ᠤᠮᠠᠷᠠᠲᠤ ᠬᠢᠯᠢ ᠶᠢᠨ ᠰᠦᠷᠯᠢᠭ ᠵᠢᠪᠬᠤᠭ᠎ᠠ
ᠨᠡᠶᠢᠲᠡᠯᠡᠭᠰᠡᠨ ᠴᠠᠭ᠄
2022/10/16
                 ᠵᠧᠦ ᠰᠢᠦ ᠹᠠᠩ ᠰᠢᠦᠢ ᠶᠠ ᠵᠢᠶᠦ᠋ᠨ ᠴᠠᠩ ᠶᠠᠨ ᠵᠢᠶᠦ᠋ᠨ ᠵᠢᠢ ᠴᠢᠩ ᠯᠢᠩ ᠬᠥᠪᠴᠢᠨ                              - ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠥᠪᠥᠷ ᠮᠣᠩᠭᠤᠯ ᠤᠨ ᠬᠥᠭᠵᠢᠯᠲᠡ ᠶᠢᠨ ᠮᠡᠳᠡᠭᠦᠯᠦᠯᠲᠡ ︵ᠬᠤᠶᠠᠷ︶            ᠳᠣᠲᠣᠭᠠᠳᠤ ᠳᠠᠭᠠᠨ ᠨᠠᠢᠮᠠᠨ ᠮᠤᠵᠢ ᠣᠷᠣᠨ ᠲᠠᠢ ᠵᠠᠯᠭᠠᠯᠳᠤᠵᠤ᠂ ᠭᠠᠳᠠᠭᠰᠢ ᠪᠠᠨ ᠣᠷᠣᠰ ᠮᠣᠩᠭᠤᠯ ᠤᠯᠤᠰ ᠲᠠᠢ ᠬᠥᠷᠰᠢᠯᠡᠵᠦ᠂ 8000 ᠭᠠᠷᠤᠢ ᠭᠠᠵᠠᠷ ᠤᠨ ᠬᠢᠯᠢ ᠶᠢᠨ ᠱᠤᠭᠤᠮ᠂ 36 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠬᠢᠯᠢ ᠶᠢᠨ ᠬᠠᠮᠢᠶᠠᠷᠤᠯᠲᠠ ᠶᠢᠨ ᠣᠷᠣᠨ᠂ 20 ᠭᠠᠳᠠᠭᠠᠳᠤ ᠨᠡᠭᠡᠭᠡᠯᠲᠡ ᠶᠢᠨ ᠬᠢᠯᠢ ᠎ ᠶᠢᠨ ᠪᠣᠭᠤᠮᠲᠠ ᠲᠠᠢ ᠁            ᠡᠬᠡ ᠤᠯᠤᠰ ᠤᠨ ᠤᠮᠠᠷᠠᠲᠤ ᠳᠤ ᠪᠠᠶᠢᠷᠢᠯᠠᠵᠤ ᠪᠠᠶᠢᠭ᠎ᠠ ᠥᠪᠥᠷ ᠮᠣᠩᠭᠤᠯ ᠪᠣᠯ ᠤᠮᠠᠷᠠᠲᠤ ᠬᠢᠯᠢ ᠶᠢᠨ ᠠᠮᠤᠷ ᠠᠮᠤᠭᠤᠯᠠᠩ  ᠢ ᠰᠠᠬᠢᠨ ᠬᠠᠮᠠᠭᠠᠯᠠᠭᠴᠢ ᠮᠥᠷᠲᠡᠭᠡᠨ ᠪᠠᠰᠠ ᠴᠤ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠪᠣᠯᠣᠨ᠎ᠠ᠃ ᠡᠶᠢᠨ ᠬᠦ ︽ᠰᠠᠬᠢᠨ ᠬᠠᠮᠠᠭᠠᠯᠠᠬᠤ︾ ᠪᠠ ︽ᠨᠡᠭᠡᠭᠡᠯᠲᠡ ᠬᠢᠬᠦ︾᠎ ᠳᠠᠬᠢ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠥᠩᠭᠡ ᠭᠡᠷᠡᠯ ᠲᠠᠢ ᠪᠢᠯᠡ᠃            ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠵᠢᠷᠤᠮᠯᠠᠨ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ ᠂ ᠪᠦᠯᠬᠦᠮᠳᠡᠨ ᠲᠡᠮᠡᠴᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠎ ᠶᠢ ᠨᠠᠩ ᠪᠠᠬᠢᠵᠢᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠠᠮᠢᠵᠢᠷᠠᠯ ᠎ ᠤᠨ ᠬᠦᠴᠦᠨ ᠢ ᠭᠦᠢᠴᠡᠳ ᠢᠯᠡᠷᠡᠭᠦᠯᠪᠡ᠃             ︽ᠤᠮᠠᠷᠠᠲᠤ ᠲᠣᠮᠣ ᠬᠠᠭᠠᠯᠭ᠎ᠠ︾᠎ ᠶᠢ ᠪᠠᠲᠤ ᠰᠠᠬᠢᠵᠤ᠂ ︽ᠬᠤᠳᠠ ᠬᠠᠮᠠᠭᠠᠯᠠᠬᠤ ᠭᠤᠣᠯ︾ ᠎ ᠢ ᠰᠠᠶᠢᠲᠤᠷ ᠪᠦᠲᠦᠭᠡᠨ ᠪᠠᠶᠢᠭᠤᠯᠵᠤ᠂ ᠤᠯᠤᠰ ᠤᠨ ᠬᠤᠣᠰ ᠣᠷᠴᠢᠯᠲᠤ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠨ᠂ ᠳᠣᠲᠣᠭᠠᠳᠤ ᠭᠠᠳᠠᠭᠠᠳᠤ ᠶᠢ ᠬᠤᠯᠪᠣᠨ ᠨᠡᠪᠲᠡᠷᠡᠯᠴᠡᠭᠦᠯᠵᠦ ᠁ ᠥᠪᠥᠷ ᠮᠣᠩᠭᠤᠯ ᠳᠤ ᠬᠦᠷᠴᠦ᠂ ᠪᠢᠳᠡ ᠬᠠᠮᠲᠤ ᠎ ᠪᠠᠷ ᠤᠮᠠᠷᠠᠲᠤ ᠬᠢᠯᠢ ᠶᠢᠨ ᠴᠤᠬ ᠵᠢᠪᠬᠤᠭ᠎ᠠ ᠠᠴᠠ ᠬᠠᠷᠠᠶ᠎ᠠ᠃            ᠠᠮᠤᠷ ᠲᠦᠪᠰᠢᠨ ᠲᠣᠭᠲᠠᠭᠤᠨ ᠤ ᠬᠠᠯᠬᠠᠪᠴᠢ ᠡᠭᠦᠷᠢᠳᠡ ᠪᠠᠬᠢᠵᠢᠵᠦ ᠤᠮᠠᠷᠠᠲᠤ ᠬᠢᠯᠢ ᠠᠮᠤᠷ ᠠᠮᠤᠭᠤᠯᠠᠩ            10 ᠰᠠᠷ᠎ᠠ ᠶᠢᠨ 1 ᠎ ᠤ ᠡᠳᠦᠷ ᠪᠣᠯ ᠤᠯᠤᠰ ᠤᠨ ᠪᠠᠶᠠᠷ᠃ ᠡᠷᠢᠶᠡᠨ ᠬᠤᠲᠠ ᠶᠢᠨ ᠬᠢᠯᠢ ᠶᠢᠨ ᠬᠠᠮᠢᠶᠠᠷᠤᠯᠲᠠ ᠎ ᠶᠢᠨ ᠶᠡᠭᠡ ᠠᠩᠭᠢ ᠶᠢᠨ ᠠᠷᠠᠳ ᠤᠨ ᠴᠠᠭᠳᠠᠭ᠎ᠠ ᠪᠣᠯᠣᠨ ᠰᠠᠭᠤᠭ᠎ᠠ ᠭᠠᠵᠠᠷ ᠤᠨ ᠴᠢᠯᠦᠭᠡᠯᠡᠬᠦ ᠴᠡᠷᠢᠭ ᠠᠴᠠ ᠪᠦᠷᠢᠯᠳᠦᠭᠰᠡᠨ ᠡᠩᠨᠡᠭᠡ ᠤᠯᠤᠰ ᠤᠨ ᠡᠭᠦᠳᠡᠨ ᠤ ᠡᠮᠦᠨ᠎ᠡ ᠴᠤᠭᠯᠠᠷᠠᠵᠤ᠂ ᠬᠢᠯᠢ ᠶᠢᠨ ᠱᠤᠭᠤᠮ ᠢᠶᠠᠷ ᠴᠠᠭᠳᠠᠨ ᠪᠠᠶᠢᠴᠠᠭᠠᠵᠤ ᠡᠬᠢᠯᠡᠯ᠎ᠡ᠃            ᠲᠡᠳᠡᠨ  ᠤ ᠠᠷᠤ ᠳᠤ᠂ ᠲᠦᠭ ᠲᠦᠮᠡᠨ ᠬᠥᠮᠥᠰ ᠭᠡᠷ ᠬᠤᠲᠠᠯᠠᠭᠠᠷ ᠢᠶᠠᠨ ᠴᠤᠭᠯᠠᠷᠠᠨ᠂ ᠪᠠᠶᠠᠷ ᠤᠨ ᠡᠳᠦᠷ ᠎ ᠢᠶᠠᠨ ᠪᠠᠶᠠᠷ ᠭᠦᠷ ᠲᠠᠢ ᠥᠩᠭᠡᠷᠡᠭᠦᠯᠦᠨ᠎ᠡ᠃ ᠤᠯᠤᠰ ᠤᠨ ᠠᠮᠤᠷ ᠲᠦᠪᠰᠢᠨ  ᠤ ᠬᠠᠮᠠᠭᠠᠯᠠᠯᠲᠠ ᠪᠣᠯ ᠤᠯᠤᠰ ᠠᠮᠤᠭᠤᠯᠠᠩ ᠲᠦᠷᠦ ᠲᠦᠪᠰᠢᠨ ᠪᠠᠶᠢᠬᠤ ᠶᠢᠨ ᠰᠠᠭᠤᠷᠢ ᠪᠥᠭᠡᠳ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ  ᠤ ᠦᠨᠳᠦᠰᠦᠨ ᠠᠰᠢᠭ ᠲᠤᠰᠠ ᠲᠠᠢ ᠨᠢᠭᠲᠠ ᠬᠠᠷᠢᠴᠠᠭ᠎ᠠ ᠬᠤᠯᠪᠤᠭ᠎ᠠ ᠲᠠᠢ ᠶᠤᠮ᠃            10 ᠰᠠᠷ᠎ᠠ ᠶᠢᠨ 3᠎ ᠤ ᠡᠳᠦᠷ᠂ ᠪᠤᠭᠤᠲᠤ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠮᠠᠨᠳᠤᠯ ᠬᠢᠯᠢ ᠶᠢᠨ ᠪᠣᠭᠤᠮᠲᠠ ᠶᠢᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠬᠢᠯᠢ ᠬᠠᠮᠠᠭᠠᠯᠠᠭᠴᠢ ᠠᠳᠠᠯᠢ ᠵᠤᠷᠰᠢᠯ ᠶᠣᠰᠣᠭᠠᠷ ᠦᠷ ᠤᠨ ᠭᠡᠭᠡ ᠲᠠᠢ ᠤᠷᠤᠯᠳᠤᠨ ᠬᠢᠯᠢ ᠴᠠᠭᠳᠠᠬᠤ ᠠᠵᠢᠯ ᠢᠶᠠᠨ ᠡᠬᠢᠯᠡᠭᠦᠯᠦᠨ᠂ ᠳᠤᠷᠠᠨ ᠢᠶᠠᠨ ᠨᠢᠳᠦᠨ ᠎ ᠠᠴᠠ ᠪᠠᠨ ᠰᠠᠯᠭᠠᠯ ᠦᠭᠡᠢ ᠪᠠᠷ ᠬᠢᠯᠢ ᠶᠢᠨ ᠱᠤᠭᠤᠮ ᠤᠨ ᠪᠠᠶᠢᠳᠠᠯ ᠢ ᠴᠠᠭᠳᠠᠨ ᠶᠠᠪᠤᠵᠤ᠂ ᠪᠦᠷᠦᠢ ᠲᠠᠰᠤᠷᠠᠬᠤ ᠦᠶ᠎ᠡ ᠪᠠᠷ ᠰᠠᠶ᠋ᠢ ᠭᠡᠷ ᠤᠨ ᠢᠶᠠᠨ ᠪᠠᠷ᠎ᠠ ᠶᠢ ᠬᠠᠷᠠᠭᠰᠠᠨ ᠪᠠᠶᠢᠨ᠎ᠠ᠃ ᠠᠳᠠᠯᠢ ᠶᠢᠨ ᠡᠨᠡ ᠭᠦ᠋ ᠪᠠᠷᠢᠮᠲᠠᠯᠠᠯ ᠨᠢ ᠲᠠᠯ᠎ᠠ ᠨᠤᠲᠤᠭ ᠢᠶᠠᠷ 38 ᠵᠢᠯ ᠬᠢᠯᠢ ᠴᠠᠭᠳᠠᠭᠰᠠᠨ ᠠᠪᠤ ᠠᠳᠢᠶ᠎ᠠ ᠶᠢᠨ ᠢᠶᠠᠨ ᠤᠯᠠᠮᠵᠢᠯᠠᠯ ᠠᠴᠠ ᠢᠷᠡᠯᠲᠡᠢ ᠶᠤᠮᠰᠠᠨ᠃            ᠥᠪᠥᠷ ᠮᠣᠩᠭᠤᠯ ᠳᠤ ᠠᠳᠢᠶ᠎ᠠ᠂ ᠠᠳᠠᠯᠢ ᠰᠢᠭ᠋ ᠬᠢᠯᠢ ᠬᠠᠮᠠᠭᠠᠯᠠᠭᠴᠢ ᠮᠠᠰᠢ ᠤᠯᠠᠨ ᠪᠤᠢ᠃ ᠲᠡᠳᠡ ᠥᠷᠭᠡᠨ ᠤᠯᠠᠨ ᠴᠢᠯᠦᠭᠡᠯᠡᠬᠦ ᠴᠡᠷᠢᠭ ᠤᠨ ᠵᠢᠯᠣᠭᠤᠳᠤᠭᠴᠢ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠵᠢᠴᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠲᠠᠢ ᠬᠠᠮᠲᠤ ᠪᠠᠷ ᠤᠯᠤᠰ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ  ᠤᠨ ᠠᠮᠤᠷ ᠲᠣᠭᠲᠠᠭᠤᠨ ᠤ ︽ᠭᠤᠷᠪᠠᠨ ᠰᠡᠷᠭᠡᠶᠢᠯᠡᠯᠲᠡ ᠎ ᠶᠢᠨ ᠱᠤᠭᠤᠮ︾᠎ ᠢ ᠴᠣᠭᠴᠠᠯᠠᠵᠤ ᠪᠤᠢ᠃            ᠠᠮᠤᠷ ᠠᠮᠤᠭᠤᠯᠠᠩ ᠪᠣᠯ ᠠᠷᠠᠳ ᠤᠨ ᠬᠦᠰᠡᠯ᠂ ᠬᠥᠭᠵᠢᠯᠲᠡ ᠶᠢᠨ ᠦᠨᠳᠦᠰᠦ ᠪᠢᠯᠡ᠃ ᠮᠠᠨ ᠤ ᠣᠷᠣᠨ ᠬᠠᠤᠯᠢ ᠶᠣᠰᠣᠭᠠᠷ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ ᠰᠠᠭᠤᠷᠢ ᠶᠢ ᠪᠠᠬᠢᠵᠢᠭᠦᠯᠵᠦ᠂ ᠲᠠᠯ᠎ᠠ ᠨᠤᠲᠤᠭ ᠤᠨ 110᠂ ᠬᠢᠯᠢ ᠶᠢᠨ ᠬᠠᠮᠠᠭᠠᠯᠠᠯᠲᠠ ᠶᠢᠨ ᠴᠠᠭᠳᠠᠭᠠᠨ ᠤ ᠶᠠᠪᠤᠳᠠᠯ ᠎ ᠤᠨ ᠲᠠᠰᠤᠭ᠂ ᠮᠣᠩᠭᠤᠯ ᠭᠡᠷ ᠤᠨ ᠬᠠᠷᠠᠭᠤᠯ ᠤᠨ ᠭᠠᠵᠠᠷ᠂ ᠬᠤᠪᠢᠰᠬᠠᠯᠲᠤ ᠪᠠᠬᠢᠯᠡᠯᠲᠡ ᠶᠢᠨ ᠡᠷᠤᠭᠡ ᠵᠡᠷᠭᠡ ᠪᠦᠲᠦᠮᠵᠢᠲᠡᠶ ᠠᠷᠭ᠎ᠠ ᠠᠪᠴᠠᠯ  ᠢ ᠰᠦᠪᠡᠭᠴᠢᠯᠡᠨ ᠬᠡᠷᠡᠭᠵᠢᠭᠦᠯᠵᠦ᠂ ᠤᠯᠠᠨ ᠲᠠᠯ᠎ᠠ ᠶᠢᠨ ᠵᠥᠷᠢᠴᠡᠯ ᠵᠠᠭᠤᠷᠠᠯᠳᠤᠭᠠᠨ ᠎ ᠢ ᠡᠶᠡᠳᠡᠭᠦᠯᠦᠨ ᠰᠢᠢᠳᠪᠦᠷᠢᠯᠡᠵᠦ᠂ ᠪᠦᠭᠦ ᠲᠠᠯ᠎ᠠ  ᠪᠠᠷ ᠰᠠᠬᠢᠨ ᠬᠠᠮᠠᠭᠠᠯᠠᠬᠤ᠂ ᠤᠯᠠᠨ ᠲᠦᠮᠡᠨ ᠳᠤ ᠦᠢᠯᠡᠴᠢᠯᠡᠬᠦ ᠬᠠᠮᠲᠤ ᠪᠠᠷ ᠪᠠᠶᠢᠭᠤᠯᠵᠤ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠭᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ  ᠢ ᠪᠦᠷᠢᠯᠳᠦᠭᠦᠯᠪᠡ᠃            ᠡᠨᠡ ᠪᠣᠯ ᠨᠢᠭᠡᠨ ᠭᠢᠯᠠᠯᠵᠠᠮ᠎ᠠ ᠬᠢᠷᠢ ᠪᠦᠲᠦᠮᠵᠢ ᠶᠢᠨ ᠬᠠᠭᠤᠳᠠᠰᠤ ᠮᠥᠨ᠄ ᠮᠠᠨ ᠤ ᠣᠷᠣᠨ ᠠᠮᠤᠷ ᠠᠮᠤᠭᠤᠯᠠᠩ ᠥᠪᠥᠷ ᠮᠣᠩᠭᠤᠯ᠂ ᠬᠠᠤᠯᠢᠵᠢᠯ ᠤᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠪᠦᠭᠦ ᠣᠷᠣᠨ ᠤ 12 ᠠᠶᠢᠮᠠᠭ ᠬᠤᠳᠠ ᠶᠢ ᠪᠦᠭᠦᠨ ᠢ ︽ᠪᠦᠭᠦ ᠤᠯᠤᠰ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ︾ ᠎ ᠲᠤ ᠣᠷᠣᠭᠤᠯᠵᠤ᠂ ᠣᠯᠠᠨ ᠲᠦᠮᠡᠨ ᠤ ᠨᠡᠶᠢᠭᠡᠮ ᠤᠨ ᠠᠮᠤᠷ ᠲᠦᠪᠰᠢᠨ ᠳᠠᠬᠢ ᠬᠠᠨᠤᠮᠵᠢ ᠶᠢᠨ ᠬᠡᠮᠵᠢᠶ᠎ᠡ 90.6% ᠪᠠᠶᠢᠭᠰᠠᠨ ᠠᠴᠠ 98.4% ᠪᠣᠯᠵᠤ ᠲᠡᠭᠡᠭᠰᠢᠯᠡᠪᠡ; ᠬᠠᠷ᠎ᠠ ᠪᠦᠯᠦᠭᠲᠡᠨ ᠬᠠᠷᠭᠢᠰ ᠬᠦᠴᠦᠨ  ᠢ ᠠᠷᠢᠯᠭᠠᠬᠤ ᠠᠵᠢᠯ ᠢ ᠭᠦᠨᠵᠡᠭᠡᠢ ᠥᠷᠨᠢᠭᠦᠯᠬᠦ ᠶᠢᠨ ᠬᠠᠮᠲᠤ ᠬᠠᠷ᠎ᠠ ᠪᠦᠯᠦᠭᠲᠡᠨ ᠬᠠᠷᠭᠢᠰ ᠬᠦᠴᠦᠨ  ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ 2018 ᠣᠨ ᠠᠴᠠ ᠨᠠᠭᠠᠰᠢ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ 69 ᠵᠣᠬᠢᠶᠠᠨ ᠪᠠᠶᠢᠭᠤᠯᠤᠯᠲᠠ᠂ 1097 ᠡᠪᠰᠡᠯ ᠪᠦᠯᠦᠭ ᠢ ᠰᠦᠢᠷᠡᠭᠦᠯᠵᠦ᠂ ᠶᠠᠯ᠎ᠠ ᠬᠢᠭᠰᠡᠨ ᠰᠡᠵᠢᠭᠲᠡᠨ 11265 ᠬᠥᠮᠥᠨ  ᠢ ᠪᠠᠷᠢᠪᠴᠢᠯᠠᠵᠤ᠂ 298.85 ᠳ᠋ᠦᠩᠰᠢᠭᠤᠷ ᠲᠥᠭᠦᠷᠢᠭ ᠤᠨ ᠡᠳ᠋ ᠬᠥᠷᠥᠩᠭᠡ ᠶᠢ ᠪᠠᠶᠢᠴᠠᠭᠠᠨ ᠬᠤᠷᠢᠶᠠᠮᠵᠢᠯᠠᠪᠠ᠃ 5 ᠵᠢᠯ ᠤᠨ ᠲᠤᠷᠰᠢ᠂ ᠪᠦᠭᠦ ᠣᠷᠣᠨ ᠤ ᠡᠯ᠎ᠡ ᠭᠠᠵᠠᠷ ᠤᠨ ᠠᠷᠠᠳ ᠤᠨ ᠡᠶᠡᠳᠡᠭᠦᠯᠭᠦ ᠵᠣᠬᠢᠶᠠᠨ ᠪᠠᠶᠢᠭᠤᠯᠤᠯᠲᠠ ᠡᠯ᠎ᠡ ᠲᠥᠷᠥᠯ ᠤᠨ ᠵᠥᠷᠢᠴᠡᠯ ᠵᠠᠭᠤᠷᠠᠯᠳᠤᠭᠠᠨ  ᠢ 60.4 ᠲᠦᠮᠡᠨ ᠬᠤᠪᠢ ᠭᠥᠯᠢᠶᠡᠨ ᠠᠪᠴᠤ ᠰᠢᠢᠳᠪᠦᠷᠢᠯᠡᠵᠦ᠂ ᠪᠦᠲᠦᠮᠵᠢᠳᠡᠢ ᠡᠶᠡᠳᠡᠭᠦᠯᠦᠭᠰᠡᠨ ᠨᠣᠷᠮ᠎ᠠ 96.97%᠎ ᠳᠤ ᠭᠦᠷᠪᠡ᠃            ᠠᠮᠢᠵᠢᠷᠠᠯ ᠤᠨ ᠬᠦᠴᠦᠨ ᠪᠢᠯᠬᠠᠵᠤ ᠵᠣᠯ ᠵᠢᠷᠭᠠᠯ  ᠢ ᠬᠠᠮᠲᠤ ᠪᠠᠷ ᠡᠳ᠋ᠯᠡᠨ᠎ᠡ            ᠮᠣᠩᠭᠤᠯ ᠭᠡᠷ ᠲᠤ ᠰᠠᠭᠤᠵᠤ ᠪᠠᠶᠢᠭᠰᠠᠨ ᠠᠴᠠ ᠪᠠᠨ ᠲᠣᠭᠤᠰᠬᠠᠨ ᠪᠠᠶᠢᠰᠢᠩ  ᠳᠤ ᠰᠠᠭᠤᠬᠤ ᠪᠣᠯᠵᠤ᠂ ᠲᠡᠮᠡᠭᠡ ᠤᠨᠤᠨ ᠠᠶᠠᠯᠠᠵᠤ ᠪᠠᠶᠢᠭᠰᠠᠨ ᠠᠴᠠ  ᠪᠠᠨ ᠮᠠᠰᠢᠨ ᠲᠡᠷᠭᠡ ᠵᠢᠯᠤᠭᠤᠳᠬᠤ ᠪᠣᠯᠵᠤ᠂ ᠡᠮ ᠬᠡᠷᠡᠭᠯᠡᠬᠦ ᠳᠤ ᠳᠥᠭᠦᠮ ᠦᠭᠡᠢ ᠪᠠᠶᠢᠭᠰᠠᠨ ᠠᠴᠠ ᠪᠠᠨ ᠡᠮᠴᠢᠯᠡᠭᠡᠨ ᠤ ᠪᠠᠲᠤᠯᠠᠭ᠎ᠠ ᠲᠠᠢ ᠪᠣᠯᠪᠠ᠃ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠥᠯᠵᠡᠢ ᠰᠤᠮᠤ ᠶᠢᠨ ᠬᠢᠯᠢ ᠶᠢᠨ ᠮᠠᠯᠴᠢᠨ ᠮᠦᠡᠭᠭᠦᠬᠠᠭᠤᠯᠠ ᠬᠢᠯᠢ ᠶᠢ ᠪᠠᠬᠢᠵᠢᠭᠦᠯᠦᠨ ᠬᠢᠯᠢ ᠶᠢ ᠬᠥᠭᠵᠢᠭᠦᠯᠵᠦ ᠠᠷᠠᠳ  ᠢ ᠪᠠᠶᠠᠵᠢᠭᠤᠯᠬᠤ ᠠᠵᠢᠯᠯᠠᠭ᠎ᠠ ᠠᠴᠠ ᠪᠤᠢ ᠪᠣᠯᠤᠭᠰᠠᠨ ᠪᠠᠭ᠋ᠠᠳᠤᠮ᠎ᠠ ᠬᠤᠪᠢᠷᠠᠯᠲᠠ ᠶᠢ ᠪᠡᠶ᠎ᠡ ᠎ ᠪᠠᠷ ᠢᠶᠠᠨ ᠮᠡᠳᠡᠷᠡᠵᠦ ᠪᠠᠶᠢᠨ᠎ᠠ᠃            ᠣᠶᠢᠷ᠎ᠠ ᠶᠢᠨ ᠵᠢᠯ ᠠᠴᠠ ᠨᠠᠭᠠᠰᠢ᠂ ᠥᠯᠵᠡᠢ ᠰᠤᠮᠤ ᠤᠰᠤ ᠤᠮᠳᠠ ᠶᠢᠨ ᠪᠠᠲᠤᠯᠠᠭ᠎ᠠ ᠶᠢᠨ ᠢᠨᠵᠧᠨᠧᠷᠢᠩ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠵᠡᠷᠭᠡ 16 ᠵᠦᠢᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠬᠡᠷᠡᠭᠵᠢᠭᠦᠯᠵᠦ᠂ ᠮᠠᠯᠴᠢᠳ ᠤᠨ ᠠᠮᠢᠳᠤᠷᠠᠯ ᠤᠨ ᠨᠥᠬᠦᠴᠡᠯ  ᠢ ᠦᠨᠡᠨ ᠬᠦ ᠰᠠᠶᠢᠵᠢᠷᠠᠭᠤᠯᠪᠠ; ᠤᠯᠠᠮᠵᠢᠯᠠᠯᠲᠤ ᠮᠠᠯ ᠠᠵᠤ ᠠᠬᠤᠢ ᠶᠢᠨ ᠳᠠᠪᠠᠭᠤᠯᠢᠭ ᠲᠠᠭᠠᠨ ᠲᠦᠰᠢᠭᠯᠡᠨ᠂ ᠪᠦᠲᠦᠭᠡᠭᠳᠡᠬᠦᠨ ᠢᠶᠠᠨ ᠨᠠᠷᠢᠯᠢᠭ ᠭᠦᠨᠵᠡᠭᠡᠢ ᠡᠳ᠋ᠰᠢᠭᠦᠯᠦᠨ ᠪᠤᠯᠪᠠᠰᠤᠷᠠᠭᠤᠯᠬᠤ ᠠᠷᠭ᠎ᠠ ᠵᠠᠮ ᠢ ᠬᠠᠶᠢᠨ ᠰᠦᠪᠡᠭᠴᠢᠯᠡᠵᠦ᠂ ᠪᠦᠲᠦᠭᠡᠭᠳᠡᠬᠦᠨ ᠤ ᠶᠠᠰᠤ ᠴᠢᠨᠠᠷ ᠪᠣᠯᠣᠨ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠷ᠎ᠡ ᠠᠰᠢᠭ  ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠯᠠᠨ ᠲᠦᠮᠡᠨ ᠢᠶᠠᠨ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠯ ᠤᠨ ᠵᠠᠮ ᠢᠶᠠᠷ ᠵᠠᠮᠨᠠᠭᠰᠠᠨ ᠪᠠᠶᠢᠨ᠎ᠠ᠃            ᠬᠢᠯᠢ ᠶᠢᠨ ᠣᠷᠣᠨ ᠬᠥᠭᠵᠢᠪᠡᠯ ᠬᠢᠯᠢ ᠬᠢᠵᠠᠭᠠᠷ ᠨᠡᠩ ᠠᠮᠤᠷ ᠲᠣᠭᠲᠠᠭᠤᠨ ᠪᠣᠯᠵᠤ᠂ ᠬᠢᠯᠢ ᠶᠢᠨ ᠠᠷᠠᠳ ᠪᠠᠶᠠᠵᠢᠪᠠᠯ ᠬᠢᠯᠢ ᠶᠢᠨ ᠪᠠᠲᠤᠯᠠᠨ ᠬᠠᠮᠠᠭᠠᠯᠠᠯᠲᠠ ᠨᠡᠩ ᠪᠠᠬᠢᠵᠢᠨ᠎ᠡ᠃            ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠬᠢᠯᠢ ᠶᠢ ᠪᠠᠬᠢᠵᠢᠭᠦᠯᠦᠨ ᠬᠢᠯᠢ ᠶᠢ ᠬᠥᠭᠵᠢᠭᠦᠯᠵᠦ ᠠᠷᠠᠳ  ᠢ ᠪᠠᠶᠠᠵᠢᠭᠤᠯᠬᠤ ᠠᠵᠢᠯᠯᠠᠭ᠎ᠠ ᠶᠢ ᠶᠡᠭᠡ ᠪᠠᠷ ᠠᠬᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠠᠴᠠ 56.8636 ᠳ᠋ᠦᠩᠰᠢᠭᠤᠷ ᠲᠥᠭᠦᠷᠢᠭ ᠤᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠪᠠᠭᠤᠯᠭᠠᠨ᠂ ᠨᠢᠭᠡ ᠪᠦᠯᠦᠭ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠦᠢᠯᠡᠰ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠬᠢᠯᠢ ᠬᠢᠵᠠᠭᠠᠷ ᠣᠷᠣᠨ ᠤ ᠠᠵᠤ ᠠᠬᠤᠢ ᠨᠡᠶᠢᠭᠡᠮ ᠲᠦᠷᠭᠡᠨ ᠬᠥᠭᠵᠢᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠪᠦᠯᠬᠦᠮᠳᠡᠨ ᠲᠡᠮᠡᠴᠡᠵᠦ᠂ ᠠᠮᠤᠷ ᠵᠢᠷᠭᠠᠯ ᠲᠠᠢ ᠠᠵᠤ ᠲᠦᠷᠦᠵᠦ᠂ ᠬᠢᠯᠢ ᠬᠢᠵᠠᠭᠠᠷ ᠬᠥᠭᠵᠢᠪᠡ᠃            8 ᠰᠠᠷ᠎ᠠ ᠶᠢᠨ 30᠎ ᠤ ᠡᠳᠦᠷ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠎ ᠤ ᠤᠯᠠᠭᠠᠨᠮᠣᠳᠤ ᠰᠤᠮᠤ ᠪᠠᠷ ᠨᠤᠲᠤᠭᠲᠠᠢ ᠰᠡᠴᠡᠨ ᠰᠢᠭᠤᠳ ᠨᠡᠪᠲᠡᠷᠡᠭᠦᠯᠭᠡ ᠶᠢᠨ ᠲᠠᠰᠤᠭ ᠤᠨ ᠢᠶᠠᠨ ᠰᠦᠯᠵᠢᠶᠡᠨ ᠠᠨᠳᠠ ᠨᠠᠷ ᠲᠠᠭᠠᠨ᠄ ︽ᠡᠨᠡ ᠬᠠᠳᠬᠤᠮᠠᠯ ᠪᠣᠭᠴᠣᠨ ᠤ ᠴᠢᠨᠠᠷ ᠮᠠᠰᠢ ᠰᠠᠶᠢᠨ ᠰᠢᠦ︕︾ ᠭᠡᠵᠦ ᠥᠪᠡᠷ ᠤᠨ ᠤᠷᠠᠯᠠᠭᠰᠠᠨ ᠮᠣᠩᠭᠤᠯ ᠬᠠᠳᠬᠤᠮᠠᠯ  ᠢᠶᠠᠨ ᠤᠷᠮᠠᠲᠠᠢ ᠲᠠᠨᠢᠯᠴᠠᠭᠤᠯᠤᠨ᠎ᠠ᠃            ᠰᠡᠴᠡᠨ ᠰᠢᠭᠤᠳ ᠨᠡᠪᠲᠡᠷᠡᠭᠦᠯᠭᠡ ᠶᠢᠨ ᠲᠠᠪᠴᠠᠩ ᠢ ᠠᠰᠢᠭᠯᠠᠨ ᠶᠠᠳᠠᠭᠤ ᠠᠴᠠ ᠪᠠᠨ ᠠᠩᠭᠢᠵᠢᠷᠠᠨ ᠪᠠᠶᠠᠵᠢᠨ ᠴᠢᠨᠡᠭᠡᠯᠢᠭᠵᠢᠵᠦ᠂ ᠲᠡᠭᠦᠨ ᠤ ᠬᠠᠳᠬᠤᠮᠠᠯ ᠤᠨ ᠪᠦᠲᠦᠭᠡᠭᠳᠡᠬᠦᠨ ᠨᠢ ᠪᠦᠭᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠭᠳᠠᠵᠤ ᠪᠠᠶᠢᠨ᠎ᠠ᠃ ᠰᠡᠴᠡᠨ ᠰᠢᠭ ᠶᠠᠳᠠᠭᠤ ᠠᠴᠠ ᠪᠠᠨ ᠠᠩᠭᠢᠵᠢᠷᠠᠭᠰᠠᠨ ᠬᠥᠮᠥᠨ 157 ᠲᠦᠮᠡ ᠪᠠᠶᠢᠵᠤ᠂ ᠥᠨᠥᠳᠥᠷ ᠲᠡᠳᠡ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠵᠡᠷᠭᠡᠪᠡᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ  ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠦᠯ᠎ᠡ᠃ ᠥᠪᠥᠷ ᠮᠣᠩᠭᠤᠯ ᠳᠤ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠦᠨᠳᠦᠰᠦᠲᠡᠨ  ᠤ ᠪᠦᠯᠬᠦᠮᠳᠡᠯ ᠨᠢ ᠬᠠᠮᠤᠭ ᠤᠨ ᠭᠤᠴᠣ ᠦᠵᠡᠮᠵᠢ ᠪᠣᠯᠵᠠᠢ᠃ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠪᠣᠳᠠᠲᠤ ᠠᠵᠢᠯᠯᠠᠭ᠎ᠠ  ᠪᠠᠷ ᠢᠶᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠤ ᠡᠷᠬᠢᠮ ᠳᠡᠭᠡᠳᠦ ᠢᠷᠠᠭᠤ ᠠᠯᠳᠠᠷ  ᠢ ᠡᠭᠦᠷᠢᠳᠡ ᠭᠡᠷᠡᠯ ᠭᠢᠯᠪᠠᠭ᠎ᠠ ᠰᠠᠴᠤᠷᠠᠭᠤᠯᠬᠤ ᠨᠢ ᠯᠠᠪᠲᠠᠢ᠃            ᠮᠠᠨᠵᠤᠤᠷ ᠬᠤᠲᠠ ᠶᠢᠨ ᠤᠷᠵᠢᠨ ᠰᠢᠨ᠎ᠡ ᠲᠣᠰᠬᠤᠨ ᠳᠤ᠂ ᠮᠠᠯᠴᠢᠨ ᠪᠠᠢ ᠶᠢᠨ ᠤ ᠨᠤᠲᠤᠭ ᠤᠨ ᠠᠬ᠎ᠠ ᠳᠡᠭᠦᠦ ᠨᠠᠷ ᠢᠶᠠᠨ ᠪᠦᠯᠬᠦᠮᠳᠡᠭᠦᠯᠦᠨ ᠳᠠᠭᠠᠭᠤᠯᠵᠤ ᠪᠠᠶᠠᠵᠢᠨ ᠴᠢᠨᠡᠭᠡᠯᠢᠭᠵᠢᠭᠰᠡᠨ ᠥᠯᠢᠭᠡᠷ ᠰᠠᠶᠢᠬᠠᠨ ᠰᠣᠨᠣᠰᠬᠠᠯ ᠪᠣᠯᠣᠨ ᠳᠠᠮᠵᠢᠭᠳᠠᠨ᠎ᠠ᠃ 52 ᠨᠠᠰᠤᠲᠠᠢ ᠪᠠᠢ ᠶᠢᠨ ᠮᠠᠨᠵᠤᠤᠷ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠪᠠ᠃ ᠲᠡᠷᠡᠪᠡᠷ᠄ ︽ᠤᠷᠵᠢᠨ ᠰᠢᠨ᠎ᠡ ᠲᠣᠰᠬᠤᠨ ᠤ ︿ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠲᠣᠰᠬᠤᠨ﹀ ᠭᠡᠬᠦ ᠭᠠᠵᠠᠷ ᠣᠷᠣᠨ ᠤ ᠳᠠᠪᠠᠭᠤᠯᠢᠭ ᠎ ᠲᠠᠭᠠᠨ ᠲᠦᠰᠢᠭᠯᠡᠨ᠂ ᠨᠡᠩ ᠤᠯᠠᠨ ᠦᠨᠳᠦᠰᠦᠲᠡᠨ ᠨᠦᠭᠦᠳ ᠤᠨ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠣᠨᠴᠠᠯᠢᠭᠲᠤ ᠠᠵᠤ ᠠᠬᠤᠢ ᠶᠢ ᠬᠥᠭᠵᠢᠭᠦᠯᠦᠨ᠂ ᠳᠠᠪᠠᠭᠤᠯᠢᠭᠲᠤ ᠠᠵᠤ ᠦᠢᠯᠡᠰ ᠢ ᠪᠣᠶᠢᠵᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭᠡᠰ ᠢ ᠡᠬᠡ ᠤᠯᠤᠰ ᠤᠨ ᠤᠮᠠᠷᠠᠲᠤ ᠬᠢᠯᠢ ᠳᠤ ᠨᠡᠩ ᠭᠤᠶᠤ ᠰᠠᠶᠢᠬᠠᠨ ᠴᠡᠴᠡᠭᠯᠡᠭᠦᠯᠦᠨ᠎ᠡ︾ ᠭᠡᠵᠦ ᠢᠲᠡᠭᠡᠯ ᠲᠡᠭᠦᠯᠳᠡᠷ ᠶᠠᠷᠢᠵᠤ ᠪᠠᠶᠢᠯ᠎ᠠ᠃            ᠠᠷᠪᠠᠨ ᠵᠢᠯ ᠤᠨ ᠲᠤᠷᠰᠢ᠂ ᠪᠦᠭᠦ ᠣᠷᠣᠨ ᠳᠠᠶᠠᠭᠠᠷ ᠢᠶᠠᠨ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠨ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠡᠯ᠎ᠡ ᠵᠦᠢᠯ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠠᠬᠢᠭᠤᠯᠤᠨ᠂ ᠪᠦᠭᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠦᠮᠡᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠠᠷᠠᠢ ᠳᠠᠪᠠᠵᠤ ᠪᠠᠶᠢᠭᠰᠠᠨ ᠠᠴᠠ ᠪᠠᠨ ᠨᠢᠳᠤᠨᠤᠨ ᠤ ᠵᠢᠯ ᠤᠨ ᠡᠴᠦᠰ ᠲᠤ 2 ᠲᠦᠮᠡᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠤ᠂ ᠬᠥᠮᠥᠨ ᠳᠤᠮᠳᠠᠴᠢ ᠶᠢᠨ GDP 4.2 ᠲᠦᠮᠡᠨ ᠲᠥᠭᠦᠷᠢᠭ ᠪᠠᠶᠢᠭᠰᠠᠨ ᠠᠴᠠ ᠪᠠᠨ 8.5 ᠲᠦᠮᠡᠨ ᠲᠥᠭᠦᠷᠢᠭ ᠪᠣᠯᠣᠨ ᠨᠡᠮᠡᠭᠳᠡᠵᠦ᠂ ᠪᠦᠭᠦ ᠤᠯᠤᠰ ᠤᠨ ᠠᠷᠪᠠᠳᠤᠭᠠᠷ ᠲᠤ ᠣᠷᠣᠪᠠ᠃            ᠤᠮᠠᠷᠠᠰᠢ ᠨᠡᠭᠡᠭᠡᠯᠲᠡ ᠬᠢᠵᠦ ᠠᠮᠢᠵᠢᠷᠠᠯ ᠤᠨ ᠬᠦᠴᠦᠨ ᠢᠶᠠᠨ ᠬᠥᠭᠵᠢᠭᠡᠪᠡ                               ︽ᠨᠡᠭᠡᠭᠡᠯᠲᠡ ᠬᠢᠬᠦ ᠦᠭᠡᠢ ᠪᠣᠯ ᠭᠦᠭᠵᠢᠭᠦ ᠦᠭᠡᠢ᠂ ᠪᠠᠭ᠎ᠠ ᠨᠡᠭᠡᠭᠡᠯᠲᠡ ᠬᠢᠪᠡᠯ ᠪᠠᠭ᠎ᠠ ᠬᠥᠭᠵᠢᠵᠦ᠂ ᠶᠡᠭᠡ ᠨᠡᠭᠡᠭᠡᠯᠲᠡ ᠬᠢᠪᠡᠯ ᠶᠡᠭᠡ ᠬᠥᠭᠵᠢᠵᠦ᠂ ᠪᠦᠭᠦ ᠲᠠᠯ᠎ᠠ ᠶᠢᠨ ᠨᠡᠭᠡᠭᠡᠯᠲᠡ ᠬᠢᠪᠡᠯ ᠪᠦᠭᠦ ᠲᠠᠯ᠎ᠠ  ᠪᠠᠷ ᠬᠥᠭᠵᠢᠨ᠎ᠡ︾ ᠭᠡᠳᠡᠭ ᠪᠣᠯ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠠᠮᠵᠢᠯᠲᠠ ᠲᠠᠢ ᠦᠢᠯᠡᠳᠦᠯᠭᠡ ᠶᠢᠨ ᠢᠯᠡᠷᠡᠭᠦᠯᠦᠭᠰᠡᠨ ᠠᠶᠠᠨᠳᠠᠭᠠᠨ ᠤ ᠶᠣᠰᠣ ᠪᠢᠯᠡ᠃ ᠮᠠᠨ ᠤ ᠣᠷᠣᠨ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠳᠤ ᠠᠭᠤᠰᠤᠯᠴᠠᠬᠤ ᠪᠠᠷ ᠵᠢᠯᠣᠭᠤᠳᠤᠮᠵᠢ ᠪᠣᠯᠭᠠᠨ᠂ ᠳᠣᠲᠣᠭᠠᠳᠤ ᠭᠠᠳᠠᠭᠠᠳᠤ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠨ ᠥᠷᠨᠢᠭᠦᠯᠵᠦ᠂ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠵᠤ ᠪᠤᠶ᠃ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ 10 ᠵᠢᠯ ᠠᠶᠠᠯᠠᠭᠤᠯᠤᠭᠰᠠᠨ ᠮᠠᠨᠵᠤᠤᠷ ᠪᠣᠭᠤᠮᠲᠠ ᠨᠢ ᠨᠢᠭᠡᠨᠲᠡ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠬᠤᠣᠰ ᠣᠷᠴᠢᠯ ᠳᠤ ᠦᠢᠯᠡᠴᠢᠯᠡᠬᠦ᠂ ᠳᠤᠮᠳᠠᠳᠤ ᠡᠸᠦ᠋ᠷᠦᠫᠡ ᠶᠢᠨ ᠠᠷᠠᠯᠵᠢᠶ᠎ᠠ ᠵᠢᠴᠢ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠢ ᠬᠤᠯᠪᠣᠬᠤ ᠴᠢᠬᠤᠯᠠ ᠨᠡᠪᠲᠡᠷᠡᠬᠦ ᠵᠠᠮ ᠪᠣᠯᠵᠤ᠂ ᠪᠦᠭᠦ ᠤᠯᠤᠰ ᠤᠨ ᠬᠢᠯᠢ  ᠪᠠᠷ ᠣᠷᠣᠭᠤᠯᠵᠤ ᠭᠠᠷᠭᠠᠬᠤ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠬᠡᠮᠵᠢᠶᠡᠨ ᠤ ᠭᠤᠷᠪᠠᠨ ᠤ ᠨᠢᠭᠡ ᠬᠤᠪᠢ ᠣᠷᠴᠢᠮ ᠢ ᠡᠭᠦᠷᠭᠡᠯᠡᠵᠦ ᠪᠠᠶᠢᠨ᠎ᠠ᠃ ᠡᠭᠦᠨ ᠢᠶᠠᠷ ᠪᠠᠷᠠᠬᠤ ᠦᠭᠡᠢ᠂ ᠮᠠᠨ ᠤ ᠣᠷᠣᠨ ᠤ 20 ᠣᠳᠣᠬᠢᠴᠢᠯᠠᠭᠰᠠᠨ ᠬᠢᠯᠢ ᠶᠢᠨ ᠪᠣᠭᠤᠮᠲᠠ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ ᠵᠡᠷᠭᠡ ᠤᠯᠠᠨ ᠪᠠᠶᠢᠷᠢ ᠶᠢᠨ ᠪᠣᠰᠤᠭ᠎ᠠ ᠴᠣᠭᠴᠠᠲᠤ ᠬᠢᠯᠢ ᠶᠢᠨ ᠪᠣᠭᠤᠮᠲᠠ ᠶᠢᠨ ᠨᠡᠭᠡᠭᠡᠯᠲᠡ ᠶᠢᠨ ᠪᠠᠶᠢᠷᠢᠰᠢᠯ  ᠢ ᠪᠦᠷᠢᠯᠳᠦᠭᠦᠯᠵᠦ᠂ ᠳᠡᠯᠡᠬᠡᠢ ᠳ᠋ᠠᠬᠢᠨ ᠲᠠᠢ ᠬᠠᠮᠲᠤ ᠪᠠᠷ ᠵᠥᠪᠳᠡᠭᠦ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠡᠳ᠋ᠯᠡᠭᠦ ︽ᠴᠠᠭ ᠦᠶ᠎ᠡ ᠶᠢᠨ ᠬᠦᠰᠡᠯ ᠵᠡᠭᠦᠳᠦ︾ ᠎ ᠶᠢ ᠬᠤᠯᠪᠣᠵᠤ ᠪᠠᠶᠢᠨ᠎ᠠ᠃             ᠥᠪᠥᠷ ᠮᠣᠩᠭᠤᠯ ᠳᠤ ᠠᠪᠴᠤ ᠬᠡᠯᠡᠪᠡᠯ᠂ ᠳᠣᠲᠣᠭᠠᠳᠤ ᠨᠡᠭᠡᠭᠡᠯᠲᠡ ᠪᠣᠯ ᠭᠠᠳᠠᠭᠠᠳᠤ ᠨᠡᠭᠡᠭᠡᠯᠲᠡ ᠶᠢᠨ ᠰᠠᠭᠤᠷᠢ ᠪᠠ ᠤᠷᠢᠲᠠᠯ ᠮᠥᠨ᠃ ᠣᠷᠣᠨ ᠪᠦᠰᠡ ᠶᠢᠨ ᠬᠠᠮᠲᠤᠷᠠᠯᠴᠠᠭᠠᠨ ᠤ ᠵᠠᠭᠪᠤᠷ ᠪᠣᠯᠣᠨ ᠠᠵᠢᠯᠯᠠᠭᠠᠨ ᠤ ᠲᠣᠭᠲᠠᠴᠠ ᠶᠢᠨ ᠰᠢᠨ᠎ᠡ ᠶᠢ ᠡᠭᠦᠳᠴᠦ᠂ ᠰᠠᠨᠠᠭᠠᠴᠢᠯᠠᠭ᠎ᠠ ᠠᠴᠠ ᠪᠠᠨ ᠡᠯ᠎ᠡ ᠮᠤᠵᠢ ᠣᠷᠣᠨ ᠯᠤᠭ᠎ᠠ ᠳᠠᠪᠠᠭᠤᠯᠢᠭ ᠠᠵᠤ ᠦᠢᠯᠡᠰ᠂ ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ᠂ ᠴᠢᠬᠤᠯᠠ ᠶᠡᠭᠡ ᠲᠦᠷᠦᠯ ᠵᠦᠢᠯ ᠪᠣᠯᠣᠨ ᠺᠠᠳ᠋ᠷ ᠴᠢᠳᠠᠪᠤᠷᠢᠲᠠᠨ ᠵᠡᠷᠭᠡ ᠲᠠᠯ᠎ᠠ ᠪᠠᠷ ᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠪᠦᠭᠦ ᠲᠠᠯ᠎ᠠ ᠪᠠᠷ ᠴᠢᠩᠭᠠᠳᠬᠠᠬᠤ ᠪᠠᠷ ᠮᠠᠨ ᠤ ᠣᠷᠣᠨ ᠢᠮᠠᠭᠲᠠ ᠴᠢᠷᠮᠠᠶᠢᠭᠰᠠᠭᠠᠷ ᠢᠷᠡᠵᠠᠢ᠃ ︽ᠡᠨᠡ ᠨᠣᠣᠯᠣᠭᠤᠷ ᠤᠨ ᠬᠠᠨᠲᠠᠭᠠᠰᠤ ᠮᠠᠰᠢ ᠭᠤᠶᠤ ᠠ᠋᠂ ᠪᠢ ᠡᠮᠦᠰᠴᠦ ᠦᠵᠡᠬᠦ ᠰᠠᠨᠠᠭ᠎ᠠ ᠲᠠᠢ︾᠂ ︽ᠡᠨᠡ ᠦᠬᠡᠷ ᠤᠨ ᠪᠤᠷᠴᠠ ᠬᠡᠳᠦᠢ ᠲᠥᠭᠦᠷᠢᠭ ᠪᠤᠢ︖ ᠪᠢ ᠢᠯᠡᠭᠦᠦ ᠬᠡᠳᠦᠨ ᠤᠭᠤᠲᠠ ᠬᠤᠳᠠᠯᠳᠤᠨ ᠠᠪᠤᠶ᠎ᠠ︾ ᠁ 9 ᠰᠠᠷ᠎ᠠ ᠶᠢᠨ 2᠎ ᠤᠨ ᠡᠳᠦᠷ᠂ ︽ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠦᠨᠦᠷ ᠠᠮᠲᠠ - ᠪᠡᠭᠡᠵᠢᠩ ᠳᠠᠬᠢ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ︾ ᠤᠯᠤᠰ ᠤᠨ ᠬᠤᠷᠠᠯ ᠤᠨ ᠲᠥᠪ ᠲᠤ ᠶᠠᠪᠤᠭᠳᠠᠵᠤ᠂ ᠥᠪᠥᠷ ᠮᠣᠩᠭᠤᠯ ᠎ ᠤᠨ ᠦᠵᠡᠭᠦᠯᠭᠡ ᠶᠢᠨ ᠲᠣᠭᠤᠷᠢᠭ ᠲᠤ ᠬᠥᠮᠥᠨ ᠬᠠᠷ᠎ᠠ ᠴᠤᠭᠯᠠᠷᠠᠵᠤ ᠭᠦᠷ ᠬᠥᠭᠵᠢᠶᠡᠨ ᠢᠶᠠᠷ ᠪᠢᠯᠬᠠᠮ᠎ᠠ ᠪᠠᠶᠢᠯ᠎ᠠ᠃ ᠲᠠᠨᠢᠯᠴᠠᠭᠤᠯᠭ᠎ᠠ ᠶᠢᠨ ᠬᠤᠷᠠᠯ ᠳᠤ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ 29 ᠲᠥᠷᠥᠯ ᠵᠦᠢᠯ ᠳᠤ ᠭᠠᠷ ᠤᠨ ᠥᠰᠥᠭ ᠵᠢᠷᠤᠵᠤ᠂ ᠭᠡᠷ᠎ᠡ ᠲᠣᠭᠲᠠᠬᠤ ᠰᠠᠨᠠᠮᠵᠢ ᠶᠢᠨ ᠵᠣᠭᠤᠰ ᠤᠨ ᠲᠤᠭ᠎ᠠ 1.28 ᠳ᠋ᠦᠩᠰᠢᠭᠤᠷ ᠲᠥᠭᠦᠷᠢᠭ ᠲᠤ ᠬᠦᠷᠴᠦ᠂ ᠪᠡᠭᠡᠵᠢᠩ ᠪᠣᠯᠣᠨ ᠥᠪᠥᠷ ᠮᠣᠩᠭᠤᠯ ᠤᠨ ᠬᠥᠭᠵᠢᠯᠲᠡ ᠳᠤ ᠬᠥᠳᠡᠯᠭᠡᠭᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠪᠡ᠃            ᠡᠭᠦᠨ ᠤ ᠬᠠᠮᠲᠤ᠂ ᠥᠪᠥᠷ ᠮᠣᠩᠭᠤᠯ ᠤᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭ᠎ᠠ ᠡᠷᠡᠰ ᠰᠢᠭᠤᠷᠬᠠᠢ᠂ ᠦᠨᠡᠨ ᠪᠣᠳᠠᠲᠠᠢ ᠶᠠᠪᠤᠭᠳᠠᠵᠠᠢ᠃ ᠠᠵᠢᠯᠯᠠᠭ᠎ᠠ ᠨᠢ ︽ᠪᠣᠳᠠᠲᠠᠢ︾᠎ ᠶᠢ ᠲᠤᠪᠤᠶᠢᠯᠭᠠᠵᠤ᠂ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠪᠣᠳᠠᠲᠠᠢ ᠶᠢ ᠡᠷᠭᠢᠮᠯᠡᠭᠦ ᠶᠢ ᠱᠠᠭᠠᠷᠳᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨᠴᠢ ᠢᠲᠡᠭᠡᠮᠵᠢᠲᠡᠢ᠂ ᠬᠤᠶᠢᠷᠭᠤᠰᠢᠬᠤ ᠦᠭᠡᠢ᠂ ᠶᠣᠰᠣ ᠳᠦᠷᠢᠮ ᠲᠠᠢ ᠰᠠᠶᠢᠨ ᠰᠠᠶᠢᠬᠠᠨ ᠥᠪᠥᠷ ᠮᠣᠩᠭᠤᠯ ᠤᠨ ᠳᠦᠷᠢ ᠲᠥᠷᠬᠦ ᠶᠢ ᠱᠤᠭᠤᠵᠤ᠂ ᠥᠪᠡᠷᠲᠡᠭᠡᠨ ᠵᠠᠰᠠᠬᠤ ᠣᠷᠣᠨ ᠤ ᠡᠭᠦᠷᠭᠡ ᠴᠢᠳᠠᠪᠬᠢᠲᠤ ᠰᠠᠯᠠᠭ᠎ᠠ ᠮᠥᠴᠢᠷ ᠨᠢ ︽ᠬᠢᠲᠤᠭᠠᠨ ᠢᠷ  ᠢᠶᠠᠨ ᠳᠣᠲᠣᠭᠰᠢ ᠬᠠᠨᠳᠤᠭᠤᠯᠵᠤ︾᠂ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠲᠦᠷᠦᠭᠦᠯᠡᠨ ᠠᠬᠢᠭᠤᠯᠵᠤ᠂ ᠡᠯ᠎ᠡ ᠭᠠᠵᠠᠷ ᠤᠨ ᠪᠡᠯᠡ ᠣᠷᠣᠭᠤᠯᠤᠭᠴᠢᠳ  ᠢ ᠲᠠᠲᠠᠭᠰᠠᠨ ᠪᠠᠶᠢᠨ᠎ᠠ᠃            ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ 473 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 12211.6 ᠳ᠋ᠦᠩᠰᠢᠭᠤᠷ ᠲᠥᠭᠦᠷᠢᠭ ᠲᠤ ᠬᠦᠷᠴᠦ᠂ ᠮᠠᠨ ᠤ ᠣᠷᠣᠨ ᠤ ᠳᠡᠩᠰᠡᠯᠡᠨ ᠪᠦᠷᠢᠳᠬᠡᠭᠦᠯᠦᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ ︵ᠰᠠᠯᠪᠤᠷᠢ ᠪᠠᠶᠢᠭᠤᠯᠤᠮᠵᠢ ᠪᠠᠭᠲᠠᠨ᠎ᠠ︶245.61 ᠲᠦᠮᠡᠨ ᠡᠷᠦᠭᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.83%᠎ ᠪᠠᠷ ᠨᠡᠮᠡᠭᠳᠡᠪᠡ᠃ 1 - 8 ᠰᠠᠷ᠎ᠠ ᠳᠤ ᠂ ᠮᠠᠨ ᠤ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 26.7%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 7 ᠰᠠᠷ᠎ᠠ ᠳᠠᠷᠠᠭᠠᠯᠠᠨ ᠪᠦᠭᠦ ᠤᠯᠤᠰ ᠤᠨ ᠲᠡᠷᠢᠭᠦᠨ ᠳᠤ ᠵᠢᠭᠰᠠᠭᠠᠭᠳᠠᠪᠠ᠃            ᠁            ᠶᠡᠷᠦ ᠪᠤᠰᠤ ᠶᠢᠨ ᠠᠷᠪᠠᠨ ᠵᠢᠯ  ᠢ ᠥᠩᠭᠡᠷᠡᠭᠡᠭᠡᠳ᠂ ᠮᠠᠨ ᠤ ᠣᠷᠣᠨ ᠤ ᠳᠣᠲᠣᠭᠠᠳᠤ ᠭᠠᠳᠠᠭᠠᠳᠤ ᠯᠤᠭ᠎ᠠ ᠨᠡᠪᠲᠡᠷᠡᠯᠴᠡᠬᠦ ᠰᠠᠭᠤᠷᠢ ᠨᠥᠬᠦᠴᠡᠯ ᠡᠳᠦᠷ ᠢᠷᠡᠬᠦᠶ᠎ᠡ ᠳᠠᠪᠠᠭᠤᠯᠢᠭ ᠪᠣᠯᠪᠠ᠄ ᠠᠶᠠᠯᠠᠯ ᠡᠬᠢᠯᠡᠭᠦᠯᠦᠭᠰᠡᠨ ᠲᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 300 ᠭᠠᠷᠤᠢ᠂ ᠬᠢᠯᠢ ᠥᠩᠭᠡᠷᠡᠬᠦ ᠲᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 6100 ᠭᠠᠷᠤᠢ᠂ ᠪᠦᠭᠦ ᠤᠯᠤᠰ ᠤᠨ ᠪᠣᠭᠤᠮᠲᠠ ᠪᠠᠷ ᠬᠠᠮᠤᠭ ᠤᠨ ᠤᠯᠠᠨ᠂ ᠬᠠᠭᠤᠷᠠᠢ ᠵᠠᠮ ᠤᠨ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠪᠠᠷ ᠢᠶᠠᠨ ᠲᠡᠷᠢᠭᠦᠯᠡᠭᠰᠡᠨ ᠮᠤᠵᠢ ᠣᠷᠣᠨ ᠪᠣᠯᠵᠠᠢ᠃ ᠪᠦᠭᠦ ᠣᠷᠣᠨ ᠤ ᠲᠡᠮᠦᠷ ᠵᠠᠮ ᠤᠨ ᠡᠵᠡᠩᠨᠡᠯᠲᠡ ᠶᠢᠨ ᠵᠠᠮ ᠤᠨ ᠣᠷᠳᠣ 9400 ᠭᠠᠷᠤᠢ ᠺᠢᠯᠣᠮᠧᠲᠷ ᠪᠠᠶᠢᠭᠰᠠᠨ ᠠᠴᠠ ᠨᠡᠮᠡᠭᠳᠡᠭᠡᠳ 1.5 ᠲᠦᠮᠡᠨ ᠺᠢᠯᠣᠮᠧᠲᠷ ᠰᠢᠬᠠᠮ ᠪᠣᠯᠵᠤ᠂ ᠪᠦᠭᠦ ᠤᠯᠤᠰ ᠲᠤ ᠲᠡᠷᠢᠭᠦᠯᠡᠪᠡ; ᠰᠢᠨ᠎ᠡ ᠪᠠᠷ ᠨᠡᠮᠡᠭᠳᠡᠭᠰᠡᠨ ᠵᠠᠰᠠᠮᠠᠯ ᠵᠠᠮ ᠤᠨ ᠤᠷᠳᠤ 4.9 ᠲᠦᠮᠡᠨ ᠺᠢᠯᠣᠮᠧᠲᠷ ᠪᠠᠶᠢᠵᠤ᠂ ᠡᠷᠭᠢᠨ ᠲᠣᠭᠤᠷᠢᠨ ᠤ ᠨᠠᠢᠮᠠᠨ ᠮᠤᠵᠢ ᠣᠷᠣᠨ ᠯᠤᠭ᠎ᠠ ᠶᠢᠨ ᠳᠡᠭᠡᠳᠦ ᠳᠡᠰ ᠤᠨ ᠵᠠᠰᠠᠮᠠᠯ ᠵᠠᠮ ᠲᠠᠢ ᠪᠦᠭᠦ ᠲᠠᠯ᠎ᠠ ᠪᠠᠷ ᠨᠡᠪᠲᠡᠷᠡᠭᠦᠯᠪᠡ; ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ 15 ᠪᠠᠶᠢᠭᠰᠠᠨ ᠠᠴᠠ ᠨᠡᠮᠡᠭᠳᠡᠭᠡᠳ 43 ᠪᠣᠯᠵᠤ᠂ ᠭᠦᠭᠡᠬᠤᠲᠠ ᠪᠤᠭᠤᠲᠤ ᠣᠷᠳᠣᠰ ᠦᠬᠠᠢ ᠪᠠ ᠤᠯᠠᠭᠠᠨᠬᠠᠳᠠ᠂ ᠲᠦᠩᠯᠢᠶᠣᠣ ᠵᠡᠷᠭᠡ ᠭᠠᠵᠠᠷ ᠣᠷᠣᠨ ᠨᠡᠶᠢᠰᠯᠡᠯ ᠤᠨ 2.5 ᠴᠠᠭ ᠎ ᠤᠨ ︽ᠠᠵᠢᠯ ᠳᠤ ᠭᠠᠷᠬᠤ ᠲᠣᠭᠤᠷᠢᠭ︾᠎ ᠲᠤ ᠠᠭᠤᠰᠤᠯᠴᠠᠪᠠ᠃            ᠶᠡᠷᠦ ᠪᠤᠰᠤ ᠶᠢᠨ ᠠᠷᠪᠠᠨ ᠵᠢᠯ  ᠢ ᠥᠩᠭᠡᠷᠡᠭᠡᠭᠡᠳ᠂ ᠥᠪᠥᠷ ᠮᠣᠩᠭᠤᠯ ᠤᠨ ᠣᠷᠣᠨ ᠪᠦᠰᠡ ᠶᠢᠨ ᠬᠠᠮᠵᠢᠯᠴᠠᠭᠠᠨ ᠤ ︽ᠬᠠᠷᠢᠴᠠᠭᠠᠨ ᠤ ᠲᠣᠣᠷ︾ ᠤᠯᠠᠮ ᠠᠴᠠ ᠤᠯᠠᠮ ᠥᠷᠭᠡᠵᠢᠪᠡ᠃ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶᠎ ᠶᠢᠨ ᠪᠡᠯᠡ ᠮᠥᠩᠭᠦ ᠶᠢ ᠨᠡᠶᠢᠲᠡ 2.9 ᠲᠦᠮᠡᠨ ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠪᠦᠭᠦ ᠣᠷᠣᠨ ᠤ ᠪᠡᠯᠡ ᠣᠷᠣᠭᠤᠯᠤᠯᠲᠠ ᠳᠠᠬᠢ ᠡᠵᠡᠯᠡᠭᠦ ᠬᠤᠪᠢ ᠶᠢᠨ ᠵᠢᠩ 26.8% ᠪᠠᠶᠢᠭᠰᠠᠨ ᠠᠴᠠ 43.5% ᠪᠣᠯᠣᠨ ᠳᠡᠭᠡᠭᠰᠢᠯᠡᠪᠡ᠃ 5 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠢᠶᠠᠷ ᠦᠨᠡᠯᠡᠭᠳᠡᠪᠡ; ᠥᠪᠡᠷ ᠢᠶᠠᠨ ᠪᠠᠶᠢᠭᠤᠯᠤᠭᠰᠠᠨ ᠭᠠᠳᠠᠭᠠᠳᠤ ᠶᠢᠨ ᠬᠥᠮᠥᠷᠭᠡ 10 ᠪᠠᠶᠢᠵᠤ᠂ ᠭᠤᠣᠯ ᠡᠵᠡᠩᠨᠡᠵᠦ ᠪᠠᠶᠢᠭ᠎ᠠ ᠦᠢᠯᠡᠳᠬᠦᠨ ᠎ ᠨᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠲᠣᠨᠤᠭ ᠲᠥᠬᠦᠭᠡᠷᠦᠮᠵᠢ ᠦᠢᠯᠡᠳᠭᠦ᠂ ᠪᠠᠷᠢᠯᠭ᠎ᠠ ᠎ ᠶᠢᠨ ᠮᠠᠲ᠋ᠧᠷᠢᠶᠠᠯ ᠵᠡᠷᠭᠡ ᠠᠵᠢᠯ ᠲᠥᠷᠥᠯ ᠤᠨ ᠬᠢᠨ  ᠢ ᠬᠠᠮᠤᠷᠴᠤ ᠪᠤᠢ᠃            ᠶᠡᠷᠦ ᠪᠤᠰᠤ ᠶᠢᠨ ᠠᠷᠪᠠᠨ ᠵᠢᠯ  ᠢ ᠥᠩᠭᠡᠷᠡᠭᠡᠭᠡᠳ᠂ ᠮᠠᠨ ᠤ ᠣᠷᠣᠨ ᠤ ︽ᠨᠢᠭᠡ ᠪᠦᠰᠡ ᠨᠢᠭᠡ ᠵᠠᠮ︾ ᠳᠠᠭᠠᠤ ᠶᠢᠨ ︽ᠨᠠᠶᠢᠵᠠ ᠶᠢᠨ ᠲᠣᠭᠤᠷᠢᠭ︾ ᠶᠠᠪᠤᠬᠤ ᠲᠤᠲᠤᠮ ᠥᠷᠭᠡᠵᠢᠪᠡ᠄ 184 ᠤᠯᠤᠰ ᠪᠠ ᠭᠠᠵᠠᠷ ᠣᠷᠣᠨ ᠎ ᠯᠤᠭ᠎ᠠ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠪᠠ᠃ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠭᠠᠳᠠᠭᠠᠳᠤ ᠠᠷᠠᠯᠵᠢᠶᠠᠨ ᠤ ᠦᠷᠳᠡᠭ 2012 ᠣᠨ ᠳᠤ 441.2 ᠳ᠋ᠦᠩᠰᠢᠭᠤᠷ ᠲᠥᠭᠦᠷᠢᠭ ᠪᠠᠶᠢᠭᠰᠠᠨ ᠠᠴᠠ 2021 ᠣᠨ ᠳᠤ 717.3 ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 62.6%᠎ ᠳᠤ ᠬᠦᠷᠴᠡᠢ᠃            ᠬᠦᠰᠡᠯ ᠵᠡᠭᠦᠳᠦ ᠪᠠᠨ ᠬᠥᠭᠡᠭᠡᠴᠡᠯᠳᠦᠬᠦ ᠰᠢᠨ᠎ᠡ ᠠᠶᠠᠨ ᠳᠤ ᠣᠮᠤᠭ ᠲᠡᠭᠦᠯᠳᠡᠷ ᠢᠷᠡᠭᠡᠳᠦᠢ ᠪᠠᠨ ᠴᠣᠭᠴᠠᠯᠠᠨ᠎ᠠ ᠃ ᠠᠮᠤᠷ ᠲᠦᠪᠰᠢᠨ ᠬᠥᠭᠵᠢᠯᠲᠡ ᠶᠢ ᠬᠥᠭᠵᠢᠯᠲᠡ ᠶᠢᠨ ᠡᠯ᠎ᠡ ᠬᠦᠷᠢᠶ᠎ᠡ ᠴᠠᠷᠠᠭ᠎ᠠ᠂ ᠪᠦᠭᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠶᠡᠭᠡ ᠠᠮᠤᠷ ᠲᠦᠪᠰᠢᠨ ᠤ ᠪᠠᠶᠢᠷᠢᠰᠢᠯ  ᠢ ᠴᠣᠭᠴᠠᠯᠠᠵᠤ᠂ ᠶᠡᠭᠡ ᠠᠮᠤᠷ ᠠᠮᠤᠭᠤᠯᠠᠩ  ᠤᠨ ᠰᠢᠰᠲ᠋ᠧᠮ  ᠢ ᠲᠡᠭᠦᠯᠳᠡᠷᠵᠢᠭᠦᠯᠦᠨ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠦᠢᠯᠡᠳᠦᠯᠴᠡᠯ  ᠢ ᠠᠬᠢᠭᠤᠯᠤᠨ᠎ᠠ ᠁             ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠣᠷᠣᠨ ᠲᠡᠶᠢᠰᠢ ᠭᠠᠳᠠᠭᠠᠳᠤ ᠨᠡᠭᠡᠭᠡᠯᠲᠡ ᠬᠢᠬᠦ ᠶᠢ ᠢᠳᠡᠪᠬᠢᠲᠡᠢ ᠠᠬᠢᠭᠤᠯᠵᠤ᠂ ᠡᠯ᠎ᠡ ᠮᠤᠵᠢ ᠣᠷᠣᠨ ᠬᠤᠲᠠ ᠯᠤᠭ᠎ᠠ ᠶᠢᠨ ᠠᠵᠤ ᠠᠬᠤᠢ ᠶᠢᠨ ᠬᠠᠮᠵᠢᠯᠴᠠᠭ᠎ᠠ ᠶᠢ ᠪᠦᠭᠦ ᠲᠠᠯ᠎ᠠ ᠪᠠᠷ ᠴᠢᠩᠭᠠᠳᠬᠠᠨ᠂ ᠪᠦᠭᠦ ᠣᠷᠣᠨ ᠪᠦᠰᠡ ᠪᠠᠷ ᠨᠡᠭᠡᠭᠡᠯᠲᠡ ᠬᠢᠬᠦ᠂ ᠶᠡᠭᠡ  ᠪᠠᠷ ᠨᠡᠭᠡᠭᠡᠵᠦ ᠶᠡᠭᠡ  ᠪᠠᠷ ᠨᠡᠶᠢᠯᠡᠭᠦᠯᠭᠦ ᠪᠠᠶᠢᠷᠢᠰᠢᠯ  ᠢ ᠴᠣᠭᠴᠠᠯᠠᠨ᠎ᠠ ᠁            ᠰᠢᠨ᠎ᠡ ᠠᠶᠠᠨ ᠵᠠᠮ ᠳᠤ᠂ ᠥᠪᠥᠷ ᠮᠣᠩᠭᠤᠯ ᠨᠡᠩ ᠬᠤᠯᠠ ᠶᠢᠨ ᠬᠠᠷᠠᠴᠠ᠂ ᠨᠡᠩ ᠬᠠᠲᠠᠭᠤ ᠠᠷᠭ᠎ᠠ ᠬᠡᠮᠵᠢᠶ᠎ᠡ ᠂ ᠨᠡᠩ ᠪᠣᠳᠠᠲᠠᠢ ᠠᠵᠢᠯᠯᠠᠭ᠎ᠠ ᠪᠠᠷ ᠢᠶᠠᠨ ᠤᠮᠠᠷᠠᠲᠤ ᠬᠢᠯᠢ ᠶᠢᠨ ᠣᠮᠤᠭ ᠲᠡᠭᠦᠯᠳᠡᠷ ᠰᠦᠷ ᠵᠢᠪᠬᠤᠭ᠎ᠠ ᠶᠢ ᠪᠢᠴᠢᠭᠯᠡᠨ᠎ᠡ︕      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号