| | | | ᠮᠠ ᠱᠤᠤ ᠯᠢᠨ᠂ ᠨᠠᠮᠤᠭ᠂ ᠾᠥᠸᠧ ᠰᠢᠶᠣᠣ ᠴᠢᠩ᠂ ᠢᠳᠡᠷᠡᠭᠦᠨ | | | | | ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠥᠪᠥᠷ ᠮᠣᠩᠭᠤᠯ ᠤᠨ ᠬᠥᠭᠵᠢᠯᠲᠡ ᠶᠢᠨ ᠮᠡᠳᠡᠭᠦᠯᠦᠯᠲᠡ ︵ᠨᠢᠭᠡ︶ | | | | | | 10 ᠵᠢᠯ ᠤᠨ ᠲᠤᠷᠰᠢ᠂ ᠠᠭᠤᠯᠠ ᠤᠰᠤᠨ ᠳᠤ ᠯᠤᠲᠤ ᠶᠡᠭᠡ ᠬᠤᠪᠢᠷᠠᠯᠲᠠ ᠭᠠᠷᠴᠠᠢ᠄ ᠠᠭᠠᠷ ᠲᠡᠭᠷᠢ ᠨᠠᠩ | ᠴᠡᠯᠮᠡᠭᠰᠢᠨ᠂ ᠨᠠᠭᠤᠷ ᠭᠤᠣᠯ ᠤᠳ ᠨᠠᠩ ᠲᠤᠩᠭᠠᠯᠠᠭᠰᠢᠵᠤ᠂ ᠠᠭᠤᠯᠠ ᠨᠢᠷᠤᠭᠤᠳ ᠨᠠᠩ ᠬᠥᠬᠡᠷᠡᠭᠡᠳ᠂ ᠲᠠᠯ᠎ᠠ | ᠨᠤᠲᠤᠭ ᠨᠡᠩ ᠭᠤᠶᠢᠳᠠ ᠰᠠᠶᠢᠬᠠᠨ ᠪᠣᠯᠵᠤ᠂ 118.3 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠥᠷᠭᠡᠨ | ᠠᠭᠤᠳᠠᠮ ᠭᠠᠵᠠᠷ ᠨᠤᠲᠤᠭ ᠮᠠᠨᠢ ᠶᠠᠭ ᠠᠤᠭ᠎ᠠ ᠰᠦᠷᠯᠢᠭ ᠬᠥᠬᠡᠮᠳᠦᠭ ᠨᠣᠭᠤᠭᠠᠨ ᠠᠭᠤᠯᠠ ᠤᠰᠦᠨ ᠤ ᠵᠢᠷᠤᠭ ᠮᠡᠲᠦ | ᠪᠣᠯᠪᠠ᠃ | | ᠡᠨᠡ ᠪᠣᠯ ᠳᠠᠷᠤᠢ ᠥᠨᠥᠳᠥᠷ ᠤᠨ ᠥᠪᠥᠷ ᠮᠣᠩᠭᠤᠯ᠂ 2400 ᠭᠠᠷᠤᠢ ᠲᠦᠮᠡᠨ ᠦᠨᠳᠦᠰᠦᠲᠡᠨ | ᠨᠦᠭᠦᠳ ᠤᠨ ᠬᠥᠪᠡᠭᠦᠳ ᠥᠬᠢᠳ ᠤᠨ ᠦᠵᠡᠰᠬᠦᠯᠡᠩᠲᠦ ᠰᠠᠶᠢᠬᠠᠨ ᠭᠡᠷ ᠣᠷᠣᠨ᠂ ᠡᠬᠡ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠠᠮᠤᠷ ᠲᠦᠪᠰᠢᠨ ᠤ ᠬᠠᠯᠬᠠᠪᠴᠢ ᠮᠥᠨ᠃ | | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠭᠦ ᠣᠷᠣᠨ ᠤ ᠦᠨᠳᠦᠰᠦᠲᠡᠨ ᠨᠦᠭᠦᠳ | ᠤᠨ ᠺᠠᠳ᠋ᠷ ᠣᠯᠠᠨ ᠲᠦᠮᠡᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠴᠢᠷᠮᠠᠶᠢᠨ | ᠦᠢᠯᠡᠳᠦᠯᠭᠡᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠦᠲᠦᠭᠡᠨ ᠪᠠᠶᠢᠭᠤᠯᠬᠤ ᠴᠢᠬᠤᠯᠠ ᠶᠡᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠨ᠂ | ᠠᠮᠢ ᠠᠬᠤᠢ ᠶᠢ ᠬᠠᠮᠠᠭᠠᠯᠠᠬᠤ᠂ ᠪᠣᠬᠢᠷᠳᠤᠯ ᠢ ᠵᠠᠰᠠᠬᠤ᠂ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠴᠥᠬᠦᠷᠡᠰᠢ | ᠦᠭᠡᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠲᠡᠦᠬᠡᠲᠦ ᠴᠢᠨᠠᠷᠲᠠᠢ᠂ ᠡᠷᠭᠢᠯᠲᠡ | ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠬᠤ ᠶᠢ ᠠᠬᠢᠭᠤᠯᠪᠠ᠃ | | ᠬᠠᠳᠠᠨ ᠪᠠᠲᠤ ᠵᠣᠷᠢᠭ ᠢᠶᠠᠷ ᠴᠥᠬᠦᠷᠡᠰᠢ ᠦᠭᠡᠢ ᠴᠢᠷᠮᠠᠶᠢᠵᠤ ᠠᠭᠤᠯᠠ ᠲᠠᠯ᠎ᠠ ᠳᠠᠭᠠᠨ ᠤᠶᠤᠨ ᠲᠠᠮᠢᠷ ᠢᠶᠠᠨ | ᠶᠡᠭᠦᠯᠡᠪᠡ | | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠴᠦ ᠲᠡᠷᠡ᠂ ᠪᠦᠭᠦ ᠤᠯᠤᠰ ᠤᠨ ᠬᠤᠶᠠᠷ ᠬᠤᠷᠠᠯ | ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠠᠭᠠᠨ ᠴᠤ | ᠲᠡᠷᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯ ᠶᠡᠷᠦᠩᠬᠡᠢ ᠱᠦᠵᠢ ᠰᠢ ᠶᠢᠨ ᠫᠢᠩ ᠤᠨ ᠢᠮᠠᠭᠲᠠ | ᠠᠩᠬᠠᠷᠤᠯ ᠲᠠᠯᠪᠢᠵᠤ᠂ ᠲᠠᠭᠢᠨ ᠳᠠᠪᠲᠠᠨ ᠴᠢᠬᠤᠯᠠᠴᠢᠯᠠᠭᠰᠠᠨ ᠭᠤᠣᠯᠳᠠᠯᠭ᠎ᠠ ᠪᠤᠯᠬᠤ ᠶᠤᠮ᠃ | | ᠥᠪᠥᠷ ᠮᠣᠩᠭᠤᠯ ᠤᠨ ᠠᠮᠢ ᠠᠬᠤᠢ ᠶᠢᠨ ᠪᠠᠶᠢᠳᠠᠯ ᠶᠠᠮᠠᠷ ᠪᠠᠶᠢᠬᠤ ᠨᠢ ᠪᠦᠭᠦ ᠣᠷᠣᠨ ᠤ | ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠷᠣᠰᠢᠨ ᠲᠣᠭᠲᠠᠨᠢᠬᠤ ᠪᠠ ᠬᠥᠭᠵᠢᠯᠲᠡ ᠲᠠᠢ ᠬᠤᠯᠪᠣᠭᠳᠠᠬᠤ ᠪᠠᠷ | ᠪᠠᠷᠠᠬᠤ ᠦᠭᠡᠢ ᠪᠠᠰᠠ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ᠂ ᠲᠡᠷᠡᠴᠢᠯᠡᠨ | ᠪᠦᠭᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠨ᠎ᠠ᠃ ᠥᠪᠥᠷ ᠮᠣᠩᠭᠤᠯ ᠢ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠦᠲᠦᠭᠡᠨ | ᠪᠠᠶᠢᠭᠤᠯᠬᠤ ᠪᠣᠯ ᠪᠦᠭᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠵᠤ ᠲᠣᠭᠲᠠᠭᠠᠭᠰᠠᠨ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠮᠥᠨ᠂ ᠪᠠᠰᠠ ᠴᠤ ᠥᠪᠥᠷ ᠮᠣᠩᠭᠤᠯ ᠤᠨ ᠡᠷᠬᠡᠪᠰᠢ ᠤᠬᠠᠮᠰᠠᠷ ᠠᠴᠠ ᠪᠠᠨ | ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠪᠣᠯᠣᠨ᠎ᠠ᠃ 2019 ᠣᠨ ᠤ ᠪᠦᠭᠦ ᠤᠯᠤᠰ ᠤᠨ ᠬᠤᠶᠠᠷ ᠬᠤᠷᠠᠯ | ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠰᠡᠳᠬᠢᠴᠡ ᠶᠢ ᠲᠣᠳᠣᠷᠬᠠᠶᠢᠯᠠᠵᠤ ᠴᠢᠭᠯᠡᠯ ᠢ ᠵᠢᠭᠠᠵᠤ ᠥᠭᠪᠡ᠃ | | ᠣᠯᠠᠨ ᠤ ᠮᠡᠳᠡᠭᠡᠵᠢ ᠪᠠᠷ᠂ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠲᠤᠶᠢᠯ ᠤᠨ ᠬᠡᠪᠡᠷᠡᠭ | ᠪᠠᠶᠢᠵᠤ᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠤᠨ ᠲᠠᠯᠠᠪᠠᠶ ᠲᠣᠰ ᠲᠣᠰ ᠪᠦᠭᠦ ᠤᠯᠤᠰ ᠤᠨ | ᠴᠦᠯᠯᠡᠷᠭᠡᠭᠵᠢᠵᠤ ᠡᠯᠡᠰᠦᠷᠬᠡᠭᠵᠢᠭᠰᠡᠨ ᠭᠠᠵᠠᠷ ᠤᠨ 23.3% ᠪᠠ 23.7% ᠶᠢ ᠡᠵᠡᠯᠡᠵᠦ᠂ ᠪᠡᠭᠡᠵᠢᠩ ᠲᠢᠶᠠᠨᠵᠢᠨ | ᠤ ᠡᠷᠭᠢᠨ ᠲᠣᠭᠤᠷᠢᠨ ᠤ ᠰᠠᠯᠬᠢ ᠡᠯᠡᠰᠦᠨ ᠤ ᠡᠬᠢ ᠶᠢᠨ ᠨᠢᠭᠡ ᠪᠣᠯᠵᠠᠢ᠃ ᠡᠭᠦᠨ ᠤ ᠬᠠᠮᠲᠤ ᠤᠷᠳᠤ ᠬᠤᠭᠤᠴᠠᠭᠠᠨ | ᠤ ᠪᠦᠳᠦᠭᠦᠯᠢᠭ ᠬᠥᠭᠵᠢᠯᠲᠡ ᠨᠢ ᠪᠠᠰᠠ ᠮᠠᠰᠢ ᠤᠯᠠᠨ ᠠᠮᠢ ᠠᠬᠤᠢ ᠣᠷᠴᠢᠨ ᠲᠣᠭᠤᠷᠢᠨ ᠤ ᠲᠡᠦᠬᠡ ᠶᠢᠨ ᠥᠷᠢ | ᠰᠢᠷᠢ ᠶᠢ ᠪᠤᠢ ᠪᠤᠯᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ ᠪᠣᠯᠤᠭᠰᠠᠨ | ᠶᠤᠮ᠃ | | ᠥᠪᠥᠷ ᠮᠣᠩᠭᠤᠯ ᠶᠡᠭᠡ ᠲᠠᠯ᠎ᠠ ᠶᠢ ᠡᠷᠬᠢᠮᠯᠡᠵᠦ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ | ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠰᠠᠶᠢᠲᠤᠷ ᠭᠦᠢᠴᠡᠳᠬᠡᠨ᠎ᠡ᠃ | | ᠨᠢᠳᠦᠨ ᠴᠡᠴᠡᠭᠡᠢ ᠪᠠᠨ ᠬᠠᠮᠠᠭᠠᠯᠠᠬᠤ ᠰᠢᠭ᠋ ᠢᠶᠠᠷ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ᠂ ᠠᠮᠢ | ᠨᠠᠰᠤᠨ ᠳᠠᠭᠠᠨ ᠬᠠᠨᠳᠤᠬᠤ ᠰᠢᠭ᠋ ᠢᠶᠠᠷ ᠠᠮᠢ ᠠᠬᠤᠢ ᠣᠷᠴᠢᠨ ᠲᠣᠭᠤᠷᠢᠨ ᠳᠤ ᠬᠠᠨᠳᠤᠵᠤ᠂ ᠠᠵᠤ ᠠᠬᠤᠢ ᠶᠢᠨ | ᠪᠦᠲᠦᠭᠡᠨ ᠪᠠᠶᠢᠭᠤᠯᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠥᠷᠢᠴᠡᠯ ᠭᠠᠷᠬᠤ ᠳᠤ | ᠭᠦᠷᠪᠡᠯ᠂ ᠥᠴᠥᠬᠡᠨ ᠴᠤ ᠡᠷᠡᠭᠡᠯᠵᠡᠯ ᠦᠭᠡᠢ ᠪᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ | ᠲᠡᠷᠢᠭᠦᠨ ᠳᠤ ᠲᠠᠯᠪᠢᠨ᠎ᠠ᠃ | | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠲᠦᠷᠭᠡᠳᠬᠡᠨ ᠪᠦᠲᠦᠭᠡᠨ ᠪᠠᠶᠢᠭᠤᠯᠵᠤ᠂ ︽ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ︾ ᠢ | ᠨᠠᠩ ᠪᠠᠲᠤ ᠪᠠᠬᠢ᠂ ᠨᠡᠩ ᠦᠵᠡᠰᠬᠦᠯᠡᠩᠲᠦ ᠰᠠᠶᠢᠬᠠᠨ ᠪᠤᠯᠭᠠᠵᠤ ᠪᠦᠲᠦᠭᠡᠨ ᠪᠠᠶᠢᠭᠤᠯᠤᠨ᠎ᠠ᠃ | | ᠁ | | ᠡᠨᠡ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠬᠦᠴᠦᠯᠡᠨ ᠠᠬᠢᠭᠤᠯᠬᠤ ᠡᠷᠡᠰ ᠵᠣᠷᠢᠭ᠂ ᠠᠷᠠᠳ ᠤᠯᠠᠨ ᠤ ᠰᠠᠶᠢᠨ ᠰᠠᠶᠢᠬᠠᠨ ᠠᠮᠢ ᠠᠬᠤᠢ | ᠣᠷᠴᠢᠨ ᠲᠣᠭᠤᠷᠢᠨ ᠤ ᠲᠤᠬᠠᠢ ᠬᠦᠰᠡᠯ ᠡᠷᠡᠮᠡᠯᠵᠡᠯ ᠢ ᠬᠠᠩᠭᠠᠬᠤ ᠲᠥᠪ ᠴᠢᠩᠭ᠎ᠠ ᠠᠮᠠᠯᠠᠯᠲᠠ᠂ ᠨᠠᠮ ᠪᠣᠯᠣᠨ ᠤᠯᠤᠰ | ᠤᠨ ᠠᠵᠢᠯ ᠤᠨ ᠶᠡᠭᠡ ᠲᠠᠯ᠎ᠠ ᠠᠴᠠ ᠭᠠᠷᠲᠠᠭᠰᠠᠨ ᠥᠪᠥᠷ ᠮᠣᠩᠭᠤᠯ ᠤᠨ ᠦᠨᠡᠨᠴᠢ ᠰᠢᠳᠤᠷᠭᠤ ᠡᠭᠦᠷᠭᠡᠯᠡᠯ ᠶᠤᠮᠰᠠᠨ᠃ | | | ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠪᠠ᠃ | ᠪᠦᠭᠦ ᠣᠷᠣᠨ ᠤ 50% ᠭᠠᠷᠤᠢ ᠶᠢᠨ ᠨᠤᠲᠤᠭ ᠳᠡᠪᠢᠰᠬᠡᠷ ᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ ᠳᠤ ᠬᠤᠪᠢᠶᠠᠷᠢᠯᠠᠨ ᠣᠷᠣᠭᠤᠯᠵᠤ᠂ 72% ᠤᠨ ᠭᠠᠵᠠᠷ ᠨᠤᠲᠤᠭ ᠢ ᠠᠮᠢ ᠠᠬᠤᠢ ᠶᠢᠨ ᠣᠷᠣᠨ ᠵᠠᠢ ᠳᠤ | ᠬᠤᠪᠢᠶᠠᠷᠢᠯᠠᠨ ᠣᠷᠣᠭᠤᠯᠵᠤ᠂ ᠤᠯᠠᠭᠠᠨ ᠱᠤᠭᠤᠮ ᠤᠨ ᠬᠦᠷᠢᠶ᠎ᠡ ᠬᠡᠪᠴᠢᠶᠡᠨ ᠳᠤ ᠪᠠᠶᠢᠭᠠᠯᠢ ᠶᠢᠨ ᠠᠮᠢ ᠠᠬᠤᠢ ᠶᠢᠨ | ᠲᠡᠩᠴᠡᠭᠦᠷᠢ ᠶᠢ ᠡᠪᠳᠡᠭᠰᠡᠨ ᠨᠡᠭᠡᠭᠡᠯᠲᠡ ᠬᠢᠬᠦ ᠦᠭᠡᠢ᠂ ᠣᠷᠴᠢᠨ ᠲᠣᠭᠤᠷᠢᠨ ᠤ ᠳᠠᠭᠠᠭᠠᠴᠠ ᠠᠴᠠ ᠬᠡᠲᠦᠷᠡᠭᠰᠡᠨ | ᠪᠠᠷᠢᠯᠭ᠎ᠠ ᠪᠠᠶᠢᠭᠤᠯᠬᠤ ᠦᠭᠡᠢ᠂ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ ᠲᠥᠷᠥᠯ ᠵᠦᠢᠯ ᠢ ᠪᠦᠲᠦᠭᠡᠨ | ᠪᠠᠶᠢᠭᠤᠯᠬᠤ ᠦᠭᠡᠢ ᠪᠠᠶᠢᠵᠤ᠂ ᠡᠨᠧᠷᠭᠢ ᠶᠡᠭᠡ ᠬᠤᠷᠣᠭᠳᠠᠭᠤᠯᠬᠤ᠂ ᠪᠣᠬᠢᠷᠳᠤᠯ ᠶᠡᠭᠡ ᠭᠠᠳᠠᠭᠰᠢᠯᠠᠭᠤᠯᠬᠤ᠂ ᠳᠣᠣᠷ᠎ᠠ | ᠲᠦᠪᠰᠢᠨ ᠲᠠᠢ ᠲᠥᠷᠥᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠲᠡᠪᠴᠢᠪᠡ᠃ | | ᠬᠢᠲᠤᠭᠠᠨ ᠢᠷ ᠢ ᠳᠣᠲᠣᠭᠰᠢ ᠪᠠᠨ ᠬᠠᠨᠳᠤᠭᠤᠯᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠪᠡ᠃ | ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ᠂ ᠠᠭᠠᠷ ᠮᠠᠨᠳᠠᠯ ᠤᠨ | ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ᠂ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ᠂ ᠨᠤᠭᠤ | ᠭᠠᠵᠠᠷ ᠢ ᠬᠠᠮᠠᠭᠠᠯᠠᠬᠤ ᠳᠦᠷᠢᠮ ᠵᠡᠷᠭᠡ ᠶᠢ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠤᠷᠢᠨ ᠢ ᠡᠪᠳᠡᠭᠰᠡᠨ | ᠠᠵᠢᠯᠯᠠᠭ᠎ᠠ ᠳᠤ ᠥᠴᠥᠬᠡᠨ ᠴᠦ ᠢᠯᠳᠠᠷ ᠬᠠᠶᠠᠭᠰᠠᠨ ᠥᠭᠡᠶ; ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ | ᠶᠢᠨ ᠨᠢᠭᠡ ᠪᠢᠯᠧᠲ ᠢᠶᠠᠷ ᠦᠭᠡᠶᠢᠰᠭᠡᠭᠦ ᠳᠦᠷᠢᠮ ᠢ ᠬᠡᠷᠡᠭᠵᠢᠭᠦᠯᠵᠦ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠳᠤ ᠴᠥᠮ ᠨᠠᠷᠢᠨ ᠳᠠᠩᠰᠠ ᠭᠠᠷᠭᠠᠨ | ᠰᠢᠢᠳᠪᠦᠷᠢᠯᠡᠵᠦ᠂ ᠬᠠᠷᠢᠭᠤᠴᠠᠯᠭ᠎ᠠ ᠨᠡᠬᠡᠮᠵᠢᠯᠡᠬᠦ ᠭᠡᠯᠪᠡᠷᠢ ᠶᠢᠨ ᠴᠡᠭᠴᠡᠯᠡᠨ ᠵᠠᠰᠠᠯᠲᠠ ᠶᠢ ᠭᠡᠷᠡᠭᠵᠢᠭᠦᠯᠪᠡ; ᠲᠤᠰᠢᠶᠠᠯ | ᠠᠴᠠ ᠪᠠᠨ ᠰᠠᠯᠬᠤ ᠦᠶ᠎ᠡ ᠳᠤ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠢᠨᠠᠨ ᠪᠣᠳᠣᠯᠲᠠ ᠬᠢᠵᠦ᠂ | ᠠᠮᠢ ᠠᠬᠤᠢ ᠣᠷᠴᠢᠨ ᠲᠣᠭᠤᠷᠢᠨ ᠢ ᠬᠤᠬᠢᠷᠠᠭᠤᠯᠤᠭᠰᠠᠨ ᠶᠠᠪᠤᠳᠠᠯ ᠳᠤ ᠬᠠᠷᠢᠭᠤᠴᠠᠯᠭ᠎ᠠ ᠡᠭᠦᠷᠭᠡᠯᠡᠬᠦ ᠤᠳᠤᠷᠢᠳᠬᠤ | ᠺᠠᠳ᠋ᠷ ᠠᠴᠠ ᠠᠵᠢᠯ ᠰᠢᠯᠵᠢᠭᠰᠡᠨ᠂ ᠳᠡᠪᠰᠢᠭᠰᠡᠨ ᠪᠤᠶᠤ ᠠᠵᠢᠯ ᠠᠴᠠ ᠪᠠᠨ ᠠᠮᠠᠷᠠᠭᠰᠠᠨ ᠡᠰᠡᠬᠦ ᠶᠢ ᠨᠢ ᠢᠯᠭᠠᠯ ᠦᠭᠡᠢ | ᠴᠥᠮ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠪᠠᠷ ᠲᠣᠭᠲᠠᠵᠠᠢ᠃ | | ᠬᠦᠴᠢᠷ ᠪᠡᠷᠬᠡᠰᠢᠶᠡᠯ ᠢ ᠢᠯᠠᠨ ᠳᠠᠪᠠᠵᠤ ᠬᠦᠴᠦᠲᠡᠢ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠶᠡᠭᠡ ᠬᠢᠩᠭᠠᠨ | ᠳᠠᠪᠠᠭ᠎ᠠ ᠶᠢᠨ ᠰᠢᠭᠤᠶᠢᠲᠤ ᠣᠷᠣᠨ ᠳᠤ ︽ᠰᠦᠬᠡ ᠪᠠᠨ ᠡᠯᠭᠦᠨ ᠬᠢᠷᠦᠭᠡ ᠪᠠᠨ ᠬᠤᠷᠢᠶᠠᠬᠤ︾᠂ ᠮᠤᠤᠠᠤᠰᠤ ᠶᠢᠨ | ᠡᠯᠡᠰᠦᠷᠬᠡᠭ ᠭᠠᠵᠠᠷ᠂ ᠬᠤᠷᠴᠢᠨ ᠤ ᠡᠯᠡᠰᠦᠷᠬᠡᠭ ᠭᠠᠵᠠᠷ ᠪᠠ ᠬᠥᠯᠥᠨ ᠪᠤᠶᠢᠷ ᠤᠨ ᠡᠯᠡᠰᠦᠷᠬᠡᠭ ᠭᠠᠵᠠᠷ ᠵᠡᠷᠭᠡ | ᠭᠤᠣᠯᠳᠠᠯᠭ᠎ᠠ ᠲᠠᠢ ᠡᠯᠡᠰᠦ ᠮᠠᠩᠬ᠎ᠠ᠂ ᠡᠯᠡᠰᠦᠷᠬᠡᠭ ᠭᠠᠵᠠᠷ ᠲᠤ ︽ᠭᠦᠪᠡᠭᠡ ᠵᠠᠬ᠎ᠠ ᠶᠢ ᠨᠢ ᠡᠮᠵᠢᠶᠡᠷᠢᠯᠡᠨ | ᠨᠣᠭᠤᠭᠠᠷᠠᠭᠤᠯᠬᠤ︾ ᠠᠷᠭ᠎ᠠ ᠬᠡᠮᠵᠢᠶ᠎ᠡ ᠶᠢ ᠠᠪᠤᠪᠠ; ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠪᠠᠷ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ | ᠬᠥᠯᠥᠨ ᠨᠠᠭᠤᠷ᠂ ᠳᠠᠭ᠎ᠠ ᠶᠢᠨ ᠨᠠᠭᠤᠷ᠂ ᠤᠯᠠᠭᠠᠨᠰᠤᠬᠠᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠪᠦᠭᠦ ᠬᠦᠴᠦᠨ ᠢᠶᠠᠷ | ᠢᠶᠠᠨ ᠠᠭᠢᠭᠤᠯᠪᠠ; ᠪᠠᠶᠢᠭᠠᠯᠢ ᠶᠢᠨ ᠤᠢ ᠶᠢ ᠬᠠᠮᠠᠭᠠᠯᠠᠬᠤ᠂ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠰᠠᠯᠬᠢ | ᠡᠯᠡᠰᠦᠨ ᠤ ᠡᠬᠢ ᠶᠢ ᠵᠠᠰᠠᠬᠤ ᠵᠡᠷᠭᠡ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠭᠦᠨᠵᠡᠭᠡᠢ | ᠬᠡᠷᠡᠭᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ | ᠠᠭᠢᠭᠤᠯᠪᠠ; ᠬᠠᠲᠤᠨ ᠭᠤᠣᠯ ᠤᠨ ᠶᠡᠭᠡ ᠬᠠᠮᠠᠭᠠᠯᠠᠯᠲᠠ ᠶᠡᠭᠡ ᠵᠠᠰᠠᠯᠲᠠ ᠶᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠨᠠᠩ ᠥᠨᠳᠥᠷ ᠪᠠᠷᠢᠮᠵᠢᠶ᠎ᠠ ᠪᠠᠷ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ | ᠬᠠᠮᠠᠭᠠᠯᠠᠬᠤ ᠭᠤᠷᠪᠠᠨ ᠶᠡᠭᠡ ᠳᠠᠶᠢᠯᠠᠯᠳᠤᠭᠠᠨ ᠢ ᠰᠠᠶᠢᠲᠤᠷ ᠭᠢᠪᠡ; ᠠᠭᠤᠷᠬᠠᠢ ᠶᠢᠨ ᠣᠷᠣᠨ ᠤ ᠠᠮᠢ ᠠᠬᠤᠢ ᠶᠢ | ᠵᠠᠰᠠᠨ ᠰᠡᠷᠭᠦᠭᠡᠬᠦ ᠡᠷᠴᠢᠮ ᠢ ᠴᠢᠩᠭᠠᠷᠠᠭᠤᠯᠪᠠ; ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ | ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠪᠡ᠃ | | ᠬᠠᠳᠠᠨ ᠪᠠᠲᠤ ᠵᠣᠷᠢᠭ ᠢᠶᠠᠷ ᠴᠥᠬᠦᠷᠡᠰᠢ ᠦᠭᠡᠢ ᠴᠢᠷᠮᠠᠶᠢᠨ᠂ ᠬᠦᠴᠦᠨ ᠪᠦᠬᠦᠢ ᠠᠷᠭ᠎ᠠ ᠬᠡᠮᠵᠢᠶ᠎ᠡ ᠶᠢ ᠨᠢᠭᠡᠳ | ᠨᠢᠭᠡ ᠪᠠᠷ ᠪᠣᠳᠠᠲᠠᠢ ᠳᠤ ᠨᠠᠶᠢᠳᠠᠪᠤᠷᠢᠵᠢᠭᠤᠯᠵᠤ᠂ ᠠᠭᠤᠯᠠ ᠲᠠᠯ᠎ᠠ ᠳᠠᠭᠠᠨ ᠤᠶᠤᠨ ᠲᠠᠮᠢᠷ ᠢᠶᠠᠨ ᠶᠡᠭᠦᠯᠡᠭᠰᠡᠨ ᠠᠴᠠ | ᠥᠪᠥᠷ ᠮᠣᠩᠭᠤᠯ ᠤᠨ ᠡᠬᠡ ᠭᠠᠵᠠᠷ ᠨᠣᠮᠢᠨ ᠨᠣᠭᠤᠭᠠᠨ ᠢᠶᠠᠷ ᠬᠤᠴᠢᠭᠳᠠᠪᠠ᠃ | | ᠨᠤᠭᠤᠷᠠᠰᠢ ᠦᠭᠡᠢ ᠵᠣᠷᠢᠭ ᠢᠶᠠᠷ ᠦᠨᠡᠨ ᠪᠣᠳᠠᠲᠠᠢ ᠠᠵᠢᠯᠯᠠᠵᠤ ᠨᠣᠮᠢᠨ ᠳᠣᠯᠭᠢᠶᠠᠨ ᠬᠠᠶᠠᠯᠠᠭᠤᠯᠤᠭᠰᠠᠨ ᠠᠮᠢ | ᠠᠬᠤᠢ ᠶᠢᠨ ᠭᠠᠶᠢᠬᠠᠮᠰᠢᠭ ᠢ ᠪᠢᠴᠢᠭᠯᠡᠪᠡ | | ᠠᠯᠠᠱᠠ ᠵᠡᠭᠦᠨ ᠬᠤᠰᠢᠭᠤᠨ ᠤ ᠵᠡᠭᠦᠨ ᠪᠡᠯ ᠳᠠᠬᠢ ᠵᠠᠭᠤᠨ ᠲᠦᠮᠡᠨ ᠮᠦ ᠶᠢᠨ ᠵᠠᠭ ᠤᠨ ᠤᠢ ᠶᠢᠨ ᠰᠠᠭᠤᠷᠢᠨ | ᠳᠤ ᠭᠦᠪᠡᠭᠡ ᠬᠢᠵᠠᠭᠠᠷ ᠨᠢ ᠬᠠᠷᠠᠭᠳᠠᠬᠤ ᠦᠭᠡᠢ ᠵᠠᠭ ᠤᠨ ᠤᠢ ᠤᠯᠠᠭᠠᠨᠪᠤᠬ᠎ᠠ ᠶᠢᠨ ᠡᠯᠡᠰᠦᠨ ᠭᠦᠨ ᠳᠤ ᠭᠦᠷᠲᠡᠯ᠎ᠡ | ᠦᠷᠭᠦᠯᠵᠢᠯᠡᠨ᠎ᠡ᠃ | | ᠵᠡᠭᠦᠨ ᠪᠠᠯ ᠪᠠᠯᠭᠠᠰᠤ ᠤᠯᠠᠭᠠᠨᠪᠤᠬ᠎ᠠ ᠶᠢᠨ ᠡᠯᠡᠰᠦ ᠶᠢᠨ ᠡᠮᠦᠨ᠎ᠡ ᠵᠠᠬ᠎ᠠ ᠪᠠᠷ ᠪᠠᠶᠢᠷᠢᠯᠠᠨ᠂ ᠥᠩᠭᠡᠷᠡᠭᠰᠡᠨ | ᠨᠢᠭᠡᠨ ᠦᠶ᠎ᠡ ᠳᠤ ᠡᠯᠡᠰᠦ ᠮᠠᠩᠬ᠎ᠠ ᠨᠢ ᠦᠬᠠᠢ - ᠵᠢᠷᠠᠲᠠᠢ ᠬᠦᠷᠬᠦ ᠲᠡᠮᠦᠷ ᠵᠠᠮ ᠢ ᠳᠠᠪᠠᠭᠠᠳ ᠠᠯᠠᠱᠠ ᠠᠭᠤᠯᠠᠨ ᠳᠤ | ᠰᠢᠭᠤᠳ ᠰᠦᠷᠳᠡᠭᠦᠯᠦᠯ ᠤᠴᠠᠷᠠᠭᠤᠯᠤᠭᠰᠠᠨ ᠠᠵᠢ᠃ 2012 ᠣᠨ ᠳᠤ᠂ ᠠᠯᠠᠱᠠ ᠵᠡᠭᠦᠨ ᠬᠤᠰᠢᠭᠤ ᠵᠠᠭᠤᠨ | ᠲᠦᠮᠡᠨ ᠮᠦ ᠶᠢᠨ ᠵᠠᠭ ᠤᠨ ᠤᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠵᠡᠭᠦᠨ | ᠪᠡᠯ ᠳᠤ ᠵᠠᠭ ᠮᠣᠳᠣ ᠶᠢᠨ ᠨᠣᠮᠢᠨ ᠨᠣᠭᠤᠭᠠᠨ ︽ᠣᠷᠳᠣ ᠴᠠᠭᠠᠨ ᠬᠡᠷᠡᠮ︾ ᠢ ᠪᠠᠶᠢᠭᠤᠯᠤᠨ᠂ ᠤᠯᠠᠭᠠᠨᠪᠤᠬ᠎ᠠ ᠶᠢᠨ | ᠭᠠᠯᠵᠠᠭᠤ ᠡᠯᠡᠰᠦ ᠶᠢᠨ ᠠᠯᠠᠱᠠ ᠠᠭᠤᠯᠠ ᠵᠦᠭ ᠲᠦᠷᠢᠨ ᠣᠷᠣᠬᠤ ᠶᠢ ᠡᠷᠡᠰ ᠬᠤᠷᠢᠭᠯᠠᠪᠠ᠃ | | ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠡᠮᠦᠨ᠎ᠡ ᠵᠠᠬ᠎ᠠ ᠶᠢᠨ ᠲᠤᠯᠤᠨ ᠨᠤᠤᠷ ᠰᠢᠶᠠᠨ ᠤ | ᠬᠤᠶᠠᠳᠤᠭᠠᠷ ᠡᠯᠡᠰᠦᠨ ᠪᠦᠰᠡ ᠶᠢᠨ ᠣᠷᠣᠨ ᠳᠤ ᠥᠩᠭᠡᠷᠡᠭᠰᠡᠨ ᠤ ᠨᠡᠯᠦᠭᠡᠷ ᠡᠯᠡᠰᠦ ᠤᠳᠤ ᠨᠣᠭᠤᠭᠠᠨ ᠪᠦᠷᠢᠳᠦ | ᠪᠣᠯᠵᠤ ᠬᠤᠪᠢᠷᠠᠪᠠ᠃ ᠬᠥᠮᠥᠨ ᠤ ᠬᠦᠴᠦ ᠪᠠᠷ ᠲᠠᠷᠢᠵᠤ ᠣᠶᠢᠵᠢᠭᠤᠯᠤᠭᠰᠠᠨ ᠵᠠᠭᠤᠨ ᠲᠦᠮᠡᠨ ᠮᠦ ᠬᠠᠶᠢᠯᠠᠷ | ᠨᠠᠷᠠᠰᠤᠨ ᠤᠢ ᠨᠢ ᠬᠠᠮᠠᠷ ᠬᠠᠳᠬᠤᠬᠤ ᠡᠪᠡᠰᠦ ᠦᠭᠡᠢ ᠨᠡᠯᠦᠶᠢᠮᠡ ᠡᠯᠡᠰᠦ ᠶᠢ ᠬᠤᠪᠢᠷᠠᠭᠤᠯᠤᠭᠰᠠᠨ ᠢᠶᠠᠷ ᠪᠠᠷᠠᠬᠤ | ᠦᠭᠡᠢ᠂ 180 ᠺᠢᠯᠣᠮᠧᠲᠷ ᠤᠨ ᠴᠠᠭᠠᠨᠠᠬᠢ ᠨᠡᠶᠢᠰᠯᠡᠯ ᠪᠡᠭᠡᠵᠢᠩ ᠢ ᠬᠠᠮᠠᠭᠠᠯᠠᠵᠤ ᠰᠠᠯᠬᠢ ᠡᠯᠡᠰᠦ ᠶᠢ ᠬᠠᠯᠬᠠᠯᠠᠬᠤ | ᠨᠣᠭᠤᠭᠠᠨ ᠬᠠᠯᠬᠠᠪᠴᠢ ᠪᠣᠯᠤᠭᠰᠠᠨ ᠪᠢᠯᠡ᠃ | | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠨᠡᠶᠢᠲᠡ 1.22 | ᠳ᠋ᠦᠩᠰᠢᠭᠤᠷ ᠮᠦ ᠭᠠᠵᠠᠷ ᠢ ᠣᠶᠢᠵᠢᠭᠤᠯᠤᠨ᠂ 2.86 ᠳ᠋ᠦᠩᠰᠢᠭᠤᠷ ᠮᠦ ᠡᠪᠡᠰᠦ ᠳᠠᠷᠢᠵᠤ᠂ ᠵᠢᠯ ᠳᠤᠮᠳᠠᠴᠢ ᠶᠢᠨ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠲᠠᠯᠠᠪᠠᠶ 1200 ᠲᠦᠮᠡᠨ ᠮᠦ ᠶᠢ ᠳᠠᠪᠠᠨ᠂ ᠬᠡᠪᠴᠢᠶ᠎ᠡ ᠪᠠᠷ | ᠴᠥᠮ ᠪᠦᠭᠦ ᠤᠯᠤᠰ ᠲᠤ ᠲᠦᠷᠦᠭᠦᠯᠡᠵᠦ᠂ ᠪᠦᠭᠦ ᠣᠷᠣᠨ ᠤ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ | ᠪᠠ ᠣᠶ ᠰᠢᠭᠤᠢ ᠶᠢᠨ ᠪᠦᠷᠬᠦᠴᠡ ᠲᠣᠰ ᠲᠣᠰ 40.3% ᠪᠠ 20.8% ᠪᠠᠶᠢᠭᠰᠠᠨ ᠠᠴᠠ ᠪᠠᠨ 45% ᠪᠠ | 23% ᠪᠣᠯᠵᠤ ᠳᠡᠭᠡᠭᠰᠢᠯᠡᠨ᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠤᠨ ᠲᠠᠯᠠᠪᠠᠶ ᠦᠷᠭᠦᠯᠵᠢᠯᠡᠨ | ᠪᠠᠭᠠᠰᠴᠤ᠂ ᠡᠯᠡᠰᠦᠨ ᠰᠢᠭᠤᠷᠭ᠎ᠠ ᠲᠠᠢ ᠡᠳᠦᠷ ᠤᠨ ᠲᠤᠭ᠎ᠠ ᠵᠢᠯ ᠪᠦᠷᠢ 4.9 ᠡᠳᠦᠷ ᠪᠠᠶᠢᠭᠰᠠᠨ ᠠᠴᠠ ᠪᠠᠨ 0.6 | ᠡᠳᠦᠷ ᠪᠣᠯᠵᠤ ᠪᠠᠭᠠᠰᠪᠠ᠃ | | ᠠᠮᠵᠢᠯᠲᠠ ᠪᠦᠲᠦᠮᠵᠢ ᠶᠢᠨ ᠠᠷᠤ ᠳᠤ ᠨᠤᠭᠤᠷᠠᠰᠢ ᠦᠭᠡᠢ ᠵᠣᠷᠢᠭ ᠰᠠᠨᠠᠭᠠᠨ ᠤ ᠬᠦᠴᠦᠨ᠂ ᠦᠨᠡᠨ ᠪᠣᠳᠠᠲᠠᠢ | ᠠᠵᠢᠯᠯᠠᠵᠤ ᠴᠥᠬᠦᠷᠡᠰᠢ ᠦᠭᠡᠢ ᠲᠡᠮᠡᠴᠡᠭᠰᠡᠨ ᠰᠢᠷᠭᠠᠭᠤ ᠭᠦᠳᠡᠯᠮᠤᠷᠢ ᠨᠢᠭᠤᠭᠳᠠᠵᠤ ᠪᠤᠢ᠃ | | ᠡᠨᠡ ᠵᠢᠯ ᠤᠨ 9 ᠰᠠᠷ᠎ᠠ ᠶᠢᠨ 7 ᠤ ᠡᠳᠦᠷ᠂ ᠲᠥᠪ ᠤᠨ ᠤᠬᠠᠭᠤᠯᠬᠤ ᠬᠡᠯᠲᠡᠰ ᠪᠣᠯᠣᠨ ᠤᠯᠤᠰ ᠤᠨ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠩᠬᠠᠳᠤᠭᠠᠷ ᠬᠤᠭᠤᠴᠠᠭᠠᠨ ᠤ ︽ᠡᠬᠡ ᠪᠠᠶᠢᠭᠠᠯᠢ ᠶᠢᠨ ᠰᠠᠬᠢᠨ | ᠬᠠᠮᠠᠭᠠᠯᠠᠭᠴᠢ︾ ᠶᠢᠨ ᠲᠡᠷᠢᠭᠦᠨ ᠤ ᠦᠶᠯᠡ ᠠᠵᠢᠯᠯᠠᠭ᠎ᠠ ᠶᠢ ᠨᠡᠶᠢᠭᠡᠮ ᠨᠡᠶᠢᠲᠡ ᠳᠤ ᠨᠡᠶᠢᠲᠡᠯᠡᠵᠦ᠂ ᠤᠯᠠᠭᠠᠨᠴᠠᠪ | ᠬᠤᠲᠠ ᠶᠢᠨ ᠰᠢᠩ ᠾᠧ ᠰᠢᠶᠠᠨ ᠤ ᠰᠤᠮᠤᠨ ᠠᠭᠤᠯᠠ ᠣᠶ ᠰᠢᠭᠤᠢ ᠶᠢᠨ ᠲᠠᠯᠠᠪᠠᠶ ᠶᠢᠨ ᠤᠤᠯ ᠤᠨ ᠳᠠᠷᠤᠭ᠎ᠠ | ᠳ᠋ᠦᠩ ᠬᠤᠩ ᠷᠦ᠋ ᠡᠨᠡ ᠬᠦ ᠢᠷᠠᠭᠤ ᠠᠯᠳᠠᠷ ᠢ ᠭᠦᠷᠳᠡᠪᠡ᠃ | | 60 ᠭᠠᠷᠤᠢ ᠵᠢᠯ ᠤᠨ ᠡᠮᠦᠨ᠎ᠡ᠂ 18 ᠨᠠᠰᠤᠲᠠᠢ ᠳ᠋ᠦᠩ ᠬᠤᠩ ᠷᠦ᠋ ᠰᠤᠮᠤᠨ ᠠᠭᠤᠯᠠ ᠶᠢᠨ ᠤᠢ | ᠬᠠᠮᠠᠭᠠᠯᠠᠬᠤ ᠥᠷᠲᠡᠭᠡᠨ ᠤ ᠤᠢ ᠬᠠᠮᠠᠭᠠᠯᠠᠭᠴᠢ ᠪᠣᠯᠪᠠ᠃ ᠲᠡᠭᠦᠨ ᠠᠴᠠ ᠡᠬᠢᠯᠡᠨ ᠮᠣᠳᠣ ᠲᠠᠷᠢᠵᠤ ᠤᠢ ᠰᠢᠭᠤᠢ ᠶᠢ | ᠬᠠᠮᠠᠭᠠᠯᠠᠬᠤ ᠨᠢ ᠲᠡᠭᠦᠨ ᠤ ᠥᠨᠢᠳᠡ ᠶᠢᠨ ᠦᠢᠯᠡᠰ ᠪᠣᠯᠤᠭᠰᠠᠨ ᠶᠤᠮ᠃ ᠲᠡᠷᠡ ᠣᠢ ᠰᠢᠭᠤᠢ ᠶᠢᠨ ᠲᠠᠯᠠᠪᠠᠢ ᠶᠢᠨ | ᠠᠵᠢᠯᠲᠠᠨ ᠨᠠᠷ ᠲᠠᠢ ᠬᠠᠮᠲᠤ ᠮᠣᠳᠣᠨ ᠴᠢᠬᠢ ᠶᠢ ᠲᠡᠪᠡᠷᠢ ᠲᠡᠪᠡᠷᠢ ᠪᠠᠷ ᠡᠭᠦᠷᠦᠨ ᠰᠤᠮᠤᠨ ᠠᠭᠤᠯᠠᠨ ᠤ ᠭᠤᠤ | ᠭᠠᠩᠭ᠎ᠠ ᠶᠢ ᠳᠤᠭᠤᠯᠵᠤ᠂ ᠥᠯᠥᠰᠪᠡᠯ ᠬᠦᠢᠲᠡᠨ ᠬᠦᠨᠡᠰᠦ ᠪᠠᠨ ᠵᠠᠵᠢᠯᠤᠨ ᠴᠠᠩᠭᠠᠪᠠᠯ ᠪᠤᠯᠠᠭ ᠤᠨ ᠤᠰᠤ ᠵᠠᠯᠭᠢᠯᠠᠵᠤ᠂ | ᠰᠥᠨᠢ ᠳᠡᠭᠡᠨ ᠳᠦᠭᠦᠮ ᠮᠠᠶᠢᠬᠠᠨ ᠳᠤ ᠬᠤᠨᠣᠭᠯᠠᠨ᠂ 40 ᠭᠠᠷᠤᠢ ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ | ᠲᠠᠮᠵᠢᠨ ᠰᠤᠮᠤᠨ ᠠᠭᠤᠯᠠᠨ ᠳᠤ ᠤᠮᠠᠷᠠᠲᠤ ᠣᠷᠣᠨ ᠳᠠᠬᠢ ᠬᠠᠮᠤᠭ ᠤᠨ ᠲᠣᠮᠣ ᠲᠠᠯᠠᠪᠠᠢ ᠪᠦᠬᠦᠢ ᠲᠠᠷᠢᠮᠠᠯ ᠣᠢ | ᠰᠢᠭᠤᠢ ᠶᠢ ᠣᠶᠢᠵᠢᠭᠤᠯᠤᠭᠰᠠᠨ ᠠᠵᠢ᠃ | | ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠠᠬᠢᠴᠠ ᠳᠤᠮᠳᠠ | ᠳ᠋ᠦᠩ ᠬᠤᠩ ᠷᠦ᠋ ᠰᠢᠭ ᠡᠯᠡᠰᠦ ᠮᠠᠩᠬ᠎ᠠ ᠶᠢ ᠵᠠᠰᠠᠵᠤ ᠮᠣᠳᠣ ᠲᠠᠷᠢᠵᠤ ᠣᠶᠢᠵᠢᠭᠤᠯᠤᠭᠰᠠᠨ ᠡᠭᠡᠯ ᠵᠢᠷ ᠤᠨ ᠪᠠᠭᠠᠲᠤᠷ | ᠲᠤᠭ᠎ᠠ ᠲᠣᠮᠰᠢ ᠦᠭᠡᠢ ᠤᠯᠠᠨ ᠴᠣᠯᠭᠤᠷᠠᠵᠠᠢ᠃ ᠪᠣᠷᠤᠯᠳᠠᠢ ᠠᠴᠠ ᠸᠠᠩ ᠭᠦᠸᠧ ᠰᠢᠶᠠᠩ᠂ ᠶᠢᠨ ᠢᠦᠢ ᠵᠧᠨ᠂ | ᠸᠠᠩ ᠸᠧᠨ ᠪᠢᠶᠣᠣ ᠭᠦᠷᠲᠡᠯ᠎ᠡ᠂ ᠶᠡᠷᠡᠭᠡᠳ ᠣᠨ ᠳᠤ ᠲᠦᠷᠦᠭᠰᠡᠨ ᠯᠢ ᠰᠢᠶᠠᠩ ᠷᠦ᠋ ᠭᠦᠷᠲᠡᠯ᠎ᠡ᠂ ᠦᠶ᠎ᠡ ᠦᠶ᠎ᠡ ᠶᠢᠨ | ᠡᠯᠡᠰᠦ ᠵᠠᠰᠠᠭᠴᠢᠳ ᠡᠯᠡᠰᠦᠨ ᠴᠦᠯ ᠲᠠᠢ ᠲᠠᠶᠢᠨ ᠵᠠᠷᠯᠠᠨ ᠭᠠᠯᠵᠠᠭᠤ ᠡᠯᠡᠰᠦ ᠶᠢ ᠨᠣᠭᠲᠣᠯᠠᠵᠤ᠂ ᠨᠡᠯᠦᠭᠡᠷ ᠶᠡᠭᠡ | ᠡᠯᠡᠰᠦᠨ ᠴᠦᠯ ᠳᠤ ᠨᠣᠭᠤᠭᠠᠨ ᠬᠦᠰᠡᠯ ᠬᠥᠪᠥᠷᠡᠭᠦᠯᠦᠨ᠂ ︽ᠦᠬᠦᠯ ᠤᠨ ᠲᠠᠯᠠᠢ︾ ᠶᠢ ᠨᠣᠮᠢᠨ ᠨᠣᠭᠤᠭᠠᠨ ᠭᠡᠷ | ᠣᠷᠣᠨ ᠪᠣᠯᠭᠠᠨ ᠴᠣᠭᠴᠠᠯᠠᠪᠠ᠃ | | ᠰᠦᠬᠡ ᠨᠠᠰᠤᠲᠠᠨ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠠᠮᠤᠷ ᠲᠠᠪᠠᠲᠠᠢ ᠬᠤᠳᠠ ᠶᠢᠨ ᠠᠮᠢᠳᠤᠷᠠᠯ | ᠢᠶᠠᠨ ᠤᠷᠭᠢᠵᠤ᠂ ᠭᠡᠷ ᠤᠨ ᠬᠥᠮᠥᠰ ᠲᠠᠢ ᠪᠠᠨ ᠰᠠᠯᠬᠢ ᠬᠠᠤᠭᠢᠨ ᠡᠯᠡᠰᠦ ᠰᠢᠭᠤᠷᠤᠭᠰᠠᠨ ᠠᠯᠠᠱᠠ ᠶᠢᠨ ᠡᠯᠡᠰᠦᠨ | ᠴᠦᠯ ᠳᠤ 500 ᠮᠧᠲᠷ ᠥᠷᠭᠡᠨ᠂ 3 ᠺᠢᠯᠣᠮᠧᠲᠷ ᠤᠷᠳᠤ ᠨᠣᠭᠤᠭᠠᠨ ᠬᠤᠩᠭᠢᠯ ᠪᠠᠶᠢᠭᠤᠯᠤᠭᠰᠠᠨ ᠢ ᠬᠥᠮᠥᠰ | ᠮᠠᠷᠲᠠᠬᠤ ᠦᠭᠡᠢ; ︽ᠲᠠᠯ᠎ᠠ ᠨᠤᠲᠤᠭ ᠤᠨ ᠬᠥᠪᠡᠭᠦᠨ︾ ᠲᠢᠩ ᠪᠠᠭᠠᠲᠤᠷ ᠬᠤᠲᠠ ᠳᠤ ᠪᠤᠴᠠᠬᠤ ᠠᠵᠠ ᠲᠣᠭᠢᠶᠠᠯ | ᠢᠶᠠᠨ ᠪᠤᠰᠤᠳ ᠲᠤ ᠥᠭᠭᠦᠭᠡᠳ ᠪᠤᠶᠢᠳᠠ ᠪᠥᠭᠯᠡᠭᠦᠦ ᠮᠠᠯᠵᠢᠬᠤ ᠣᠷᠣᠨ ᠳᠤ ᠨᠤᠲᠤᠭᠰᠢᠵᠤ᠂ ᠪᠡᠯᠴᠢᠭᠡᠷ ᠤᠨ | ᠳᠠᠭᠠᠭᠠᠴᠠ ᠠᠴᠠ ᠬᠡᠲᠦᠷᠡᠲᠡᠯ᠎ᠡ ᠮᠠᠯᠵᠢᠭᠰᠠᠨ ᠠᠴᠠ ᠨᠤᠲᠤᠭ ᠤᠰᠤ ᠨᠢ ᠡᠯᠡᠰᠦᠷᠬᠡᠭᠵᠢᠨ ᠮᠠᠭᠤᠳᠠᠵᠤ ᠡᠬᠢᠯᠡᠭᠰᠡᠨ ᠳᠤ | ᠲᠡᠷᠡ ᠮᠠᠯᠴᠢᠳ ᠢ ᠳᠠᠭᠠᠭᠤᠯᠤᠨ ᠨᠤᠲᠤᠭ ᠪᠡᠯᠴᠢᠭᠡᠷ ᠢᠶᠠᠨ ᠬᠡᠰᠡᠭᠯᠡᠨ ᠰᠡᠯᠭᠦᠨ ᠮᠠᠯᠵᠢᠵᠤ᠂ ᠠᠮᠢ ᠠᠬᠤᠢ ᠶᠢ | ᠰᠠᠶᠢᠵᠢᠷᠠᠭᠤᠯᠬᠤ᠂ ᠮᠠᠯ ᠠᠵᠤ ᠠᠬᠤᠢ ᠶᠢ ᠬᠥᠭᠵᠢᠭᠦᠯᠬᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠵᠠᠮ ᠢ | ᠬᠠᠶᠢᠨ ᠰᠦᠪᠡᠭᠴᠢᠯᠡᠪᠡ ᠁ | | ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠰᠢᠷᠭᠠᠭᠤ ᠬᠠᠲᠠᠭᠤᠵᠢᠯᠲᠠᠢ ᠲᠡᠮᠡᠴᠡᠬᠦ᠂ ᠬᠠᠷᠠᠮ ᠦᠭᠡᠢ ᠵᠢᠳᠭᠦᠭᠦ | ᠡᠷᠬᠢᠮ ᠳᠡᠭᠡᠳᠦ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠳᠤ ᠤᠯᠠᠮᠵᠢᠯᠠᠵᠤ ᠢᠷᠡᠭᠰᠡᠨ ᠢᠶᠠᠷ ᠥᠪᠥᠷ ᠮᠣᠩᠭᠤᠯᠴᠤᠳ | ᠰᠠᠶ᠋ᠢ ᠥᠨᠥᠳᠥᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠠᠶᠢᠬᠠᠮᠰᠢᠭ ᠢ ᠡᠭᠦᠳᠴᠦ᠂ ᠡᠬᠡ ᠤᠯᠤᠰ | ᠤᠨ ᠢᠶᠠᠨ ᠤᠮᠠᠷᠠᠲᠤ ᠣᠷᠣᠨ ᠳᠤ ᠰᠠᠯᠬᠢ ᠡᠯᠡᠰᠦᠨ ᠤ ︽ᠬᠠᠮᠠᠭᠠᠯᠠᠯᠲᠠ ᠶᠢᠨ ᠬᠤᠪᠴᠠᠰᠤ︾ ᠨᠥᠮᠥᠷᠦᠭᠦᠯᠦᠭᠰᠡᠨ | ᠢᠶᠠᠷ ᠪᠠᠷᠠᠬᠤ ᠦᠭᠡᠢ ᠪᠠᠰᠠ ᠪᠦᠭᠦ ᠤᠯᠤᠰ ᠤᠨ ᠠᠷᠠᠳ ᠲᠦᠮᠡᠨ ᠳᠤ ᠲᠡᠰ ᠠᠴᠠ ᠳᠠᠪᠠᠭᠰᠠᠨ ︽ | ᠨᠡᠭᠦᠷᠡᠰᠦᠲᠥ᠋ᠷᠥᠭᠴᠢ ᠶᠢᠨ ᠬᠥᠮᠥᠷᠭᠡ︾ ᠪᠣᠯᠣᠨ ᠴᠡᠪᠡᠷ ︽ᠬᠦᠴᠢᠯᠲᠥ᠋ᠷᠥᠭᠴᠢ ᠶᠢᠨ ᠪᠠᠭᠠᠷ︾ ᠣᠯᠭᠤᠵᠤ᠂ | ᠪᠡᠭᠡᠵᠢᠩ ᠲᠢᠶᠠᠨᠵᠢᠨ ᠤ ︽ᠰᠠᠯᠬᠢ ᠡᠯᠡᠰᠦᠨ ᠤ ᠡᠬᠢ︾ ᠴᠤ ᠨᠡᠶᠢᠰᠯᠡᠯ ᠤᠨ ︽ᠠᠷᠤ ᠴᠡᠴᠡᠷᠯᠢᠭ︾ ᠪᠣᠯᠵᠤ | ᠬᠤᠪᠢᠷᠠᠭᠰᠠᠨ ᠪᠠᠶᠢᠨ᠎ᠠ᠃ | | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠭᠠᠷᠭᠠᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠳᠤ ᠬᠤᠪᠣᠷ ᠨᠠᠨᠳᠢᠨ ᠥᠪ ᠬᠥᠷᠥᠩᠭᠡ ᠬᠤᠷᠠᠮᠳᠤᠭᠤᠯᠪᠠ | | ᠥᠪᠥᠷ ᠮᠣᠩᠭᠤᠯ ᠤᠨ ᠠᠷᠠᠳ ᠲᠦᠮᠡᠨ ᠬᠥᠮᠥᠰ ᠢ ᠭᠠᠶᠢᠬᠠᠰᠢ ᠠᠯᠳᠠᠭᠤᠯᠤᠮ᠎ᠠ ᠰᠦᠷᠯᠢᠭ ᠰᠠᠶᠢᠬᠠᠨ | ᠬᠠᠭᠤᠳᠠᠰᠤ ᠶᠢ ᠪᠢᠴᠢᠭᠯᠡᠵᠦ᠂ ᠬᠠᠲᠠᠭᠤ ᠰᠢᠯᠭᠠᠯᠲᠠ ᠶᠢ ᠳᠠᠭᠠᠭᠠᠭᠰᠠᠨ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃ | ᠡᠨᠡ ᠪᠦᠭᠦᠨ ᠢ ᠥᠩ ᠥᠷᠭᠡᠨ ᠠᠯᠠᠱᠠ ᠠᠴᠠ ᠨᠣᠮᠢᠨ ᠨᠣᠭᠤᠭᠠᠨ ᠬᠥᠯᠥᠨ ᠪᠤᠶᠢᠷ ᠲᠠᠬᠢ ᠠᠭᠤᠯᠠ ᠤᠰᠤ | ᠲᠣᠳᠣᠬᠠᠨ ᠭᠡᠷᠡᠴᠢᠯᠡᠨ᠎ᠡ᠃ | | ︽ᠡᠨᠡ ᠦᠨᠡᠬᠡᠷ ᠰᠡᠳᠬᠢᠭᠳᠡᠰᠢ ᠦᠭᠡᠢ︕ ᠳᠡᠯᠡᠬᠡᠢ ᠳᠡᠭᠡᠷᠡᠬᠢ ᠮᠠᠰᠢ ᠣᠯᠠᠨ ᠭᠠᠵᠠᠷ ᠲᠤ ᠴᠥᠮ | ᠠᠰᠢᠭᠯᠠᠯᠲᠠ ᠶᠢᠨ ᠨᠣᠷᠮ᠎ᠠ ᠪᠠᠷ ᠳᠣᠣᠷ᠎ᠠ᠂ ᠴᠢᠨᠠᠭᠰᠢᠯᠠᠪᠠᠯ ᠠᠰᠢᠭᠯᠠᠵᠤ ᠳᠡᠶᠢᠯᠭᠦ ᠦᠭᠡᠢ ᠡᠯᠡᠰᠦᠨ ᠴᠥᠯ ᠲᠠᠢ ᠶᠤᠮ | ᠃ ᠬᠡᠷᠪᠡ ᠪᠦᠷ ᠳᠤᠮᠳᠠᠳᠤ ᠤᠯᠤᠰ ᠲᠠᠢ ᠠᠳᠠᠯᠢ ᠪᠠᠷ ᠲᠡᠭᠦᠨ ᠢ ᠰᠠᠶᠢᠲᠤᠷ ᠵᠠᠰᠠᠵᠤ ᠭᠦᠢᠴᠡᠳ ᠠᠰᠢᠭᠯᠠᠴᠢᠬᠠᠪᠠᠯ | ᠣᠨᠳᠣᠣ ᠨᠢᠭᠡ ᠦᠵᠡᠮᠵᠢ ᠲᠠᠢ ᠪᠤᠯᠬᠤ ᠨᠢ ᠯᠠᠪᠲᠠᠢ︾᠃ 2021 ᠣᠨ ᠤ 9 ᠰᠠᠷ᠎ᠠ ᠶᠢᠨ 27 ᠤ ᠡᠳᠦᠷ᠂ | ᠨᠠᠢᠮᠠᠳᠤᠭᠠᠷ ᠬᠤᠭᠤᠴᠠᠭᠠᠨ ᠤ ᠬᠥᠪᠴᠢ ᠶᠢᠨ ᠡᠯᠡᠰᠦ ᠶᠢᠨ ᠣᠯᠠᠨ ᠤᠯᠤᠰ ᠤᠨ ᠶᠠᠷᠢᠶᠠᠨ ᠤ ᠲᠠᠪᠴᠠᠩ ᠡᠭᠢᠯᠡᠭᠦ ᠶᠢᠨ | ᠡᠮᠦᠨ᠎ᠡ ᠡᠳᠦᠷ᠂ ᠢ ᠯᠢ ᠪᠦᠯᠦᠭᠯᠡᠯ ᠤᠨ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠵᠢᠱᠢᠶ᠎ᠡ ᠦᠵᠡᠭᠦᠯᠭᠦ ᠰᠠᠭᠤᠷᠢᠨ | ᠳᠤ ᠭᠡᠷᠡᠯᠴᠢ ᠴᠡᠨᠡᠭ ᠤᠨ ᠬᠠᠪᠲᠠᠰᠤ ᠪᠠᠷ ᠴᠠᠭᠢᠯᠭᠠᠨ ᠭᠠᠷᠭᠠᠬᠤ᠂ ᠬᠠᠪᠲᠠᠰᠤᠨ ᠳᠣᠣᠷ᠎ᠠ ᠲᠠᠷᠢᠮᠠᠯ ᠳᠠᠷᠢᠬᠤ᠂ | ᠬᠠᠪᠲᠠᠰᠤᠨ ᠤ ᠬᠤᠭᠤᠷᠣᠨᠳᠤ ᠲᠡᠵᠢᠭᠡᠨ ᠦᠷᠡᠵᠢᠭᠦᠯᠭᠦ ᠶᠢ ᠤᠶᠠᠯᠳᠤᠭᠤᠯᠤᠭᠰᠠᠨ ᠡᠯᠡᠰᠦ ᠶᠢ ᠵᠠᠰᠠᠭᠰᠠᠨ ᠰᠢᠨ᠎ᠡ | ᠲᠤᠷᠰᠢᠯᠭ᠎ᠠ ᠶᠢ ᠪᠡᠶᠡᠴᠢᠯᠡᠨ ᠣᠶᠢᠯᠠᠭᠠᠭᠰᠠᠨ ᠤ ᠳᠠᠷᠠᠭ᠎ᠠ᠂ ᠯᠤᠰᠤᠲ᠋ᠣ᠋ ᠶᠢᠨ ᠳᠤᠮᠳᠠᠳᠤ ᠤᠯᠤᠰ ᠲᠤ ᠰᠠᠭᠤᠭ᠎ᠠ ᠡᠯᠴᠢᠨ | ᠰᠠᠶᠢᠳ ᠰᠤᠲᠨᠠᠨᠢ ᠴᠢᠩ ᠰᠡᠳᠬᠢᠯ ᠠᠴᠠ ᠪᠠᠨ ᠮᠠᠭᠲᠠᠨ ᠰᠠᠶᠢᠰᠢᠶᠠᠪᠠ᠃ | | ᠡᠯᠡᠰᠦ ᠮᠠᠩᠬ᠎ᠠ ᠶᠢ ᠵᠠᠰᠠᠬᠤ ᠠᠴᠠ ᠡᠯᠡᠰᠦ ᠮᠠᠩᠬ᠎ᠠ ᠶᠢ ᠵᠣᠬᠢᠰᠲᠠᠢ ᠠᠰᠢᠭᠯᠠᠬᠤ ᠭᠦᠷᠲᠡᠯ᠎ᠡ᠂ ︽ᠦᠬᠦᠯ ᠤᠨ | ᠲᠡᠯᠡᠶ︾ ᠬᠡᠮᠡᠭᠳᠡᠭᠰᠡᠨ ᠬᠥᠪᠴᠢ ᠶᠢᠨ ᠡᠯᠡᠰᠦᠨ ᠳᠤ ᠬᠡᠳᠦᠨ ᠦᠶ᠎ᠡ ᠶᠢᠨ ᠬᠥᠮᠥᠰ ᠬᠦᠴᠦ ᠵᠠᠯᠭᠠᠨ ᠴᠥᠬᠦᠷᠡᠰᠢ | ᠦᠭᠡᠢ ᠴᠢᠷᠮᠠᠶᠢᠭᠰᠠᠭᠠᠷ ᠢᠷᠡᠵᠠᠢ᠃ ᠥᠨᠥᠳᠥᠷ ᠣᠷᠳᠣᠰ ᠬᠤᠲᠠ ᠨᠢᠭᠡᠨᠲᠡ ︽ᠨᠠᠮ ᠤᠨ ᠬᠤᠷᠢᠶ᠎ᠠ ᠵᠠᠰᠠᠭ ᠤᠨ | ᠣᠷᠳᠣᠨ ᠠᠴᠠ ᠭᠤᠣᠯᠯᠠᠨ ᠤᠳᠤᠷᠢᠳᠬᠤ᠂ ᠠᠵᠤ ᠠᠬᠤᠶᠢᠯᠠᠯ ᠠᠴᠠ ᠪᠡᠯᠡ ᠣᠷᠣᠭᠤᠯᠬᠤ᠂ ᠮᠠᠯᠴᠢᠨ ᠲᠠᠷᠢᠶᠠᠴᠢᠨ | ᠣᠷᠤᠯᠴᠠᠬᠤ᠂ ᠦᠷᠭᠦᠯᠵᠢ ᠶᠢᠨ ᠴᠢᠨᠠᠷᠲᠠᠢ ᠪᠠᠷ ᠰᠢᠨ᠎ᠡ ᠶᠢ ᠡᠭᠦᠳᠭᠦ︾ ᠭᠡᠯᠪᠡᠷᠢ ᠶᠢᠨ ᠡᠯᠡᠰᠦ ᠵᠠᠰᠠᠬᠤ ᠵᠠᠭᠪᠤᠷ ᠢ | ᠬᠠᠶᠢᠨ ᠰᠦᠪᠡᠭᠴᠢᠯᠡᠵᠦ᠂ ᠬᠥᠪᠴᠢ ᠶᠢᠨ ᠡᠯᠡᠰᠦ ᠶᠢ ᠳᠡᠯᠡᠬᠡᠢ ᠳᠡᠭᠡᠷᠡᠬᠢ ᠣᠳᠣᠬᠠᠨ ᠪᠤᠯᠲᠠᠯᠠᠭᠢ ᠴᠣᠷ ᠤᠨ ᠭᠠᠭᠴᠠ | ᠪᠦᠬᠦᠯᠢ ᠴᠣᠭᠴᠠ ᠪᠠᠷ ᠨᠢ ᠪᠦᠳᠦᠮᠵᠢᠳᠠᠢ ᠵᠠᠰᠠᠭᠰᠠᠨ ᠡᠯᠡᠰᠦ ᠪᠣᠯᠭᠠᠪᠠ᠃ ᠬᠥᠪᠴᠢ ᠶᠢᠨ ᠡᠯᠡᠰᠦ ᠶᠢ ᠵᠠᠰᠠᠭᠰᠠᠨ | ᠦᠢᠯᠡᠳᠦᠯᠭᠡ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠤᠩᠬᠠᠭ ᠲᠤ ᠪᠢᠴᠢᠭᠳᠡᠵᠦ᠂ ᠫᠠᠷᠢᠰ ᠤᠨ ᠠᠭᠤᠷ | ᠠᠮᠢᠰᠬᠤᠯ ᠤᠨ ᠶᠡᠭᠡ ᠬᠤᠷᠠᠯ ᠠᠴᠠ ᠲᠡᠭᠦᠨ ᠢ ︽ᠡᠯᠡᠰᠦ ᠶᠢ ᠵᠠᠰᠠᠭᠰᠠᠨ ᠦᠯᠢᠭᠡᠷ ᠬᠡᠪ︾ ᠪᠣᠯᠭᠠᠨ ᠴᠣᠭᠴᠠᠯᠠᠭᠰᠠᠨ | ᠪᠠᠶᠢᠨ᠎ᠠ᠃ | | ᠥᠨᠥᠳᠥᠷ ᠬᠥᠪᠴᠢ ᠶᠢᠨ ᠡᠯᠡᠰᠦ ᠶᠢ ᠵᠠᠰᠠᠭᠰᠠᠨ ᠵᠠᠭᠪᠤᠷ᠂ ᠮᠡᠷᠭᠡᠵᠢᠯ ᠪᠣᠯᠣᠨ ᠦᠷ᠎ᠡ ᠪᠦᠲᠦᠭᠡᠯ ᠨᠢᠭᠡᠨᠲᠡ | ᠳᠡᠯᠡᠬᠡᠢ ᠳᠤ ᠲᠦᠭᠡᠵᠦ᠂ ᠪᠦᠭᠦ ᠪᠥᠮᠪᠥᠷᠴᠡᠭ ᠤᠨ 3600 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ | ᠴᠦᠯᠯᠡᠷᠭᠡᠭᠵᠢᠭᠰᠡᠨ ᠭᠠᠵᠠᠷ ᠰᠢᠷᠣᠢ ᠶᠢᠨ ᠵᠠᠰᠠᠯᠲᠠ ᠪᠣᠯᠣᠨ ᠴᠦᠯᠯᠡᠷᠭᠡᠭᠵᠢᠯ ᠤᠨ ᠰᠦᠷᠳᠡᠭᠦᠯᠦᠯ ᠳᠤ ᠤᠴᠠᠷᠠᠭᠰᠠᠨ | ᠲᠤᠭ᠎ᠠ ᠲᠣᠮᠰᠢ ᠦᠭᠡᠢ ᠬᠥᠮᠥᠰ ᠲᠤ ︽ᠳᠤᠮᠳᠠᠳᠤ ᠤᠯᠤᠰ ᠤᠨ ᠲᠥᠰᠥᠯ︾ ᠢ ᠬᠠᠩᠭᠠᠪᠠ᠃ ᠮᠠᠨ ᠤ ᠣᠷᠣᠨ ᠤ | ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢᠨ ᠢᠷᠠᠭᠤ ᠪᠦᠲᠦᠭᠡᠯ ᠭᠠᠭᠴᠠ ᠬᠥᠪᠴᠢ ᠶᠢᠨ ᠡᠯᠡᠰᠦ ᠪᠠᠷ | ᠵᠣᠬᠰᠣᠬᠤ ᠦᠭᠡᠢ ᠶᠤᠮ᠃ | | ᠨᠠᠯᠠᠭᠠᠷ ᠨᠠᠮᠤᠷ ᠤᠨ ᠲᠦᠩᠯᠢᠶᠣᠣ ᠬᠤᠲᠠ ᠶᠢᠨ ᠠᠷᠤ ᠬᠥᠨᠳᠡᠯᠡᠨ ᠤ ᠲᠠᠯ᠎ᠠ ᠨᠤᠲᠤᠭ ᠲᠤ ᠪᠣᠭᠤᠵᠢ ᠲᠠᠢ | ᠡᠪᠡᠰᠦ ᠭᠠᠵᠠᠷ ᠰᠠᠢ ᠦᠭᠡᠢ ᠡᠩᠨᠡᠷᠡᠨ᠂ ᠭᠤᠣᠯ ᠭᠤᠷᠤᠬ᠎ᠠ ᠭᠤᠷᠴᠢᠭᠢᠨᠠᠨ ᠤᠷᠤᠰᠤᠨ᠎ᠠ᠃ 10 ᠵᠢᠯ ᠤᠨ ᠡᠮᠦᠨ᠎ᠡ᠂ | ᠠᠳᠡ ᠣᠷᠳᠣ ᠬᠤᠭᠤᠴᠠᠭ᠎ᠠ ᠪᠠᠷ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯ ᠮᠠᠯᠵᠢᠭᠰᠠᠨ ᠠᠴᠠ ᠠᠮᠢ | ᠠᠬᠤᠢ ᠮᠠᠭᠤᠳᠠᠵᠤ᠂ ᠪᠢᠲᠡᠭᠦᠮᠵᠢᠯᠡᠨ ᠬᠠᠮᠠᠭᠠᠯᠠᠬᠤ ᠪᠠᠷ ᠳᠡᠮᠵᠢᠨ ᠣᠲᠣ ᠤᠩᠭᠤᠨ ᠲᠥᠷᠬᠦ ᠪᠠᠨ ᠰᠡᠷᠭᠦᠭᠡᠪᠡ᠃ | | ᠨᠤᠲᠤᠭ ᠪᠡᠯᠴᠢᠭᠡᠷ ᠪᠣᠯ ᠮᠠᠨ ᠤ ᠣᠷᠣᠨ ᠤ ᠬᠠᠮᠤᠭ ᠤᠨ ᠶᠡᠭᠡ ᠡᠬᠡ ᠬᠠᠭᠤᠷᠠᠢ ᠶᠢᠨ ᠠᠮᠢ ᠠᠬᠤᠢ ᠶᠢᠨ | ᠰᠢᠰᠲ᠋ᠧᠮ ᠪᠠᠶᠢᠵᠤ᠂ ᠨᠤᠲᠤᠭ ᠪᠡᠯᠴᠢᠭᠡᠷ ᠢ ᠬᠠᠮᠠᠭᠠᠯᠠᠬᠤ ᠪᠣᠯ ᠮᠠᠨ ᠤ ᠣᠷᠣᠨ ᠤ ᠠᠮᠢ ᠠᠬᠤᠢ ᠶᠢᠨ ᠰᠢᠰᠲ᠋ᠧᠮ ᠢ | ᠬᠠᠮᠠᠭᠠᠯᠠᠬᠤ ᠲᠡᠷᠢᠭᠦᠨ ᠴᠢᠬᠤᠯᠠ ᠡᠭᠦᠷᠭᠡ ᠶᠢᠨ ᠨᠢᠭᠡ ᠮᠥᠨ᠃ ᠳᠡᠭᠡᠷ᠎ᠡ ᠵᠠᠭᠤᠨ ᠤ ᠶᠡᠷᠡᠭᠡᠳ ᠣᠨ ᠳᠤ ᠮᠠᠯᠵᠢᠬᠤ | ᠣᠷᠣᠨ ᠤ ᠬᠥᠮᠥᠨ ᠠᠮᠠ ᠪᠣᠯᠣᠨ ᠮᠠᠯ ᠤᠨ ᠲᠤᠭ᠎ᠠ ᠲᠦᠷᠭᠡᠨ ᠢᠶᠠᠷ ᠨᠡᠮᠡᠭᠳᠡᠬᠦ ᠶᠢ ᠳᠠᠭᠠᠯᠳᠤᠨ ᠨᠤᠲᠤᠭ ᠪᠡᠯᠴᠢᠭᠡᠷ | ᠤᠨ ᠳᠠᠷᠤᠭᠠᠰᠤ ᠬᠦᠨᠳᠦᠷᠡᠵᠡᠢ᠃ 2011 ᠣᠨ ᠠᠴᠠ ᠡᠬᠢᠯᠡᠨ ᠤᠯᠤᠰ ᠠᠴᠠ ᠮᠠᠨ ᠤ ᠣᠷᠣᠨ ᠳᠤ ᠨᠤᠲᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ | ᠪᠦᠭᠦ ᠲᠠᠯ᠎ᠠ ᠪᠠᠷ ᠬᠡᠷᠡᠭᠵᠢᠭᠦᠯᠵᠦ᠂ ᠣᠳᠣ ᠪᠦᠭᠦ ᠣᠷᠣᠨ ᠳᠤ ᠵᠢᠯ ᠪᠦᠷᠢ ᠪᠡᠯᠴᠢᠭᠡᠷᠯᠡᠭᠦᠯᠬᠦ ᠶᠢ ᠴᠠᠭᠠᠵᠠᠯᠠᠬᠤ ᠪᠠᠷ | ᠳᠠᠮᠵᠢᠨ 4.04 ᠳ᠋ᠦᠩᠰᠢᠭᠤᠷ ᠮᠦ ᠨᠤᠲᠤᠭ ᠪᠡᠯᠴᠢᠭᠡᠷ ᠢ ᠰᠡᠷᠭᠦᠭᠡᠵᠦ᠂ ᠮᠠᠯ ᠪᠡᠯᠴᠢᠭᠡᠷ ᠢ ᠲᠡᠩᠴᠡᠭᠦᠷᠢᠲᠡᠢ | ᠪᠠᠶᠢᠯᠭᠠᠬᠤ ᠪᠠᠷ ᠳᠠᠮᠵᠢᠨ 6.16 ᠳ᠋ᠦᠩᠰᠢᠭᠤᠷ ᠮᠦ ᠨᠤᠲᠤᠭ ᠪᠡᠯᠴᠢᠭᠡᠷ ᠢ ᠵᠣᠬᠢᠰᠲᠠᠢ ᠠᠰᠢᠭᠯᠠᠨ᠂ 140 ᠭᠠᠷᠤᠢ | ᠲᠦᠮᠡᠨ ᠮᠠᠯᠵᠢᠬᠤ ᠲᠠᠷᠢᠶᠠᠯᠠᠬᠤ ᠡᠷᠦᠭᠡ ᠳᠤ ᠠᠰᠢᠭ ᠬᠦᠷᠲᠡᠭᠡᠵᠦ᠂ ᠠᠮᠢ ᠠᠬᠤᠢ᠂ ᠠᠵᠤ ᠠᠬᠤᠢ ᠪᠠ ᠨᠡᠶᠢᠭᠡᠮ ᠤᠨ | ᠭᠤᠷᠮᠤᠰᠤᠨ ᠦᠷ᠎ᠡ ᠠᠰᠢᠭ ᠢ ᠨᠡᠶᠢᠳᠬᠡᠭᠰᠡᠨ ᠥᠪᠡᠷᠮᠢᠴᠡ ᠣᠨᠴᠠᠯᠢᠭ ᠪᠦᠬᠦᠢ ᠨᠤᠲᠤᠭ ᠪᠡᠯᠴᠢᠭᠡᠷ ᠤᠨ ᠠᠮᠢ | ᠠᠬᠤᠢ ᠶᠢ ᠬᠠᠮᠠᠭᠠᠯᠠᠨ ᠰᠡᠷᠭᠦᠭᠡᠬᠦ ᠰᠢᠨ᠎ᠡ ᠵᠠᠮ ᠢᠶᠠᠷ ᠵᠠᠮᠨᠠᠵᠤ ᠪᠠᠶᠢᠨ᠎ᠠ᠃ | | ︽ᠨᠠᠭᠤᠷ ᠴᠥᠭᠦᠷᠥᠮ ᠢ ᠵᠠᠰᠠᠬᠤ︾ ᠠᠴᠠ ︽ᠰᠠᠪᠠ ᠭᠠᠵᠠᠷ ᠢ ᠵᠠᠰᠠᠬᠤ︾ ᠭᠦᠷᠲᠡᠯ᠎ᠡ᠂ ᠬᠥᠯᠥᠨ ᠨᠠᠭᠤᠷ᠂ | ᠳᠠᠭ᠎ᠠ ᠶᠢᠨ ᠨᠠᠭᠤᠷ ᠪᠠ ᠤᠯᠠᠭᠠᠨᠰᠤᠬᠠᠢ ᠳᠤ ᠥᠩᠭᠡᠷᠡᠭᠰᠡᠨ ᠤ ᠲᠡᠷᠡ ᠬᠦ ︽ᠲᠣᠯᠣᠭᠠᠢ ᠨᠢ ᠡᠪᠡᠳᠪᠡᠯ ᠲᠣᠯᠣᠭᠠᠢ ᠶᠢ | ᠨᠢ ᠡᠮᠨᠡᠵᠦ᠂ ᠬᠥᠯ ᠨᠢ ᠡᠪᠡᠳᠪᠡᠯ ᠬᠥᠯ ᠢ ᠨᠢ ᠡᠮᠨᠡᠭᠦ︾ ᠲᠠᠩ ᠴᠤᠯᠭᠤᠢ ᠵᠠᠰᠠᠯᠲᠠ ᠶᠢᠨ ᠵᠠᠭᠪᠤᠷ ᠢ ᠬᠠᠶᠠᠵᠤ᠂ | ᠠᠮᠢ ᠠᠬᠤᠢ ᠶᠢᠨ ᠤᠰᠤ ᠨᠥᠬᠦᠪᠦᠷᠢᠯᠡᠬᠦ᠂ ᠪᠢᠲᠡᠭᠦᠮᠵᠢᠯᠡᠨ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠣᠬᠢᠷᠳᠤᠯ | ᠭᠠᠳᠠᠭᠰᠢᠯᠠᠭᠤᠯᠬᠤ ᠶᠢ ᠬᠤᠷᠢᠭᠯᠠᠬᠤ᠂ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠪᠠᠭᠠᠰᠬᠠᠵᠤ ᠬᠢᠵᠠᠭᠠᠷᠯᠠᠬᠤ | ᠵᠡᠷᠭᠡ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ᠂ ᠶᠡᠷᠦᠩᠬᠡᠶᠢᠯᠡᠨ ᠵᠠᠰᠠᠬᠤ ᠠᠷᠭ᠎ᠠ ᠭᠡᠯᠪᠡᠷᠢ ᠶᠢ | ᠠᠪᠤᠭᠰᠠᠨ ᠠᠴᠠ ︽ᠲᠠᠯ᠎ᠠ ᠨᠤᠲᠤᠭ ᠤᠨ ᠬᠡᠷᠡᠯᠳᠦ ᠰᠤᠪᠤᠳ︾ ᠲᠠᠭᠢᠨ ᠠᠮᠢᠯᠠᠪᠠ᠃ | | ᠠᠮᠢ ᠠᠬᠤᠢ ᠶᠢᠨ ᠥᠷᠲᠡᠭ ᠢ ᠣᠨᠳᠣᠣᠰᠢᠭᠤᠯᠬᠤ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠥᠪᠥᠷ | ᠮᠣᠩᠭᠤᠯ ᠤᠨ ᠣᠶ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠨᠡᠭᠦᠷᠡᠰᠦᠲᠥ᠋ᠷᠥᠭᠴᠢ ᠬᠤᠷᠠᠮᠳᠤᠭᠤᠯᠬᠤ | ᠠᠷᠠᠯᠵᠢᠶ᠎ᠠ ᠶᠢ ᠤᠷᠢᠳ ᠢᠶᠠᠷ ᠲᠤᠷᠰᠢᠨ ᠤᠷᠢᠳ ᠢᠶᠠᠷ ᠬᠢᠵᠦ᠂ ᠨᠡᠭᠦᠷᠡᠰᠦᠲᠥ᠋ᠷᠥᠭᠴᠢ ᠶᠢᠨ ᠬᠤᠷᠠᠮᠳᠤᠭᠤᠯᠭ᠎ᠠ ᠶᠢ | ᠬᠡᠮᠵᠢᠶᠡᠯᠡᠵᠦ ᠪᠤᠯᠬᠤ᠂ ᠥᠷᠲᠡᠭ ᠨᠡᠮᠡᠭᠳᠡᠭᠦᠯᠵᠦ ᠪᠤᠯᠬᠤ ᠦᠢᠯᠡᠳᠬᠦᠨ ᠪᠣᠯᠭᠠᠨ ᠬᠤᠪᠢᠷᠠᠭᠤᠯᠤᠭᠠᠳ ︽ᠠᠭᠠᠷ︾ ᠢ | ᠵᠣᠭᠤᠰ ᠪᠣᠯᠭᠠᠨ ᠬᠤᠪᠢᠷᠠᠭᠤᠯᠪᠠ᠃ ᠡᠨᠡ ᠵᠢᠯ ᠤᠨ 8 ᠰᠠᠷ᠎ᠠ ᠳᠤ ᠲᠤᠰ ᠪᠦᠯᠦᠭᠯᠡᠯ ᠤᠨ ᠬᠢᠨ ᠳᠤᠮᠳᠠᠳᠤ ᠤᠯᠤᠰ | ᠤᠨ ᠤᠢ ᠰᠢᠭᠤᠢ ᠶᠢᠨ ᠠᠵᠤ ᠦᠢᠯᠡᠰ ᠤᠨ ᠪᠦᠯᠦᠭᠯᠡᠯ ᠵᠡᠷᠭᠡ 5 ᠪᠠᠶᠢᠭᠤᠯᠭ᠎ᠠ ᠲᠠᠢ ᠤᠢ ᠰᠢᠭᠤᠢ ᠶᠢᠨ | ᠨᠡᠭᠦᠷᠡᠰᠦᠲᠥ᠋ᠷᠥᠭᠴᠢ ᠬᠤᠷᠠᠮᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ | ︽ᠬᠤᠣᠰ ᠨᠡᠭᠦᠷᠡᠰᠦᠲᠦ᠋ᠷᠦᠭᠴᠢ︾ ᠶᠢᠨ ᠪᠠᠶᠢᠯᠳᠤᠬᠤ ᠪᠣᠳᠣᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ | ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠵᠦ ᠪᠠᠶᠢᠨ᠎ᠠ᠃ | | ᠭᠠᠵᠠᠷ ᠣᠷᠣᠨ ᠤ ᠪᠣᠳᠠᠲᠤ ᠪᠠᠶᠢᠳᠠᠯ ᠳᠤ ᠲᠣᠬᠢᠷᠠᠭᠤᠯᠬᠤ᠂ ᠡᠪᠡᠳᠴᠢᠨ ᠳᠤᠨᠢ ᠲᠣᠬᠢᠷᠠᠭᠤᠯᠤᠨ ᠡᠮ ᠦᠭᠭᠦ᠂ | ᠨᠢᠭᠡᠳᠦᠯᠲᠡᠢ ᠲᠥᠯᠥᠪᠵᠢᠭᠦᠯᠦᠨ ᠵᠠᠰᠠᠬᠤ᠂ ᠬᠥᠭᠵᠢᠭᠦᠯᠬᠦ ᠳᠤᠮᠳᠠ ᠬᠠᠮᠠᠭᠠᠯᠠᠵᠤ ᠬᠠᠮᠠᠭᠠᠯᠠᠬᠤ ᠳᠤᠮᠳᠠ ᠬᠥᠭᠵᠢᠭᠦᠯᠬᠦ | ᠁ ᠤᠶᠤᠨ ᠤᠬᠠᠭᠠᠨ ᠬᠦᠴᠦ ᠬᠥᠯᠥᠰᠦ ᠰᠢᠩᠭᠡᠭᠰᠡᠨ ᠲᠡᠷᠢᠭᠦᠨ ᠤ ᠲᠤᠷᠰᠢᠯᠭ᠎ᠠ ᠵᠠᠭᠪᠤᠷ ᠤᠳ ᠶᠠᠭ | ᠬᠥᠭᠵᠢᠯᠲᠡ ᠶᠢᠨ ᠲᠤᠯᠭᠠᠭᠤᠷᠢᠯᠠᠯ ᠪᠣᠯᠵᠤ᠂ ᠠᠷᠠᠳ ᠲᠦᠮᠡᠨ ᠤ ᠪᠤᠶᠠᠨ ᠵᠢᠷᠭᠠᠯ ᠪᠣᠯᠣᠨ ᠬᠤᠪᠢᠷᠠᠵᠤ ᠪᠠᠶᠢᠨ᠎ᠠ᠃ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠳᠡᠷᠬᠡᠭ ᠠᠯᠬᠤᠭ᠎ᠠ ᠦᠷᠭᠦᠯᠵᠢᠯᠡᠵᠤ᠂ ᠤᠮᠠᠷᠠᠲᠤ ᠬᠢᠯᠢ ᠶᠢᠨ | ᠦᠵᠡᠮᠵᠢ ᠶᠢᠨ ᠣᠷᠣᠨ ᠢᠷᠡᠬᠦ ᠮᠠᠷᠭᠠᠰᠢ ᠳᠤ ᠨᠡᠩ ᠦᠵᠡᠰᠬᠦᠯᠡᠩᠲᠦ ᠰᠠᠶᠢᠬᠠᠨ ᠪᠤᠯᠬᠤ ᠨᠢ ᠳᠠᠮᠵᠢᠭ ᠦᠭᠡᠢ᠃ |