| | | | | | | | ︵1994 ᠤᠨ ᠤ 5 ᠰᠠᠷ᠎ᠠ ᠶᠢᠨ 31 ᠤ ᠡᠳᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠨᠠᠢᠮᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠨᠠᠢᠮᠠᠳᠤᠭᠠᠷ ᠤᠳᠠᠭᠠᠨ ᠤ ᠬᠤᠷᠠᠯ ᠢᠶᠠᠷ ᠪᠠᠲᠤᠯᠠᠵᠤ᠂ 1998 ᠤᠨ ᠤ 11 ᠰᠠᠷ᠎ᠠ ᠶᠢᠨ 27 ᠤ ᠡᠳᠦᠷ ᠤᠨ ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠤᠳᠠᠭᠠᠨ ᠤ ᠬᠤᠷᠠᠯ ᠢ ᠦᠨᠳᠦᠰᠦᠯᠡᠵᠦ᠂ ︽︿ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ | ᠳᠦᠷᠢᠮ﹀ ᠳᠤ ᠵᠠᠰᠠᠪᠤᠷᠢ ᠤᠷᠤᠭᠤᠯᠬᠤ ᠲᠤᠬᠠᠢ ᠲᠤᠭᠲᠠᠭᠠᠯ︾ ᠳᠤ ᠨᠢᠭᠡᠳᠦᠭᠡᠷ ᠤᠳᠠᠭ᠎ᠠ ᠵᠠᠰᠠᠪᠤᠷᠢ ᠤᠷᠤᠭᠤᠯᠵᠤ᠂ | 2010 ᠤᠨ ᠤ 9 ᠰᠠᠷ᠎ᠠ ᠶᠢᠨ 17 ᠤ ᠡᠳᠦᠷ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠠᠷᠪᠠᠨ ᠳᠤᠯᠤᠳᠤᠭᠠᠷ ᠤᠳᠠᠭᠠᠨ ᠤ ᠬᠤᠷᠠᠯ ᠢ ᠦᠨᠳᠦᠰᠦᠯᠡᠵᠦ᠂ ︽ᠬᠡᠰᠡᠭ ᠤᠷᠤᠨ ᠨᠤᠲᠤᠭ ᠤᠨ | ᠴᠢᠨᠠᠷᠲᠠᠢ ᠬᠠᠤᠯᠢ ᠳᠦᠷᠢᠮ ᠳᠤ ᠵᠠᠰᠠᠪᠤᠷᠢ ᠤᠷᠤᠭᠤᠯᠬᠤ ᠲᠤᠬᠠᠢ ᠲᠤᠭᠲᠠᠭᠠᠯ ︵ᠬᠤᠶᠠᠷ︶︾ ᠳᠤ ᠬᠤᠶᠠᠳᠤᠭᠠᠷ | ᠤᠳᠠᠭ᠎ᠠ ᠵᠠᠰᠠᠪᠤᠷᠢ ᠤᠷᠤᠭᠤᠯᠵᠤ᠂ 2016 ᠤᠨ ᠤ 5 ᠰᠠᠷ᠎ᠠ ᠶᠢᠨ 30 ᠤ ᠡᠳᠦᠷ ᠤᠨ ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠬᠤᠶᠠᠳᠤᠭᠠᠷ ᠤᠳᠠᠭᠠᠨ ᠤ ᠬᠤᠷᠠᠯ ᠢ ᠦᠨᠳᠦᠰᠦᠯᠡᠵᠦ᠂ ︽ | ᠬᠡᠰᠡᠭ ᠤᠷᠤᠨ ᠨᠤᠲᠤᠭ ᠤᠨ ᠴᠢᠨᠠᠷᠲᠠᠢ ᠬᠠᠤᠯᠢ ᠳᠦᠷᠢᠮ ᠳᠤ ᠵᠠᠰᠠᠪᠤᠷᠢ ᠤᠷᠤᠭᠤᠯᠬᠤ ᠲᠤᠬᠠᠢ ᠲᠤᠭᠲᠠᠭᠠᠯ︾ ᠳᠤ | ᠭᠤᠷᠪᠠᠳᠤᠭᠠᠷ ᠤᠳᠠᠭᠠᠨ ᠤ ᠵᠠᠰᠠᠪᠤᠷᠢ ᠤᠷᠤᠭᠤᠯᠪᠠ︶ ᠨᠢᠭᠡᠳᠦᠭᠡᠷ ᠪᠦᠯᠦᠭ ᠶᠡᠷᠦᠩᠬᠡᠢ ᠳᠦᠷᠢᠮ | | ᠨᠢᠭᠡᠳᠦᠭᠡᠷ ᠵᠦᠢᠯ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ | ᠵᠢᠷᠤᠮᠲᠤ ᠰᠤᠶᠤᠯ ᠤᠨ ᠦᠢᠯᠡᠰ ᠢ ᠴᠡᠴᠡᠭᠯᠡᠭᠦᠯᠦᠨ ᠬᠦᠭᠵᠢᠭᠦᠯᠵᠦ᠂ ᠨᠡᠶᠢᠭᠡᠮ ᠵᠢᠷᠤᠮᠲᠤ ᠤᠶᠤᠨ ᠤ ᠪᠤᠯᠪᠠᠰᠤᠨ ᠤ | ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠵᠢᠷᠤᠮᠲᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠤᠨ | ᠬᠡᠷᠡᠭᠴᠡᠭᠡ ᠳᠤ ᠵᠤᠬᠢᠴᠠᠭᠤᠯᠬᠤ ᠶᠢᠨ ᠲᠦᠯᠦᠭᠡ᠂ ᠦᠨᠳᠦᠰᠦᠨ ᠬᠠᠤᠯᠢ ᠪᠤᠯᠤᠨ ᠬᠤᠯᠪᠤᠭᠳᠠᠯ ᠪᠦᠬᠦᠢ ᠬᠠᠤᠯᠢ | ᠴᠠᠭᠠᠵᠠ᠂ ᠬᠠᠤᠯᠢ ᠲᠤᠭᠲᠠᠭᠠᠯ ᠢ ᠦᠨᠳᠦᠰᠦᠯᠡᠨ᠂ ᠦᠪᠡᠷᠲᠡᠭᠡᠨ ᠵᠠᠰᠠᠬᠤ ᠤᠷᠤᠨ ᠤ ᠪᠤᠳᠠᠲᠤ ᠪᠠᠶᠢᠳᠠᠯ ᠲᠠᠢ | ᠤᠶᠠᠯᠳᠤᠭᠤᠯᠤᠨ ᠲᠤᠰ ᠳᠦᠷᠢᠮ ᠢ ᠲᠤᠭᠲᠠᠭᠠᠪᠠ᠃ | | ᠬᠤᠶᠠᠳᠤᠭᠠᠷ ᠵᠦᠢᠯ ᠦᠪᠡᠷᠲᠡᠭᠡᠨ ᠵᠠᠰᠠᠬᠤ ᠤᠷᠤᠨ ᠤ ᠬᠡᠪᠴᠢᠶᠡᠨ ᠳᠤ ᠰᠤᠶᠤᠯ ᠤᠨ | ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠠᠶᠢᠭ᠎ᠠ ᠠᠯᠢᠪᠠ ᠪᠠᠶᠢᠭᠤᠯᠭ᠎ᠠ ᠪᠤᠯᠤᠨ ᠬᠤᠪᠢ ᠬᠦᠮᠦᠨ ᠡᠷᠬᠡᠪᠡᠰᠢ ᠲᠤᠰ | ᠳᠦᠷᠢᠮ ᠢ ᠵᠢᠷᠤᠮᠯᠠᠬᠤ ᠬᠡᠷᠡᠭᠲᠡᠢ᠃ | | ᠭᠤᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠰᠤᠶᠤᠯ ᠤᠨ ᠵᠠᠬ᠎ᠠ | ᠳᠡᠯᠭᠡᠭᠦᠷ ᠤᠨ ᠬᠠᠮᠢᠶᠠᠷᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡ ᠲᠠᠯ᠎ᠠ ᠪᠠᠷ ᠬᠦᠭᠵᠢᠯᠲᠡ ᠶᠢ | ᠠᠳᠬᠤᠵᠤ᠂ ᠨᠢᠭᠡ ᠲᠠᠯ᠎ᠠ ᠪᠠᠷ ᠬᠠᠮᠢᠶᠠᠷᠤᠯᠲᠠ ᠶᠢ ᠠᠳᠬᠤᠬᠤ ᠶᠢ ᠡᠷᠡᠰ ᠪᠠᠷᠢᠮᠲᠠᠯᠠᠬᠤ ᠬᠡᠷᠡᠭᠲᠡᠢ᠃ | | ᠰᠤᠶᠤᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠪᠠ ᠬᠠᠮᠢᠶᠠᠷᠤᠯᠲᠠ ᠡᠷᠬᠡᠪᠡᠰᠢ ᠠᠷᠠᠳ ᠲᠦᠮᠡᠨ ᠳᠤ | ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ ᠴᠢᠭᠯᠡᠯ ᠢᠶᠠᠨ ᠡᠷᠡᠰ ᠪᠠᠷᠢᠮᠲᠠᠯᠠᠵᠤ᠂ ᠨᠡᠶᠢᠭᠡᠮ ᠤᠨ ᠦᠷ᠎ᠡ | ᠠᠰᠢᠭ ᠢ ᠲᠡᠷᠢᠭᠦᠨ ᠪᠠᠶᠢᠷᠢᠨ ᠳᠤ ᠲᠠᠯᠪᠢᠵᠤ᠂ ᠡᠷᠡᠭᠦᠯ ᠮᠡᠨᠳᠦ ᠳᠤ ᠲᠤᠰᠠᠲᠠᠢ᠂ ᠭᠤᠶᠢᠲᠠ ᠪᠠᠶᠠᠯᠢᠭ ᠠᠭᠤᠯᠭ᠎ᠠ ᠲᠠᠢ᠂ | ᠤᠯᠠᠨ ᠲᠦᠮᠡᠨ ᠤ ᠰᠤᠨᠢᠷᠬᠠᠬᠤ ᠳᠤᠷᠠᠲᠠᠢ ᠪᠦᠭᠡᠳ ᠦᠨᠳᠦᠰᠦᠲᠡᠨ ᠤ ᠪᠦᠯᠬᠦᠮᠳᠡᠯ ᠳᠤ ᠠᠰᠢᠭᠲᠠᠢ ᠰᠤᠶᠤᠯ ᠤᠨ | ᠡᠵᠡᠩᠨᠡᠬᠦ ᠠᠵᠢᠯᠯᠠᠭ᠎ᠠ ᠶᠢ ᠵᠤᠷᠢᠭᠵᠢᠭᠤᠯᠤᠨ ᠳᠡᠮᠵᠢᠬᠦ ᠬᠡᠷᠡᠭᠲᠡᠢ᠃ ᠲᠡᠷᠰᠯᠡᠭᠦᠦ ᠠᠭᠤᠯᠭ᠎ᠠ ᠲᠠᠢ᠂ ᠰᠠᠳᠤᠷ ᠰᠠᠮᠠᠭᠤᠨ | ᠱᠠᠯᠢᠭ ᠵᠠᠪᠬᠠᠢ᠂ ᠬᠦᠴᠦᠷᠬᠡᠭᠯᠡᠯᠲᠦ ᠠᠵᠢᠯᠯᠠᠭ᠎ᠠ᠂ ᠹᠸᠤᠳᠠᠯ ᠤᠨ ᠮᠤᠬᠤᠷ ᠰᠦᠰᠦᠭ᠂ ᠵᠤᠭᠤᠰ ᠮᠦᠷᠦ᠋ᠢᠴᠡᠬᠦ ᠪᠤᠯᠤᠨ | ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠰᠤᠶᠤᠯ ᠤᠨ ᠡᠵᠡᠩᠨᠡᠬᠦ ᠠᠵᠢᠯᠯᠠᠭ᠎ᠠ ᠶᠢ ᠬᠤᠷᠢᠭᠯᠠᠨ ᠴᠠᠭᠠᠵᠠᠯᠠᠨ᠎ᠠ᠃ | | | ᠳᠦᠷᠪᠡᠳᠦᠭᠡᠷ ᠵᠦᠢᠯ ᠦᠨᠳᠦᠰᠦᠲᠡᠨ ᠤ ᠰᠤᠶᠤᠯ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ | ᠪᠠᠳᠠᠷᠠᠭᠤᠯᠵᠤ᠂ ᠦᠨᠳᠦᠰᠦᠲᠡᠨ ᠤ ᠬᠡᠯᠪᠡᠷᠢ ᠪᠤᠯᠤᠨ ᠦᠨᠳᠦᠰᠦᠲᠡᠨ ᠤ ᠤᠨᠴᠠᠯᠢᠭ ᠪᠦᠬᠦᠢ ᠰᠤᠶᠤᠯ ᠤᠨ ᠡᠵᠡᠩᠨᠡᠬᠦ | ᠠᠵᠢᠯᠯᠠᠭ᠎ᠠ ᠶᠢ ᠳᠡᠮᠵᠢᠨ ᠪᠠᠳᠠᠷᠠᠭᠤᠯᠵᠤ᠂ ᠨᠡᠶᠢᠭᠡᠮ ᠵᠢᠷᠤᠮᠲᠤ ᠦᠨᠳᠦᠰᠦᠲᠡᠨ ᠤ ᠰᠤᠶᠤᠯ ᠤᠨ ᠦᠢᠯᠡᠰ ᠢ ᠴᠡᠴᠡᠭᠯᠡᠨ | ᠬᠦᠭᠵᠢᠭᠦᠯᠦᠨ᠎ᠡ᠃ | | ᠬᠦᠳᠡᠭᠡ ᠲᠤᠰᠬᠤᠨ᠂ ᠮᠠᠯᠵᠢᠬᠤ ᠤᠷᠤᠨ ᠤ ᠰᠤᠶᠤᠯ ᠤᠨ ᠵᠠᠬ᠎ᠠ ᠳᠡᠯᠭᠡᠭᠦᠷ ᠤᠨ ᠬᠦᠭᠵᠢᠯᠲᠡ ᠶᠢ | ᠵᠤᠷᠢᠭᠵᠢᠭᠤᠯᠤᠨ ᠳᠡᠮᠵᠢᠵᠦ᠂ ᠬᠦᠳᠡᠭᠡ ᠲᠤᠰᠬᠤᠨ᠂ ᠮᠠᠯᠵᠢᠬᠤ ᠤᠷᠤᠨ ᠳᠤ ᠰᠤᠶᠤᠯ ᠤᠨ ᠡᠵᠡᠩᠨᠡᠯᠲᠡ ᠶᠢᠨ ᠵᠦᠢᠯ ᠢ | ᠨᠡᠬᠡᠬᠡᠨ ᠡᠷᠬᠢᠯᠡᠬᠦ ᠪᠤᠯᠤᠨ ᠺᠢᠨᠤ᠋ ᠭᠠᠷᠭᠠᠬᠤ ᠠᠵᠢᠯᠯᠠᠭ᠎ᠠ ᠶᠢ ᠨᠡᠬᠡᠬᠡᠨ ᠬᠦᠭᠵᠢᠭᠦᠯᠬᠦ ᠶᠢ ᠬᠠᠷᠠᠭᠠᠯᠵᠠᠨ ᠳᠡᠮᠵᠢᠨ᠎ᠡ᠃ | | ᠲᠠᠪᠤᠳᠤᠭᠠᠷ ᠵᠦᠢᠯ ᠲᠤᠰ ᠳᠦᠷᠢᠮ ᠳᠤᠤᠷᠠᠬᠢ ᠰᠤᠶᠤᠯ ᠤᠨ ᠡᠵᠡᠩᠨᠡᠬᠦ ᠠᠵᠢᠯᠯᠠᠭᠠᠨ ᠳᠤ | ᠵᠤᠷᠢᠭᠤᠯᠤᠯᠲᠠ ᠲᠠᠢ᠄ | | ︵ᠨᠢᠭᠡ︶ ᠡᠵᠡᠩᠨᠡᠯᠲᠡ ᠶᠢᠨ ᠴᠢᠨᠠᠷᠲᠠᠢ ᠲᠤᠭᠯᠠᠯᠲᠠ᠂ ᠤᠷᠤᠯᠳᠤᠭᠠᠨ ᠲᠡᠮᠡᠴᠡᠭᠡᠨ᠂ ᠳᠡᠯᠭᠡᠨ ᠦᠵᠡᠭᠦᠯᠦᠯᠭᠡ | ︔ | | ︵ᠬᠤᠶᠠᠷ︶ ᠡᠵᠡᠩᠨᠡᠯᠲᠡ ᠶᠢᠨ ᠴᠢᠨᠠᠷᠲᠠᠢ ᠨᠠᠶᠢᠷ ᠴᠡᠩᠭᠡᠭᠦᠨ ᠤ ᠬᠦᠳᠡᠯᠭᠡᠭᠡᠨ︔ | | ︵ᠭᠤᠷᠪᠠ︶ ᠨᠤᠮ ᠪᠢᠴᠢᠭ᠂ ᠭᠡᠷᠡᠯ ᠵᠢᠷᠤᠭ᠂ ᠰᠤᠨᠢᠨ ᠰᠡᠳᠭᠦᠯ ᠲᠠᠷᠬᠠᠭᠠᠬᠤ ᠪᠠ ᠪᠤᠷᠤᠯᠠᠭᠤᠯᠬᠤ᠂ | ᠲᠦᠷᠢᠶᠡᠰᠦᠯᠡᠭᠦᠯᠬᠦ︔ | | ︵ᠳᠦᠷᠪᠡ︶ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠤ ᠲᠠᠷᠬᠠᠭᠠᠬᠤ᠂ ᠪᠤᠷᠤᠯᠠᠭᠤᠯᠬᠤ᠂ | ᠲᠦᠷᠢᠶᠡᠰᠦᠯᠡᠭᠦᠯᠬᠦ᠂ ᠰᠤᠨᠢᠷᠬᠠᠭᠤᠯᠬᠤ︔ | | ︵ᠲᠠᠪᠤ︶ ᠤᠷᠠᠨ ᠪᠢᠴᠢᠯᠭᠡ᠂ ᠤᠷᠠᠨ ᠵᠢᠷᠤᠭ ᠵᠡᠷᠭᠡ ᠤᠷᠠᠯᠢᠭ ᠤᠨ ᠪᠦᠲᠦᠭᠡᠯ ᠢ ᠪᠤᠷᠤᠯᠠᠭᠤᠯᠬᠤ᠂ ᠦᠨ᠎ᠡ | ᠬᠠᠶᠠᠯᠴᠠᠨ ᠬᠤᠳᠠᠯᠳᠤᠬᠤ᠂ ᠡᠵᠡᠩᠨᠡᠯᠲᠡ ᠶᠢᠨ ᠴᠢᠨᠠᠷᠲᠠᠢ ᠴᠠᠷᠳᠠᠵᠤ ᠴᠢᠮᠡᠭᠯᠡᠬᠦ︔ | | ︵ᠵᠢᠷᠭᠤᠭ᠎ᠠ︶ ᠺᠢᠨᠤ᠋ ᠶᠢᠨ ᠹᠢᠯᠢᠮ ᠲᠠᠷᠬᠠᠭᠠᠬᠤ᠂ ᠡᠵᠡᠩᠨᠡᠯᠲᠡ ᠶᠢᠨ ᠴᠢᠨᠠᠷᠲᠠᠢ ᠺᠢᠨᠤ᠋ ᠭᠠᠷᠭᠠᠬᠤ︔ | | ︵ᠳᠤᠯᠤᠭ᠎ᠠ︶ ᠬᠠᠤᠯᠢ ᠶᠤᠰᠤᠭᠠᠷ ᠵᠦᠪᠰᠢᠶᠡᠷᠡᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠢ ᠡᠵᠡᠩᠨᠡᠬᠦ | ᠠᠵᠢᠯᠯᠠᠭ᠎ᠠ︔ | | ︵ᠨᠠᠢᠮᠠ︶ ᠡᠵᠡᠩᠨᠡᠯᠲᠡ ᠶᠢᠨ ᠴᠢᠨᠠᠷᠲᠠᠢ ᠭᠡᠷᠡᠯ ᠵᠢᠷᠤᠭ ᠲᠠᠲᠠᠬᠤ᠂ ᠳᠦᠷᠰᠦ ᠰᠢᠩᠭᠡᠭᠡᠯᠲᠡ ᠬᠢᠬᠦ︔ | | ︵ᠶᠢᠰᠦ︶ ᠡᠵᠡᠩᠨᠡᠯᠲᠡ ᠶᠢᠨ ᠴᠢᠨᠠᠷᠲᠠᠢ ᠰᠤᠶᠤᠯ ᠤᠷᠠᠯᠢᠭ ᠤᠨ ᠪᠤᠯᠪᠠᠰᠤᠷᠠᠯ︔ | | ︵ᠠᠷᠪᠠ︶ ᠰᠤᠶᠤᠯ ᠤᠨ ᠡᠵᠡᠩᠨᠡᠨ ᠬᠠᠮᠢᠶᠠᠷᠬᠤ ᠠᠵᠢᠯᠯᠠᠭ᠎ᠠ︔ | | ︵ᠠᠷᠪᠠᠨ ᠨᠢᠭᠡ︶ ᠬᠠᠤᠯᠢ ᠴᠠᠭᠠᠵᠠ᠂ ᠬᠠᠤᠯᠢ ᠳᠦᠷᠢᠮ ᠳᠤ ᠲᠤᠭᠲᠠᠭᠠᠭᠳᠠᠭᠰᠠᠨ ᠰᠤᠶᠤᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨ ᠤ ᠬᠠᠮᠢᠶᠠᠷᠤᠯᠲᠠ ᠳᠤ ᠬᠠᠷᠢᠶᠠᠯᠠᠭᠳᠠᠬᠤ ᠪᠤᠰᠤᠳ | ᠰᠤᠶᠤᠯ ᠤᠨ ᠡᠵᠡᠩᠨᠡᠬᠦ ᠠᠵᠢᠯᠯᠠᠭ᠎ᠠ᠃ | | ᠵᠢᠷᠭᠤᠳᠤᠭᠠᠷ ᠵᠦᠢᠯ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠦᠴᠢᠷ ᠪᠤᠯ ᠰᠤᠶᠤᠯ ᠤᠨ ᠵᠠᠬ᠎ᠠ ᠳᠡᠯᠭᠡᠭᠦᠷ ᠢ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠪᠤᠯᠤᠨ᠎ᠠ᠃ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ᠂ ᠳᠤᠲᠤᠭᠠᠳᠤ ᠶᠢ | ᠬᠠᠮᠠᠭᠠᠯᠠᠬᠤ᠂ ᠡᠷᠡᠭᠦᠯ ᠬᠠᠮᠠᠭᠠᠯᠠᠯ᠂ ᠪᠠᠷᠠᠭᠠᠨ ᠤ ᠦᠨ᠎ᠡ ᠶᠢᠨ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠷᠠᠳᠢᠤ᠋ | ᠲᠧᠯᠸᠢᠰ᠂ ᠰᠤᠨᠢᠨ ᠮᠡᠳᠡᠭᠡ ᠬᠡᠪᠯᠡᠯ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠦᠪᠡᠷᠰᠡᠳ ᠤᠨ | ᠬᠠᠷᠢᠭᠤᠴᠠᠬᠤ ᠬᠦᠷᠢᠶ᠎ᠡ ᠬᠡᠪᠴᠢᠶᠡᠨ ᠳᠤ ᠪᠠᠨ ᠰᠤᠶᠤᠯ ᠤᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠨ ᠬᠠᠮᠢᠶᠠᠷᠤᠨ᠎ᠠ᠃ | | ᠳᠤᠯᠤᠳᠤᠭᠠᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠱᠠᠲᠤᠨ ᠤ ᠠᠷᠠᠳ ᠤᠨ ᠵᠠᠰᠠᠭ ᠤᠨ | ᠤᠷᠳᠤᠨ ᠪᠤᠯᠤᠨ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠰ | ᠳᠦᠷᠢᠮ ᠢ ᠬᠡᠷᠡᠭᠵᠢᠭᠦᠯᠦᠭᠡᠳ ᠲᠤᠪᠤᠶᠢᠮ᠎ᠠ ᠠᠮᠵᠢᠯᠲᠠ ᠤᠯᠤᠭᠰᠠᠨ ᠵᠤᠬᠢᠶᠠᠨ ᠪᠠᠶᠢᠭᠤᠯᠤᠯᠲᠠ ᠪᠤᠯᠤᠨ ᠬᠤᠪᠢ | ᠬᠦᠮᠦᠨ ᠢ ᠰᠠᠶᠢᠰᠢᠶᠠᠨ ᠤᠷᠮᠠᠰᠢᠭᠤᠯᠵᠤ᠂ ᠱᠠᠩᠨᠠᠨ ᠬᠦᠬᠢᠭᠦᠯᠦᠨ᠎ᠡ᠃ | | ᠬᠤᠶᠠᠳᠤᠭᠠᠷ ᠪᠦᠯᠦᠭ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ | | ᠨᠠᠢᠮᠠᠳᠤᠭᠠᠷ ᠵᠦᠢᠯ ᠦᠪᠡᠷᠲᠡᠭᠡᠨ ᠵᠠᠰᠠᠬᠤ ᠤᠷᠤᠨ ᠤ ᠡᠯ᠎ᠡ ᠱᠠᠲᠤᠨ ᠤ ᠰᠤᠶᠤᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠬᠦᠷᠢᠶ᠎ᠡ | ᠬᠡᠪᠴᠢᠶᠡᠨ ᠳᠤ ᠬᠢ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠂ ᠭᠤᠤᠯᠳᠠᠭᠤ | ᠬᠠᠷᠢᠭᠤᠴᠠᠬᠤ ᠨᠢ᠄ | | ︵ᠨᠢᠭᠡ︶ ᠤᠯᠤᠰ ᠤᠨ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠳᠦᠷᠢᠮ᠂ ᠲᠦᠷᠦ ᠶᠢᠨ | ᠪᠤᠳᠤᠯᠭ᠎ᠠ ᠵᠢᠴᠢ ᠲᠤᠰ ᠳᠦᠷᠢᠮ ᠢ ᠬᠡᠷᠡᠭᠵᠢᠭᠦᠯᠦᠨ ᠲᠤᠭᠤᠰᠢᠯᠠᠭᠤᠯᠬᠤ︔ | | ︵ᠬᠤᠶᠠᠷ︶ ᠰᠤᠶᠤᠯ ᠤᠨ ᠵᠠᠬ᠎ᠠ ᠳᠡᠯᠭᠡᠭᠦᠷ ᠤᠨ ᠬᠦᠭᠵᠢᠯᠲᠡ ᠶᠢᠨ ᠲᠦᠯᠦᠪᠵᠢᠭᠦᠯᠭᠡ ᠪᠤᠯᠤᠨ | ᠬᠠᠮᠢᠶᠠᠷᠤᠯᠲᠠ ᠶᠢᠨ ᠳᠦᠷᠢᠮ ᠢ ᠲᠤᠭᠲᠠᠭᠠᠬᠤ︔ | | ︵ᠭᠤᠷᠪᠠ︶ ︽ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾ ᠢ ᠬᠢᠨᠠᠨ ᠤᠯᠭᠤᠬᠤ︔ | | ︵ᠳᠦᠷᠪᠡ︶ ᠰᠤᠶᠤᠯ ᠤᠨ ᠡᠵᠡᠩᠨᠡᠬᠦ ᠠᠵᠢᠯᠯᠠᠭᠠᠨ ᠳᠤ ᠬᠢᠨᠠᠯᠲᠠ ᠲᠠᠯᠪᠢᠵᠤ᠂ ᠪᠠᠶᠢᠴᠠᠭᠠᠵᠤ᠂ ᠵᠢᠭᠠᠨ | ᠵᠢᠯᠤᠭᠤᠳᠬᠤ︔ | | ︵ᠲᠠᠪᠤ︶ ᠰᠤᠶᠤᠯ ᠤᠨ ᠡᠵᠡᠩᠨᠡᠬᠦ ᠠᠵᠢᠯᠯᠠᠭᠠᠨ ᠤ ᠳᠤᠮᠳᠠᠬᠢ ᠬᠠᠤᠯᠢ ᠠᠴᠠ ᠵᠦᠷᠢᠴᠡᠭᠰᠡᠨ ᠦᠢᠯᠡ | ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠬᠦ︔ | | ︵ᠵᠢᠷᠭᠤᠭ᠎ᠠ︶ ᠰᠤᠶᠤᠯ ᠤᠨ ᠵᠠᠬ᠎ᠠ ᠳᠡᠯᠭᠡᠭᠦᠷ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ | ᠬᠠᠮᠢᠶᠠᠷᠬᠤ ᠶᠤᠰᠤᠲᠠᠢ ᠪᠤᠰᠤᠳ ᠵᠦᠢᠯᠡᠰ ᠢ ᠬᠠᠮᠢᠶᠠᠷᠤᠨ᠎ᠠ᠃ | | ᠡᠯ᠎ᠡ ᠱᠠᠲᠤᠨ ᠤ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨ | ᠰᠤᠶᠤᠯ ᠤᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ᠂ ᠪᠠᠶᠢᠴᠠᠭᠠᠵᠤ᠂ ᠰᠤᠶᠤᠯ ᠤᠨ ᠡᠵᠡᠩᠨᠡᠬᠦ ᠠᠵᠢᠯᠯᠠᠭ᠎ᠠ ᠶᠢ | ᠵᠢᠭᠠᠨ ᠵᠢᠯᠤᠭᠤᠳᠴᠤ᠂ ᠰᠤᠶᠤᠯ ᠤᠨ ᠡᠵᠡᠩᠨᠡᠬᠦ ᠠᠵᠢᠯᠯᠠᠭᠠᠨ ᠤ ᠳᠤᠮᠳᠠᠬᠢ ᠬᠠᠤᠯᠢ ᠠᠴᠠ ᠵᠦᠷᠢᠴᠡᠭᠰᠡᠨ | ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠵᠦ ᠪᠤᠯᠤᠨ᠎ᠠ᠃ ᠰᠤᠶᠤᠯ ᠤᠨ ᠵᠠᠬ᠎ᠠ ᠳᠡᠯᠭᠡᠭᠦᠷ ᠤᠨ | ᠪᠠᠶᠢᠴᠠᠭᠠᠭᠴᠢ ᠰᠤᠶᠤᠯ ᠤᠨ ᠵᠠᠬ᠎ᠠ ᠳᠡᠯᠭᠡᠭᠦᠷ ᠲᠤ ᠪᠠᠶᠢᠴᠠᠭᠠᠯᠲᠠ ᠬᠢᠬᠦ ᠳᠤ ᠪᠠᠨ ᠡᠷᠬᠡᠪᠡᠰᠢ ᠬᠤᠶᠠᠷ ᠠᠴᠠ ᠳᠡᠭᠡᠭᠰᠢ | ᠬᠦᠮᠦᠨ ᠶᠠᠪᠤᠬᠤ ᠬᠡᠷᠡᠭᠲᠡᠢ ᠮᠦᠷᠲᠡᠭᠡᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠶᠤᠯ ᠤᠨ | ᠵᠠᠬ᠎ᠠ ᠳᠡᠯᠭᠡᠭᠦᠷ ᠢ ᠪᠠᠶᠢᠴᠠᠭᠠᠭᠴᠢ ᠶᠢᠨ ᠦᠨᠡᠮᠯᠡᠯ︾ ᠪᠤᠯᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠠᠴᠠ ᠤᠯᠭᠤᠭᠰᠠᠨ ︽ᠵᠠᠰᠠᠭ ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠦᠨᠡᠮᠯᠡᠯ︾ ᠲᠠᠢ | ᠪᠠᠶᠢᠬᠤ ᠬᠡᠷᠡᠭᠲᠡᠢ᠃ | | ᠶᠢᠰᠦᠳᠦᠭᠡᠷ ᠵᠦᠢᠯ ᠰᠤᠶᠤᠯ ᠤᠨ ᠵᠠᠬ᠎ᠠ ᠳᠡᠯᠭᠡᠭᠦᠷ ᠲᠤ ᠱᠠᠲᠤᠯᠠᠨ ᠬᠠᠮᠢᠶᠠᠷᠬᠤ ᠶᠢ ᠬᠡᠷᠡᠭᠵᠢᠭᠦᠯᠬᠦ | | ︵ᠨᠢᠭᠡ︶ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠦᠪᠡᠷᠲᠡᠭᠡᠨ ᠵᠠᠰᠠᠬᠤ ᠤᠷᠤᠨ ᠤ ᠬᠠᠷᠢᠶ᠎ᠠ ᠨᠢᠭᠡᠴᠢ᠂ ᠤᠯᠤᠰ ᠬᠢᠭᠡᠳ ᠭᠠᠳᠠᠷ ᠮᠤᠵᠢ ︵ | ᠦᠪᠡᠷᠲᠡᠭᠡᠨ ᠵᠠᠰᠠᠬᠤ ᠤᠷᠤᠨ᠂ ᠬᠤᠲᠠ︶ ᠶᠢᠨ ᠦᠪᠡᠷᠲᠡᠭᠡᠨ ᠵᠠᠰᠠᠬᠤ ᠤᠷᠤᠨ ᠳᠤ ᠰᠠᠭᠤᠭ᠎ᠠ ᠪᠠᠶᠢᠭᠤᠯᠭ᠎ᠠ ᠶᠢᠨ | ᠡᠷᠬᠢᠯᠡᠭᠰᠡᠨ ᠰᠤᠶᠤᠯ ᠤᠨ ᠡᠵᠩᠨᠡᠬᠦ ᠠᠵᠢᠯᠯᠠᠭ᠎ᠠ ᠶᠢ ᠬᠠᠮᠢᠶᠠᠷᠤᠨ᠎ᠠ︔ | | ︵ᠬᠤᠶᠠᠷ︶ ᠠᠶᠢᠮᠠᠭ ᠬᠤᠲᠠ ᠶᠢᠨ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠠᠶᠢᠮᠠᠭ ᠬᠤᠲᠠ ᠶᠢᠨ ᠢᠶᠠᠨ ᠬᠠᠷᠢᠶ᠎ᠠ ᠨᠢᠭᠡᠴᠢ ᠶᠢᠨ ᠡᠷᠬᠢᠯᠡᠭᠰᠡᠨ ᠰᠤᠶᠤᠯ ᠤᠨ ᠡᠵᠡᠩᠨᠡᠬᠦ ᠠᠵᠢᠯᠯᠠᠭ᠎ᠠ ᠶᠢ | ᠬᠠᠮᠢᠶᠠᠷᠤᠨ᠎ᠠ︔ | | ︵ᠭᠤᠷᠪᠠ︶ ᠬᠤᠰᠢᠭᠤ᠂ ᠦᠪᠡᠷᠲᠡᠭᠡᠨ ᠵᠠᠰᠠᠬᠤ ᠬᠤᠰᠢᠭᠤ᠂ ᠰᠢᠶᠠᠨ᠂ ᠲᠤᠭᠤᠷᠢᠭ ᠲᠤᠬᠢᠷᠠᠭᠤᠯᠤᠭᠰᠠᠨ | ᠦᠭᠡᠢ ᠬᠤᠲᠠ᠂ ᠬᠤᠲᠠ ᠶᠢᠨ ᠬᠠᠷᠢᠶ᠎ᠠ ᠲᠤᠭᠤᠷᠢᠭ ᠤᠨ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠬᠤᠰᠢᠭᠤ ᠰᠢᠶᠠᠨ ᠵᠢᠴᠢ ᠳᠤᠤᠷᠠᠬᠢ ᠪᠠᠶᠢᠭᠤᠯᠭ᠎ᠠ ᠪᠠ ᠬᠤᠪᠢ ᠬᠦᠮᠦᠨ ᠤ ᠡᠷᠬᠢᠯᠡᠭᠰᠡᠨ | ᠰᠤᠶᠤᠯ ᠤᠨ ᠡᠵᠡᠩᠨᠡᠬᠦ ᠠᠵᠢᠯᠯᠠᠭ᠎ᠠ ᠶᠢ ᠬᠠᠮᠢᠶᠠᠷᠤᠨ᠎ᠠ᠃ | | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠭᠰᠠᠨ ᠠᠵᠤ ᠠᠬᠤᠶᠢᠯᠠᠯ ᠤᠨ ᠡᠷᠬᠢᠯᠡᠭᠰᠡᠨ | ᠰᠤᠶᠤᠯ ᠤᠨ ᠡᠵᠡᠩᠨᠡᠬᠦ ᠠᠵᠢᠯᠯᠠᠭ᠎ᠠ ᠶᠢ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠮᠢᠶᠠᠷᠤᠨ᠎ᠠ᠂ ᠤᠯᠤᠰ ᠠᠴᠠ ᠦᠭᠡᠷ᠎ᠡ ᠲᠤᠭᠲᠠᠭᠠᠯ ᠲᠠᠢ ᠨᠢ | ᠠᠰᠲᠠᠭᠠᠨ᠃ | | ᠳᠡᠭᠡᠳᠦ ᠱᠠᠲᠤᠨ ᠤ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠬᠡᠷᠡᠭᠴᠡᠭᠡ ᠪᠠᠨ ᠦᠨᠳᠦᠰᠦᠯᠡᠨ᠂ ᠪᠤᠰᠤᠳ ᠬᠠᠮᠢᠶᠠᠷᠤᠯᠲᠠ ᠶᠢᠨ ᠰᠤᠶᠤᠯ ᠤᠨ ᠵᠠᠬ᠎ᠠ ᠳᠡᠯᠭᠡᠭᠦᠷ ᠤᠨ ᠠᠵᠢᠯ ᠢᠶᠠᠨ | ᠳᠤᠤᠷ᠎ᠠ ᠱᠠᠲᠤᠨ ᠤ ᠰᠤᠶᠤᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠨᠠᠶᠢᠳᠠᠵᠤ | ᠬᠠᠮᠢᠶᠠᠷᠤᠭᠤᠯᠵᠤ ᠪᠤᠯᠤᠨ᠎ᠠ᠃ | | ᠬᠦᠬᠡᠬᠤᠲᠠ ᠪᠤᠯᠤᠨ ᠪᠤᠭᠤᠲᠤ ᠬᠤᠲᠠ ᠶᠢᠨ ᠬᠤᠲᠠ ᠶᠢᠨ ᠲᠤᠭᠤᠷᠢᠭ ᠤᠨ ᠰᠤᠶᠤᠯ ᠤᠨ ᠵᠠᠬ᠎ᠠ | ᠳᠡᠯᠭᠡᠭᠦᠷ ᠤᠨ ᠱᠠᠲᠤᠯᠠᠨ ᠬᠠᠮᠢᠶᠠᠷᠬᠤ ᠪᠠᠶᠢᠭᠤᠯᠤᠯ ᠢ ᠬᠦᠬᠡᠬᠤᠲᠠ ᠪᠤᠯᠤᠨ ᠪᠤᠭᠤᠲᠤ ᠬᠤᠲᠠ ᠶᠢᠨ ᠠᠷᠠᠳ ᠤᠨ | ᠵᠠᠰᠠᠭ ᠤᠨ ᠤᠷᠳᠤᠨ ᠪᠤᠲᠠᠲᠠᠢ ᠪᠠᠶᠢᠳᠠᠯ ᠢᠶᠠᠨ ᠦᠨᠳᠦᠰᠦᠯᠡᠨ ᠲᠤᠭᠲᠠᠭᠠᠨ᠎ᠠ᠃ | | ᠠᠷᠪᠠᠳᠤᠭᠠᠷ ᠵᠦᠢᠯ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ | ᠱᠠᠲᠤᠯᠠᠨ ᠬᠠᠮᠢᠶᠠᠷᠬᠤ ᠬᠦᠷᠢᠶ᠎ᠡ ᠬᠡᠪᠴᠢᠶᠡᠨ ᠳᠤ ᠪᠠᠨ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ | ᠰᠦᠢᠳᠭᠡᠯ ᠢᠶᠠᠨ ᠬᠤᠷᠢᠶᠠᠨ ᠠᠪᠤᠨ᠎ᠠ᠃ ᠰᠦᠢᠳᠭᠡᠯ ᠬᠤᠷᠢᠶᠠᠬᠤ ᠬᠦᠷᠢᠶ᠎ᠡ ᠬᠡᠪᠴᠢᠶ᠎ᠡ᠂ ᠪᠠᠷᠢᠮᠵᠢᠶ᠎ᠠ ᠬᠢᠭᠡᠳ | ᠬᠡᠷᠡᠭᠯᠡᠬᠦ ᠠᠷᠭ᠎ᠠ ᠬᠡᠮᠵᠢᠶ᠎ᠡ ᠶᠢ ᠤᠯᠤᠰ ᠪᠤᠯᠤᠨ ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ | ᠲᠤᠭᠲᠠᠭᠠᠯ ᠤᠨ ᠶᠤᠰᠤᠭᠠᠷ ᠬᠡᠷᠡᠭᠵᠢᠭᠦᠯᠦᠨ᠎ᠡ᠃ | | ᠠᠷᠪᠠᠨ ᠨᠢᠭᠡᠳᠦᠭᠡᠷ ᠵᠦᠢᠯ ᠰᠤᠶᠤᠯ ᠤᠨ ᠡᠵᠡᠩᠨᠡᠬᠦ ᠠᠵᠢᠯᠯᠠᠭ᠎ᠠ ᠶᠢ ᠡᠷᠬᠢᠯᠡᠬᠦ ᠳᠤ ᠡᠵᠡᠩᠨᠡᠬᠦ | ᠵᠦᠢᠯ ᠤᠨ ᠲᠤᠬᠢᠷᠠᠬᠤ ᠲᠠᠯᠠᠪᠤᠷ᠂ ᠲᠦᠬᠦᠭᠡᠷᠦᠮᠵᠢ ᠪᠤᠯᠤᠨ ᠲᠤᠰᠬᠠᠢ ᠮᠡᠷᠭᠡᠵᠢᠯ ᠤᠨ ᠠᠵᠢᠯᠲᠠᠨ ᠢ ᠪᠦᠷᠢᠳᠦᠭᠦᠯᠬᠦ | ᠬᠡᠷᠡᠭᠲᠡᠢ᠃ | | ᠠᠷᠪᠠᠨ ᠬᠤᠶᠠᠳᠤᠭᠠᠷ ᠵᠦᠢᠯ ᠰᠤᠶᠤᠯ ᠤᠨ ᠡᠵᠡᠩᠨᠡᠬᠦ ᠠᠵᠢᠯᠯᠠᠭ᠎ᠠ ᠶᠢ ᠡᠷᠬᠢᠯᠡᠬᠦ ᠳᠤ ᠡᠷᠭᠦᠳᠡᠯ ᠪᠤᠯᠤᠨ | ︽ᠡᠵᠡᠩᠨᠡᠯᠲᠡ ᠶᠢᠨ ᠦᠨᠡᠮᠯᠡᠯ︾ ᠵᠡᠷᠭᠡ ᠬᠤᠯᠪᠤᠭᠳᠠᠯ ᠪᠦᠬᠦᠢ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠂ | ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠪᠠᠶᠢᠴᠠᠭᠠᠯᠭᠠᠵᠤ | ᠵᠦᠪᠰᠢᠶᠡᠷᠡᠭᠦᠯᠦᠭᠡᠳ ᠰᠠᠶ᠋ᠢ ︽ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾ ᠢᠶᠠᠨ ᠠᠪᠳᠠᠭ︔ | ᠤᠯᠤᠰ ᠤᠨ ᠲᠤᠭᠲᠠᠭᠠᠯ ᠶᠤᠰᠤᠭᠠᠷ ︽ᠠᠮᠤᠷ ᠲᠦᠪᠰᠢᠨ ᠤ ᠬᠢᠷᠢ ᠲᠡᠩᠴᠡᠭᠰᠡᠨ ᠭᠡᠷᠡᠴᠢ︾᠂ ︽ᠡᠷᠡᠭᠦᠯ | ᠬᠠᠮᠠᠭᠠᠯᠠᠯ ᠤᠨ ᠵᠦᠪᠰᠢᠶᠡᠷᠡᠯ ᠤᠨ ᠦᠨᠡᠮᠯᠡᠯ︾ ᠢ ᠠᠪᠬᠤ ᠴᠢᠬᠤᠯᠠᠲᠠᠢ᠂ ︽ᠰᠤᠶᠤᠯ ᠤᠨ ᠡᠵᠡᠩᠨᠡᠯᠲᠡ ᠶᠢᠨ | ᠵᠦᠪᠰᠢᠶᠡᠷᠡᠯ ᠤᠨ ᠦᠨᠡᠮᠯᠡᠯ︾ ᠢᠶᠠᠨ ᠠᠪᠴᠤ ᠳᠤᠲᠤᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠲᠤ ᠬᠦᠷᠴᠦ ᠡᠷᠭᠦᠳᠡᠯ ᠢᠶᠠᠨ ᠦᠭᠴᠦ ᠭᠦᠢᠴᠡᠳᠭᠡᠭᠦᠯᠦᠨᠡ᠃ | | ᠠᠷᠪᠠᠨ ᠭᠤᠷᠪᠠᠳᠤᠭᠠᠷ ᠵᠦᠢᠯ ᠦᠭᠡᠷᠡᠴᠢᠯᠡᠨ ᠡᠵᠡᠩᠨᠡᠭᠴᠢ᠂ ᠡᠵᠡᠩᠨᠡᠬᠦ ᠭᠠᠵᠠᠷ᠂ ᠡᠵᠡᠩᠨᠡᠬᠦ ᠵᠦᠢᠯᠡᠰ | ᠡᠰᠡᠭᠦᠯ᠎ᠡ ᠡᠵᠡᠩᠨᠡᠬᠦ ᠬᠡᠪᠴᠢᠶ᠎ᠡ ᠪᠠᠨ ᠦᠷᠭᠡᠳᠭᠡᠪᠡᠯ ᠲᠤᠰ ᠪᠦᠯᠦᠭ ᠤᠨ ᠠᠷᠪᠠᠨ ᠬᠤᠶᠠᠳᠤᠭᠠᠷ ᠵᠦᠢᠯ ᠲᠤ | ᠲᠤᠭᠲᠠᠭᠠᠭᠰᠠᠨ ᠳᠡᠰ ᠳᠠᠷᠠᠭᠠᠯᠠᠯ ᠤᠨ ᠶᠤᠰᠤᠭᠠᠷ ᠭᠦᠢᠴᠡᠳᠭᠡᠯ ᠢᠶᠠᠨ ᠬᠢᠬᠦ ᠬᠡᠷᠡᠭᠲᠡᠢ᠃ | | ᠭᠤᠷᠪᠠᠳᠤᠭᠠᠷ ᠪᠦᠯᠦᠭ ᠡᠵᠡᠩᠨᠡᠯᠲᠡ ᠶᠢᠨ ᠴᠢᠨᠠᠷᠲᠠᠢ ᠲᠤᠭᠯᠠᠯᠲᠠ᠂ ᠤᠷᠤᠯᠳᠤᠭᠠᠨ ᠲᠡᠮᠡᠴᠡᠭᠡᠨ᠂ | ᠦᠵᠡᠰᠭᠦᠯᠡᠩ ᠤᠨ ᠬᠠᠮᠢᠶᠠᠷᠤᠯᠲᠠ | | ᠠᠷᠪᠠᠨ ᠳᠦᠷᠪᠡᠳᠦᠭᠡᠷ ᠵᠦᠢᠯ ᠡᠵᠡᠩᠨᠡᠯᠲᠡ ᠶᠢᠨ ᠴᠢᠨᠠᠷᠲᠠᠢ ᠲᠤᠭᠯᠠᠯᠲᠠ᠂ ᠤᠷᠤᠯᠳᠤᠭᠠᠨ ᠲᠡᠮᠡᠴᠡᠭᠡᠨ᠂ | ᠦᠵᠡᠰᠭᠦᠯᠡᠩ ᠤᠨ ᠠᠭᠤᠯᠭ᠎ᠠ ᠶᠢ ᠰᠤᠶᠤᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠭᠠᠷᠳᠠᠨ | ᠬᠢᠨᠠᠨ ᠪᠠᠶᠢᠴᠠᠭᠠᠵᠤ ᠵᠦᠪᠰᠢᠶᠡᠷᠡᠯ ᠦᠭᠬᠦ ᠬᠡᠷᠡᠭᠲᠡᠢ᠃ | | ᠤᠷᠤᠨ ᠤ ᠭᠠᠳᠠᠨᠠᠬᠢ ᠪᠦᠯᠬᠦᠮ ᠨᠢᠭᠡᠴᠢ᠂ ᠬᠤᠪᠢ ᠬᠦᠮᠦᠨ ᠮᠠᠨ ᠤ ᠤᠷᠤᠨ ᠳᠤ ᠢᠷᠡᠵᠦ ᠡᠵᠡᠩᠨᠡᠯᠲᠡ ᠶᠢᠨ | ᠴᠢᠨᠠᠷᠲᠠᠢ ᠲᠤᠭᠯᠠᠯᠲᠠ᠂ ᠤᠷᠤᠯᠳᠤᠭᠠᠨ ᠲᠡᠮᠡᠴᠡᠭᠡᠨ᠂ ᠦᠵᠡᠰᠭᠦᠯᠡᠩ ᠡᠷᠬᠢᠯᠡᠬᠦ ᠭᠡᠪᠡᠯ ᠡᠷᠬᠡᠪᠡᠰᠢ ᠤᠷᠢᠳᠠᠪᠡᠷ | ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠡᠷᠭᠦᠳᠡᠯ ᠦᠭᠴᠦ᠂ ᠬᠢᠨᠠᠨ | ᠪᠠᠶᠢᠴᠠᠭᠠᠯᠭᠠᠵᠤ ᠵᠦᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠡᠵᠡᠩᠨᠡᠯᠲᠡ ᠶᠢᠨ ᠴᠢᠨᠠᠷᠲᠠᠢ ᠠᠵᠢᠯᠯᠠᠭ᠎ᠠ ᠶᠢ ᠡᠷᠬᠢᠯᠡᠵᠦ | ᠪᠤᠯᠤᠨ᠎ᠠ᠃ | | ᠠᠷᠪᠠᠨ ᠲᠠᠪᠤᠳᠤᠭᠠᠷ ᠵᠦᠢᠯ ᠡᠵᠡᠩᠨᠡᠯᠲᠡ ᠶᠢᠨ ᠴᠢᠨᠠᠷᠲᠠᠢ ᠲᠤᠭᠯᠠᠯᠲᠠ᠂ ᠤᠷᠤᠯᠳᠤᠭᠠᠨ ᠲᠡᠮᠡᠴᠡᠭᠡᠨ᠂ | ᠦᠵᠡᠰᠭᠦᠯᠡᠩ ᠢ ᠡᠷᠬᠢᠯᠡᠭᠴᠢ ᠪᠠᠶᠢᠭᠤᠯᠭ᠎ᠠ ᠪᠠ ᠬᠤᠪᠢ ᠬᠦᠮᠦᠨ ᠬᠤᠳᠠᠯ ᠬᠠᠭᠤᠷᠮᠠᠭ ᠮᠡᠳᠡᠭᠡ ᠵᠠᠩᠭᠢ ᠵᠤᠬᠢᠶᠠᠬᠤ | ᠪᠤᠶᠤ ᠬᠠᠩᠭᠠᠵᠤ ᠪᠤᠯᠬᠤ ᠦᠭᠡᠢ᠃ | | ᠠᠷᠪᠠᠨ ᠵᠢᠷᠭᠤᠳᠤᠭᠠᠷ ᠵᠦᠢᠯ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠤᠨ ᠬᠢᠨᠠᠨ ᠪᠠᠶᠢᠴᠠᠭᠠᠭᠰᠠᠨ ᠵᠦᠪᠰᠢᠶᠡᠷᠡᠯ ᠢ ᠤᠯᠤᠭ᠎ᠠ ᠦᠭᠡᠢ ᠪᠦᠯᠬᠦᠮ ᠨᠢᠭᠡᠴᠢ ᠪᠠ ᠬᠤᠪᠢ ᠬᠦᠮᠦᠨ ᠤ | ᠡᠵᠡᠩᠨᠡᠯᠲᠡ ᠶᠢᠨ ᠴᠢᠨᠠᠷᠲᠠᠢ ᠲᠤᠭᠯᠠᠯᠲᠠ᠂ ᠤᠷᠤᠯᠳᠤᠭᠠᠨ ᠲᠡᠮᠡᠴᠡᠭᠡᠨ᠂ ᠦᠵᠡᠰᠭᠦᠯᠡᠩ ᠢ ᠶᠠᠮᠠᠷ ᠴᠦ ᠪᠠᠶᠢᠭᠤᠯᠭ᠎ᠠ | ᠬᠦᠯᠢᠶᠡᠨ ᠠᠪᠴᠤ ᠪᠤᠯᠬᠤ ᠦᠭᠡᠢ᠃ | | ᠡᠯ᠎ᠡ ᠵᠦᠢᠯ ᠤᠨ ᠠᠯᠪᠠᠨ ᠵᠢᠷᠤᠮ ᠤᠨ ᠲᠤᠭᠯᠠᠯᠲᠠ ᠡᠷᠬᠡᠪᠡᠰᠢ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠬᠤ ᠬᠡᠷᠡᠭᠲᠡᠢ᠃ ᠠᠯᠪᠠᠨ ᠵᠢᠷᠤᠮ ᠤᠨ ᠲᠤᠭᠯᠠᠯᠲᠠ ᠶᠢᠨ | ᠨᠡᠷ᠎ᠡ ᠪᠠᠷ ᠠᠰᠢᠭ ᠬᠤᠨᠵᠢᠪᠤᠷᠢ ᠤᠯᠬᠤ ᠲᠤᠭᠯᠠᠯᠲᠠ ᠬᠢᠵᠦ ᠪᠤᠯᠬᠤ ᠦᠭᠡᠢ᠃ | | ᠳᠦᠷᠪᠡᠳᠦᠭᠡᠷ ᠪᠦᠯᠦᠭ ᠡᠵᠡᠩᠨᠡᠯᠲᠡ ᠶᠢᠨ ᠴᠢᠨᠠᠷᠲᠠᠢ ᠨᠠᠶᠢᠷ ᠨᠠᠭᠠᠳᠤᠮ ᠤᠨ ᠬᠠᠮᠢᠶᠠᠷᠤᠯᠲᠠ | | ᠠᠷᠪᠠᠨ ᠳᠤᠯᠤᠳᠤᠭᠠᠷ ᠵᠦᠢᠯ ᠨᠠᠶᠢᠷ ᠨᠠᠭᠠᠳᠤᠮ ᠤᠨ ᠠᠵᠢᠯᠯᠠᠭᠠᠨ ᠤ ᠲᠠᠯᠠᠪᠤᠷ ᠢ ᠡᠵᠡᠩᠨᠡᠬᠦ ᠳᠤ | ᠳᠤᠤᠷᠠᠬᠢ ᠨᠦᠬᠦᠴᠡᠯ ᠢ ᠪᠦᠷᠢᠯᠳᠦᠭᠦᠯᠬᠦ ᠬᠡᠷᠡᠭᠲᠡᠢ᠄ | | ︵ᠨᠢᠭᠡ︶ ᠲᠠᠯᠠᠪᠤᠷ ᠲᠤᠭᠲᠠᠮᠠᠯ ᠮᠦᠷᠲᠡᠭᠡᠨ ᠠᠮᠤᠷ ᠲᠦᠪᠰᠢᠨ ᠪᠤᠯᠤᠨ ᠡᠷᠡᠭᠦᠯ ᠬᠠᠮᠠᠭᠠᠯᠠᠯ ᠤᠨ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔ | | ︵ᠬᠤᠶᠠᠷ︶ ᠲᠤᠬᠢᠷᠠᠮᠵᠢᠲᠠᠢ ᠭᠡᠷᠡᠯᠲᠦᠭᠦᠯᠭᠡ᠂ ᠰᠠᠯᠬᠢ ᠨᠡᠪᠲᠡᠷᠡᠭᠦᠯᠬᠦ ᠲᠦᠬᠦᠭᠡᠷᠦᠮᠵᠢ ᠪᠤᠯᠤᠨ | ᠦᠢᠯᠡᠴᠢᠯᠡᠭᠡᠨ ᠤ ᠪᠡᠯᠡᠳᠭᠡᠮᠵᠢ ᠲᠠᠢ ᠪᠠᠶᠢᠬᠤ︔ | | ︵ᠭᠤᠷᠪᠠ︶ ᠵᠤᠬᠢᠬᠤ ᠲᠤᠰᠬᠠᠢ ᠮᠡᠷᠭᠡᠵᠢᠯ ᠤᠨ ᠮᠡᠳᠡᠯᠭᠡ ᠡᠵᠡᠮᠰᠢᠭᠰᠡᠨ ᠬᠠᠮᠢᠶᠠᠷᠤᠭᠴᠢ ᠪᠤᠯᠤᠨ ᠠᠮᠤᠷ | ᠲᠦᠪᠰᠢᠨ ᠤ ᠬᠠᠮᠠᠭᠠᠯᠠᠭᠴᠢ ᠲᠠᠢ ᠪᠠᠶᠢᠬᠤ︔ | | ︵ᠳᠦᠷᠪᠡ︶ ᠬᠠᠷᠢᠭᠤᠴᠠᠯᠭᠠᠲᠠᠨ ᠨᠢ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠤᠨ ᠪᠤᠯᠪᠠᠰᠤᠷᠠᠯ ᠢᠶᠠᠷ ᠳᠠᠮᠵᠢᠵᠤ ᠬᠢᠷᠢ ᠲᠡᠩᠴᠡᠭᠭᠰᠡᠨ ᠦᠨᠡᠮᠯᠡᠯ ᠠᠪᠤᠭᠰᠠᠨ ᠪᠠᠶᠢᠬᠤ᠃ | | ᠠᠷᠪᠠᠨ ᠨᠠᠢᠮᠠᠳᠤᠭᠠᠷ ᠵᠦᠢᠯ ᠨᠠᠶᠢᠷ ᠨᠠᠭᠠᠳᠤᠮ ᠤᠨ ᠠᠵᠢᠯᠯᠠᠭ᠎ᠠ ᠵᠢᠴᠢ ᠲᠡᠭᠦᠨ ᠤ ᠲᠠᠯᠠᠪᠤᠷ ᠢ | ᠠᠰᠢᠭᠯᠠᠨ ᠤᠷᠢᠨ ᠲᠠᠴᠢᠶᠠᠩᠭᠤᠢ᠂ ᠱᠠᠯᠢᠭ ᠵᠠᠪᠬᠠᠢ᠂ ᠵᠤᠭᠤᠰ ᠨᠠᠭᠠᠳᠬᠤ᠂ ᠹᠸᠤᠳᠠᠯ ᠤᠨ ᠮᠤᠬᠤᠷ ᠰᠦᠰᠦᠭ | ᠪᠤᠯᠤᠨ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠠᠵᠢᠯᠯᠠᠭ᠎ᠠ ᠦᠷᠨᠢᠭᠦᠯᠬᠦ ᠶᠢ ᠬᠤᠷᠢᠭᠯᠠᠨ᠎ᠠ᠃ | | ᠠᠷᠪᠠ ᠶᠢᠰᠦᠳᠦᠭᠡᠷ ᠵᠦᠢᠯ ᠨᠤᠴᠤᠮᠠᠲᠠᠭᠠᠢ ᠪᠤᠳᠠᠰ᠂ ᠳᠡᠯᠪᠡᠷᠡᠮᠡᠳᠡᠭᠡᠢ ᠪᠤᠳᠠᠰ᠂ ᠳᠤᠭᠰᠢᠨ ᠬᠤᠤᠷ | ᠵᠡᠷᠭᠡ ᠠᠶᠤᠯᠲᠠᠢ ᠪᠤᠳᠠᠰ ᠪᠤᠯᠤᠨ ᠰᠦᠷᠳᠡᠭᠦᠯᠬᠦ ᠢᠷᠲᠤ ᠪᠠᠭᠠᠵᠢ᠂ ᠫᠤᠤ ᠵᠡᠪᠰᠡᠭ ᠠᠪᠴᠤ ᠶᠠᠪᠤᠭ᠎ᠠ ᠬᠦᠮᠦᠰ ᠢ ᠨᠠᠶᠢᠷ | ᠨᠠᠭᠠᠳᠤᠮ ᠤᠨ ᠠᠵᠢᠯᠯᠠᠭᠠᠨ ᠤ ᠲᠠᠯᠠᠪᠤᠷ ᠲᠤ ᠤᠷᠤᠭᠤᠯᠵᠤ ᠪᠤᠯᠬᠤ ᠦᠭᠡᠢ᠃ | | ᠬᠤᠷᠢᠳᠤᠭᠠᠷ ᠵᠦᠢᠯ ᠨᠠᠶᠢᠷ ᠨᠠᠭᠠᠳᠤᠮ ᠤᠨ ᠠᠵᠢᠯᠯᠠᠭᠠᠨ ᠤ ᠲᠠᠯᠠᠪᠤᠷ ᠳᠡᠩᠳᠡᠭᠦᠦ ᠪᠦᠳᠡᠬᠢ | ᠭᠡᠷᠡᠯᠲᠦᠭᠦᠯᠭᠡ ᠬᠡᠷᠡᠭᠯᠡᠵᠦ ᠪᠤᠯᠬᠤ ᠦᠭᠡᠢ᠂ ᠲᠤᠭᠲᠠᠭᠰᠠᠨ ᠤᠷᠤᠨ ᠲᠤᠭ᠎ᠠ ᠠᠴᠠ ᠪᠠᠨ ᠬᠡᠲᠦᠷᠡᠭᠰᠡᠨ | ᠤᠷᠤᠯᠴᠠᠭᠴᠢ ᠲᠠᠢ ᠨᠠᠶᠢᠷ ᠨᠠᠭᠠᠳᠤᠮ ᠤᠨ ᠠᠵᠢᠯᠯᠠᠭ᠎ᠠ ᠶᠢ ᠡᠷᠬᠢᠯᠡᠵᠦ ᠪᠤᠯᠬᠤ ᠦᠭᠡᠢ᠃ | | ᠬᠤᠷᠢᠨ ᠨᠢᠭᠡᠳᠦᠭᠡᠷ ᠵᠦᠢᠯ ᠦᠰᠪᠦᠷᠢ ᠬᠡᠦᠬᠡᠳ ᠲᠤ ᠲᠤᠬᠢᠷᠠᠬᠤ ᠦᠭᠡᠢ ᠨᠠᠶᠢᠷ ᠨᠠᠭᠠᠳᠤᠮ ᠤᠨ | ᠠᠵᠢᠯᠯᠠᠭᠠᠨ ᠤ ᠲᠠᠯᠠᠪᠤᠷ ᠲᠤ ᠡᠷᠬᠡᠪᠡᠰᠢ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠳᠤᠲᠤᠭᠠᠳᠤ ᠶᠢ | ᠬᠠᠮᠠᠭᠠᠯᠠᠬᠤ ᠶᠢᠨ ᠬᠢᠨ ᠤ ᠵᠤᠬᠢᠶᠠᠨ ᠦᠢᠯᠡᠳᠦᠭᠰᠡᠨ ︽ᠦᠰᠪᠦᠷᠢ ᠬᠡᠦᠬᠡᠳ ᠤᠷᠤᠵᠤ ᠪᠤᠯᠬᠤ ᠦᠭᠡᠢ︾ ᠭᠡᠰᠡᠨ | ᠲᠡᠮᠲᠡᠭ ᠪᠠᠶᠢᠷᠢᠯᠠᠭᠤᠯᠵᠤ᠂ ᠦᠰᠪᠦᠷᠢ ᠬᠡᠦᠬᠡᠳ ᠤᠷᠤᠬᠤ ᠶᠢ ᠬᠤᠷᠢᠭᠯᠠᠬᠤ ᠬᠡᠷᠡᠭᠲᠡᠢ᠃ | | ᠬᠤᠷᠢᠨ ᠬᠤᠶᠠᠳᠤᠭᠠᠷ ᠵᠦᠢᠯ ᠡᠯᠧᠺᠲᠷᠣᠨ ᠲᠤᠭᠯᠠᠭᠠᠮ ᠤᠨ ᠠᠵᠢᠯᠯᠠᠭ᠎ᠠ ᠡᠵᠩᠨᠡᠵᠦ ᠪᠠᠶᠢᠭ᠎ᠠ | ᠪᠠᠶᠢᠭᠤᠯᠭ᠎ᠠ ᠪᠠ ᠬᠤᠪᠢ ᠬᠦᠮᠦᠨ ᠠᠮᠠᠷᠠᠯᠲᠠ ᠶᠢᠨ ᠪᠢᠰᠢ ᠡᠳᠦᠷ ᠦᠰᠪᠦᠷᠢ ᠬᠡᠦᠬᠡᠳ ᠢ ᠬᠦᠯᠢᠶᠡᠨ ᠠᠪᠴᠤ ᠪᠤᠯᠬᠤ | ᠦᠭᠡᠢ᠃ | | | | ᠡᠯᠧᠺᠲᠷᠣᠨ ᠲᠤᠭᠯᠠᠭᠠᠮ ᠤᠨ ᠠᠵᠢᠯᠯᠠᠭ᠎ᠠ ᠡᠵᠡᠩᠨᠡᠵᠦ ᠪᠠᠶᠢᠭ᠎ᠠ ᠪᠠᠶᠢᠭᠤᠯᠭ᠎ᠠ ᠪᠠ ᠬᠤᠪᠢ ᠬᠦᠮᠦᠨ | ᠦᠰᠪᠦᠷᠢ ᠬᠡᠦᠬᠡᠳ ᠳᠤ ᠪᠡᠶ᠎ᠡ ᠰᠡᠳᠭᠢᠯ ᠤᠨ ᠡᠷᠡᠭᠦᠯ ᠮᠡᠨᠳᠦ ᠳᠤ ᠨᠢ ᠬᠤᠤᠷᠲᠠᠢ ᠲᠤᠭᠯᠠᠭᠠᠮ ᠢ ᠬᠠᠩᠭᠠᠵᠤ ᠪᠤᠯᠬᠤ | ᠦᠭᠡᠢ᠃ | | ᠡᠯᠧᠺᠲᠷᠣᠨ ᠲᠤᠭᠯᠠᠭᠠᠮ ᠤᠨ ᠠᠵᠢᠯᠯᠠᠭ᠎ᠠ ᠡᠵᠡᠩᠨᠡᠵᠦ ᠪᠠᠶᠢᠭ᠎ᠠ ᠪᠠᠶᠢᠭᠤᠯᠭ᠎ᠠ ᠪᠠ ᠬᠤᠪᠢ ᠬᠦᠮᠦᠨ | ᠡᠯᠧᠺᠲᠷᠣᠨ ᠲᠤᠭᠯᠠᠭᠠᠮ ᠤᠨ ᠠᠵᠢᠯᠯᠠᠭ᠎ᠠ ᠶᠢ ᠠᠰᠢᠭᠯᠠᠨ ᠵᠤᠭᠤᠰ ᠨᠠᠭᠠᠳᠬᠤ᠂ ᠬᠡᠯᠪᠡᠷᠢ ᠬᠤᠪᠢᠷᠠᠭᠠᠨ ᠵᠤᠭᠤᠰ | ᠨᠠᠭᠠᠳᠬᠤ ᠪᠤᠶᠤ ᠦᠰᠪᠦᠷᠢ ᠬᠡᠦᠬᠡᠳ ᠢ ᠦᠳᠦᠭᠡᠨ ᠳᠤᠬᠢᠵᠤ ᠵᠤᠭᠤᠰ ᠨᠠᠭᠠᠳᠤᠭᠤᠯᠵᠤ ᠪᠤᠯᠬᠤ ᠦᠭᠡᠢ᠃ | | ᠬᠤᠷᠢᠨ ᠭᠤᠷᠪᠠᠳᠤᠭᠠᠷ ᠵᠦᠢᠯ ᠡᠵᠡᠩᠨᠡᠯᠲᠡ ᠶᠢᠨ ᠴᠢᠨᠠᠷᠲᠠᠢ ᠨᠠᠶᠢᠷ ᠨᠠᠭᠠᠳᠤᠮ ᠤᠨ ᠠᠵᠢᠯᠯᠠᠭ᠎ᠠ | ᠡᠷᠬᠢᠯᠡᠵᠦ ᠪᠠᠶᠢᠭ᠎ᠠ ᠪᠠᠶᠢᠭᠤᠯᠭ᠎ᠠ ᠪᠤᠶᠤ ᠬᠤᠪᠢ ᠬᠦᠮᠦᠨ ᠤᠷᠠᠨ ᠰᠠᠶᠢᠬᠠᠨ ᠤ ᠲᠤᠭᠯᠠᠯᠲᠠ ᠶᠢᠨ ᠪᠦᠯᠬᠦᠮ ᠨᠢᠭᠡᠴᠢ ᠶᠢ | ᠬᠦᠯᠢᠶᠡᠨ ᠠᠪᠬᠤ ᠳᠤ ᠪᠠᠨ ᠡᠷᠬᠡᠪᠡᠰᠢ ᠨᠠᠶᠢᠷ ᠨᠠᠭᠠᠳᠤᠮ ᠤᠨ ᠲᠠᠯᠠᠪᠤᠷ ᠤᠨ ︽ᠡᠵᠡᠩᠨᠡᠯᠲᠡ ᠶᠢᠨ ᠴᠢᠨᠠᠷᠲᠠᠢ | ᠲᠤᠭᠯᠠᠯᠲᠠ ᠶᠢᠨ ᠵᠦᠪᠰᠢᠶᠡᠷᠡᠯ ᠤᠨ ᠦᠨᠡᠮᠯᠡᠯ︾ ᠢ ᠪᠦᠷᠢᠯᠳᠦᠭᠦᠯᠬᠦ ᠬᠡᠷᠡᠭᠲᠡᠢ︔ | | ᠤᠷᠢᠨ ᠬᠡᠷᠡᠭᠯᠡᠵᠦ ᠪᠠᠶᠢᠭ᠎ᠠ ᠲᠤᠭᠯᠠᠭᠴᠢ ᠨᠢ ᠡᠷᠬᠡᠪᠡᠰᠢ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠲᠤᠭᠯᠠᠭᠴᠢ ᠶᠢᠨ ᠬᠤᠪᠢ ᠬᠦᠮᠦᠨ ᠳᠤ ᠨᠢ ᠤᠯᠭᠤᠭᠰᠠᠨ ︽ᠡᠵᠡᠩᠨᠡᠯᠲᠡ ᠶᠢᠨ | ᠲᠤᠭᠯᠠᠯᠲᠠ ᠶᠢᠨ ᠵᠦᠪᠰᠢᠶᠡᠷᠡᠯ ᠤᠨ ᠦᠨᠡᠮᠯᠡᠯ︾ ᠪᠠᠶᠢᠬᠤ ᠬᠡᠷᠡᠭᠲᠡᠢ︔ ᠦᠨᠡᠮᠯᠡᠯ ᠦᠭᠡᠢ ᠲᠤᠭᠯᠠᠯᠲᠠ ᠶᠢᠨ ᠪᠦᠯᠬᠦᠮ | ᠪᠤᠯᠤᠨ ᠬᠤᠪᠢ ᠬᠦᠮᠦᠨ ᠢ ᠬᠦᠯᠢᠶᠡᠨ ᠠᠪᠴᠤ ᠪᠤᠯᠬᠤ ᠦᠭᠡᠢ᠃ | | ᠲᠠᠪᠤᠳᠤᠭᠠᠷ ᠪᠦᠯᠦᠭ ᠨᠤᠮ ᠰᠡᠳᠭᠦᠯ ᠪᠤᠯᠤᠨ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠤ | ᠬᠠᠮᠢᠶᠠᠷᠤᠯᠲᠠ | | ᠬᠤᠷᠢᠨ ᠳᠦᠷᠪᠡᠳᠦᠭᠡᠷ ᠵᠦᠢᠯ ᠬᠠᠤᠯᠢ ᠪᠤᠰᠤ᠂ ᠵᠢᠩᠬᠢᠨᠢ ᠪᠤᠰᠤ ᠬᠡᠪᠯᠡᠯ ᠤᠨ᠂ ᠳᠤᠲᠤᠭᠠᠳᠤ | ᠲᠠᠷᠬᠠᠭᠠᠯᠭ᠎ᠠ ᠶᠢᠨ ᠪᠤᠯᠤᠨ ᠤᠯᠤᠰ ᠠᠴᠠ ᠵᠠᠷᠯᠠᠨ ᠬᠤᠷᠢᠭᠯᠠᠭᠰᠠᠨ ᠨᠤᠮ ᠳᠡᠪᠲᠡᠷ᠂ ᠭᠡᠷᠡᠯ ᠵᠢᠷᠤᠭ᠂ ᠰᠤᠨᠢᠨ | ᠰᠡᠳᠭᠦᠯ᠂ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠢ ᠡᠵᠡᠩᠨᠡᠵᠦ ᠪᠤᠯᠬᠤ ᠦᠭᠡᠢ᠃ | | ᠶᠠᠮᠠᠷᠪᠠ ᠪᠠᠶᠢᠭᠤᠯᠭ᠎ᠠ ᠪᠤᠯᠤᠨ ᠬᠤᠪᠢ ᠬᠦᠮᠦᠨ ᠦᠰᠪᠦᠷᠢ ᠬᠡᠦᠬᠡᠳ ᠳᠤ ᠬᠦᠴᠦᠷᠬᠡᠭᠯᠡᠯ᠂ ᠬᠤᠤᠷᠯᠠᠨ | ᠠᠯᠠᠬᠤ᠂ ᠰᠦᠷᠳᠡᠭᠦᠯᠦᠯ ᠵᠡᠷᠭᠡ ᠶᠢᠨ ᠬᠤᠤᠷᠳᠠᠭᠤᠯᠬᠤ ᠠᠭᠤᠯᠭ᠎ᠠ ᠪᠦᠬᠦᠢ ᠨᠤᠮ ᠳᠡᠪᠲᠡᠷ᠂ ᠭᠡᠷᠡᠯ ᠵᠢᠷᠤᠭ᠂ ᠰᠤᠨᠢᠨ | ᠰᠡᠳᠭᠦᠯ᠂ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠢ ᠬᠤᠳᠠᠯᠳᠤᠬᠤ᠂ ᠲᠦᠷᠢᠶᠡᠰᠦᠯᠡᠬᠦ ᠪᠤᠶᠤ ᠦᠭᠡᠷ᠎ᠡ | ᠶᠠᠮᠠᠷ ᠨᠢᠭᠡᠨ ᠬᠡᠯᠪᠡᠷᠢ ᠪᠠᠷ ᠳᠠᠮᠵᠢᠭᠤᠯᠵᠤ ᠪᠤᠯᠬᠤ ᠦᠭᠡᠢ᠃ | | ᠬᠤᠷᠢᠨ ᠲᠠᠪᠤᠳᠤᠭᠠᠷ ᠵᠦᠢᠯ ᠪᠦᠭᠡᠮ ᠢᠶᠠᠷ ᠬᠤᠳᠠᠯᠳᠤᠬᠤ ᠲᠤᠬᠠᠶᠢᠯᠠᠭᠰᠠᠨ ᠠᠵᠢᠯ ᠤᠨ | ᠡᠵᠡᠩᠨᠡᠯᠲᠡ ᠶᠢᠨ ᠵᠦᠪᠰᠢᠶᠡᠷᠡᠯ ᠤᠯᠤᠭ᠎ᠠ ᠦᠭᠡᠢ ᠡᠵᠡᠩᠨᠡᠭᠴᠢ ᠨᠤᠮ ᠰᠡᠳᠭᠦᠯ᠂ ᠳᠠᠭᠤ ᠳᠦᠷᠰᠦ ᠰᠢᠩᠭᠡᠭᠡᠯᠲᠡ ᠶᠢᠨ | ᠦᠢᠯᠡᠳᠭᠦᠨ ᠢ ᠪᠦᠭᠡᠮ ᠢᠶᠠᠷ ᠬᠤᠳᠠᠯᠳᠤᠬᠤ ᠲᠤᠬᠠᠶᠢᠯᠠᠭᠰᠠᠨ ᠠᠵᠢᠯ ᠢ ᠡᠷᠬᠢᠯᠡᠵᠦ ᠪᠤᠯᠬᠤ ᠦᠭᠡᠢ᠃ | | ᠬᠤᠷᠢᠨ ᠵᠢᠷᠭᠤᠳᠤᠭᠠᠷ ᠵᠦᠢᠯ ᠳᠦᠷᠰᠦ ᠰᠢᠩᠭᠡᠭᠡᠯᠲᠡ ᠭᠠᠷᠭᠠᠨ ᠰᠤᠨᠢᠷᠬᠠᠭᠤᠯᠬᠤ ᠪᠠᠶᠢᠭᠤᠯᠭ᠎ᠠ | ᠦᠰᠪᠦᠷᠢ ᠬᠡᠦᠬᠡᠳ ᠢ ᠬᠦᠯᠢᠶᠡᠨ ᠠᠪᠴᠤ ︽ᠦᠰᠪᠦᠷᠢ ᠬᠡᠦᠬᠡᠳ ᠲᠤ ᠲᠤᠬᠢᠷᠠᠬᠤ ᠦᠭᠡᠢ︾ ᠭᠡᠰᠡᠨ ᠲᠡᠮᠲᠡᠭ ᠲᠠᠢ | ᠳᠦᠷᠰᠦ ᠰᠢᠩᠭᠡᠭᠡᠯᠲᠡ ᠶᠢ ᠦᠵᠡᠭᠦᠯᠵᠦ ᠪᠤᠯᠬᠤ ᠦᠭᠡᠢ᠃ | | ᠬᠤᠷᠢᠨ ᠳᠤᠯᠤᠳᠤᠭᠠᠷ ᠵᠦᠢᠯ ᠨᠤᠮ ᠳᠡᠪᠲᠡᠷ᠂ ᠭᠡᠷᠡᠯ ᠵᠢᠷᠤᠭ᠂ ᠰᠤᠨᠢᠨ ᠰᠡᠳᠭᠦᠯ ᠪᠤᠯᠤᠨ ᠳᠠᠭᠤ | ᠳᠦᠷᠰᠦ ᠰᠢᠩᠭᠡᠭᠡᠯᠲᠡ ᠶᠢᠨ ᠡᠵᠡᠩᠨᠡᠯᠲᠡ ᠶᠢᠨ ᠵᠠᠷ ᠮᠡᠳᠡᠭᠡ ᠶᠢᠨ ᠠᠭᠤᠯᠭ᠎ᠠ ᠦᠨᠡᠨ ᠪᠤᠳᠠᠲᠠᠢ ᠪᠠᠶᠢᠬᠤ ᠬᠡᠷᠡᠭᠲᠡᠢ᠂ | ᠤᠷᠢᠨ ᠲᠠᠴᠢᠶᠠᠩᠭᠤᠢ᠂ ᠱᠠᠯᠢᠭ ᠵᠠᠪᠬᠠᠢ᠂ ᠬᠦᠴᠦᠷᠬᠡᠭᠯᠡᠯ ᠤᠨ ᠵᠢᠷᠤᠭ ᠳᠦᠷᠰᠦ ᠪᠤᠯᠤᠨ ᠦᠰᠦᠭ ᠪᠢᠴᠢᠭ ᠢ | ᠬᠡᠷᠡᠭᠯᠡᠵᠦ ᠪᠤᠯᠬᠤ ᠦᠭᠡᠢ᠃ | | ᠵᠢᠷᠭᠤᠳᠤᠭᠠᠷ ᠪᠦᠯᠦᠭ ᠪᠤᠰᠤᠳ ᠡᠵᠩᠨᠡᠯᠲᠡ ᠶᠢᠨ ᠠᠵᠢᠯᠯᠠᠭ᠎ᠠ ᠶᠢᠨ ᠬᠠᠮᠢᠶᠠᠷᠤᠯᠲᠠ | | ᠬᠤᠷᠢᠨ ᠨᠠᠢᠮᠠᠳᠤᠭᠠᠷ ᠵᠦᠢᠯ ᠤᠷᠠᠨ ᠪᠢᠴᠢᠯᠭᠡ᠂ ᠤᠷᠠᠨ ᠵᠢᠷᠤᠭ ᠵᠡᠷᠭᠡ ᠤᠷᠠᠯᠢᠭ ᠤᠨ ᠪᠦᠲᠦᠭᠡᠯ ᠢ | ᠪᠤᠷᠤᠯᠠᠭᠤᠯᠤᠨ ᠬᠤᠳᠠᠯᠳᠤᠬᠤ᠂ ᠦᠨ᠎ᠡ ᠬᠠᠶᠠᠯᠴᠠᠨ ᠬᠤᠳᠠᠯᠳᠤᠬᠤ ᠳᠤ ᠪᠠᠨ ᠵᠤᠬᠢᠶᠠᠭᠴᠢ ᠶᠢᠨ ᠬᠢᠨᠢ ᠨᠡᠷ᠎ᠡ᠂ | ᠤᠯᠤᠰ ᠤᠨ ᠬᠠᠷᠢᠶ᠎ᠠ᠂ ᠴᠠᠭ ᠦᠶ᠎ᠡ ᠶᠢ ᠨᠢ ᠲᠤᠳᠤᠷᠬᠠᠶᠢᠯᠠᠬᠤ ᠬᠡᠷᠡᠭᠲᠡᠢ︔ ᠳᠠᠭᠤᠷᠢᠶᠠᠮᠠᠯ ᠦᠢᠯᠡᠳᠭᠦᠨ᠂ | ᠬᠠᠭᠤᠯᠪᠤᠷᠢ ᠦᠢᠯᠡᠳᠭᠦᠨ ᠢ ᠪᠤᠷᠤᠯᠠᠭᠤᠯᠤᠨ ᠬᠤᠳᠠᠯᠳᠤᠬᠤ᠂ ᠦᠨ᠎ᠡ ᠬᠠᠶᠠᠯᠴᠠᠨ ᠬᠤᠳᠠᠯᠳᠤᠬᠤ ᠳᠤ ᠪᠠᠨ ᠪᠠᠰᠠ ︽ | ᠳᠠᠭᠤᠷᠢᠶᠠᠮᠠᠯ︾ ᠪᠤᠶᠤ ︽ᠬᠠᠭᠤᠯᠪᠤᠷᠢ︾ ᠭᠡᠵᠦ ᠲᠤᠳᠤᠷᠬᠠᠶᠢᠯᠠᠵᠤ ᠦᠭᠬᠦ ᠬᠡᠷᠡᠭᠲᠡᠢ᠃ ᠬᠠᠤᠯᠢ ᠪᠤᠰᠤ ᠳᠠᠭᠤᠷᠢᠶᠠᠮᠠᠯ | ᠦᠢᠯᠡᠳᠭᠦᠨ᠂ ᠬᠠᠭᠤᠯᠪᠤᠷᠢ ᠦᠢᠯᠡᠳᠭᠦᠨ ᠪᠤᠶᠤ ᠪᠤᠰᠤᠳ ᠤᠨ ᠨᠡᠷ᠎ᠡ ᠶᠢ ᠬᠠᠭᠤᠷᠮᠠᠭᠯᠠᠨ ᠪᠢᠴᠢᠭᠰᠡᠨ ᠤᠷᠠᠯᠢᠭ ᠤᠨ | ᠪᠦᠲᠦᠭᠡᠯ ᠢ ᠪᠤᠷᠤᠯᠠᠭᠤᠯᠤᠨ ᠬᠤᠳᠠᠯᠳᠤᠬᠤ᠂ ᠦᠨ᠎ᠡ ᠬᠠᠶᠠᠯᠴᠠᠨ ᠬᠤᠳᠠᠯᠳᠤᠬᠤ ᠶᠢ ᠬᠤᠷᠢᠭᠯᠠᠨ᠎ᠠ᠃ | | ᠬᠤᠷᠢᠨ ᠶᠢᠰᠦᠳᠦᠭᠡᠷ ᠵᠦᠢᠯ ᠡᠵᠡᠩᠨᠡᠯᠲᠡ ᠶᠢᠨ ᠴᠢᠨᠠᠷᠲᠠᠢ ᠤᠷᠠᠨ ᠪᠢᠴᠢᠯᠭᠡ᠂ ᠤᠷᠠᠨ ᠵᠢᠷᠤᠭ ᠵᠡᠷᠭᠡ | ᠤᠷᠠᠯᠢᠭ ᠤᠨ ᠪᠦᠲᠦᠭᠡᠯ ᠤᠨ ᠴᠠᠷᠳᠠᠵᠤ ᠴᠢᠮᠡᠭᠯᠡᠬᠦ ᠲᠤᠬᠠᠶᠢᠯᠠᠭᠰᠠᠨ ᠠᠵᠢᠯ ᠢ ᠡᠷᠬᠢᠯᠡᠬᠦ ᠳᠤ ᠲᠤᠬᠢᠷᠠᠮᠵᠢᠲᠠᠢ ᠲᠤᠰᠬᠠᠢ | ᠮᠡᠷᠭᠡᠵᠢᠯ ᠤᠨ ᠮᠡᠳᠡᠯᠭᠡ ᠪᠤᠯᠤᠨ ᠴᠢᠳᠠᠪᠤᠷᠢ ᠲᠠᠢ ᠬᠦᠮᠦᠨ ᠪᠠᠶᠢᠬᠤ ᠬᠡᠷᠡᠭᠲᠡᠢ᠃ | | ᠭᠤᠴᠢᠳᠤᠭᠠᠷ ᠵᠦᠢᠯ ᠡᠵᠡᠩᠨᠡᠯᠲᠡ ᠶᠢᠨ ᠴᠢᠨᠠᠷᠲᠠᠢ ᠤᠷᠠᠯᠢᠭ ᠤᠨ ᠪᠤᠯᠪᠠᠰᠤᠷᠠᠯ ᠡᠷᠬᠢᠯᠡᠬᠦ ᠪᠠᠶᠢᠭᠤᠯᠭ᠎ᠠ | ᠪᠤᠯᠤᠨ ᠬᠤᠪᠢ ᠬᠦᠮᠦᠨ ᠪᠤᠯᠪᠠᠰᠤᠷᠠᠯ ᠤᠨ ᠴᠢᠨᠠᠷ ᠴᠢᠨᠰᠠᠭ᠎ᠠ ᠶᠢ ᠪᠠᠲᠤᠯᠠᠬᠤ ᠬᠡᠷᠡᠭᠲᠡᠢ᠃ | | ᠭᠤᠴᠢᠨ ᠨᠢᠭᠡᠳᠦᠭᠡᠷ ᠵᠦᠢᠯ ᠰᠤᠶᠤᠯ ᠤᠨ ᠵᠠᠭᠤᠴᠢᠯᠠᠭᠴᠢ ᠶᠢᠨ ᠠᠵᠢᠯᠯᠠᠭ᠎ᠠ ᠶᠢ ᠡᠷᠬᠢᠯᠡᠵᠦ ᠪᠠᠶᠢᠭ᠎ᠠ | ᠪᠠᠶᠢᠭᠤᠯᠭ᠎ᠠ ᠪᠠ ᠬᠤᠪᠢ ᠬᠦᠮᠦᠨ ᠬᠡᠪᠯᠡᠯ ᠳᠤ ᠨᠡᠶᠢᠲᠡᠯᠡᠬᠦ᠂ ᠳᠡᠯᠭᠡᠵᠦ ᠨᠠᠭᠠᠬᠤ ᠬᠤᠳᠠᠯ ᠬᠠᠭᠤᠷᠮᠠᠭ ᠰᠤᠶᠤᠯ ᠤᠨ | ᠡᠵᠩᠨᠡᠯᠲᠡ ᠶᠢᠨ ᠠᠵᠢᠯᠯᠠᠭᠠᠨ ᠤ ᠵᠠᠷ ᠮᠡᠳᠡᠭᠡ ᠶᠢ ᠬᠠᠩᠭᠠᠵᠤ ᠪᠤᠯᠬᠤ ᠦᠭᠡᠢ᠃ | | ᠭᠤᠴᠢᠨ ᠬᠤᠶᠠᠳᠤᠭᠠᠷ ᠵᠦᠢᠯ ᠲᠦᠷ ᠴᠠᠭ ᠤᠨ ᠴᠢᠨᠠᠷᠲᠠᠢ ᠰᠤᠶᠤᠯ ᠤᠨ ᠵᠠᠭᠤᠯᠴᠢᠯᠠᠭᠴᠢ ᠶᠢᠨ | ᠠᠵᠢᠯᠯᠠᠭ᠎ᠠ ᠶᠢ ᠡᠷᠬᠢᠯᠡᠬᠦ ᠳᠤ ᠵᠠᠪᠠᠯ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ | ᠬᠢᠨᠠᠨ ᠵᠦᠪᠰᠢᠶᠡᠷᠡᠭᠦᠯᠦᠭᠰᠡᠨ ᠪᠠᠶᠢᠬᠤ ᠬᠡᠷᠡᠭᠲᠡᠢ᠃ | | ᠳᠤᠯᠤᠳᠤᠭᠠᠷ ᠪᠦᠯᠦᠭ ᠡᠵᠡᠩᠨᠡᠭᠴᠢ ᠶᠢᠨ ᠡᠷᠬᠡ ᠠᠰᠢᠭ ᠪᠠ ᠡᠭᠦᠷᠭᠡ ᠬᠠᠷᠢᠭᠤᠴᠠᠯᠭ᠎ᠠ | | ᠭᠤᠴᠢᠨ ᠭᠤᠷᠪᠠᠳᠤᠭᠠᠷ ᠵᠦᠢᠯ ᠡᠵᠡᠩᠨᠡᠭᠴᠢ ᠶᠢᠨ ᠬᠠᠤᠯᠢ ᠶᠤᠰᠤᠨ ᠤ ᠡᠷᠬᠡ ᠠᠰᠢᠭ ᠬᠠᠤᠯᠢ ᠪᠠᠷ | ᠬᠠᠮᠠᠭᠠᠯᠠᠭᠳᠠᠵᠤ᠂ ᠡᠵᠡᠩᠨᠡᠭᠴᠢ ᠠᠴᠠ ᠲᠡᠭᠦᠨ ᠤ ᠬᠠᠤᠯᠢ ᠶᠤᠰᠤᠨ ᠤ ᠡᠷᠬᠡ ᠠᠰᠢᠭ ᠲᠤ ᠬᠠᠯᠳᠠᠭᠰᠠᠨ ᠪᠠᠶᠢᠭᠤᠯᠭ᠎ᠠ | ᠪᠠ ᠬᠤᠪᠢ ᠬᠦᠮᠦᠨ ᠢ ᠢᠯᠡᠴᠢᠯᠡᠬᠦ᠂ ᠮᠡᠳᠡᠭᠦᠯᠬᠦ᠂ ᠵᠠᠭᠠᠯᠳᠤᠬᠤ ᠪᠠ ᠭᠤᠮᠤᠳᠠᠯ ᠲᠤᠭᠠᠴᠠᠬᠤ ᠡᠷᠬᠡ ᠲᠠᠢ᠃ | | ᠭᠤᠴᠢᠨ ᠳᠦᠷᠪᠡᠳᠦᠭᠡᠷ ᠵᠦᠢᠯ ᠡᠵᠡᠩᠨᠡᠭᠴᠢ ᠠᠴᠠ ᠬᠠᠮᠢᠶᠠᠷᠤᠯᠲᠠ ᠶᠢᠨ ᠪᠤᠰᠤ ᠰᠠᠯᠠᠭ᠎ᠠ ᠮᠦᠴᠢᠷ | ᠪᠤᠯᠤᠨ ᠪᠠᠶᠢᠴᠠᠭᠠᠭᠴᠢ ᠶᠢᠨ ᠦᠨᠡᠮᠯᠡᠯ ᠦᠭᠡᠢ ᠪᠠᠶᠢᠴᠠᠭᠠᠯᠲᠠ ᠶᠢ ᠵᠦᠪᠰᠢᠶᠡᠷᠡᠬᠦ ᠦᠭᠡᠢ ᠪᠠᠶᠢᠬᠤ ᠡᠷᠬᠡ ᠲᠠᠢ᠂ | ᠦᠨᠡᠮᠯᠡᠯ ᠤᠯᠭᠤᠳᠠᠭ ᠪᠤᠰᠤ ᠰᠠᠯᠠᠭ᠎ᠠ ᠮᠦᠴᠢᠷ ᠤᠨ ᠬᠢᠨ ᠤ ︽ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ | ᠦᠨᠡᠮᠯᠡᠯ︾᠂ ︽ᠡᠵᠡᠩᠨᠡᠯᠲᠡ ᠶᠢᠨ ᠦᠨᠡᠮᠯᠡᠯ︾ ᠵᠡᠷᠭᠡ ᠬᠤᠯᠪᠤᠭᠳᠠᠯ ᠪᠦᠬᠦᠢ ᠦᠨᠡᠮᠯᠡᠯ ᠢ ᠬᠤᠷᠢᠶᠠᠮᠵᠢᠯᠠᠬᠤ ᠶᠢ | ᠵᠦᠪᠰᠢᠶᠡᠷᠡᠬᠦ ᠦᠭᠡᠢ ᠪᠠᠶᠢᠬᠤ ᠡᠷᠬᠡ ᠲᠠᠢ᠃ | | ᠭᠤᠴᠢᠨ ᠲᠠᠪᠤᠳᠤᠭᠠᠷ ᠵᠦᠢᠯ ᠡᠵᠡᠩᠨᠡᠭᠴᠢ᠂ ᠶᠠᠮᠠᠷᠪᠠ ᠨᠢᠭᠡᠨ ᠪᠠᠶᠢᠭᠤᠯᠭ᠎ᠠ ᠪᠤᠶᠤ ᠬᠤᠪᠢ ᠬᠦᠮᠦᠨ | ᠲᠦᠯᠦᠪᠦᠷᠢ ᠦᠭᠡᠢ ᠪᠠᠷ ᠡᠵᠡᠩᠨᠡᠯᠲᠡ ᠶᠢᠨ ᠲᠠᠯᠠᠪᠤᠷ ᠪᠤᠯᠤᠨ ᠲᠦᠬᠦᠭᠡᠷᠦᠮᠵᠢ ᠶᠢ ᠬᠡᠷᠡᠭᠯᠡᠬᠦ ᠶᠢ ᠵᠦᠪᠰᠢᠶᠡᠷᠡᠬᠦ ᠦᠭᠡᠢ | ᠪᠠᠶᠢᠬᠤ ᠡᠷᠬᠡ ᠲᠠᠢ᠂ ᠤᠯᠤᠰ ᠪᠤᠯᠤᠨ ᠦᠪᠡᠷᠲᠡᠭᠡᠨ ᠵᠠᠰᠠᠬᠤ ᠤᠷᠤᠨ ᠤ ᠲᠤᠭᠲᠠᠭᠠᠯ ᠲᠠᠢ ᠨᠡᠶᠢᠴᠡᠬᠦ ᠦᠭᠡᠢ ᠡᠯ᠎ᠡ | ᠵᠦᠢᠯ ᠤᠨ ᠰᠦᠢᠳᠭᠡᠯ ᠪᠤᠯᠤᠨ ᠲᠤᠷᠭᠠᠭᠤᠯᠢ ᠶᠢ ᠲᠤᠰᠢᠶᠠᠬᠤ ᠦᠭᠡᠢ ᠪᠠᠶᠢᠬᠤ ᠡᠷᠬᠡ ᠲᠠᠢ᠃ | | ᠭᠤᠴᠢᠨ ᠵᠢᠷᠭᠤᠳᠤᠭᠠᠷ ᠵᠦᠢᠯ ᠡᠵᠡᠩᠨᠡᠭᠴᠢ᠂ ᠬᠠᠮᠢᠶᠠᠷᠤᠯᠲᠠ ᠶᠢᠨ ᠰᠠᠯᠠᠭ᠎ᠠ ᠮᠦᠴᠢᠷ ᠪᠤᠯᠤᠨ | ᠬᠠᠮᠢᠶᠠᠷᠤᠭᠴᠢ ᠶᠢᠨ ᠬᠠᠤᠯᠢ ᠶᠤᠰᠤ ᠶᠢ ᠵᠦᠷᠢᠴᠡᠵᠦ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠠᠴᠠ | ᠪᠤᠯᠵᠤ ᠠᠵᠤ ᠠᠬᠤᠢ ᠶᠢᠨ ᠬᠤᠬᠢᠷᠠᠯ ᠠᠮᠰᠠᠭᠰᠠᠨ ᠪᠤᠯ ᠲᠦᠯᠦᠪᠦᠷᠢ ᠠᠪᠬᠤ ᠪᠠᠷ ᠱᠠᠭᠠᠷᠳᠠᠬᠤ ᠡᠷᠬᠡ ᠲᠠᠢ᠃ | | ᠭᠤᠴᠢᠨ ᠳᠤᠯᠤᠳᠤᠭᠠᠷ ᠵᠦᠢᠯ ᠡᠵᠡᠩᠨᠡᠭᠴᠢ᠂ ᠦᠢᠯᠡᠴᠢᠯᠡᠭᠡᠨ ᠤ ᠲᠦᠷᠦᠯ ᠵᠦᠢᠯ ᠪᠤᠯᠤᠨ | ᠪᠤᠷᠤᠯᠠᠭᠤᠯᠤᠨ ᠬᠤᠳᠠᠯᠳᠤᠵᠤ ᠪᠠᠶᠢᠭ᠎ᠠ ᠪᠦᠲᠦᠭᠡᠭᠳᠡᠭᠦᠨ ᠳᠤ ᠪᠠᠨ ᠢᠯᠡ ᠪᠠᠷ ᠦᠨ᠎ᠡ ᠬᠠᠳᠠᠬᠤ ᠬᠡᠷᠡᠭᠲᠡᠢ᠂ | ᠬᠠᠳᠠᠭᠰᠠᠨ ᠦᠨ᠎ᠡ ᠠᠴᠠ ᠬᠡᠲᠦᠷᠡᠭᠰᠡᠨ ᠵᠤᠭᠤᠰ ᠪᠤᠯᠤᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠠᠴᠠ ᠬᠡᠲᠦᠷᠡᠭᠰᠡᠨ | ᠰᠦᠢᠳᠭᠡᠯ ᠬᠤᠷᠢᠶᠠᠵᠤ ᠪᠤᠯᠬᠤ ᠦᠭᠡᠢ᠃ | | ᠭᠤᠴᠢᠨ ᠨᠠᠢᠮᠠᠳᠤᠭᠠᠷ ᠵᠦᠢᠯ ᠡᠵᠡᠩᠨᠡᠭᠴᠢ᠂ ᠰᠤᠶᠤᠯ ᠤᠨ ᠡᠵᠡᠩᠨᠡᠯᠲᠡ ᠶᠢᠨ ᠠᠵᠢᠯᠯᠠᠭᠠᠨ ᠤ | ᠲᠠᠯᠠᠪᠤᠷ ᠤᠨ ᠡᠮᠬᠢ ᠲᠢᠭᠯᠢᠮ ᠢ ᠵᠢᠷᠤᠮᠯᠠᠵᠤ᠂ ᠰᠤᠶᠤᠯ ᠤᠨ ᠡᠵᠡᠩᠨᠡᠯᠲᠡ ᠶᠢᠨ ᠠᠵᠢᠯᠯᠠᠭᠠᠨ ᠤ ᠲᠠᠯᠠᠪᠤᠷ ᠤᠨ ᠠᠮᠤᠷ | ᠲᠦᠪᠰᠢᠨ ᠪᠤᠯᠤᠨ ᠡᠷᠡᠭᠦᠯ ᠬᠠᠮᠠᠭᠠᠯᠠᠯ ᠢ ᠪᠠᠲᠤᠯᠠᠬᠤ ᠬᠡᠷᠡᠭᠲᠡᠢ᠃ | | ᠭᠤᠴᠢᠨ ᠶᠢᠰᠦᠳᠦᠭᠡᠷ ᠵᠦᠢᠯ ᠡᠵᠡᠩᠨᠡᠭᠴᠢ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠭᠴᠢ ᠶᠢᠨ | ᠬᠠᠤᠯᠢ ᠶᠤᠰᠤ ᠪᠠᠷ ᠭᠦᠢᠴᠡᠳᠭᠡᠵᠦ ᠪᠠᠶᠢᠭ᠎ᠠ ᠠᠯᠪᠠᠨ ᠶᠠᠪᠤᠳᠠᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ | ᠬᠡᠷᠡᠭᠲᠡᠢ᠂ ᠰᠠᠭᠠᠲᠠᠭᠠᠬᠤ ᠪᠤᠶᠤ ᠲᠡᠪᠴᠢᠵᠦ ᠪᠤᠯᠬᠤ ᠦᠭᠡᠢ᠃ | | ᠳᠦᠴᠢᠳᠦᠭᠡᠷ ᠵᠦᠢᠯ ᠡᠵᠡᠩᠨᠡᠭᠴᠢ ᠬᠠᠤᠯᠢ ᠶᠤᠰᠤᠭᠠᠷ ᠭᠠᠶᠢᠯᠢ ᠲᠤᠰᠢᠶᠠᠵᠤ᠂ ᠪᠤᠯᠪᠠᠰᠤᠨ ᠢᠶᠠᠷ | ᠡᠵᠡᠩᠨᠡᠬᠦ ᠶᠢ ᠪᠠᠷᠢᠮᠲᠠᠯᠠᠵᠤ᠂ ᠨᠡᠶᠢᠭᠡᠮ ᠨᠡᠶᠢᠲᠡ ᠶᠢᠨ ᠶᠤᠰᠤ ᠰᠤᠷᠲᠠᠬᠤᠨ ᠢ ᠵᠢᠷᠤᠮᠯᠠᠬᠤ ᠬᠡᠷᠡᠭᠲᠡᠢ᠃ | | ᠨᠠᠢᠮᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | ᠳᠦᠴᠢᠨ ᠨᠢᠭᠡᠳᠦᠭᠡᠷ ᠵᠦᠢᠯ ᠵᠦᠪᠰᠢᠶᠡᠷᠡᠯ ᠠᠪᠤᠭ᠎ᠠ ᠦᠭᠡᠢ ᠪᠠᠷ ᠳᠤᠷ᠎ᠠ ᠪᠠᠷ ᠢᠶᠠᠨ ᠰᠤᠶᠤᠯ ᠤᠨ | ᠡᠵᠡᠩᠨᠡᠯᠲᠡ ᠶᠢᠨ ᠠᠵᠢᠯᠯᠠᠭ᠎ᠠ ᠡᠷᠬᠢᠯᠡᠭᠴᠢ ᠶᠢ ᠰᠤᠶᠤᠯ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠢᠨ ᠠᠯᠪᠠᠳᠠᠨ ᠡᠵᠡᠩᠨᠡᠯᠲᠡ ᠶᠢ ᠨᠢ ᠵᠤᠭᠰᠤᠭᠠᠵᠤ᠂ ᠬᠠᠤᠯᠢ ᠶᠢ | ᠵᠦᠷᠢᠴᠡᠭᠰᠡᠨ ᠤᠯᠵᠠᠪᠤᠷᠢ ᠶᠢ ᠨᠢ ᠬᠤᠷᠢᠶᠠᠬᠤ ᠶᠢᠨ ᠬᠠᠮᠲᠤ ᠬᠠᠤᠯᠢ ᠶᠢ ᠵᠦᠷᠢᠴᠡᠭᠰᠡᠨ ᠤᠯᠵᠠᠪᠤᠷᠢ ᠶᠢᠨ ᠬᠢᠨᠢ | ᠨᠢᠭᠡ ᠠᠴᠠ ᠬᠤᠶᠠᠷ ᠳᠠᠬᠢᠨ ᠮᠦᠩᠭᠦ ᠪᠠᠷ ᠲᠤᠷᠭᠠᠨ᠎ᠠ︔ ᠬᠠᠤᠯᠢ ᠠᠴᠠ ᠵᠦᠷᠢᠴᠡᠭᠰᠡᠨ ᠤᠯᠵᠠᠪᠤᠷᠢ ᠤᠯᠤᠭ᠎ᠠ ᠦᠭᠡᠢ | ᠪᠤᠶᠤ ᠡᠰᠡᠭᠦᠯ᠎ᠡ ᠬᠠᠤᠯᠢ ᠠᠴᠠ ᠵᠦᠷᠢᠴᠡᠭᠰᠡᠨ ᠤᠯᠵᠠᠪᠤᠷᠢ ᠶᠢᠨ ᠲᠤᠭ᠎ᠠ ᠶᠢ ᠨᠢ ᠲᠤᠭᠲᠠᠭᠠᠬᠤ ᠶᠢᠨ ᠠᠷᠭ᠎ᠠ ᠦᠭᠡᠢ | ᠪᠤᠯ 500 ᠲᠦᠭᠦᠷᠢᠭ ᠠᠴᠠ ᠳᠡᠭᠡᠭᠰᠢ 5000 ᠮᠢᠩᠭᠠᠨ ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠨ᠎ᠠ᠃ | | | ᠳᠦᠴᠢᠨ ᠬᠤᠶᠠᠳᠤᠭᠠᠷ ᠵᠦᠢᠯ ᠲᠤᠰ ᠳᠦᠷᠢᠮ ᠤᠨ ᠠᠷᠪᠠᠨ ᠵᠢᠷᠭᠤᠳᠤᠭᠠᠷ ᠵᠦᠢᠯ ᠤᠨ ᠨᠢᠭᠡᠳᠦᠭᠡᠷ | ᠪᠠᠳᠠᠭ ᠤᠨ ᠲᠤᠭᠲᠠᠭᠠᠯ ᠢ ᠵᠦᠷᠢᠴᠡᠭᠴᠢ ᠶᠢ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠤᠨ ᠬᠢᠨ ᠬᠠᠤᠯᠢ ᠢ ᠵᠦᠷᠢᠴᠡᠭᠰᠡᠨ ᠤᠯᠵᠠᠪᠤᠷᠢ ᠶᠢ ᠨᠢ ᠬᠤᠷᠢᠶᠠᠬᠤ ᠶᠢᠨ ᠬᠠᠮᠲᠤ ᠬᠠᠤᠯᠢ ᠶᠢ ᠵᠦᠷᠢᠴᠡᠭᠰᠡᠨ | ᠤᠯᠵᠠᠪᠤᠷᠢ ᠶᠢᠨ ᠬᠢᠨᠢ ᠨᠢᠭᠡ ᠠᠴᠠ ᠭᠤᠷᠪᠠᠨ ᠳᠠᠬᠢᠨ ᠵᠤᠭᠤᠰ ᠢᠶᠠᠷ ᠲᠤᠷᠭᠠᠨ᠎ᠠ︔ ᠬᠠᠤᠯᠢ ᠠᠴᠠ ᠵᠦᠷᠢᠴᠡᠭᠰᠡᠨ | ᠤᠯᠵᠠᠪᠤᠷᠢ ᠤᠯᠤᠭ᠎ᠠ ᠦᠭᠡᠢ ᠪᠤᠶᠤ ᠬᠠᠤᠯᠢ ᠠᠴᠠ ᠵᠦᠷᠢᠴᠡᠭᠰᠡᠨ ᠤᠯᠵᠠᠪᠤᠷᠢ ᠶᠢᠨ ᠲᠤᠭ᠎ᠠ ᠶᠢ ᠨᠢ ᠲᠤᠭᠲᠠᠭᠠᠬᠤ ᠶᠢᠨ | ᠠᠷᠭ᠎ᠠ ᠦᠭᠡᠢ ᠪᠤᠯ 1000 ᠲᠦᠭᠦᠷᠢᠭ ᠠᠴᠠ ᠳᠡᠭᠡᠭᠰᠢ 20000 ᠲᠦᠭᠦᠷᠢᠭ ᠠᠴᠠ ᠳᠤᠭᠤᠭᠰᠢ ᠵᠤᠭᠤᠰ ᠢᠶᠠᠷ | ᠲᠤᠷᠭᠠᠨ᠎ᠠ᠃ | | ᠠᠯᠪᠠᠨ ᠵᠢᠷᠤᠮ ᠤᠨ ᠲᠤᠭᠯᠠᠯᠲᠠ ᠶᠢᠨ ᠨᠡᠷ᠎ᠡ ᠪᠠᠷ ᠠᠰᠢᠭ ᠤᠯᠵᠠᠪᠤᠷᠢ ᠶᠢᠨ ᠴᠢᠨᠠᠷᠲᠠᠢ ᠲᠤᠭᠯᠠᠯᠲᠠ | ᠡᠷᠬᠢᠯᠡᠭᠴᠢ ᠶᠢ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠯᠪᠠᠳᠠᠨ | ᠲᠤᠭᠯᠠᠯᠲᠠ ᠶᠢ ᠨᠢ ᠵᠤᠭᠰᠤᠭᠠᠵᠤ᠂ ᠬᠠᠤᠯᠢ ᠶᠢ ᠵᠦᠷᠢᠴᠡᠭᠰᠡᠨ ᠤᠯᠵᠠᠪᠤᠷᠢ ᠶᠢ ᠨᠢ ᠬᠤᠷᠢᠶᠠᠬᠤ ᠶᠢᠨ ᠬᠠᠮᠲᠤ | ᠬᠠᠤᠯᠢ ᠶᠢ ᠵᠦᠷᠢᠴᠡᠭᠰᠡᠨ ᠤᠯᠵᠠᠪᠤᠷᠢ ᠶᠢᠨ ᠬᠢᠨᠢ ᠨᠢᠭᠡ ᠠᠴᠠ ᠭᠤᠷᠪᠠᠨ ᠳᠠᠬᠢᠨ ᠵᠤᠭᠤᠰ ᠢᠶᠠᠷ ᠲᠤᠷᠭᠠᠨ᠎ᠠ︔ | ᠬᠠᠤᠯᠢ ᠠᠴᠠ ᠵᠦᠷᠢᠴᠡᠭᠰᠡᠨ ᠤᠯᠵᠠᠪᠤᠷᠢ ᠤᠯᠤᠭ᠎ᠠ ᠦᠭᠡᠢ ᠪᠤᠶᠤ ᠬᠠᠤᠯᠢ ᠠᠴᠠ ᠵᠦᠷᠢᠴᠡᠭᠰᠡᠨ ᠤᠯᠵᠠᠪᠤᠷᠢ ᠶᠢᠨ | ᠲᠤᠭ᠎ᠠ ᠶᠢ ᠨᠢ ᠲᠤᠭᠲᠠᠭᠠᠬᠤ ᠶᠢᠨ ᠠᠷᠭ᠎ᠠ ᠦᠭᠡᠢ ᠪᠤᠯ 1000 ᠲᠦᠭᠦᠷᠢᠭ ᠠᠴᠠ ᠳᠡᠭᠡᠭᠰᠢ 20000 | ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠨ᠎ᠠ᠃ | | ᠳᠦᠴᠢᠨ ᠭᠤᠷᠪᠠᠳᠤᠭᠠᠷ ᠵᠦᠢᠯ ᠨᠠᠶᠢᠷ ᠨᠠᠭᠠᠳᠤᠮ ᠤᠨ ᠠᠵᠢᠯᠯᠠᠭᠠᠨ ᠤ ᠲᠠᠯᠠᠪᠤᠷ ᠲᠤ ᠱᠠᠯᠢᠭ ᠵᠠᠪᠬᠠᠢ᠂ | ᠤᠷᠢᠨ ᠲᠠᠴᠢᠶᠠᠩᠭᠤᠢ᠂ ᠵᠤᠭᠤᠰ ᠮᠦᠷᠦ᠋ᠢᠴᠡᠬᠦ᠂ ᠹᠸᠤᠳᠠᠯ ᠤᠨ ᠮᠤᠬᠤᠷ ᠰᠦᠰᠦᠭ ᠢ ᠰᠤᠷᠲᠠᠯᠴᠢᠯᠠᠬᠤ ᠵᠡᠷᠭᠡ | ᠠᠵᠢᠯᠯᠠᠭ᠎ᠠ ᠦᠷᠨᠢᠭᠦᠯᠪᠡᠯ᠂ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠤᠰᠤᠭᠠᠷ ᠰᠢᠢᠳᠭᠡᠨ | ᠲᠤᠷᠭᠠᠵᠤ᠂ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠯᠪᠠᠳᠠᠨ | ᠠᠵᠢᠯ ᠢ ᠨᠢ ᠵᠤᠭᠰᠤᠭᠠᠵᠤ ᠴᠡᠭᠴᠡᠯᠡᠬᠦ ᠪᠤᠶᠤ ︽ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾ ᠢ ᠨᠢ | ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃ | | ᠨᠠᠶᠢᠷ ᠨᠠᠭᠠᠳᠤᠮ ᠤᠨ ᠠᠵᠢᠯᠯᠠᠭᠠᠨ ᠤ ᠲᠠᠯᠠᠪᠤᠷ ᠲᠤ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ | ᠠᠵᠢᠯᠯᠠᠭᠠᠨ ᠦᠷᠨᠢᠭᠦᠯᠪᠡᠯ᠂ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ | ᠠᠯᠪᠠᠳᠠᠨ ᠠᠵᠢᠯ ᠢ ᠨᠢ ᠵᠤᠭᠰᠤᠭᠠᠵᠤ ᠴᠡᠭᠴᠡᠯᠡᠨ᠎ᠡ︔ ᠦᠢᠯᠡ ᠪᠠᠶᠢᠳᠠᠯ ᠨᠢ ᠬᠦᠨᠳᠦ ᠪᠤᠯ ︽ᠰᠤᠶᠤᠯ ᠤᠨ | ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃ | | ᠳᠦᠴᠢᠨ ᠳᠦᠷᠪᠡᠳᠦᠭᠡᠷ ᠵᠦᠢᠯ ᠡᠵᠡᠩᠨᠡᠭᠴᠢ᠂ ᠲᠤᠰ ᠳᠦᠷᠢᠮ ᠤᠨ ᠬᠤᠷᠢᠨ ᠨᠢᠭᠡᠳᠦᠭᠡᠷ | ᠵᠦᠢᠯ ᠳᠤ ᠬᠢ ᠦᠰᠪᠦᠷᠢ ᠪᠠᠭᠠᠴᠤᠤᠯ ᠢ ᠬᠠᠮᠠᠭᠠᠯᠠᠬᠤ ᠲᠤᠭᠲᠠᠭᠠᠯ ᠢ ᠵᠦᠷᠢᠴᠡᠪᠡᠯ᠂ ᠰᠤᠶᠤᠯ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠯᠪᠠᠳᠠᠨ ᠵᠠᠰᠠᠨ ᠵᠠᠯᠠᠷᠠᠭᠤᠯᠤᠨ᠎ᠠ᠂ ᠬᠠᠤᠯᠢ ᠶᠢ ᠵᠦᠷᠢᠴᠡᠭᠰᠡᠨ | ᠤᠯᠵᠠᠪᠤᠷᠢ ᠶᠢ ᠨᠢ ᠬᠤᠷᠢᠶᠠᠬᠤ ᠶᠢᠨ ᠬᠠᠮᠲᠤ ᠬᠠᠤᠯᠢ ᠶᠢ ᠵᠦᠷᠢᠴᠡᠭᠰᠡᠨ ᠤᠯᠵᠠᠪᠤᠷᠢ ᠶᠢᠨ ᠬᠢᠨᠢ ᠨᠢᠭᠡ ᠠᠴᠠ ᠭᠤᠷᠪᠠᠨ | ᠳᠠᠬᠢᠨ ᠵᠤᠭᠤᠰ ᠢᠶᠠᠷ ᠲᠤᠷᠭᠠᠨ᠎ᠠ︔ ᠬᠠᠤᠯᠢ ᠠᠴᠠ ᠵᠦᠷᠢᠴᠡᠭᠰᠡᠨ ᠤᠯᠵᠠᠪᠤᠷᠢ ᠤᠯᠤᠭ᠎ᠠ ᠦᠭᠡᠢ ᠪᠤᠶᠤ ᠬᠠᠤᠯᠢ ᠠᠴᠠ | ᠵᠦᠷᠢᠴᠡᠭᠰᠡᠨ ᠤᠯᠵᠠᠪᠤᠷᠢ ᠶᠢᠨ ᠲᠤᠭ᠎ᠠ ᠶᠢ ᠨᠢ ᠲᠤᠭᠲᠠᠭᠠᠬᠤ ᠶᠢᠨ ᠠᠷᠭ᠎ᠠ ᠦᠭᠡᠢ ᠪᠤᠯ 300 ᠲᠦᠭᠦᠷᠢᠭ ᠠᠴᠠ | ᠳᠡᠭᠡᠭᠰᠢ 3000 ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠨ᠎ᠠ︔ ᠦᠢᠯᠡ ᠪᠠᠶᠢᠳᠠᠯ ᠨᠢ ᠬᠦᠨᠳᠦ ᠪᠤᠯ ︽ | ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ | ᠃ | | ᠡᠯᠧᠺᠲᠷᠣᠨ ᠲᠤᠭᠯᠠᠭᠠᠮ ᠤᠨ ᠠᠵᠢᠯᠯᠠᠭ᠎ᠠ ᠡᠵᠡᠩᠨᠡᠵᠦ ᠪᠠᠶᠢᠭ᠎ᠠ ᠪᠠᠶᠢᠭᠤᠯᠭ᠎ᠠ ᠪᠠ ᠬᠤᠪᠢ ᠬᠦᠮᠦᠨ | ᠠᠮᠠᠷᠠᠯᠲᠠ ᠶᠢᠨ ᠪᠢᠰᠢ ᠡᠳᠦᠷ ᠦᠰᠪᠦᠷᠢ ᠬᠡᠦᠬᠡᠳ ᠢ ᠬᠦᠯᠢᠶᠡᠨ ᠠᠪᠬᠤ ᠪᠤᠶᠤ ᠲᠡᠳᠡᠨᠦᠰ ᠤᠨ ᠪᠡᠶ᠎ᠡ ᠰᠡᠳᠭᠢᠯ ᠤᠨ | ᠡᠷᠡᠭᠦᠯ ᠮᠡᠨᠳᠦ ᠳᠤ ᠬᠤᠤᠷᠲᠠᠢ ᠡᠯᠧᠺᠲᠷᠣᠨ ᠲᠤᠭᠯᠠᠭᠠᠮ ᠤᠨ ᠠᠭᠤᠯᠭ᠎ᠠ ᠶᠢ ᠬᠠᠩᠭᠠᠪᠠᠯ᠂ ᠰᠤᠶᠤᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠯᠪᠠᠳᠠᠨ ᠵᠠᠰᠠᠨ ᠵᠠᠯᠠᠷᠠᠭᠤᠯᠵᠤ᠂ ᠬᠠᠤᠯᠢ ᠶᠢ | ᠵᠦᠷᠢᠴᠡᠭᠰᠡᠨ ᠤᠯᠵᠠᠪᠤᠷᠢ ᠶᠢ ᠨᠢ ᠬᠤᠷᠢᠶᠠᠨ ᠠᠪᠴᠤ ᠶᠢᠨ ᠬᠠᠮᠲᠤ ᠬᠠᠤᠯᠢ ᠶᠢ ᠵᠦᠷᠢᠴᠡᠭᠰᠡᠨ ᠤᠯᠵᠠᠪᠤᠷᠢ ᠶᠢᠨ ᠬᠢᠨᠢ | ᠬᠤᠶᠠᠷ ᠠᠴᠠ ᠲᠠᠪᠤᠨ ᠳᠠᠬᠢᠨ ᠵᠤᠭᠤᠰ ᠢᠶᠠᠷ ᠲᠤᠷᠭᠠᠨ᠎ᠠ︔ ᠬᠠᠤᠯᠢ ᠠᠴᠠ ᠵᠦᠷᠢᠴᠡᠭᠰᠡᠨ ᠤᠯᠵᠠᠪᠤᠷᠢ ᠤᠯᠤᠭ᠎ᠠ | ᠦᠭᠡᠢ ᠪᠤᠶᠤ ᠬᠠᠤᠯᠢ ᠠᠴᠠ ᠵᠦᠷᠢᠴᠡᠭᠰᠡᠨ ᠤᠯᠵᠠᠪᠤᠷᠢ ᠶᠢᠨ ᠲᠤᠭ᠎ᠠ ᠶᠢ ᠨᠢ ᠲᠤᠭᠲᠠᠭᠠᠬᠤ ᠶᠢᠨ ᠠᠷᠭ᠎ᠠ ᠦᠭᠡᠢ ᠪᠤᠯ | 300 ᠲᠦᠭᠦᠷᠢᠭ ᠠᠴᠠ ᠳᠡᠭᠡᠭᠰᠢ 3000 ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠨ᠎ᠠ︔ ᠦᠢᠯᠡ | ᠪᠠᠶᠢᠳᠠᠯ ᠨᠢ ᠬᠦᠨᠳᠦ ᠪᠤᠯ ︽ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾ ᠢ ᠨᠢ ᠬᠤᠷᠢᠶᠠᠨ | ᠠᠪᠴᠤ ᠬᠦᠴᠦᠨ ᠦᠭᠡᠢ ᠪᠤᠯᠭᠠᠨ᠎ᠠ᠃ | | ᠳᠦᠴᠢᠨ ᠲᠠᠪᠤᠳᠤᠭᠠᠷ ᠵᠦᠢᠯ ᠵᠢᠩᠬᠢᠨᠢ ᠬᠡᠪᠯᠡᠯ ᠤᠨ ᠪᠤᠰᠤ᠂ ᠳᠤᠲᠤᠭᠠᠳᠤ ᠳᠤ ᠪᠠᠨ ᠲᠠᠷᠬᠠᠭᠠᠬᠤ | ᠪᠤᠯᠤᠨ ᠤᠯᠤᠰ ᠠᠴᠠ ᠵᠠᠷᠯᠢᠭᠯᠠᠨᠨ ᠴᠠᠭᠠᠵᠠᠯᠠᠭᠰᠠᠨ ᠨᠤᠮ ᠪᠢᠴᠢᠭ᠂ ᠭᠡᠷᠡᠯ ᠵᠢᠷᠤᠭ᠂ ᠰᠤᠨᠢᠨ ᠰᠡᠳᠭᠦᠯ ᠬᠢᠭᠡᠳ | ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠤ ᠡᠵᠡᠩᠨᠡᠭᠴᠢ ᠶᠢ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠢ ᠵᠦᠷᠢᠴᠡᠭᠰᠡᠨ ᠤᠯᠵᠠᠪᠤᠷᠢ ᠪᠤᠯᠤᠨ ᠪᠤᠳᠠᠰ ᠢ ᠨᠢ ᠬᠤᠷᠢᠶᠠᠬᠤ ᠶᠢᠨ | ᠬᠠᠮᠲᠤ ᠬᠠᠤᠯᠢ ᠶᠢ ᠵᠦᠷᠢᠴᠡᠭᠰᠡᠨ ᠤᠯᠵᠠᠪᠤᠷᠢ ᠶᠢᠨ ᠬᠢᠨᠢ ᠨᠢᠭᠡ ᠠᠴᠠ ᠬᠤᠶᠠᠷ ᠳᠠᠬᠢᠨ ᠵᠤᠭᠤᠰ ᠢᠶᠠᠷ ᠲᠤᠷᠭᠠᠨ᠎ᠠ︔ | ᠬᠠᠤᠯᠢ ᠠᠴᠠ ᠵᠦᠷᠢᠴᠡᠭᠰᠡᠨ ᠤᠯᠵᠠᠪᠤᠷᠢ ᠤᠯᠤᠭ᠎ᠠ ᠦᠭᠡᠢ ᠪᠤᠶᠤ ᠬᠠᠤᠯᠢ ᠠᠴᠠ ᠵᠦᠷᠢᠴᠡᠭᠰᠡᠨ ᠤᠯᠵᠠᠪᠤᠷᠢ ᠶᠢᠨ | ᠲᠤᠭ᠎ᠠ ᠶᠢ ᠨᠢ ᠲᠤᠭᠲᠠᠭᠠᠬᠤ ᠶᠢᠨ ᠠᠷᠭ᠎ᠠ ᠦᠭᠡᠢ ᠪᠤᠯ 1000 ᠲᠦᠭᠦᠷᠢᠭ ᠠᠴᠠ ᠳᠡᠭᠡᠭᠰᠢ 50000 | ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠨ᠎ᠠ︔ ᠦᠢᠯᠡ ᠪᠠᠶᠢᠳᠠᠯ ᠨᠢ ᠬᠦᠨᠳᠦ ᠪᠤᠯ ᠰᠤᠶᠤᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠠᠴᠠ ᠠᠯᠪᠠᠳᠠᠨ ᠠᠵᠢᠯ ᠢ ᠨᠢ ᠵᠤᠭᠰᠤᠭᠠᠵᠤ ᠴᠡᠭᠴᠡᠯᠡᠬᠦ ᠪᠤᠶᠤ ︽ᠰᠤᠶᠤᠯ ᠤᠨ | ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃ | | ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠤᠭ᠎ᠠ ᠦᠭᠡᠢ ᠪᠠᠷ ᠨᠤᠮ ᠰᠡᠳᠭᠦᠯ ᠪᠤᠶᠤ | ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠢ ᠪᠦᠭᠡᠮ ᠢᠶᠠᠷ ᠪᠤᠷᠤᠯᠠᠭᠤᠯᠬᠤ ᠠᠵᠢᠯ ᠢ ᠡᠵᠩᠨᠡᠭᠴᠢ ᠶᠢ ᠬᠠᠤᠯᠢ ᠶᠢ | ᠵᠦᠷᠢᠴᠡᠭᠰᠡᠨ ᠤᠯᠵᠠᠪᠤᠷᠢ ᠪᠤᠯᠤᠨ ᠪᠤᠳᠠᠰ ᠢ ᠨᠢ ᠬᠤᠷᠢᠶᠠᠬᠤ ᠶᠢᠨ ᠬᠠᠮᠲᠤ ᠬᠠᠤᠯᠢ ᠶᠢ ᠵᠦᠷᠢᠴᠡᠭᠰᠡᠨ ᠤᠯᠵᠠᠪᠤᠷᠢ ᠶᠢᠨ | ᠬᠢᠨᠢ ᠨᠢᠭᠡ ᠠᠴᠠ ᠭᠤᠷᠪᠠᠨ ᠳᠠᠬᠢᠨ ᠵᠤᠭᠤᠰ ᠢᠶᠠᠷ ᠲᠤᠷᠭᠠᠨ᠎ᠠ︔ ᠬᠠᠤᠯᠢ ᠠᠴᠠ ᠵᠦᠷᠢᠴᠡᠭᠰᠡᠨ ᠤᠯᠵᠠᠪᠤᠷᠢ ᠤᠯᠤᠭ᠎ᠠ | ᠦᠭᠡᠢ ᠪᠤᠶᠤ ᠬᠠᠤᠯᠢ ᠠᠴᠠ ᠵᠦᠷᠢᠴᠡᠭᠰᠡᠨ ᠤᠯᠵᠠᠪᠤᠷᠢ ᠶᠢᠨ ᠲᠤᠭ᠎ᠠ ᠶᠢ ᠨᠢ ᠲᠤᠭᠲᠠᠭᠠᠬᠤ ᠶᠢᠨ ᠠᠷᠭ᠎ᠠ ᠦᠭᠡᠢ ᠪᠤᠯ | 1000 ᠲᠦᠭᠦᠷᠢᠭ ᠠᠴᠠ ᠳᠡᠭᠡᠭᠰᠢ 20000 ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠨ᠎ᠠ︔ ᠦᠢᠯᠡ | ᠪᠠᠶᠢᠳᠠᠯ ᠨᠢ ᠬᠦᠨᠳᠦ ᠪᠤᠯ ᠰᠤᠶᠤᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠠᠯᠪᠠᠳᠠᠨ ᠠᠵᠢᠯ ᠢ ᠨᠢ | ᠵᠤᠭᠰᠤᠭᠠᠵᠤ ᠴᠡᠭᠴᠡᠯᠡᠬᠦ ᠪᠤᠶᠤ ᠴᠢᠨᠠᠭᠰᠢᠯᠠᠪᠠᠯ ︽ᠰᠤᠶᠤᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾ | ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃ | | ᠦᠰᠪᠦᠷᠢ ᠪᠠᠭᠠᠴᠤᠤᠯ ᠳᠤ ᠬᠤᠳᠠᠯᠳᠤᠬᠤ᠂ ᠲᠦᠷᠢᠶᠡᠰᠦᠯᠡᠬᠦ ᠪᠤᠶᠤ ᠪᠤᠰᠤᠳ ᠠᠷᠭ᠎ᠠ ᠬᠡᠯᠪᠡᠷᠢ ᠪᠠᠷ ᠱᠠᠯᠢᠭ | ᠵᠠᠪᠬᠠᠢ ᠨᠤᠮ ᠪᠢᠴᠢᠭ᠂ ᠭᠡᠷᠡᠯ ᠵᠢᠷᠤᠭ᠂ ᠰᠤᠨᠢᠨ ᠰᠡᠳᠭᠦᠯ᠂ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ | ᠵᠡᠷᠭᠡ ᠪᠤᠳᠠᠰ ᠢ ᠳᠠᠮᠵᠢᠭᠤᠯᠤᠭᠴᠢ᠂ ᠡᠯᠧᠺᠲ᠋ᠤᠷᠠᠨ ᠲᠤᠭᠯᠠᠭᠠᠮ ᠢ ᠠᠰᠢᠭᠯᠠᠨ ᠵᠤᠭᠤᠰ ᠨᠠᠭᠠᠳᠬᠤ᠂ ᠬᠡᠯᠪᠡᠷᠢ | ᠬᠤᠪᠢᠷᠭᠠᠨ ᠵᠤᠭᠤᠰ ᠨᠠᠭᠠᠳᠬᠤ ᠪᠤᠶᠤ ᠦᠰᠪᠦᠷᠢ ᠪᠠᠭᠠᠴᠤᠤᠯ ᠢ ᠦᠳᠦᠭᠡᠨ ᠳᠤᠬᠢᠵᠤ ᠵᠤᠭᠤᠰ ᠨᠠᠭᠠᠳᠤᠭᠤᠯᠤᠭᠴᠢ ᠶᠢ | ᠬᠠᠤᠯᠢ ᠶᠤᠰᠤᠭᠠᠷ ᠬᠦᠨᠳᠦ ᠪᠠᠷ ᠰᠢᠢᠳᠭᠡᠨ ᠲᠤᠷᠭᠠᠨ᠎ᠠ᠃ | | ᠳᠦᠴᠢᠨ ᠵᠢᠷᠭᠤᠳᠤᠭᠠᠷ ᠵᠦᠢᠯ ᠦᠢᠯᠡᠴᠢᠯᠡᠭᠡᠨ ᠤ ᠵᠦᠢᠯ ᠪᠤᠯᠤᠨ ᠪᠤᠷᠤᠯᠠᠭᠤᠯᠵᠤ ᠪᠠᠶᠢᠭ᠎ᠠ | ᠲᠠᠸᠠᠷ ᠲᠤ ᠪᠠᠨ ᠢᠯᠡ ᠦᠨ᠎ᠡ ᠬᠠᠳᠠᠬᠤ ᠦᠭᠡᠢ ᠪᠤᠶᠤ ᠲᠤᠭᠲᠠᠭᠰᠠᠨ ᠦᠨ᠎ᠡ ᠠᠴᠠ ᠬᠡᠲᠦᠷᠡᠭᠦᠯᠵᠦ ᠬᠤᠳᠠᠯᠳᠤᠬᠤ | ᠪᠤᠯᠤᠨ ᠦᠢᠯᠡᠴᠢᠯᠡᠭᠡᠨ ᠤ ᠬᠦᠷᠢᠶ᠎ᠡ ᠬᠡᠪᠴᠢᠶᠡᠨ ᠠᠴᠠ ᠬᠡᠲᠦᠷᠡᠭᠦᠯᠵᠦ ᠰᠦᠢᠳᠭᠡᠯ ᠬᠤᠷᠢᠶᠠᠪᠠᠯ᠂ ᠪᠠᠷᠠᠭᠠᠨ ᠤ | ᠦᠨ᠎ᠡ ᠶᠢ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠬᠠᠤᠯᠢ ᠶᠤᠰᠤᠭᠠᠷ ᠰᠢᠢᠳᠭᠡᠨ ᠲᠤᠷᠭᠤᠭᠠᠨ᠎ᠠ᠃ | | ᠳᠦᠴᠢᠨ ᠳᠤᠯᠤᠳᠤᠭᠠᠷ ᠵᠦᠢᠯ ᠰᠤᠶᠤᠯ ᠤᠨ ᠡᠵᠡᠩᠨᠡᠯᠲᠡ ᠶᠢᠨ ᠠᠵᠢᠯᠯᠠᠭ᠎ᠠ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠤᠷᠭᠠᠨ ᠰᠢᠢᠳᠭᠡᠬᠦ | ᠬᠠᠤᠯᠢ︾ ᠶᠢ ᠵᠦᠷᠢᠴᠡᠪᠡᠯ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠢᠳᠭᠡᠯ ᠦᠵᠡᠭᠦᠯᠦᠨ ᠲᠤᠷᠭᠠᠨ᠎ᠠ︔ | ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠤᠯᠢ᠂ ᠲᠤᠭᠲᠠᠭᠠᠯ ᠢ ᠵᠦᠷᠢᠴᠡᠭᠴᠢ ᠶᠢ | ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠰᠢᠢᠳᠭᠡᠯ | ᠤᠯᠭᠤᠨ᠎ᠠ︔ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠬᠠᠤᠯᠢ᠂ | ᠲᠤᠭᠲᠠᠭᠠᠯ ᠢ ᠵᠦᠷᠢᠴᠡᠭᠴᠢ ᠶᠢ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ ᠠᠴᠠ ᠰᠢᠢᠳᠭᠡᠯ ᠤᠯᠭᠤᠨ᠎ᠠ︔ ᠶᠠᠯ᠎ᠠ | ᠪᠦᠷᠢᠯᠳᠦᠪᠡᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠳᠦᠴᠢᠨ ᠨᠠᠢᠮᠠᠳᠤᠭᠠᠷ ᠵᠦᠢᠯ ᠬᠤᠯᠪᠤᠭᠳᠠᠬᠤ ᠬᠦᠮᠦᠨ ᠰᠢᠢᠳᠭᠡᠯ ᠲᠤᠭᠲᠠᠭᠠᠯ ᠢ ᠵᠦᠪᠰᠢᠶᠡᠷᠡᠬᠦ | ᠦᠭᠡᠢ ᠪᠤᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠠᠷᠭᠤ ᠶᠢᠨ ᠬᠠᠤᠯᠢ︾ | ᠪᠤᠯᠤᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠦᠪᠯᠡᠬᠦ ᠬᠠᠤᠯᠢ︾ | ᠶᠢᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠳᠠᠬᠢᠨ ᠵᠦᠪᠯᠡᠬᠦ ᠪᠠᠷ ᠡᠷᠡᠮᠡᠯᠵᠡᠬᠦ ᠪᠤᠶᠤ ᠠᠯᠪᠠᠨ ᠵᠠᠭᠠᠯᠳᠤᠯᠭ᠎ᠠ | ᠭᠠᠷᠭᠠᠨ᠎ᠠ︔ ᠬᠤᠯᠪᠤᠭᠳᠠᠬᠤ ᠬᠦᠮᠦᠨ ᠬᠤᠭᠤᠴᠠᠭ᠎ᠠ ᠬᠡᠲᠦᠷᠡᠲᠡᠯ᠎ᠡ ᠳᠠᠬᠢᠨ ᠵᠦᠪᠯᠡᠬᠦ ᠪᠠᠷ ᠡᠷᠮᠡᠯᠵᠡᠬᠦ ᠦᠭᠡᠢ᠂ ᠠᠯᠪᠠᠨ | ᠵᠠᠭᠠᠯᠳᠤᠯᠭ᠎ᠠ ᠭᠠᠷᠭᠠᠬᠤ ᠦᠭᠡᠢ᠂ ᠪᠠᠰᠠ ᠰᠢᠢᠳᠭᠡᠯ ᠲᠤᠭᠲᠠᠭᠠᠯ ᠤᠨ ᠭᠦᠢᠴᠡᠳᠭᠡᠯ ᠢ ᠬᠢᠬᠦ ᠦᠭᠡᠢ ᠪᠤᠯ ᠰᠢᠢᠳᠭᠡᠯ | ᠲᠤᠭᠲᠠᠭᠠᠯ ᠢ ᠲᠤᠭᠲᠠᠭᠠᠭᠰᠠᠨ ᠪᠠᠶᠢᠭᠤᠯᠭ᠎ᠠ ᠠᠴᠠ ᠠᠷᠠᠳ ᠤᠨ ᠰᠢᠭᠦᠬᠦ ᠬᠤᠷᠢᠶᠠᠨ ᠳᠤ ᠡᠷᠭᠦᠳᠡᠯ ᠭᠠᠷᠭᠠᠵᠤ | ᠠᠯᠪᠠᠳᠠᠨ ᠬᠦᠢᠴᠡᠳᠭᠡᠬᠦᠯᠦᠨ᠎ᠡ᠃ | | ᠳᠦᠴᠢ ᠶᠢᠰᠦᠳᠦᠭᠡᠷ ᠵᠦᠢᠯ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠭᠴᠢ ᠬᠠᠤᠯᠢ ᠶᠤᠰᠤ ᠶᠢ | ᠵᠦᠷᠢᠴᠡᠵᠦ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠪᠡᠯ ᠲᠤᠬᠠᠢ ᠶᠢᠨ ᠪᠠᠶᠢᠭᠤᠯᠭ᠎ᠠ ᠪᠤᠶᠤ ᠡᠰᠡᠭᠦᠯ᠎ᠡ | ᠳᠡᠭᠡᠳᠦ ᠱᠠᠲᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠭᠦᠮᠵᠢᠯᠡᠨ ᠰᠤᠷᠭᠠᠬᠤ ᠪᠤᠶᠤ ᠵᠠᠰᠠᠭ | ᠵᠠᠬᠢᠷᠭᠠᠨ ᠤ ᠰᠢᠢᠳᠭᠡᠯ ᠤᠯᠭᠤᠨ᠎ᠠ︔ ᠶᠠᠯ᠎ᠠ ᠪᠦᠷᠢᠯᠳᠦᠪᠡᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | | ᠡᠯ᠎ᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠠᠤᠯᠢ ᠶᠢ ᠬᠡᠷᠡᠭᠵᠢᠭᠦᠯᠦᠭᠴᠢ ᠪᠤᠰᠤ | ᠬᠦᠮᠦᠨ ᠳᠤᠷ᠎ᠠ ᠪᠠᠷ ᠢᠶᠠᠨ ᠰᠤᠶᠤᠯ ᠤᠨ ᠡᠵᠡᠩᠨᠡᠯᠲᠡ ᠶᠢᠨ ᠲᠠᠯᠠᠪᠤᠷ ᠲᠤ ᠬᠦᠷᠴᠦ ᠬᠢᠨᠠᠨ ᠪᠠᠶᠢᠴᠠᠭᠠᠬᠤ᠂ ᠰᠢᠢᠳᠭᠡᠨ | ᠲᠤᠷᠭᠤᠭᠠᠬᠤ᠂ ᠲᠦᠯᠦᠪᠦᠷᠢ ᠦᠭᠡᠢ ᠦᠢᠯᠡᠴᠢᠯᠡᠭᠦᠯᠪᠡᠯ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠠᠰᠠᠭ | ᠵᠠᠬᠢᠷᠭᠠᠨ ᠤ ᠰᠢᠢᠳᠭᠡᠯ ᠤᠯᠭᠤᠨ᠎ᠠ᠃ ᠡᠯ᠎ᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠠᠤᠯᠢ | ᠬᠡᠷᠡᠭᠵᠢᠭᠦᠯᠦᠭᠴᠢ ᠳᠤᠷ᠎ᠠ ᠪᠠᠷ ᠢᠶᠠᠨ ᠠᠵᠢᠯ ᠤᠨ ᠪᠠᠶᠢᠷᠢ ᠠᠯᠤᠰᠯᠠᠨ ᠬᠠᠤᠯᠢ ᠬᠡᠷᠡᠭᠵᠢᠭᠦᠯᠵᠦ᠂ ᠱᠠᠲᠤ ᠠᠯᠤᠰᠯᠠᠨ | ᠬᠠᠤᠯᠢ ᠬᠡᠷᠡᠭᠵᠢᠭᠦᠯᠵᠦ᠂ ᠳᠦᠷᠢᠮ ᠢ ᠵᠦᠷᠢᠴᠡᠨ ᠰᠦᠢᠳᠭᠡᠯ ᠬᠤᠷᠢᠶᠠᠵᠤ᠂ ᠲᠦᠯᠦᠪᠦᠷᠢ ᠦᠭᠡᠢ ᠦᠢᠯᠡᠴᠢᠯᠡᠭᠦᠯᠪᠡᠯ | ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠪᠠᠶᠢᠳᠠᠯ ᠤᠨ ᠬᠦᠨᠳᠦ ᠬᠦᠩᠭᠡᠨ ᠢ ᠦᠵᠡᠵᠦ ᠪᠠᠶᠢᠭᠠᠳ ᠰᠤᠷᠭᠠᠨ | ᠳᠤᠩᠭᠤᠳᠴᠤ᠂ ᠵᠠᠰᠠᠭ ᠵᠠᠬᠢᠷᠭᠠᠨ ᠤ ᠰᠢᠢᠳᠭᠡᠯ ᠤᠯᠭᠤᠬᠤ ᠪᠤᠶᠤ ᠡᠰᠡᠭᠦᠯ᠎ᠡ ᠬᠠᠤᠯᠢ ᠬᠡᠷᠡᠭᠵᠢᠭᠦᠯᠬᠦ ᠠᠵᠢᠯ ᠤᠨ | ᠪᠠᠶᠢᠷᠢ ᠠᠴᠠ ᠰᠢᠯᠵᠢᠭᠦᠯᠦᠨ ᠶᠠᠪᠤᠭᠤᠯᠤᠨ᠎ᠠ᠃ | | ᠶᠢᠰᠦᠳᠦᠭᠡᠷ ᠪᠦᠯᠦᠭ ᠬᠠᠪᠰᠤᠷᠤᠯᠲᠠ ᠳᠦᠷᠢᠮ | | ᠲᠠᠪᠢᠳᠤᠭᠠᠷ ᠵᠦᠢᠯ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠲᠤᠰ | ᠳᠦᠷᠢᠮ ᠢ ᠦᠨᠳᠦᠰᠦᠯᠡᠨ ᠬᠡᠷᠡᠭᠵᠢᠭᠦᠯᠬᠦ ᠨᠠᠷᠢᠨ ᠳᠦᠷᠢᠮ ᠢ ᠲᠤᠭᠲᠠᠭᠠᠵᠤ ᠪᠤᠯᠤᠨ᠎ᠠ᠃ | | ᠲᠠᠪᠢᠨ ᠨᠢᠭᠡᠳᠦᠭᠡᠷ ᠵᠦᠢᠯ ᠲᠤᠰ ᠳᠦᠷᠢᠮ ᠤᠨ ᠬᠡᠷᠡᠭᠵᠢᠭᠦᠯᠬᠦ ᠲᠤᠮᠳᠠᠬᠢ ᠪᠤᠳᠠᠲᠠᠢ ᠠᠰᠭᠤᠳᠠᠯ ᠢ | ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ | ᠬᠠᠷᠢᠭᠤᠴᠠᠨ ᠲᠠᠶᠢᠯᠪᠤᠷᠢᠯᠠᠯᠲᠠ ᠬᠢᠨ᠎ᠡ᠃ | | ᠲᠠᠪᠢᠨ ᠬᠤᠶᠠᠳᠤᠭᠠᠷ ᠵᠦᠢᠯ ᠲᠤᠰ ᠳᠦᠷᠢᠮ ᠨᠡᠶᠢᠳᠡᠯᠡᠭᠳᠡᠭᠰᠡᠨ ᠡᠳᠦᠷ ᠠᠴᠠ ᠪᠠᠨ ᠡᠬᠢᠯᠡᠵᠦ | ᠬᠡᠷᠡᠭᠵᠢᠭᠦᠯᠦᠭᠳᠡᠨ᠎ᠡ᠃ |