| | | ᠸᠠᠩ ᠵᠢᠩ ᠢᠦᠢ ᠼᠠᠢ ᠳ᠋ᠦᠩ ᠮᠸᠢ ᠰᠢᠨᠡᠪᠢᠯᠢᠭ ᠰᠢᠦᠢ ᠶᠤᠸᠠᠢ ᠲᠡᠷᠢᠭᠦᠨ | | | | | - ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠥᠪᠥᠷ ᠮᠣᠩᠭᠤᠯ ᠤᠨ ᠬᠥᠭᠵᠢᠯᠲᠡ ᠶᠢᠨ ᠮᠡᠳᠡᠭᠦᠯᠦᠯᠲᠡ ︵ | ᠬᠤᠶᠠᠷ︶ | | | | | ᠶᠡᠷᠦ ᠪᠤᠰᠤ ᠶᠢᠨ ᠠᠷᠪᠠᠨ ᠵᠢᠯ᠂ ᠬᠢᠵᠠᠭᠠᠯᠠᠰᠢ ᠦᠭᠡᠢ ᠰᠦᠷ ᠳᠠᠯᠠᠶᠢᠴᠠᠲᠠᠶ; ᠦᠵᠡᠰᠬᠦᠯᠡᠩᠲᠦ ᠰᠠᠶᠢᠬᠠᠨ | ᠤᠮᠠᠷᠠᠲᠤ ᠬᠢᠯᠢ᠂ ᠡᠲᠡᠭᠡᠳ ᠭᠤᠶᠣᠬᠠᠨ ᠥᠩᠭᠡ ᠦᠵᠡᠮᠵᠢ ᠲᠠᠢ᠃ | | ᠣᠷᠳᠣᠰ ᠤᠨ ᠬᠢᠨ ︽ᠣᠨᠴᠠᠯᠢᠭᠲᠤ ᠳᠠᠪᠠᠭᠤᠯᠢᠭᠲᠤ ᠪᠣᠳᠠᠲᠤ ᠬᠦᠴᠦᠨ︾ ᠢᠶᠠᠷ ᠳᠤᠮᠳᠠᠳᠤ ᠤᠯᠤᠰ ᠤᠨ | ᠶᠡᠬᠡᠩᠬᠢ ᠬᠠᠭᠠᠰ ᠢ ᠳᠤᠯᠠᠭᠠᠴᠠᠭᠤᠯᠵᠤ ᠴᠢᠨᠠᠷ ᠰᠠᠶᠢᠲᠠᠢ ᠠᠮᠤ ᠪᠤᠳᠠᠭ᠎ᠠ᠂ ᠮᠢᠬ᠎ᠠ᠂ ᠰᠦ ᠪᠦᠭᠦ ᠤᠯᠤᠰ ᠤᠨ ᠠᠷᠠᠳ | ᠲᠦᠮᠡᠨ ᠤ ᠬᠤᠭᠤᠯᠠᠨ ᠰᠢᠷᠡᠭᠡᠨ ᠳᠤ ᠳᠡᠯᠭᠡᠭᠳᠡᠬᠦ ᠳᠤ᠂ ᠬᠦᠴᠦᠨ ᠴᠢᠳᠠᠯ ᠲᠡᠭᠦᠯᠳᠡᠷ᠂ ᠠᠩᠬᠢᠯᠤᠮ᠎ᠠ ᠦᠨᠦᠷ | ᠬᠠᠩᠬᠤᠯᠤᠭᠰᠠᠨ ᠥᠪᠥᠷ ᠮᠣᠩᠭᠤᠯ ᠳᠠᠶᠠᠩ ᠤᠯᠠᠨ ᠤ ᠡᠮᠦᠨ᠎ᠡ ᠢᠯᠡᠷᠡᠪᠡ᠃ | | ᠮᠢᠩᠭᠠᠨ ᠬᠤᠲᠠ ᠶᠢ ᠳᠤᠯᠠᠭᠠᠯᠠᠵᠤ᠂ ᠲᠦᠮᠡᠨ ᠡᠷᠦᠭᠡ ᠶᠢ ᠭᠡᠷᠡᠯᠳᠦᠭᠦᠯᠤᠨ᠂ ᠤᠯᠤᠰ ᠤᠨ ᠴᠢᠬᠤᠯᠠ ᠡᠨᠧᠷᠭᠢ | ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠡᠭᠦᠷᠭᠡ ᠬᠠᠷᠢᠭᠤᠴᠠᠯᠭ᠎ᠠ ᠶᠢ ᠪᠦᠷᠢᠨ | ᠢᠯᠡᠷᠡᠭᠦᠯᠪᠠ; | | ︽ᠪᠣᠭᠤᠮᠲᠠ ᠶᠢᠨ ᠭᠠᠳᠠᠨᠠᠬᠢ ᠠᠮᠤ ᠪᠤᠳᠠᠭ᠎ᠠ︾ ᠶᠢ ᠰᠠᠶᠢᠲᠤᠷ ᠲᠠᠷᠢᠵᠤ᠂ ︽ᠳᠤᠮᠳᠠᠳᠤ ᠤᠯᠤᠰ ᠤᠨ ᠠᠮᠤ | ᠪᠤᠳᠠᠭ᠎ᠠ︾ ᠶᠢ ᠡᠯᠪᠡᠭᠵᠢᠭᠦᠯᠦᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠨᠡᠷ᠎ᠡ ᠠᠯᠳᠠᠷ ᠢ ᠳᠡᠯᠡᠬᠡᠢ ᠳᠤ ᠳᠠᠭᠤᠷᠢᠰᠤᠭᠤᠯᠪᠠ ᠁ | | ᠡᠶᠢᠮᠦᠷᠬᠦᠦ ᠠᠮᠵᠢᠯᠲᠠ ᠪᠦᠲᠦᠮᠵᠢ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠠᠴᠠ ᠢᠷᠡᠯᠲᠡ ᠲᠠᠢ ᠪᠢᠯᠡ᠃ | | | | | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠤᠨ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠬᠦᠰᠡᠯ ᠨᠠᠶᠢᠳᠠᠯᠭ᠎ᠠ ᠶᠢ ᠨᠢ ᠪᠠᠲᠤ ᠴᠡᠭᠡᠵᠢᠯᠡᠵᠦ᠂ ᠠᠴᠢ | ᠬᠠᠷᠢᠭᠤᠯᠤᠨ ᠡᠷᠡᠯᠬᠡᠭᠯᠡᠨ ᠤᠷᠤᠭᠰᠢᠯᠠᠵᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠢ ᠪᠦᠭᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠨᠡᠮᠡᠷᠢᠯᠡᠵᠦ᠂ ᠪᠦᠭᠦ ᠤᠯᠤᠰ ᠤᠨ ᠬᠥᠭᠵᠢᠯᠲᠡ ᠶᠢᠨ | ᠶᠡᠭᠡ ᠲᠠᠯ᠎ᠠ ᠳᠤ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠪᠡ᠃ | | ᠡᠨᠧᠷᠭᠢ ᠶᠢᠨ ︽ᠡᠬᠢ ᠪᠠᠶᠠᠯᠢᠭ︾ ᠢᠶᠠᠨ ᠯᠠᠪᠳᠠᠭᠤᠨ ᠠᠳᠬᠤᠪᠠᠯ ᠳᠠᠯᠳᠠ ᠬᠦᠴᠦᠨ ᠲᠠᠢ ᠪᠤᠯᠬᠤ ᠮᠥᠷᠲᠡᠭᠡᠨ | ᠨᠡᠩ ᠠᠮᠢᠵᠢᠷᠠᠯ ᠤᠨ ᠬᠦᠴᠦᠨ ᠲᠠᠢ ᠪᠣᠯᠵᠤ ᠴᠢᠳᠠᠨ᠎ᠠ | | ᠡᠷᠴᠢᠲᠦ ᠰᠠᠯᠬᠢ ᠪᠠᠷ ᠡᠷᠭᠢᠯᠳᠦᠭᠦᠯᠦᠨ ᠡᠨᠧᠷᠭᠢ ᠶᠢᠨ ᠬᠠᠩᠭᠠᠯᠭ᠎ᠠ ᠶᠢ ᠪᠠᠲᠤᠯᠠᠨ᠎ᠠ᠃ | | ᠨᠠᠮᠤᠷ ᠤᠨ ᠰᠠᠶᠢᠬᠠᠨ ᠡᠳᠦᠷ᠂ ᠤᠯᠠᠭᠠᠨᠬᠠᠳᠠ ᠬᠤᠳᠠ ᠶᠢᠨ ᠬᠡᠰᠢᠭᠲᠡᠨ ᠬᠤᠰᠢᠭᠤᠨ ᠤ ᠲᠠᠯᠠᠢ ᠨᠠᠭᠤᠷ ᠤᠨ | ᠬᠥᠪᠡᠭᠡᠨ ᠳᠤ ᠰᠠᠭᠤᠵᠤ᠂ ᠴᠠᠭᠠᠨ ᠥᠩᠭᠡᠲᠦ ︽ᠲᠣᠮᠣ ᠰᠠᠯᠬᠢᠨ ᠬᠦᠷᠳᠦᠲᠦ ᠲᠡᠷᠭᠡ︾ ᠶᠢᠨ ᠬᠦᠷᠴᠢᠭᠢᠨᠡᠬᠦ | ᠲᠠᠭᠤᠨ ᠢ ᠴᠢᠬᠢ ᠲᠠᠯᠪᠢᠨ ᠰᠣᠨᠣᠰᠴᠤ᠂ ᠥᠪᠥᠷ ᠮᠣᠩᠭᠤᠯ ᠤᠨ ᠥᠨᠳᠦᠷᠯᠢᠭ ᠲᠤ ᠭᠦᠷ ᠬᠥᠭᠵᠢᠶᠡᠨᠲᠦ ᠳᠠᠭᠤᠤ | ᠬᠥᠭᠵᠢᠮ ᠢ ᠬᠥᠭᠵᠢᠮᠳᠡᠨ᠎ᠡ᠃ | | ᠬᠥᠪᠴᠢ᠂ ᠤᠯᠠᠭᠠᠨᠪᠤᠬ᠎ᠠ᠂ ᠲᠡᠭᠷᠢ ᠡᠯᠡᠰᠦ᠂ ᠪᠠᠳᠠᠢ ᠶᠢᠨ ᠵᠢᠷᠠᠨ ᠵᠡᠷᠭᠡ ᠳᠥᠷᠪᠡᠨ ᠶᠡᠭᠡ ᠡᠯᠡᠰᠦᠨ ᠴᠥᠯ ᠤᠨ | ᠭᠠᠵᠠᠷ ᠣᠷᠣᠨ ᠤ ᠲᠣᠮᠣ ᠭᠡᠯᠪᠡᠷᠢ ᠶᠢᠨ ᠰᠠᠯᠬᠢᠨ ᠬᠦᠴᠦᠨ ᠢᠶᠠᠷ ᠴᠠᠭᠢᠯᠭᠠᠨ ᠭᠠᠷᠭᠠᠬᠤ ᠭᠡᠷᠡᠯᠴᠢ ᠴᠡᠨᠡᠭ ᠤᠨ | ᠰᠠᠭᠤᠷᠢᠨ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠡᠮᠦᠨᠡᠬᠢ ᠬᠤᠭᠤᠴᠠᠭᠠᠨ ᠤ ᠠᠵᠢᠯ ᠪᠦᠭᠦ ᠲᠠᠯ᠎ᠠ ᠪᠠᠷ | ᠡᠬᠢᠯᠡᠪᠡ᠃ ᠡᠨᠧᠷᠭᠢ ᠶᠢᠨ ᠠᠮᠤᠷ ᠲᠦᠪᠰᠢᠨ ᠪᠣᠯ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ | ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠪᠣᠯᠣᠨ᠎ᠠ᠃ ᠤᠯᠤᠰ ᠤᠨ ᠡᠨᠧᠷᠭᠢ ᠶᠢᠨ | ᠠᠮᠤᠷ ᠲᠦᠪᠰᠢᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠪᠠᠲᠤᠯᠠᠬᠤ | ᠲᠠᠯ᠎ᠠ ᠪᠠᠷ ᠭᠡᠰᠡᠨ ᠦᠭᠡᠢ᠂ ᠤᠯᠤᠰ ᠤᠨ ᠡᠨᠧᠷᠭᠢ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠬᠦ᠂ ᠪᠦᠭᠦ ᠤᠯᠤᠰ ᠤᠨ ︽ᠬᠤᠣᠰ ᠨᠡᠭᠦᠷᠡᠰᠦᠳᠦ᠋ᠷᠦᠭᠴᠢ︾ ᠶᠢᠨ ᠪᠠᠶᠢᠯᠳᠤᠬᠤ ᠪᠣᠳᠣᠯᠭ᠎ᠠ ᠶᠢᠨ | ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠲᠠᠯ᠎ᠠ ᠪᠠᠷ ᠭᠡᠰᠡᠨ ᠦᠭᠡᠢ᠂ ᠥᠪᠥᠷ ᠮᠣᠩᠭᠤᠯ ᠴᠥᠮ ᠴᠢᠬᠤᠯᠠ ᠪᠠᠶᠢᠷᠢ | ᠰᠠᠭᠤᠷᠢ ᠪᠠ ᠦᠢᠯᠡᠳᠦᠯ ᠲᠠᠢ ᠶᠤᠮ᠃ | | ︽ᠳᠤᠮᠳᠠᠳᠤ ᠤᠯᠤᠰ ᠦᠢᠯᠡᠳᠭᠦ ᠦᠢᠯᠡᠰ ᠤᠨ ᠲᠣᠮᠣ ᠤᠯᠤᠰ ᠪᠣᠯᠤᠭᠰᠠᠨ ᠤ ᠬᠤᠪᠢ ᠳᠤ᠂ ᠪᠣᠳᠠᠲᠤ | ᠴᠣᠭᠴᠠ ᠶᠢᠨ ᠠᠵᠤ ᠠᠬᠤᠢ ᠶᠢ ᠬᠥᠭᠵᠢᠭᠦᠯᠬᠦ ᠳᠤ ᠡᠨᠧᠷᠭᠢ ᠶᠢᠨ ᠡᠬᠢ ᠰᠤᠷᠪᠤᠯᠵᠢ ᠪᠠᠨ ᠡᠷᠬᠡᠪᠰᠢ ᠥᠪᠡᠷ ᠤᠨ | ᠭᠠᠷ ᠲᠠᠭᠠᠨ ᠠᠳᠬᠤᠬᠤ ᠬᠡᠷᠡᠭᠲᠡᠢ︾᠃ ︽ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ | ᠰᠠᠶᠢᠲᠤᠷ ᠬᠢᠵᠦ᠂ ᠳᠡᠯᠡᠬᠡᠢ ᠶᠢᠨ ᠡᠨᠧᠷᠭᠢ ᠶᠢᠨ ᠮᠡᠷᠭᠡᠵᠢᠯ ᠤᠨ ᠬᠤᠪᠢᠰᠬᠠᠯ ᠤᠨ ᠰᠢᠨ᠎ᠡ ᠬᠠᠨᠳᠤᠰᠢ ᠶᠢ ᠴᠢᠩᠭ᠎ᠠ | ᠳᠠᠭᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠡᠨᠧᠷᠭᠢ ᠶᠢᠨ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ︾᠃ ᠨᠠᠨᠳᠢᠨ ᠬᠦᠰᠡᠯ ᠨᠠᠶᠢᠳᠠᠯᠭ᠎ᠠ ᠨᠢ ᠴᠢᠬᠢᠨ ᠳᠤ | ᠰᠣᠨᠣᠰᠳᠠᠨ᠎ᠠ᠂ ᠬᠠᠷᠢᠭᠤᠴᠠᠯᠭ᠎ᠠ ᠡᠭᠦᠷᠭᠡᠯᠡᠵᠦ ᠡᠷᠡᠮᠡᠬᠡᠶᠢᠯᠡᠨ ᠤᠷᠤᠭᠰᠢᠯᠠᠨ᠎ᠠ᠃ ᠡᠨᠡ ᠬᠦ ᠠᠶᠠᠨᠳᠠᠭᠠᠨ ᠪᠦᠲᠦᠭᠰᠡᠨ | ᠡᠨᠧᠷᠭᠢ ᠶᠢᠨ ᠡᠬᠢ ᠰᠤᠷᠪᠤᠯᠵᠢ ᠶᠢᠨ ᠬᠠᠯᠠᠭᠤᠨ ᠬᠥᠷᠥᠰᠥᠨ ᠳᠡᠭᠡᠷ᠎ᠡ᠂ ᠥᠪᠥᠷ ᠮᠣᠩᠭᠤᠯ ᠤᠨ ᠡᠨᠧᠷᠭᠢ ᠶᠢᠨ | ᠰᠤᠷᠪᠤᠯᠵᠢ ᠶᠢᠨ ᠶᠡᠭᠡ ᠲᠤᠭ ᠢ ᠡᠷᠭᠦᠵᠦ ᠡᠷᠡᠯᠬᠡᠭᠯᠡᠨ ᠤᠷᠤᠭᠰᠢᠯᠠᠭᠰᠠᠨ ᠦᠯᠢᠭᠡᠷ ᠶᠠᠭ ᠲᠠᠰᠤᠷᠠᠯᠲᠠ ᠦᠭᠡᠢ | ᠪᠢᠴᠢᠭᠯᠡᠭᠳᠡᠵᠦ ᠪᠠᠶᠢᠨ᠎ᠠ᠃ | | ᠥᠪᠥᠷ ᠮᠣᠩᠭᠤᠯ ᠤᠨ ᠬᠠᠶᠢᠨ ᠲᠣᠳᠣᠯᠠᠭᠰᠠᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ 103 ᠵᠦᠢᠯ | ᠪᠠᠶᠢᠵᠤ᠂ ᠡᠭᠦᠨ ᠳᠤ ᠨᠡᠭᠦᠷᠡᠰᠦᠨ ᠤ ᠬᠠᠳᠠᠭᠠᠯᠠᠭᠳᠠᠴᠠ ᠪᠠ ᠭᠠᠷᠤᠯᠲᠠ ᠨᠢ ᠴᠥᠮ ᠪᠦᠭᠦ ᠤᠯᠤᠰ ᠤᠨ 1 / 4 ᠶᠢ | ᠡᠵᠡᠯᠡᠵᠦ᠂ ᠰᠠᠯᠬᠢᠨ ᠤ ᠡᠨᠧᠷᠭᠢ᠂ ᠨᠡᠷᠡᠨ ᠤ ᠡᠨᠧᠷᠭᠢ ᠶᠢᠨ ᠮᠡᠷᠭᠡᠵᠢᠯ ᠤᠨ ᠨᠡᠭᠡᠭᠡᠨ ᠠᠰᠢᠭᠯᠠᠯᠲᠠ ᠶᠢᠨ ᠬᠡᠮᠵᠢᠶ᠎ᠡ ᠨᠢ | ᠲᠣᠰ ᠲᠣᠰ ᠪᠦᠭᠦ ᠤᠯᠤᠰ ᠤᠨ 57 %᠂ 21 % ᠶᠢ ᠡᠵᠡᠯᠡᠵᠦ᠂ ᠬᠤᠪᠣᠷ ᠰᠢᠷᠣᠢ ᠶᠢᠨ ᠡᠬᠢ ᠪᠠᠶᠠᠯᠢᠭ ᠨᠢ | ᠨᠠᠩ ᠴᠤ ︽ᠳᠡᠯᠡᠬᠡᠢ ᠶᠢᠨ ᠲᠠᠰ ᠤᠨ ᠬᠠᠳᠠᠭᠠᠯᠠᠭᠳᠠᠴᠠ︾ ᠲᠠᠢ ᠪᠠᠶᠢᠳᠠᠭ᠃ | | ᠠᠮᠤ ᠪᠤᠳᠠᠭ᠎ᠠ ᠡᠯᠪᠡᠭᠰᠢᠬᠦ ᠲᠤᠰᠤᠮ ︽ᠪᠤᠳᠠᠭᠠᠨ ᠠᠶᠠᠭ᠎ᠠ︾ ᠪᠠᠨ ᠨᠠᠩ ᠯᠠᠪᠳᠠᠭᠤᠨ ᠪᠠᠷᠢᠬᠤ ᠬᠡᠷᠡᠭᠲᠡᠢ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠡᠨᠧᠷᠭᠢ ᠶᠢᠨ ᠬᠤᠪᠢᠰᠬᠠᠯ ᠢ ᠡᠷᠡᠰ | ᠭᠤᠶᠢᠪᠢᠰᠢ ᠦᠭᠡᠢ ᠠᠬᠢᠭᠤᠯᠵᠤ᠂ ᠡᠬᠢ ᠪᠠᠶᠠᠯᠢᠭ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ᠂ ᠬᠡᠷᠡᠭᠯᠡᠭᠡᠨ ᠤ | ᠪᠦᠲᠦᠴᠡ᠂ ᠰᠢᠨ᠎ᠡ ᠶᠢ ᠡᠭᠦᠳᠭᠦ ᠴᠢᠳᠠᠪᠤᠷᠢ᠂ ᠵᠠᠰᠠᠯᠲᠠ ᠶᠢᠨ ᠰᠢᠰᠲ᠋ᠧᠮ ᠵᠡᠷᠭᠡ ᠡᠯ᠎ᠡ ᠬᠦᠷᠢᠶᠡᠨ ᠳᠤ ᠴᠢᠬᠤᠯᠠ | ᠶᠡᠭᠡ ᠬᠤᠪᠢᠰᠤᠯᠲᠠ ᠭᠠᠷᠭᠠᠵᠤ᠂ ᠠᠵᠤ ᠠᠬᠤᠢ ᠶᠢᠨ ᠪᠦᠭᠦ ᠲᠠᠯ᠎ᠠ ᠶᠢ ᠲᠣᠭᠲᠠᠪᠤᠷᠢᠵᠢᠭᠤᠯᠬᠤ ᠳᠤ ᠪᠠᠲᠤ ᠴᠢᠩᠭ᠎ᠠ | ᠲᠤᠯᠭᠠᠭᠤᠷᠢᠯᠠᠯ ᠬᠠᠩᠭᠠᠵᠤ᠂ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠪᠣᠳᠠᠲᠤ ᠬᠦᠴᠦᠨ | ᠲᠠᠰᠤᠷᠠᠯᠲᠠ ᠦᠭᠡᠢ ᠴᠢᠩᠭᠠᠷᠠᠪᠠ᠃ | | ᠬᠦᠰᠡᠯ ᠨᠠᠶᠢᠳᠠᠯᠭ᠎ᠠ ᠶᠢ ᠬᠥᠰᠡᠷᠳᠡᠭᠦᠯᠦᠯ ᠦᠭᠡᠢ᠂ ᠥᠪᠥᠷ ᠮᠣᠩᠭᠤᠯ ᠣᠷᠳᠣ ᠬᠤᠭᠤᠴᠠᠭ᠎ᠠ ᠪᠠᠷ | ᠡᠷᠡᠮᠡᠬᠡᠶᠢᠯᠡᠨ ᠲᠡᠮᠡᠴᠡᠬᠦ ᠬᠠᠲᠠᠨ ᠵᠣᠷᠢᠭ ᠢᠶᠠᠷ ᠦᠯᠡᠮᠵᠢ ᠠᠮᠵᠢᠯᠲᠠ ᠣᠯᠪᠠ - | | | ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 1.56 ᠳ᠋ᠦᠩᠰᠢᠭᠤᠷ | ᠺᠢᠯᠣᠸᠠᠲ ᠲᠤ ᠬᠦᠷᠴᠦ᠂ ᠭᠠᠳᠠᠭᠰᠢ ᠬᠦᠷᠭᠡᠭᠰᠡᠨ ᠴᠠᠭᠢᠯᠭᠠᠨ ᠤ ᠬᠡᠮᠵᠢᠶ᠎ᠡ 17 ᠵᠢᠯ ᠳᠠᠷᠠᠭᠠᠯᠠᠨ ᠪᠦᠭᠦ ᠤᠯᠤᠰ ᠲᠤ | ᠲᠦᠷᠦᠭᠦᠯᠡᠵᠦ᠂ ᠪᠦᠭᠦ ᠤᠯᠤᠰ ᠤᠨ ᠬᠠᠮᠤᠭ ᠤᠨ ᠶᠡᠭᠡ ᠨᠡᠭᠦᠷᠡᠰᠦ ᠴᠠᠭᠢᠯᠭᠠᠨ᠂ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠰᠠᠭᠤᠷᠢᠨ ᠢ ᠪᠠᠶᠢᠭᠤᠯᠵᠤ᠂ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠲᠣᠭᠲᠠᠭᠤᠨ ᠢᠶᠠᠷ | ᠨᠡᠮᠡᠭᠳᠡᠪᠡ᠃ | | ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 5600 ᠲᠦᠮᠡᠨ ᠺᠢᠯᠣᠸᠠᠲ ᠲᠤ ᠬᠦᠷᠴᠦ᠂ | ᠴᠠᠭᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠬᠠᠷᠢᠴᠠᠯ ᠤᠨ 1 / 3 ᠠᠴᠠ ᠳᠡᠭᠡᠭᠰᠢᠬᠢ ᠶᠢ ᠡᠵᠡᠯᠡᠵᠦ᠂ | ᠰᠢᠨ᠎ᠡ ᠡᠨᠧᠷᠭᠢ ᠶᠢᠨ ᠴᠠᠭᠢᠯᠭᠠᠨ ᠭᠠᠷᠭᠠᠬᠤ ᠬᠡᠮᠵᠢᠶ᠎ᠡ ᠪᠦᠭᠦ ᠤᠯᠤᠰ ᠤᠨ ᠲᠡᠷᠢᠭᠦᠨ ᠳᠤ ᠣᠷᠣᠵᠤ᠂ ᠰᠢᠨ᠎ᠡ | ᠡᠨᠧᠷᠭᠢ ᠶᠢᠨ ᠪᠦᠲᠦᠭᠡᠨ ᠪᠠᠶᠢᠭᠤᠯᠤᠯᠲᠠ ᠲᠦᠷᠭᠡᠨ ᠬᠥᠭᠵᠢᠪᠡ᠃ | | - ᠳᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ | ᠵᠡᠷᠭᠡ ᠠᠵᠤ ᠦᠢᠯᠡᠰ ᠤᠨ ᠬᠡᠪᠴᠢᠶ᠎ᠡ ᠪᠦᠭᠦ ᠳᠡᠯᠡᠬᠡᠢ ᠳᠤ ᠲᠦᠷᠦᠭᠦᠯᠡᠵᠦ᠂ ᠬᠤᠪᠣᠷ ᠰᠢᠷᠣᠢ ᠶᠢᠨ ᠨᠢᠭᠡᠳᠪᠦᠷᠢ᠂ | ᠾᠯᠣᠷᠲᠤ ᠡᠲ᠋ᠧᠨ ᠤ ᠪᠥᠭᠡᠭᠡᠨᠡᠷᠡᠯ᠂ ᠴᠠᠭᠢᠯᠭᠠᠨ ᠵᠠᠳᠠᠯᠤᠯ ᠤᠨ ᠬᠥᠩᠭᠡᠨᠴᠠᠭᠠᠨ ᠵᠡᠷᠭᠡ ᠶᠢ ᠦᠢᠯᠡᠳᠪᠦᠷᠢᠯᠡᠬᠦ ᠴᠢᠳᠠᠪᠤᠷᠢ | ᠪᠦᠭᠦ ᠤᠯᠤᠰ ᠤᠨ ᠡᠮᠦᠨ᠎ᠡ ᠡᠩᠨᠡᠭᠡᠨ ᠳᠤ ᠵᠢᠭᠰᠠᠭᠠᠭᠳᠠᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠶᠠᠭ ᠬᠤᠷᠴᠠ | ᠭᠢᠳᠤᠭ᠎ᠠ ᠪᠠᠷ ᠬᠤᠯᠤᠰᠤ ᠬᠠᠭᠠᠯᠬᠤ ᠮᠡᠲᠦ ᠰᠦᠷ ᠬᠦᠴᠦᠨ ᠢᠶᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠠᠶᠠᠨ ᠢᠶᠠᠨ ᠡᠬᠢᠯᠡᠭᠦᠯᠵᠦ ᠪᠠᠶᠢᠨ᠎ᠠ᠃ | | ᠪᠦᠭᠦ ᠤᠯᠤᠰ ᠤᠨ ᠨᠡᠭᠦᠷᠡᠰᠦ ᠴᠠᠭᠢᠯᠭᠠᠨ ᠤ ᠬᠠᠩᠭᠠᠯᠭ᠎ᠠ ᠪᠠᠴᠢᠮ ᠪᠠᠶᠢᠭ᠎ᠠ ᠶᠡᠭᠡ ᠣᠷᠴᠢᠨ ᠨᠥᠬᠦᠴᠡᠯ | ᠳᠣᠣᠷ᠎ᠠ᠂ ᠥᠪᠥᠷ ᠮᠣᠩᠭᠤᠯ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠭᠠᠭᠴᠠᠬᠦ ᠣᠷᠳᠣᠰ ᠨᠢᠭᠡᠯᠡ ᠬᠤᠳᠠ ᠤᠯᠤᠰ ᠠᠴᠠ ᠲᠤᠰᠢᠶᠠᠭᠰᠠᠨ 18 ᠮᠤᠵᠢ ᠶᠢᠨ ᠨᠡᠭᠦᠷᠡᠰᠦᠨ ᠤ | ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠪᠡᠶᠡᠯᠡᠭᠦᠯᠪᠡ᠃ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠲᠣᠮᠣ ᠣᠷᠣᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠬᠡᠪ ᠨᠠᠮᠪᠠ ᠪᠠ | ᠡᠭᠦᠷᠭᠡᠯᠡᠯ ᠬᠠᠷᠢᠭᠤᠴᠠᠯᠭ᠎ᠠ ᠪᠠᠨ ᠭᠦᠢᠴᠡᠳ ᠢᠯᠡᠷᠡᠭᠦᠯᠪᠡ᠃ | | ᠴᠠᠭ ᠢ ᠦᠵᠡᠨ ᠪᠠᠶᠢᠳᠠᠯ ᠢ ᠰᠢᠨᠵᠢᠵᠦ᠂ ᠠᠵᠠ ᠳᠤᠭᠢᠶᠠᠯ ᠢ ᠠᠮᠵᠢᠨ ᠠᠵᠢᠯᠯᠠᠪᠠᠯ ᠰᠠᠶ᠋ᠢ ᠡᠨᠧᠷᠭᠢ ᠶᠢᠨ ᠶᠡᠭᠡ | ᠬᠠᠨᠳᠤᠰᠢ ᠳᠤ ᠵᠣᠬᠢᠴᠠᠬᠤ ᠵᠠᠮ ᠢ ᠡᠷᠢᠯᠬᠢᠯᠡᠵᠦ ᠳᠡᠶᠢᠯᠦᠨ᠎ᠡ᠃ ᠥᠪᠥᠷ ᠮᠣᠩᠭᠤᠯ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠦᠢᠯᠡᠳᠦᠯᠭᠡ ᠳᠤ ᠠᠭᠤᠰᠤᠯᠴᠠᠭᠤᠯᠵᠤ᠂ ᠡᠨᠧᠷᠭᠢ ᠶᠢᠨ ᠬᠡᠷᠡᠭᠯᠡᠭᠡᠨ ᠤ ᠬᠤᠪᠢᠰᠤᠯᠲᠠ ᠶᠢ ᠪᠦᠭᠦ | ᠲᠠᠯ᠎ᠠ ᠪᠠᠷ ᠠᠬᠢᠭᠤᠯᠵᠤ᠂ ᠣᠯᠠᠨ ᠡᠰᠢᠲᠦ ᠴᠡᠪᠡᠷ ᠡᠨᠧᠷᠭᠢ ᠶᠢᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠨᠢᠭᠡᠳᠦᠭᠡᠷ ᠬᠥᠳᠡᠯᠭᠡᠭᠦ ᠬᠦᠴᠦᠨ ᠤ | ᠦᠢᠯᠡᠳᠦᠯ ᠢ ᠪᠠᠳᠠᠷᠠᠭᠤᠯᠵᠤ᠂ ᠬᠥᠭᠵᠢᠯᠲᠡ ᠶᠢᠨ ᠵᠠᠮ ᠶᠠᠪᠤᠬᠤ ᠲᠤᠲᠤᠮ ᠥᠷᠭᠡᠵᠢᠵᠦ᠂ ᠰᠠᠶᠢᠨ ᠴᠢᠮᠡᠭᠡ | ᠤᠯᠠᠮᠵᠢᠯᠠᠭᠳᠠᠨ ᠢᠷᠡᠯ᠎ᠠ᠄ | | - ᠪᠦᠭᠦ ᠳᠡᠯᠡᠬᠡᠢ ᠶᠢᠨ ᠠᠩᠬᠠᠳᠠᠭᠴᠢ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ | ᠬᠦᠷᠢᠶᠡᠯᠡᠩ ᠣᠷᠳᠣᠰ ᠲᠤ ᠨᠤᠲᠤᠬᠰᠢᠪᠠ; | | - ᠪᠦᠭᠦ ᠤᠯᠤᠰ ᠤᠨ ᠳᠦᠷᠪᠡᠨ ᠬᠤᠪᠢ ᠶᠢᠨ ᠲᠦᠷᠭᠡᠨ ᠤ ᠲᠡᠮᠦᠷ ᠵᠠᠮ ᠳᠤ ᠪᠤᠭᠤᠲᠤ ᠶᠢᠨ ᠬᠤᠪᠣᠷ | ᠰᠢᠷᠣᠢ ᠶᠢᠨ ᠵᠠᠮ ᠲᠡᠮᠦᠷ ᠢ ᠭᠡᠷᠡᠭᠯᠡᠵᠡᠢ; | | - ᠪᠦᠭᠦ ᠣᠷᠣᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠵᠠᠢ; | | ᠤᠯᠠᠭᠠᠨᠴᠠᠪ ᠤᠨ ᠭᠤᠷᠪᠠᠨ ᠬᠠᠪᠴᠢᠯ ᠤᠨ ᠰᠢᠨ᠎ᠡ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠳᠤ | ᠴᠠᠭᠢᠯᠭᠠᠨ ᠡᠨᠧᠷᠭᠢ᠂ ᠴᠠᠭᠢᠯᠭᠠᠨ ᠲᠣᠣᠷ᠂ ᠴᠠᠭᠢᠯᠭᠠᠨ ᠳᠠᠭᠠᠭᠠᠴᠠ᠂ ᠡᠨᠧᠷᠭᠢ ᠨᠥᠭᠡᠴᠡᠯᠡᠬᠦ ᠶᠢ ᠨᠢᠭᠡ | ᠴᠣᠭᠴᠠᠵᠢᠭᠤᠯᠬᠤ ᠮᠡᠷᠭᠡᠵᠢᠯ ᠤᠨ ᠰᠤᠳᠤᠯᠭᠠᠨ ᠶᠠᠭ ᠢᠳᠡ ᠭᠦᠭ ᠲᠠᠢ ᠶᠠᠪᠤᠭᠳᠠᠵᠤ ᠪᠤᠢ᠂ ᠲᠡᠳᠡ ︽ᠳᠠᠯᠠᠢ | ᠳᠡᠭᠡᠷᠡᠬᠢ ᠰᠠᠯᠬᠢᠨ ᠬᠦᠴᠦᠨ ᠢᠶᠠᠷ ᠴᠠᠭᠢᠯᠭᠠᠨ ᠭᠠᠷᠭᠠᠬᠤ ᠳᠠᠭᠠᠭᠤᠯᠤᠭᠴᠢ︾ ᠪᠣᠯᠤᠭᠰᠠᠨ ᠲᠡᠳᠦᠢ ᠦᠭᠡᠢ᠂ ᠨᠡᠩ | ᠴᠤ ︽ᠡᠬᠡ ᠬᠠᠭᠤᠷᠠᠢ ᠶᠢᠨ ᠰᠠᠯᠬᠢ ᠭᠡᠷᠡᠯ ᠢᠶᠠᠷ ᠴᠠᠭᠢᠯᠭᠠᠨ ᠭᠠᠷᠭᠠᠬᠤ ᠬᠤᠰᠢᠭᠤᠴᠢ︾ ᠪᠣᠯᠤᠭᠰᠠᠨ ᠶᠤᠮ᠃ | | ᠲᠣᠬᠢᠷᠠᠭᠤᠯᠤᠯᠲᠠ ᠬᠢᠬᠦ ᠡᠪᠡᠷᠰᠢᠶᠡᠯ ᠤᠨ ᠪᠣᠭᠤᠮᠲᠠ ᠶᠢ ᠳᠤᠭᠤᠯᠵᠦ᠂ ᠬᠥᠭᠵᠢᠯᠲᠡ ᠶᠢᠨ ᠳᠤᠲᠠᠭᠤᠳᠠᠯ ᠢ | ᠨᠥᠬᠦᠪᠦᠷᠢᠯᠡᠨ᠂ ᠴᠢᠨᠠᠷ ᠰᠠᠶᠢᠲᠠᠢ ᠬᠥᠭᠵᠢᠯᠲᠡ ᠶᠢᠨ ᠨᠡᠮᠡᠭᠳᠡᠯ ᠢ ᠰᠢᠯᠢᠳᠡᠭᠵᠢᠭᠦᠯᠪᠡ᠃ ᠥᠪᠥᠷ ᠮᠣᠩᠭᠤᠯ ︽ | ᠬᠠᠭᠤᠴᠢᠨ ᠬᠥᠳᠡᠯᠭᠡᠭᠦ ᠡᠨᠧᠷᠭᠢ︾ ᠠᠴᠠ ︽ᠰᠢᠨ᠎ᠡ ᠬᠥᠳᠡᠯᠭᠡᠭᠦ ᠡᠨᠧᠷᠭᠢ︾ ᠲᠡᠶᠢᠰᠢ ᠬᠤᠪᠢᠷᠠᠭᠰᠠᠨ ᠨᠢ | ᠳᠠᠪᠠᠯᠭᠠᠨ ᠢ ᠰᠥᠷᠦᠨ ᠤᠷᠤᠭᠰᠢᠯᠠᠵᠤ᠂ ︽ᠲᠤᠭ᠎ᠠ ᠬᠡᠮᠵᠢᠶᠡᠨ ᠤ ᠬᠤᠷᠠᠮᠳᠤᠭᠤᠯᠤᠯ︾ ᠠᠴᠠ ︽ᠶᠠᠰᠤ ᠴᠢᠨᠠᠷ ᠤᠨ | ᠳᠡᠭᠡᠭᠰᠢᠯᠡᠯ︾ ᠲᠡᠶᠢᠰᠢ ᠬᠤᠪᠢᠷᠠᠬᠤ ᠨᠢ ᠬᠤᠷᠢᠭᠯᠠᠭᠳᠠᠰᠢ ᠦᠭᠡᠢ ᠪᠣᠯᠵᠤ᠂ ᠤᠯᠤᠰ ᠤᠨ ᠴᠢᠬᠤᠯᠠ ᠡᠨᠧᠷᠭᠢ ᠪᠣᠯᠣᠨ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠰᠠᠯᠬᠢ ᠪᠣᠷᠣᠭᠠᠨ ᠠᠴᠠ | ᠠᠶᠤᠬᠤ ᠦᠭᠡᠢ᠂ ᠴᠤᠴᠠᠯᠲᠠ ᠦᠭᠡᠢ ᠤᠷᠤᠭᠰᠢᠯᠠᠪᠠ᠃ | | ᠢᠷᠡᠭᠡᠳᠦᠢ ᠳᠤ ᠬᠠᠨᠳᠤᠨ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠠᠤᠭ᠎ᠠ ᠲᠥᠰᠥᠪ ᠨᠢᠭᠡᠨᠲᠡ ᠵᠢᠷᠤᠭᠯᠠᠭᠳᠠᠵᠠᠢ᠄ | | - ᠨᠢᠭᠡ ᠲᠠᠯ᠎ᠠ ᠪᠠᠷ ᠨᠡᠭᠦᠷᠡᠰᠦᠨ ᠤ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠭᠡᠯᠪᠡᠷᠢ ᠲᠡᠶᠢᠰᠢ | ᠰᠢᠯᠵᠢᠭᠦ ᠶᠢ ᠠᠳᠬᠤᠵᠤ᠂ ᠨᠥᠭᠦᠭᠡ ᠲᠠᠯ᠎ᠠ ᠪᠠᠷ ᠰᠢᠨ᠎ᠡ ᠡᠨᠧᠷᠭᠢ ᠶᠢᠨ ᠬᠥᠭᠵᠢᠯᠲᠡ ᠶᠢ ᠠᠳᠬᠤᠵᠤ᠂ ᠨᠡᠭᠦᠷᠡᠰᠦ ᠪᠠ | ᠰᠢᠨ᠎ᠡ ᠡᠨᠧᠷᠭᠢ ᠶᠢᠨ ᠶᠡᠷᠦᠩᠬᠡᠢ ᠬᠡᠮᠵᠢᠶ᠎ᠡ ᠶᠢᠨ ᠳᠠᠪᠠᠭᠤᠯᠢᠭ᠂ ᠬᠠᠮᠲᠤᠷᠠᠯ ᠤᠨ ᠳᠠᠪᠠᠭᠤᠯᠢᠭ ᠢ ᠦᠷᠭᠦᠯᠵᠢᠯᠡᠨ | ᠥᠷᠭᠡᠳᠬᠡᠵᠦ᠂ ᠥᠪᠥᠷ ᠮᠣᠩᠭᠤᠯ ᠢ ᠴᠢᠯᠠᠭᠤᠵᠢᠮᠠᠯ ᠡᠨᠧᠷᠭᠢ ᠶᠢᠨ ᠲᠣᠮᠣ ᠣᠷᠣᠨ ᠠᠴᠠ ᠴᠡᠪᠡᠷ ᠡᠨᠧᠷᠭᠢ ᠶᠢᠨ | ᠲᠣᠮᠣ ᠣᠷᠣᠨ ᠪᠣᠯᠭᠠᠨ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠤᠯᠤᠰ ᠲᠤ ᠨᠠᠩ ᠲᠣᠭᠲᠠᠭᠤᠨ᠂ ᠨᠠᠩ | ᠠᠮᠤᠷ ᠲᠦᠪᠰᠢᠨ᠂ ᠨᠠᠩ ᠪᠣᠬᠢᠷᠳᠤᠯ ᠦᠭᠡᠢ ᠡᠨᠧᠷᠭᠢ ᠶᠢᠨ ᠬᠠᠩᠭᠠᠯᠭ᠎ᠠ ᠶᠢ ᠴᠢᠷᠮᠠᠶᠢᠨ ᠬᠠᠩᠭᠠᠨ᠎ᠠ᠃ 2025 ᠣᠨ | ᠪᠤᠯᠳᠠᠯ᠎ᠠ ᠨᠡᠭᠦᠷᠡᠰᠦᠨ ᠤ ᠪᠦᠲᠦᠮᠵᠢᠲᠡᠶ ᠦᠢᠯᠡᠳᠪᠦᠷᠢᠯᠡᠬᠦ ᠴᠢᠳᠠᠪᠤᠷᠢ ᠶᠢ 13 ᠳ᠋ᠦᠩᠰᠢᠭᠤᠷ ᠲᠣᠨ ᠣᠷᠴᠢᠮ ᠳᠤ | ᠲᠣᠭᠲᠠᠪᠤᠷᠢᠵᠢᠭᠤᠯᠬᠤ ᠪᠠᠷ ᠴᠢᠷᠮᠠᠶᠢᠨ᠎ᠠ᠃ | | - ︽ᠶᠡᠭᠡ ᠪᠠᠷ ᠠᠵᠢᠯᠯᠠᠵᠤ ᠲᠦᠷᠭᠡᠨ ᠬᠥᠭᠵᠢᠭᠦᠯᠬᠦ︾ ᠪᠠᠷ ᠰᠢᠨ᠎ᠡ ᠡᠨᠧᠷᠭᠢ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠰᠢᠨ᠎ᠡ ᠡᠨᠧᠷᠭᠢ ᠶᠢ ᠳᠠᠭᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠶᠡᠭᠡ ᠪᠠᠷ | ᠬᠡᠷᠡᠭᠵᠢᠭᠦᠯᠦᠨ᠎ᠡ᠃ ᠴᠠᠭᠢᠯᠭᠠᠨ ᠡᠨᠧᠷᠭᠢ᠂ ᠴᠠᠭᠢᠯᠭᠠᠨ ᠲᠣᠣᠷ᠂ ᠴᠠᠭᠢᠯᠭᠠᠨ ᠳᠠᠭᠠᠭᠠᠴᠠ᠂ ᠡᠨᠧᠷᠭᠢ ᠨᠥᠭᠡᠴᠡᠯᠡᠬᠦ ᠶᠢ | ᠨᠢᠭᠡ ᠴᠣᠭᠴᠠᠵᠢᠭᠤᠯᠬᠤ᠂ ᠰᠠᠯᠬᠢᠨ ᠬᠦᠴᠦᠨ᠂ ᠭᠡᠷᠡᠯᠴᠢ ᠴᠡᠨᠡᠭ᠂ ᠢᠯᠴᠢ ᠶᠢᠨ ᠴᠠᠭᠢᠯᠭᠠᠨ᠂ ᠡᠨᠧᠷᠭᠢ | ᠨᠥᠭᠡᠴᠡᠯᠡᠬᠦ ᠶᠢ ᠨᠢᠭᠡ ᠴᠣᠭᠴᠠᠵᠢᠭᠤᠯᠬᠤ᠂ ᠰᠠᠯᠬᠢ ᠭᠡᠷᠡᠯ ᠢ ᠤᠰᠤᠲᠥ᠋ᠷᠥᠭᠴᠢᠵᠢᠭᠤᠯᠤᠨ ᠬᠠᠳᠠᠭᠠᠯᠠᠬᠤ ᠶᠢ ᠨᠢᠭᠡ | ᠴᠣᠭᠴᠠᠵᠢᠭᠤᠯᠤᠨ ᠶᠡᠷᠦᠩᠬᠡᠶᠢᠯᠡᠨ ᠬᠡᠷᠡᠭᠯᠡᠬᠦ ᠶᠢ ᠪᠦᠭᠦ ᠬᠦᠴᠦᠨ ᠢᠶᠠᠷ ᠰᠠᠶᠢᠲᠤᠷ ᠠᠳᠬᠤᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠤᠯᠲᠠᠯ᠎ᠠ ᠰᠢᠨ᠎ᠡ | ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 1.35 ᠳ᠋ᠦᠩᠰᠢᠭᠤᠷ ᠺᠢᠯᠣᠸᠠᠲ ᠠᠴᠠ ᠳᠡᠭᠡᠭᠰᠢ ᠳᠤ | ᠬᠦᠷᠭᠡᠵᠦ᠂ ᠪᠦᠭᠦ ᠤᠯᠤᠰ ᠲᠤ ᠰᠢᠨ᠎ᠡ ᠡᠨᠧᠷᠭᠢ ᠪᠠᠷ ᠭᠤᠣᠯ ᠴᠣᠭᠴᠠ ᠪᠤᠯᠭᠠᠬᠰᠠᠨ ᠡᠨᠧᠷᠭᠢ ᠶᠢᠨ ᠬᠠᠩᠭᠠᠯᠭ᠎ᠠ ᠶᠢᠨ | ᠰᠢᠰᠲ᠋ᠧᠮ ᠢ ᠲᠦᠷᠦᠭᠦᠯᠡᠨ ᠪᠠᠶᠢᠭᠤᠯᠵᠤ᠂ ᠰᠢᠨ᠎ᠡ ᠡᠨᠧᠷᠭᠢ ᠪᠠᠷ ᠭᠤᠣᠯ ᠴᠣᠭᠴᠠ ᠪᠤᠯᠭᠠᠬᠰᠠᠨ ᠰᠢᠨ᠎ᠡ ᠭᠡᠯᠪᠡᠷᠢ ᠶᠢᠨ | ᠴᠠᠭᠢᠯᠭᠠᠨ ᠬᠦᠴᠦᠨ ᠤ ᠰᠢᠰᠲ᠋ᠧᠮ ᠢ ᠪᠠᠶᠢᠭᠤᠯᠤᠨ᠎ᠠ᠃ | | - ᠬᠤᠪᠣᠷ ᠰᠢᠷᠣᠢ ᠶᠢᠨ ᠡᠬᠢ ᠪᠠᠶᠠᠯᠢᠭ ᠢ ᠬᠠᠮᠠᠭᠠᠯᠠᠯᠲᠠ ᠶᠢᠨ ᠴᠢᠨᠠᠷᠲᠠᠢ ᠪᠠᠷ ᠨᠡᠭᠡᠭᠡᠨ ᠬᠥᠭᠵᠢᠭᠦᠯᠬᠦ᠂ ᠴᠢᠨᠠᠷ | ᠰᠠᠶᠢᠲᠠᠢ ᠪᠠᠷ ᠠᠰᠢᠭᠯᠠᠬᠤ ᠶᠢ ᠢᠳᠡᠪᠬᠢᠲᠡᠢ ᠠᠬᠢᠭᠤᠯᠵᠤ᠂ ︽ᠬᠤᠪᠣᠷ ᠰᠢᠷᠣᠢ +︾ ᠪᠠᠷ ᠬᠠᠮᠵᠢᠯᠴᠠᠨ ᠰᠢᠨ᠎ᠡ ᠶᠢ | ᠡᠭᠦᠳᠭᠦ ᠶᠢ ᠬᠦᠴᠦᠲᠡᠢ ᠠᠬᠢᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠢ ᠨᠠᠷᠢᠯᠢᠭ ᠰᠢᠯᠢᠳᠡᠭᠵᠢᠭᠦᠯᠦᠨ | ᠬᠦᠴᠦᠷᠬᠡᠭᠵᠢᠭᠦᠯᠵᠦ᠂ ᠪᠦᠭᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ | ᠰᠠᠭᠤᠷᠢᠨ ᠪᠠ ᠪᠦᠭᠦ ᠤᠯᠤᠰ ᠤᠨ ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠢ ᠪᠤᠶ ᠪᠤᠯᠭᠠᠵᠤ᠂ | 2025 ᠣᠨ ᠪᠤᠯᠳᠠᠯ᠎ᠠ ᠪᠦᠭᠦ ᠣᠷᠣᠨ ᠤ ᠬᠤᠪᠣᠷ ᠰᠢᠷᠣᠢ ᠶᠢ ᠲᠤᠬᠠᠢ ᠶᠢᠨ ᠭᠠᠵᠠᠷ ᠲᠤᠨᠢ ᠡᠳ᠋ᠰᠢᠭᠦᠯᠦᠨ | ᠣᠨᠳᠣᠣᠰᠢᠭᠤᠯᠬᠤ ᠨᠣᠷᠮ᠎ᠠ ᠶᠢ 80% ᠠᠴᠠ ᠳᠡᠭᠡᠭᠰᠢ ᠳᠤ ᠭᠦᠷᠭᠡᠭᠦ ᠪᠠᠷ ᠴᠢᠷᠮᠠᠶᠢᠨ᠎ᠠ᠃ | | - ᠪᠦᠭᠦ ᠣᠷᠣᠨ ᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ︽ᠲᠦᠷᠭᠡᠨ ᠳᠠᠷᠤᠪᠴᠢ︾ ᠶᠢ ᠳᠠᠷᠤᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠡᠷᠡᠭᠵᠢᠭᠦᠯᠬᠦ ᠲᠥᠰᠥᠯ ︵ | 2021-2025︶︾ ᠢ ᠳᠠᠷᠤᠮᠠᠯᠯᠠᠨ ᠲᠠᠷᠬᠠᠭᠠᠵᠤ᠂ 2025 ᠣᠨ ᠪᠤᠯᠳᠠᠯ᠎ᠠ ᠪᠦᠭᠦ ᠣᠷᠣᠨ ᠤ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ᠦᠢᠯᠡᠳᠬᠦᠨ ᠤ ᠥᠷᠲᠡᠭ ᠢ 2300 ᠳ᠋ᠦᠩᠰᠢᠭᠤᠷ ᠲᠥᠭᠦᠷᠢᠭ ᠲᠤ ᠬᠦᠷᠭᠡᠵᠦ | ᠂ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠬᠦᠨ ᠤ ᠥᠷᠲᠡᠭ ᠤᠨ ᠡᠵᠡᠯᠡᠭᠦ ᠬᠠᠷᠢᠴᠠᠯ ᠢ 2020 ᠣᠨ ᠳᠤ 3. | 6% ᠪᠠᠶᠢᠭᠰᠠᠨ ᠢ 10% ᠣᠷᠴᠢᠮ ᠪᠣᠯᠭᠠᠨ ᠳᠡᠭᠡᠭᠰᠢᠯᠡᠭᠦᠯᠦᠨ᠎ᠡ᠃ | | ᠠᠮᠤ ᠪᠤᠳᠠᠭ᠎ᠠ ᠶᠢᠨ ︽ᠬᠥᠮᠥᠷᠭᠡ︾ ᠪᠠᠨ ᠡᠷᠡᠰ ᠪᠠᠲᠤᠯᠠᠪᠠᠯ ᠢᠲᠡᠭᠡᠯ ᠵᠣᠷᠢᠭ ᠲᠠᠢ ᠪᠤᠯᠬᠤ ᠮᠥᠷᠲᠡᠭᠡᠨ ᠨᠡᠩ | ᠪᠣᠳᠠᠲᠤ ᠬᠦᠴᠦᠨ ᠲᠠᠢ ᠪᠣᠯᠵᠤ ᠴᠢᠳᠠᠨ᠎ᠠ | | ᠠᠷᠠᠳ ᠢᠷᠭᠡᠳ ᠪᠣᠯ ᠤᠯᠤᠰ ᠤᠨ ᠦᠨᠳᠦᠰᠦ᠂ ᠠᠮᠤ ᠪᠤᠳᠠᠭ᠎ᠠ ᠪᠣᠯ ᠠᠷᠠᠳ ᠢᠷᠭᠡᠳ ᠤᠨ ᠠᠮᠢ ᠨᠠᠰᠤ | ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠡᠷᠡᠰ ᠪᠠᠲᠤᠯᠠᠵᠤ᠂ ᠣᠲᠣ ᠦᠶ᠎ᠡ ᠶᠢᠨ ᠮᠠᠯ ᠠᠵᠤ ᠠᠬᠤᠢ ᠶᠢᠨ ᠭᠡᠯᠪᠡᠷᠢ ᠪᠠᠨ | ᠲᠦᠷᠭᠡᠨ ᠬᠤᠪᠢᠷᠠᠭᠤᠯᠵᠤ᠂ ᠲᠠᠷᠢᠶᠠᠨ ᠭᠠᠵᠠᠷ ᠪᠣᠯᠣᠨ ᠦᠷ᠎ᠡ ᠶᠢᠨ ᠠᠵᠢᠯ ᠢ ᠬᠦᠴᠦᠲᠡᠢ ᠠᠬᠢᠭᠤᠯᠪᠠ᠃ ᠥᠪᠥᠷ | ᠮᠣᠩᠭᠤᠯ ᠨᠢᠭᠡᠨᠲᠡ ᠤᠯᠤᠰ ᠤᠨ ᠴᠢᠬᠤᠯᠠ ︽ᠠᠮᠤ ᠶᠢᠨ ᠰᠠᠩ︾᠂ ︽ᠮᠢᠬᠠᠨ ᠤ ᠬᠥᠮᠥᠷᠭᠡ︾᠂ ︽ᠰᠦ ᠶᠢᠨ | ᠬᠥᠨᠥᠭ︾᠂ ︽ᠨᠣᠣᠯᠣᠭᠤᠷ ᠤᠨ ᠣᠷᠣᠨ︾ ᠪᠣᠯᠤᠭᠰᠠᠨ ᠪᠠᠶᠢᠨ᠎ᠠ᠃ | | ᠠᠮᠤ ᠪᠤᠳᠠᠭᠠᠨ ᠤ ᠤᠨᠠᠯᠲᠠ 4 ᠵᠢᠯ ᠳᠠᠷᠠᠭᠠᠯᠠᠨ 700 ᠳ᠋ᠦᠩᠰᠢᠭᠤᠷ ᠵᠢᠩ ᠢ ᠳᠠᠪᠠᠵᠤ᠂ ᠪᠦᠭᠦ ᠤᠯᠤᠰ ᠤᠨ | ᠵᠢᠷᠭᠤᠳᠤᠭᠠᠷ ᠲᠤ ᠵᠢᠭᠰᠠᠭᠠᠭᠳᠠᠵᠤ᠂ ᠵᠢᠯ ᠪᠦᠷᠢ ᠬᠠᠭᠠᠰ ᠠᠴᠠ ᠳᠡᠭᠡᠭᠰᠢᠬᠢ ᠠᠮᠤ ᠪᠤᠳᠠᠭ᠎ᠠ ᠶᠢ ᠣᠷᠣᠨ ᠤ ᠭᠠᠳᠠᠨ᠎ᠠ | ᠭᠠᠷᠭᠠᠵᠤ᠂ ᠪᠦᠭᠦ ᠤᠯᠤᠰ ᠲᠤ ᠬᠠᠩᠭᠠᠵᠤ ᠪᠠᠶᠢᠨ᠎ᠠ; | | ᠪᠡᠯᠴᠢᠭᠡᠷ ᠤᠨ ᠮᠠᠯ ᠤᠨ ᠲᠤᠭ᠎ᠠ 7000 ᠲᠦᠮᠡ ᠶᠢ ᠳᠠᠪᠠᠵᠤ᠂ ᠬᠤᠨᠢᠨ ᠮᠢᠬ᠎ᠠ᠂ ᠦᠬᠡᠷ ᠤᠨ ᠮᠢᠬ᠎ᠠ᠂ | ᠦᠨᠢᠶᠡᠨ ᠰᠦ᠂ ᠢᠮᠠᠭᠠᠨ ᠨᠣᠣᠯᠣᠭᠤᠷ ᠤᠨ ᠭᠠᠷᠤᠯᠲᠠ ᠲᠣᠰ ᠲᠣᠰ ᠪᠦᠭᠦ ᠤᠯᠤᠰ ᠤᠨ 1/5᠂ 1/10᠂ 1/5᠂ | 1/2 ᠶᠢ ᠡᠵᠡᠯᠡᠪᠡ ; | | ᠰᠦ ᠶᠢᠨ ᠦᠢᠯᠡᠰ᠂ ᠡᠷᠳᠡᠨᠢ ᠰᠢᠰᠢ ᠵᠡᠷᠭᠡ ᠮᠢᠩᠭᠠᠨ ᠳ᠋ᠦᠩᠰᠢᠭᠤᠷ ᠲᠠᠰ ᠤᠨ ᠪᠠ ᠠᠯᠠᠰᠢᠨ ᠬᠤᠨᠢ᠂ | ᠠᠯᠠᠰᠢᠨ ᠦᠬᠡᠷ᠂ ᠲᠥᠮᠥᠰᠥ᠂ ᠨᠡᠷᠡᠨ ᠬᠤᠸᠠᠷ ᠤᠨ ᠦᠷ᠎ᠡ ᠵᠡᠷᠭᠡ ᠵᠠᠭᠤᠨ ᠳ᠋ᠦᠩᠰᠢᠭᠤᠷ ᠲᠠᠰ ᠤᠨ 10 ᠠᠵᠤ | ᠦᠢᠯᠡᠰ ᠤᠨ ᠰᠦᠷᠦᠭᠵᠢᠯ ᠢ ᠪᠤᠶ ᠪᠤᠯᠭᠠᠪᠠ; | | 429 ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠦᠭᠦ ᠤᠯᠤᠰ ᠤᠨ ︽ᠨᠠᠷᠠᠲᠤ | ᠣᠨᠴᠠᠯᠢᠭᠲᠤ ᠰᠢᠯᠢᠳᠡᠭ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠵᠤ᠂ | ᠶᠡᠷᠤᠨᠬᠭᠡᠢ ᠲᠤᠭ᠎ᠠ ᠪᠠᠷ ᠪᠦᠭᠦ ᠤᠯᠤᠰ ᠲᠤ ᠲᠦᠷᠦᠭᠦᠯᠡᠪᠡ ; | | ᠰᠢᠯᠢ ᠶᠢᠨ ᠭᠤᠣᠯ ᠤᠨ ᠬᠤᠨᠢᠨ ᠮᠢᠬ᠎ᠠ᠂ ᠬᠤᠷᠴᠢᠨ ᠤ ᠦᠬᠡᠷ᠂ ᠤᠯᠠᠭᠠᠨᠬᠠᠳᠠ ᠶᠢᠨ ᠨᠠᠷᠢᠮᠤ᠂ ᠬᠢᠩᠭᠠᠨ ᠤ | ᠲᠤᠲᠤᠷᠭ᠎ᠠ ᠵᠡᠷᠭᠡ 11 ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠡᠮᠳᠡᠭ ᠪᠣᠯᠣᠨ ︽ᠲᠠᠯ᠎ᠠ ᠨᠤᠲᠤᠭ ᠤᠨ ᠮᠢᠨ ᠹᠧᠩ ᠲᠥᠮᠥᠰᠥ︾᠂ ︽ᠵᠢᠢ ᠪᠧᠢ ᠠᠮᠲᠠᠲᠤ | ᠲᠤᠲᠤᠷᠭ᠎ᠠ︾ ᠵᠡᠷᠭᠡ 6 ᠠᠵᠤ ᠠᠬᠤᠶᠢᠯᠠᠯ ᠤᠨ ᠪᠦᠲᠦᠭᠡᠭᠳᠡᠬᠦᠨ ᠤ ᠨᠠᠷᠠᠲᠤ ᠲᠡᠮᠳᠡᠭ ᠢ ᠳᠤᠮᠳᠠᠳᠤ ᠤᠯᠤᠰ ᠤᠨ | ᠲᠠᠷᠢᠶᠠᠯᠠᠩ ᠤᠨ ᠨᠠᠷᠠᠲᠤ ᠲᠡᠮᠳᠡᠭ ᠤᠨ ᠭᠠᠷᠴᠠᠭ ᠲᠤ ᠣᠷᠣᠭᠤᠯᠪᠠ ; | | ᠤᠯᠤᠰ ᠤᠨ ᠲᠠᠰ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠢ 10 | ᠪᠠᠶᠢᠭᠤᠯᠵᠤ᠂ ᠪᠣᠬᠢᠷᠳᠤᠯ ᠦᠭᠡᠢ᠂ ᠣᠷᠭᠠᠨᠢᠭ ᠪᠠ ᠭᠠᠵᠠᠷ ᠵᠦᠢ ᠶᠢᠨ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ | ᠳᠤ 2146 ᠭᠡᠷᠡᠴᠢᠯᠡᠯᠲᠡ ᠭᠢᠵᠠᠢ; | | ᠢᠯᠢ᠂ ᠮᠧᠩ ᠨᠢᠦ ᠬᠤᠶᠠᠷ ᠲᠣᠮᠣ ᠰᠦ ᠶᠢᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠵᠢᠭᠰᠠᠭᠠᠯᠲᠠ ᠨᠢ | ᠳᠡᠯᠡᠬᠡᠢ ᠶᠢᠨ ᠲᠠᠪᠤᠳᠤᠭᠠᠷ ᠪᠠ ᠳᠣᠯᠣᠳᠤᠭᠠᠷ᠂ ᠠᠽᠢᠶ᠎ᠠ ᠲᠢᠪ ᠤᠨ ᠨᠢᠭᠡᠳᠦᠭᠡᠷ ᠪᠠ ᠬᠤᠶᠠᠳᠤᠭᠠᠷ ᠲᠤ ᠤᠷᠤᠪᠡ; | | ᠁ | | ᠤᠮᠠᠷᠠᠲᠤ ᠬᠢᠯᠢ ᠶᠢᠨ10 ᠰᠠᠷ᠎ᠠ᠂ ᠲᠡᠭᠷᠢ ᠨᠢ ᠲᠤᠩᠭᠠᠯᠠᠭ᠂ ᠡᠯᠪᠡᠭ ᠬᠤᠷᠢᠶᠠᠯᠲᠠ ᠶᠢᠨ ᠡᠭᠡᠰᠢᠭ ᠥᠷᠭᠡᠨ | ᠠᠭᠤᠳᠠᠮ ᠬᠥᠳᠡᠭᠡ ᠨᠤᠲᠤᠭ ᠲᠤ ᠳᠠᠭᠤᠷᠢᠰᠤᠨ᠎ᠠ᠃ | | ᠡᠯᠪᠡᠭ ᠬᠤᠷᠢᠶᠠᠯᠲᠠ ᠣᠯᠣᠭᠰᠠᠨ ᠲᠥᠮᠥᠰᠥ ᠶᠢᠨ ᠲᠠᠷᠢᠶᠠᠨ ᠳᠤ᠂ ᠤᠯᠠᠭᠠᠨᠴᠠᠪ ᠬᠤᠳᠠ ᠶᠢᠨ ᠳᠥᠷᠪᠡᠳ | ᠬᠤᠰᠢᠭᠤᠨ ᠤ ᠵᠡᠭᠦᠨ ᠨᠠᠢᠮᠠᠳᠤᠭᠠᠷ ᠰᠢᠶᠠᠩ ᠤᠨ ᠴᠠᠩ ᠱᠧᠩ ᠯᠢᠶᠠᠩ ᠲᠣᠰᠬᠤᠨ ᠤ ᠠᠷᠠᠳ ᠴᠠᠩ ᠯᠢᠨ ᠬᠠᠢ | ᠠᠯᠠᠭᠠᠨ ᠳᠠᠭᠠᠨ 5 ᠺᠢᠯᠣᠭ᠍ᠷᠠᠮ ᠬᠦᠨᠳᠦ 7 ᠲᠥᠮᠥᠰᠥ ᠶᠢ ᠪᠠᠷᠢᠵᠤ᠂ ᠠᠯᠠᠭ ᠬᠤᠶᠠᠷ ᠨᠢᠳᠦᠨ ᠳᠤᠨᠢ ᠠᠵᠠ ᠵᠢᠷᠭᠠᠯ | ᠤᠨ ᠮᠦᠰᠢᠶᠡᠳᠦ ᠲᠣᠳᠣᠷᠠᠨ᠄ ︽ᠪᠢ 1300 ᠭᠠᠷᠤᠢ ᠮᠦ ᠲᠥᠮᠥᠰᠥ ᠳᠠᠷᠢᠵᠠᠢ᠂ ᠤᠨᠠᠯᠲᠠ ᠨᠢ 4000 ᠲᠣᠨ᠂ | ᠥᠪᠡᠷ ᠤᠨ ᠦᠷᠳᠡᠭ ᠢ ᠭᠠᠷᠭᠠᠪᠠᠯ᠂ ᠣᠷᠣᠯᠭ᠎ᠠ ᠪᠠᠭ᠎ᠠ ᠪᠤᠰᠤ ᠰᠢᠦ︾ ᠭᠡᠨ᠎ᠡ᠃ | | ᠤᠲᠠᠰᠤ ᠠᠪᠤᠭᠰᠠᠭᠠᠷ ᠡᠨᠡ ᠵᠢᠯ ᠶᠠᠭᠤ ᠲᠠᠷᠢᠬᠤ᠂ ᠬᠡᠳᠦᠢ ᠲᠠᠷᠢᠬᠤ ᠶᠢ ᠮᠡᠳᠡᠴᠢᠬᠡᠨ᠎ᠡ᠃ ᠡᠶᠢᠮᠦ ᠳᠥᠭᠦᠮ | ᠳᠥᠲᠡ ᠲᠦᠷᠭᠡᠨ ᠠᠵᠢᠯᠯᠠᠭ᠎ᠠ ᠨᠢ ᠤᠯᠠᠭᠠᠨᠬᠠᠳᠠ ᠬᠤᠲᠠ ᠶᠢᠨ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠳᠤᠮᠳᠠ | ᠨᠢᠭᠡᠨᠲᠡ ᠰᠢᠨ᠎ᠡ ᠶᠠᠪᠤᠳᠠᠯ ᠪᠢᠰᠢ ᠪᠣᠯᠵᠠᠢ᠃ | | ︽ᠤᠤᠯ ᠳᠠᠭᠠᠨ ᠲᠠᠷᠢᠶ᠎ᠠ ᠲᠠᠷᠢᠬᠤ ᠳᠤ ᠵᠠᠬ᠎ᠠ ᠳᠡᠯᠭᠡᠭᠦᠷ ᠤᠨ ᠬᠡᠷᠡᠭᠴᠡᠭᠡ ᠶᠢ ᠣᠶᠢᠯᠠᠭᠠᠬᠤ ᠦᠭᠡᠢ᠂ | ᠦᠵᠡᠬᠦ ᠳᠤ ᠡᠯᠪᠡᠭ ᠬᠤᠷᠢᠶᠠᠯᠲᠠ ᠣᠯᠣᠭᠰᠠᠨ ᠰᠢᠭ᠋ ᠪᠤᠯᠪᠠᠴᠤ ᠳᠠᠩᠰᠠ ᠪᠤᠳᠤᠬᠰᠠᠭᠠᠷ ᠰᠠᠶ᠋ᠢ ᠲᠡᠶᠢᠮᠦ ᠪᠢᠰᠢ ᠭᠡᠳᠡᠭ | ᠢ ᠮᠡᠳᠡᠳᠡᠭ᠃ ᠤᠳᠤ ᠪᠢ ᠲᠠᠷᠢᠶ᠎ᠠ ᠲᠠᠷᠢᠬᠤ ᠲᠠᠯ᠎ᠠ ᠪᠠᠷ ᠶᠠᠮᠠᠷ ᠠᠰᠠᠭᠤᠳᠠᠯ ᠪᠠᠶᠢᠪᠠᠯ᠂ 12316 ᠳᠤ | ᠤᠲᠠᠰᠤᠳᠠᠪᠠᠯ ᠳᠠᠷᠤᠢ ᠰᠢᠢᠳᠪᠦᠷᠢᠯᠡᠴᠢᠬᠡᠨ᠎ᠡ︾ ᠭᠡᠵᠦ ᠠᠤᠬᠠᠨ ᠬᠤᠰᠢᠭᠤᠨ ᠤ ᠹᠧᠩ ᠱᠧᠦ ᠰᠢᠶᠠᠩ ᠤᠨ ᠵᠠᠩ | ᠵᠢᠶᠠ ᠭᠧᠦ ᠲᠣᠰᠬᠤᠨ ᠤ ᠲᠠᠷᠢᠮᠠᠯ ᠤᠨ ᠲᠣᠮᠣ ᠡᠷᠦᠭᠡ ᠶᠢᠨ ᠡᠵᠡᠨ ᠰᠦᠨ ᠰᠢᠶᠣᠣ ᠳ᠋ᠦᠩ ᠶᠠᠷᠢᠨ᠎ᠠ᠃ | | ︽12316︾ ᠪᠣᠯ ᠪᠦᠭᠦ ᠤᠯᠤᠰ ᠤᠨ ᠲᠠᠷᠢᠶᠠᠯᠠᠩ ᠤᠨ ᠰᠢᠰᠲ᠋ᠧᠮ ᠤᠨ ᠨᠡᠶᠢᠲᠡ ᠶᠢᠨ ᠠᠰᠠᠷᠠᠮᠵᠢ | ᠶᠢᠨ ᠦᠢᠯᠡᠴᠢᠯᠡᠭᠡᠨ ᠤ ᠨᠢᠭᠡᠳᠦᠯᠲᠡᠢ ᠲᠤᠰᠬᠠᠢ ᠬᠡᠷᠡᠭᠯᠡᠭᠡᠨ ᠤ ᠨᠣᠮᠧᠷ ᠪᠣᠯᠣᠨ᠎ᠠ᠂ ᠤᠯᠠᠭᠠᠨᠬᠠᠳᠠ ᠬᠤᠲᠠ ᠶᠢᠨ ︽ | 12316︾ ᠪᠣᠯ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠲᠤᠰᠠᠭᠠᠷ ᠠᠵᠢᠯᠯᠠᠵᠤ ᠪᠠᠶᠢᠭ᠎ᠠ ᠠᠶᠢᠮᠠᠭ | ᠬᠤᠲᠠ ᠶᠢᠨ ᠱᠠᠲᠤᠨ ᠤ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ᠤ | ᠦᠢᠯᠡᠴᠢᠯᠡᠭᠡᠨ ᠤ ᠬᠠᠯᠠᠮᠰᠢᠯ ᠤᠲᠠᠰᠤᠨ ᠤ ᠲᠠᠪᠴᠠᠩ ᠪᠣᠯᠣᠨ᠎ᠠ᠃ ᠤᠯᠠᠭᠠᠨᠬᠠᠳᠠ ᠬᠤᠲᠠ ᠶᠢᠨ ᠮᠠᠯ ᠠᠵᠤ | ᠠᠬᠤᠢ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠮᠡᠳᠡᠭᠡ ᠵᠠᠩᠭᠢ ᠶᠢᠨ ᠰᠠᠯᠠᠭᠠᠨ ᠤ ᠳᠠᠷᠤᠭ᠎ᠠ ᠯᠢ | ᠸᠧᠨ ᠬᠤᠸᠠ ᠶᠢᠨ ᠲᠠᠨᠢᠯᠴᠠᠭᠤᠯᠤᠭᠰᠠᠨ ᠢᠶᠠᠷ᠂ ᠲᠠᠪᠴᠠᠩ ᠨᠢ ᠪᠦᠲᠦᠭᠡᠯᠴᠢ ᠴᠢᠨᠠᠷᠲᠠᠢ ᠪᠠᠷ ᠲᠤᠰᠬᠠᠢ ᠮᠡᠷᠭᠡᠵᠢᠯᠲᠡᠨ | ᠲᠠᠢ ᠰᠢᠭᠤᠳ ᠬᠠᠷᠢᠯᠴᠠᠬᠤ ᠪᠠᠷ ᠳᠠᠮᠵᠢᠭᠤᠯᠤᠨ ᠭᠤᠷᠪᠠᠨ ᠲᠠᠯ᠎ᠠ ᠪᠠᠷ ᠤᠲᠠᠰᠤ ᠪᠠᠷ ᠶᠠᠷᠢᠯᠴᠠᠬᠤ ᠶᠢ | ᠪᠡᠶᠡᠯᠡᠭᠦᠯᠵᠦ᠂ ᠡᠨᠡ ᠲᠠᠯ᠎ᠠ ᠶᠢᠨ ᠠᠰᠠᠭᠤᠯᠲᠠ ᠶᠢ ᠲᠡᠷᠡ ᠲᠠᠯ᠎ᠠ ᠳᠤ ᠬᠠᠷᠢᠭᠤᠯᠵᠤ ᠪᠠᠶᠢᠨ᠎ᠠ᠃ | | ᠲᠤᠭᠠᠴᠢᠯᠠᠯᠲᠠ ᠪᠠᠷ ᠡᠨᠧᠷᠭᠢ ᠣᠯᠭᠤᠵᠤ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ | ᠨᠡᠭᠡᠭᠡᠪᠡ᠃ ᠣᠶᠢᠷ᠎ᠠ ᠶᠢᠨ ᠵᠢᠯ ᠳᠤ᠂ ᠪᠦᠭᠦ ᠣᠷᠣᠨ ᠮᠠᠯ ᠠᠵᠤ ᠠᠬᠤᠢ ᠲᠠᠷᠢᠶᠠᠯᠠᠩ ᠤᠨ ᠲᠤᠭᠠᠴᠢᠯᠠᠯᠳᠠ ᠪᠠᠷ | ᠭᠡᠯᠪᠡᠷᠢ ᠪᠠᠨ ᠬᠤᠪᠢᠷᠠᠭᠤᠯᠬᠤ ᠶᠢ ᠶᠡᠭᠡ ᠪᠠᠷ ᠠᠬᠢᠭᠤᠯᠵᠤ᠂ ᠲᠣᠮᠣ ᠳ᠋ᠠᠶᠢᠲ᠋ᠠ᠂ ᠪᠠᠷᠠᠭᠠᠨ ᠤ ᠭᠦᠢᠯᠭᠡᠭᠡ ᠶᠢᠨ | ᠰᠦᠯᠵᠢᠶ᠎ᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠮᠡᠷᠭᠡᠵᠢᠯ ᠤᠨ ᠦᠢᠯᠡᠳᠪᠦᠷᠢᠯᠡᠯ ᠡᠵᠡᠩᠨᠡᠯᠲᠡ | ᠬᠠᠮᠢᠶᠠᠷᠤᠯᠲᠠ ᠳᠠᠬᠢ ᠬᠡᠷᠡᠭᠯᠡᠯᠲᠡ ᠶᠢ ᠲᠦᠷᠭᠡᠳᠬᠡᠨ ᠳᠡᠯᠭᠡᠷᠡᠭᠦᠯᠵᠦ᠂ ᠮᠠᠯ ᠠᠵᠤ ᠠᠬᠤᠢ ᠲᠠᠷᠢᠶᠠᠯᠠᠩ ᠨᠢ ︽ | ᠲᠣᠭᠠᠴᠢᠯᠠᠯᠲᠠ︾ ᠶᠢᠨ ᠬᠦᠴᠦᠨ ᠢ ᠭᠦᠢᠴᠡᠳ ᠢᠯᠡᠷᠡᠭᠦᠯᠪᠡ᠃ | | ᠥᠪᠥᠷ ᠮᠣᠩᠭᠤᠯ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ | ᠣᠨᠳᠣᠣᠰᠢᠭᠤᠯᠬᠤ ᠨᠤᠷᠮ᠎ᠠ ᠶᠢ ᠬᠦᠴᠦᠯᠡᠨ ᠳᠡᠭᠡᠭᠰᠢᠯᠡᠭᠦᠯᠵᠦ᠂ ᠮᠠᠯ ᠠᠵᠤ ᠠᠬᠤᠢ ᠲᠠᠷᠢᠶᠠᠯᠠᠩ ᠪᠠ ᠠᠵᠤ | ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠵᠤ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠵᠦ᠂ ᠤᠯᠤᠰ ᠤᠨ ᠴᠢᠬᠤᠯᠠ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠭᠦ ᠬᠦᠴᠦᠨ ᠢᠶᠠᠷ | ᠪᠦᠲᠦᠭᠡᠨ ᠪᠠᠶᠢᠭᠤᠯᠬᠤ ᠠᠬᠢᠴᠠ ᠳᠤᠮᠳᠠ ᠢᠲᠡᠭᠡᠯ ᠵᠣᠷᠢᠭ ᠨᠡᠩ ᠲᠡᠭᠦᠯᠳᠡᠷ᠂ ᠪᠣᠳᠠᠲᠤ ᠬᠦᠴᠦᠨ ᠨᠡᠩ ᠴᠢᠩᠭ᠎ᠠ᠂ | ᠶᠠᠰᠤ ᠴᠢᠨᠠᠷ ᠨᠡᠩ ᠥᠨᠳᠥᠷ ᠪᠣᠯᠵᠠᠢ᠃ | | ︽ᠬᠥᠷᠥᠰᠥ ᠰᠢᠷᠣᠢ ᠠᠴᠠ ᠢᠳᠡᠰᠢ ᠮᠠᠯᠲᠠᠬᠤ︾ ᠪᠠᠶᠢᠭᠰᠠᠨ ᠠᠴᠠ ︽ᠬᠥᠷᠥᠰᠥ ᠰᠢᠷᠣᠢ ᠠᠴᠠ ᠠᠯᠲᠠ | ᠭᠠᠷᠭᠠᠬᠤ︾ ᠭᠦᠷᠲᠡᠯ᠎ᠡ᠂ ︽ᠬᠠᠷ᠎ᠠ ᠪᠣᠳᠣᠯᠭ᠎ᠠ ᠪᠠᠷ ᠢᠶᠠᠨ ᠪᠤᠳᠤᠵᠦ︾ ᠪᠠᠶᠢᠭᠰᠠᠨ ᠠᠴᠠ ︽ᠲᠣᠮᠣ ᠳ᠋ᠠᠶᠢᠲ᠋ᠠ ᠪᠠᠷ | ᠲᠣᠭᠲᠠᠭᠠᠬᠤ︾ ᠪᠣᠯᠣᠨ ᠬᠤᠪᠢᠷᠠᠵᠤ᠂ ᠵᠢᠯᠣᠭᠤᠴᠢ ᠦᠭᠡᠢ ᠨᠢᠰᠬᠡᠯ᠂ ᠠᠦ᠋ᠲ᠋ᠣᠴᠢᠯᠠᠯᠲᠠ᠂ ᠪᠠᠷᠠᠭᠠᠨ ᠤ | ᠭᠦᠢᠯᠭᠡᠭᠡ ᠶᠢᠨ ᠰᠦᠯᠵᠢᠶ᠎ᠡ ᠵᠡᠷᠭᠡ ᠮᠠᠯ ᠠᠵᠤ ᠠᠬᠤᠢ ᠲᠠᠷᠢᠶᠠᠯᠠᠩ ᠤᠨ ︽ᠲᠡᠷᠢᠭᠦᠨ ᠤ ᠮᠡᠷᠭᠡᠵᠢᠯ︾ ᠮᠠᠯᠵᠢᠬᠤ | ᠲᠠᠷᠢᠶᠠᠯᠠᠬᠤ ᠣᠷᠣᠨ ᠳᠤ ᠣᠷᠣᠭᠰᠠᠨ ᠠᠴᠠ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠶᠠᠭ | ᠤᠯᠠᠮᠵᠢᠯᠠᠯᠲᠤ ᠠᠷᠭ᠎ᠠ ᠭᠡᠯᠪᠡᠷᠢ ᠪᠠᠨ ᠬᠤᠪᠢᠷᠠᠭᠤᠯᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠴᠢᠨᠠᠷ | ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ ᠪᠠᠶᠢᠨ᠎ᠠ᠃ | | ᠡᠭᠦᠨ ᠤ ᠬᠠᠮᠲᠤ᠂ ᠥᠪᠥᠷ ᠮᠣᠩᠭᠤᠯ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ | ᠬᠦᠴᠦᠲᠡᠢ ᠠᠬᠢᠭᠤᠯᠪᠠ᠃ ᠪᠦᠭᠦ ᠠᠵᠤ ᠦᠢᠯᠡᠰ ᠤᠨ ᠬᠡᠯᠬᠢᠶ᠎ᠡ ᠶᠢᠨ ᠰᠡᠳᠬᠢᠬᠦᠢ ᠪᠠᠷ ᠰᠦ ᠶᠢᠨ ᠦᠢᠯᠡᠰ ᠤᠨ | ᠲᠦᠷᠭᠡᠨ ᠬᠥᠭᠵᠢᠯᠲᠡ ᠶᠢ ᠠᠬᠢᠭᠤᠯᠵᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠰᠦᠨ ᠵᠦᠢᠯ | ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠶᠡᠭᠡ ᠪᠠᠷ ᠬᠡᠷᠡᠭᠵᠢᠭᠦᠯᠵᠦ᠂ | ᠰᠦ ᠶᠢᠨ ᠢᠷᠡᠯᠲᠡ ᠶᠢᠨ ᠰᠠᠭᠤᠷᠢᠨ ᠢ ᠥᠨᠳᠥᠷ ᠭᠠᠷᠤᠭ᠎ᠠ ᠠᠴᠠ ᠪᠠᠶᠢᠷᠢᠰᠢᠭᠤᠯᠵᠤ᠂ ᠣᠳᠣᠬᠢᠴᠢᠯᠠᠭᠰᠠᠨ | ᠬᠡᠪᠴᠢᠶᠡᠵᠢᠭᠰᠡᠨ ᠮᠠᠯᠵᠢᠯ ᠤᠨ ᠲᠠᠯᠠᠪᠠᠶ ᠪᠠ ᠰᠠᠭᠠᠯᠢ ᠶᠢᠨ ᠦᠨᠢᠶ᠎ᠡ ᠶᠢᠨ ᠥᠪᠡᠷ ᠲᠡᠭᠡᠨ ᠦᠷᠡᠵᠢᠭᠦᠯᠦᠨ | ᠪᠣᠶᠢᠵᠢᠭᠤᠯᠬᠤ᠂ ᠲᠡᠵᠢᠭᠡᠯ ᠡᠪᠡᠰᠦᠨ ᠤ ᠰᠠᠭᠤᠷᠢᠨ ᠢ ᠲᠦᠷᠭᠡᠳᠬᠡᠨ ᠪᠠᠶᠢᠭᠤᠯᠵᠤ᠂ ᠪᠦᠭᠦ ᠤᠯᠤᠰ ᠤᠨ ᠰᠦ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠳᠤᠮᠳᠠ ᠡᠮᠦᠨ᠎ᠡ ᠨᠢ ᠬᠤᠰᠢᠭᠤᠷᠠᠵᠤ᠂ ᠵᠢᠱᠢᠶ᠎ᠡ ᠦᠵᠡᠭᠦᠯᠭᠦ ᠪᠠᠷ | ᠴᠢᠷᠮᠠᠶᠢᠪᠠ᠃ | | ᠨᠢᠭᠡ ᠪᠦᠯᠦᠭ ᠲᠤᠭ᠎ᠠ ᠪᠠᠷᠢᠮᠲᠠ ᠨᠢ ᠥᠪᠥᠷ ᠮᠣᠩᠭᠤᠯ ᠤᠨ ᠤᠯᠤᠰ ᠤᠨ ᠴᠢᠬᠤᠯᠠ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠠᠭᠤᠷᠢᠨ ᠢ ᠪᠦᠲᠦᠭᠡᠨ ᠪᠠᠶᠢᠭᠤᠯᠬᠤ ᠠᠤᠭ᠎ᠠ ᠵᠣᠷᠢᠭ ᠢ | ᠬᠠᠷᠠᠭᠤᠯᠵᠠᠢ᠄ 2025 ᠣᠨ ᠪᠤᠯᠳᠠᠯ᠎ᠠ᠂ ᠪᠦᠭᠦ ᠣᠷᠣᠨ ᠤ ᠠᠮᠤ ᠪᠤᠳᠠᠭᠠᠨ ᠤ ᠤᠨᠠᠯᠲᠠ ᠶᠢ 750 | ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠪᠠᠷ ᠴᠢᠷᠮᠠᠶᠢᠨ᠎ᠠ; ᠲᠡᠵᠢᠭᠡᠵᠦ ᠪᠠᠶᠢᠭ᠎ᠠ | ᠬᠤᠨᠢ ᠶᠢ 6000 ᠲᠦᠮᠡ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠮᠢᠬᠠᠨ ᠤ ᠦᠬᠡᠷ ᠢ 1000 ᠲᠦᠮᠡ | ᠳᠤ ᠬᠦᠷᠭᠡᠵᠦ᠂ ᠮᠢᠬᠠᠨ ᠤ ᠲᠥᠷᠥᠯ ᠤᠨ ᠶᠡᠷᠦᠩᠬᠡᠢ ᠭᠠᠷᠤᠯᠲᠠ ᠶᠢ 345 ᠲᠦᠮᠡᠨ ᠲᠣᠨ ᠳᠤ ᠭᠦᠷᠭᠡᠨ᠎ᠡ; | ᠰᠠᠭᠠᠯᠢ ᠶᠢᠨ ᠦᠨᠢᠶ᠎ᠡ ᠶᠢ 350 ᠲᠦᠮᠡ ᠳᠤ ᠬᠦᠷᠭᠡᠵᠦ᠂ ᠲᠦᠭᠦᠬᠡᠢ ᠰᠦ ᠶᠢᠨ ᠭᠠᠷᠤᠯᠲᠠ ᠶᠢ 1000 | ᠲᠦᠮᠡᠨ ᠲᠣᠨ ᠠᠴᠠ ᠳᠡᠭᠡᠭᠰᠢ ᠳᠤ ᠬᠦᠷᠭᠡᠵᠦ᠂ ᠴᠠᠭᠠᠨ ᠢᠳᠡᠭᠡᠨ ᠡᠳ᠋ᠰᠢᠭᠦᠯᠭᠦ ᠠᠵᠤ ᠠᠬᠤᠶᠢᠯᠠᠯ ᠤᠨ | ᠦᠢᠯᠡᠳᠬᠦᠨ ᠤ ᠥᠷᠲᠡᠭ ᠢ 3000 ᠳ᠋ᠦᠩᠰᠢᠭᠤᠷ ᠲᠥᠭᠦᠷᠢᠭ ᠲᠤ ᠬᠦᠷᠭᠡᠨ᠎ᠡ᠃ | | ᠢᠷᠡᠭᠡᠳᠦᠢ ᠳᠤ ᠬᠠᠨᠳᠤᠨ᠂ ᠥᠪᠥᠷ ᠮᠣᠩᠭᠤᠯ ᠪᠣᠬᠢᠷᠳᠤᠯ ᠦᠭᠡᠢ ᠪᠠᠷ ᠮᠠᠯ ᠠᠵᠤ ᠠᠬᠤᠢ ᠲᠠᠷᠢᠶᠠᠯᠠᠩ ᠢ | ᠬᠥᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠮᠠᠯ ᠠᠵᠤ ᠠᠬᠤᠢ ᠲᠠᠷᠢᠶᠠᠯᠠᠩ ᠢ ᠬᠥᠭᠵᠢᠭᠦᠯᠬᠦ᠂ | ᠶᠠᠰᠤ ᠴᠢᠨᠠᠷ ᠢᠶᠠᠷ ᠮᠠᠯ ᠠᠵᠤ ᠠᠬᠤᠢ ᠲᠠᠷᠢᠶᠠᠯᠠᠩ ᠢ ᠬᠥᠭᠵᠢᠭᠦᠯᠬᠦ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠮᠠᠯ | ᠠᠵᠤ ᠠᠬᠤᠢ ᠲᠠᠷᠢᠶᠠᠯᠠᠩ ᠤᠨ ᠡᠷᠴᠢᠮᠵᠢᠭᠰᠡᠨ᠂ ᠬᠡᠪᠴᠢᠶᠡᠵᠢᠭᠰᠡᠨ᠂ ᠳᠡᠭᠡᠳᠦ ᠳᠡᠰᠵᠢᠭᠰᠡᠨ ᠬᠥᠭᠵᠢᠯᠲᠡ ᠶᠢ ᠶᠡᠭᠡ | ᠪᠠᠷ ᠠᠬᠢᠭᠤᠯᠵᠤ᠂ ᠤᠯᠤᠰ ᠲᠤ ᠨᠠᠩ ᠣᠯᠠᠨ ᠴᠢᠨᠠᠷ ᠰᠠᠶᠢᠲᠠᠢ ᠪᠣᠬᠢᠷᠳᠤᠯ ᠦᠭᠡᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠴᠢᠷᠮᠠᠶᠢᠨ ᠬᠠᠩᠭᠠᠵᠤ᠂ ᠨᠠᠩ ᠣᠯᠠᠨ ︽ᠥᠪᠥᠷ ᠮᠣᠩᠭᠤᠯ︾ ᠲᠥᠷᠥᠯ | ᠲᠡᠮᠳᠡᠭᠲᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠦᠭᠦ ᠤᠯᠤᠰ ᠲᠤ ᠲᠠᠰᠤᠷᠠᠯᠲᠠ ᠦᠭᠡᠢ | ᠬᠠᠩᠭᠠᠬᠤ ᠪᠣᠯᠣᠨ᠎ᠠ᠃ | | ᠳᠠᠷᠪᠠᠭᠤᠯ ᠬᠡᠶᠢᠰᠬᠡᠨ ᠠᠯᠤᠰ ᠢ ᠵᠣᠷᠢᠭᠰᠠᠨ ᠰᠢᠨ᠎ᠡ ᠠᠶᠠᠨ ᠳᠤ ᠥᠪᠥᠷ ᠮᠣᠩᠭᠤᠯ ᠳᠠᠪᠠᠯᠭᠠᠨ ᠢ ᠵᠦᠰᠦᠨ | ᠤᠷᠤᠭᠰᠢᠯᠠᠭᠰᠠᠭᠠᠷ︕ |