ᠲᠡᠦᠬᠡᠲᠦ ᠡᠭᠦᠷᠭᠡ ᠠᠭᠤᠯᠠ ᠮᠡᠲᠦ ᠬᠦᠨᠳᠦ - ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠥᠪᠥᠷ ᠮᠣᠩᠭᠤᠯ ᠤᠨ ᠬᠥᠭᠵᠢᠯᠲᠡ ᠶᠢᠨ ᠮᠡᠳᠡᠭᠦᠯᠦᠯᠲᠡ ︵ᠳᠥᠷᠪᠡ︶
ᠨᠡᠶᠢᠲᠡᠯᠡᠭᠰᠡᠨ ᠴᠠᠭ᠄
2022/10/16
                     ᠵᠠᠩ ᠵᠢᠶᠦ᠋ᠨ ᠽᠠᠢ᠂ ᠢᠦᠢ ᠬᠠᠢ ᠳ᠋ᠦᠩ᠂ ᠪᠠᠶᠠᠷᠴᠡᠩᠭᠡᠯ᠂ ᠴᠧᠨ ᠴᠦᠨ ᠶᠠᠨ᠂ ᠮᠡᠷᠭᠡᠨᠪᠢᠯᠢᠭ                                    ᠡᠭᠦᠷᠭᠡ ᠬᠠᠷᠢᠭᠤᠴᠠᠯᠭ᠎ᠠ ᠬᠥᠮᠥᠰ ᠢ ᠤᠷᠤᠭᠰᠢ ᠳᠠᠪᠰᠢᠭᠤᠯᠵᠤ᠂ ᠪᠣᠳᠠᠲᠠᠢ ᠠᠵᠢᠯᠯᠠᠵᠤ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠦᠨ᠎ᠡ᠃ ᠠᠷᠪᠠᠨ ᠵᠢᠯ ᠡᠷᠡᠮᠡᠬᠡᠶᠢᠯᠡᠨ ᠤᠷᠤᠭᠰᠢᠯᠠᠵᠤ᠂ ᠤᠮᠠᠷᠠᠲᠤ ᠬᠢᠯᠢ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠨ᠎ᠠ᠃            ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠯᠤᠰ ᠭᠡᠷ ᠤᠨ ᠬᠠᠶᠢᠷ᠎ᠠ ᠰᠡᠳᠬᠢᠯᠭᠡ᠂ ᠰᠠᠬᠢᠨ ᠪᠠᠷᠠᠯᠠᠬᠤ ᠬᠠᠶᠢᠷ᠎ᠠ ᠰᠡᠳᠬᠢᠯᠭᠡ᠂ ᠲᠡᠮᠡᠴᠡᠯ ᠤᠨ ᠬᠠᠶᠢᠷ᠎ᠠ ᠰᠡᠳᠬᠢᠯᠭᠡ ᠪᠠᠷ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠣᠯᠤᠭᠰᠠᠨ ᠤ ᠬᠤᠪᠢ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠠᠬᠢ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠶᠢ ᠡᠷᠡᠰ ᠡᠭᠦᠷᠭᠡᠯᠡᠪᠡ᠃             ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠥᠪᠥᠷ ᠮᠣᠩᠭᠤᠯ ᠬᠦᠴᠦᠯᠡᠨ ᠴᠢᠷᠮᠠᠶᠢᠪᠠ; ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠥᠪᠥᠷ ᠮᠣᠩᠭᠤᠯ ᠢᠳᠡᠷᠡᠭᠦᠨ ᠠᠯᠬᠤᠭ᠎ᠠ ᠪᠠᠷ ᠤᠷᠤᠬᠰᠢᠯᠠᠨ᠎ᠠ; ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠠᠮᠢ ᠨᠠᠰᠤ ᠪᠠᠨ ᠬᠠᠶᠢᠷᠠᠯᠠᠬᠤ ᠲᠠᠢ ᠠᠳᠠᠯᠢ ᠪᠠᠷ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠎ ᠤ ᠡᠷᠬᠢᠮ ᠳᠡᠭᠡᠳᠦ ᠢᠷᠠᠭᠤ ᠠᠯᠳᠠᠷ  ᠢ ᠤᠯᠠᠮ ᠳᠠᠭᠤᠷᠢᠰᠤᠭᠤᠯᠪᠠ᠃            ᠤᠯᠤᠰ ᠭᠡᠷ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠰᠢᠨ᠎ᠡ ᠴᠠᠭ ᠦᠶ᠎ᠡ ᠶᠢᠨ ᠤᠯᠤᠰ ᠠᠴᠠ ᠳᠠᠭᠠᠭᠠᠯᠭᠠᠭᠰᠠᠨ ᠬᠠᠷᠢᠭᠤᠴᠠᠯᠭ᠎ᠠ ᠪᠠ ᠡᠭᠦᠷᠭᠡ ᠶᠢ ᠵᠣᠷᠢᠭᠲᠠᠢ ᠡᠭᠦᠷᠭᠡᠯᠡᠵᠦ᠂ ᠲᠠᠪᠤᠨ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ ᠳᠤᠮᠳᠠ ᠥᠪᠥᠷ ᠮᠣᠩᠭᠤᠯ ᠤᠨ ᠡᠭᠦᠷᠭᠡᠯᠡᠯ  ᠢ ᠭᠦᠢᠴᠡᠳ ᠢᠯᠡᠷᠡᠭᠦᠯᠪᠡ            ᠳᠣᠬᠢᠭᠤᠷ ᠲᠤᠯᠤᠭᠠᠨ ᠣᠲᠣ ᠶᠢ ᠰᠠᠶᠢᠲᠤᠷ ᠲᠣᠭᠲᠠᠭᠠᠵᠤ ᠠᠪᠤᠪᠠᠯ ᠴᠢᠭᠯᠡᠯ ᠢᠶᠠᠨ ᠠᠯᠳᠠᠬᠤ ᠦᠭᠡᠢ ᠶᠤᠮ᠃             ︽ᠬᠤᠶᠠᠷ ᠬᠠᠯᠬᠠᠪᠴᠢ︾᠎ ᠶᠢ ᠪᠠᠲᠤ ᠴᠣᠭᠴᠠᠯᠠᠵᠤ᠂ ︽ᠬᠤᠶᠠᠷ ᠰᠠᠭᠤᠷᠢᠨ︾ ᠎ ᠢ ᠪᠦᠲᠦᠭᠡᠨ ᠪᠠᠶᠢᠭᠤᠯᠵᠤ ᠂ ︽ᠨᠢᠭᠡ ᠪᠠᠬᠢᠯᠡᠯᠲᠡ︾᠎ ᠶᠢ ᠴᠣᠭᠴᠠᠯᠠᠨ᠎ᠠ - ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠵᠢᠷᠤᠭᠯᠠᠨ ᠲᠥᠯᠥᠪᠯᠡᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠨᠢ ᠥᠪᠥᠷ ᠮᠣᠩᠭᠤᠯ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃            ᠴᠠᠭ ᠦᠶ᠎ᠡ ᠪᠦᠭᠦᠨ ᠳᠤ ᠴᠠᠭ ᠦᠶ᠎ᠡ ᠶᠢᠨ ᠬᠢᠨᠢ ᠡᠭᠦᠷᠭᠡ ᠬᠠᠷᠢᠭᠤᠴᠠᠯᠭ᠎ᠠ ᠲᠠᠢ᠂ ᠨᠢᠭᠡ ᠦᠶ᠎ᠡ ᠶᠢᠨ ᠬᠥᠮᠥᠨ ᠳᠤ ᠨᠢᠭᠡ ᠦᠶ᠎ᠡ ᠶᠢᠨ ᠬᠥᠮᠥᠨ ᠤ ᠬᠠᠷᠢᠭᠤᠴᠠᠯᠭ᠎ᠠ ᠲᠠᠢ ᠶᠤᠮ᠃            ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠬᠡᠷᠪᠡ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠣᠯᠣᠨ ᠤᠯᠤᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠡᠯ᠎ᠡ ᠲᠠᠯ᠎ᠠ ᠳᠠᠬᠢ ᠬᠦᠴᠦᠲᠡᠢ ᠳᠡᠮᠵᠢᠯᠭᠡ ᠪᠠᠶᠢᠭᠰᠠᠨ ᠦᠭᠡᠢ ᠪᠣᠯ ᠥᠪᠥᠷ ᠮᠣᠩᠭᠤᠯ ᠤᠨ ᠥᠨᠥᠳᠥᠷ ᠤᠨ ᠡᠶᠢᠮᠦᠷᠬᠦᠦ ᠬᠥᠭᠵᠢᠯᠲᠡ ᠶᠢᠨ ᠠᠮᠵᠢᠯᠲᠠ ᠪᠦᠲᠦᠮᠵᠢ ᠪᠠᠶᠢᠵᠤ ᠴᠢᠳᠠᠬᠤ ᠦᠭᠡᠢ ᠶᠤᠮ᠃ ᠥᠨᠥᠳᠥᠷ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠠᠴᠢ ᠡᠨᠡᠷᠢᠯ ᠳᠤᠨᠢ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠣᠮᠤᠭ ᠲᠡᠭᠦᠯᠳᠡᠷ ᠢᠶᠠᠷ ᠰᠢᠨ᠎ᠡ ᠴᠠᠭ ᠦᠶ᠎ᠡ ᠳᠤ ᠬᠦᠨᠳᠦ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠶᠢ ᠵᠣᠷᠢᠭᠲᠠᠢ ᠡᠭᠦᠷᠭᠡᠯᠡᠵᠦ᠂ ᠡᠷᠡᠮᠡᠬᠡᠶᠢᠯᠡᠨ ᠤᠷᠤᠭᠰᠢᠯᠠᠬᠤ ᠳᠤᠮᠳᠠ ᠬᠥᠭᠵᠢᠯ ᠪᠠᠳᠠᠷᠠᠯ ᠤᠨ ᠢᠷᠠᠭᠤ ᠬᠠᠭᠤᠳᠠᠰᠤ ᠶᠢ ᠪᠢᠴᠢᠭᠯᠡᠨ᠎ᠡ᠃            ᠨᠠᠮᠤᠷ ᠴᠠᠭ ᠤᠨ ᠬᠥᠯᠥᠨ ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ ᠶᠠᠭ ᠯᠠ ᠪᠢᠨᠳᠦᠷᠢᠶᠠᠨ ᠬᠥᠬᠡ ᠡᠪᠬᠡᠮᠡᠯ ᠵᠢᠷᠤᠭ ᠮᠡᠲᠦ ᠳᠠᠪᠠᠯᠭᠠᠯᠠᠨ ᠳᠣᠯᠭᠢᠶᠠᠯᠠᠵᠤ᠂ ᠤᠰᠤᠨ ᠤ ᠰᠢᠪᠠᠭᠤᠳ ᠬᠠᠯᠢᠨ ᠨᠢᠰᠴᠦ᠂ ᠵᠡᠭᠡᠰᠦ ᠬᠤᠯᠤᠰᠤ ᠰᠠᠯᠬᠢᠨ ᠤ ᠠᠶ᠎ᠠ ᠪᠠᠷ ᠨᠠᠶᠢᠭᠤᠵᠤ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃            ᠡᠨᠡ ᠪᠦᠭᠦᠨ ᠨᠢ ᠥᠪᠡᠷᠲᠡᠭᠡᠨ ᠵᠠᠰᠠᠬᠤ ᠣᠷᠣᠨ ᠤ ︽ᠭᠤᠷᠪᠠᠨ ᠨᠠᠭᠤᠷ︾ ᠎ ᠤᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠡᠯ᠎ᠡ ᠲᠦᠷᠦᠯ ᠤᠨ ᠲᠦᠷᠦᠯ ᠵᠦᠢᠯ ᠢ ᠯᠠᠪᠳᠠᠭᠤᠨ ᠪᠠᠲᠤᠲᠠᠢ ᠠᠬᠢᠭᠤᠯᠤᠭᠰᠠᠨ ᠠᠴᠠ ᠪᠣᠯᠤᠭᠰᠠᠨ ᠶᠤᠮ᠃            ᠠᠷᠪᠠᠨ ᠵᠢᠯ ᠤᠨ ᠲᠤᠷᠰᠢ᠂ ᠥᠪᠥᠷ ᠮᠣᠩᠭᠤᠯ ᠠᠮᠢ ᠠᠬᠤᠢ ᠶᠢ ᠬᠠᠮᠠᠭᠠᠯᠠᠬᠤ᠂ ᠪᠣᠬᠢᠷᠳᠤᠯ ᠢ ᠵᠠᠰᠠᠬᠤ᠂ ᠭᠡᠯᠪᠡᠷᠢ ᠶᠢ ᠬᠤᠪᠢᠷᠠᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠪᠦᠭᠦ ᠬᠦᠴᠦᠨ ᠢᠶᠠᠷ ᠢᠶᠠᠨ ᠴᠣᠭᠴᠠᠯᠠᠵᠤ᠂ ᠪᠡᠭᠡᠵᠢᠩ ᠲᠢᠶᠠᠨᠵᠢᠨ ᠤ ᠴᠢᠬᠤᠯᠠ ᠠᠮᠢ ᠠᠬᠤᠢ ᠶᠢᠨ ᠬᠠᠯᠬᠠᠪᠴᠢ ᠪᠣᠯᠤᠭᠰᠠᠨ ᠢᠶᠠᠷ ᠪᠠᠷᠠᠬᠤ ᠦᠭᠡᠢ᠂ ᠳᠤᠮᠳᠠᠳᠤ ᠤᠯᠤᠰ ᠤᠨ ᠠᠷᠠᠳ ᠲᠦᠮᠡᠨ ᠤ ᠪᠠᠭ᠋ᠠᠷᠬᠠᠳᠠᠭ ︽ᠨᠡᠭᠦᠷᠡᠰᠦᠲᠥ᠋ᠷᠥᠭᠴᠢ ᠶᠢᠨ ᠬᠥᠮᠥᠷᠭᠡ︾ ᠪᠠ ︽ᠬᠦᠴᠢᠯᠲᠥ᠋ᠷᠥᠭᠴᠢ ᠶᠢᠨ ᠪᠠᠭᠠᠷ ︾ ᠪᠣᠯᠤᠭᠰᠠᠨ ᠪᠠᠶᠢᠨ᠎ᠠ᠃            ᠠᠷᠪᠠᠨ ᠵᠢᠯ ᠤᠨ ᠲᠤᠷᠰᠢ᠂ ᠥᠪᠥᠷ ᠮᠣᠩᠭᠤᠯ ︽ᠤᠮᠠᠷᠠᠲᠤ ᠶᠡᠭᠡ ᠬᠠᠭᠠᠯᠭ᠎ᠠ︾᠎ ᠶᠢ ᠰᠠᠶᠢᠲᠤᠷ ᠰᠠᠬᠢᠵᠤ᠂ ︽ᠬᠠᠮᠠᠭᠠᠯᠠᠯᠲᠠ ᠶᠢᠨ ᠭᠤᠣᠯ︾ ᠎ ᠢ ᠰᠠᠶᠢᠲᠤᠷ ᠪᠠᠶᠢᠭᠤᠯᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠬᠦ ᠶᠢ ᠪᠠᠷᠢᠮᠲᠠᠯᠠᠵᠤ᠂ ᠬᠢᠯᠢ ᠬᠢᠵᠠᠭᠠᠷ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠢ ᠪᠠᠬᠢᠵᠢᠭᠦᠯᠬᠦ ︽ᠪᠣᠯᠣᠳ ᠲᠡᠮᠦᠷ ᠤᠨ ᠣᠷᠳᠣ ᠴᠠᠭᠠᠨ ᠬᠡᠷᠡᠮ︾ ᠎ ᠢ ᠪᠠᠶᠢᠭᠤᠯᠪᠠ᠃            ᠣᠢ ᠮᠣᠳᠣ ᠢᠭᠴᠤ ᠰᠠᠬᠤᠯᠢᠭ᠂ ᠠᠭᠤᠯᠠ ᠤᠰᠤ ᠦᠵᠡᠰᠬᠦᠯᠡᠩᠲᠦ ᠰᠠᠶᠢᠬᠠᠨ᠂ ᠲᠥᠷᠥ ᠲᠦᠪᠰᠢᠨ ᠲᠦᠮᠡᠨ ᠠᠮᠤᠭᠤᠯᠠᠩ᠂ ᠨᠡᠶᠢᠭᠡᠮ ᠲᠣᠭᠲᠠᠭᠤᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠪᠠ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ︽ᠬᠤᠶᠠᠷ ᠬᠠᠯᠬᠠᠪᠴᠢ︾ ᠡᠪᠳᠡᠷᠡᠰᠢ ᠦᠭᠡᠢ ᠪᠠᠲᠤ ᠪᠠᠬᠢ ᠶᠤᠮ᠃            2021 ᠣᠨ ᠳᠤ ᠪᠦᠭᠦ ᠤᠯᠤᠰ ᠤᠨ ᠨᠡᠭᠦᠷᠡᠰᠦ ᠴᠠᠭᠢᠯᠭᠠᠨ ᠤ ᠬᠠᠩᠭᠠᠯᠭ᠎ᠠ ᠪᠠᠴᠢᠮ ᠪᠣᠯᠵᠤ᠂ ᠥᠪᠥᠷ ᠮᠣᠩᠭᠤᠯ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠬᠦᠨᠳᠦ ᠡᠭᠦᠷᠭᠡ ᠶᠢ ᠡᠷᠡᠰ ᠰᠢᠭᠤᠷᠬᠠᠢ ᠡᠭᠦᠷᠭᠡᠯᠡᠵᠦ᠂ ᠤᠯᠤᠰ ᠎ ᠠᠴᠠ ᠲᠤᠰᠢᠶᠠᠭᠰᠠᠨ ᠶᠡᠬᠡᠩᠬᠢ ᠬᠠᠭᠠᠰ ᠳᠤᠮᠳᠠᠳᠤ ᠤᠯᠤᠰ ᠤᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠥᠪᠡᠷ ᠤᠨ ᠬᠦᠴᠦ ᠪᠠᠷ ᠢᠶᠠᠨ ᠪᠡᠶᠡᠯᠡᠭᠦᠯᠪᠡ᠃            ᠠᠷᠪᠠᠨ ᠵᠢᠯ ᠤᠨ ᠲᠤᠷᠰᠢ ᠨᠡᠭᠦᠷᠡᠰᠦᠨ ᠤ ᠬᠠᠳᠠᠭᠠᠯᠠᠭᠳᠠᠴᠠ᠂ ᠨᠡᠭᠦᠷᠡᠰᠦ ᠦᠢᠯᠡᠳᠪᠦᠷᠢᠯᠡᠬᠦ ᠴᠢᠳᠠᠪᠤᠷᠢ᠂ ᠨᠡᠭᠦᠷᠡᠰᠦ ᠶᠢ ᠭᠠᠳᠠᠭᠰᠢ ᠲᠡᠭᠡᠭᠡᠪᠦᠷᠢᠯᠡᠬᠦ ᠬᠡᠮᠵᠢᠶ᠎ᠡ ᠪᠦᠭᠦ ᠤᠯᠤᠰ ᠤᠨ ᠲᠡᠷᠢᠭᠦᠨ ᠳᠤ ᠣᠷᠣᠵᠤ᠂ ᠴᠠᠭᠢᠯᠭᠠᠨ ᠭᠠᠷᠭᠠᠬᠤ ᠬᠡᠮᠵᠢᠶ᠎ᠡ᠂ ᠭᠠᠳᠠᠭᠰᠢ ᠭᠦᠷᠭᠡᠭᠦ ᠴᠠᠭᠢᠯᠭᠠᠨ ᠤ ᠬᠡᠮᠵᠢᠶ᠎ᠡ᠂ ᠰᠠᠯᠬᠢᠨ ᠬᠦᠴᠦᠨ ᠤ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠪᠦᠭᠦ ᠤᠯᠤᠰ ᠤᠨ ᠲᠡᠷᠢᠭᠦᠨ ᠳᠤ ᠣᠷᠣᠵᠤ᠂ ᠥᠪᠥᠷ ᠮᠣᠩᠭᠤᠯ ᠤᠨ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠤᠶᠢᠯ ᠤᠨ ᠲᠣᠪᠣᠶᠢᠮ᠎ᠠ ᠪᠣᠯᠪᠠ᠃            ᠠᠭᠤᠯᠠ ᠨᠢᠷᠤᠭᠤᠳ ᠨᠢ ᠠᠳᠠᠯᠢ ᠪᠤᠰᠤ ᠥᠩᠭᠡ ᠵᠢᠰᠦ ᠪᠠᠷ ᠢᠶᠠᠨ ᠲᠣᠬᠢᠲᠠᠶᠢᠬᠠᠨ᠂ ᠤᠰᠤ ᠮᠥᠷᠡᠨ ᠨᠢ ᠰᠢᠷᠦᠭᠦᠨ ᠳᠥᠯᠭᠡᠨ ᠤᠷᠤᠰᠬᠠᠯ ᠢᠶᠠᠷ ᠢᠶᠠᠨ ᠠᠶᠠᠲᠠᠶᠢᠬᠠᠨ᠂ ᠠᠭᠤᠷ ᠠᠮᠢᠰᠬᠤᠯ ᠨᠢ ᠰᠡᠷᠢᠭᠦᠨ ᠳᠤᠯᠠᠭᠠᠨ ᠰᠤᠯᠪᠢᠴᠠᠨ ᠲᠠᠭᠠᠲᠠᠶᠢᠬᠠᠨ ᠠ᠋᠃ ᠠᠯᠲᠠᠨ ᠨᠠᠮᠤᠷ ᠤᠨ ᠥᠪᠥᠷ ᠮᠣᠩᠭᠤᠯ ᠳᠤ ᠭᠤᠸᠠ ᠵᠢᠮᠢᠰ ᠤᠨ ᠠᠩᠬᠢᠯᠤᠮ᠎ᠠ ᠦᠨᠦᠷ ᠬᠠᠩᠬᠤᠯᠵᠤ᠂ ᠭᠠᠵᠠᠷ ᠪᠣᠯᠭᠠᠨ ᠳᠤ ᠡᠯᠪᠡᠭ ᠬᠤᠷᠢᠶᠠᠯᠲᠠ ᠶᠢᠨ ᠦᠵᠡᠮᠵᠢ ᠲᠣᠳᠣᠷᠠᠨ᠎ᠠ᠃            ᠥᠪᠥᠷ ᠮᠣᠩᠭᠤᠯ ᠤᠮᠠᠷᠠᠲᠤ ᠥᠷᠭᠡᠷᠢᠭ ᠤᠨ 41 ᠭᠷᠡᠳᠦ᠋ᠰ ᠠᠴᠠ 45 ᠭᠷᠡᠳᠦ᠋ᠰ ᠤᠨ ᠰᠢᠵᠢᠷ ᠠᠯᠲᠠᠨ ᠰᠦ ᠎ ᠶᠢᠨ ᠢᠷᠡᠯᠲᠡ ᠶᠢᠨ ᠣᠷᠣᠨ ᠪᠦᠰᠡ ᠳᠤ ᠪᠠᠶᠢᠷᠢᠯᠠᠵᠤ᠂ ︽ᠳᠤᠮᠳᠠᠳᠤ ᠤᠯᠤᠰ ᠤᠨ ᠰᠦ ᠶᠢᠨ ᠬᠤᠲᠠ︾ ᠬᠡᠮᠡᠭᠳᠡᠭᠰᠡᠨ ᠭᠦᠭᠡᠬᠤᠲᠠ ᠨᠢ ᠢᠯᠢ᠂ ᠮᠧᠩ ᠨᠢᠦ᠂ ᠱᠧᠩ ᠵᠢᠶᠠᠨ ᠵᠡᠷᠭᠡ ᠨᠢᠭᠡ ᠪᠦᠯᠦᠭ ᠲᠥᠷᠥᠯ ᠲᠡᠮᠳᠡᠭᠲᠦ᠂ ᠬᠡᠪᠴᠢᠶᠡᠵᠢᠭᠰᠡᠨ ᠂ ᠣᠳᠣᠬᠢᠴᠢᠯᠠᠭᠰᠠᠨ ᠮᠢᠩᠭᠠᠨ ᠳ᠋ᠦᠩᠰᠢᠭᠤᠷ ᠲᠥᠭᠦᠷᠢᠭ ᠤᠨ ᠲᠠᠰ ᠤᠨ ᠰᠦ ᠶᠢᠨ ᠠᠵᠤ ᠦᠢᠯᠡᠰ ᠤᠨ ᠪᠦᠯᠦᠭᠵᠢᠯ ᠎ ᠢ ᠨᠢᠭᠡᠨᠲᠡ ᠪᠤᠶ ᠪᠣᠯᠭᠠᠪᠠ᠃            ᠪᠦᠭᠦ ᠣᠷᠣᠨ ᠤ ᠡᠯ᠎ᠡ ᠭᠠᠵᠠᠷ ᠣᠷᠣᠨ  ᠤ ᠬᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠪᠣᠯᠣᠨ ᠵᠣᠬᠢᠬᠤ ᠬᠡᠪᠴᠢᠶᠡᠵᠢᠭᠰᠡᠨ ᠡᠵᠡᠩᠨᠡᠯᠲᠡ ᠶᠢ ᠬᠦᠴᠦᠯᠡᠨ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠬᠦ᠂ ᠲᠦᠷᠦᠯ ᠲᠡᠮᠳᠡᠭᠵᠢᠬᠦ ᠶᠢ ᠠᠬᠢᠭᠤᠯᠤᠭᠰᠠᠨ ᠪᠠᠶᠢᠨ᠎ᠠ᠃ 2021 ᠣᠨ ᠳᠤ ᠮᠠᠨ ᠤ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ︽ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ︾ ᠣᠯᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ︽ᠠᠷᠪᠠᠨ ᠲᠤᠯᠤᠭᠠᠨ ᠵᠢᠯ ᠳᠠᠷᠠᠭᠠᠯᠠᠨ ᠲᠣᠭᠲᠠᠭᠤᠨ︾ ᠪᠠᠶᠢᠵᠤ᠂ ᠠᠮᠤ ᠪᠤᠳᠠᠭ᠎ᠠ ᠡᠯᠪᠡᠭ ᠳᠡᠯᠪᠡᠭ᠂ ᠠᠮᠲᠠᠲᠤ ᠮᠢᠬ᠎ᠠ ᠲᠣᠰᠣ ᠲᠠᠢ᠂ ᠰᠦ ᠶᠢᠨ ᠦᠨᠦᠷ ᠬᠠᠩᠬᠤᠯᠤᠭᠰᠠᠨ ᠣᠲᠣ ᠦᠶ᠎ᠡ ᠶᠢᠨ ᠮᠠᠯᠵᠢᠯ ᠤᠨ ᠳᠠᠭᠤᠯᠠᠯ ᠲᠠᠯ᠎ᠠ ᠨᠤᠲᠤᠭ ᠲᠤ ᠴᠤᠤᠷᠢᠶᠠᠲᠤᠪᠠ᠃            ᠡᠮᠦᠨᠡᠬᠡᠨ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠤᠯᠠᠭᠠᠨᠴᠠᠪ ᠬᠤᠳᠠ ᠶᠢᠨ ᠵᠢᠨᠢᠩ ᠲᠣᠭᠤᠷᠢᠭ ᠤᠨ ᠳᠣᠯᠣᠳᠤᠭᠠᠷ ᠰᠤᠮᠤ ᠶᠢᠨ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠠᠴᠠ ᠮᠣᠷᠳᠠᠵᠤ᠂ 50 ᠴᠢᠩᠭᠡᠯᠢᠭ ᠪᠠᠶᠠᠨᠨᠠᠭᠤᠷ ᠤᠨ ᠰᠣᠳᠣᠨ ᠨᠡᠷᠡᠨ ᠬᠤᠸᠠᠷ ᠤᠨ ᠦᠷ᠎ᠡ ᠶᠢ ᠳᠦᠭᠦᠷᠲᠡᠯ᠎ᠡ ᠲᠡᠭᠡᠭᠡᠵᠦ᠂ ᠤᠷᠤᠰ ᠤᠨ ᠶᠧᠺᠠᠲ᠋ᠧᠷᠢᠨᠪᠦ᠋ᠷᠡᠭ ᠤᠨ ᠬᠥᠮᠥᠰ ᠲᠤ ︽ᠦᠨᠦᠷ ᠠᠮᠲᠠᠲᠤ ᠳᠤᠮᠳᠠᠳᠤ ᠤᠯᠤᠰ︾ ᠎ ᠢ ᠲᠠᠨᠢᠭᠤᠯᠵᠠᠢ᠃            ᠡᠬᠡ ᠤᠯᠤᠰ ᠤᠨ ᠤᠮᠠᠷᠠᠲᠤ ᠬᠡᠰᠡᠭ ᠲᠤ ᠲᠡᠭᠷᠢ ᠴᠡᠯᠠᠶᠢᠨ ᠭᠠᠵᠠᠷ ᠨᠤᠲᠤᠭ ᠠᠭᠤᠳᠠᠮ ᠪᠠᠶᠢᠵᠤ᠂ ᠬᠢᠯᠢ ᠬᠢᠵᠠᠭᠠᠷ ᠤᠷᠲᠤᠯᠵᠠᠨ ᠰᠤᠨᠤᠯᠵᠠᠨ᠎ᠠ᠃ 20 ᠭᠠᠳᠠᠭᠠᠳᠤ ᠨᠡᠭᠡᠭᠡᠯᠲᠡ ᠶᠢᠨ ᠪᠣᠭᠤᠮᠲᠠ ᠨᠢ ᠮᠥᠬᠦᠯᠢᠭ ᠮᠥᠬᠦᠯᠢᠭ ᠰᠤᠪᠤᠳ ᠢ 8000 ᠭᠠᠵᠠᠷ ᠤᠨ ᠬᠢᠯᠢ ᠶᠢᠨ ᠱᠤᠭᠤᠮ ᠳᠡᠭᠡᠷ᠎ᠡ ᠰᠢᠭᠢᠳᠬᠡᠭᠰᠡᠨ ᠮᠡᠲᠦ ᠪᠢᠯᠡ᠃ ᠥᠪᠥᠷ ᠮᠣᠩᠭᠤᠯ ︽ᠨᠢᠭᠡ ᠪᠦᠰᠡ ᠨᠢᠭᠡ ᠵᠠᠮ︾᠂ ᠲᠡᠦᠬᠡᠨ ᠳᠡᠭᠡᠷᠡᠬᠢ ︽ᠲᠠᠯ᠎ᠠ ᠨᠤᠲᠤᠭ ᠤᠨ ᠲᠣᠷᠭᠠᠨ ᠵᠠᠮ︾᠂ ︽ᠲᠦᠮᠡᠨ ᠭᠠᠵᠠᠷ ᠤᠨ ᠴᠠᠢ ᠶᠢᠨ ᠵᠠᠮ︾᠎ ᠲᠠᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠵᠤ᠂ ᠤᠯᠤᠰ ᠤᠨ ᠪᠠᠷᠠᠭᠤᠨ ᠬᠡᠰᠡᠭ ᠤᠨ ᠡᠬᠡ ᠬᠠᠭᠤᠷᠠᠢ ᠪᠠ ᠲᠡᠯᠡᠶ ᠶᠢᠨ ᠰᠢᠨ᠎ᠡ ᠨᠡᠪᠲᠡᠷᠡᠬᠦ ᠵᠠᠮ ᠤᠨ ᠴᠢᠬᠤᠯᠠ ᠪᠣᠭᠤᠮᠲᠠ ᠪᠣᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠤᠭᠰᠠᠨ ᠪᠠᠶᠢᠨ᠎ᠠ᠃            ᠲᠠᠯ᠎ᠠ ᠨᠤᠲᠤᠭ ᠪᠣᠯ ᠬᠤᠪᠢᠯᠭᠠᠨ ᠣᠩᠭᠤᠴᠠ ᠶᠢᠨ ᠨᠢᠰᠦᠭᠰᠡᠨ ᠪᠠ ᠪᠠᠭᠤᠭᠰᠠᠨ ᠳᠤᠯᠠᠭᠠᠨ ᠪᠠᠭᠤᠴᠠ ᠪᠣᠯᠣᠨ᠎ᠠ᠂ ᠥᠪᠥᠷ ᠮᠣᠩᠭᠤᠯ ᠡᠷᠬᠢᠮ ᠳᠡᠭᠡᠳᠦ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠷ ᠡᠬᠡ ᠤᠯᠤᠰ ᠤᠨ ᠢᠶᠠᠨ ᠰᠠᠨᠰᠠᠷ ᠤᠨ ᠠᠶᠠᠯᠠᠯ ᠤᠨ ᠦᠢᠯᠡᠰ ᠲᠤ ᠶᠡᠬᠡᠬᠡᠨ ᠬᠤᠪᠢ ᠨᠡᠮᠡᠷᠢ ᠦᠵᠡᠭᠦᠯᠪᠡ᠃            60 ᠭᠠᠷᠤᠢ ᠵᠢᠯ ᠤᠨ ᠲᠤᠷᠰᠢ᠂ 200 ᠭᠠᠷᠤᠢ ᠳᠠᠭᠠᠭᠤᠯᠢ ᠤᠳᠤ᠂ 14 ᠬᠤᠪᠢᠯᠭᠠᠨ ᠣᠩᠭᠤᠴᠠ᠂ 1 ᠬᠠᠷᠠᠯᠲᠠᠲᠤ ᠨᠢᠰᠦᠭᠦᠷ᠂ 1 ᠣᠭᠲᠠᠷᠭᠤᠢ ᠶᠢᠨ ᠲᠤᠷᠰᠢᠯᠲᠠ ᠶᠢᠨ ᠲᠠᠰᠤᠭ ᠢ ᠳ᠋ᠦᠩᠹᠧᠩ ᠰᠠᠨᠰᠠᠷ ᠤᠨ ᠬᠤᠳᠠ ᠠᠴᠠ ᠠᠮᠵᠢᠯᠲᠠ ᠲᠠᠢ ᠬᠠᠷᠪᠤᠨ ᠭᠠᠷᠭᠠᠪᠠ; 13 ᠬᠤᠪᠢᠯᠭᠠᠨ ᠣᠩᠭᠤᠴᠠ᠂ ᠦᠢᠯᠡᠳᠦᠯᠭᠡ ᠠᠷᠪᠠᠳᠤᠭᠠᠷ ᠵᠡᠷᠭᠡ ᠳᠠᠭᠠᠭᠤᠯᠢ ᠤᠳᠤ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠲᠠᠪᠤᠳᠤᠭᠠᠷ ᠪᠤᠴᠠᠬᠤ ᠮᠠᠰᠢᠨ ᠵᠡᠷᠭᠡ ᠨᠢᠰᠦᠭᠦᠷ ᠥᠪᠥᠷ ᠮᠣᠩᠭᠤᠯ ᠤᠨ ᠳᠤᠮᠳᠠ ᠬᠡᠰᠡᠭ ᠤᠨ ᠲᠠᠯ᠎ᠠ ᠨᠤᠲᠤᠭ ᠪᠤᠶᠤ ᠥᠪᠥᠷ ᠮᠣᠩᠭᠤᠯ ᠤᠨ ᠪᠠᠷᠠᠭᠤᠨ ᠬᠡᠰᠡᠭ ᠲᠤ ᠪᠠᠶᠢᠷᠢᠯᠠᠵᠤ ᠪᠠᠶᠢᠭ᠎ᠠ ᠳ᠋ᠦᠩᠹᠧᠩ ᠪᠠᠭᠤᠯᠲᠠ ᠶᠢᠨ ᠲᠠᠯᠠᠪᠤᠷ ᠲᠤ ᠪᠠᠭᠤᠪᠠ᠃            ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠰᠡᠳᠬᠢᠯᠭᠡ ᠶᠢ ᠨᠢᠭᠲᠠᠷᠠᠭᠤᠯᠵᠤ᠂ ᠨᠠᠮ ᠤᠨ ᠠᠴᠢ ᠳᠤ ᠴᠢᠩ ᠰᠡᠳᠬᠢᠯ ᠠᠴᠠ ᠪᠠᠨ ᠲᠠᠯᠠᠷᠬᠠᠵᠤ᠂ ᠨᠠᠮ ᠤᠨ ᠦᠭᠡ ᠶᠢ ᠡᠷᠡᠰ ᠰᠣᠨᠣᠰᠴᠤ᠂ ᠪᠦᠯᠬᠦᠮᠳᠡᠨ ᠲᠡᠮᠡᠴᠡᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠎ ᠤ ᠡᠷᠬᠢᠮ ᠳᠡᠭᠡᠳᠦ ᠢᠷᠠᠭᠤ ᠠᠯᠳᠠᠷ ᠢ ᠪᠦᠭᠦ ᠬᠦᠴᠦᠨ ᠢᠶᠠᠷ ᠢᠶᠠᠨ ᠬᠠᠮᠠᠭᠠᠯᠠᠨ᠎ᠠ            ᠤᠯᠠᠭᠠᠨᠬᠠᠳᠠ ᠬᠤᠳᠠ ᠶᠢᠨ ᠬᠠᠷᠠᠴᠢᠨ ᠬᠤᠰᠢᠭᠤᠨ ᠤ ᠾᠧᠨᠠᠨ ᠵᠡᠭᠡᠯᠢ ᠭᠤᠳᠤᠮᠵᠢ ᠶᠢᠨ ᠡᠮᠡᠭᠡᠯ ᠠᠭᠤᠯᠠ ᠲᠣᠰᠬᠤᠨ ᠤ ᠵᠠᠩ ᠭᠦᠸᠧ ᠯᠢ ᠶᠢᠨ ᠬᠢᠨ ᠳᠤ ᠪᠠᠶᠠᠷ ᠭᠦᠷ ᠢᠶᠠᠷ ᠪᠢᠯᠬᠠᠨ᠎ᠠ᠃ ︽ᠪᠢᠳᠡ ᠭᠡᠷ ᠪᠦᠯᠢ ᠪᠠᠷ ᠢᠶᠠᠨ ᠶᠠᠭ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠳᠡᠭ᠂ ᠡᠨᠡ ᠪᠣᠯ ᠳᠠᠷᠤᠢ ᠬᠠᠮᠤᠭ ᠤᠨ ᠰᠠᠶᠢᠨ ᠠᠮᠢᠳᠤᠷᠠᠯ ᠪᠢᠯᠡ︾ ᠭᠡᠵᠦ ᠵᠠᠩ ᠭᠦᠸᠧ ᠯᠢ ᠬᠡᠯᠡᠵᠦ ᠪᠠᠶᠢᠪᠠ᠃            ᠡᠨᠡ ᠬᠦ ᠳᠦᠷᠪᠡᠨ ᠦᠶ᠎ᠡ ᠪᠠᠷ ᠢᠶᠠᠨ ᠬᠠᠮᠲᠤ ᠠᠮᠢᠳᠤᠷᠠᠵᠤ ᠪᠠᠶᠢᠭ᠎ᠠ ᠶᠡᠭᠡ ᠭᠡᠷ ᠪᠦᠯᠢ ᠶᠢᠨ 10 ᠪᠦᠷᠢᠯᠳᠦᠭᠦᠨ ᠨᠢ ᠮᠣᠩᠭᠤᠯ᠂ ᠮᠠᠨᠵᠤ᠂ ᠬᠢᠲᠠᠳ ᠵᠡᠷᠭᠡ 3 ᠦᠨᠳᠦᠰᠦᠲᠡᠨ ᠢᠶᠠᠷ ᠪᠦᠷᠢᠯᠳᠦᠵᠡᠢ᠃ 2019 ᠣᠨ ᠳᠤ ᠶᠡᠷᠦᠩᠬᠡᠢ ᠱᠦᠵᠢ ᠰᠢ ᠶᠢᠨ ᠫᠢᠩ ᠡᠳᠡᠨ ᠤ ᠬᠢᠨ ᠳᠤ ᠢᠷᠡᠬᠦ ᠳᠡᠭᠡᠨ ︽ᠦᠨᠳᠦᠰᠦᠲᠡᠨ ᠤ ᠪᠦᠯᠬᠦᠮᠳᠡᠯ ᠤᠨ ᠭᠡᠷ ᠪᠦᠯᠢ︾ ᠭᠡᠵᠦ ᠨᠡᠷᠡᠯᠡᠭᠰᠡᠨ ᠪᠠᠶᠢᠨ᠎ᠠ᠃            ᠥᠪᠥᠷ ᠮᠣᠩᠭᠤᠯ ᠨᠢ ᠮᠠᠨ ᠤ ᠤᠯᠤᠰ ᠤᠨ ᠬᠠᠮᠤᠭ ᠤᠨ ᠡᠷᠲᠡ ᠪᠠᠶᠢᠭᠤᠯᠤᠭᠳᠠᠭᠰᠠᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ᠂ ᠤᠯᠤᠰ ᠣᠷᠣᠨ ᠤ ᠨᠢᠭᠡᠳᠦᠯ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠨ ᠰᠠᠶᠢᠲᠤᠷ ᠭᠦᠢᠴᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠱᠤᠭᠤᠮ ᠤᠨ ᠲᠣᠭᠤᠷᠢᠨ ᠳᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭᠡᠰ ᠢ ᠭᠠᠵᠠᠷ ᠪᠣᠯᠭᠠᠨ ᠳᠤ ᠳᠡᠯᠭᠡᠷᠡᠭᠦᠯᠪᠡ᠃             ︽ᠪᠢᠳᠡ ᠪᠣᠯ ᠤᠯᠤᠰ ᠤᠨ ᠬᠡᠦᠬᠡᠳ᠂ ᠨᠠᠩ ᠴᠤ ᠲᠠᠯ᠎ᠠ ᠨᠤᠲᠤᠭ ᠤᠨ ᠬᠡᠦᠬᠡᠳ ᠮᠥᠨ ᠁︾ ᠭᠡᠵᠦ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ ︽ᠤᠯᠤᠰ ᠤᠨ ᠬᠡᠦᠬᠡᠳ︾ ᠬᠡᠮᠡᠭᠳᠡᠭᠰᠡᠨ ᠨᠠᠷᠠᠨᠴᠢᠮᠡᠭ᠂ ᠪᠠᠲᠤᠬᠦᠦ ᠡᠭᠡᠴᠢ ᠳᠡᠭᠦᠦ ᠬᠤᠶᠠᠭᠤᠯᠠ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠢᠷᠡᠭᠰᠡᠨ︾ ᠰᠡᠳᠬᠢᠯ ᠬᠥᠳᠡᠯᠭᠡᠮ᠎ᠡ ᠥᠯᠢᠭᠡᠷ ᠢ ᠭᠦᠨ ᠰᠡᠳᠬᠢᠯᠭᠡ ᠲᠠᠢ ᠪᠠᠷ ᠶᠠᠷᠢᠵᠤ ᠥᠭᠪᠡ            ᠪᠦᠭᠦ ᠣᠷᠣᠨ ᠤ ᠡᠯ᠎ᠡ ᠭᠠᠵᠠᠷ ᠣᠷᠣᠨ ᠤ ᠬᠢᠨ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠭᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠭᠰᠠᠨ ᠪᠠᠶᠢᠨ᠎ᠠ᠃            ᠲᠠᠯ᠎ᠠ ᠨᠤᠲᠤᠭ ᠤᠨ ᠰᠣᠶᠣᠯ ᠤᠨ ᠨᠠᠶᠢᠷ ᠵᠡᠷᠭᠡ ᠤᠷᠠᠯᠢᠭ ᠤᠨ ᠦᠪᠡᠳᠡᠭᠰᠢ ᠴᠤᠭᠯᠠᠭᠠᠨ ᠨᠢ ᠬᠥᠮᠥᠰ ᠤᠨ ᠠᠩᠬᠠᠷᠤᠯ ᠢ ᠶᠡᠬᠡᠳᠡ ᠲᠠᠲᠠᠵᠤ᠂ ᠪᠥᠵᠢᠭᠲᠦ ᠵᠦᠴᠦᠭᠡ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾᠂ ︽ᠮᠣᠷᠢᠲᠤ ᠴᠡᠷᠢᠭ︾ ᠵᠡᠷᠭᠡ ᠤᠤᠭᠠᠯ ᠪᠦᠲᠦᠭᠡᠯ ᠨᠢ ᠲᠣᠮᠣ ᠱᠠᠩᠨᠠᠯ ᠬᠦᠷᠲᠡᠵᠦ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠵᠡᠷᠭᠡ ᠭᠤᠣᠯ ᠰᠡᠳᠦᠪᠲᠦ ᠠᠵᠢᠯᠯᠠᠭ᠎ᠠ ᠨᠢ ᠡᠳᠦᠷ ᠲᠤᠲᠤᠮ ᠤᠨ ᠠᠮᠢᠳᠤᠷᠠᠯ ᠳᠤ ᠠᠭᠤᠰᠪᠠ ᠁            ᠠᠷᠪᠠᠨ ᠵᠢᠯ ᠤᠨ ᠲᠤᠷᠰᠢ᠂ ᠥᠪᠥᠷ ᠮᠣᠩᠭᠤᠯ ᠳᠤᠮᠳᠠᠳᠤ ᠶᠢᠨ ᠰᠣᠶᠣᠯ ᠢᠶᠠᠷ ᠬᠥᠮᠥᠰ ᠤᠨ ᠰᠡᠳᠬᠢᠯ ᠢ ᠤᠮᠳᠠᠯᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠪᠠ᠃            ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ 37 ᠦᠨᠳᠦᠰᠦᠲᠡᠨ ᠤ 56 ᠰᠤᠷᠤᠬᠴᠢ ᠪᠠᠷ ᠪᠦᠷᠢᠯᠳᠦᠭᠰᠡᠨ ︽ᠠᠨᠠᠷ ᠤᠨ ᠦᠷ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠠᠩᠭᠢ︾ ᠪᠠᠶᠢᠳᠠᠭ᠃ ᠰᠤᠷᠭᠠᠭᠤᠯᠢ ᠶᠢᠨ ᠦᠨᠳᠦᠰᠦᠲᠡᠨ ᠤ ᠪᠦᠯᠬᠦᠮᠳᠡᠯ ᠤᠨ ᠬᠡᠪ ᠳᠠᠭᠤᠷᠢᠶᠠᠯ᠂ ᠥᠯᠢᠭᠡᠷ ᠳᠠᠭᠤᠷᠢᠶᠠᠯ ᠪᠣᠯᠤᠭᠰᠠᠨ ᠤ ᠬᠤᠪᠢ ᠳᠤ᠂ 56 ᠰᠣᠷᠣᠬᠴᠢ ᠰᠡᠳᠬᠢᠯ ᠵᠢᠷᠦᠬᠡ ᠪᠠᠨ ᠬᠤᠯᠪᠣᠵᠤ᠂ ᠲᠤᠰᠬᠠᠢ ᠮᠡᠷᠭᠡᠵᠢᠯ ᠤᠨ ᠮᠡᠳᠡᠯᠭᠡ ᠶᠢ ᠴᠢᠷᠮᠠᠶᠢᠨ ᠰᠤᠷᠤᠯᠴᠠᠵᠤ᠂ ︽ᠬᠠᠷᠢᠯᠴᠠᠨ ᠦᠢᠯᠡᠳᠦᠯᠴᠡᠬᠦ ᠬᠢᠴᠢᠶᠡᠯ ᠤᠨ ᠲᠠᠩᠬᠢᠮ︾᠎ ᠳᠤ ᠢᠳᠡᠪᠬᠢᠲᠡᠢ ᠣᠷᠣᠯᠴᠠᠵᠤ᠂ 3 ᠲᠦᠮᠡ ᠭᠠᠷᠤᠢ ᠪᠠᠭᠰᠢ ᠰᠣᠷᠣᠬᠴᠢ ᠶᠢ ᠬᠥᠲᠥᠯᠥᠨ ᠳᠠᠭᠠᠭᠤᠯᠵᠤ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠠᠢ᠃            ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠳᠤᠮᠳᠠᠳᠤ ᠪᠠᠨ ᠬᠠᠶᠢᠷᠠᠯᠠᠬᠤ ᠰᠡᠳᠬᠢᠯᠭᠡ ᠶᠢ ᠪᠦᠭᠦ ᠣᠷᠣᠨ ᠤ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠡᠳᠬᠢᠯ ᠵᠢᠷᠦᠬᠡᠨ ᠳᠤ ᠦᠨᠳᠦᠰᠦᠯᠡᠭᠦᠯᠦᠭᠰᠡᠨ ᠪᠠᠶᠢᠨ᠎ᠠ             ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠳᠦᠷᠢᠮ︾ ᠵᠡᠷᠭᠡ ᠦᠨᠳᠦᠰᠦᠲᠡᠨ ᠤ ᠬᠦᠷᠢᠶᠡᠨ ᠳᠠᠬᠢ ᠠᠯᠢ ᠣᠯᠠᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠣᠭᠲᠠᠭᠠᠨ ᠬᠡᠷᠡᠭᠵᠢᠭᠦᠯᠦᠭᠰᠡᠨ ᠨᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠯᠠᠭᠤᠨ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠳᠤ ᠬᠠᠤᠯᠢᠵᠢᠯ ᠤᠨ ᠰᠠᠭᠤᠷᠢ ᠶᠢ ᠲᠠᠯᠪᠢᠵᠠᠢ᠃            ᠪᠦᠭᠦ ᠣᠷᠣᠨ ᠤ ᠡᠯ᠎ᠡ ᠭᠠᠵᠠᠷ ᠣᠷᠣᠨ ᠤ ᠬᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠢᠶᠠᠩ ᠪᠠᠯᠭᠠᠰᠤᠨ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠰᠤᠮᠤᠨ ᠠᠩᠭᠢ ᠳᠤ ᠣᠷᠣᠭᠤᠯᠬᠤ᠂ ᠰᠦᠯᠵᠢᠶᠡᠨ ᠳᠤ ᠣᠷᠣᠭᠤᠯᠬᠤ ᠵᠡᠷᠭᠡ ᠠᠵᠢᠯᠯᠠᠭ᠎ᠠ ᠶᠢ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠠᠢ᠃ ᠠᠷᠪᠠᠨ ᠵᠢᠯ ᠤᠨ ᠲᠤᠷᠰᠢ᠂ ᠥᠪᠥᠷ ᠮᠣᠩᠭᠤᠯ ᠤᠨ 69 ᠭᠠᠵᠠᠷ ᠣᠷᠣᠨ ᠪᠠ ᠨᠢᠭᠡᠴᠢ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠣᠷᠣᠨ ᠵᠢᠱᠢᠶ᠎ᠡ ᠦᠵᠡᠭᠦᠯᠭᠦ ᠨᠢᠭᠡᠴᠢ ᠪᠠᠷ ᠦᠨᠡᠯᠡᠭᠳᠡᠵᠦ᠂ 58 ᠬᠠᠮᠲᠤ ᠪᠠ 71 ᠬᠥᠮᠥᠨ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠠ ᠵᠢᠱᠢᠶᠡᠴᠢ ᠬᠤᠪᠢ ᠬᠥᠮᠥᠨ ᠢᠶᠠᠷ ᠦᠨᠡᠯᠡᠭᠳᠡᠪᠡ᠃            ᠥᠨᠥᠳᠥᠷ ᠤᠨ ᠦᠨᠳᠦᠰᠦᠲᠡᠨ ᠤ ᠶᠡᠭᠡ ᠪᠦᠯᠬᠦᠮᠳᠡᠯ ᠤᠨ ᠪᠠᠶᠢᠳᠠᠯ ᠭᠢᠯᠪᠠᠷ ᠪᠤᠰᠤ ᠪᠠᠷ ᠢᠷᠡᠭᠰᠡᠨ ᠶᠤᠮ᠂ ᠪᠦᠭᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠰᠡᠳᠬᠢᠯ ᠲᠠᠯᠪᠢᠨ ᠬᠠᠶᠢᠷᠠᠯᠠᠨ ᠬᠠᠮᠠᠭᠠᠯᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢ ᠴᠥᠬᠦᠷᠡᠰᠢ ᠦᠭᠡᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠡᠷᠬᠢᠮ ᠳᠡᠭᠡᠳᠦ ᠢᠷᠠᠭᠤ ᠠᠯᠳᠠᠷ  ᠢ ᠤᠯᠠᠮ ᠳᠠᠭᠤᠷᠢᠰᠤᠭᠤᠯᠪᠠ᠃            ᠲᠡᠮᠡᠴᠡᠯ ᠤᠨ ᠤᠷᠮ᠎ᠠ ᠵᠣᠷᠢᠭ ᠢ ᠬᠥᠭᠵᠢᠭᠡᠵᠦ᠂ ᠬᠦᠴᠢᠷ ᠢ ᠰᠥᠷᠦᠨ ᠤᠷᠤᠭᠰᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠯᠢ ᠤᠯᠠᠨ ᠶᠡᠭᠡ ᠳᠠᠶᠢᠯᠠᠯᠳᠤᠭᠠᠨ ᠶᠡᠭᠡ ᠰᠢᠯᠭᠠᠯᠲᠠ ᠳᠤ ᠰᠢᠭᠤᠳ ᠨᠢᠭᠤᠷᠳᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ ᠤᠷᠤᠭᠰᠢᠯᠠᠪᠠ             ︽ᠺᠠᠳ᠋ᠷ ᠪᠣᠯᠣᠭᠰᠠᠳ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠂ ᠬᠡᠳᠦᠢ ᠶᠡᠭᠡ ᠬᠠᠷᠢᠭᠤᠴᠠᠯᠭ᠎ᠠ ᠡᠭᠦᠷᠭᠡᠯᠡᠪᠡᠯ ᠲᠡᠳᠦᠢ ᠶᠡᠭᠡ ᠦᠢᠯᠡᠰ ᠢ ᠪᠦᠲᠦᠭᠡᠵᠦ ᠴᠢᠳᠠᠨ᠎ᠠ᠂ ᠬᠡᠳᠦᠢ ᠶᠡᠭᠡ ᠬᠠᠷᠢᠭᠤᠴᠠᠯᠭ᠎ᠠ ᠡᠭᠦᠷᠭᠡᠯᠡᠪᠡᠯ ᠲᠡᠳᠦᠢ ᠶᠡᠭᠡ ᠠᠮᠵᠢᠯᠲᠠ ᠣᠯᠵᠤ ᠴᠢᠳᠠᠨ᠎ᠠ︾ ᠭᠡᠰᠡᠨ ᠶᠡᠷᠦᠩᠬᠡᠢ ᠱᠦᠵᠢ ᠰᠢ ᠶᠢᠨ ᠫᠢᠩ ᠤᠨ ᠢᠳᠡ ᠬᠦᠴᠦᠲᠡᠢ ᠦᠭᠡ ᠶᠠᠷᠢᠶ᠎ᠠ ᠎ ᠨᠢ ᠪᠦᠭᠦ ᠣᠷᠣᠨ ᠤ ᠺᠠᠳ᠋ᠷ ᠤᠯᠠᠨ ᠲᠦᠮᠡᠨ ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠰᠤ ᠮᠢᠬᠠᠨ ᠳᠠᠭᠠᠨ ᠰᠢᠩᠭᠡᠭᠡᠵᠦ᠂ ᠰᠦᠭ ᠰᠦᠨᠡᠰᠦ ᠳᠡᠭᠡᠨ ᠠᠭᠤᠰᠬᠠᠵᠤ᠂ ᠤᠮᠠᠷᠠᠲᠤ ᠬᠢᠯᠢ ᠶᠢᠨ ᠠᠷᠠᠳ ᠲᠦᠮᠡᠨ ᠤ ᠣᠮᠤᠭ ᠲᠡᠭᠦᠯᠳᠡᠷ ᠵᠣᠷᠢᠭ ᠰᠠᠨᠠᠭ᠎ᠠ ᠪᠣᠯᠭᠠᠨ ᠨᠢᠭᠲᠠᠷᠠᠭᠤᠯᠬᠤ ᠶᠢ ᠵᠣᠷᠢᠭᠵᠢᠭᠤᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯ ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠠᠭᠤᠤ ᠶᠡᠭᠡ ᠢᠨᠵᠧᠨᠧᠷᠢᠩ ᠮᠥᠨ᠂ ᠤᠶᠤᠨ ᠤᠬᠠᠭᠠᠨ ᠢ ᠰᠢᠯᠭᠠᠬᠤ᠂ ᠡᠷᠴᠢ ᠵᠣᠷᠢᠭ ᠢ ᠬᠠᠲᠠᠭᠤᠵᠢᠭᠤᠯᠬᠤ ᠥᠭᠡᠷᠡᠴᠢᠯᠡᠯᠲᠡ ᠶᠢᠨ ᠶᠠᠪᠤᠴᠠ ᠮᠥᠨ᠂ ᠰᠦᠷ ᠳᠠᠯᠠᠶᠢᠴᠠᠲᠠᠢ᠂ ᠮᠢᠩᠭᠠᠨ ᠣᠨ ᠳᠤ ᠭᠠᠪᠢᠶ᠎ᠠ ᠪᠠᠶᠢᠭᠤᠯᠤᠭᠰᠠᠨ ᠲᠡᠦᠬᠡ ᠶᠢᠨ ᠶᠡᠭᠡ ᠰᠢᠯᠭᠠᠯᠲᠠ ᠮᠥᠨ᠃            ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠳᠠᠭᠠᠭᠤᠯᠤᠨ᠂ ᠡᠷᠴᠢ ᠵᠣᠷᠢᠭ ᠢᠶᠠᠨ ᠬᠥᠪᠴᠢᠯᠡᠵᠦ᠂ ᠭᠠᠪᠰᠢᠭᠠᠶᠢᠯᠠᠨ ᠪᠠᠶᠢᠯᠳᠤᠵᠤ᠂ ᠡᠷᠦᠭᠡ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠨᠢᠨ ᠳᠡᠭᠡᠷ᠎ᠡ ᠨᠢ ᠬᠦᠴᠦᠯᠡᠪᠡ᠃ ᠲᠠᠪᠤᠨ ᠱᠠᠲᠤᠨ ᠤ ᠱᠦᠵᠢ ᠶᠠᠳᠠᠭᠤ ᠶᠢ ᠲᠡᠳᠭᠦᠭᠦ ᠠᠵᠢᠯ ᠢ ᠠᠳᠬᠤᠵᠤ᠂ 8689 ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ 9776 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠤ ᠨᠢᠭᠡᠳᠦᠭᠡᠷ ᠱᠦᠵᠢ᠂ 8.5 ᠲᠦᠮᠡ ᠭᠠᠷᠤᠢ ᠲᠣᠰᠬᠤᠨ ᠳᠤ ᠰᠠᠭᠤᠭ᠎ᠠ ᠺᠠᠳ᠋ᠷ ᠬᠡᠳᠦᠨ ᠵᠢᠯ ᠢ ᠨᠢᠭᠡ ᠯᠡ ᠡᠳᠦᠷ ᠮᠡᠲᠦ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠲᠠᠯᠠᠪᠤᠷ ᠲᠤ ᠥᠩᠭᠡᠷᠡᠭᠦᠯᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠠᠴᠠ ᠳᠣᠣᠷ᠎ᠠ ᠪᠠᠶᠢᠭ᠎ᠠ 157 ᠲᠦᠮᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠦᠭᠦᠨ ᠢ ᠶᠠᠳᠠᠭᠤ ᠠᠴᠠ ᠠᠩᠭᠢᠵᠢᠷᠠᠭᠤᠯᠵᠤ᠂ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠢ ᠪᠦᠭᠦᠨ ᠢ ᠶᠠᠳᠠᠭᠤ ᠠᠴᠠ ᠠᠩᠭᠢᠵᠢᠷᠠᠭᠤᠯᠵᠤ᠂ 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠪᠦᠭᠦᠨ ᠢ ᠶᠠᠳᠠᠭᠤ ᠠᠴᠠ ᠠᠩᠭᠢᠵᠢᠷᠠᠭᠤᠯᠵᠤ᠂ ᠮᠠᠨ ᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠪᠦᠭᠦ ᠲᠠᠯ᠎ᠠ ᠶᠢᠨ ᠢᠯᠠᠯᠲᠠ ᠣᠯᠪᠠ᠃            ᠬᠠᠲᠠᠭᠤ ᠲᠡᠮᠡᠴᠡᠯ ᠡᠷᠡᠰ ᠬᠠᠳᠠᠨ ᠴᠢᠨᠠᠷ ᠢ ᠳᠠᠪᠲᠠᠵᠤ᠂ ᠰᠢᠷᠦᠭᠦᠨ ᠭᠠᠯ ᠰᠢᠵᠢᠷ ᠠᠯᠳᠠ ᠶᠢ ᠲᠤᠩᠭᠠᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠣᠬᠢᠷᠳᠤᠯ ᠢ ᠰᠡᠷᠭᠡᠶᠢᠯᠡᠨ ᠵᠠᠰᠠᠬᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠡᠷᠭᠡ ᠠᠯᠢ ᠤᠯᠠᠨ ᠶᠡᠭᠡ ᠳᠠᠶᠢᠯᠠᠯᠳᠤᠭᠠᠨ ᠶᠡᠭᠡ ᠰᠢᠯᠭᠠᠯᠲᠠ ᠨᠢ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ︽ᠠᠮᠵᠢᠯᠲᠠ ᠭᠠᠪᠢᠶ᠎ᠠ ᠠᠨᠤ ᠭᠠᠭᠴᠠ ᠮᠢᠨᠤ ᠪᠤᠰᠤ᠂ ᠭᠡᠪᠡᠴᠦ ᠠᠮᠵᠢᠯᠲᠠ ᠭᠠᠪᠢᠶ᠎ᠠ ᠪᠦᠭᠦᠨ ᠳᠤ ᠪᠢ ᠵᠢᠳᠬᠦᠯ ᠲᠠᠢ ᠪᠠᠶᠢᠬᠤ︾ ᠭᠤᠶᠠᠴᠢ ᠦᠭᠡᠢ ᠵᠠᠩ ᠰᠤᠷᠲᠠᠯ ᠪᠣᠯᠣᠨ ᠡᠷᠬᠢᠮ ᠳᠡᠭᠡᠳᠦ ᠵᠣᠷᠢᠭ ᠰᠠᠨᠠᠭ᠎ᠠ ᠶᠢ ᠢᠯᠡᠷᠡᠭᠦᠯᠪᠡ᠃             ︽1969 ᠣᠨ ᠳᠤ ᠲᠠ ᠨᠠᠮ᠎ᠠ ᠶᠢ ᠦᠷᠡᠴᠢᠯᠡᠭᠰᠡᠨ ᠰᠢᠤ; 1974 ᠣᠨ ᠳᠤ᠂ ᠮᠢᠨᠤ ᠠᠩᠬᠠᠨ ᠤ ᠪᠠᠭᠰᠢ ᠨᠠᠳᠠ ᠳᠤ ᠡᠬᠡ ᠤᠯᠤᠰ ᠪᠣᠯ ᠮᠢᠨᠤ ᠡᠵᠢ ᠭᠡᠵᠦ ᠵᠢᠭᠠᠵᠤ ᠦᠭᠭᠦᠭᠰᠡᠨ; 2002 ᠣᠨ ᠳᠤ᠂ ᠪᠢ ᠢᠷᠠᠭᠤ ᠠᠯᠳᠠᠷᠲᠠᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ ᠨᠠᠮ ᠤᠨ ᠥᠬᠢᠨ ᠪᠣᠯᠪᠠ᠃ ᠡᠳᠦᠭᠡ ᠡᠬᠡ ᠤᠯᠤᠰ ᠲᠤ ᠬᠦᠴᠢᠷ ᠲᠤᠯᠭᠠᠷᠠᠯ᠎ᠠ᠂ ᠪᠢ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠲᠠᠢ ᠁ ︾ ᠭᠡᠵᠦ 2020 ᠣᠨ ᠤ 1 ᠰᠠᠷ᠎ᠠ ᠳᠤ᠂ ᠰᠢᠯᠢ ᠶᠢᠨ ᠭᠤᠣᠯ ᠠᠶᠢᠮᠠᠭ ᠤᠨ ᠠᠩᠬᠠᠨ ᠤ ᠪᠦᠯᠦᠭ ᠤᠨ ᠬᠤᠪᠧᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠰᠠᠯᠠᠬᠤ ᠡᠮᠴᠢᠯᠡᠭᠡᠨ ᠤ ᠠᠩᠭᠢ ᠶᠢᠨ ᠳᠠᠷᠤᠭ᠎ᠠ ᠯᠢᠦ ᠱᠦ ᠵᠢᠶᠦ᠋ᠨ ᠨᠢᠰᠬᠡᠯ ᠬᠦᠯᠢᠶᠡᠬᠦ ᠲᠢᠩᠬᠢᠮ ᠳᠤ ᠰᠠᠭᠤᠵᠤ᠂ ᠭᠠᠷ ᠤᠲᠠᠰᠤᠨ ᠳᠡᠭᠡᠷ᠎ᠡ ᠪᠠᠨ ᠨᠠᠰᠤ ᠠᠬᠢᠭᠰᠠᠨ ᠡᠵᠢ ᠳᠡᠭᠡᠨ ᠰᠡᠳᠬᠢᠯ ᠬᠥᠳᠡᠯᠭᠡᠮ᠎ᠡ ᠭᠡᠷ ᠤᠨ ᠵᠠᠬᠢᠳᠠᠯ ᠪᠢᠴᠢᠵᠡᠢ᠃            ᠲᠡᠭᠷᠢ ᠠᠴᠠ ᠵᠠᠶᠠᠭᠠᠭᠰᠠᠨ ᠪᠠᠭᠠᠲᠤᠷ ᠭᠡᠵᠦ ᠪᠠᠶᠢᠬᠤ ᠦᠭᠡᠢ᠂ ᠵᠥᠪᠭᠡᠨ ᠴᠡᠭᠡᠵᠢ ᠲᠦᠷᠢᠨ ᠭᠠᠷᠴᠤ ᠢᠷᠡᠭᠰᠡᠨ ᠡᠭᠡᠯ ᠪᠠᠭᠠᠲᠤᠷᠴᠤᠳ ᠪᠠᠶᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢᠭᠡᠨᠲᠡ 3 ᠵᠢᠯ ᠰᠢᠬᠠᠮ ᠦᠷᠭᠦᠯᠵᠢᠯᠡᠵᠦ᠂ ᠲᠦᠭ ᠲᠦᠮᠡᠨ ᠯᠢᠦ ᠱᠦ ᠵᠢᠶᠦ᠋ᠨ ᠰᠢᠭ ᠬᠥᠮᠥᠰ ᠠᠶᠤᠯ ᠲᠦᠭᠰᠢᠭᠦᠷᠢ ᠶᠢᠨ ᠡᠮᠦᠨ᠎ᠡ ᠵᠠᠷᠯᠢᠭ ᠬᠦᠯᠢᠶᠡᠵᠦ᠂ ᠰᠥᠷᠴᠦ ᠤᠷᠤᠭᠰᠢᠯᠠᠨ᠂ ᠶᠠᠭᠤᠨ ᠠᠴᠠ ᠴᠤ ᠠᠶᠤᠬᠤ ᠦᠭᠡᠢ ᠣᠮᠤᠭ ᠵᠣᠷᠢᠭ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠠᠷᠢᠯᠭᠠᠬᠤ ᠳᠠᠶᠢᠯᠠᠯᠳᠤᠭᠠᠨ ᠤ ᠢᠯᠠᠯᠲᠠ ᠶᠢ ᠣᠯᠪᠠ᠃ ᠠᠷᠪᠠᠨ ᠵᠢᠯ ᠤᠨ ᠲᠤᠷᠰᠢ᠂ ᠥᠪᠥᠷ ᠮᠣᠩᠭᠤᠯ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠢᠯᠵᠠᠷᠠᠯ ᠢ ᠵᠠᠯᠬᠠᠭᠠᠨ ᠵᠠᠰᠠᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠢᠯᠠᠯᠲᠠ ᠣᠯᠣᠭᠰᠠᠨ ᠪᠥᠭᠡᠳ ᠪᠦᠭᠦ ᠲᠠᠯ᠎ᠠ ᠪᠠᠷ ᠪᠠᠬᠢᠵᠢᠪᠡ᠃ ᠬᠢᠲᠤᠭᠠᠨ ᠢᠷ ᠢ ᠳᠣᠲᠣᠭᠰᠢ ᠬᠠᠨᠳᠤᠭᠤᠯᠬᠤ᠂ ᠶᠠᠰᠤ ᠶᠢ ᠬᠤᠰᠤᠵᠤ ᠬᠤᠣᠷ ᠢ ᠠᠷᠢᠯᠭᠠᠬᠤ ᠪᠠ ᠨᠠᠮ ᠤᠨ ᠳᠣᠲᠣᠭᠠᠳᠤ ᠶᠢᠨ ᠲᠥᠪᠯᠡᠷᠡᠩᠭᠦᠢ ᠬᠥᠮᠦᠵᠢᠯ ᠤᠨ ᠳᠠᠪᠲᠠᠯᠲᠠ ᠪᠠᠷ ᠲᠠᠮᠵᠢᠨ᠂ ᠪᠦᠭᠦ ᠣᠷᠣᠨ ᠤ ᠤᠯᠤᠰ ᠲᠦᠷᠦ ᠶᠢᠨ ᠠᠮᠢ ᠠᠬᠤᠢ ᠡᠳᠦᠷ ᠢᠷᠡᠬᠦᠶ᠎ᠡ ᠠᠷᠢᠭᠤᠰᠴᠤ᠂ ᠨᠠᠮ ᠤᠨ ᠰᠤᠷᠲᠠᠯ ᠵᠠᠰᠠᠭ ᠤᠨ ᠰᠤᠷᠲᠠᠯ ᠦᠷᠭᠦᠯᠵᠢᠯᠡᠨ ᠰᠠᠶᠢᠵᠢᠷᠠᠵᠤ᠂ ᠨᠠᠮ ᠤᠨ ᠭᠡᠰᠢᠭᠦᠨ ᠺᠠᠳ᠋ᠷ ᠤᠨ ᠤᠶᠤᠨ ᠰᠠᠨᠠᠭᠠᠨ ᠤ ᠳᠦᠷᠰᠦ ᠪᠠᠶᠢᠳᠠᠯ ᠴᠣ᠋ ᠰᠢᠨᠡᠳᠪᠡ᠃            ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠠᠶᠢᠨ ᠺᠠᠳ᠋ᠷ︾ ᠎ ᠢ ᠨᠡᠷᠡᠶᠢᠳᠭᠦ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠵᠤ᠂ ᠡᠯ᠎ᠡ ᠬᠦᠷᠢᠶ᠎ᠡ ᠡᠯ᠎ᠡ ᠹᠷᠣᠨᠲ ᠲᠤ ᠴᠣᠯᠭᠤᠷᠠᠨ ᠭᠠᠷᠤᠭᠰᠠᠨ 100 ᠨᠡᠷᠡᠰ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠵᠠᠷᠯᠠᠨ ᠰᠠᠶᠢᠰᠢᠶᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠢᠯᠡ ᠲᠣᠳᠣ ᠤᠳᠤᠷᠢᠳᠤᠮᠵᠢ ᠶᠢ ᠪᠤᠶ ᠪᠣᠯᠭᠠᠪᠠ᠃            ᠨᠢᠭᠡ ᠦᠶ᠎ᠡ ᠶᠢᠨ ᠬᠥᠮᠥᠰ ᠲᠤ ᠨᠢᠭᠡ ᠦᠶ᠎ᠡ ᠶᠢᠨ ᠬᠥᠮᠥᠰ ᠤᠨ ᠤᠷᠳᠤ ᠵᠠᠮ ᠤᠨ ᠠᠶᠠᠨ ᠲᠠᠶᠢᠨ ᠪᠠᠶᠢᠳᠠᠭ᠃ ᠥᠪᠥᠷ ᠮᠣᠩᠭᠤᠯ ᠤᠨ ᠡᠨᠡ ᠬᠦ ᠬᠠᠯᠠᠭᠤᠨ ᠬᠥᠷᠥᠰᠥᠨ ᠳᠤ ᠶᠡᠷᠦ ᠠᠴᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠢᠯᠢᠳᠡᠭ ᠵᠠᠩ ᠴᠢᠨᠠᠷ ᠲᠤᠲᠠᠭᠳᠠᠵᠤ ᠥᠩᠭᠡᠷᠡᠭᠰᠡᠨ ᠦᠭᠡᠢ᠂ ᠶᠡᠷᠦ ᠠᠴᠠ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠪᠣᠳᠠᠲᠠᠢ ᠠᠵᠢᠯᠯᠠᠬᠤ ᠬᠠᠶᠢᠷ᠎ᠠ ᠰᠡᠳᠬᠢᠯᠭᠡ ᠲᠤᠲᠠᠭᠳᠠᠵᠤ ᠥᠩᠭᠡᠷᠡᠭᠰᠡᠨ ᠦᠭᠡᠢ᠂ ᠶᠡᠷᠦ ᠠᠴᠠ ᠡᠷᠡᠮᠡᠬᠡᠶᠢᠯᠡᠨ ᠲᠡᠮᠡᠴᠡᠭᠰᠡᠨ ᠲᠡᠮᠡᠴᠡᠯ ᠤᠨ ᠦᠯᠢᠭᠡᠷ ᠲᠤᠲᠠᠭᠳᠠᠵᠤ ᠥᠩᠭᠡᠷᠡᠭᠰᠡᠨ ᠦᠭᠡᠢ ᠶᠤᠮ᠃             ︽7 · 1 ·1᠎ ᠶᠢᠨ ᠭᠠᠪᠢᠶᠠᠨ ᠲᠡᠮᠳᠡᠭ︾ ᠭᠦᠷᠲᠡᠭᠴᠢ ᠲᠢᠩ · ᠪᠠᠭᠠᠲᠤᠷ ᠮᠠᠯᠵᠢᠬᠤ ᠣᠷᠣᠨ ᠳᠤ 50 ᠰᠢᠬᠠᠮ ᠵᠢᠯ ᠨᠤᠲᠤᠭᠰᠢᠵᠤ᠂ ᠠᠮᠢ ᠠᠬᠤᠢ ᠶᠢ ᠬᠠᠮᠠᠭᠠᠯᠠᠨ᠂ ᠠᠵᠤ ᠠᠬᠤᠢ ᠶᠢ ᠬᠥᠭᠵᠢᠭᠦᠯᠵᠦ᠂ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠂ ︽ᠮᠠᠯᠴᠢᠳ ᠢ ᠰᠠᠶᠢᠨ ᠰᠠᠶᠢᠬᠠᠨ ᠠᠮᠢᠳᠤᠷᠠᠭᠤᠯᠬᠤ︾᠎ ᠶᠢᠨ ᠲᠥᠯᠥᠭᠡ ᠬᠦᠴᠦᠯᠡᠨ ᠵᠢᠳᠬᠦᠪᠡ᠃             ︽ᠤᠮᠠᠷᠠᠲᠤ ᠬᠢᠯᠢ ᠶᠢᠨ ᠵᠢᠱᠢᠶᠡᠴᠢ︾ ᠵᠢᠶᠠᠩ ᠴᠢᠩ ᠴᠦᠨ ᠤᠯᠠᠨ ᠲᠦᠮᠡᠨ ᠢ ᠳᠣᠲᠣᠨᠣ ᠬᠥᠮᠥᠨ ᠢᠶᠠᠷ ᠦᠵᠡᠵᠦ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠬᠠᠷᠠᠮ ᠦᠭᠡᠢ ᠵᠣᠷᠢᠭᠤᠯᠵᠤ᠂ ᠲᠥᠪ ᠶᠣᠰᠣᠨ ᠤ ᠳᠠᠭᠤᠯᠠᠯ ᠢ ᠪᠢᠴᠢᠭᠯᠡᠪᠡ᠃             ︽ᠶᠠᠪᠤᠬᠤ ᠦᠭᠡᠢ ᠪᠣᠯ ᠬᠦᠷᠬᠦ ᠦᠭᠡᠢ; ᠬᠢᠬᠦ ᠦᠭᠡᠢ ᠪᠣᠯ ᠪᠦᠲᠦᠭᠦ ᠦᠭᠡᠢ︾᠃ ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ︽ᠬᠡᠳᠦᠢ ᠪᠡᠷᠬᠡ ᠬᠠᠲᠠᠭᠤᠵᠢᠯᠲᠠᠢ ᠪᠤᠯᠬᠤ ᠲᠤᠳᠤᠮ ᠲᠡᠳᠦᠢ ᠤᠷᠤᠭᠰᠢᠯᠠᠬᠤ︾ ᠪᠠᠭᠠᠲᠤᠷᠯᠢᠭ ᠰᠥᠰᠥ ᠵᠣᠷᠢᠭ ᠪᠣᠯᠣᠨ ︽ᠨᠡᠷᠡᠨ ᠰᠠᠷᠠᠨ ᠢ ᠵᠢᠭᠠᠨ ᠵᠠᠬᠢᠷᠴᠤ ᠰᠢᠨ᠎ᠡ ᠣᠷᠴᠢᠯᠠᠩ ᠢ ᠰᠣᠯᠢᠬᠤ︾ ᠣᠮᠤᠭ ᠲᠡᠭᠦᠯᠳᠡᠷ ᠲᠡᠮᠡᠴᠡᠯ ᠤᠨ ᠵᠣᠷᠢᠭ ᠲᠠᠢ ᠪᠠᠶᠢᠭᠰᠠᠨ ᠠᠴᠠ ᠪᠢᠳᠡ ᠰᠠᠶ᠋ᠢ ᠵᠦᠢᠯ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠢᠯᠠᠨ ᠳᠠᠪᠠᠵᠤ᠂ ᠬᠥᠮᠥᠨ ᠤ ᠶᠢᠷᠲᠢᠨᠴᠦ ᠶᠢᠨ ᠭᠠᠶᠢᠬᠠᠮᠰᠢᠭ ᠢ ᠡᠭᠦᠳᠦᠭᠰᠡᠨ ᠶᠤᠮ᠃            ᠬᠥᠭᠵᠢᠯ ᠪᠠᠳᠠᠷᠠᠯ ᠲᠠᠢ ᠴᠠᠭ ᠮᠥᠴᠡ ᠳᠤ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠨᠢ ᠨᠠᠩ ᠴᠤ ᠢᠷᠠᠭᠤ ᠠᠯᠳᠠᠷ ᠲᠠᠢ ᠰᠠᠨᠠᠬᠳᠠᠨ᠎ᠠ; ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠂ ᠬᠤᠷᠳᠤᠨ ᠭᠦᠯᠦᠭ ᠲᠡᠭᠡᠨ ᠲᠠᠰᠢᠭᠤᠷ ᠨᠡᠮᠡᠭᠦ ᠴᠢᠬᠤᠯᠠᠲᠠᠢ᠃            ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠴᠢᠳᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠳᠠᠭ ᠲᠠᠯ᠎ᠠ ᠨᠤᠲᠤᠭ ᠤᠨ ᠬᠥᠪᠡᠭᠦᠳ ᠥᠬᠢᠳ ᠵᠣᠷᠢᠭ ᠪᠣᠰᠤᠭ᠎ᠠ ᠣᠮᠤᠭ ᠲᠡᠭᠦᠯᠳᠡᠷ ᠢᠶᠠᠷ ᠲᠣᠮᠣ ᠠᠯᠬᠤᠮ ᠢᠶᠠᠷ ᠤᠷᠤᠭᠰᠢᠯᠠᠵᠤ ᠪᠠᠶᠢᠨ᠎ᠠ︕            ᠪᠦᠯᠬᠦᠮᠳᠡᠨ ᠲᠡᠮᠡᠴᠡᠵᠦ᠂ ᠴᠢᠨᠠᠷ ᠰᠠᠶᠢᠲᠠᠢ ᠬᠥᠭᠵᠢᠵᠦ ᠪᠠᠶᠢᠭ᠎ᠠ ᠥᠪᠥᠷ ᠮᠣᠩᠭᠤᠯ ᠬᠤᠷᠢᠭᠯᠠᠭᠳᠠᠰᠢ ᠦᠭᠡᠢ ᠰᠦᠷ ᠬᠦᠴᠦᠨ ᠢᠶᠠᠷ ᠰᠠᠶᠢᠨ ᠰᠠᠶᠢᠬᠠᠨ ᠢᠷᠡᠭᠡᠳᠦᠢ ᠶᠢ ᠵᠣᠷᠢᠨᠠᠮ︕
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号