠨ ᠲᠦᠪᠯᠡᠷᠡᠭᠰᠡᠨ ᠬᠦᠳᠡᠭᠡ ᠲᠤᠰᠬᠤᠨ ᠤ | ᠵᠢᠭᠤᠯᠴᠢᠯᠠᠯ ᠤᠨ ᠭᠠᠵᠠᠷ ᠤᠷᠤᠨ ᠤ ᠬᠤᠭᠤᠷᠤᠨᠲᠦ ᠪᠠᠨ ᠬᠦᠳᠡᠭᠡ ᠲᠤᠰᠬᠤᠨ ᠤ ᠵᠢᠭᠤᠯᠴᠢᠯᠠᠯ ᠤᠨ ᠨᠡᠶᠢᠲᠡ ᠶᠢᠨ | ᠮᠠᠰᠢᠨ ᠲᠡᠷᠭᠡ᠂ ᠬᠦᠳᠡᠭᠡ ᠲᠤᠰᠬᠤᠨ ᠤ ᠵᠢᠭᠤᠯᠴᠢᠯᠠᠯ ᠤᠨ ᠰᠢᠭᠤᠳ ᠨᠡᠪᠲᠡᠷᠡᠬᠦ ᠲᠡᠷᠭᠡ ᠵᠡᠷᠭᠡ ᠶᠢ ᠨᠡᠪᠲᠡᠷᠡᠭᠦᠯᠬᠦ ᠶᠢ | ᠵᠤᠷᠢᠭᠵᠢᠭᠤᠯᠤᠨ ᠬᠤᠳᠠ ᠶᠢᠨ ᠰᠠᠭᠤᠭᠠᠯᠢ ᠠᠷᠠᠳ ᠪᠠ ᠵᠢᠭᠤᠯᠴᠢᠯᠠᠭᠴᠢᠳ ᠤᠨ ᠬᠦᠳᠡᠭᠡ ᠲᠤᠰᠬᠤᠨ ᠳᠤ | ᠵᠢᠭᠤᠯᠴᠢᠯᠠᠬᠤ ᠳᠤ ᠲᠦᠭᠦᠮ ᠦᠵᠡᠭᠦᠯᠦᠨ᠎ᠡ᠃ ᠬᠦᠳᠡᠭᠡ ᠲᠤᠰᠬᠤᠨ ᠤ ᠵᠠᠰᠠᠮᠠᠯ ᠵᠠᠮ ᠤᠨ ᠰᠦᠯᠵᠢᠶ᠎ᠡ ᠶᠢᠨ | ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠦᠨ᠂ ᠰᠢᠶᠠᠩ ᠪᠠᠯᠭᠠᠰᠤ᠂ ᠪᠠᠶᠢᠭᠤᠯᠤᠮᠵᠢ ᠶᠢᠨ ᠲᠦᠷᠢᠮᠲᠦ ᠲᠤᠰᠬᠤᠨ ᠤ | ᠬᠠᠳᠠᠭᠤᠷᠠᠭᠤᠯᠤᠭᠰᠠᠨ ᠵᠠᠮ ᠤᠨ ︽ᠨᠡᠪᠲᠡᠷᠡᠵᠦ ᠪᠠᠶᠢᠳᠠᠯ᠎ᠠ ᠰᠠᠭᠠᠳ ᠲᠤ ᠤᠴᠠᠷᠠᠬᠤ︾ ᠪᠠᠶᠢᠳᠠᠯ ᠢ ᠰᠡᠯᠪᠢᠨ | ᠵᠠᠰᠠᠬᠤ ᠶᠢ ᠲᠦᠷᠭᠡᠳᠬᠡᠨ᠂ ᠬᠦᠳᠡᠭᠡ ᠲᠤᠰᠬᠤᠨ ᠤ ᠵᠠᠰᠠᠮᠠᠯ ᠵᠠᠮ ᠤᠨ ᠳᠡᠰ ᠤᠨ ᠪᠠᠷᠢᠮᠵᠢᠶ᠎ᠠ ᠶᠢ ᠲᠡᠭᠡᠭᠰᠢᠯᠡᠭᠦᠯᠦᠨ᠂ | ᠭᠠᠵᠠᠷ ᠤᠷᠤᠨ ᠤ ᠪᠠᠶᠢᠳᠠᠯ ᠳᠤ ᠪᠠᠨ ᠲᠤᠬᠢᠷᠠᠭᠤᠯᠤᠨ ᠵᠢᠭᠤᠯᠴᠢᠯᠠᠯ ᠤᠨ ᠶᠠᠪᠠᠭᠠᠨ ᠵᠠᠮ᠂ ᠲᠤᠭᠤᠢ ᠲᠡᠷᠭᠡ ᠶᠢᠨ ᠵᠠᠮ | ᠵᠡᠷᠭᠡ ᠤᠳᠠᠭᠠᠨ ᠶᠠᠪᠤᠬᠤ ᠰᠢᠰᠲ᠋ᠧᠮ ᠢ ᠬᠦᠭᠵᠢᠭᠦᠯᠬᠦ ᠶᠢ ᠵᠤᠷᠢᠭᠵᠢᠭᠤᠯᠤᠨ᠎ᠠ᠃ ᠬᠤᠪᠢ ᠶᠢᠨ ᠲᠡᠷᠭᠡ᠂ ᠭᠡᠷᠲᠦ | ᠲᠡᠷᠭᠡ ᠶᠢᠨ ᠪᠠᠭᠤᠴᠠ᠂ ᠵᠠᠮ ᠬᠠᠷᠢᠯᠴᠠᠭ᠎ᠠ ᠶᠢᠨ ᠦᠷᠲᠡᠭᠡ ᠶᠢᠨ ᠪᠦᠲᠦᠭᠡᠨ ᠪᠠᠶᠢᠭᠤᠯᠤᠯᠳᠠ ᠶᠢ ᠤᠨᠴᠠᠯᠢᠭᠲᠦ | ᠲᠤᠰᠬᠤᠨ ᠪᠠᠯᠭᠠᠰᠤ᠂ ᠦᠵᠡᠮᠵᠢ ᠶᠢᠨ ᠬᠤᠩᠬᠢᠯ ᠵᠡᠷᠭᠡ ᠴᠢᠬᠤᠯᠠ ᠴᠡᠭ ᠲᠡᠶᠢᠰᠢ ᠰᠤᠨᠵᠢᠷᠠᠭᠤᠯᠤᠨ ᠪᠠᠶᠢᠭᠤᠯᠬᠤ ᠶᠢ | ᠤᠳᠤᠷᠢᠳᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠦᠪᠡᠷᠲᠡᠭᠡᠨ ᠮᠠᠰᠢᠨ ᠵᠢᠯᠤᠭᠤᠳᠤᠨ ᠵᠢᠭᠤᠯᠴᠢᠯᠠᠬᠤ | ᠰᠢᠯᠢᠳᠡᠭ ᠱᠤᠭᠤᠮ ᠢ ᠲᠤᠭᠳᠠᠮᠠᠯ ᠬᠤᠭᠤᠴᠠᠭ᠎ᠠ ᠲᠠᠢ ᠨᠡᠶᠢᠳᠡᠯᠡᠨ᠎ᠡ᠃ ᠬᠦᠳᠡᠭᠡ ᠲᠤᠰᠬᠤᠨ ᠤ ᠵᠢᠭᠤᠯᠴᠢᠯᠠᠯ ᠤᠨ | ᠤᠰᠤ ᠴᠠᠬᠢᠯᠭᠠᠨ ᠤ ᠬᠠᠩᠭᠠᠯᠲᠠ᠂ ᠬᠤᠭ ᠨᠤᠪᠰᠢ ᠪᠤᠵᠠᠷ ᠤᠰᠤ ᠶᠢ ᠰᠢᠢᠳᠪᠦᠷᠢᠯᠡᠬᠦ ᠵᠢᠴᠢ ᠲᠡᠷᠭᠡ ᠵᠤᠭᠰᠤᠬᠤ᠂ | ᠤᠷᠴᠢᠨ ᠲᠤᠭᠤᠷᠢᠨ ᠤ ᠠᠷᠢᠭᠤᠨ ᠴᠡᠪᠡᠷ᠂ ᠮᠡᠳᠡᠭᠡ ᠬᠤᠯᠪᠤᠭ᠎ᠠ ᠵᠡᠷᠭᠡ ᠪᠦᠷᠢᠨ ᠲᠦᠭᠦᠭᠡᠷᠦᠮᠵᠢ ᠶᠢᠨ ᠪᠦᠲᠦᠭᠡᠨ | ᠪᠠᠶᠢᠭᠤᠯᠤᠯᠳᠠ ᠶᠢ ᠴᠢᠩᠭᠠᠳᠬᠠᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ | ᠪᠠᠲᠤᠯᠠᠭᠠᠲᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠯᠲᠡ | ᠦᠭᠡᠷᠡᠴᠢᠯᠡᠯᠳᠡ ᠶᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠵᠠᠮ ᠬᠠᠷᠢᠯᠴᠠᠭ᠎ᠠ ᠵᠦᠭᠡᠭᠡᠪᠦᠷᠢ ᠶᠢᠨ | ᠶᠠᠮᠤᠨ᠂ ᠡᠳ᠋ ᠤᠨ ᠵᠠᠰᠠᠭ ᠤᠨ ᠶᠠᠮᠤᠨ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶ | | 8. ᠬᠦᠳᠡᠭᠡ ᠲᠤᠰᠬᠤᠨ ᠤ ᠵᠢᠭᠤᠯᠴᠢᠯᠠᠯ ᠤᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠦᠨ᠎ᠡ | | ︽ᠵᠤᠷᠯᠤᠩ ᠤᠨ ᠬᠤᠪᠢᠰᠬᠠᠯ︾ ᠤᠨ ᠰᠢᠨ᠎ᠡ ᠭᠤᠷᠪᠠᠨ ᠵᠢᠯ ᠤᠨ ᠲᠦᠯᠦᠪᠯᠡᠭᠡ ᠶᠢ ᠬᠡᠷᠡᠭᠵᠢᠭᠦᠯᠦᠨ᠂ | ᠵᠤᠷᠯᠤᠩ ᠤᠨ ᠲᠡᠷᠢᠭᠦᠨ ᠤ ᠮᠡᠷᠭᠡᠵᠢᠯ ᠢ ᠤᠷᠤᠭᠤᠯᠤᠨ ᠲᠡᠯᠭᠡᠷᠡᠭᠦᠯᠦᠨ᠎ᠡ᠃ ᠬᠦᠳᠡᠭᠡ ᠲᠤᠰᠬᠤᠨ ᠤ ᠪᠤᠲᠠᠲᠤ | ᠪᠠᠶᠢᠳᠠᠯ ᠲᠠᠢ ᠤᠶᠠᠯᠳᠤᠭᠤᠯᠤᠨ᠂ ᠭᠠᠵᠠᠷ ᠤᠷᠤᠨ ᠤ ᠪᠠᠶᠢᠳᠠᠯ ᠳᠤ ᠪᠠᠨ ᠲᠤᠬᠢᠷᠠᠭᠤᠯᠤᠨ ᠵᠤᠷᠯᠤᠩ ᠢ ᠪᠦᠲᠦᠭᠡᠨ | ᠪᠠᠶᠢᠭᠤᠯᠬᠤ᠂ ᠦᠭᠡᠷᠡᠴᠢᠯᠡᠬᠦ ᠪᠠ ᠲᠦᠯᠦᠪᠯᠡᠭᠡ ᠬᠢᠵᠦ᠂ ᠡᠷᠬᠢᠨ ᠲᠤᠭᠤᠷᠢᠨ᠂ ᠤᠷᠴᠢᠨ ᠲᠤᠭᠤᠷᠢᠨ ᠤ ᠪᠦᠬᠦᠯᠢ | ᠴᠤᠭᠴᠠᠲᠤ ᠪᠠᠶᠢᠷᠢᠯᠠᠭᠤᠯᠤᠯᠳᠠ ᠯᠤᠭ᠎ᠠ ᠵᠤᠬᠢᠴᠠᠬᠤ ᠶᠢ ᠴᠢᠬᠤᠯᠠᠴᠢᠯᠠᠨ᠂ ᠴᠢᠳᠠᠬᠤ ᠶᠢᠨ ᠬᠢᠷᠢ ᠳᠤ ᠤᠷᠤᠨ | ᠭᠠᠵᠠᠷ ᠤᠨ ᠰᠤᠶᠤᠯ ᠤᠨ ᠤᠨᠴᠠᠯᠢᠭ ᠢᠶᠠᠨ ᠲᠤᠳᠤᠳᠬᠠᠨ᠂ ᠢᠮᠠᠭᠳᠠ ᠢᠵᠢ ᠪᠦᠷᠢᠯᠳᠦᠭᠦᠯᠬᠦ ᠲᠦᠭᠦᠭᠡᠷᠦᠮᠵᠢ ᠶᠢᠨ | ᠠᠷᠢᠭᠤᠨ ᠴᠡᠪᠡᠷ᠂ ᠬᠡᠷᠡᠭᠯᠡᠭᠡᠨ ᠤ ᠴᠢᠨᠠᠷ ᠲᠠᠢ ᠶᠢ ᠪᠠᠷᠢᠮᠲᠠᠯᠠᠨ᠂ ᠬᠡᠯᠪᠡᠷᠢᠴᠢ ᠦᠵᠡᠯ᠂ ᠪᠦᠷᠢᠯᠭᠡᠮᠡᠳᠡᠭᠡᠢ ᠰᠤᠷᠳᠠᠯ ᠢ | ᠡᠰᠡᠷᠭᠦᠴᠡᠬᠦ ᠶᠢᠨ ᠬᠠᠮᠲᠤ ᠵᠤᠷᠯᠤᠩ ᠤᠨ ᠬᠤᠪᠢᠰᠬᠠᠯ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠬᠤ ᠠᠵᠢᠯᠯᠠᠭ᠎ᠠ ᠶᠢ | ᠢᠳᠡᠪᠬᠢᠲᠠᠢ ᠵᠤᠬᠢᠶᠠᠨ ᠪᠠᠶᠢᠭᠤᠯᠵᠤ ᠦᠷᠨᠢᠭᠦᠯᠦᠨ᠂ ᠵᠢᠭᠤᠯᠴᠢᠯᠠᠭᠴᠢᠳ᠂ ᠤᠯᠠᠨ ᠲᠦᠮᠡᠨ ᠤ ᠵᠤᠷᠯᠤᠩ ᠢ ᠪᠤᠯᠪᠠᠰᠤᠨ | ᠠᠰᠢᠭᠯᠠᠬᠤ ᠬᠦᠮᠦᠵᠢᠯ ᠢ ᠶᠠᠪᠤᠭᠳᠠᠭᠤᠯᠤᠨ᠎ᠠ᠃ ᠬᠦᠳᠡᠭᠡ ᠲᠤᠰᠬᠤᠨ ᠤ ᠵᠢᠭᠤᠯᠴᠢᠯᠠᠯ ᠤᠨ ᠯᠠᠪᠯᠠᠬᠤ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠬᠤ ᠶᠢ ᠠᠬᠢᠭᠤᠯᠤᠨ᠂ ᠨᠦᠬᠦᠴᠡᠯ ᠲᠠᠢ᠂ ᠵᠢᠭᠤᠯᠴᠢᠯᠠᠭᠴᠢ ᠤᠯᠠᠨ ᠬᠦᠳᠡᠭᠡ ᠲᠤᠰᠬᠤᠨ ᠤ | ᠵᠢᠭᠤᠯᠴᠢᠯᠠᠯ ᠤᠨ ᠤᠷᠤᠨ ᠳᠤ ᠵᠢᠭᠤᠯᠴᠢᠯᠠᠭᠴᠢ ᠶᠢᠨ ᠯᠠᠪᠯᠠᠬᠤ ᠦᠢᠯᠡᠴᠢᠯᠡᠭᠡᠨ ᠤ ᠲᠦᠪ ᠢ ᠪᠦᠲᠦᠭᠡᠨ ᠪᠠᠶᠢᠭᠤᠯᠵᠤ᠂ | ᠬᠦᠳᠡᠭᠡ ᠲᠤᠰᠬᠤᠨ ᠤ ᠵᠢᠭᠤᠯᠴᠢᠯᠠᠯ ᠤᠨ ᠳᠡᠮᠳᠡᠭ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠲᠠᠶᠢᠯᠪᠦᠷᠢᠯᠠᠬᠤ᠂ ᠰᠤᠷᠠᠭ ᠴᠢᠮᠡᠭᠡ ᠯᠠᠪᠯᠠᠬᠤ᠂ ᠠᠮᠤᠷ ᠲᠦᠪᠰᠢᠨ ᠤ ᠠᠪᠤᠷᠠᠯᠲᠠ ᠵᠡᠷᠭᠡ | ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠢᠳᠡᠵᠦ ᠤᠤᠭᠤᠬᠤ᠂ ᠬᠤᠨᠤᠵᠤ | ᠬᠡᠪᠲᠡᠭᠦ᠂ ᠰᠡᠯᠡᠭᠦᠴᠡᠯ ᠵᠤᠭ᠎ᠠ ᠴᠡᠩᠭᠡᠯ᠂ ᠭᠡᠷ ᠤᠨ ᠭᠠᠳᠠᠨᠠᠬᠢ ᠬᠦᠳᠡᠯᠭᠡᠭᠡᠨ᠂ ᠲᠠᠸᠠᠷ ᠤᠨ ᠬᠤᠳᠠᠯᠳᠤᠭ᠎ᠠ᠂ | ᠰᠤᠶᠤᠯ ᠤᠨ ᠦᠵᠡᠭᠦᠯᠦᠯᠭᠡ᠂ ᠠᠷᠠᠳ ᠤᠨ ᠵᠠᠩ ᠵᠠᠩᠰᠢᠯ ᠢ ᠤᠶᠢᠯᠠᠭᠠᠬᠤ ᠵᠡᠷᠭᠡ ᠪᠦᠷᠢᠨ ᠲᠦᠭᠦᠷ ᠦᠢᠯᠡᠴᠢᠯᠡᠭᠡ ᠶᠢ | ᠲᠡᠭᠦᠯᠳᠡᠷᠵᠢᠭᠦᠯᠦᠨ᠂ ᠬᠦᠳᠡᠭᠡ ᠲᠤᠰᠬᠤᠨ ᠤ ᠵᠢᠭᠤᠯᠴᠢᠯᠠᠯ ᠳᠤ ᠤᠯᠠᠮ ᠨᠢᠭᠡ ᠠᠯᠬᠤᠮ ᠲᠦᠭᠦᠮ ᠦᠵᠡᠭᠦᠯᠦᠨ᠎ᠡ᠃ | ᠬᠦᠳᠡᠭᠡ ᠲᠤᠰᠬᠤᠨ ᠤ ᠵᠢᠭᠤᠯᠴᠢᠯᠠᠯ ᠤᠨ ᠰᠤᠷᠠᠭ ᠴᠢᠮᠡᠭᠡ ᠶᠢᠨ ᠲᠠᠪᠴᠠᠩ ᠢ ᠪᠦᠲᠦᠭᠡᠨ ᠪᠠᠶᠢᠭᠤᠯᠬᠤ ᠶᠢ | ᠲᠦᠷᠭᠡᠳᠬᠡᠨ᠂ ᠰᠦᠯᠵᠢᠶ᠎ᠡ ᠪᠠᠷ ᠳᠠᠮᠵᠢᠨ ᠤᠷᠢᠳᠴᠢᠯᠠᠵᠤ ᠵᠠᠬᠢᠶᠠᠯᠠᠬᠤ᠂ ᠮᠦᠩᠬᠦ ᠲᠤᠰᠢᠶᠠᠬᠤ᠂ ᠬᠠᠷᠢᠯᠴᠠᠬᠤ ᠵᠡᠷᠭᠡ | ᠦᠢᠯᠡᠳᠦᠯ ᠢ ᠪᠦᠷᠢᠨ ᠲᠡᠭᠦᠰ ᠪᠤᠯᠭᠠᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠤᠶᠤᠨᠴᠢᠯᠠᠬᠤ ᠶᠢ ᠠᠬᠢᠭᠤᠯᠤᠨ᠎ᠠ | ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ ᠲᠠᠷᠢᠶᠠᠯᠠᠩ | ᠬᠦᠳᠡᠭᠡ ᠲᠤᠰᠬᠤᠨ ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠡᠷᠡᠭᠦᠯ ᠬᠠᠮᠠᠭᠠᠯᠠᠯ ᠡᠷᠡᠭᠦᠯ ᠮᠡᠨᠲᠦ ᠶᠢᠨ ᠵᠦᠪᠯᠡᠯ ᠡᠭᠦᠷᠭᠡ | ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶ | | ᠲᠦᠷᠪᠡ᠂ ᠰᠤᠶᠤᠯ ᠤᠨ ᠠᠭᠤᠯᠤᠭᠳᠠᠬᠤᠨ ᠢᠶᠠᠨ ᠪᠠᠶᠠᠯᠢᠭᠵᠢᠭᠤᠯᠤᠨ᠂ ᠦᠢᠯᠡᠳᠭᠦᠨ ᠤ ᠶᠠᠰᠤ ᠴᠢᠨᠠᠷ ᠢ | ᠳᠡᠭᠡᠭᠰᠢᠯᠡᠭᠦᠯᠦᠨ᠎ᠡ | | 9. ᠬᠦᠳᠡᠭᠡ ᠲᠤᠰᠬᠤᠨ ᠤ ᠵᠢᠭᠤᠯᠴᠢᠯᠠᠯ ᠤᠨ ᠰᠤᠶᠤᠯ ᠤᠨ ᠤᠨᠴᠠᠯᠢᠭ ᠢ ᠲᠤᠪᠤᠶᠢᠯᠭᠠᠨ᠎ᠠ | | ᠬᠠᠮᠠᠭᠠᠯᠠᠭᠰᠠᠨ ᠰᠠᠭᠤᠷᠢᠨ ᠲᠡᠭᠡᠷ᠎ᠡ᠂ ᠲᠡᠦᠬᠡ ᠶᠢᠨ ᠲᠤᠷᠠᠰᠬᠠᠯᠲᠤ ᠵᠦᠢᠯ ᠤᠨ ᠡᠷᠲᠡᠨ ᠤ ᠦᠯᠡᠳᠡᠭᠳᠡᠯ᠂ | ᠤᠯᠠᠮᠵᠢᠯᠠᠯᠲᠦ ᠲᠤᠰᠬᠤᠨ᠂ ᠦᠨᠳᠦᠰᠦᠲᠡᠨ ᠤ ᠤᠨᠴᠠᠯᠢᠭᠲᠦ ᠲᠤᠰᠬᠤᠨ᠂ ᠤᠯᠠᠮᠵᠢᠯᠠᠯᠲᠦ ᠪᠠᠷᠢᠯᠭ᠎ᠠ᠂ | ᠲᠠᠷᠢᠶᠠᠯᠠᠩ ᠤᠨ ᠦᠯᠡᠳᠡᠭᠳᠡᠯ ᠤᠯᠠ ᠮᠦᠷ᠂ ᠤᠰᠤᠯᠠᠯᠲᠠ ᠶᠢᠨ ᠢᠨᠵᠧᠨᠧᠷ ᠤᠨ ᠦᠪ ᠬᠦᠷᠦᠩᠬᠡ᠂ ᠲᠠᠷᠢᠶᠠᠯᠠᠩ ᠤᠨ | ᠰᠤᠶᠤᠯ ᠤᠨ ᠦᠪ ᠬᠦᠷᠦᠩᠬᠡ᠂ ᠪᠤᠳᠠᠰ ᠤᠨ ᠪᠤᠰᠤ ᠰᠤᠶᠤᠯ ᠤᠨ ᠦᠪ ᠬᠦᠷᠦᠩᠬᠡ ᠵᠡᠷᠭᠡ ᠶᠢ ᠪᠦᠲᠦᠮᠵᠢᠲᠠᠢ | ᠠᠰᠢᠭᠯᠠᠨ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠬᠦᠨ ᠢ ᠨᠡᠬᠡᠭᠡᠬᠦ ᠳᠤ ᠠᠭᠤᠰᠤᠭᠤᠯᠤᠨᠠ᠃ ᠲᠡᠦᠬᠡ ᠶᠢᠨ | ᠲᠤᠷᠠᠰᠬᠠᠯᠲᠤ ᠵᠦᠢᠯᠡᠰ ᠤᠨ ᠡᠬᠢ ᠪᠠᠶᠠᠯᠢᠭ ᠪᠠ ᠬᠦᠳᠡᠭᠡ ᠲᠤᠰᠬᠤᠨ ᠤ ᠵᠢᠭᠤᠯᠴᠢᠯᠠᠯ ᠤᠨ ᠬᠠᠮᠲᠤᠷᠠᠨ ᠬᠦᠭᠵᠢᠬᠦ ᠶᠢ | ᠠᠬᠢᠭᠤᠯᠤᠨ᠂ ᠲᠡᠦᠬᠡ ᠶᠢᠨ ᠲᠤᠷᠠᠰᠬᠠᠯᠲᠤ ᠵᠦᠢᠯᠡᠰ ᠢ ᠬᠠᠮᠠᠭᠠᠯᠠᠬᠤ ᠬᠦᠷᠢᠶ᠎ᠡ ᠬᠡᠪᠴᠢᠶᠡᠨ ᠳᠤ ᠭᠠᠵᠠᠷ | ᠤᠷᠤᠨ ᠳᠤ ᠨᠢ ᠲᠤᠬᠢᠷᠠᠭᠰᠠᠨ ᠦᠢᠯᠡᠴᠢᠯᠡᠭᠡᠨ ᠤ ᠦᠢᠯᠡᠰ ᠪᠠ ᠰᠡᠯᠡᠭᠦᠴᠡᠯ ᠲᠠᠷᠢᠶᠠᠯᠠᠩ ᠢ ᠲᠤᠬᠢᠷᠠᠮᠵᠢᠲᠠᠢ | ᠬᠦᠭᠵᠢᠭᠦᠯᠬᠦ ᠶᠢ ᠳᠡᠮᠵᠢᠨ᠂ ᠲᠡᠦᠬᠡ ᠶᠢᠨ ᠲᠤᠷᠠᠰᠬᠠᠯᠲᠤ ᠵᠦᠢᠯᠡᠰ ᠤᠨ ᠬᠦᠷᠢᠶ᠎ᠡ ᠬᠡᠪᠴᠢᠶᠡᠨ ᠳᠤ ᠰᠤᠳᠤᠯᠤᠨ ᠰᠤᠷᠬᠤ | ᠵᠢᠭᠤᠯᠴᠢᠯᠠᠯ ᠤᠨ ᠱᠤᠭᠤᠮ ᠢ ᠲᠠᠨᠢᠯᠴᠠᠭᠤᠯᠤᠨ ᠠᠬᠢᠭᠤᠯᠤᠨ᠎ᠠ᠃ ᠲᠡᠦᠬᠡ ᠶᠢᠨ ᠲᠤᠷᠠᠰᠬᠠᠯᠲᠤ ᠵᠦᠢᠯᠡᠰ ᠤᠨ ᠡᠬᠢ | ᠪᠠᠶᠠᠯᠢᠭ ᠤᠨ ᠠᠷᠠᠳ ᠢᠷᠭᠡᠨ ᠤ ᠬᠡᠪ ᠴᠢᠨᠠᠷ ᠪᠠ ᠨᠡᠶᠢᠭᠡᠮ ᠵᠢᠷᠦᠮ ᠤᠨ ᠪᠤᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠬᠦ᠂ | ᠠᠵᠤ ᠠᠬᠤᠢ ᠨᠡᠶᠢᠭᠡᠮ ᠤᠨ ᠬᠦᠭᠵᠢᠯᠲᠡ ᠳᠤ ᠴᠢᠬᠤᠯᠠ ᠦᠢᠯᠡᠲᠦᠯ ᠢ ᠪᠠᠳᠠᠷᠠᠭᠤᠯᠤᠨ᠎ᠠ᠃ ᠬᠦᠳᠡᠭᠡ ᠲᠤᠰᠬᠤᠨ ᠤ | ᠤᠷᠤᠨ ᠭᠠᠵᠠᠷ ᠤᠨ ᠤᠨᠴᠠᠯᠢᠭᠲᠦ ᠰᠤᠶᠤᠯ᠂ ᠦᠨᠲᠦᠰᠦᠲᠡᠨ ᠤ ᠠᠷᠠᠳ ᠤᠨ ᠰᠤᠶᠤᠯ᠂ ᠤᠯᠠᠮᠵᠢᠯᠠᠯᠲᠦ ᠭᠠᠷ | ᠤᠷᠠᠯᠠᠯ᠂ ᠤᠯᠠᠮᠵᠢᠯᠠᠯᠲᠤ ᠰᠢ ᠵᠦᠴᠦᠭᠡ ᠲᠠᠭᠤᠤᠷᠢᠯᠢᠭ ᠵᠡᠷᠭᠡ ᠶᠢ ᠤᠯᠠᠮᠵᠢᠯᠠᠨ ᠬᠦᠭᠵᠢᠭᠦᠯᠵᠤ᠂ ᠢᠯᠡᠳᠬᠡᠭᠦ | ᠬᠡᠯᠪᠡᠷᠢ ᠪᠠᠨ ᠰᠢᠨᠡᠳᠬᠡᠨ᠂ ᠬᠦᠳᠡᠭᠡ ᠲᠤᠰᠬᠤᠨ ᠤ ᠰᠤᠶᠤᠯ ᠵᠢᠭᠤᠯᠴᠢᠯᠠᠯ ᠤᠨ ᠦᠢᠯᠡᠳᠭᠦᠨ ᠢ ᠨᠡᠭᠡᠭᠡᠨ | ᠬᠦᠭᠵᠢᠭᠦᠯᠵᠤ᠂ ᠬᠦᠳᠡᠭᠡ ᠲᠤᠰᠬᠤᠨ ᠤ ᠵᠢᠭᠤᠯᠴᠢᠯᠠᠯ ᠤᠨ ᠵᠢᠭᠤᠯᠴᠢᠯᠠᠭᠴᠢᠳ ᠤᠯᠠᠨ ᠴᠤᠭᠯᠠᠷᠠᠳᠠᠭ ᠰᠠᠭᠤᠷᠢᠨ | ᠭᠠᠵᠠᠷ ᠲᠤ ᠲᠦᠰᠢᠭᠯᠡᠨ ᠤᠯᠠᠮᠵᠢᠯᠠᠯᠲᠦ ᠭᠠᠷ ᠤᠷᠠᠯᠠᠯ ᠤᠨ ᠦᠢᠯᠡᠳᠭᠦᠨ ᠢ ᠦᠢᠯᠡᠳᠪᠦᠷᠢᠯᠡᠬᠦ᠂ ᠲᠦᠯᠦᠪᠯᠡᠬᠦ ᠪᠠ | ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢ ᠤᠷᠭᠠᠨᠢᠭ ᠢᠶᠠᠷ ᠤᠶᠠᠯᠳᠤᠭᠤᠯᠤᠨ ᠲᠦᠯᠬᠢᠨ | ᠠᠬᠢᠭᠤᠯᠤᠨ᠎ᠠ᠃ ᠬᠦᠳᠡᠭᠡ ᠲᠤᠰᠬᠤᠨ ᠪᠠ ᠲᠤᠰᠬᠠᠢ ᠮᠡᠷᠭᠡᠵᠢᠯ ᠤᠨ ᠤᠷᠠᠯᠢᠭ ᠤᠨ ᠬᠤᠷᠢᠶ᠎ᠠ ᠪᠦᠯᠭᠦᠮ ᠲᠠᠢ | ᠬᠠᠮᠲᠤᠷᠠᠯᠴᠠᠬᠤ ᠶᠢ ᠵᠤᠷᠢᠭᠵᠢᠭᠤᠯᠤᠨ᠂ ᠤᠨᠴᠠᠯᠢᠭ ᠨᠢ ᠢᠯᠡᠷᠬᠡᠢ᠂ ᠭᠠᠵᠠᠷ ᠤᠷᠤᠨ ᠤ ᠨᠡᠶᠢᠭᠡᠮ ᠤᠨ ᠰᠤᠶᠤᠯ ᠢ | ᠬᠠᠷᠠᠭᠤᠯᠤᠭᠰᠠᠨ ᠰᠢᠯᠢᠳᠡᠭ ᠰᠤᠶᠤᠯ ᠵᠢᠭᠤᠯᠴᠢᠯᠠᠯ ᠢ ᠵᠤᠬᠢᠶᠠᠨ ᠪᠠᠶᠢᠭᠤᠯᠤᠨ᠎ᠠ᠃ ᠬᠦᠳᠡᠭᠡ ᠲᠤᠰᠬᠤᠨ ᠤ | ᠤᠨᠴᠠᠯᠢᠭᠲᠦ ᠰᠤᠶᠤᠯ ᠤᠨ ᠦᠪ ᠬᠦᠷᠦᠩᠭᠡ ᠶᠢ ᠶᠡᠭᠡ ᠪᠠᠷ ᠬᠦᠭᠵᠢᠭᠦᠯᠦᠨ᠂ ᠬᠦᠳᠡᠭᠡ ᠲᠤᠰᠬᠤᠨ ᠳᠤ | ᠬᠤᠪᠢᠰᠬᠠᠯ ᠤᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ ᠢ ᠬᠦᠭᠵᠢᠭᠦᠯᠬᠦ ᠶᠢ ᠳᠡᠮᠵᠢᠨ᠎ᠡ᠃ ︵ | ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ ᠤᠷᠤᠨ ᠰᠠᠭᠤᠴᠠ | ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠶᠠᠮᠤᠨ᠂ ᠠᠮᠢ ᠠᠬᠤᠢ ᠤᠷᠴᠢᠨ ᠲᠤᠭᠤᠷᠢᠨ ᠤ ᠶᠠᠮᠤᠨ᠂ | ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠲᠡᠦᠬᠡ ᠶᠢᠨ ᠲᠤᠷᠠᠰᠬᠠᠯᠲᠤ ᠵᠦᠢᠯ ᠤᠨ ᠲᠤᠪᠴᠢᠶ᠎ᠠ | ᠲᠤᠰᠢᠶᠠᠯ ᠢᠶᠠᠷ ᠢᠶᠠᠨ ᠠᠵᠢᠯ ᠢᠶᠠᠨ ᠬᠤᠪᠢᠶᠠᠷᠢᠯᠠᠨ ᠬᠠᠷᠢᠭᠤᠴᠠᠨ᠎ᠠ᠃︶ | | 10. ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠭᠦᠨ ᠤ ᠲᠦᠷᠦᠯ ᠵᠦᠢᠯ ᠢ ᠪᠠᠶᠠᠯᠢᠭᠵᠢᠭᠤᠯᠤᠨ᠎ᠠ | | ᠵᠢᠭᠤᠯᠴᠢᠯᠠᠭᠴᠢᠳ ᠤᠨ ᠲᠤᠭᠤᠷᠢᠨ ᠦᠵᠡᠬᠦ᠂ ᠵᠤᠭᠠᠴᠠᠬᠤ᠂ ᠠᠮᠠᠷᠠᠬᠤ᠂ ᠪᠡᠶ᠎ᠡ ᠰᠤᠪᠢᠯᠠᠬᠤ᠂ ᠰᠢᠨᠵᠢᠯᠡᠬᠦ | ᠤᠬᠠᠭᠠᠨ ᠤ ᠲᠦᠭᠡᠮᠡᠯᠵᠢᠭᠦᠯᠦᠯᠲᠡ᠂ ᠰᠤᠶᠤᠯ ᠢ ᠤᠶᠢᠯᠠᠭᠠᠬᠤ ᠵᠡᠷᠬᠡ ᠤᠯᠠᠨ ᠶᠠᠩᠵᠤ ᠶᠢᠨ ᠱᠠᠭᠠᠷᠳᠠᠯᠭ᠎ᠠ ᠶᠢ | ᠭᠦᠢᠴᠡᠳᠬᠡᠨ᠂ ᠤᠯᠠᠮᠵᠢᠯᠠᠯᠲᠤ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠭᠦᠨ ᠤ ᠳᠡᠰ ᠳᠡᠪᠰᠢᠬᠦ ᠶᠢ | ᠠᠬᠢᠭᠤᠯᠤᠨ᠂ ᠰᠢᠨ᠎ᠡ ᠬᠡᠯᠪᠡᠷᠢ ᠶᠢᠨ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠭᠦᠨ ᠢ ᠡᠭᠦᠳᠦᠨ | ᠪᠦᠲᠦᠭᠡᠬᠦ ᠶᠢ ᠲᠦᠷᠭᠡᠳᠬᠡᠨ᠂ ᠤᠲᠤ ᠦᠶ᠎ᠡ ᠶᠢᠨ ᠲᠠᠷᠢᠢᠶᠠᠯᠠᠩ ᠤᠨ ᠬᠦᠭᠵᠢᠯᠲᠡ ᠲᠠᠢ ᠤᠶᠠᠯᠳᠤᠭᠤᠯᠤᠨ᠂ ᠨᠢᠭᠡ | ᠪᠦᠯᠦᠭ ᠰᠡᠯᠡᠭᠦᠴᠡᠯ ᠲᠠᠷᠢᠶᠠᠯᠠᠩ ᠤᠨ ᠰᠢᠯᠢᠳᠡᠭ ᠬᠦᠷᠢᠶᠡᠯᠡᠩ᠂ ᠲᠠᠷᠢᠶᠠᠯᠠᠩ ᠤᠨ ᠴᠡᠴᠡᠷᠯᠢᠭ᠂ ᠬᠦᠳᠡᠭᠡ | ᠲᠤᠰᠬᠤᠨ ᠤ ᠠᠵᠤ ᠦᠢᠯᠡᠳᠪᠦᠷᠢ ᠶᠢᠨ ᠠᠭᠤᠰᠤᠯᠴᠠᠨ ᠬᠦᠭᠵᠢᠭᠰᠡᠨ ᠵᠢᠱᠢᠶᠡᠴᠢ ᠲᠠᠷᠢᠶᠠᠯᠠᠩ᠂ ᠬᠦᠳᠡᠭᠡ | ᠲᠤᠰᠬᠤᠨ ᠤ ᠶᠡᠷᠦᠩᠬᠡᠶᠢᠯᠡᠭᠰᠡᠨ ᠴᠤᠭᠴᠠ᠂ ᠲᠠᠷᠢᠶᠠᠯᠠᠩ ᠮᠠᠯ ᠠᠵᠤ ᠠᠬᠤᠢ ᠶᠢ ᠪᠦᠲᠦᠭᠡᠨ ᠪᠠᠶᠢᠭᠤᠯᠵᠤ᠂ | ᠰᠡᠯᠡᠭᠦᠴᠡᠯ ᠲᠠᠷᠢᠶᠠᠯᠠᠩ ᠪᠠ ᠬᠦᠳᠡᠭᠡ ᠲᠤᠰᠬᠤᠨ ᠤ ᠵᠢᠭᠤᠯᠴᠢᠯᠠᠯ ᠤᠨ ᠰᠢᠨ᠎ᠡ ᠦᠢᠯᠡᠰ ᠤᠨ ᠪᠠᠶᠢᠳᠠᠯ ᠢ ᠬᠠᠶᠢᠨ | ᠬᠦᠭᠵᠢᠭᠦᠯᠦᠨ᠎ᠡ᠃ ᠬᠦᠳᠡᠭᠡ ᠲᠤᠰᠬᠤᠨ ᠤ ᠠᠭᠤᠯᠠᠷᠬᠠᠭ ᠭᠠᠵᠠᠷ ᠤᠨ ᠡᠬᠢ ᠪᠠᠶᠠᠯᠢᠭ᠂ ᠤᠢ ᠰᠢᠭᠤᠢ ᠶᠢᠨ ᠡᠬᠢ | ᠪᠠᠶᠠᠯᠢᠭ᠂ ᠤᠰᠤᠨ ᠤ ᠡᠬᠢ ᠪᠠᠶᠠᠯᠢᠭ᠂ ᠭᠠᠵᠠᠷ ᠤᠨ ᠢᠯᠴᠢ ᠬᠢᠭᠡᠳ ᠮᠦᠰᠦ ᠴᠠᠰᠤᠨ ᠤ ᠡᠬᠢ ᠪᠠᠶᠠᠯᠢᠭ ᠢ | ᠤᠶᠠᠯᠳᠤᠭᠤᠯᠤᠨ ᠤᠢ ᠰᠢᠭᠤᠢ ᠤᠨ ᠦᠵᠡᠮᠵᠢ ᠦᠵᠡᠬᠦ᠂ ᠠᠭᠤᠯᠠᠨ ᠭᠠᠵᠠᠷ ᠤᠨ ᠵᠤᠭᠠᠴᠠᠯ᠂ ᠤᠰᠤᠨ ᠤᠷᠤᠨ ᠤ | ᠰᠡᠯᠡᠭᠦᠴᠡᠯ᠂ ᠮᠦᠰᠦ ᠴᠠᠰᠤᠨ ᠤ ᠲᠤᠭᠯᠠᠭᠠᠮ᠂ ᠬᠠᠯᠠᠭᠤᠨ ᠷᠠᠰᠢᠶᠠᠨ ᠳᠤ ᠪᠡᠶ᠎ᠡ ᠰᠤᠪᠢᠯᠠᠬᠤ ᠮᠡᠲᠦ ᠶᠢᠨ | ᠵᠢᠭᠤᠯᠴᠢᠯᠠᠯ ᠤᠨ ᠦᠢᠯᠡᠳᠭᠦᠨ ᠢ ᠬᠦᠭᠵᠢᠭᠦᠯᠦᠨ᠎ᠡ᠃ ᠨᠦᠬᠦᠴᠡᠯ ᠲᠠᠢ ᠭᠠᠵᠠᠷ ᠤᠷᠤᠨ ᠤ ᠬᠦᠳᠡᠭᠡ ᠲᠤᠰᠬᠤᠨ ᠤ | ᠵᠢᠭᠤᠯᠴᠢᠯᠠᠯ ᠪᠠ ᠬᠢᠳᠠᠳ ᠡᠮ ᠡᠮᠨᠡᠯᠭᠡ ᠶᠢ ᠤᠶᠠᠯᠳᠤᠭᠤᠯᠤᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ | ᠦᠢᠯᠡᠳᠭᠦᠨ ᠢ ᠪᠦᠲᠦᠭᠡᠨ ᠨᠡᠬᠡᠬᠡᠬᠦ ᠶᠢ ᠵᠤᠷᠢᠭᠵᠢᠭᠤᠯᠤᠨ᠎ᠠ᠃ ᠬᠦᠳᠡᠭᠡ ᠲᠤᠰᠬᠤᠨ ᠤ ᠭᠠᠵᠠᠷ ᠲᠠᠷᠢᠶ᠎ᠠ᠂ ᠰᠤᠯᠠ | ᠪᠠᠶᠢᠭ᠎ᠠ ᠲᠠᠷᠢᠶᠠᠴᠢᠨ ᠤ ᠭᠡᠷ ᠪᠠᠶᠢᠰᠢᠩ ᠵᠡᠷᠭᠡ ᠡᠬᠢ ᠪᠠᠶᠠᠯᠢᠭ ᠢ ᠪᠦᠷᠢᠮᠦᠰᠦᠨ ᠠᠰᠢᠭᠯᠠᠨ ᠬᠦᠳᠡᠭᠡ ᠲᠤᠰᠬᠤᠨ ᠤ | ᠠᠷᠠᠳ ᠤᠨ ᠬᠤᠨᠤᠬᠤ ᠭᠠᠵᠠᠷ᠂ ᠨᠠᠰᠤᠲᠠᠨ ᠢ ᠠᠰᠠᠷᠠᠬᠤ ᠭᠠᠵᠠᠷ ᠵᠡᠷᠭᠡ ᠲᠦᠷᠦᠯ ᠵᠦᠢᠯ ᠢ ᠨᠡᠭᠡᠭᠡᠨ ᠪᠦᠲᠦᠭᠡᠨ | ᠪᠠᠶᠢᠭᠤᠯᠤᠨ᠎ᠠ᠃ ᠲᠤᠬᠠᠢ ᠶᠢᠨ ᠭᠠᠵᠠᠷ ᠤᠨ ᠪᠠᠶᠢᠭᠠᠯᠢ ᠪᠠ ᠰᠤᠶᠤᠯ ᠤᠨ ᠡᠬᠢ ᠪᠠᠶᠠᠯᠢᠭ ᠤᠨ ᠳᠠᠪᠠᠭᠤᠯᠢᠭ ᠲᠤ | ᠲᠦᠰᠢᠭᠯᠡᠨ ᠤᠨᠴᠠᠯᠢᠭᠲᠦ ᠠᠷᠠᠳ ᠤᠨ ᠬᠤᠨᠤᠬᠤ ᠭᠠᠵᠠᠷ ᠢ ᠪᠠᠶᠢᠭᠤᠯᠤᠨ᠂ ᠰᠤᠶᠤᠯ ᠤᠨ ᠤᠯᠠᠮᠵᠢᠯᠠᠯ ᠪᠠ | ᠪᠦᠲᠦᠭᠡᠯᠴᠢ ᠲᠦᠯᠦᠪᠯᠡᠭᠡ ᠶᠢ ᠳᠡᠭᠡᠭᠰᠢᠯᠡᠭᠦᠯᠬᠦ ᠶᠢ ᠪᠡᠶᠡᠯᠡᠭᠦᠯᠬᠦ᠂ ᠡᠷᠬᠢᠯᠡᠭᠰᠡᠨ ᠠᠵᠢᠯ ᠤᠨ ᠪᠠᠷᠢᠮᠵᠢᠶ᠎ᠠ ᠪᠠᠨ | ᠲᠡᠭᠦᠯᠳᠡᠷᠵᠢᠭᠦᠯᠦᠨ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠤᠨᠤᠴᠠᠲᠠᠢ ᠡᠵᠡᠩᠨᠡᠨ | ᠪᠤᠷᠤᠯᠠᠭᠤᠯᠤᠯᠲᠠ ᠶᠢ ᠰᠦᠪᠡᠭᠴᠢᠯᠡᠨ᠂ ᠰᠤᠬᠤᠷ ᠪᠠᠯᠠᠢ ᠪᠠᠷ ᠤᠷᠤᠰᠬᠠᠯ ᠢ ᠳᠠᠭᠠᠬᠤ ᠪᠠ ᠲᠤᠤᠷ᠎ᠠ ᠬᠢᠷᠢ ᠲᠦᠪᠰᠢᠨ ᠤ | ᠲᠠᠭᠤᠷᠢᠶᠠᠮᠠᠯ ᠠᠵᠢᠯᠯᠠᠭ᠎ᠠ ᠠᠴᠠ ᠵᠠᠶᠢᠯᠠᠰᠬᠢᠨ᠂ ᠤᠯᠠᠨ ᠡᠰᠢᠲᠦ ᠪᠡᠯᠡ ᠤᠷᠤᠭᠤᠯᠤᠯᠲᠠ ᠶᠢᠨ ᠭᠤᠤᠯ ᠴᠤᠭᠴᠠ ᠶᠢ | ᠤᠷᠤᠭᠤᠯᠤᠨ᠂ ᠬᠦᠳᠡᠭᠡ ᠲᠤᠰᠬᠤᠨ ᠤ ᠠᠷᠠᠳ ᠤᠨ ᠬᠤᠨᠤᠬᠤ ᠭᠠᠵᠠᠷ ᠤᠨ ᠤᠯᠠᠨ ᠶᠠᠩᠵᠤ᠂ ᠦᠪᠡᠷᠮᠢᠴᠠ | ᠴᠢᠨᠠᠷ ᠲᠠᠢ᠂ ᠲᠤᠰᠬᠠᠶᠢᠵᠢᠭᠰᠠᠨ ᠬᠦᠭᠵᠢᠯᠲᠡ ᠶᠢ ᠠᠬᠢᠭᠤᠯᠤᠨ᠎ᠠ᠃ ᠤᠷᠤᠨ ᠨᠤᠲᠤᠭ ᠤᠨ ᠤᠨᠴᠠᠯᠢᠭ ᠪᠦᠬᠦᠢ | ᠬᠤᠪᠴᠠᠰᠤ ᠬᠤᠨᠠᠷ ᠵᠠᠰᠠᠯ ᠴᠢᠮᠡᠭ᠂ ᠭᠠᠷ ᠤᠷᠠᠯᠠᠯ ᠤᠨ ᠦᠢᠯᠡᠳᠭᠦᠨ᠂ ᠲᠠᠷᠢᠶᠠᠯᠠᠩ ᠤᠨ ᠪᠠ ᠲᠤᠰᠠᠯᠠᠬᠤ ᠴᠢᠨᠠᠷ ᠲᠠᠢ | ᠨᠤᠲᠤᠭ ᠤᠨ ᠤᠨᠴᠠ ᠭᠠᠷᠤᠯᠲᠠ ᠶᠢᠨ ᠦᠢᠯᠡᠳᠭᠦᠨ᠂ ᠵᠢᠭᠤᠯᠴᠢᠯᠠᠯ ᠤᠨ ᠲᠤᠷᠠᠰᠬᠠᠯ ᠤᠨ ᠪᠤᠳᠠᠰ ᠵᠡᠷᠭᠡ | ᠵᠢᠭᠤᠯᠴᠢᠯᠠᠯ ᠤᠨ ᠲᠠᠸᠠᠷ ᠢ ᠨᠡᠭᠡᠭᠡᠬᠦ ᠶᠢ ᠵᠤᠷᠢᠭᠵᠢᠭᠤᠯᠤᠨ᠎ᠠ᠃ ︵ᠰᠤᠶᠤᠯ ᠪᠠ ᠵᠢᠭᠤᠯᠴᠢᠯᠠᠯ ᠤᠨ ᠶᠠᠮᠤᠨ᠂ | ᠬᠦᠭᠵᠢᠯᠲᠡ ᠦᠭᠡᠷᠡᠴᠢᠯᠡᠯᠳᠡ ᠶᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠠᠮᠢ ᠠᠬᠤᠢ ᠤᠷᠴᠢᠨ | ᠲᠤᠭᠤᠷᠢᠨ ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠪᠡᠶ᠎ᠡ ᠲᠠᠮᠢᠷ ᠤᠨ ᠶᠡᠷᠦᠩᠬᠡᠢ ᠲᠤᠪᠴᠢᠶ᠎ᠠ᠂ ᠤᠢ | ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ | ᠃︶ | | 11. ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠪᠰᠢᠨ ᠢᠶᠠᠨ | ᠳᠡᠭᠡᠭᠰᠢᠯᠡᠭᠦᠯᠦᠨ᠎ᠡ | | ᠬᠦᠳᠡᠭᠡ ᠲᠤᠰᠬᠤᠨ ᠤ ᠵᠢᠭᠤᠯᠴᠢᠯᠠᠯ ᠤᠨ ᠡᠯ᠎ᠡ ᠬᠦᠷᠢᠶ᠎ᠡ᠂ ᠡᠯ᠎ᠡ ᠵᠠᠩᠬᠢᠯᠠᠭ᠎ᠠ ᠶᠢᠨ ᠦᠢᠯᠡᠴᠢᠯᠡᠭᠡᠨ ᠤ | ᠲᠦᠷᠢᠮ ᠪᠠ ᠪᠠᠷᠢᠮᠵᠢᠶ᠎ᠠ ᠶᠢ ᠲᠤᠭᠲᠠᠭᠠᠨ ᠲᠡᠭᠦᠯᠳᠡᠷᠵᠢᠭᠦᠯᠦᠨ᠂ ᠡᠵᠡᠩᠨᠡᠭᠴᠢ᠂ ᠬᠠᠮᠢᠶᠠᠷᠤᠭᠴᠢ᠂ ᠲᠤᠬᠠᠢ ᠶᠢᠨ | ᠭᠠᠵᠠᠷ ᠤᠨ ᠰᠠᠭᠤᠭᠠᠯᠢ ᠠᠷᠠᠳ ᠤᠨ ᠮᠡᠷᠭᠡᠵᠢᠯ ᠴᠢᠳᠠᠪᠤᠷᠢ ᠶᠢ ᠬᠦᠮᠦᠵᠢᠭᠦᠯᠦᠨ ᠪᠤᠯᠪᠠᠰᠤᠷᠠᠭᠤᠯᠬᠤ ᠶᠢ ᠴᠢᠩᠭᠠᠳᠬᠠᠨ | ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠤᠬᠠᠢ ᠶᠢᠨ | ᠭᠠᠵᠠᠷ ᠤᠨ ᠰᠠᠭᠤᠭᠠᠯᠢ ᠠᠷᠠᠳ ᠤᠨ ᠵᠢᠭᠤᠯᠴᠢᠯᠠᠯ ᠤᠨ ᠤᠶᠢᠯᠠᠭᠠᠭᠳᠠᠬᠤᠨ ᠪᠠ ᠦᠢᠯᠡᠴᠢᠯᠡᠭᠡᠨ ᠤ ᠤᠬᠠᠮᠰᠠᠷ᠂ | ᠪᠤᠯᠪᠠᠰᠤᠨ ᠳᠠᠳᠬᠠᠯ ᠢ ᠳᠡᠭᠡᠭᠰᠢᠯᠡᠭᠦᠯᠦᠨ᠂ ᠡᠵᠡᠩᠨᠡᠨ ᠬᠠᠮᠢᠶᠠᠷᠬᠤ ᠮᠡᠷᠭᠡᠵᠢᠯ ᠢ ᠡᠵᠡᠮᠰᠢᠨ᠎ᠡ᠃ ᠲᠡᠷᠢᠭᠦᠨ ᠤ ᠰᠤᠶᠤᠯ᠂ | ᠰᠢᠨᠵᠢᠯᠡᠬᠦ ᠤᠬᠠᠭᠠᠨᠴᠢ ᠠᠷᠭ᠎ᠠ ᠪᠠᠷᠢᠯ ᠢ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠭᠦᠨ ᠢ ᠤᠶᠢᠯᠠᠭᠠᠬᠤ᠂ | ᠦᠢᠯᠡᠴᠢᠯᠡᠬᠦ ᠪᠠ ᠬᠠᠮᠢᠶᠠᠷᠤᠯᠳᠠ ᠶᠢᠨ ᠶᠠᠪᠤᠴᠨ ᠳᠤ ᠪᠠᠨ ᠬᠡᠷᠡᠭᠯᠡᠬᠦ ᠶᠢ ᠵᠤᠷᠢᠭᠵᠢᠭᠤᠯᠤᠨ ᠬᠦᠳᠡᠭᠡ ᠲᠤᠰᠬᠤᠨ ᠤ | ᠵᠢᠭᠤᠯᠴᠢᠯᠠᠯ ᠤᠨ ᠬᠦᠭᠵᠢᠯᠲᠡ ᠶᠢᠨ ᠮᠡᠳᠡᠯᠭᠡ ᠶᠢᠨ ᠬᠡᠮᠵᠢᠶ᠎ᠡ ᠪᠠᠨ ᠨᠡᠮᠡᠭᠳᠡᠭᠦᠯᠦᠨ᠎ᠡ᠃ ᠲᠤᠰᠬᠠᠢ ᠮᠡᠷᠭᠡᠵᠢᠯ ᠤᠨ ᠰᠠᠶᠢᠨ | ᠲᠤᠷᠠᠴᠤᠳ ᠤᠨ ᠬᠦᠳᠡᠭᠡ ᠲᠤᠰᠬᠤᠨ ᠢ ᠲᠤᠰᠠᠯᠠᠬᠤ ᠠᠵᠢᠯᠯᠠᠭ᠎ᠠ ᠶᠢ ᠶᠡᠭᠡ ᠪᠠᠷ ᠦᠷᠨᠢᠭᠦᠯᠦᠨ᠂ ᠲᠤᠰᠬᠠᠢ | ᠮᠡᠷᠭᠡᠵᠢᠯᠳᠡᠳ ᠤᠨ ᠬᠦᠳᠡᠭᠡ ᠲᠤᠰᠬᠤᠨ ᠤ ᠦᠵᠡᠮᠵᠢ ᠶᠢᠨ ᠵᠢᠷᠤᠭ ᠤᠨ ᠲᠦᠯᠦᠪᠯᠡᠭᠡ᠂ ᠬᠦᠳᠡᠭᠡ ᠲᠤᠰᠬᠤᠨ ᠤ | ᠵᠢᠭᠤᠯᠴᠢᠯᠠᠯ ᠢ ᠰᠡᠳᠦᠨ ᠲᠦᠯᠦᠪᠯᠡᠬᠦ ᠠᠵᠢᠯᠯᠠᠭᠠᠨ ᠳᠤ ᠤᠷᠤᠯᠴᠠᠬᠤ ᠶᠢ ᠵᠤᠷᠢᠭᠵᠢᠭᠤᠯᠤᠨ᠎ᠠ᠃ ᠬᠡᠯᠬᠢᠶᠡᠵᠢᠭᠰᠡᠨ᠂ | ᠨᠠᠶᠢᠳᠠᠨ ᠬᠠᠮᠢᠶᠠᠷᠤᠭᠤᠯᠤᠭᠰᠠᠨ᠂ ᠬᠠᠮᠲᠤ ᠪᠠᠷ ᠡᠳ᠋ᠯᠡᠭᠰᠡᠨ᠂ ᠭᠡᠰᠢᠭᠦᠨ ᠤ ᠲᠦᠷᠢᠮ᠂ ᠴᠠᠭ ᠤᠨ ᠬᠤᠪᠢᠶᠠᠷᠢ ᠶᠢᠨ | ᠲᠦᠷᠢᠮ᠂ ᠡᠷᠬᠢᠯᠡᠭᠰᠡᠨ ᠠᠵᠢᠯ ᠤᠨ ᠳᠠᠭᠠᠭᠠᠮᠠᠯ ᠤᠨ ᠲᠦᠷᠢᠮ ᠵᠡᠷᠭᠡ ᠤᠲᠤ ᠦᠶ᠎ᠡ ᠶᠢᠨ ᠡᠵᠡᠩᠨᠡᠯ ᠬᠠᠮᠢᠶᠠᠷᠤᠯᠲᠠ ᠶᠢᠨ | ᠬᠡᠯᠪᠡᠷᠢ ᠶᠢ ᠰᠦᠪᠡᠭᠴᠢᠯᠡᠨ ᠬᠡᠷᠡᠭᠯᠡᠵᠦ᠂ ᠬᠦᠳᠡᠭᠡ ᠲᠤᠰᠬᠤᠨ ᠤ ᠵᠢᠭᠤᠯᠴᠢᠯᠠᠯ ᠤᠨ ᠡᠵᠡᠩᠨᠡᠬᠦ ᠴᠢᠳᠠᠪᠤᠷᠢ ᠪᠠ | ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠲᠠᠷᠢᠶᠠᠯᠠᠩ | ᠬᠦᠳᠡᠭᠡ ᠲᠤᠰᠬᠤᠨ ᠤ ᠶᠠᠮᠤᠨ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ | ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶ | | ᠲᠠᠪᠤ᠂ ᠬᠦᠳᠡᠭᠡ ᠲᠤᠰᠬᠤᠨ ᠤ ᠵᠢᠭᠤᠯᠴᠢᠯᠠᠯ ᠤᠨ ᠨᠡᠷᠡᠲᠦ ᠳᠡᠮᠳᠡᠭ ᠢ ᠡᠭᠦᠳᠦᠨ ᠪᠠᠶᠢᠭᠤᠯᠵᠤ᠂ ᠵᠠᠬ᠎ᠠ | ᠳᠡᠯᠭᠡᠭᠦᠷ ᠤᠨ ᠡᠵᠡᠩᠨᠡᠨ ᠪᠣᠷᠤᠯᠠᠭᠤᠯᠤᠯᠲᠠ ᠶᠢ ᠦᠷᠭᠡᠳᠬᠡᠨ᠎ᠡ | | 12. ᠬᠦᠳᠡᠭᠡ ᠲᠤᠰᠬᠤᠨ ᠤ ᠵᠢᠭᠤᠯᠴᠢᠯᠠᠯ ᠤᠨ ᠨᠡᠷᠡᠲᠦ ᠳᠡᠮᠲᠡᠭ ᠤᠨ ᠰᠢᠰᠲ᠋ᠧᠮ ᠢ ᠪᠠᠶᠢᠭᠤᠯᠤᠨ᠎ᠠ | | ᠬᠦᠳᠡᠭᠡ ᠲᠤᠰᠬᠤᠨ ᠤ ᠵᠢᠭᠤᠯᠴᠢᠯᠠᠯ ᠤᠨ ᠨᠡᠷᠡᠲᠦ ᠲᠡᠮᠳᠡᠭ ᠤᠨ ᠲᠤᠬᠠᠢ ᠦᠵᠡᠯ ᠤᠬᠠᠮᠰᠠᠷ ᠢ ᠪᠤᠢ ᠪᠤᠯᠭᠠᠨ᠂ | ᠨᠡᠷᠡᠲᠦ ᠳᠡᠮᠳᠡᠭ ᠤᠨ ᠲᠦᠷᠢ ᠲᠦᠷᠭᠦ ᠶᠢ ᠳᠡᠭᠡᠭᠰᠢᠯᠡᠭᠦᠯᠦᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠨᠡᠷᠡᠲᠦ | ᠳᠡᠮᠳᠡᠭ ᠤᠨ ᠨᠦᠯᠦᠭᠡᠯᠡᠬᠦ ᠬᠦᠴᠦᠨ ᠪᠠ ᠦᠷᠢᠰᠤᠯᠳᠦᠬᠦ ᠬᠦᠴᠦᠨ ᠢ ᠴᠢᠩᠭᠠᠳᠬᠠᠨ᠎ᠠ᠃ ᠡᠯ᠎ᠡ ᠭᠠᠵᠠᠷ ᠤᠨ ᠬᠦᠳᠡᠭᠡ | ᠲᠤᠰᠬᠤᠨ ᠤ ᠵᠢᠭᠤᠯᠴᠢᠯᠠᠯ ᠤᠨ ᠰᠢᠯᠢᠳᠡᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠵᠤᠷᠢᠭᠵᠢᠭᠤᠯᠤᠨ᠂ ᠨᠢᠬᠡ | ᠪᠦᠯᠦᠭ ᠤᠨᠴᠠᠯᠢᠭ ᠨᠢ ᠲᠤᠲᠤ᠂ ᠳᠠᠪᠠᠭᠤᠯᠢᠭ ᠨᠢ ᠲᠤᠪᠤᠶᠢᠮ᠎ᠠ ᠬᠦᠳᠡᠭᠡ ᠲᠤᠰᠬᠤᠨ ᠤ ᠵᠢᠭᠤᠯᠴᠢᠯᠠᠯ ᠤᠨ | ᠨᠡᠷᠡᠲᠦ ᠳᠡᠮᠳᠡᠭ ᠢ ᠳᠡᠯᠭᠡᠷᠡᠭᠦᠯᠦᠨ᠂ ᠪᠦᠬᠦ ᠲᠠᠯ᠎ᠠ ᠶᠢᠨ᠂ ᠤᠯᠠᠨ ᠲᠠᠪᠬᠤᠷᠭᠠᠲᠤ ᠬᠦᠳᠡᠭᠡ ᠲᠤᠰᠠᠬᠤᠨ ᠤ | ᠵᠢᠭᠤᠯᠴᠢᠯᠠᠯ ᠤᠨ ᠨᠡᠷᠡᠲᠦ ᠲᠡᠮᠳᠡᠭ ᠤᠨ ᠰᠢᠰᠲ᠋ᠧᠮ ᠢ ᠪᠠᠶᠢᠭᠤᠯᠤᠨ᠎ᠠ᠃ ᠪᠦᠬᠦ ᠤᠯᠤᠰ ᠤᠨ ᠬᠦᠳᠡᠭᠡ ᠲᠤᠰᠬᠤᠨ ᠤ | ᠵᠢᠭᠤᠯᠴᠢᠯᠠᠯ ᠤᠨ ᠭᠤᠤᠯᠳᠠᠯᠭ᠎ᠠ ᠲᠠᠢ ᠲᠤᠰᠬᠤᠨ ᠤ ᠨᠡᠷ᠎ᠡ ᠶᠢᠨ ᠪᠦᠷᠢᠳᠬᠡᠯ ᠬᠢᠵᠦ᠂ ᠬᠦᠳᠡᠭᠡ ᠲᠤᠰᠬᠤᠨ ᠤ | ᠵᠢᠭᠤᠯᠴᠢᠯᠠᠯ ᠤᠨ ᠰᠢᠯᠢᠳᠡᠭ ᠢᠨᠵᠧᠨᠧᠷᠢᠩ ᠢ ᠦᠷᠨᠢᠭᠦᠯᠦᠨ᠂ ᠪᠦᠬᠦ ᠤᠯᠤᠰ ᠲᠤ ᠨᠢᠬᠡ ᠪᠦᠯᠦᠭ ᠬᠦᠳᠡᠭᠡ | ᠲᠤᠰᠬᠤᠨ ᠤ ᠵᠢᠭᠤᠯᠴᠢᠯᠠᠯ ᠤᠨ ᠰᠢᠯᠢᠳᠡᠭ ᠲᠤᠰᠬᠤᠨ᠂ ᠰᠢᠯᠢᠳᠡᠭ ᠨᠢᠭᠡᠴᠢ ᠶᠢ ᠪᠤᠶᠢᠵᠢᠭᠤᠯᠤᠨ᠎ᠠ᠃ ᠨᠦᠬᠦᠴᠡᠯ | ᠪᠦᠷᠢᠳᠦᠭᠰᠡᠨ ᠭᠠᠵᠠᠷ ᠤᠷᠤᠨ ᠳᠤ ᠬᠦᠳᠡᠭᠡ ᠲᠤᠰᠬᠤᠨ ᠤ ᠬᠤᠷᠠᠮᠳᠤᠨ ᠬᠦᠭᠵᠢᠬᠦ ᠶᠢ ᠵᠤᠷᠢᠭᠵᠢᠭᠤᠯᠤᠨ᠂ | ᠨᠦᠯᠦᠭᠡᠯᠡᠬᠦ ᠬᠦᠴᠦᠨ ᠲᠠᠢ ᠬᠦᠳᠡᠭᠡ ᠲᠤᠰᠬᠤᠨ ᠤ ᠵᠢᠭᠤᠯᠴᠢᠯᠠᠯ ᠤᠨ ᠵᠤᠷᠢᠭᠰᠠᠨ ᠭᠠᠵᠠᠷ ᠢ ᠢᠲᠡᠪᠬᠢᠲᠠᠢ | ᠪᠠᠶᠢᠭᠤᠯᠤᠨ᠎ᠠ᠃ ᠡᠬᠢ ᠪᠠᠶᠠᠯᠢᠭ ᠤᠨ ᠨᠦᠬᠦᠴᠡᠯ ᠰᠠᠶᠢᠲᠠᠢ᠂ ᠰᠠᠭᠤᠷᠢ ᠲᠦᠭᠦᠭᠡᠷᠦᠮᠵᠢ ᠨᠢ ᠲᠡᠭᠦᠯᠳᠡᠷᠵᠢᠭᠰᠡᠨ᠂ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠨᠢ ᠪᠦᠷᠢᠨᠰᠢᠭᠰᠡᠨ ᠬᠦᠳᠡᠭᠡ ᠲᠤᠰᠬᠤᠨ ᠤ ᠵᠢᠭᠤᠯᠴᠢᠯᠠᠯ ᠤᠨ ᠴᠡᠭ ᠤᠨ | A ᠳᠡᠰ ᠤᠨ ᠦᠵᠡᠮᠵᠢ ᠶᠢᠨ ᠤᠷᠤᠨ᠂ ᠤᠨᠴᠠᠯᠢᠭᠲᠤ ᠵᠢᠵᠢᠭ ᠪᠠᠯᠭᠠᠰᠣ ᠵᠡᠷᠭᠡ ᠨᠡᠷᠡᠲᠦ ᠲᠡᠮᠳᠡᠭ ᠢ ᠭᠤᠶᠤᠴᠢᠯᠠᠨ | ᠮᠡᠳᠡᠭᠦᠯᠵᠦ ᠪᠦᠲᠦᠭᠡᠨ ᠪᠠᠶᠢᠭᠤᠯᠬᠤ ᠶᠢ ᠳᠡᠮᠵᠢᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠭᠦᠯᠦᠯᠲᠡ | ᠦᠭᠡᠷᠡᠴᠢᠯᠡᠯᠳᠡ ᠶᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠠᠮᠢ ᠠᠬᠤᠢ ᠤᠷᠴᠢᠨ ᠲᠤᠭᠤᠷᠢᠨ ᠤ | ᠶᠠᠮᠤᠨ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃︶ | | 13. ᠬᠦᠳᠡᠭᠡ ᠲᠤᠰᠬᠤᠨ ᠤ ᠵᠢᠭᠤᠯᠴᠢᠯᠠᠯ ᠤᠨ ᠡᠵᠡᠩᠨᠡᠨ ᠪᠤᠷᠤᠯᠠᠭᠤᠯᠤᠯᠳᠠ ᠶᠢᠨ ᠬᠡᠯᠪᠡᠷᠢ ᠶᠢ ᠰᠢᠨ᠎ᠡ ᠪᠠᠷ | ᠡᠭᠦᠳᠦᠨ᠎ᠡ | | ᠵᠠᠰᠠᠭ ᠤᠨ ᠤᠷᠳᠤᠨ ᠤ ᠢᠳᠡᠪᠬᠢ ᠦᠢᠯᠡᠳᠤᠯ ᠢ ᠪᠠᠳᠠᠷᠠᠭᠤᠯᠤᠨ᠂ ᠨᠡᠶᠢᠭᠡᠮ ᠤᠨ ᠬᠦᠴᠦᠨ ᠬᠦᠳᠡᠭᠡ | ᠲᠤᠰᠬᠤᠨ ᠤ ᠵᠢᠭᠤᠯᠴᠢᠯᠠᠯ ᠤᠨ ᠤᠬᠠᠭᠤᠯᠤᠨ ᠲᠡᠯᠭᠡᠷᠡᠭᠦᠯᠭᠦ ᠪᠠ ᠤᠯᠠᠮᠵᠢᠯᠠᠬᠤ ᠦᠢᠯᠡᠴᠢᠯᠡᠭᠡ ᠳᠤ ᠤᠷᠤᠯᠴᠠᠬᠤ ᠶᠢ | ᠵᠤᠷᠢᠭᠵᠢᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠤᠬᠠᠭᠤᠯᠬᠤ ᠬᠦᠳᠡᠯᠭᠡᠭᠡᠨ ᠢ ᠡᠯ᠎ᠡ ᠭᠠᠵᠠᠷ ᠲᠤ | ᠦᠷᠨᠢᠭᠦᠯᠦᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠵᠤᠴᠢᠳ ᠤᠨ ᠢᠷᠡᠯᠲᠡ ᠶᠢᠨ ᠵᠠᠬ᠎ᠠ ᠲᠡᠯᠭᠡᠭᠦᠷ ᠢ | ᠦᠷᠭᠡᠳᠬᠡᠨ᠎ᠡ᠃ ᠲᠧᠯᠸᠢᠰ᠂ ᠷᠠᠳᠢᠣ᠋ ᠬᠤᠷᠢᠶ᠎ᠠ᠂ ᠰᠤᠨᠢᠨ ᠵᠡᠷᠭᠡ ᠤᠯᠠᠮᠵᠢᠯᠠᠯᠲᠦ ᠵᠠᠭᠤᠴᠢᠯᠠᠭᠤᠷ ᠤᠨ ᠡᠬᠢ | ᠪᠠᠶᠠᠯᠢᠭ ᠲᠤ ᠲᠦᠰᠢᠭᠯᠡᠨ᠂ ᠵᠢᠭᠤᠯᠴᠢᠯᠠᠯ ᠤᠨ ᠲᠡᠯᠭᠡᠷᠡᠭᠦᠯᠦᠨ ᠲᠠᠨᠢᠯᠴᠠᠭᠤᠯᠬᠤ ᠬᠤᠷᠠᠯ᠂ ᠦᠵᠡᠰᠭᠦᠯᠡᠩ᠂ ᠴᠢᠬᠤᠯᠠ | ᠬᠦᠳᠡᠯᠭᠡᠭᠡᠨ ᠵᠡᠷᠭᠡ ᠲᠡᠪᠴᠠᠩ ᠢ ᠠᠰᠢᠭᠯᠠᠨ ᠬᠦᠳᠡᠭᠡ ᠲᠤᠰᠬᠤᠨ ᠤ ᠵᠢᠭᠤᠯᠴᠢᠯᠠᠯ ᠤᠨ ᠤᠬᠠᠭᠤᠯᠭ᠎ᠠ ᠪᠠᠨ | ᠦᠷᠭᠡᠳᠬᠡᠨ᠎ᠡ᠃ ᠰᠢᠨ᠎ᠡ ᠵᠠᠭᠤᠴᠢᠯᠠᠭᠤᠷ᠂ ᠬᠤᠪᠢ ᠶᠢᠨ ᠵᠠᠭᠤᠴᠢᠯᠠᠭᠤᠷ ᠢ ᠭᠦᠢᠴᠡᠳ ᠠᠰᠢᠭᠯᠠᠨ᠂ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠬᠦᠳᠡᠭᠡ ᠲᠤᠰᠬᠤᠨ ᠤ ᠵᠢᠭᠤᠯᠴᠢᠯᠠᠯ ᠤᠨ ᠰᠤᠪᠠᠭ ᠪᠠᠶᠢᠭᠤᠯᠬᠤ ᠶᠢ | ᠳᠡᠮᠵᠢᠨ᠂ ᠰᠦᠯᠵᠢᠶᠡᠨ ᠲᠡᠭᠡᠷ᠎ᠡ ᠤᠬᠠᠭᠤᠯᠤᠨ ᠲᠡᠯᠭᠡᠷᠡᠭᠦᠯᠭᠦ ᠪᠠ ᠦᠢᠯᠡᠳᠭᠦᠨ ᠪᠤᠷᠤᠯᠠᠭᠤᠯᠬᠤ ᠵᠡᠷᠭᠡ ᠶᠢ | ᠦᠷᠨᠢᠭᠦᠯᠦᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠶᠢᠨ ᠵᠦᠪᠯᠡᠯ᠂ | ᠲᠠᠷᠢᠶᠠᠯᠠᠩ ᠬᠦᠳᠡᠭᠡ ᠲᠤᠰᠬᠤᠨ ᠤ ᠶᠠᠮᠤᠨ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠬᠤᠪᠢᠶᠠᠷᠢᠯᠠᠨ ᠬᠠᠷᠢᠭᠤᠴᠠᠨ᠎ᠠ᠃ | ︶ | | ᠵᠢᠷᠭᠤᠭ᠎ᠠ᠂ ᠲᠠᠷᠢᠶᠠᠴᠢᠨ ᠤ ᠠᠰᠢᠭ ᠬᠦᠷᠲᠡᠭᠦ ᠶᠢ ᠴᠢᠬᠤᠯᠠᠴᠢᠯᠠᠨ᠂ ᠶᠠᠳᠠᠭᠤ ᠠᠴᠠ ᠠᠩᠬᠢᠵᠢᠷᠠᠭᠤᠯᠬᠤ | ᠪᠤᠭᠤᠮᠲᠠ ᠰᠢᠪᠲᠤᠯᠬᠤ ᠳᠤ ᠬᠦᠴᠦᠨ ᠨᠡᠮᠡᠷᠢᠯᠡᠨ᠎ᠡ | | 14. ᠬᠦᠭᠵᠢᠯᠲᠡ ᠶᠢᠨ ᠬᠡᠯᠪᠡᠷᠢ ᠶᠢ ᠰᠦᠪᠡᠭᠴᠢᠯᠡᠨ ᠲᠡᠯᠭᠡᠷᠡᠭᠦᠯᠦᠨ᠎ᠡ | | ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠨᠢ ᠵᠢᠭᠤᠯᠴᠢᠯᠠᠭᠴᠢᠳ ᠤᠨ ᠡᠬᠢ ᠪᠠᠶᠠᠯᠢᠭ ᠤᠨ | ᠳᠠᠪᠠᠭᠤᠯᠢᠭ ᠢᠶᠠᠨ ᠠᠰᠢᠭᠯᠠᠨ᠂ ᠬᠠᠮᠤᠭ ᠶᠡᠭᠡ ᠬᠡᠮᠵᠢᠶ᠎ᠡ ᠪᠠᠷ ᠵᠢᠭᠤᠯᠴᠢᠯᠠᠯ ᠤᠨ ᠡᠬᠢ ᠪᠠᠶᠠᠯᠢᠭ ᠢᠶᠠᠨ ᠤᠬᠠᠭᠤᠯᠤᠨ | ᠲᠠᠨᠢᠯᠴᠠᠭᠤᠯᠤᠨ ᠲᠡᠯᠭᠡᠷᠡᠭᠦᠯᠭᠦ ᠶᠢᠨ ᠬᠠᠮᠲᠤ ᠵᠢᠭᠤᠯᠴᠢᠯᠠᠭᠴᠢᠳ ᠢ ᠵᠤᠬᠢᠶᠠᠨ ᠪᠠᠶᠢᠭᠤᠯᠵᠤ᠂ ᠬᠠᠮᠲᠤᠷᠠᠨ ᠡᠵᠡᠩᠨᠡᠨ | ᠪᠤᠷᠤᠯᠠᠭᠤᠯᠬᠤ ᠵᠡᠷᠭᠡ ᠬᠡᠯᠪᠡᠷᠢ ᠪᠠᠷ ᠵᠠᠬ᠎ᠠ ᠲᠡᠯᠭᠡᠭᠦᠷ ᠤᠨ ︽ᠵᠢᠭᠤᠯᠴᠢᠯᠠᠯ ᠤᠨ ᠦᠢᠯᠡᠴᠢᠯᠡᠬᠡᠨ ᠤ ᠭᠠᠵᠠᠷ ᠨᠢ | ᠲᠤᠰᠬᠤᠨ ᠢᠶᠠᠨ ᠳᠠᠭᠠᠭᠤᠯᠬᠤ︾ ᠬᠡᠪ ᠮᠠᠶ᠋ᠢᠭ ᠢ ᠬᠠᠮᠲᠤ ᠪᠠᠷ ᠨᠡᠬᠡᠬᠡᠭᠦ ᠶᠢ ᠳᠡᠮᠵᠢᠨ᠎ᠡ᠃ ᠦᠵᠡᠮᠵᠢ ᠶᠢᠨ ᠤᠷᠤᠨ ᠤ | ᠡᠷᠬᠢᠨ ᠲᠤᠭᠤᠷᠢᠨ ᠢᠶᠠᠨ ᠨᠡᠶᠢᠳᠡᠮ ᠲᠠᠶᠢᠴᠢᠯᠠᠨ ᠬᠦᠳᠡᠭᠡ ᠲᠤᠰᠬᠤᠨ ᠤ ᠵᠢᠭᠤᠯᠴᠢᠯᠠᠯ ᠢ ᠬᠦᠭᠵᠢᠭᠦᠯᠭᠦ ᠶᠢ ᠢᠳᠡᠪᠬᠢᠲᠠᠢ | ᠠᠬᠢᠭᠤᠯᠤᠨ᠂ ᠬᠦᠳᠡᠭᠡ ᠲᠤᠰᠬᠤᠨ ᠪᠠ ᠦᠵᠡᠮᠵᠢ ᠶᠢᠨ ᠤᠷᠤᠨ ᠤ ᠬᠠᠮᠲᠤ ᠤᠷᠤᠰᠢᠨ᠂ ᠬᠠᠮᠲᠤ ᠬᠦᠭᠵᠢᠬᠦ᠂ ᠬᠠᠮᠲᠤ | ᠪᠠᠶᠢᠭᠤᠯᠤᠨ ᠬᠠᠮᠲᠤ ᠡᠳ᠋ᠯᠡᠬᠦ ︽ᠦᠵᠡᠮᠵᠢ ᠶᠢᠨ ᠤᠷᠤᠨ ᠨᠢ ᠲᠤᠰᠬᠤᠨ ᠢᠶᠠᠨ ᠳᠠᠭᠠᠭᠤᠯᠬᠤ︾ ᠬᠡᠪ ᠮᠠᠶ᠋ᠢᠭ ᠢ | ᠲᠦᠯᠦᠪᠰᠢᠷᠡᠭᠦᠯᠦᠨᠡ᠃ ᠡᠵᠡᠩᠨᠡᠯᠲᠡ ᠶᠢᠨ ᠴᠢᠳᠠᠪᠤᠷᠢ ᠲᠠᠢ᠂ ᠬᠠᠮᠢᠶᠠᠷᠤᠯᠲᠠ ᠳᠤ ᠪᠠᠨ ᠴᠢᠳᠠᠮᠠᠭᠠᠢ ᠲᠤᠰ ᠭᠠᠵᠠᠷ ᠤᠨ | ᠪᠤᠶᠤ ᠨᠤᠲᠤᠭ ᠲᠤ ᠪᠠᠨ ᠪᠤᠴᠠᠭᠰᠠᠨ ᠴᠢᠳᠠᠪᠤᠷᠢᠲᠠᠨ ᠤ ᠵᠢᠭᠤᠯᠴᠢᠯᠠᠯ ᠳᠤ ᠪᠡᠯᠡ ᠤᠷᠤᠭᠤᠯᠬᠤ᠂ ᠠᠵᠢᠯ | ᠤᠯᠭᠤᠯᠲᠠ ᠶᠢ ᠰᠢᠩᠭᠡᠭᠡᠨ ᠠᠪᠬᠤ᠂ ᠠᠳᠠᠯ ᠦᠢᠯᠡᠰ ᠴᠤᠭᠴᠠᠯᠠᠬᠤ ᠶᠢ ᠳᠠᠶᠢᠴᠢᠯᠠᠬᠤ ᠠᠷᠭ᠎ᠠ ᠪᠠᠷ ᠲᠠᠷᠢᠶᠠᠴᠢᠳ ᠢ | ᠲᠠᠶᠢᠴᠢᠯᠠᠨ ᠤᠷᠤᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ︽ᠴᠢᠳᠠᠪᠤᠷᠢᠳᠠᠨ ᠡᠷᠦᠬᠡ ᠶᠢ ᠲᠠᠭᠠᠭᠤᠯᠬᠤ︾ ᠬᠡᠪ | ᠮᠠᠶ᠋ᠢᠭ ᠢ ᠬᠦᠴᠦᠲᠡᠢ ᠳᠡᠮᠵᠢᠨ᠎ᠡ᠃ ᠠᠵᠤ ᠠᠬᠤᠶᠢᠯᠠᠯ ᠢ ᠬᠦᠳᠡᠭᠡ ᠲᠤᠰᠬᠤᠨ ᠤ ᠵᠢᠭᠤᠯᠴᠢᠯᠠᠯ ᠤᠨ ᠡᠵᠡᠩᠨᠡᠯᠲᠡ ᠶᠢᠨ | ᠤᠲᠤᠷᠢᠲᠤᠮᠵᠢ ᠪᠤᠯᠭᠠᠬᠤ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠂ ᠲᠤᠬᠠᠢ ᠶᠢᠨ ᠭᠠᠵᠠᠷ ᠤᠨ ᠲᠤᠰᠬᠤᠨ ᠤ | ᠠᠷᠠᠳ ᠤᠨ ᠡᠵᠡᠩᠨᠡᠯᠲᠡ ᠪᠤᠶᠤ ᠬᠠᠮᠢᠶᠠᠷᠤᠯᠲᠠ ᠶᠢᠨ ︽ᠺᠤᠮᠫᠠᠨᠢ + ᠲᠠᠷᠢᠶᠠᠴᠢᠨ︾ ᠭᠡᠪ ᠮᠠᠶ᠋ᠢᠭ ᠢ ᠰᠢᠩᠭᠡᠭᠡᠨ | ᠠᠪᠤᠨ᠎ᠠ᠃ ᠲᠤᠰᠬᠠᠶᠢᠵᠢᠭᠤᠯᠤᠭᠰᠠᠨ ᠦᠢᠯᠡᠴᠢᠯᠡᠭᠡᠨ ᠪᠠ ᠬᠡᠪᠴᠢᠶᠡᠰᠢᠭᠰᠡᠨ ᠡᠵᠡᠩᠨᠡᠯᠲᠡ ᠶᠢᠨ ᠬᠠᠷᠢᠯᠴᠠᠨ | ᠤᠶᠠᠯᠳᠤᠭᠰᠠᠨ ︽ᠬᠤᠷᠰᠢᠶ᠎ᠠ + ᠲᠠᠷᠢᠶᠠᠴᠢᠨ︾ ᠤ ᠬᠡᠪ ᠮᠠᠶ᠋ᠢᠭ ᠢ ᠤᠳᠤᠷᠢᠲᠤᠨ ᠲᠦᠷᠢᠮᠵᠢᠭᠦᠯᠦᠨ᠎ᠡ᠃ ᠡᠯ᠎ᠡ | ᠭᠠᠵᠠᠷ ᠤᠨ ᠪᠤᠲᠠᠲᠠᠢ ᠠᠴᠠ ᠡᠭᠦᠰᠦᠨ᠂ ᠤᠯᠠᠨ ᠡᠳᠡᠭᠡᠳ ᠤᠷᠤᠯᠴᠠᠨ᠂ ᠪᠠᠶᠢᠭᠤᠯᠤᠮᠵᠢ ᠨᠢ ᠲᠡᠭᠦᠯᠳᠡᠷᠵᠢᠭᠰᠡᠨ᠂ | ᠬᠠᠷᠢᠯᠴᠠᠨ ᠠᠰᠢᠭᠯᠠᠨ ᠬᠠᠮᠲᠤ ᠪᠠᠷ ᠤᠯᠬᠤ ᠶᠢᠨ ᠰᠢᠨ᠎ᠡ ᠬᠡᠪ ᠮᠠᠶ᠋ᠢᠭ ᠰᠢᠨ᠎ᠡ ᠬᠢᠭᠦ ᠠᠷᠭ᠎ᠠ ᠶᠢ ᠢᠳᠡᠪᠬᠢᠲᠡᠢ | ᠰᠦᠪᠡᠭᠴᠢᠯᠡᠨ ᠲᠡᠯᠭᠡᠷᠡᠭᠦᠯᠭᠦ ᠶᠢ ᠵᠤᠷᠢᠭᠵᠢᠭᠤᠯᠤᠨ᠂ ᠲᠤᠭᠳᠠᠮᠠᠯ ᠴᠢᠨᠠᠷ ᠲᠤᠭᠳᠠᠮᠠᠯ ᠬᠡᠮᠵᠢᠶ᠎ᠡ ᠲᠠᠢ ᠵᠠᠳᠠᠯᠤᠨ | ᠰᠢᠨᠵᠢᠯᠡᠬᠦ ᠠᠵᠢᠯ ᠤᠨ ᠡᠬᠡ ᠳᠠᠩᠰᠠ ᠶᠢ ᠪᠠᠶᠢᠭᠤᠯᠤᠨ᠂ ᠵᠢᠭᠤᠯᠴᠢᠯᠠᠯ ᠤᠨ ᠶᠠᠳᠠᠭᠤ ᠶᠢ ᠳᠡᠳᠭᠦᠭᠦ ᠠᠵᠢᠯ ᠢ ᠳ᠋ᠦᠩᠨᠡᠨ | ᠲᠡᠯᠭᠡᠷᠡᠭᠦᠯᠦᠨ᠎ᠡ᠃ ︵ᠰᠤᠶᠤᠯ ᠪᠠ ᠵᠢᠭᠤᠯᠴᠢᠯᠠᠯ ᠤᠨ ᠶᠠᠮᠤᠨ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠳᠡᠳᠭᠦᠭᠦ ᠠᠯᠪᠠᠨ ᠭᠡᠷ ᠲᠤᠰᠢᠶᠠᠯ ᠢᠶᠠᠷ ᠢᠶᠠᠨ ᠠᠵᠢᠯ ᠢᠶᠠᠨ | ᠬᠤᠪᠢᠶᠠᠷᠢᠯᠠᠨ ᠬᠠᠷᠢᠭᠤᠴᠠᠨ᠎ᠠ᠃︶ | | 15. ᠠᠰᠢᠭ ᠲᠤᠰᠠ ᠪᠠ ᠪᠠᠶᠢᠭᠤᠯᠤᠮᠵᠢ ᠶᠢᠨ ᠬᠤᠯᠪᠤᠯᠳᠤᠬᠤ ᠶᠢ ᠲᠡᠭᠦᠯᠳᠡᠷᠵᠢᠭᠦᠯᠦᠨ᠎ᠡ | | ᠭᠤᠤᠯᠳᠠᠯᠭ᠎ᠠ ᠪᠠᠨ ᠲᠤᠪᠤᠶᠢᠯᠭᠠᠨ᠂ ᠤᠨᠴᠠᠭᠠᠢ ᠶᠠᠳᠠᠭᠤ ᠬᠦᠴᠢᠷᠳᠡᠯ ᠲᠠᠢ ᠭᠠᠵᠠᠷ ᠤᠷᠤᠨ ᠨᠢ | ᠵᠢᠭᠤᠯᠴᠢᠯᠠᠯ ᠢᠶᠠᠷ ᠶᠠᠳᠠᠭᠤ ᠶᠢ ᠳᠡᠳᠭᠦᠭᠦ ᠠᠵᠢᠯ ᠢ ᠰᠠᠶᠢᠲᠤᠷ ᠬᠢᠨ᠎ᠡ᠃ ᠤᠯᠠᠨ ᠡᠰᠢ ᠶᠢᠨ ᠠᠰᠢᠭ ᠲᠤᠰᠠ ᠪᠠ | ᠪᠠᠶᠢᠭᠤᠯᠤᠮᠵᠢ ᠶᠢᠨ ᠬᠤᠯᠪᠤᠯᠳᠠᠬᠤ ᠶᠢ ᠪᠠᠶᠢᠭᠤᠯᠤᠨ ᠪᠦᠷᠢᠨᠰᠢᠭᠦᠯᠦᠨ᠂ ᠲᠠᠷᠢᠶᠠᠴᠢᠳ ᠲᠤ ᠨᠡᠩ ᠰᠠᠶᠢᠨ | ᠵᠢᠭᠤᠯᠴᠢᠯᠠᠯ ᠤᠨ ᠬᠦᠭᠵᠢᠯᠲᠡ ᠶᠢᠨ ᠠᠰᠢᠭ ᠤᠯᠵᠠᠪᠤᠷᠢ ᠶᠢ ᠬᠤᠪᠢᠶᠠᠯᠴᠠᠨ ᠡᠳ᠋ᠯᠡᠭᠦᠯᠵᠤ᠂ ᠲᠠᠷᠢᠶᠠᠴᠢᠳ ᠤᠨ | ᠤᠷᠤᠯᠴᠠᠬᠤ ᠴᠢᠨᠠᠷ ᠪᠠ ᠬᠦᠷᠳᠡᠮᠵᠢ ᠶᠢᠨ ᠰᠡᠳᠬᠢᠭᠳᠡᠯ ᠢ ᠳᠡᠭᠡᠭᠰᠢᠯᠡᠭᠦᠯᠦᠨ᠎ᠡ᠃ ᠡᠬᠢ ᠪᠠᠶᠠᠯᠢᠭ ᠢ ᠡᠳ᠋ ᠬᠦᠷᠦᠩᠭᠡ | ᠪᠤᠯᠭᠠᠬᠤ᠂ ᠲᠠᠷᠢᠶᠠᠴᠢᠨ ᠢ ᠬᠤᠪᠢ ᠤᠷᠤᠭᠤᠯᠤᠭᠴᠢ ᠪᠤᠯᠭᠠᠬᠤ ᠠᠷᠭ᠎ᠠ ᠬᠡᠮᠵᠢᠶ᠎ᠡ ᠶᠢ ᠰᠦᠪᠡᠭᠴᠢᠯᠡᠨ᠂ ᠲᠤᠰᠬᠤᠨ ᠤ | ᠬᠠᠮᠲᠤ ᠨᠡᠶᠢᠲᠡ ᠪᠠ ᠠᠷᠠᠳ ᠢ ᠳᠠᠭᠠᠭᠤᠯᠤᠨ ᠪᠡᠯᠡ ᠮᠦᠩᠭᠦ᠂ ᠮᠡᠷᠭᠡᠵᠢᠯ᠂ ᠭᠠᠵᠠᠷ ᠰᠢᠷᠤᠢ᠂ ᠰᠢᠭᠤᠢ ᠲᠠᠢ ᠭᠠᠵᠠᠷ᠂ | ᠭᠡᠷ ᠪᠠᠶᠢᠰᠢᠩ ᠵᠢᠴᠢ ᠬᠦᠳᠡᠭᠡ ᠲᠤᠰᠬᠤᠨ ᠤ ᠵᠢᠭᠤᠯᠴᠢᠯᠠᠯ ᠤᠨ ᠬᠤᠷᠰᠢᠶ᠎ᠠ ᠳᠤ ᠬᠤᠪᠢ ᠤᠷᠤᠭᠤᠯᠤᠨ | ᠵᠢᠭᠤᠯᠴᠢᠯᠠᠯ ᠤᠨ ᠠᠵᠤ ᠠᠬᠤᠶᠢᠯᠠᠯ ᠠᠰᠢᠭ ᠬᠦᠷᠲᠡᠨ᠂ ᠠᠵᠤ ᠠᠬᠤᠶᠢᠯᠠᠯ ᠤᠨ ᠪᠠᠲᠤᠯᠭᠠᠲᠤ ᠤᠷᠤᠯᠭ᠎ᠠ | ᠬᠤᠪᠢᠶᠠᠬᠤ ᠶᠢ ᠵᠤᠷᠢᠭᠵᠢᠭᠤᠯᠤᠨ᠎ᠠ᠃ ᠶᠠᠳᠠᠭᠤ ᠬᠦᠴᠢᠷᠳᠡᠯ ᠲᠠᠢ ᠭᠠᠵᠠᠷ ᠤᠷᠤᠨ ᠳᠤ ᠨᠢᠭᠡ ᠪᠦᠯᠦᠭ ᠬᠦᠳᠡᠭᠡ | ᠲᠤᠰᠬᠤᠨ ᠤ ᠠᠷᠠᠳ ᠤᠨ ᠬᠤᠨᠤᠬᠤ ᠭᠡᠷ ᠢ ᠦᠭᠡᠷᠡᠴᠢᠯᠡᠨ ᠭᠤᠤᠯᠳᠠᠯᠭ᠎ᠠ ᠲᠠᠢ ᠵᠢᠭᠤᠯᠴᠢᠯᠠᠯ ᠢᠶᠠᠷ ᠶᠠᠳᠠᠭᠤ ᠶᠢ | ᠳᠡᠳᠭᠦᠭᠦ ᠲᠦᠷᠦᠯ ᠵᠦᠢᠯ ᠪᠤᠯᠭᠠᠨ ᠪᠡᠶᠡᠯᠡᠭᠦᠯᠭᠦ ᠪᠠᠷ ᠳᠠᠮᠵᠢᠨ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠢ | ᠤᠲᠤᠷᠢᠳᠤᠨ ᠰᠤᠯᠠ ᠪᠠᠶᠢᠬᠤ ᠭᠡᠷ ᠪᠠᠶᠢᠰᠢᠩ ᠢ ᠨᠢ ᠵᠠᠰᠠᠨ ᠰᠠᠶᠢᠵᠢᠷᠠᠭᠤᠯᠤᠨ᠂ ᠡᠯ᠎ᠡ ᠭᠠᠵᠠᠷ ᠢ ᠵᠢᠯᠤᠭᠤᠳᠤᠨ | ᠦᠮᠴᠢᠯᠡᠬᠦ ᠡᠷᠭᠡ ᠨᠢ ᠨᠠᠷᠢᠨ ᠲᠤᠳᠤᠷᠬᠠᠢ ᠰᠠᠭᠤᠷᠢᠨ ᠳᠡᠭᠡᠷ᠎ᠡ ᠶᠠᠳᠠᠭᠤ ᠶᠢ ᠪᠠᠭᠠᠰᠬᠠᠬᠤ ᠪᠦᠲᠦᠮᠵᠢᠲᠡᠢ | ᠪᠠᠶᠢᠭᠤᠯᠤᠮᠵᠢ ᠶᠢ ᠪᠠᠶᠢᠭᠤᠯᠤᠨ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠤ ᠠᠰᠢᠭ ᠤᠯᠵᠠᠪᠤᠷᠢ ᠶᠢ | ᠨᠡᠮᠡᠭᠳᠡᠭᠦᠯᠦᠨ᠎ᠡ᠃ ᠲᠤᠬᠠᠢ ᠶᠢᠨ ᠭᠠᠵᠠᠷ ᠤᠨ ᠲᠤᠰᠬᠤᠨ ᠤ ᠠᠷᠠᠳ ᠪᠠ ᠨᠤᠲᠤᠭ ᠲᠤ ᠪᠠᠨ ᠪᠤᠴᠠᠭᠰᠠᠨ ᠬᠦᠮᠦᠰ ᠤᠨ | ᠦᠢᠯᠡᠰ ᠪᠦᠲᠦᠭᠡᠨ ᠬᠦᠳᠡᠭᠡ ᠲᠤᠰᠬᠤᠨ ᠤ ᠵᠢᠭᠤᠯᠴᠢᠯᠠᠯ ᠤᠨ ᠡᠵᠡᠩᠨᠡᠯᠲᠡ ᠪᠠ ᠦᠢᠯᠡᠴᠢᠯᠡᠭᠡᠨ ᠳᠤ ᠤᠷᠤᠯᠴᠠᠬᠤ ᠶᠢ | ᠳᠡᠮᠵᠢᠨ᠎ᠡ᠃ ᠬᠦᠳᠡᠭᠡ ᠲᠤᠰᠬᠤᠨ ᠤ ᠵᠢᠭᠤᠯᠴᠢᠯᠠᠯ ᠤᠨ ᠠᠵᠤ ᠠᠬᠤᠶᠢᠯᠠᠯ ᠢ ᠵᠤᠷᠢᠭᠵᠢᠭᠤᠯᠤᠨ ᠤᠷᠢᠳᠠ ᠪᠠᠷ | ᠲᠤᠬᠠᠢ ᠶᠢᠨ ᠭᠠᠵᠠᠷ ᠤᠨ ᠲᠤᠰᠬᠤᠨ ᠤ ᠠᠷᠠᠳ ᠲᠤ ᠪᠠᠨ ᠠᠵᠢᠯ ᠤᠯᠭᠤᠨ᠎ᠠ᠃ ︵ᠰᠤᠶᠤᠯ ᠪᠠ ᠵᠢᠭᠤᠯᠴᠢᠯᠠᠯ ᠤᠨ | ᠶᠠᠮᠤᠨ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠢ ᠰᠢᠭᠤᠢ | ᠨᠤᠲᠤᠭ ᠪᠡᠯᠴᠢᠭᠡᠷ ᠤᠨ ᠲᠤᠪᠴᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠳᠡᠳᠭᠦᠭᠦ ᠠᠯᠪᠠᠨ ᠭᠡᠷ | ᠲᠤᠰᠢᠶᠠᠯ ᠢᠶᠠᠷ ᠢᠶᠠᠨ ᠠᠵᠢᠯ ᠢᠶᠠᠨ ᠬᠤᠪᠢᠶᠠᠷᠢᠯᠠᠨ ᠬᠠᠷᠢᠭᠤᠴᠠᠨ᠎ᠠ᠃︶ | | ᠲᠤᠯᠤᠭ᠎ᠠ᠂ ᠪᠡᠯᠡ ᠮᠦᠩᠬᠦ ᠶᠢᠨ ᠡᠬᠢ ᠪᠠᠶᠠᠯᠢᠭ ᠢ ᠨᠢᠭᠡᠳᠦᠭᠦᠯᠦᠨ᠂ ᠦᠨᠳᠦᠰᠦᠨ ᠨᠦᠬᠦᠴᠡᠯ ᠤᠨ | ᠪᠠᠲᠤᠯᠭ᠎ᠠ ᠶᠢ ᠴᠢᠩᠭᠠᠷᠠᠭᠤᠯᠤᠨ᠎ᠠ | | 16. ᠡᠳ᠋ ᠤᠨ ᠵᠠᠰᠠᠭ ᠤᠨ ᠪᠡᠯᠡ ᠤᠷᠤᠭᠤᠯᠬᠤ ᠪᠠᠶᠢᠭᠤᠯᠤᠮᠵᠢ ᠶᠢ ᠲᠡᠭᠦᠯᠲᠡᠷᠵᠢᠭᠦᠯᠦᠨ᠎ᠡ | | ᠬᠦᠳᠡᠭᠡ ᠲᠤᠰᠬᠤᠨ ᠳᠤ ᠵᠢᠭᠤᠯᠴᠢᠯᠠᠯ ᠤᠨ ᠲᠦᠷᠦᠯ ᠵᠦᠢᠯ ᠤᠨ ᠪᠡᠯᠡ ᠮᠦᠩᠬᠦ ᠶᠢᠨ ᠲᠡᠮᠵᠢᠬᠦ ᠬᠦᠴᠦᠨ ᠢ | ᠶᠡᠭᠡᠰᠬᠡᠨ ᠨᠦᠬᠦᠴᠡᠯ ᠱᠠᠭᠠᠷᠳᠠᠯᠭ᠎ᠠ ᠲᠠᠢ ᠭᠠᠵᠠᠷ ᠤᠷᠤᠨ ᠤ ᠤᠲᠤ ᠪᠠᠶᠢᠭ᠎ᠠ ᠪᠡᠯᠡ ᠮᠦᠩᠬᠦ ᠶᠢᠨ ᠠᠷᠭ᠎ᠠ ᠵᠠᠮ ᠶᠢᠨ | ᠨᠢᠭᠡᠲᠦᠯᠲᠠᠢ ᠲᠦᠯᠦᠪᠵᠢᠭᠦᠯᠦᠨ ᠠᠰᠢᠭᠯᠠᠬᠤ ᠶᠢ ᠵᠤᠷᠢᠭᠵᠢᠭᠤᠯᠤᠨ᠂ ᠲᠤᠰᠬᠤᠨ ᠤ ᠪᠠᠨ ᠵᠢᠰᠤ ᠪᠠᠶᠢᠳᠠᠯ ᠢ | ᠳᠡᠭᠡᠭᠰᠢᠯᠡᠭᠦᠯᠬᠦ ᠶᠢ ᠢᠳᠡᠭᠬᠢᠲᠠᠢ ᠳᠡᠮᠵᠢᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ | ᠲᠤᠰᠬᠤᠨ ᠤ ᠵᠠᠮ᠂ ᠲᠡᠷᠭᠡᠨ ᠵᠤᠭᠰᠤᠭᠠᠯ᠂ ᠵᠤᠷᠯᠤᠩ᠂ ᠬᠤᠭ ᠨᠤᠪᠰᠢ ᠪᠤᠵᠠᠷ ᠤᠰᠤ ᠶᠢ ᠰᠢᠢᠳᠪᠦᠷᠢᠯᠡᠬᠦ ᠵᠡᠷᠭᠡ | ᠰᠠᠭᠤᠷᠢ ᠦᠢᠯᠡᠴᠢᠯᠡᠭᠡᠨ ᠤ ᠲᠦᠭᠦᠭᠡᠷᠦᠮᠵᠢ ᠶᠢ ᠰᠠᠶᠢᠵᠢᠷᠠᠭᠤᠯᠤᠨ᠎ᠠ᠃ ᠲᠤᠭᠳᠠᠭᠠᠯ ᠶᠤᠰᠤ ᠪᠠᠷ ᠨᠢᠭᠡᠲᠦᠯᠲᠠᠢ | ᠲᠦᠯᠦᠪᠵᠢᠭᠦᠯᠦᠭᠰᠡᠨ ᠬᠠᠮᠢᠶ᠎ᠠ ᠪᠦᠬᠦᠢ ᠲᠠᠷᠢᠶᠠᠯᠠᠩ ᠪᠠ ᠬᠦᠳᠡᠭᠡ ᠲᠤᠰᠬᠤᠨ ᠤ ᠵᠢᠭᠤᠯᠴᠢᠯᠠᠯ ᠢ ᠬᠦᠮᠦᠵᠢᠭᠦᠯᠦᠨ | ᠬᠦᠭᠵᠢᠭᠦᠯᠬᠦ ᠳᠤ ᠬᠡᠷᠡᠭᠯᠡᠵᠦ ᠪᠤᠯᠤᠨ᠎ᠠ᠃ ︵ᠡᠳ᠋ ᠤᠨ ᠵᠠᠰᠠᠭ ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠲᠡ ᠶᠢᠨ | ᠵᠦᠪᠯᠡᠯ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ ᠲᠤᠰᠢᠶᠠᠯ ᠢᠶᠠᠷ ᠢᠶᠠᠨ ᠠᠵᠢᠯ ᠢᠶᠠᠨ ᠬᠤᠪᠢᠶᠠᠷᠢᠯᠠᠨ | ᠬᠠᠷᠢᠭᠤᠴᠠᠨ᠎ᠠ᠃︶ | | 17᠂ ᠬᠡᠷᠡᠭᠯᠡᠬᠦ ᠭᠠᠵᠠᠷ ᠤᠨ ᠪᠠᠲᠤᠯᠠᠭ᠎ᠠ ᠶᠢ ᠴᠢᠩᠭᠠᠷᠠᠭᠤᠯᠤᠨ᠎ᠠ | | ᠡᠯ᠎ᠡ ᠭᠠᠵᠠᠷ ᠨᠢ ᠬᠦᠳᠡᠭᠡ ᠲᠤᠰᠬᠤᠨ ᠤ ᠵᠢᠭᠤᠯᠴᠢᠯᠠᠯ ᠤᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠨᠤᠲᠤᠭ ᠲᠡᠪᠢᠰᠭᠡᠷ ᠤᠨ ᠤᠷᠤᠨ ᠵᠠᠢ ᠶᠢᠨ ᠲᠦᠯᠦᠪᠵᠢᠭᠦᠯᠬᠡ ᠪᠠ ᠭᠠᠵᠠᠷ | ᠲᠠᠷᠢᠶ᠎ᠠ ᠶᠢ ᠠᠰᠢᠭᠯᠠᠬᠤ ᠵᠢᠯ ᠤᠨ ᠲᠦᠯᠦᠪᠯᠡᠭᠡ ᠳᠤ ᠪᠠᠨ ᠤᠷᠤᠭᠤᠯᠤᠨ ᠨᠢᠭᠡᠲᠦᠯᠲᠠᠢ ᠲᠦᠯᠦᠪᠵᠢᠭᠦᠯᠦᠨ | ᠲᠤᠬᠢᠷᠠᠭᠤᠯᠬᠤ ᠬᠡᠷᠡᠭᠲᠠᠢ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠱᠠᠭᠠᠷᠳᠠᠯᠭ᠎ᠠ ᠪᠠ ᠬᠠᠮᠢᠶ᠎ᠠ ᠪᠦᠬᠦᠢ | ᠲᠤᠭᠳᠠᠭᠠᠯ ᠶᠤᠰᠤ ᠪᠠᠷ ᠬᠦᠳᠡᠭᠡ ᠲᠤᠰᠬᠤᠨ ᠤ ᠰᠤᠯᠠ ᠪᠠᠶᠢᠬᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠡᠬᠢ ᠰᠤᠷᠪᠤᠯᠵᠢ ᠶᠢ ᠠᠮᠢᠲᠤᠯᠢᠭ ᠪᠤᠯᠭᠠᠨ᠂ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠳᠤ ᠬᠡᠷᠡᠭᠯᠡᠬᠦ | ᠭᠠᠵᠠᠷ ᠢ ᠨᠡᠮᠡᠭᠳᠡᠯ ᠬᠠᠰᠤᠭᠳᠠᠯ ᠲᠠᠢ ᠬᠤᠯᠪᠤᠬᠤ ᠶᠢ ᠦᠷᠨᠢᠭᠦᠯᠦᠨ᠂ ᠪᠦᠲᠦᠭᠡᠨ ᠪᠠᠶᠢᠭᠤᠯᠤᠯᠲᠠ ᠶᠢ ᠰᠠᠶᠢᠵᠢᠷᠠᠭᠤᠯᠤᠨ | ᠂ ᠰᠡᠯᠡᠭᠦᠴᠡᠯ ᠲᠠᠷᠢᠶᠠᠯᠠᠩ ᠪᠠ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢ ᠠᠬᠢᠭᠤᠯᠤᠨ᠂ ᠭᠠᠵᠠᠷ | ᠲᠠᠷᠢᠶ᠎ᠠ ᠶᠢ ᠭᠠᠮᠨᠠᠬᠤ᠂ ᠡᠷᠴᠢᠮᠯᠡᠬᠦ᠂ ᠠᠰᠢᠭᠯᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠷᠬᠢᠯᠲᠡ ᠶᠢᠨ ᠬᠡᠯᠪᠡᠷᠢ ᠪᠠᠷ | ᠳᠠᠮᠵᠢᠨ ᠲᠡᠥᠬᠡ ᠶᠢᠨ ᠲᠤᠷᠠᠰᠬᠠᠯᠲᠤ ᠵᠦᠢᠯᠡᠰ ᠤᠨ ᠪᠠᠷᠢᠯᠭ᠎ᠠ ᠳᠤ ᠬᠠᠮᠢᠶᠠᠳᠠᠬᠤ ᠲᠠᠷᠢᠶᠠᠴᠢᠳ ᠤᠨ ᠭᠡᠷ ᠪᠠᠶᠢᠰᠢᠩ | ᠵᠢᠴᠢ ᠤᠷᠤᠨ ᠰᠠᠭᠤᠴᠠ ᠶᠢᠨ ᠰᠠᠭᠤᠷᠢ ᠶᠢᠨ ᠡᠳ᠋ᠯᠡᠬᠦ ᠡᠷᠭᠡ ᠶᠢ ᠤᠯᠵᠤ᠂ ᠨᠢᠭᠡᠲᠦᠯᠲᠠᠢ ᠬᠠᠮᠠᠭᠠᠯᠠᠨ ᠨᠡᠭᠡᠭᠡᠨ | ᠠᠰᠢᠭᠯᠠᠬᠤ ᠶᠢ ᠵᠤᠷᠢᠭᠵᠢᠭᠤᠯᠤᠨ᠎ᠠ᠃ ᠲᠠᠷᠢᠶᠠᠴᠢᠳ ᠤᠨ ᠤᠷᠤᠨ ᠰᠠᠭᠤᠴᠠ ᠶᠢᠨ ᠰᠠᠭᠤᠷᠢ ᠶᠢᠨ ᠪᠤᠳᠠᠰ ᠤᠨ | ᠡᠷᠭᠡ ᠶᠢᠨ ᠠᠰᠢᠭ ᠢ ᠭᠦᠢᠴᠡᠳ ᠪᠠᠲᠤᠯᠠᠬᠤ ᠤᠷᠢᠳᠠᠯ ᠲᠤᠤᠷ᠎ᠠ ᠬᠦᠳᠡᠭᠡ ᠲᠤᠰᠬᠤᠨ ᠤ ᠬᠠᠮᠲᠤ ᠶᠢᠨ ᠠᠵᠤ | ᠠᠬᠤᠶᠢᠯᠠᠯ ᠤᠨ ᠵᠤᠬᠢᠶᠠᠨ ᠪᠠᠶᠢᠭᠤᠯᠤᠯᠲᠠ ᠨᠢ ᠲᠦᠷᠢᠶᠡᠰᠤᠯᠡᠭᠦᠯᠬᠦ᠂ ᠬᠤᠪᠢ ᠤᠷᠤᠬᠤ᠂ ᠬᠤᠷᠰᠢᠬᠤ ᠵᠡᠷᠭᠡ | ᠬᠡᠯᠪᠡᠷᠢ ᠪᠠᠷ ᠰᠤᠯᠠ ᠪᠠᠶᠢᠬᠤ ᠤᠷᠤᠨ ᠰᠠᠭᠤᠴᠠ ᠶᠢᠨ ᠰᠠᠭᠤᠷᠢ ᠪᠠ ᠲᠠᠷᠢᠶᠠᠴᠢᠨ ᠤ ᠭᠡᠷ ᠪᠠᠶᠢᠰᠢᠩ ᠢ ᠠᠮᠢᠲᠤᠯᠢᠭ | ᠠᠰᠢᠭᠯᠠᠬᠤ ᠶᠢ ᠰᠦᠪᠡᠭᠴᠢᠯᠡᠨ᠂ ᠲᠦᠯᠦᠪᠵᠢᠭᠦᠯᠬᠡ ᠶᠢᠨ ᠱᠠᠭᠠᠷᠳᠠᠯᠭ᠎ᠠ ᠪᠠ ᠬᠡᠷᠡᠭᠯᠡᠬᠦ ᠭᠠᠵᠠᠷ ᠤᠨ ᠪᠠᠷᠢᠮᠵᠢᠶ᠎ᠠ ᠪᠠᠷ | ᠬᠦᠳᠡᠭᠡ ᠲᠤᠰᠬᠤᠨ ᠤ ᠵᠢᠭᠤᠯᠴᠢᠯᠠᠯ ᠤᠨ ᠬᠦᠯᠢᠶᠡᠨ ᠵᠤᠴᠢᠯᠠᠬᠤ ᠪᠠ ᠬᠦᠳᠡᠯᠭᠡᠭᠡᠨ ᠬᠢᠬᠦ ᠭᠠᠵᠠᠷ ᠢ ᠰᠢᠨᠡᠳᠬᠡᠨ | ᠵᠠᠰᠠᠵᠤ ᠪᠠᠶᠢᠭᠤᠯᠤᠨ᠎ᠠ᠃ ᠲᠡᠥᠬᠡ ᠶᠢᠨ ᠦᠯᠡᠳᠡᠭᠳᠡᠯ ᠦᠢᠯᠡᠳᠪᠦᠷᠢ ᠠᠭᠤᠷᠬᠠᠢ ᠶᠢᠨ ᠬᠠᠶᠠᠭᠳᠠᠯ ᠤᠨ ᠭᠠᠵᠠᠷ ᠢ ᠲᠠᠬᠢᠨ | ᠠᠰᠢᠭᠯᠠᠬᠤ ᠶᠢ ᠲᠠᠮᠵᠢᠨ ᠠᠭᠯᠠᠭ ᠲᠠᠩ ᠵᠡᠷᠭᠡ ᠠᠰᠢᠭᠯᠠᠭᠠᠲᠤᠢ ᠭᠠᠵᠠᠷ ᠢ ᠬᠦᠳᠡᠭᠡ ᠲᠤᠰᠬᠤᠨ ᠤ ᠵᠢᠭᠤᠯᠴᠢᠯᠠᠯ ᠤᠨ | ᠭᠠᠵᠠᠷ ᠪᠤᠯᠭᠠᠨ ᠨᠡᠭᠡᠭᠡᠨ᠎ᠡ᠃ ︵ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠷᠤᠨ ᠰᠠᠭᠤᠴᠠ ᠬᠤᠳᠠ ᠬᠦᠳᠡᠭᠡ᠂ | ᠠᠮᠢ ᠠᠬᠤᠢ ᠤᠷᠴᠢᠨ ᠲᠤᠭᠤᠷᠢᠨ ᠤ ᠶᠠᠮᠤᠨ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠤᠢ ᠰᠢᠭᠤᠢ ᠨᠤᠲᠤᠭ | ᠪᠡᠯᠴᠢᠭᠡᠷ ᠤᠨ ᠲᠤᠪᠴᠢᠶ᠎ᠠ ᠲᠤᠰᠢᠶᠠᠯ ᠢᠶᠠᠷ ᠢᠶᠠᠨ ᠠᠵᠢᠯ ᠢᠶᠠᠨ ᠬᠤᠪᠢᠶᠠᠷᠢᠯᠠᠨ ᠬᠠᠷᠢᠭᠤᠴᠠᠨ᠎ᠠ᠃︶ | | 18᠂ ᠮᠦᠩᠭᠦᠨ ᠭᠦᠢᠯᠭᠡᠭᠡ ᠶᠢᠨ ᠲᠡᠮᠵᠢᠯᠭᠡ ᠶᠢ ᠴᠢᠩᠭᠠᠳᠬᠠᠨ᠎ᠠ | | ᠮᠦᠩᠭᠦᠨ ᠭᠦᠢᠯᠭᠡᠭᠡ ᠶᠢᠨ ᠪᠠᠶᠢᠭᠤᠯᠤᠮᠵᠢ ᠶᠢᠨ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠳᠤ | ᠵᠢᠭᠡᠯᠡᠯᠭᠡ ᠶᠢᠨ ᠳᠡᠮᠵᠢᠯᠭᠡ ᠬᠠᠩᠭᠠᠬᠤ ᠶᠢ ᠵᠤᠷᠢᠭᠵᠢᠭᠤᠯᠤᠨ᠂ ᠮᠦᠩᠭᠦᠨ ᠭᠦᠢᠯᠭᠡᠭᠡ ᠶᠢᠨ ᠦᠢᠯᠡᠳᠭᠦᠨ ᠤ ᠰᠢᠨ᠎ᠡ ᠶᠢ | ᠡᠭᠦᠳᠦᠨ᠂ ᠵᠢᠭᠡᠯᠡᠯᠭᠡ ᠶᠢᠨ ᠬᠤᠷᠢᠭ᠎ᠠ ᠶᠢ ᠪᠠᠭᠤᠷᠠᠭᠤᠯᠤᠨ᠂ ᠵᠢᠭᠡᠯᠡᠯᠭᠡ ᠶᠢᠨ ᠭᠠᠷ ᠭᠦᠢᠴᠡᠳᠭᠡᠯ ᠢ ᠲᠦᠭᠦᠮᠴᠢᠯᠡᠨ᠂ | ᠢᠲᠡᠭᠡᠮᠵᠢᠲᠦ ᠵᠢᠭᠡᠯᠡᠯᠭᠡ ᠲᠠᠯᠪᠢᠬᠤ ᠬᠦᠴᠦᠯᠡᠴᠠ ᠪᠠᠨ ᠶᠡᠬᠡᠰᠬᠡᠨ ᠬᠦᠳᠡᠭᠡ ᠲᠤᠰᠬᠤᠨ ᠤ ᠵᠢᠭᠤᠯᠴᠢᠯᠠᠯ ᠤᠨ | ᠬᠦᠲᠦᠴᠢ ᠠᠵᠤ ᠠᠬᠤᠶᠢᠯᠠᠯ ᠤᠨ ᠬᠦᠭᠵᠢᠯᠲᠡ ᠳᠤ ᠲᠤᠰᠠᠯᠠᠨ᠎ᠠ᠃ ᠬᠠᠤᠯᠢ ᠶᠤᠰᠤ ᠪᠠᠷ ᠲᠤᠭᠳᠠᠭᠠᠯ ᠳᠤ ᠨᠡᠶᠢᠴᠡᠭᠰᠡᠨ | ᠬᠦᠳᠡᠭᠡ ᠲᠤᠰᠬᠤᠨ ᠤ ᠳᠠᠭᠠᠭᠠᠴᠢᠯᠠᠭᠰᠠᠨ ᠭᠠᠵᠠᠷ ᠲᠠᠷᠢᠶ᠎ᠠ ᠶᠢᠨ ᠡᠵᠡᠩᠨᠡᠨ ᠬᠠᠮᠢᠶᠠᠷᠬᠤ ᠡᠷᠭᠡ᠂ ᠲᠠᠷᠢᠶᠠᠴᠢᠳ ᠤᠨ | ᠤᠷᠤᠨ ᠰᠠᠭᠤᠴᠠ ᠶᠢᠨ ᠡᠳ᠋ ᠬᠦᠷᠦᠩᠭᠡ ᠶᠢᠨ ᠡᠷᠭᠡ ᠪᠠᠨ ᠪᠠᠷᠢᠴᠠᠭᠠᠯᠠᠨ ᠵᠢᠭᠡᠯᠡᠯᠭᠡ ᠵᠢᠭᠡᠯᠡᠬᠦ ᠲᠤᠬᠠᠶᠢᠯᠠᠭᠰᠠᠨ ᠠᠵᠢᠯ ᠢ | ᠠᠬᠢᠭᠤᠯᠤᠨ᠂ ᠬᠠᠮᠲᠤ ᠶᠢᠨ ᠤᠢ ᠰᠢᠭᠤᠢ ᠶᠢᠨ ᠦᠮᠴᠢᠯᠡᠬᠦ ᠡᠷᠭᠡ ᠪᠠᠨ ᠪᠠᠷᠢᠴᠠᠭᠠᠯᠠᠨ ᠵᠢᠭᠡᠯᠡᠯᠭᠡ ᠠᠪᠬᠤ᠂ | ᠵᠢᠭᠤᠯᠴᠢᠯᠠᠯ ᠤᠨ ᠡᠭᠦᠳᠡᠨ ᠪᠧᠯᠲ ᠤᠨ ᠠᠰᠢᠭ ᠤᠯᠵᠠᠪᠤᠷᠢ ᠪᠠᠨ ᠪᠠᠷᠢᠴᠠᠭᠠᠯᠠᠨ ᠵᠢᠭᠡᠯᠡᠯᠭᠡ ᠠᠪᠬᠤ ᠲᠤᠬᠠᠶᠢᠯᠠᠭᠰᠠᠨ | ᠠᠵᠢᠯ ᠢ ᠢᠳᠡᠪᠬᠢᠲᠠᠢ ᠠᠬᠢᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠡᠬᠡ ᠮᠦᠩᠬᠦ ᠪᠠᠨ ᠨᠡᠶᠢᠯᠡᠭᠦᠯᠬᠦ | ᠬᠡᠪᠴᠢᠶ᠎ᠡ ᠶᠢ ᠦᠷᠭᠡᠳᠬᠡᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠡᠵᠡᠩᠨᠡᠨ ᠬᠠᠮᠢᠶᠠᠷᠤᠯᠲᠠ ᠶᠢᠨ ᠡᠷᠦᠬᠡ ᠶᠢᠨ | ᠪᠠᠭ᠎ᠠ ᠲᠤᠭ᠎ᠠ ᠶᠢᠨ ᠵᠢᠭᠡᠯᠡᠯᠭᠡ ᠠᠪᠬᠤ ᠪᠠᠷ ᠳᠠᠮᠵᠢᠨ ᠡᠬᠡ ᠮᠦᠩᠭᠦ ᠪᠠᠨ ᠨᠡᠶᠢᠯᠡᠭᠦᠯᠬᠦ ᠶᠢ ᠳᠠᠭᠠᠳᠬᠠᠯ ᠢᠶᠠᠷ | ᠪᠠᠲᠤᠯᠠᠭᠤᠯᠤᠨ᠎ᠠ᠃ ᠳᠠᠭᠠᠳᠬᠠᠯ ᠤᠨ ᠦᠢᠯᠡᠰ ᠤᠨ ᠬᠦᠳᠡᠭᠡ ᠲᠤᠰᠬᠤᠨ ᠤ ᠵᠢᠭᠤᠯᠴᠢᠯᠠᠯ ᠲᠡᠶᠢᠰᠢ ᠰᠤᠩᠭᠠᠨ | ᠤᠲᠤᠷᠢᠳᠬᠤ ᠶᠢ ᠵᠤᠷᠢᠭᠵᠢᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠳᠠᠭᠠᠳᠬᠠᠯ ᠤᠨ ᠦᠢᠯᠡᠳᠭᠦᠨ ᠢ | ᠰᠦᠪᠡᠭᠴᠢᠯᠡᠨ ᠳᠡᠮᠵᠢᠨ᠎ᠡ᠃ ︵ᠡᠳ᠋ ᠤᠨ ᠵᠠᠰᠠᠭ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ | ᠠᠷᠠᠳ ᠤᠨ ᠪᠠᠩᠬᠢ᠂ ᠪᠠᠩᠬᠢ ᠪᠠᠲᠤᠯᠠᠨ ᠬᠠᠮᠠᠭᠠᠯᠠᠯᠲᠠ ᠶᠢᠨ ᠶᠠᠮᠤᠨ ᠲᠤᠰᠢᠶᠠᠯ ᠢᠶᠠᠷ ᠢᠶᠠᠨ ᠠᠵᠢᠯ ᠢᠶᠠᠨ | ᠬᠤᠪᠢᠶᠠᠷᠢᠯᠠᠨ ᠬᠠᠷᠢᠭᠤᠴᠠᠨ᠎ᠠ᠃︶ | | 19᠂ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ | | ᠬᠦᠳᠡᠭᠡ ᠲᠤᠰᠬᠤᠨ ᠤ ᠵᠢᠭᠤᠯᠴᠢᠯᠠᠯ ᠢ ᠰᠢᠶᠠᠩ ᠲᠤᠰᠬᠤᠨ ᠢ ᠬᠦᠭᠵᠢᠭᠦᠯᠬᠦ᠂ ᠡᠯ᠎ᠡ ᠱᠠᠲᠤᠨ ᠤ ᠺᠠᠳ᠋ᠷ ᠤᠨ | ᠪᠤᠯᠪᠠᠰᠤᠷᠠᠯ ᠤᠨ ᠲᠦᠯᠦᠪᠯᠡᠭᠡ ᠳᠤ ᠤᠷᠤᠭᠤᠯᠤᠨ᠂ ᠰᠢᠶᠠᠨ᠂ ᠰᠢᠶᠠᠩ ᠪᠠᠯᠭᠠᠰᠤ ᠶᠢᠨ ᠨᠠᠮ ᠵᠠᠰᠠᠭ ᠤᠨ | ᠤᠲᠤᠷᠢᠳᠤᠯᠭ᠎ᠠ ᠶᠢᠨ ᠬᠦᠳᠡᠭᠡ ᠲᠤᠰᠬᠤᠨ ᠤ ᠵᠢᠭᠤᠯᠴᠢᠯᠠᠯ ᠢ ᠬᠦᠭᠵᠢᠭᠦᠯᠬᠦ ᠲᠤᠰᠬᠠᠢ ᠰᠡᠲᠤᠪᠲᠤ ᠪᠤᠯᠪᠠᠰᠤᠷᠠᠯ᠂ | ᠬᠢᠨᠠᠨ ᠰᠤᠷᠭᠠᠯᠲᠠ ᠶᠢ ᠭᠡᠷ ᠲᠤ ᠨᠢ ᠬᠦᠷᠭᠡᠬᠦ᠂ ᠨᠢᠭᠡ ᠨᠢᠭᠡ ᠡᠷᠦᠬᠡ ᠪᠷ ᠶᠠᠳᠠᠭᠤ ᠶᠢ ᠳᠡᠳᠭᠦᠭᠦ ᠵᠡᠷᠭᠡ ᠬᠡᠯᠪᠡᠷᠢ ᠪᠠᠷ | ᠳᠠᠮᠵᠢᠨ᠂ ᠤᠯᠠᠨ ᠲᠠᠪᠬᠤᠷᠭᠠᠲᠤ᠂ ᠤᠯᠠᠨ ᠠᠷᠭ᠎ᠠ ᠵᠠᠮ ᠢᠶᠠᠷ ᠬᠦᠳᠡᠭᠡ ᠲᠤᠰᠬᠤᠨ ᠤ ᠵᠢᠭᠤᠯᠴᠢᠯᠠᠯ ᠤᠨ | ᠪᠤᠯᠪᠠᠰᠤᠷᠠᠯ ᠢ ᠦᠷᠨᠢᠭᠦᠯᠦᠨ᠎ᠡ᠃ ᠡᠯ᠎ᠡ ᠱᠠᠲᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ᠂ ᠲᠠᠷᠢᠶᠠᠯᠠᠩ ᠬᠦᠳᠡᠭᠡ ᠲᠤᠰᠬᠤᠨ᠂ ᠰᠤᠶᠤᠯ ᠪᠠ ᠵᠢᠭᠤᠯᠴᠢᠯᠠᠯ᠂ ᠶᠠᠳᠠᠭᠤ ᠶᠢ ᠳᠡᠳᠭᠦᠭᠦ ᠵᠡᠷᠭᠡ ᠰᠠᠯᠠᠭ᠎ᠠ | ᠮᠦᠴᠢᠷ ᠨᠢ ᠬᠦᠳᠡᠭᠡ ᠲᠤᠰᠬᠤᠨ ᠤ ᠵᠢᠭᠤᠯᠴᠢᠯᠠᠯ ᠤᠨ ᠴᠢᠳᠠᠪᠤᠷᠢᠳᠠᠨ ᠢ ᠬᠦᠮᠦᠵᠢᠭᠦᠯᠬᠦ ᠶᠢ ᠪᠤᠯᠪᠠᠰᠤᠷᠠᠯ ᠤᠨ | ᠲᠦᠯᠦᠪᠯᠡᠭᠡ ᠳᠤ ᠪᠠᠨ ᠤᠷᠤᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ ᠢ ᠬᠠᠮᠢᠶᠠᠷᠤᠭᠴᠢ᠂ | ᠦᠢᠯᠡᠴᠢᠯᠡᠭᠴᠢ ᠳᠤ ᠪᠠᠨ ᠴᠢᠳᠠᠪᠤᠷᠢ ᠶᠢᠨ ᠪᠤᠯᠪᠠᠰᠤᠷᠠᠯ ᠬᠢᠵᠤ᠂ ᠪᠦᠲᠦᠴᠠ ᠨᠢ ᠵᠤᠬᠢᠰᠲᠠᠢ ᠬᠡᠪ ᠴᠢᠨᠠᠷ ᠢᠶᠠᠷ | ᠨᠡᠯᠢᠶᠡᠳ ᠦᠨᠲᠦᠷ ᠬᠦᠳᠡᠭᠡ ᠲᠤᠰᠬᠤᠨ ᠤ ᠵᠢᠭᠤᠯᠴᠢᠯᠠᠯ ᠤᠨ ᠵᠢᠭᠤᠯᠴᠢᠨ ᠢ ᠤᠯᠠᠰᠢᠷᠠᠭᠤᠯᠬᠤ ᠠᠵᠢᠯᠯᠠᠭᠠᠨ ᠢ | ᠦᠷᠨᠢᠭᠦᠯᠵᠦ᠂ ᠶᠡᠭᠡ ᠰᠤᠷᠭᠠᠭᠤᠯᠢ ᠶᠢᠨ ᠤᠶᠤᠳᠠᠨ᠂ ᠰᠤᠶᠤᠯ ᠤᠷᠠᠯᠢᠭ ᠤᠨ ᠴᠢᠳᠠᠪᠤᠷᠢᠲᠠᠨ᠂ ᠲᠤᠰᠬᠠᠢ | ᠮᠡᠷᠭᠡᠵᠢᠯ ᠤᠨ ᠬᠦᠮᠦᠰ᠂ ᠵᠠᠯᠠᠭᠤᠴᠤᠳ ᠤᠨ ᠦᠢᠯᠡᠰ ᠪᠦᠲᠦᠭᠡᠬᠦ ᠪᠦᠯᠬᠦᠮ ᠵᠡᠷᠭᠡ ᠡᠯ᠎ᠡ ᠲᠦᠷᠦᠯ ᠤᠨ ︽ | ᠵᠢᠭᠤᠯᠴᠢᠨ ᠢ ᠤᠯᠠᠰᠢᠷᠠᠭᠤᠯᠬᠤ︾ ᠶᠢ ᠵᠤᠬᠢᠶᠠᠨ ᠪᠠᠶᠢᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ ᠤᠨ | ᠬᠦᠭᠵᠢᠯᠲᠡ ᠳᠤ ᠪᠡᠶ᠎ᠡ ᠪᠠᠷ ᠪᠠᠨ ᠤᠷᠤᠯᠴᠠᠨ᠂ ᠴᠢᠳᠠᠪᠤᠷᠢᠳᠠᠨ ᠤ ᠬᠦᠳᠡᠭᠡ ᠲᠤᠰᠬᠤᠨ ᠵᠦᠭ ᠰᠢᠯᠵᠢᠬᠦ ᠶᠢ | ᠠᠬᠢᠭᠤᠯᠤᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠴᠢᠳᠠᠪᠤᠷᠢᠳᠠᠨ ᠤ ᠪᠦᠲᠦᠴᠠ ᠶᠢ ᠰᠠᠶᠢᠵᠢᠷᠠᠭᠤᠯᠤᠨ᠎ᠠ᠃ ︵ | ᠰᠤᠶᠤᠯ ᠪᠠ ᠵᠢᠭᠤᠯᠴᠢᠯᠠᠯ ᠤᠨ ᠶᠠᠮᠤᠨ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠶᠠᠮᠤᠨ᠂ ᠲᠠᠷᠢᠶᠠᠯᠠᠩ ᠬᠦᠳᠡᠭᠡ ᠲᠤᠰᠬᠤᠨ ᠤ ᠶᠠᠮᠤᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ | ᠳᠡᠳᠭᠦᠭᠦ ᠠᠯᠪᠠᠨ ᠭᠡᠷ ᠲᠤᠰᠢᠶᠠᠯ ᠢᠶᠠᠷ ᠢᠶᠠᠨ ᠠᠵᠢᠯ ᠢᠶᠠᠨ ᠬᠤᠪᠢᠶᠠᠷᠢᠯᠠᠨ ᠬᠠᠷᠢᠭᠤᠴᠠᠨ᠎ᠠ᠃︶ | | ᠡᠯ᠎ᠡ ᠭᠠᠵᠠᠷ ᠤᠷᠤᠨ ᠤ ᠡᠯ᠎ᠡ ᠰᠠᠯᠠᠭ᠎ᠠ ᠮᠦᠴᠢᠷ ᠨᠢ ᠬᠦᠳᠡᠭᠡ ᠲᠤᠰᠬᠤᠨ ᠤ ᠵᠢᠭᠤᠯᠴᠢᠯᠠᠯ ᠤᠨ | ᠦᠷᠭᠦᠯᠵᠢᠯᠡᠵᠦ ᠪᠤᠯᠬᠤᠶᠢᠴᠠ᠂ ᠶᠠᠰᠤ ᠴᠢᠨᠠᠷ ᠰᠠᠶᠢᠲᠠᠢ ᠬᠦᠭᠵᠢᠯᠲᠡ ᠪᠠᠷ ᠬᠦᠳᠡᠭᠡ ᠲᠤᠰᠬᠤᠨ ᠢ ᠬᠦᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠡᠶᠡᠯᠡᠭᠦᠯᠬᠦ ᠴᠢᠬᠤᠯᠠ ᠠᠵᠢᠯᠯᠠᠭ᠎ᠠ ᠪᠤᠯᠭᠠᠨ᠂ ᠬᠦᠳᠡᠭᠡ ᠲᠤᠰᠬᠤᠨ ᠤ | ᠵᠢᠭᠤᠯᠴᠢᠯᠠᠯ ᠢ ᠬᠦᠭᠵᠢᠭᠦᠯᠬᠦ ᠠᠵᠢᠯ ᠢ ᠨᠢᠭᠡᠲᠦᠯᠲᠠᠢ ᠲᠦᠯᠦᠪᠵᠢᠭᠦᠯᠦᠨ ᠪᠤᠲᠠᠲᠤ ᠪᠠᠶᠢᠳᠠᠯ ᠲᠠᠢ ᠪᠠᠨ | ᠤᠶᠠᠯᠳᠤᠭᠤᠯᠤᠨ ᠰᠠᠨᠠᠯ ᠢᠶᠠᠨ ᠨᠠᠶᠢᠳᠠᠪᠤᠷᠢᠵᠢᠭᠤᠯᠬᠤ ᠪᠠ ᠪᠡᠶᠡᠯᠡᠭᠦᠯᠬᠦ ᠲᠦᠰᠦᠯ ᠢ ᠭᠠᠷᠭᠠᠨ᠂ ᠰᠠᠯᠠᠭ᠎ᠠ ᠮᠦᠴᠢᠷ ᠤᠳ | ᠠᠵᠢᠯ ᠤᠨ ᠲᠤᠰᠢᠶᠠᠯ ᠢ ᠲᠤᠲᠤ ᠪᠤᠯᠭᠠᠨ ᠪᠠᠶᠢᠴᠠᠭᠠᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠤᠨ᠂ ᠬᠦᠳᠡᠭᠡ | ᠲᠤᠰᠬᠤᠨ ᠤ ᠵᠢᠭᠤᠯᠴᠢᠯᠠᠯ ᠤᠨ ᠭᠦᠭᠵᠢᠯᠲᠡ ᠶᠢᠨ ᠬᠦᠴᠦᠷᠭᠡᠭ ᠶᠡᠭᠡ ᠬᠦᠴᠦᠨ ᠤ ᠬᠠᠮᠲᠦᠷᠠᠯ ᠤᠨ ᠪᠦᠷᠢᠯᠲᠦᠬᠦ ᠶᠢ | ᠠᠬᠢᠭᠤᠯᠤᠨ᠂ ᠡᠯ᠎ᠡ ᠲᠦᠷᠦᠯ ᠤᠨ ᠡᠭᠦᠷᠭᠡ ᠪᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠦᠯᠬᠢᠨ | ᠤᠷᠤᠭᠰᠢᠯᠠᠭᠤᠯᠤᠨ᠎ᠠ᠃ | | | | | | | |