ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠳᠠᠮᠵᠢᠭᠤᠯᠤᠨ ᠨᠡᠶᠢᠲᠡᠯᠡᠭᠰᠡᠨ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ︽ᠵᠣᠴᠢᠳ ᠢ ᠤᠷᠢᠵᠦ ᠦᠪᠦᠷ ᠮᠣᠩᠭᠤᠯ ᠳᠤ ᠢᠷᠡᠬᠦᠯᠬᠦ︾ ᠬᠢᠯᠢ ᠳᠤ ᠣᠷᠣᠵᠦ ᠵᠢᠭᠤᠯᠴᠢᠯᠠᠬᠤ ᠶᠢ ᠵᠣᠷᠢᠭᠵᠢᠭᠤᠯᠬᠤ ᠲᠣᠬᠠᠢ ᠬᠦᠬᠢᠬᠦᠯᠦᠯ ᠢᠶᠠᠷ ᠨᠦᠬᠦᠪᠦᠷᠢᠯᠡᠬᠦ ᠬᠠᠮᠢᠶᠠᠷᠣᠯᠲᠠ ᠶᠢᠨ ᠠᠷᠭ᠎ᠠ ︵ᠰᠠᠨᠠᠯ ᠬᠤᠷᠢᠶᠠᠬᠤ ᠪᠢᠴᠢᠭ︶
ᠨᠡᠶᠢᠲᠡᠯᠡᠭᠰᠡᠨ ᠴᠠᠭ᠄
2022/10/12
                                      ︵ᠵᠠᠷᠯᠠᠬᠤ ᠬᠤᠭᠤᠴᠠᠭ᠎ᠠ ᠠᠷᠪᠠᠨ ᠲᠠᠪᠣᠨ ᠡᠳᠦᠷ︶             ᠨᠢᠭᠡᠳᠦᠭᠡᠷ ᠪᠦᠯᠦᠭ     ᠶᠡᠷᠦᠩᠬᠡᠢ ᠲᠦᠷᠢᠮ             ᠨᠢᠭᠡᠳᠦᠭᠡᠷ ᠵᠦᠢᠯ      ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠠᠳᠠᠭᠠᠲᠦ ᠲᠠᠢ ᠴᠢᠯᠦᠭᠡᠲᠡᠢ ᠬᠠᠷᠢᠯᠴᠠᠬᠤ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠪᠦᠷ ᠮᠣᠩᠭᠤᠯ ᠢ ᠲᠣᠮᠳᠠᠲᠦ ᠣᠯᠣᠰ ᠤᠨ ᠣᠮᠠᠷᠠᠰᠢ ᠬᠠᠨᠳᠣᠭᠤᠯᠣᠨ ᠨᠡᠭᠡᠭᠡᠭᠰᠡᠨ ᠴᠢᠬᠤᠯᠠ ᠴᠣᠩᠬᠤ ᠪᠠ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠣᠯᠲᠠ ᠶᠢᠨ ᠴᠢᠬᠤᠯᠠ ᠬᠦᠢᠰᠦ ᠪᠣᠯᠭᠠᠨ ᠪᠠᠶᠢᠭᠤᠯᠤᠨ᠂ ᠮᠠᠨ ᠤ ᠣᠷᠣᠨ ᠤ ᠬᠢᠯᠢ ᠳᠤ ᠤᠷᠤᠬᠤ ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠬᠤᠪᠢ ᠶᠢᠨ ᠲᠤᠭ᠎ᠠ ᠶᠢ ᠦᠷᠭᠡᠳᠬᠡᠵᠦ᠂ ᠦᠪᠦᠷ ᠮᠣᠩᠭᠤᠯ ᠤᠨ ᠵᠢᠭᠤᠯᠴᠢᠯᠠᠯ ᠤᠨ ᠭᠠᠳᠠᠭᠠᠲᠦ ᠶᠢᠨ ᠵᠠᠬ᠎ᠠ ᠲᠡᠯᠭᠡᠭᠦᠷ ᠲᠤ ᠬᠢ ᠨᠦᠯᠦᠭᠡᠯᠡᠬᠦ ᠬᠦᠴᠦᠨ ᠢ ᠲᠡᠭᠡᠭᠰᠢᠯᠡᠭᠦᠯᠦᠨ᠂ ᠦᠪᠦᠷ ᠮᠣᠩᠭᠤᠯ ᠤᠨ ᠤᠯᠠᠨ ᠤᠯᠤᠰ ᠤᠨ ᠵᠢᠭᠤᠯᠴᠢᠯᠠᠯ ᠤᠨ ᠲᠦᠷᠢ ᠳᠦᠷᠬᠦ ᠪᠠ ᠲᠡᠮᠳᠡᠭᠲᠦ ᠶᠢ ᠪᠤᠢ ᠪᠤᠯᠭᠠᠵᠤ᠂ ᠵᠢᠭᠤᠯᠴᠢᠯᠠᠯ ᠤᠨ ᠠᠵᠦ ᠠᠬᠤᠶᠢᠯᠠᠯ ᠤᠨ ᠬᠡᠯᠪᠡᠷᠢ ᠮᠠᠶ᠋ᠢᠭ᠂ ᠠᠷᠭ᠎ᠠ ᠪᠠᠷᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠣᠨ᠂ ᠭᠠᠳᠠᠭᠠᠲᠦ ᠶᠢᠨ ᠵᠠᠬ᠎ᠠ ᠲᠡᠯᠭᠡᠭᠦᠷ ᠢ ᠢᠳᠡᠪᠬᠢᠲᠡᠢ᠂ ᠰᠠᠨᠠᠭᠠᠴᠢᠯᠠᠭ᠎ᠠ ᠲᠠᠢ ᠪᠠᠷ ᠨᠡᠬᠡᠬᠡᠨ ︽ᠵᠣᠴᠢᠳ ᠢ ᠤᠷᠢᠵᠦ ᠦᠪᠦᠷ ᠮᠣᠩᠭᠤᠯ ᠳᠤ ᠢᠷᠡᠬᠦᠯᠬᠦ︾᠂ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢ ᠲᠦᠷᠭᠡᠳᠬᠡᠬᠦ ᠶᠢᠨ ᠲᠦᠯᠦᠭᠡ ᠲᠣᠰ ᠠᠷᠭ᠎ᠠ ᠶᠢ ᠲᠣᠰᠬᠠᠶᠢᠯᠠᠨ ᠲᠣᠭᠳᠠᠭᠠᠪᠠ᠃             ᠬᠤᠶᠠᠳᠣᠭᠠᠷ ᠵᠦᠢᠯ      ᠲᠣᠰ ᠠᠷᠭ᠎ᠠ ᠰᠣᠶᠣᠯ ᠵᠢᠭᠤᠯᠴᠢᠯᠠᠯ ᠤᠨ ᠠᠵᠦ ᠠᠬᠤᠶᠢᠯᠠᠯ ᠤᠨ ᠭᠠᠳᠠᠭᠰᠢ ᠬᠠᠨᠳᠤᠭᠰᠠᠨ ᠪᠤᠷᠤᠯᠠᠭᠤᠯᠤᠯᠲᠠ ᠳᠡᠯᠭᠡᠷᠡᠬᠦᠯᠦᠯᠲᠡ᠂ ᠬᠢᠯᠢ ᠶᠢᠨ ᠭᠠᠳᠠᠨᠠᠬᠢ ︵ᠰᠢᠶᠠᠩᠭᠠᠩ ᠣᠣᠮᠧᠨ ᠲᠠᠶᠢᠸᠠᠨ ᠢ ᠪᠠᠭᠳᠠᠭᠠᠨ᠎ᠠ︶ ᠵᠢᠭᠤᠯᠴᠢᠯᠠᠯ ᠤᠨ ᠨᠢᠰᠭᠡᠯ ᠬᠦᠯᠦᠰᠦᠯᠡᠬᠦ᠂ ᠵᠢᠭᠤᠯᠴᠢᠯᠠᠯ ᠤᠨ ᠲᠣᠰᠬᠠᠢ ᠭᠠᠯᠲᠦ ᠲᠡᠷᠭᠡ᠂ ᠬᠢᠯᠢ ᠳᠤ ᠣᠷᠣᠵᠦ ᠦᠪᠡᠷᠲᠡᠬᠡᠨ ᠲᠡᠷᠭᠡ ᠵᠢᠯᠣᠭᠤᠳᠣᠨ ᠵᠢᠭᠤᠯᠴᠢᠯᠠᠬᠤ ᠶᠢ ᠵᠣᠬᠢᠶᠠᠨ ᠪᠠᠶᠢᠭᠤᠯᠬᠤ ᠵᠢᠴᠢ ᠬᠢᠯᠢ ᠳᠤ ᠣᠷᠣᠵᠦ ᠵᠢᠭᠤᠯᠴᠢᠯᠠᠬᠤ ᠶᠢ ᠭᠠᠳᠠᠭᠠᠲᠤ ᠲᠠᠢ ᠰᠢᠭᠤᠳ ᠬᠠᠷᠢᠯᠴᠠᠨ ᠨᠦᠬᠦᠪᠦᠷᠢᠯᠡᠯᠲᠡ ᠬᠢᠬᠦ ᠳᠤ ᠲᠣᠬᠢᠷᠠᠨ᠎ᠠ᠃ ᠬᠢᠯᠢ ᠪᠠᠷ ᠵᠢᠭᠤᠯᠴᠢᠯᠠᠬᠤ᠂ ᠬᠢᠯᠢ ᠳᠤ ᠣᠷᠣᠬᠤ ᠪᠠᠶᠢᠳᠠᠯ ᠲᠣᠰ ᠠᠷᠭ᠎ᠠ ᠳᠤ ᠲᠣᠬᠢᠷᠠᠬᠤ ᠦᠭᠡᠢ᠃             ᠭᠤᠷᠪᠠᠳᠣᠭᠠᠷ ᠵᠦᠢᠯ      ︽ᠵᠣᠴᠢᠳ ᠢ ᠤᠷᠢᠵᠦ ᠦᠪᠦᠷ ᠮᠣᠩᠭᠤᠯ ᠳᠤ ᠢᠷᠡᠭᠦᠯᠬᠦ︾ ᠬᠦᠬᠢᠬᠦᠯᠦᠯ ᠢᠶᠠᠷ ᠨᠦᠬᠦᠪᠦᠷᠢᠯᠡᠬᠦ ᠮᠦᠩᠭᠦ ᠶᠢ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠠᠮᠲᠦ ᠪᠠᠷ ᠬᠠᠮᠢᠶᠠᠷᠴᠦ ᠬᠢᠨᠠᠨ ᠪᠣᠳᠣᠬᠤ ᠰᠠᠯᠠᠭ᠎ᠠ ᠮᠦᠴᠢᠷ ᠤᠨ ᠬᠢᠨᠠᠯᠲᠠ ᠶᠢ ᠬᠦᠯᠢᠶᠡᠨ᠎ᠡ᠃ ᠬᠦᠬᠢᠭᠦᠯᠦᠨ ᠨᠦᠬᠦᠪᠦᠷᠢᠯᠡᠬᠦ ᠡᠲᠡᠭᠡᠳ ᠢᠳᠡᠪᠬᠢᠲᠡᠢ ᠪᠠᠷ ᠬᠠᠮᠵᠢᠯᠴᠠᠨ ᠰᠠᠨᠠᠭᠠᠴᠢᠯᠠᠭ᠎ᠠ ᠲᠠᠢ ᠪᠠᠷ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨᠠᠨ ᠪᠠᠶᠢᠴᠠᠭᠠᠯᠲᠠ ᠶᠢ ᠬᠦᠯᠢᠶᠡᠬᠦ ᠶᠤᠰᠤᠳᠠᠢ᠃             ᠲᠦᠷᠪᠡᠳᠦᠭᠡᠷ ᠵᠦᠢᠯ      ᠨᠦᠬᠦᠴᠡᠯ ᠳᠤ ᠨᠡᠶᠢᠴᠡᠬᠦ ᠵᠢᠭᠤᠯᠴᠢᠯᠠᠯ ᠤᠨ ᠠᠵᠦ ᠠᠬᠤᠶᠢᠯᠠᠯ ᠰᠠᠶᠢᠨ ᠲᠣᠷ᠎ᠠ ᠠᠴᠠ ᠪᠠᠨ ᠭᠤᠶᠣᠴᠢᠯᠠᠬᠤ᠂ ᠬᠤᠭᠤᠴᠠᠭᠠᠨ ᠳᠤ ᠨᠢ ᠭᠤᠶᠣᠴᠢᠯᠠᠨ ᠮᠡᠳᠡᠭᠦᠯᠬᠦ ᠵᠡᠷᠴᠢᠮ ᠢ ᠦᠨᠳᠦᠰᠦᠯᠡᠵᠦ ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠨᠦᠬᠦᠪᠦᠷᠢ ᠶᠢᠨ ᠮᠦᠩᠭᠦ ᠭᠤᠶᠤᠴᠢᠯᠠᠨ᠎ᠠ᠃ ᠮᠠᠨ ᠤ ᠲᠢᠩᠬᠢᠮ ᠭᠤᠶᠣᠴᠢᠯᠠᠨ ᠮᠡᠳᠡᠭᠦᠯᠦᠭᠰᠡᠨ ᠮᠠᠲ᠋ᠧᠷᠢᠶᠠᠯ ᠳᠤ ᠬᠠᠳᠠᠭᠤ ᠴᠢᠩᠭ᠎ᠠ ᠬᠢᠨᠠᠨ ᠪᠠᠶᠢᠴᠠᠭᠠᠯᠲᠠ᠂ ᠲᠠᠬᠢᠨ ᠰᠢᠯᠭᠠᠯᠲᠠ ᠬᠢᠵᠦ᠂ ᠬᠦᠬᠢᠬᠦᠯᠦᠨ ᠨᠦᠬᠦᠪᠦᠷᠢᠯᠡᠬᠦ ᠮᠦᠩᠭᠦ ᠶᠢ ᠬᠤᠶᠠᠳᠣᠭᠠᠷ ᠵᠢᠯ ᠤᠨ ᠦᠪᠡᠷᠳᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠬᠦᠭᠵᠢᠬᠦᠯᠦᠯᠲᠡ ᠶᠢᠨ ᠮᠦᠩᠭᠦ ᠶᠢᠨ ᠲᠦᠰᠦᠪ ᠲᠤ ᠣᠷᠣᠭᠤᠯᠣᠨ ᠨᠦᠬᠦᠪᠦᠷᠢᠯᠡᠯᠲᠡ ᠬᠢᠨ᠎ᠡ᠃ ᠬᠤᠶᠠᠳᠣᠭᠠᠷ ᠪᠦᠯᠦᠭ     ᠭᠤᠶᠣᠴᠢᠯᠠᠬᠤ ᠨᠦᠬᠦᠴᠡᠯ             ᠲᠠᠪᠣᠳᠣᠭᠠᠷ ᠵᠦᠢᠯ      ᠬᠦᠬᠢᠬᠦᠯᠦᠨ ᠨᠦᠬᠦᠪᠦᠷᠢᠯᠡᠯᠲᠡ ᠶᠢ ᠭᠤᠶᠣᠴᠢᠯᠠᠭᠰᠠᠨ ᠵᠢᠭᠤᠯᠴᠢᠯᠠᠯ ᠤᠨ ᠠᠵᠦ ᠠᠬᠤᠶᠢᠯᠠᠯ ᠳᠤ ᠣᠷᠢᠳᠠᠪᠡᠷ ᠬᠠᠣᠯᠢ ᠶᠣᠰᠣᠨ ᠳᠤ ᠨᠡᠶᠢᠴᠡᠬᠦ ᠬᠢᠨᠠᠨ ᠪᠠᠶᠢᠴᠠᠭᠠᠯᠲᠠ ᠬᠢᠬᠦ ᠶᠢᠨ ᠲᠠᠭᠠᠣ ᠲᠣᠣᠷᠠᠬᠢ ᠨᠦᠬᠦᠴᠡᠯ ᠢ ᠪᠦᠷᠢᠯᠳᠦᠬᠦᠯᠬᠦ ᠬᠡᠷᠡᠭᠲᠡᠢ᠄             ︵ᠨᠢᠭᠡ︶ ᠭᠤᠶᠣᠴᠢᠯᠠᠯ ᠲᠣᠷᠠᠳᠣᠭᠰᠠᠨ ᠰᠣᠶᠣᠯ ᠵᠢᠭᠤᠯᠴᠢᠯᠠᠯ ᠤᠨ ᠠᠵᠦ ᠠᠬᠤᠶᠢᠯᠠᠯ ᠨᠢ ᠵᠠᠪᠠᠯ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠡᠪᠴᠢᠶᠡᠨ ᠲᠣᠲᠣᠷ᠎ᠠ ᠳᠠᠩᠰᠠᠯᠠᠭᠰᠠᠨ ᠮᠦᠷᠲᠡᠭᠡᠨ ᠪᠡᠶ᠎ᠡ ᠪᠠᠨ ᠲᠠᠭᠠᠭᠠᠭᠰᠠᠨ ᠬᠠᠣᠯᠢ ᠶᠢᠨ ᠡᠷᠬᠡᠲᠡᠨ ᠤ ᠬᠢᠷᠢ ᠬᠡᠮᠵᠢᠶ᠎ᠡ ᠲᠠᠢ ᠠᠵᠦ ᠠᠬᠤᠶᠢᠯᠠᠯ ᠪᠠᠶᠢᠬᠤ ᠬᠡᠷᠡᠭᠲᠠᠢ᠃             ︵ᠬᠤᠶᠠᠷ︶ ᠭᠤᠶᠣᠴᠢᠯᠠᠯ ᠲᠣᠷᠠᠳᠣᠭᠰᠠᠨ ᠰᠣᠶᠣᠯ ᠵᠢᠭᠤᠯᠴᠢᠯᠠᠯ ᠤᠨ ᠠᠵᠦ ᠠᠬᠤᠶᠢᠯᠠᠯ ᠨᠢ ᠬᠤᠶᠠᠷ ᠵᠢᠯ ᠤᠨ ᠲᠣᠲᠣᠷ᠎ᠠ ᠠᠵᠢᠯ ᠲᠦᠷᠦᠯ ᠤᠨ ᠠᠮᠦᠷ ᠲᠦᠪᠰᠢᠨ ᠤ ᠬᠠᠷᠢᠭᠤᠴᠠᠯᠭᠠᠲᠦ ᠠᠳᠡᠯ ᠪᠠ ᠬᠦᠨᠳᠦ ᠨᠣᠴᠢᠲᠠᠢ ᠦᠢᠯᠡᠴᠢᠯᠡᠭᠡᠨ ᠤ ᠴᠢᠨᠠᠷ ᠴᠢᠨᠰᠠᠭ᠎ᠠ ᠶᠢᠨ ᠵᠠᠭᠠᠯᠳᠣᠯ ᠤᠨ ᠬᠡᠷᠡᠭ ᠡᠬᠦᠰᠭᠡᠭᠰᠡᠨ ᠦᠭᠡᠢ ᠮᠦᠷᠲᠡᠭᠡᠨ ᠳᠡᠭᠡᠷ᠎ᠡ ᠱᠠᠲᠤᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠰᠢᠢᠳᠭᠡᠯ ᠢ ᠣᠯᠣᠭᠰᠠᠨ ᠦᠭᠡᠢ ᠪᠠᠶᠢᠬᠤ ᠬᠡᠷᠡᠭᠲᠡᠢ᠃             ︵ᠭᠤᠷᠪᠠ︶ ᠨᠦᠬᠦᠪᠦᠷᠢ ᠭᠤᠶᠣᠴᠢᠯᠠᠭᠰᠠᠨ ᠵᠢᠭᠤᠯᠴᠢᠯᠠᠯ ᠤᠨ ᠪᠦᠯᠬᠦᠮ ᠦᠢᠯᠡ ᠠᠵᠢᠯᠯᠠᠭᠠᠨ ᠤ ᠶᠠᠪᠣᠴᠠ ᠲᠣᠮᠳᠠ ᠪᠠᠨ ᠵᠦᠢ ᠶᠣᠰᠣᠨ ᠤ ᠪᠣᠰᠦ ᠳᠣᠣᠷ᠎ᠠ ᠦᠨ᠎ᠡ᠂ ᠠᠯᠪᠠᠳᠠᠯᠭ᠎ᠠ ᠪᠠᠷ ᠶᠠᠭᠤᠮ᠎ᠠ ᠬᠤᠳᠠᠯᠳᠣᠨ ᠠᠪᠣᠭᠤᠯᠬᠤ ᠵᠡᠷᠭᠡ ᠬᠠᠣᠯᠢ ᠳᠦᠷᠢᠮ ᠢ ᠵᠦᠷᠢᠴᠡᠭᠰᠡᠨ ᠠᠵᠢᠯᠯᠠᠭ᠎ᠠ ᠵᠢᠴᠢ ᠪᠣᠯᠪᠠᠰᠣᠨ ᠪᠣᠰᠦ ᠵᠢᠭᠤᠯᠴᠢᠯᠠᠯ ᠤᠨ ᠠᠵᠢᠯᠯᠠᠭ᠎ᠠ ᠡᠭᠦᠰᠭᠡᠭᠰᠡᠨ ᠦᠭᠡᠢ ᠪᠠᠶᠢᠬᠤ ᠬᠡᠷᠡᠭᠲᠡᠢ᠃ ᠭᠤᠷᠪᠠᠳᠣᠭᠠᠷ ᠪᠦᠯᠦᠭ     ᠬᠦᠬᠢᠬᠦᠯᠦᠨ ᠨᠦᠬᠦᠪᠦᠷᠢᠯᠡᠬᠦ ᠲᠦᠷᠦᠯ ᠵᠦᠢᠯ ᠪᠠ ᠪᠠᠷᠢᠮᠵᠢᠶ᠎ᠠ             ᠵᠢᠷᠭᠤᠳᠣᠭᠠᠷ ᠵᠦᠢᠯ      ᠬᠦᠬᠢᠬᠦᠯᠦᠨ ᠨᠦᠬᠦᠪᠦᠷᠢᠯᠡᠬᠦ ᠲᠦᠷᠦᠯ ᠵᠦᠢᠯ ᠳᠤ᠄ ᠬᠢᠯᠢ ᠳᠤ ᠣᠷᠣᠵᠦ ᠵᠢᠭᠤᠯᠴᠢᠯᠠᠬᠤ ᠬᠦᠯᠦᠰᠦᠯᠡᠭᠰᠡᠨ ᠨᠢᠰᠭᠡᠯ᠂ ᠬᠢᠯᠢ ᠳᠤ ᠣᠷᠣᠵᠦ ᠵᠢᠭᠤᠯᠴᠢᠯᠠᠬᠤ ᠲᠣᠰᠬᠠᠢ ᠭᠠᠯᠲᠦ ᠲᠡᠷᠭᠡ᠂ ᠬᠢᠯᠢ ᠳᠤ ᠣᠷᠣᠵᠦ ᠦᠪᠡᠷᠲᠡᠭᠡᠨ ᠲᠡᠷᠭᠡ ᠵᠢᠯᠣᠭᠤᠳᠣᠨ ᠵᠢᠭᠤᠯᠴᠢᠯᠠᠬᠤ ᠪᠦᠯᠬᠦᠮ᠂ ᠭᠠᠳᠠᠭᠠᠲᠦ ᠲᠠᠢ ᠬᠠᠮᠳᠤᠷᠤᠭᠰᠠᠨ ᠬᠢᠯᠢ ᠳᠤ ᠤᠷᠤᠬᠤ ᠵᠢᠭᠤᠯᠴᠢᠯᠠᠯ ᠵᠢᠴᠢ ᠭᠠᠳᠠᠭᠠᠲᠤ ᠳᠤ ᠬᠠᠨᠳᠤᠭᠤᠯᠤᠭᠰᠠᠨ ᠪᠤᠷᠤᠯᠠᠭᠤᠯᠬᠤ᠂ ᠰᠤᠷᠳᠠᠯᠴᠢᠯᠠᠬᠤ᠂ ᠲᠡᠯᠭᠡᠷᠡᠭᠦᠯᠬᠦ ᠵᠡᠷᠭᠡ ᠶᠢ ᠪᠠᠭᠲᠠᠭᠠᠨ᠎ᠠ᠃             ᠲᠣᠯᠣᠳᠣᠭᠠᠷ ᠵᠦᠢᠯ      ᠬᠢᠯᠢ ᠳᠤ ᠣᠷᠣᠵᠦ ᠵᠢᠭᠤᠯᠴᠢᠯᠠᠬᠤ ᠬᠦᠯᠦᠰᠦᠯᠡᠭᠰᠡᠨ ᠨᠢᠰᠭᠡᠯ ᠤᠨ ᠬᠦᠬᠢᠬᠦᠯᠦᠨ ᠨᠦᠬᠦᠪᠦᠷᠢᠯᠡᠬᠦ ᠪᠠᠷᠢᠮᠵᠢᠶ᠎ᠠ᠄ ᠬᠦᠯᠦᠰᠦᠯᠡᠨ ᠲᠦᠷᠢᠶᠡᠰᠦᠯᠡᠭᠰᠡᠨ ᠠᠶᠠᠨᠴᠢᠳ ᠤᠨ ᠨᠢᠰᠬᠡᠯ ᠬᠢᠯᠢ ᠶᠢᠨ ᠭᠠᠳᠠᠨ᠎ᠠ ︵ᠰᠢᠶᠠᠩᠭᠠᠩ ᠣᠣᠮᠧᠨ ᠲᠠᠶᠢᠸᠠᠨ ᠢ ᠪᠠᠭᠳᠠᠭᠠᠨ᠎ᠠ︶ ᠠᠴᠠ ᠦᠪᠦᠷ ᠮᠣᠩᠭᠤᠯ ᠤᠨ ᠬᠢᠯᠢ ᠲᠣᠳᠣᠷ᠎ᠠ ᠵᠢᠭᠤᠯᠠᠴᠢᠯᠠᠵᠦ ︵ᠦᠪᠦᠷ ᠮᠣᠩᠭᠤᠯ ᠤᠨ ᠣᠯᠠᠨ ᠣᠯᠣᠰ ᠤᠨ ᠨᠢᠰᠭᠡᠯ ᠤᠨ ᠪᠠᠭᠤᠳᠠᠯ ᠤᠨ ᠪᠣᠭᠤᠮᠲᠠ ᠳᠤ ᠬᠦᠷᠴᠦ ᠰᠠᠯᠬᠤ ᠬᠡᠷᠡᠭᠲᠡᠢ︶᠂ ᠮᠠᠨ ᠤ ᠣᠷᠣᠨ ᠳᠤ 3 ᠰᠦᠨᠢ 4 ᠡᠳᠦᠷ ︵ᠪᠠᠭᠳᠠᠭᠠᠨ᠎ᠠ︶ ᠠᠴᠠ ᠲᠡᠭᠡᠭᠰᠢ ᠦᠯᠡᠳᠡᠪᠡᠯ ᠬᠦᠯᠦᠰᠦᠯᠡᠭᠰᠡᠨ ᠨᠢᠰᠭᠡᠯ ᠪᠦᠷᠢ ᠶᠢᠨ ᠭᠠᠳᠠᠭᠠᠲᠦ ᠶᠢᠨ ᠵᠢᠭᠤᠯᠴᠢᠨ ᠤ ᠬᠦᠮᠦᠨ ᠤ ᠲᠤᠭ᠎ᠠ 100 ᠬᠦᠮᠦᠨ ᠬᠦᠷᠦᠭᠰᠡᠨ ᠪᠤᠶᠤ ᠲᠡᠭᠡᠭᠰᠢ ᠪᠣᠯ 5 ᠲᠦᠮᠡᠨ ᠲᠦᠬᠦᠷᠢᠭ ᠬᠦᠬᠢᠬᠦᠯᠦᠨ ᠨᠦᠬᠦᠪᠦᠷᠢᠯᠡᠨ᠎ᠡ᠃ ᠡᠨᠡ ᠮᠡᠳᠦᠴᠢᠯᠡᠨ ᠲᠦᠰᠦᠭᠡᠯᠡᠪᠡᠯ 100 ᠬᠦᠮᠦᠨ ᠨᠡᠮᠡᠭᠳᠡᠬᠦ ᠪᠦᠷᠢ ᠬᠦᠬᠢᠬᠦᠯᠬᠦ ᠨᠦᠬᠦᠪᠦᠷᠢ ᠨᠢ 5 ᠲᠦᠮᠡ ᠨᠡᠮᠡᠭᠳᠡᠨ᠎ᠡ᠃ ᠬᠠᠮᠤᠭ ᠤᠨ ᠲᠡᠭᠡᠲᠦ ᠬᠢᠵᠠᠭᠠᠷ ᠨᠢ 100 ᠲᠦᠮᠡᠨ ᠲᠦᠭᠦᠷᠢᠭ᠃             ᠨᠠᠢᠮᠠᠳᠣᠭᠠᠷ ᠵᠦᠢᠯ      ᠬᠢᠯᠢ ᠳᠤ ᠣᠷᠣᠵᠦ ᠵᠢᠭᠤᠯᠴᠢᠯᠠᠬᠤ ᠲᠣᠰᠬᠠᠢ ᠭᠠᠯᠲᠦ ᠲᠡᠷᠭᠡ ᠶᠢᠨ ᠬᠦᠬᠢᠬᠦᠯᠦᠨ ᠨᠦᠬᠦᠪᠦᠷᠢᠯᠡᠬᠦ ᠪᠠᠷᠢᠮᠵᠢᠶ᠎ᠠ᠄ ᠠᠶᠠᠨᠴᠢᠳ ᠤᠨ ᠲᠣᠰᠬᠠᠢ ᠭᠠᠯᠲᠦ ᠲᠡᠷᠭᠡ ᠲᠦᠷᠢᠶᠡᠰᠦᠯᠡᠨ ᠬᠢᠯᠢ ᠶᠢᠨ ᠭᠠᠳᠠᠨᠠᠬᠢ ᠵᠢᠭᠤᠯᠴᠢᠳ ᠢ ᠵᠣᠬᠢᠶᠠᠨ ᠪᠠᠶᠢᠭᠤᠯᠵᠦ᠂ ᠦᠪᠦᠷ ᠮᠣᠩᠭᠤᠯ ᠤᠨ ᠬᠢᠯᠢ ᠲᠣᠳᠣᠷ᠎ᠠ ᠵᠢᠭᠤᠯᠴᠢᠯᠠᠭᠤᠯᠵᠤ ︵ᠬᠢᠯᠢ ᠶᠢᠨ ᠭᠠᠳᠠᠨᠠᠬᠢ ᠵᠢᠭᠤᠯᠴᠢᠳ ᠤᠨ ᠣᠷᠣᠵᠦ ᠭᠠᠷᠬᠤ ᠪᠣᠭᠤᠮᠲᠠ ᠶᠢ ᠬᠢᠵᠠᠭᠠᠷᠯᠠᠬᠤ ᠦᠭᠡᠢ︶᠂ ᠮᠠᠨ ᠤ ᠣᠷᠣᠨ ᠳᠤ 3 ᠰᠦᠨᠢ 4 ᠡᠳᠦᠷ ︵ᠪᠠᠭᠳᠠᠭᠠᠨ᠎ᠠ︶ ᠠᠴᠠ ᠲᠡᠭᠡᠭᠰᠢ ᠦᠯᠡᠳᠡᠨ᠂ ᠬᠢᠯᠢ ᠶᠢᠨ ᠭᠠᠳᠠᠨᠠᠬᠢ ᠵᠢᠭᠤᠯᠴᠢᠨ ᠤ ᠬᠦᠮᠦᠨ ᠤ ᠲᠤᠭ᠎ᠠ 80 ᠬᠦᠮᠦᠨ ᠠᠴᠠ ᠪᠠᠭ᠎ᠠ ᠦᠭᠡᠢ᠂ ᠲᠣᠰᠬᠠᠢ ᠭᠠᠯᠲᠦ ᠲᠡᠷᠭᠡ ᠪᠦᠷᠢ 2 ᠲᠦᠮᠡᠨ ᠲᠦᠭᠦᠷᠢᠭ ᠬᠦᠬᠢᠬᠦᠯᠦᠨ ᠨᠦᠬᠦᠪᠦᠷᠢᠯᠡᠨ᠎ᠡ᠃ ᠠᠳᠠᠯᠢᠬᠠᠨ ᠲᠣᠰᠬᠠᠢ ᠭᠠᠯᠲᠦ ᠲᠡᠷᠭᠡ 30 ᠬᠦᠮᠦᠨ ᠨᠡᠮᠡᠭᠳᠡᠬᠦ ᠪᠦᠷᠢ 1 ᠲᠦᠮᠡᠨ ᠲᠦᠭᠦᠷᠢᠭ ᠨᠡᠮᠡᠵᠦ ᠬᠦᠬᠢᠬᠦᠯᠦᠨ ᠨᠦᠬᠦᠪᠦᠷᠢᠯᠡᠵᠦ᠂ ᠲᠣᠰᠬᠠᠢ ᠭᠠᠯᠲᠦ ᠲᠡᠷᠭᠡ ᠪᠦᠷᠢ ᠬᠠᠮᠤᠭ ᠤᠨ ᠦᠨᠳᠦᠷ ᠲᠤ ᠪᠠᠨ 5 ᠲᠦᠮᠡᠨ ᠲᠦᠭᠦᠷᠢᠭ ᠬᠦᠬᠢᠬᠦᠯᠦᠨ ᠨᠦᠬᠦᠪᠦᠷᠢᠯᠡᠨ᠎ᠡ᠃             ᠶᠢᠰᠦᠳᠦᠭᠡᠷ ᠵᠦᠢᠯ      ᠭᠠᠲᠠᠭᠠᠲᠦ ᠲᠠᠢ ᠬᠠᠷᠢᠯᠴᠠᠨ ᠬᠢᠯᠢ ᠳᠤ ᠣᠷᠣᠵᠦ ᠵᠢᠭᠤᠯᠴᠢᠯᠠᠬᠤ ᠶᠢ ᠬᠦᠬᠢᠬᠦᠯᠦᠨ ᠨᠦᠬᠦᠪᠦᠷᠢᠯᠡᠬᠦ ᠪᠠᠷᠢᠮᠵᠢᠶ᠎ᠠ᠄ ᠵᠢᠭᠤᠯᠴᠢᠯᠠᠯ ᠤᠨ ᠠᠵᠦ ᠠᠬᠤᠶᠢᠯᠠᠯ ᠪᠣᠰᠣᠳ ᠠᠷᠭ᠎ᠠ ᠮᠠᠶ᠋ᠢᠭ ᠢᠶᠠᠷ ᠬᠢᠯᠢ ᠶᠢᠨ ᠭᠠᠳᠠᠨᠠᠬᠢ ︵ᠰᠢᠶᠠᠩᠭᠠᠩ ᠣᠣᠮᠧᠨ ᠲᠠᠶᠢᠸᠠᠨ ᠢ ᠪᠠᠭᠳᠠᠭᠠᠨ᠎ᠠ︶ ᠵᠢᠭᠤᠯᠴᠢᠳ ᠢ ᠵᠣᠬᠢᠶᠠᠨ ᠪᠠᠶᠢᠭᠤᠯᠵᠦ ᠮᠠᠨ ᠤ ᠣᠷᠣᠨ ᠳᠤ ᠵᠢᠭᠤᠯᠴᠢᠯᠠᠭᠤᠯᠵᠤ ᠮᠠᠨ ᠤ ᠣᠷᠣᠨ ᠳᠤ 2 ᠰᠦᠨᠢ 3 ᠡᠳᠦᠷ ︵ᠪᠠᠭᠳᠠᠭᠠᠨ᠎ᠠ︶ ᠠᠴᠠ ᠲᠡᠭᠡᠭᠰᠢ ᠦᠯᠡᠳᠡᠭᠡᠪᠡᠯ ᠨᠢᠭᠡ ᠬᠦᠮᠦᠨ ᠨᠢᠭᠡ ᠡᠳᠦᠷ 100 ᠲᠦᠭᠦᠷᠢᠭ ᠤᠨ ᠪᠠᠷᠢᠮᠵᠢᠶ᠎ᠠ ᠪᠠᠷ ᠨᠦᠬᠦᠪᠦᠷᠢᠯᠡᠨ᠎ᠡ᠃             ᠠᠷᠪᠠᠳᠣᠭᠠᠷ ᠵᠦᠢᠯ      ᠦᠪᠡᠷᠲᠡᠭᠡᠨ ᠲᠡᠷᠭᠡ ᠵᠢᠯᠣᠭᠤᠳᠣᠨ ᠬᠢᠯᠢ ᠳᠤ ᠣᠷᠣᠵᠦ ᠵᠢᠭᠤᠯᠴᠢᠯᠠᠬᠤ ᠶᠢ ᠬᠦᠬᠢᠬᠦᠯᠦᠨ ᠨᠦᠬᠦᠪᠦᠷᠢᠯᠡᠬᠦ ᠪᠠᠷᠢᠮᠵᠢᠶ᠎ᠠ᠄ ᠵᠢᠭᠤᠯᠴᠢᠯᠠᠯ ᠤᠨ ᠠᠵᠦ ᠠᠬᠤᠶᠢᠯᠠᠯ ᠲᠠᠢ ᠦᠪᠡᠷᠲᠡᠭᠡᠨ ᠲᠡᠷᠭᠡ ᠵᠢᠯᠣᠭᠤᠳᠣᠨ ᠵᠢᠭᠤᠯᠴᠢᠯᠠᠬᠤ ᠭᠡᠷ᠎ᠡ ᠲᠤᠭᠲᠠᠭᠠᠵᠤ᠂ ᠮᠠᠨ ᠤ ᠣᠷᠣᠨ ᠳᠤ 3 ᠰᠦᠨᠢ 4 ᠡᠳᠦᠷ ︵ᠪᠠᠭᠳᠠᠭᠠᠨ᠎ᠠ︶ ᠠᠴᠠ ᠳᠡᠭᠡᠭᠰᠢ ᠦᠯᠡᠳᠡᠵᠦ᠂ ᠦᠪᠡᠷᠲᠡᠭᠡᠨ ᠲᠡᠷᠭᠡ ᠵᠢᠯᠣᠭᠤᠳᠣᠨ ᠮᠠᠨ ᠤ ᠣᠷᠣᠨ ᠤ ᠬᠢᠯᠢ ᠳᠤ ᠣᠷᠣᠭᠰᠠᠨ ᠲᠡᠷᠭᠡᠨ ᠤ ᠲᠤᠭ᠎ᠠ ᠨᠢᠭᠡ ᠯᠡ ᠣᠳᠠᠭ᠎ᠠ ᠳᠤ 20 ᠰᠠᠭᠤᠷᠢ ᠬᠦᠷᠦᠭᠰᠡᠨ ᠪᠤᠶᠤ ᠳᠡᠭᠡᠭᠰᠢ ᠪᠣᠯ 1 ᠲᠦᠮᠡᠨ ᠲᠦᠭᠦᠷᠢᠭ ᠬᠦᠬᠢᠬᠦᠯᠦᠨ ᠨᠦᠬᠦᠪᠦᠷᠢᠯᠡᠵᠦ᠂ 40 ᠰᠠᠭᠤᠷᠢ ᠬᠦᠷᠪᠡᠯ 2 ᠲᠦᠮᠡᠨ ᠲᠦᠭᠦᠷᠢᠭ ᠬᠦᠬᠢᠬᠦᠯᠦᠨ ᠨᠦᠬᠦᠪᠦᠷᠢᠯᠡᠵᠦ᠂ 60 ᠰᠠᠭᠤᠷᠢ ᠬᠦᠷᠪᠡᠯ 5 ᠲᠦᠮᠡᠨ ᠲᠦᠭᠦᠷᠢᠭ ᠬᠦᠬᠢᠬᠦᠯᠦᠨ ᠨᠦᠬᠦᠪᠦᠷᠢᠯᠡᠵᠦ᠂ 100 ᠰᠠᠭᠤᠷᠢ ᠬᠦᠷᠬᠦ ᠪᠤᠶᠤ ᠲᠡᠭᠡᠭᠰᠢ ᠪᠣᠯ 10 ᠲᠦᠮᠡᠨ ᠲᠦᠭᠦᠷᠢᠭ ᠬᠦᠬᠢᠬᠦᠯᠦᠨ ᠨᠦᠬᠦᠪᠦᠷᠢᠯᠡᠨ᠎ᠡ᠃             ᠠᠷᠪᠠᠨ ᠨᠢᠭᠡᠳᠦᠭᠡᠷ ᠵᠦᠢᠯ      ᠲᠡᠭᠡᠷᠡᠬᠢ ᠵᠢᠭᠤᠯᠴᠢᠠᠯᠯ ᠤᠨ ᠬᠦᠬᠢᠬᠦᠯᠦᠨ ᠨᠦᠬᠦᠪᠦᠷᠢᠯᠡᠯᠲᠡ ᠶᠢᠨ ᠲᠣᠭᠠᠯᠠᠨ ᠪᠣᠳᠣᠬᠤ ᠦᠶᠡᠯᠡᠯ ᠪᠤᠯ ᠪᠦᠬᠦ᠋ᠢᠯᠡ ᠨᠢᠭᠡ ᠵᠢᠯ᠃ ᠵᠤᠭᠰᠤᠩᠬᠢ ᠣᠯᠠᠷᠢᠯ ︵ᠵᠢᠯ ᠪᠦᠷᠢ ᠶᠢᠨ 10 ᠰᠠᠷ᠎ᠠ 20 ᠠᠴᠠ ᠲᠠᠷᠠᠭ᠎ᠠ ᠵᠢᠯ ᠤᠨ 4 ᠰᠠᠷ᠎ᠠ 20 ᠡᠳᠦᠷ︶ ᠳᠤ ᠪᠦᠬᠦ ᠨᠦᠬᠦᠪᠦᠷᠢᠯᠡᠯᠲᠡ ᠶᠢᠨ ᠪᠠᠷᠢᠮᠵᠢᠶ᠎ᠠ 20% ᠨᠡᠮᠡᠭᠳᠡᠨ᠎ᠡ᠃ ᠮᠠᠨᠵᠣᠣᠷ᠂ ᠡᠷᠢᠶᠡᠨ ᠬᠤᠲᠠ ᠶᠢᠨ ᠬᠢᠯᠢ ᠶᠢᠨ ᠪᠣᠭᠤᠮᠲᠠ ᠪᠠᠷ ᠬᠢᠯᠢ ᠳᠤ ᠣᠷᠣᠵᠦ ᠵᠢᠭᠤᠯᠴᠢᠯᠠᠬᠤ ᠳᠤ ᠲᠣᠰ ᠲᠦᠷᠦ ᠶᠢᠨ ᠪᠣᠳᠣᠯᠭ᠎ᠠ ᠶᠢ ᠬᠡᠷᠡᠭᠵᠢᠬᠦᠯᠬᠦ ᠦᠭᠡᠢ᠃             ᠠᠷᠪᠠᠨ ᠬᠤᠶᠠᠳᠣᠭᠠᠷ ᠵᠦᠢᠯ      ᠭᠠᠳᠠᠭᠠᠳᠤ ᠳᠤ ᠪᠣᠷᠣᠯᠠᠭᠤᠯᠣᠨ ᠣᠬᠠᠭᠤᠯᠵᠦ ᠲᠡᠯᠭᠡᠷᠡᠬᠦᠯᠬᠦ ᠶᠢ ᠬᠦᠬᠢᠬᠦᠯᠦᠨ ᠨᠦᠬᠦᠪᠦᠷᠢᠯᠡᠨ᠎ᠡ᠄ ᠬᠦᠬᠢᠬᠦᠯᠦᠨ ᠨᠦᠬᠦᠪᠦᠷᠢᠯᠡᠬᠦ ᠡᠲᠡᠭᠡᠳ ᠪᠤᠯ ᠣᠷᠣᠨ ᠤ ᠲᠣᠳᠣᠷᠠᠬᠢ ᠵᠢᠭᠤᠯᠴᠢᠯᠠᠯ ᠤᠨ ᠠᠵᠦ ᠠᠬᠤᠶᠢᠯᠠᠯ ︵A ᠲᠡᠰ ᠤᠨ ᠵᠢᠭᠤᠯᠴᠢᠯᠠᠯ ᠤᠨ ᠣᠷᠣᠨ᠂ ᠣᠳᠣᠨ ᠲᠡᠰ ᠤᠨ ᠵᠣᠴᠢᠳ ᠤᠨ ᠪᠠᠭᠤᠳᠠᠯ᠂ ᠵᠢᠭᠤᠯᠴᠢᠯᠠᠯ ᠤᠨ ᠬᠤᠷᠢᠶ᠎ᠠ︶᠂ ᠰᠣᠶᠣᠯ ᠤᠨ ᠠᠵᠦ ᠠᠬᠤᠶᠢᠯᠠᠯ ᠵᠡᠷᠭᠡ᠃ ᠦᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠢ ᠲᠠᠭᠠᠨ ᠬᠢᠯᠢ ᠶᠢᠨ ᠭᠠᠳᠠᠨᠠᠬᠢ ᠵᠢᠭᠤᠯᠴᠢᠯᠠᠯ ᠤᠨ ᠲᠡᠯᠭᠡᠨ ᠦᠵᠡᠬᠦᠯᠬᠡ ᠪᠠ ᠣᠬᠠᠭᠤᠯᠣᠨ ᠲᠡᠯᠭᠡᠷᠡᠬᠦᠯᠬᠦ ᠬᠦᠳᠡᠯᠭᠡᠭᠡᠨ ᠢ ᠵᠣᠬᠢᠶᠠᠨ ᠪᠠᠶᠢᠭᠤᠯᠵᠦ ᠣᠷᠣᠯᠴᠠᠭᠰᠠᠨ ᠠᠵᠦ ᠠᠬᠤᠶᠢᠯᠠᠯ ᠪᠦᠷᠢ ᠶᠢᠨ ᠲᠠᠭᠠᠵᠦ ᠶᠠᠪᠣᠭᠰᠠᠨ ᠠᠵᠦ ᠠᠬᠤᠶᠢᠯᠠᠯ ᠤᠨ ᠪᠣᠷᠣᠯᠠᠭᠤᠯᠣᠭᠴᠢ ᠶᠢᠨ ᠣᠯᠣᠰ ᠤᠨ ᠬᠤᠭᠤᠷᠤᠨᠳᠤᠬᠢ ᠢᠷᠡᠵᠦ ᠶᠠᠪᠤᠬᠤ ᠨᠢᠰᠭᠡᠯ ᠤᠨ ᠪᠢᠯᠧᠲ ᠪᠠ ᠬᠢᠯᠢ ᠶᠢᠨ ᠭᠠᠳᠠᠨᠠᠬᠢ ᠬᠤᠲᠠ ᠶᠢᠨ ᠬᠤᠭᠤᠷᠣᠨᠳᠣᠬᠢ ᠵᠠᠮ ᠬᠠᠷᠢᠯᠴᠠᠭᠠᠨ ᠤ ᠵᠠᠷᠣᠳᠠᠯ ᠢ ᠬᠦᠬᠢᠬᠦᠯᠦᠨ ᠨᠦᠬᠦᠪᠦᠷᠢᠯᠡᠵᠦ᠂ ᠰᠣᠶᠣᠯ ᠵᠢᠭᠤᠯᠴᠢᠯᠠᠯ ᠤᠨ ᠲᠢᠩᠬᠢᠮ ᠠᠴᠠ ᠠᠶᠠᠯᠠᠯ ᠤᠨ ᠶᠠᠪᠣᠴᠠ ᠶᠢ ᠨᠢᠭᠡᠳᠦᠯᠲᠡᠢ ᠲᠣᠭᠳᠠᠭᠠᠨ᠎ᠠ᠃             ᠠᠷᠪᠠᠨ ᠭᠤᠷᠪᠠᠳᠣᠭᠠᠷ ᠵᠦᠢᠯ      ᠲᠣᠰ ᠠᠷᠭ᠎ᠠ ᠶᠢᠨ ᠲᠣᠭᠳᠠᠭᠠᠭᠰᠠᠨ ᠨᠦᠬᠦᠴᠡᠯ ᠳᠤ ᠨᠡᠶᠢᠴᠡᠵᠦ᠂ ᠦᠪᠡᠷᠳᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠨᠦᠬᠦᠪᠦᠷᠢ ᠤᠯᠭᠤᠭᠰᠠᠨ ᠪᠣᠶᠦ ᠬᠦᠬᠢᠬᠦᠯᠦᠭᠰᠡᠨ ᠵᠢᠭᠤᠯᠴᠢᠯᠠᠯ ᠤᠨ ᠬᠦᠯᠦᠰᠦᠯᠡᠭᠰᠡᠨ ᠨᠢᠰᠭᠡᠯ ᠳᠤ ᠲᠠᠬᠢᠨ ᠲᠠᠪᠳᠠᠨ ᠨᠦᠬᠦᠪᠦᠷᠢ ᠣᠯᠭᠤᠬᠤ ᠦᠭᠡᠢ᠃ ᠠᠳᠠᠯᠢᠬᠠᠨ ᠨᠢᠭᠡ ᠪᠦᠯᠦᠭ ᠵᠢᠭᠤᠯᠴᠢᠳ ᠤᠨ ᠠᠳᠠᠯᠢ ᠨᠢᠭᠡ ᠣᠳᠠᠭᠠᠨ ᠤ ᠵᠢᠭᠤᠯᠴᠢᠯᠠᠯ ᠤᠨ ᠶᠠᠪᠣᠴᠠ ᠶᠢ ᠭᠡᠰᠡᠭ ᠬᠤᠪᠢᠶᠠᠵᠦ ᠦᠪᠡᠷᠳᠡᠭᠡᠨ ᠵᠠᠰᠠᠬᠤ ᠣᠷᠣᠨ ᠤ ᠨᠦᠬᠦᠪᠦᠷᠢ ᠶᠢ ᠭᠤᠶᠣᠴᠢᠯᠠᠵᠦ ᠪᠣᠯᠬᠤ ᠦᠭᠡᠢ᠃ ᠭᠡᠪᠡᠴᠦ ᠬᠡᠰᠡᠭ ᠬᠤᠪᠢᠶᠠᠵᠦ ᠠᠶᠢᠮᠠᠭ ᠬᠤᠲᠠ ᠶᠢᠨ ᠨᠦᠬᠦᠪᠦᠷᠢ ᠭᠤᠶᠣᠴᠢᠯᠠᠬᠤ ᠶᠢ ᠨᠦᠯᠦᠭᠡᠯᠡᠬᠦ ᠦᠭᠡᠢ᠃             ᠠᠷᠪᠠᠨ ᠲᠦᠷᠪᠡᠳᠦᠭᠡᠷ ᠵᠦᠢᠯ      ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠮᠠᠨ ᠤ ᠣᠷᠣᠨ ᠤ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ ᠪᠣᠲᠠᠲᠦ ᠪᠠᠶᠢᠳᠠᠯ ᠪᠠ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠬᠦᠬᠢᠬᠦᠯᠦᠨ ᠨᠦᠬᠦᠪᠦᠷᠢᠯᠡᠬᠦ ᠬᠡᠪᠴᠢᠶ᠎ᠡ᠂ ᠨᠦᠬᠦᠴᠡᠯ ᠪᠠ ᠪᠠᠷᠢᠮᠵᠢᠶ᠎ᠠ ᠵᠡᠷᠭᠡ ᠵᠦᠢᠯ ᠤᠳ ᠲᠤ ᠲᠣᠬᠢᠷᠠᠭᠤᠯᠣᠯᠲᠠ ᠬᠢᠵᠦ ᠪᠣᠯᠣᠨ᠎ᠠ᠃       ᠲᠦᠷᠪᠡᠳᠦᠭᠡᠷ ᠪᠦᠯᠦᠭ     ᠭᠤᠶᠣᠴᠢᠯᠠᠨ ᠮᠡᠳᠡᠭᠦᠯᠬᠦ ᠮᠠᠲ᠋ᠧᠷᠢᠶᠠᠯ             ᠠᠷᠪᠠᠨ ᠲᠠᠪᠣᠳᠣᠭᠠᠷ ᠵᠦᠢᠯ      ᠰᠣᠶᠣᠯ ᠵᠢᠭᠤᠯᠴᠢᠯᠠᠯ ᠤᠨ ᠠᠵᠦ ᠠᠬᠤᠶᠢᠯᠠᠯ ᠬᠦᠬᠢᠭᠦᠯᠦᠯᠲᠡ ᠨᠦᠬᠦᠪᠦᠷᠢᠯᠡᠯᠲᠡ ᠶᠢ ᠭᠤᠶᠣᠴᠢᠯᠠᠬᠤ ᠳᠤ ᠲᠣᠣᠷᠠᠬᠢ ᠮᠠᠲ᠋ᠧᠷᠢᠶᠠᠯ ᠤᠨ ᠣᠣᠯ ᠬᠤᠪᠢ ᠪᠠ ᠬᠠᠭᠤᠯᠪᠣᠷᠢ ᠬᠤᠪᠢ ᠶᠢ ᠲᠣᠰᠢᠶᠠᠬᠤ ᠬᠡᠷᠡᠭᠲᠡᠢ᠃ ᠣᠣᠯ ᠬᠤᠪᠢ ᠶᠢ ᠬᠢᠨᠠᠵᠦ ᠪᠠᠷᠠᠭᠰᠠᠨ ᠤ ᠳᠠᠷᠠᠭ᠎ᠠ ᠠᠯᠳᠠᠭ᠎ᠠ ᠦᠭᠡᠢ ᠪᠣᠯ ᠪᠣᠴᠠᠭᠠᠨ᠎ᠠ᠃             ⒈ ᠬᠠᠷᠢᠶᠠᠲᠦ ᠭᠠᠵᠠᠷ ᠤᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠦᠴᠢᠷ ᠠᠴᠠ ᠭᠠᠷᠭᠠᠭᠰᠠᠨ ᠠᠵᠦ ᠠᠬᠤᠶᠢᠯᠠᠯ ᠤᠨ ᠮᠡᠳᠡᠭᠡ ᠵᠠᠩᠬᠢ ᠶᠢ ᠭᠡᠷᠡᠴᠢᠯᠡᠬᠦ ᠪᠢᠴᠢᠭ ᠵᠢᠴᠢ ᠲᠦᠰᠦᠯ ᠢ ᠬᠡᠷᠡᠭᠵᠢᠬᠦᠯᠬᠦ ᠲᠦᠯᠦᠪᠯᠡᠯᠭᠡ ᠪᠠ ᠭᠤᠶᠣᠴᠢᠯᠠᠯ᠂ ᠪᠡᠶᠡᠯᠡᠭᠦᠯᠦᠭᠰᠡᠨ ᠪᠠᠶᠢᠳᠠᠯ ᠤᠨ ᠲᠤᠳᠤᠷᠬᠠᠶᠢᠯᠠᠯᠲᠠ ᠵᠡᠷᠭᠡ ᠶᠢ ᠱᠠᠭᠠᠷᠳᠠᠨ᠎ᠠ᠃             ⒉ ᠨᠢᠰᠭᠡᠯ᠂ ᠲᠣᠰᠬᠠᠢ ᠭᠠᠯᠲᠦ ᠲᠡᠷᠭᠡ ᠲᠦᠷᠢᠶᠡᠰᠦᠯᠡᠭᠰᠡᠨ ᠭᠡᠷ᠎ᠡ᠂ ᠠᠷᠠᠳ ᠤᠨ ᠠᠭᠠᠷ ᠤᠨ ᠠᠶᠠᠯᠠᠯ᠂ ᠲᠡᠮᠦᠷ ᠵᠠᠮ ᠤᠨ ᠰᠠᠯᠠᠭ᠎ᠠ ᠮᠦᠴᠢᠷ ᠤᠨ ᠨᠢᠰᠭᠡᠯ ᠪᠣᠶᠦ ᠲᠣᠰᠬᠠᠢ ᠭᠠᠯᠲᠦ ᠲᠡᠷᠭᠡ ᠲᠦᠷᠢᠶᠡᠰᠦᠯᠡᠭᠰᠡᠨ ᠢ ᠴᠣᠬᠤᠯᠠᠪᠣᠷᠢᠯᠠᠨ ᠬᠠᠷᠢᠭᠤᠯᠣᠭᠰᠠᠨ ᠣᠣᠯ ᠬᠤᠪᠢ ᠵᠢᠴᠢ ᠲᠤᠭᠠᠴᠠᠪᠤᠷᠢᠯᠠᠭᠰᠠᠨ ᠪᠠᠷᠢᠮᠲᠠ᠂ ᠠᠷᠠᠳ ᠤᠨ ᠠᠭᠠᠷ ᠤᠨ ᠠᠶᠠᠯᠠᠯ ᠤᠨ ᠰᠠᠯᠠᠭ᠎ᠠ ᠮᠦᠴᠢᠷ᠂ ᠲᠡᠮᠦᠷ ᠵᠠᠮ ᠤᠨ ᠰᠠᠯᠠᠭ᠎ᠠ ᠮᠦᠴᠢᠷ ᠤᠨ ᠲᠠᠷᠬᠠᠭᠰᠠᠨ ᠨᠢᠰᠦᠯᠲᠡ᠂ ᠭᠠᠯᠲᠦ ᠲᠡᠷᠭᠡ ᠶᠢᠨ ᠴᠠᠭ ᠤᠨ ᠬᠤᠪᠢᠶᠠᠷᠢ ᠶᠢᠨ ᠬᠦᠰᠦᠨᠦᠭᠲᠦ ᠶᠢᠨ ᠮᠡᠳᠡᠭᠳᠡᠯ ᠤᠨ ᠬᠠᠭᠤᠯᠪᠦᠷᠢ ᠬᠤᠪᠢ᠃             ⒊ ᠬᠢᠯᠢ ᠳᠤ ᠤᠷᠤᠬᠤ ᠵᠢᠭᠤᠯᠴᠢᠯᠠᠯ ᠤᠨ ᠪᠦᠯᠬᠦᠮ ᠤᠨ ᠠᠶᠠᠯᠠᠯ ᠤᠨ ᠶᠠᠪᠣᠴᠠ ᠶᠢᠨ ᠵᠢᠭᠰᠠᠭᠠᠯᠲᠠ ᠪᠠ ᠵᠢᠭᠤᠯᠴᠢᠳ ᠤᠨ ᠨᠡᠷᠡᠰ ᠤᠨ ᠵᠢᠭᠰᠠᠭᠠᠯᠲᠠ ︵ᠦᠨᠡᠮᠯᠡᠬᠦ ᠪᠠᠷᠢᠮᠳᠠ ᠶᠢᠨ ᠳ᠋ᠣᠭᠠᠷ ᠢ ᠲᠠᠭᠠᠯᠳᠣᠭᠤᠯᠬᠤ︶᠂ ᠮᠠᠨ ᠤ ᠣᠷᠣᠨ ᠤ ᠵᠢᠭᠤᠯᠴᠢᠯᠠᠯ ᠤᠨ ᠬᠤᠷᠢᠶ᠎ᠠ ᠶᠢᠨ ᠬᠠᠮᠢᠶ᠎ᠠ ᠪᠦᠬᠦᠢ ᠵᠢᠭᠤᠯᠴᠢᠯᠠᠯ ᠤᠨ ᠬᠤᠷᠢᠶ᠎ᠠ ᠲᠠᠢ ᠲᠣᠭᠳᠠᠭᠰᠠᠨ ᠲᠣᠬᠠᠢ ᠶᠢᠨ ᠭᠠᠵᠠᠷ ᠤᠨ ᠦᠢᠯᠡᠴᠢᠯᠡᠭᠡ ᠶᠢ ᠵᠣᠬᠢᠶᠠᠨ ᠪᠠᠶᠢᠭᠤᠯᠬᠤ ᠬᠡᠯᠡᠯᠴᠡᠭᠡᠷ᠂ ᠵᠢᠭᠤᠯᠴᠢᠯᠠᠯ ᠤᠨ ᠬᠤᠷᠢᠶ᠎ᠠ ᠶᠢᠨ ᠲᠠᠮᠠᠭ᠎ᠠ ᠳᠠᠷᠤᠵᠤ ᠭᠠᠷ ᠤᠨ ᠦᠰᠦᠭ ᠵᠢᠷᠤᠭᠰᠠᠨ ᠪᠦᠯᠬᠦᠮ ᠤᠨ ᠲᠦᠯᠦᠪᠯᠡᠭᠡ ᠪᠠ ᠪᠠᠳᠣᠯᠠᠭᠠᠵᠢᠭᠤᠯᠬᠤ ᠪᠢᠴᠢᠭ᠂ ᠵᠢᠭᠤᠯᠴᠢᠯᠠᠯ ᠤᠨ ᠬᠤᠷᠢᠶ᠎ᠠ ᠶᠢᠨ ᠬᠤᠭᠤᠷᠣᠨᠳᠣᠬᠢ ᠵᠠᠷᠣᠳᠠᠯ ᠢ ᠳ᠋ᠦᠩᠨᠡᠨ ᠪᠣᠳᠣᠭᠰᠠᠨ ᠭᠡᠷᠡᠴᠢ ᠪᠠᠷᠢᠮᠲᠠ ᠶᠢᠨ ᠬᠠᠭᠤᠯᠪᠣᠷᠢ ᠬᠤᠪᠢ᠃             ⒋ ᠵᠣᠴᠢᠳ ᠤᠨ ᠪᠠᠭᠤᠳᠠᠯ ᠤᠨ ᠬᠦᠢᠯᠭᠡᠭᠡᠨ ᠤ ᠲᠠᠩᠰᠠ ᠪᠠ ᠳ᠋ᠦᠩᠨᠡᠨ ᠪᠣᠳᠣᠭᠰᠠᠨ ᠪᠠᠷᠢᠮᠳᠠ ᠵᠡᠷᠭᠡ᠃             ⒌ ᠵᠢᠭᠤᠯᠴᠢᠯᠠᠯ ᠤᠨ ᠬᠤᠷᠢᠶ᠎ᠠ ᠪᠠ ᠵᠢᠭᠤᠯᠠᠴᠢᠯᠠᠬᠤ ᠲᠡᠷᠭᠡᠨ ᠪᠦᠯᠬᠦᠮ ᠤᠨ ᠲᠡᠷᠭᠡ ᠬᠡᠷᠡᠭᠯᠡᠬᠦ ᠭᠡᠷ᠎ᠡ᠂ ᠭᠠᠭᠴᠠ ᠪᠦᠯᠬᠦᠮ ᠤᠨ ᠲᠡᠷᠭᠡ ᠬᠡᠷᠡᠭᠯᠡᠬᠦ ᠪᠠᠳᠣᠯᠠᠭᠠᠵᠢᠭᠤᠯᠬᠤ ᠪᠢᠴᠢᠭ᠃             ⒍ ᠰᠣᠶᠣᠯ ᠵᠢᠭᠤᠯᠴᠢᠯᠠᠯ ᠤᠨ ᠠᠵᠦ ᠠᠬᠤᠶᠢᠯᠠᠯ ᠤᠨ ᠭᠤᠶᠣᠴᠢᠯᠠᠨ ᠮᠡᠳᠡᠭᠦᠯᠬᠦ ᠠᠮᠠᠯᠠᠯᠲᠠ ᠶᠢᠨ ᠪᠢᠴᠢᠭ᠃             ⒎ ᠪᠣᠰᠣᠳ ᠴᠢᠬᠤᠯᠠ ᠲᠠᠢ ᠮᠠᠲ᠋ᠧᠷᠢᠶᠠᠯ᠃       ᠲᠠᠪᠣᠳᠣᠭᠠᠷ ᠪᠦᠯᠦᠭ     ᠬᠢᠨᠠᠨ ᠬᠠᠮᠢᠶᠠᠷᠣᠯᠲᠠ             ᠠᠷᠪᠠᠨ ᠵᠢᠷᠭᠤᠳᠣᠭᠠᠷ ᠵᠦᠢᠯ      ᠵᠢᠭᠤᠯᠴᠢᠯᠠᠯ ᠤᠨ ᠠᠵᠦ ᠠᠬᠤᠶᠢᠯᠠᠯ ᠲᠦᠰᠦᠯ ᠢ ᠬᠡᠷᠡᠭᠵᠢᠬᠦᠯᠬᠦ ᠠᠴᠠ ᠡᠮᠦᠨᠡᠬᠢ ᠨᠢᠭᠡ ᠰᠠᠷ᠎ᠠ ᠳᠤ ᠲᠦᠰᠦᠯ ᠤᠨ ᠰᠠᠨᠠᠭᠤᠯᠭ᠎ᠠ ᠶᠢᠨ ᠪᠢᠴᠢᠭ ᠪᠠ ᠪᠣᠲᠠᠲᠠᠢ ᠬᠡᠷᠡᠭᠵᠢᠬᠦᠯᠬᠦ ᠲᠦᠯᠦᠪᠯᠡᠭᠡ ᠪᠠᠨ ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠤᠯᠤᠨ ᠠᠶᠢᠮᠠᠭ ᠬᠤᠲᠠ ᠶᠢᠨ ᠲᠣᠪᠴᠢᠶᠠᠨ ᠳᠤ ᠳᠡᠪᠰᠢᠬᠦᠯᠦᠨ ᠮᠡᠳᠡᠬᠦᠯᠵᠦ ᠳᠠᠩᠰᠠᠯᠠᠭᠤᠯᠤᠨ᠎ᠠ᠃ ᠨᠦᠬᠦᠪᠦᠷᠢ ᠶᠢᠨ ᠮᠦᠩᠭᠦ ᠭᠤᠶᠣᠴᠢᠯᠠᠬᠤ ᠳᠤ ᠵᠢᠯ ᠪᠦᠷᠢ ᠶᠢᠨ 10 ᠰᠠᠷ᠎ᠠ ᠶᠢᠨ 30 ᠤ ᠡᠳᠦᠷ ᠠᠴᠠ ᠡᠮᠦᠨ᠎ᠡ ᠭᠤᠶᠣᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠠᠶᠢᠮᠠᠭ ᠬᠤᠲᠠ ᠶᠢᠨ ᠲᠣᠪᠴᠢᠶᠠᠨ ᠳᠤ ᠮᠡᠳᠡᠭᠦᠯᠦᠨ ᠠᠩᠬᠠᠨ ᠤ ᠬᠢᠨᠠᠯᠲᠠ ᠬᠢᠯᠭᠡᠨ᠎ᠡ᠃             ᠠᠷᠪᠠᠨ ᠲᠣᠯᠣᠳᠣᠭᠠᠷ ᠵᠦᠢᠯ      ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠭᠤᠶᠣᠴᠢᠯᠠᠭᠰᠠᠨ ᠪᠢᠴᠢᠭ ᠪᠠ ᠭᠤᠶᠣᠴᠢᠯᠠᠨ ᠮᠡᠳᠡᠭᠦᠯᠬᠦ ᠮᠠᠲ᠋ᠧᠷᠢᠶᠠᠯ ᠢ ᠭᠤᠷᠪᠠᠳᠣᠭᠠᠷ ᠡᠲᠡᠭᠡᠳ ᠲᠤ ᠨᠠᠶᠢᠳᠠᠵᠤ ᠬᠢᠨᠠᠯᠲᠠ ᠬᠢᠯᠭᠡᠵᠦ᠂ ᠬᠢᠨᠠᠭᠰᠠᠨ ᠦᠷ᠎ᠡ ᠳ᠋ᠦᠩ ᠢ ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠣᠳᠣᠷᠢᠳᠬᠤ ᠲᠣᠭᠤᠶᠢᠯᠠᠩ ᠤᠨ ᠬᠤᠷᠠᠯ ᠳᠤ ᠲᠡᠪᠰᠢᠬᠦᠯᠵᠦ ᠵᠦᠪᠳᠡᠯᠴᠡᠨ ᠲᠣᠭᠳᠠᠭᠠᠨ᠎ᠠ᠃             ᠠᠷᠪᠠᠨ ᠨᠠᠢᠮᠠᠳᠣᠭᠠᠷ ᠵᠦᠢᠯ      ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠦᠬᠢᠬᠦᠯᠦᠨ ᠨᠦᠬᠦᠪᠦᠷᠢᠯᠡᠬᠦ ᠮᠦᠩᠭᠦ ᠶᠢ ᠲᠦᠰᠦᠪᠯᠡᠵᠦ ᠲᠣᠬᠢᠷᠠᠭᠤᠯᠣᠭᠰᠠᠨ ᠠᠵᠦ ᠠᠬᠤᠶᠢᠯᠠᠯ ᠤᠨ ᠨᠡᠷᠡᠰ ᠢ ᠵᠠᠷᠯᠠᠵᠦ᠂ 7 ᠠᠵᠢᠯ ᠤᠨ ᠡᠳᠦᠷ ᠵᠠᠷᠯᠠᠭᠰᠠᠨ ᠤ ᠲᠠᠷᠠᠭ᠎ᠠ ᠣᠨᠳᠣᠣ ᠰᠠᠨᠠᠯ ᠦᠭᠡᠢ ᠪᠣᠯ ᠬᠠᠮᠢᠶ᠎ᠠ ᠪᠦᠬᠦᠢ ᠡᠳ᠋ ᠤᠨ ᠶᠠᠪᠣᠳᠠᠯ ᠤᠨ ᠲᠦᠷᠢᠮ ᠲᠣᠭᠳᠠᠭᠠᠯ ᠢᠶᠠᠷ ᠮᠦᠩᠭᠦ ᠣᠯᠭᠤᠨ᠎ᠠ᠃             ᠠᠷᠪᠠ ᠶᠢᠰᠦᠳᠦᠭᠡᠷ ᠵᠦᠢᠯ      ᠨᠦᠬᠦᠪᠦᠷᠢ ᠶᠢᠨ ᠮᠦᠩᠭᠦ ᠭᠤᠶᠣᠴᠢᠯᠠᠭᠰᠠᠨ ᠵᠢᠭᠤᠯᠴᠢᠯᠠᠯ ᠤᠨ ᠬᠤᠷᠢᠶ᠎ᠠ ᠦᠨᠡᠨ ᠪᠣᠲᠠᠲᠦ ᠭᠤᠶᠣᠴᠢᠯᠠᠨ ᠮᠡᠳᠡᠭᠦᠯᠬᠦ ᠮᠠᠲ᠋ᠧᠷᠢᠶᠠᠯ ᠬᠠᠩᠭᠠᠬᠤ ᠬᠡᠷᠡᠭᠲᠡᠢ᠃ ᠠᠯᠢᠪᠠ ᠬᠤᠳᠠᠯ ᠬᠡᠯᠡᠵᠦ ᠬᠤᠯᠣᠣ ᠲᠠᠷᠢᠬᠤ᠂ ᠮᠠᠲ᠋ᠧᠷᠢᠶᠠᠯ ᠪᠠᠷᠢᠮᠳᠠ ᠶᠢ ᠬᠠᠭᠤᠷᠮᠠᠭ ᠢᠶᠠᠷ ᠵᠣᠬᠢᠶᠠᠭᠰᠠᠨ ᠢ ᠪᠠᠶᠢᠴᠠᠭᠠᠨ ᠲᠤᠳᠤᠯᠠᠪᠠᠯ ᠨᠢᠭᠡᠨᠳᠡ ᠤᠯᠭᠤᠭᠰᠠᠨ ᠨᠦᠬᠦᠪᠦᠷᠢ ᠮᠦᠩᠭᠦ ᠶᠢ ᠬᠤᠷᠢᠶᠠᠨ ᠠᠪᠴᠢᠷᠠᠵᠦ᠂ ᠬᠤᠶᠠᠷ ᠵᠢᠯ ᠤᠨ ᠲᠣᠳᠣᠷ᠎ᠠ ᠲᠠᠬᠢᠨ ᠭᠤᠶᠣᠴᠢᠯᠠᠵᠦ ᠪᠣᠯᠬᠤ ᠦᠭᠡᠢ ᠮᠦᠷᠲᠡᠭᠡᠨ ᠨᠡᠶᠢᠭᠡᠮ ᠳᠤ ᠮᠡᠳᠡᠭᠡᠯᠡᠵᠦ ︽ᠡᠳ᠋ ᠤᠨ ᠵᠠᠰᠠᠭ ᠤᠨ ᠬᠠᠣᠯᠢ ᠶᠢ ᠵᠦᠷᠢᠴᠡᠭᠰᠡᠨ ᠠᠵᠢᠯᠯᠠᠭ᠎ᠠ ᠶᠢ ᠲᠤᠷᠭᠠᠨ ᠰᠢᠢᠳᠬᠡᠬᠦ ᠲᠦᠷᠢᠮ ᠲᠣᠭᠳᠠᠭᠠᠯ︾ ᠢ ᠦᠨᠳᠦᠰᠦᠯᠡᠨ ᠲᠤᠷᠭᠠᠭᠠᠵᠤ᠂ ᠰᠢᠢᠳᠬᠡᠨ ᠶᠠᠯᠠᠯᠯᠠᠨ᠎ᠠ᠃             ᠬᠤᠷᠢᠳᠣᠭᠠᠷ ᠵᠦᠢᠯ      ᠨᠦᠬᠦᠪᠦᠷᠢ ᠶᠢᠨ ᠮᠦᠩᠭᠦ ᠭᠤᠶᠣᠴᠢᠯᠠᠭᠰᠠᠨ ᠵᠢᠭᠤᠯᠴᠢᠯᠠᠯ ᠤᠨ ᠠᠵᠦ ᠠᠬᠤᠶᠢᠯᠠᠯ ᠵᠢᠭᠤᠯᠴᠢᠯᠠᠯ ᠤᠨ ᠰᠠᠯᠠᠭ᠎ᠠ ᠮᠦᠴᠢᠷ ᠤᠨ ᠭᠤᠶᠣᠴᠢᠯᠠᠨ ᠮᠡᠳᠡᠭᠦᠯᠬᠦ ᠮᠠᠲ᠋ᠧᠷᠢᠶᠠᠯ ᠪᠠ ᠪᠠᠶᠢᠳᠠᠯ ᠳᠤ ᠬᠢᠨᠠᠯᠲᠠ ᠨᠣᠳᠠᠯᠠᠯᠲᠠ ᠬᠢᠬᠦ ᠶᠢ ᠢᠳᠡᠪᠬᠢᠲᠠᠢ ᠬᠦᠯᠢᠶᠡᠨ ᠠᠪᠴᠤ ᠬᠠᠮᠵᠢᠯᠴᠠᠬᠤ ᠬᠡᠷᠡᠭᠲᠡᠢ᠃ ᠬᠢᠨᠠᠯᠲᠠ ᠪᠠᠶᠢᠴᠠᠭᠠᠯᠲᠠ ᠶᠢ ᠬᠦᠯᠢᠶᠠᠨ ᠠᠪᠬᠤ ᠶᠢ ᠲᠡᠪᠴᠢᠪᠡᠯ ᠬᠦᠬᠢᠬᠦᠯᠦᠨ ᠨᠦᠬᠦᠪᠦᠷᠢᠯᠡᠬᠦ ᠮᠦᠩᠭᠦ ᠶᠢ ᠵᠣᠭᠰᠣᠭᠠᠨ᠎ᠠ᠃ ᠨᠢᠭᠡᠨᠲᠡ ᠤᠯᠭᠤᠭᠰᠠᠨ ᠪᠡᠯᠡ ᠮᠦᠡᠭᠬᠦ ᠪᠠᠨ ᠬᠤᠷᠢᠶᠠᠨ ᠠᠪᠴᠢᠷᠠᠵᠦ ᠭᠤᠶᠣᠴᠢᠯᠠᠨ ᠮᠡᠳᠡᠭᠦᠯᠬᠦ ᠬᠢᠷᠢ ᠭᠡᠮ ᠢ ᠦᠭᠡᠶᠢᠰᠬᠡᠨ᠎ᠡ᠃        ᠵᠢᠷᠭᠤᠳᠣᠭᠠᠷ ᠪᠦᠯᠦᠭ         ᠬᠠᠪᠰᠤᠷᠤᠯᠲᠠ ᠳᠦᠷᠢᠮ             ᠬᠤᠷᠢᠨ ᠨᠢᠭᠡᠳᠦᠭᠡᠷ ᠵᠦᠢᠯ      ᠲᠣᠰ ᠠᠷᠭ᠎ᠠ ᠶᠢ ᠨᠡᠶᠢᠳᠡᠯᠡᠭᠰᠡᠨ ᠡᠳᠦᠷ ᠠᠴᠠ ᠡᠬᠢᠯᠡᠨ ᠬᠡᠷᠡᠭᠵᠢᠬᠦᠯᠵᠦ᠂ ᠬᠡᠷᠡᠭᠵᠢᠬᠦᠯᠬᠦ ᠬᠤᠭᠤᠴᠠᠭ᠎ᠠ ᠭᠤᠷᠪᠠᠨ ᠵᠢᠯ᠃ ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃  
 
ᠢᠷᠡᠯᠲᠡ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号