ᠠᠪᠤᠷᠭᠤ ᠤᠷᠤᠰᠬᠠᠯ ᠤᠨ ᠡᠮᠦᠨ᠎ᠡ ᠬᠤᠰᠢᠭᠤᠷᠠᠵᠤ ᠠᠳᠠᠪᠠᠰᠢ ᠶᠡᠭᠡ ᠭᠠᠶᠢᠬᠠᠮᠰᠢᠭ ᠢ ᠡᠭᠦᠳᠦᠨ᠎ᠡ
ᠨᠡᠶᠢᠲᠡᠯᠡᠭᠰᠡᠨ ᠴᠠᠭ᠄
2022/10/16
                   ᠰᠠᠢ ᠪᠧᠢ ᠫᠢᠩ                            ᠨᠠᠮ ᠤᠨ ᠬᠤᠷᠢᠳᠤᠭᠠᠷ ᠶᠡᠭᠡ ᠬᠤᠷᠠᠯ ᠢᠯᠠᠯᠲᠠ ᠲᠠᠢ ᠬᠤᠷᠠᠯᠳᠤᠭᠰᠠᠨ ᠲᠠᠰᠢᠷᠠᠮ ᠳᠤ                               ︵ᠨᠢᠭᠡ︶ ᠨᠠᠯᠠᠭᠠᠷ ᠨᠠᠮᠤᠷ ᠤᠨ ᠤᠯᠠᠭᠠᠨ ᠨᠠᠪᠴᠢᠰ ᠨᠡᠶᠢᠰᠯᠡᠯ ᠬᠤᠲᠠ ᠶᠢ ᠴᠢᠮᠡᠭᠯᠡᠵᠦ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠬᠤᠪᠢᠯᠭᠠᠨ ᠣᠷᠣᠨ ᠳᠤ ᠪᠢᠯᠬᠠᠨ᠎ᠠ᠃ ᠥᠨᠥᠳᠥᠷ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠦᠪᠡᠳᠡᠭᠰᠢ ᠶᠡᠭᠡ ᠪᠠᠷ ᠬᠤᠷᠠᠯᠳᠤᠪᠠ᠃            ᠡᠬᠡ ᠤᠯᠤᠰ ᠤᠨ ᠤᠮᠠᠷᠠᠲᠤ ᠬᠢᠯᠢ ᠶᠢᠨ ᠭᠠᠵᠠᠷ ᠪᠦᠭᠦᠨ ᠳᠤ ᠤᠯᠠᠭᠠᠨ ᠲᠤᠭ ᠰᠠᠯᠬᠢᠨ  ᠤ ᠠᠶ᠎ᠠ ᠪᠠᠷ ᠨᠠᠮᠢᠷᠠᠨ᠎ᠠ; ᠥᠪᠥᠷ ᠮᠣᠩᠭᠤᠯ ᠤᠨ ᠡᠯ᠎ᠡ ᠭᠠᠵᠠᠷ ᠲᠤ᠂ ᠭᠠᠵᠠᠷ ᠪᠣᠯᠭᠠᠨ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠪᠦᠭᠦ ᠣᠷᠣᠨ ᠤ ᠦᠨᠳᠦᠰᠦᠲᠡᠨ ᠨᠦᠭᠦᠳ ᠤᠨ ᠬᠥᠪᠡᠭᠦᠳ ᠥᠬᠢᠳ ᠪᠠᠶᠠᠷᠯᠠᠯᠳᠤᠨ ᠵᠣᠷᠢᠭᠵᠢᠨ᠂ ᠰᠡᠳᠬᠢᠯ ᠳᠣᠭᠳᠣᠯᠵᠤ᠂ ᠬᠡᠬᠦᠳᠡᠭ ᠳᠦᠭᠦᠷᠡᠩ ᠬᠦᠰᠡᠯ ᠡᠷᠡᠮᠡᠯᠵᠡᠯ ᠢᠶᠠᠷ ᠦᠪᠡᠳᠡᠭᠰᠢ ᠶᠡᠭᠡ ᠬᠤᠷᠠᠯ ᠢᠶᠠᠨ ᠤᠭᠲᠤᠪᠠ᠃            ᠭᠦᠰᠡᠭᠦ ᠦᠭᠡᠢ ᠪᠠᠶᠢᠵᠤ ᠶᠠᠭᠠᠬᠢᠵᠤ ᠴᠢᠳᠠᠬᠤ ᠪᠤᠶ︖ᠨᠠᠮ ᠤᠨ ᠬᠤᠷᠢᠳᠤᠭᠠᠷ ᠶᠡᠭᠡ ᠬᠤᠷᠠᠯ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠦᠶ᠎ᠡ ᠳᠤ ᠬᠤᠷᠠᠯᠳᠤᠬᠤ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠶᠡᠭᠡ ᠬᠤᠷᠠᠯ ᠪᠣᠯᠣᠨ᠎ᠠ᠂ ᠨᠠᠮ ᠠᠴᠠ ᠰᠢᠨ᠎ᠡ ᠠᠶᠠᠨ ᠳᠠᠭᠠᠨ ᠶᠠᠮᠠᠷ ᠲᠤᠭ ᠢ ᠮᠠᠨᠳᠤᠭᠤᠯᠵᠤ᠂ ᠶᠠᠮᠠᠷ ᠵᠠᠮ ᠢᠶᠠᠷ ᠵᠠᠮᠨᠠᠵᠤ᠂ ᠶᠠᠮᠠᠷ ᠶᠠᠩᠵᠤ ᠶᠢᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ᠂ ᠶᠠᠮᠠᠷ ᠶᠠᠩᠵᠤ ᠶᠢᠨ ᠬᠠᠷᠠᠯᠲᠠ ᠲᠡᠶᠢᠰᠢ ᠦᠷᠭᠦᠯᠵᠢᠯᠡᠨ ᠤᠷᠤᠭᠰᠢᠯᠠᠬᠤ ᠶᠢ ᠲᠣᠳᠣᠷᠬᠠᠢ ᠲᠤᠩᠬᠠᠭᠯᠠᠬᠤ ᠪᠣᠯᠣᠨ᠎ᠠ᠃            ᠵᠠᠩᠭᠢᠯᠠᠭ᠎ᠠ ᠶᠢᠨ ᠴᠡᠭ ᠲᠤ ᠵᠣᠭᠰᠣᠵᠤ ᠥᠩᠭᠡᠷᠡᠭᠰᠡᠨ ᠤ ᠲᠡᠮᠡᠴᠡᠯ ᠢᠶᠠᠨ ᠡᠷᠭᠢᠴᠡᠭᠦᠯᠬᠦᠶ᠎ᠡ᠂ ᠰᠦᠷ ᠳᠠᠯᠠᠶᠢᠴᠠᠲᠠᠢ ᠠᠶᠠᠯᠠᠯ ᠨᠢ ᠬᠥᠮᠥᠰ ᠤᠨ ᠰᠡᠳᠬᠢᠯ ᠢ ᠳᠣᠭᠳᠣᠯᠤᠭᠤᠯᠤᠨ᠎ᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠦᠭ ᠲᠦᠮᠡᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠷᠡᠯᠬᠡᠭᠯᠡᠨ ᠲᠡᠮᠡᠴᠡᠵᠦ᠂ ᠵᠣᠷᠢᠭᠲᠠᠢ ᠤᠷᠤᠭᠰᠢᠯᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠭᠢᠭᠤᠯᠪᠠ; ᠠᠷᠪᠠᠨ ᠵᠢᠯ ᠬᠦᠰᠡᠯ ᠵᠦᠭ ᠢᠶᠠᠨ ᠲᠡᠮᠡᠦᠯᠵᠦ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠦᠰᠡᠯ ᠨᠠᠶᠢᠳᠠᠯᠭ᠎ᠠ ᠶᠢ ᠨᠢ ᠪᠠᠲᠤ ᠴᠡᠭᠡᠵᠢᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠡᠷᠡᠮᠡᠬᠡᠶᠢᠯᠡᠨ ᠤᠷᠤᠭᠰᠢᠯᠠᠬᠤ ᠳᠤᠮᠳᠠ ᠰᠦᠷᠯᠢᠭ ᠦᠵᠡᠮᠵᠢᠲᠦ ᠵᠢᠷᠤᠭ ᠢ ᠵᠢᠷᠤᠭᠯᠠᠵᠤ᠂ ᠠᠴᠢ ᠡᠨᠡᠷᠢᠯ ᠳᠤ ᠲᠠᠯᠠᠷᠬᠠᠵᠤ ᠡᠷᠡᠮᠡᠬᠡᠶᠢᠯᠡᠨ ᠤᠷᠤᠭᠰᠢᠯᠠᠬᠤ ᠳᠤᠮᠳᠠ ᠬᠢᠵᠠᠭᠠᠯᠠᠰᠢ ᠦᠭᠡᠢ ᠭᠠᠶᠢᠬᠠᠮᠰᠢᠭᠲᠤ ᠬᠠᠭᠤᠳᠠᠰᠤ ᠶᠢ ᠪᠢᠴᠢᠭᠯᠡᠭᠰᠡᠨ ᠢ ᠠᠷᠪᠠᠨ ᠣᠨ ᠤ ᠬᠠᠪᠤᠷ ᠨᠠᠮᠤᠷ ᠭᠡᠷᠡᠴᠢᠯᠡᠪᠡ᠃            ᠥᠷᠭᠡᠨ ᠠᠭᠤᠳᠠᠮ ᠲᠡᠭᠷᠢ ᠭᠠᠵᠠᠷ ᠤᠨ ᠳᠤᠮᠳᠠ ᠠᠳᠡᠬᠢ ᠦᠵᠡᠮᠵᠢ ᠡᠲᠡᠭᠡᠳ ᠭᠤᠶᠤᠬᠠᠨ; ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠢᠯᠠᠯᠲᠠ ᠶᠢᠨ ᠡᠷᠴᠢᠨ ᠳᠡᠭᠡᠷ᠎ᠡ ᠭᠠᠶᠢᠬᠠᠮᠰᠢᠭᠲᠤ ᠲᠤᠤᠯᠢᠰ ᠢ ᠪᠢᠴᠢᠭᠯᠡᠨ᠎ᠡ᠃             ︵ᠬᠤᠶᠠᠷ︶ ᠠᠪᠤᠷᠭᠤ ᠮᠣᠳᠣ ᠲᠡᠭᠷᠢ ᠪᠠᠭᠠᠨᠠᠳᠠᠮ᠎ᠠ ᠥᠨᠳᠥᠷ ᠤᠷᠭᠤᠳᠠᠭ ᠨᠢ ᠦᠨᠳᠦᠰᠦ ᠭᠦᠨ ᠳᠡᠭᠡᠨ ᠪᠠᠶᠢᠵᠤ᠂ ᠭᠤᠣᠯ ᠮᠥᠷᠡᠨ ᠲᠦᠮᠡᠨ ᠭᠠᠵᠠᠷ ᠬᠤᠯᠠ ᠤᠷᠤᠰᠳᠠᠭ ᠨᠢ ᠡᠬᠢ ᠰᠤᠷᠪᠤᠯᠵᠢ ᠲᠠᠢ ᠳᠠᠭᠠᠨ ᠪᠠᠶᠢᠳᠠᠭ᠃            ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ 118.3 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠤᠮᠠᠷᠠᠲᠤ ᠬᠢᠯᠢ ᠶᠢᠨ ᠡᠬᠡ ᠭᠠᠵᠠᠷ ᠬᠡᠷᠬᠢᠨ ᠠᠮᠢᠳᠤᠯᠢᠭ ᠦᠢᠯᠡᠳᠦᠯᠭᠡ ᠪᠠᠨ ᠳᠡᠯᠭᠡᠨ ᠦᠵᠡᠭᠦᠯᠵᠦ ᠴᠢᠳᠠᠭᠰᠠᠨ ᠪᠤᠶ︖ 2400 ᠭᠠᠷᠤᠢ ᠲᠦᠮᠡᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠬᠡᠷᠬᠢᠨ ᠲᠠᠰᠤᠷᠠᠯᠲᠠ ᠦᠭᠡᠢ ᠡᠭᠦᠳᠦᠨ ᠪᠦᠲᠦᠭᠡᠵᠦ᠂ ᠴᠥᠬᠦᠷᠡᠰᠢ ᠦᠭᠡᠢ ᠲᠡᠮᠡᠴᠡᠵᠦ ᠴᠢᠳᠠᠭᠰᠠᠨ ᠪᠤᠶ︖            ᠬᠠᠷᠢᠭᠤᠯᠲᠠ ᠨᠢ ᠬᠥᠮᠥᠰ ᠤᠨ ᠰᠡᠳᠬᠢᠯ ᠢ ᠳᠣᠭᠳᠣᠯᠤᠭᠤᠯᠤᠮ᠎ᠠ ᠲᠡᠳᠡᠭᠡᠷ ᠮᠠᠷᠲᠠᠭᠳᠠᠰᠢ ᠦᠭᠡᠢ ᠴᠠᠭ ᠮᠥᠴᠡ ᠳᠤ ᠨᠢᠭᠤᠭᠳᠠᠵᠤ ᠪᠠᠶᠢᠳᠠᠬ; ᠦᠨᠡᠨ ᠶᠣᠰᠣ ᠨᠢ ᠴᠢᠬᠢᠨ ᠳᠤ ᠬᠠᠳᠠᠩᠰᠢᠭᠰᠠᠨ ᠲᠡᠳᠡᠭᠡᠷ ᠡᠷᠬᠢᠮ ᠨᠠᠨᠳᠢᠨ ᠬᠦᠰᠡᠯ ᠨᠠᠶᠢᠳᠠᠯᠭ᠎ᠠ ᠳᠤ ᠠᠭᠤᠯᠤᠭᠳᠠᠵᠤ ᠪᠠᠶᠢᠳᠠᠭ᠃            ᠲᠡᠭ ᠠᠴᠠ ᠳᠣᠷᠣᠭᠰᠢ 30 ᠭᠠᠷᠤᠢ ᠭᠷᠡᠳᠦ᠋ᠰ ᠤᠨ ᠬᠠᠬᠢᠷ ᠬᠦᠢᠲᠡᠨ ᠢ ᠰᠥᠷᠴᠦ᠂ ᠶᠡᠷᠦᠩᠬᠡᠢ ᠱᠦᠵᠢ ᠰᠢ ᠎ ᠶᠢᠨ ᠫᠢᠩ ᠬᠢᠯᠢ ᠬᠢᠵᠠᠭᠠᠷ ᠲᠤ ᠪᠠᠶᠢᠷᠢᠯᠠᠭ᠎ᠠ ᠬᠢᠩᠭᠠᠨ ᠠᠶᠢᠮᠠᠭ ᠤᠨ ᠷᠠᠰᠢᠶᠠᠨ ᠬᠤᠳᠠ ᠳᠤ ᠬᠦᠷᠴᠦ᠂ ᠶᠠᠳᠠᠭᠤ ᠬᠦᠴᠢᠷᠳᠡᠯᠲᠡᠢ ᠠᠵᠢᠯᠲᠠᠨ ᠠᠵᠢᠯᠴᠢᠨ ᠤ ᠭᠡᠷ ᠲᠤ ᠣᠷᠣᠵᠤ᠂ ᠵᠣᠭᠤᠷᠢ ᠶᠢ ᠨᠢ ᠪᠠᠶᠢᠴᠠᠭᠠᠨ ᠦᠵᠡᠵᠦ᠂ ᠫᠢᠰᠢᠩ ᠢ ᠎ ᠨᠢ ᠲᠡᠮᠲᠡᠷᠢᠵᠦ᠂ ᠬᠠᠨᠵᠤᠨ ᠳᠡᠭᠡᠷ᠎ᠡ ᠨᠢ ᠰᠠᠭᠤᠵᠤ᠂ ︽ᠨᠢᠭᠡ ᠡᠷᠦᠭᠡ ᠴᠢᠨᠠᠭᠰᠢᠯᠠᠪᠠᠯ ᠨᠢᠭᠡ ᠬᠥᠮᠥᠨ ᠦᠨᠳᠦᠰᠦᠨ ᠠᠮᠢᠳᠤᠷᠠᠯ ᠤᠨ ᠠᠰᠠᠭᠤᠳᠠᠯ ᠢᠶᠠᠨ ᠰᠢᠢᠳᠪᠦᠷᠢᠯᠡᠭᠡᠳᠦᠢ ᠯᠡ ᠶᠤᠮ ᠪᠣᠯ᠂ ᠪᠢᠳᠡ ᠰᠠᠨᠠᠭ᠎ᠠ ᠠᠮᠤᠷ ᠰᠠᠭᠤᠵᠤ ᠪᠤᠯᠬᠤ ᠦᠭᠡᠢ; ᠤᠯᠠᠨ ᠲᠦᠮᠡᠨ ᠤ ᠵᠢᠷᠭᠠᠯᠲᠤ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠨᠢ ᠪᠣᠳᠠᠲᠤ ᠠᠬᠤᠢ ᠪᠣᠯᠵᠤ ᠪᠡᠶᠡᠯᠡᠭᠳᠡᠭᠡᠳᠦᠢ ᠯᠡ ᠶᠤᠮ ᠪᠣᠯ᠂ ᠪᠢᠳᠠ ᠥᠴᠥᠬᠡᠨ ᠴᠦ ᠴᠠᠯᠠᠭᠠᠶᠢᠷᠠᠬᠤ ᠦᠭᠡᠢ ᠪᠠᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠠᠮᠲᠤ ᠪᠠᠷ ᠲᠡᠮᠡᠴᠡᠬᠦ ᠬᠡᠷᠡᠭᠲᠡᠢ︾ ᠭᠡᠰᠡᠨ ᠦᠭᠡ ᠨᠢ ᠰᠠᠨᠠᠭᠳᠠᠭᠠᠳ ᠪᠠᠶᠢᠨ᠎ᠠ᠃            ᠵᠣᠨ ᠤ ᠠᠭᠠᠭᠢᠮ᠎ᠠ ᠬᠠᠯᠠᠭᠤᠨ ᠳᠤ ᠲᠥᠭᠡᠨᠡᠮ᠎ᠡ ᠨᠠᠷᠠᠨ ᠤ ᠳᠣᠣᠷ᠎ᠠ᠂ ᠶᠡᠷᠦᠩᠬᠡᠢ ᠱᠦᠵᠢ ᠰᠢ ᠶᠢᠨ ᠫᠢᠩ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠡᠮᠡᠭᠡᠯ ᠠᠭᠤᠯᠠ ᠣᠶ ᠰᠢᠭᠤᠢ ᠶᠢᠨ ᠲᠠᠯᠠᠪᠠᠶ ᠳᠤ ᠬᠦᠷᠴᠦ᠂ ᠣᠶ ᠮᠣᠳᠣᠨ ᠤ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠶᠠᠭ ᠬᠥᠳᠡᠯᠮᠦᠷᠢᠯᠡᠵᠦ ᠪᠠᠶᠢᠭᠰᠠᠨ ᠣᠶ ᠬᠠᠮᠠᠭᠠᠯᠠᠭᠴᠢᠳ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠲᠡᠳᠡᠨ ᠤ ᠠᠵᠢᠯ᠂ ᠠᠮᠢᠳᠤᠷᠠᠯ᠂ ᠭᠡᠷ ᠪᠦᠯᠢ ᠶᠢᠨ ᠪᠠᠶᠢᠳᠠᠯ ᠢ ᠣᠶᠢᠯᠠᠭᠠᠵᠤ᠂ ︽ᠡᠬᠡ ᠤᠯᠤᠰ ᠤᠨ ᠤᠮᠠᠷᠠᠲᠤ ᠣᠷᠣᠨ ᠪᠠ ᠨᠡᠶᠢᠰᠯᠡᠯ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠪᠣᠯ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠡᠭᠦᠷᠭᠡ ᠮᠥᠨ᠂ ᠪᠢᠳᠡᠨ ᠤ ᠦᠶ᠎ᠡ ᠶᠢᠨ ᠦᠶ᠎ᠡ ᠳᠡᠭᠡᠨ ᠬᠢᠬᠦ ᠠᠵᠢᠯ ᠮᠥᠨ︾ ᠭᠡᠵᠦ ᠴᠢᠩ ᠰᠡᠳᠬᠢᠯ ᠠᠴᠠ ᠪᠠᠨ ᠵᠠᠭᠢᠪᠠ;             ︽︿ᠬᠤᠨᠢ ᠢᠮᠠᠭ᠎ᠠ᠂ ᠨᠡᠭᠦᠷᠡᠰᠦ᠂ ᠬᠤᠪᠣᠷ ᠰᠢᠷᠣᠢ᠂ ᠰᠢᠲᠠᠮᠠᠬᠠᠢ ᠬᠡᠢ﹀᠎ ᠳᠤ ᠯᠡ ᠲᠦᠰᠢᠭᠯᠡᠭᠡᠳ ᠪᠤᠯᠬᠤ ᠦᠭᠡᠢ᠂ ᠰᠢᠨ᠎ᠡ ᠠᠵᠤ ᠦᠢᠯᠡᠰ᠂ ᠰᠢᠨ᠎ᠡ ᠬᠥᠳᠡᠯᠭᠡᠭᠦ ᠡᠨᠧᠷᠭᠢ᠂ ᠰᠢᠨ᠎ᠡ ᠨᠡᠮᠡᠭᠳᠡᠯ ᠤᠨ ᠲᠤᠶᠢᠯ ᠢ ᠶᠡᠭᠡ ᠪᠠᠷ ᠪᠣᠶᠢᠵᠢᠭᠤᠯᠬᠤ ᠬᠡᠷᠡᠭᠲᠡᠢ︾᠂ ︽ᠵᠠᠷᠢᠮ ᠢ ᠨᠢ ᠬᠢᠵᠦ ᠵᠠᠷᠢᠮ ᠢ ᠨᠢ ᠬᠢᠬᠦ ᠦᠭᠡᠢ ᠪᠠᠶᠢᠬᠤ ᠶᠢ ᠠᠩᠬᠠᠷᠬᠤ ᠬᠡᠷᠡᠭᠲᠡᠢ︾ ᠂ ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠬᠠᠶᠢᠨ ᠰᠦᠪᠡᠭᠴᠢᠯᠡᠬᠦ ᠬᠡᠷᠡᠭᠲᠡᠢ︾ ᠁ ᠰᠠᠨᠠᠯ ᠢᠶᠠᠨ ᠭᠦᠨᠵᠡᠭᠡᠢ ᠰᠣᠯᠢᠯᠴᠠᠵᠤ᠂ ᠦᠨᠡᠨ ᠰᠡᠳᠬᠢᠯ ᠠᠴᠠ ᠪᠠᠨ ᠶᠠᠷᠢᠯᠴᠠᠵᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠣᠯᠴᠠᠵᠤ᠂ ᠴᠠᠭ ᠢ ᠠᠵᠢᠨ ᠪᠠᠶᠢᠳᠠᠯ ᠢ ᠰᠢᠨᠵᠢᠵᠦ ᠥᠪᠥᠷ ᠮᠣᠩᠭᠤᠯ ᠤᠨ ᠬᠥᠭᠵᠢᠯᠲᠡ ᠳᠤ ᠴᠢᠭᠯᠡᠯ ᠢ ᠵᠢᠭᠠᠵᠤ᠂ ᠠᠷᠭ᠎ᠠ ᠵᠠᠮ ᠢ ᠲᠣᠳᠣᠷᠬᠠᠢ ᠲᠣᠭᠲᠠᠭᠠᠵᠤ ᠦᠭᠪᠡ;            ᠁            ᠡᠨᠡ ᠪᠣᠯ ᠬᠥᠮᠥᠨ ᠤ ᠰᠡᠳᠬᠢᠯ ᠢ ᠳᠤᠯᠠᠭᠠᠴᠠᠭᠤᠯᠤᠭᠰᠠᠨ ᠳᠣᠲᠣᠨᠣ ᠬᠠᠯᠠᠮᠵᠢᠯᠠᠯ ᠮᠥᠨ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠢᠮᠠᠭᠲᠠ ᠭᠦᠨ ᠰᠠᠨᠠᠭᠠᠯᠵᠠᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠤᠷᠢᠳ ᠬᠤᠵᠢᠳ ᠬᠤᠶᠠᠷ ᠤᠳᠠᠭ᠎ᠠ ᠥᠪᠥᠷ ᠮᠣᠩᠭᠤᠯ ᠳᠤ ᠢᠷᠡᠵᠥ ᠰᠢᠨᠵᠢᠯᠡᠨ ᠪᠠᠶᠢᠴᠠᠭᠠᠵᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠠᠷᠠᠳ ᠲᠦᠮᠡᠨ ᠤ ᠰᠡᠳᠬᠢᠯ ᠤᠨ ᠲᠠᠭᠤᠨ ᠢ ᠰᠣᠨᠣᠰᠴᠤ᠂ ᠭᠦᠨ ᠪᠤᠳᠤᠵᠥ ᠬᠤᠯᠠ ᠶᠢ ᠰᠡᠳᠬᠢᠵᠦ ᠬᠥᠭᠵᠢᠯᠲᠡ ᠶᠢᠨ ᠵᠢᠷᠤᠭ ᠲᠥᠰᠥᠪ ᠢ ᠵᠢᠷᠤᠭᠯᠠᠨ ᠥᠭᠴᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠳᠤ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠭᠦᠨ ᠰᠡᠳᠬᠢᠯ ᠠᠴᠠ ᠪᠠᠨ ᠨᠠᠶᠢᠳᠠᠪᠠ᠃            ᠡᠨᠡ ᠪᠣᠯ ᠥᠨᠳᠥᠷ ᠲᠤ ᠵᠣᠭᠰᠣᠨ ᠠᠯᠤᠰ ᠢ ᠪᠡᠷᠡᠯᠠᠵᠤ᠂ ᠵᠠᠮ ᠢ ᠵᠢᠭᠠᠵᠤ ᠠᠶᠠᠯᠠᠯ ᠢ ᠵᠢᠯᠣᠭᠤᠳᠤᠭᠰᠠᠨ ᠶᠠᠪᠤᠳᠠᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ 5 ᠵᠢᠯ ᠳᠠᠷᠠᠭᠠᠯᠠᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠣᠯᠴᠠᠵᠤ᠂ ᠪᠢᠳᠡᠨ ᠳᠤ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠢ ᠬᠠᠶᠢᠨ ᠰᠦᠪᠡᠭᠴᠢᠯᠡᠵᠦ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠠᠬᠢᠪᠠ᠃            ᠡᠨᠡ ᠪᠣᠯ ᠢᠷᠡᠭᠡᠳᠦᠢ ᠶᠢ ᠨᠡᠭᠡᠭᠡᠬᠦ ᠬᠥᠭᠵᠢᠯᠲᠡ ᠶᠢᠨ ᠲᠥᠯᠦᠪᠵᠢᠭᠦᠯᠭᠡ ᠮᠥᠨ᠃ ᠶᠡᠷᠦᠩᠬᠡᠢ ᠱᠦᠵᠢ ᠰᠢ ᠎ ᠶᠢᠨ ᠫᠢᠩ 7 ᠤᠳᠠᠭ᠎ᠠ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠲᠠᠯᠪᠢᠵᠤ᠂ 24 ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠪᠦᠭᠦ ᠲᠠᠯ᠎ᠠ ᠶᠢᠨ ᠳᠤᠮᠳᠠ ᠲᠥᠯᠥᠪᠵᠢᠭᠦᠯᠵᠦ᠂ ᠶᠡᠭᠡ ᠲᠠᠯ᠎ᠠ ᠶᠢᠨ ᠳᠤᠮᠳᠠ ᠠᠬᠢᠭᠤᠯᠵᠤ᠂ ︽ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ︾᠎ ᠤ ᠡᠯ᠎ᠡ ᠲᠠᠯ᠎ᠠ ᠶᠢᠨ ᠬᠥᠭᠵᠢᠯᠲᠡ ᠳᠤ ᠲᠠᠯᠪᠢᠭᠰᠠᠨ ᠨᠠᠨᠳᠢᠨ ᠬᠦᠰᠡᠯ ᠨᠠᠶᠢᠳᠠᠯᠭ᠎ᠠ ᠨᠢ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠬᠥᠭᠵᠢᠯᠲᠡ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠭᠡ ᠬᠥᠳᠡᠯᠭᠡᠭᠦ ᠬᠦᠴᠦᠨ ᠨᠡᠮᠡᠷᠢᠯᠡᠪᠡ᠃            ᠲᠠᠯ᠎ᠠ ᠨᠤᠲᠤᠭ ᠲᠤ ᠳᠣᠬᠢᠭᠤᠷ ᠲᠤᠯᠤᠭᠠᠨ ᠣᠲᠣ ᠶᠢ ᠲᠠᠭᠠᠪᠠᠯ ᠴᠢᠭᠯᠡᠯ ᠢᠶᠠᠨ ᠠᠯᠳᠠᠬᠤ ᠦᠭᠡᠢ ᠭᠡᠳᠡᠭ ᠵᠦᠢᠷ ᠦᠭᠡ ᠪᠠᠶᠢᠳᠠᠭ᠃ ᠤᠮᠠᠷᠠᠲᠤ ᠬᠢᠯᠢ ᠶᠢᠨ ᠡᠬᠡ ᠭᠠᠵᠠᠷ ᠲᠤ ᠦᠵᠡᠰᠬᠦᠯᠡᠩᠲᠦ ᠰᠠᠶᠢᠬᠠᠨ ᠬᠤᠪᠢᠷᠠᠯᠲᠠ ᠭᠠᠷᠴᠤ ᠂ ᠡᠯ᠎ᠡ ᠵᠦᠢᠯ ᠤᠨ ᠠᠵᠢᠯ ᠦᠢᠯᠡᠰ ᠲᠦᠷᠭᠡᠨ ᠬᠥᠭᠵᠢᠵᠦ ᠴᠢᠳᠠᠭᠰᠠᠨ ᠤ ᠬᠠᠮᠤᠭ ᠤᠨ ᠦᠨᠳᠦᠰᠦᠨ ᠵᠦᠢᠯ ᠨᠢ ᠰᠢ ᠎ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠠᠶᠢᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠠᠶᠢᠨ᠎ᠠ᠂ ᠶᠡᠷᠦᠩᠬᠡᠢ ᠱᠦᠵᠢ ᠰᠢ ᠎ ᠶᠢᠨ ᠫᠢᠩ ᠪᠡᠶ᠎ᠡ ᠪᠠᠷ ᠢᠶᠠᠨ ᠥᠪᠥᠷ ᠮᠣᠩᠭᠤᠯ ᠤᠨ ᠰᠤᠳᠠᠰᠤ ᠶᠢ ᠪᠠᠷᠢᠵᠤ ᠴᠢᠭᠯᠡᠯ ᠢ ᠲᠣᠭᠲᠠᠭᠠᠵᠤ᠂ ᠵᠠᠮ ᠵᠢᠭᠠᠵᠤ ᠠᠶᠠᠯᠠᠯ ᠢ ᠵᠢᠯᠣᠭᠤᠳᠤᠭᠰᠠᠨ ᠳᠤ ᠪᠠᠶᠢᠨ᠎ᠠ ᠭᠡᠳᠡᠭ ᠢ ᠦᠢᠯᠡᠳᠦᠯᠭᠡ ᠲᠠᠭᠢᠨ ᠳᠠᠪᠲᠠᠨ ᠭᠡᠷᠡᠴᠢᠯᠡᠭᠰᠡᠨ ᠪᠠᠶᠢᠨ᠎ᠠ᠃             ︵ᠭᠤᠷᠪᠠ︶ ᠬᠦᠨᠳᠦ ᠶᠡᠭᠡ ᠬᠦᠰᠡᠯ ᠨᠠᠶᠢᠳᠠᠯᠭ᠎ᠠ ᠠᠭᠤᠯᠠ ᠮᠡᠲᠦ ᠬᠦᠨᠳᠦ ᠪᠠᠶᠢᠵᠤ᠂ ᠡᠷᠡᠯᠬᠡᠭᠯᠡᠨ ᠤᠷᠤᠭᠰᠢᠯᠠᠬᠤ ᠯᠠ ᠬᠡᠷᠡᠭᠲᠡᠢ᠃ ᠢᠳᠡᠷᠡᠭᠦᠨ ᠵᠢᠪᠬᠤᠭ᠎ᠠ ᠪᠠᠷ ᠴᠢᠩ ᠦᠨᠡᠨᠴᠢ ᠬᠦᠰᠡᠯ ᠨᠠᠶᠢᠳᠠᠯᠭ᠎ᠠ ᠶᠢ ᠦᠯᠦ ᠬᠥᠰᠡᠷᠳᠡᠭᠦᠯᠦᠨ᠎ᠡ᠃            ᠵᠠᠮ ᠳᠠᠭᠠᠵᠤ ᠤᠷᠤᠭᠰᠢᠯᠠᠪᠠᠯ ᠰᠠᠶ᠋ᠢ ᠬᠤᠯᠠ ᠠᠶᠠᠯᠠᠵᠤ ᠴᠢᠳᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾᠎ ᠶᠢ ᠲᠦᠷᠭᠡᠳᠬᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠠᠭᠤᠤ ᠶᠡᠭᠡ ᠦᠢᠯᠡᠳᠦᠯᠭᠡ ᠳᠤᠮᠳᠠ ᠯᠠᠪᠳᠠᠭᠤᠨ ᠪᠠᠲᠤᠲᠠᠢ ᠠᠯᠬᠤᠮ ᠢ ᠠᠯᠬᠤᠪᠠ᠃            ᠬᠥᠬᠡᠮᠳᠦᠭ ᠨᠣᠭᠤᠭᠠᠨ ᠠᠭᠤᠯᠠ ᠤᠰᠤ ᠪᠠᠲᠤ ᠭᠡᠷᠡᠴᠢᠯᠡᠨ᠎ᠡ᠃ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠶᠢ ᠲᠠᠰᠤᠷᠠᠯᠲᠠ ᠦᠭᠡᠢ ᠡᠷᠡᠮᠡᠬᠡᠶᠢᠯᠡᠨ ᠲᠡᠮᠡᠴᠡᠬᠦ᠂ ᠴᠥᠬᠦᠷᠡᠰᠢ ᠦᠭᠡᠢ ᠤᠷᠤᠭᠰᠢᠯᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠰᠢᠨ᠎ᠡ ᠳᠡᠭᠲᠡᠷ ᠲᠤ ᠠᠯᠬᠤᠨ ᠭᠠᠷᠴᠤ᠂ ᠰᠢᠯᠢᠳᠡᠭ ᠠᠮᠵᠢᠯᠲᠠ ᠪᠦᠬᠦᠢ ᠤᠯᠠᠨ ᠰᠢᠨ᠎ᠡ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃            ᠠᠷᠪᠠᠨ ᠵᠢᠯ᠂ 3000 ᠭᠠᠷᠤᠢ ᠡᠳᠦᠷ᠂ ᠴᠠᠭ ᠮᠥᠴᠡ ᠰᠦᠷ ᠳᠠᠯᠠᠶᠢᠴᠠᠲᠠᠢ ᠤᠷᠤᠭᠰᠢᠯᠠᠯᠲᠠ ᠶᠢ ᠭᠡᠷᠡᠴᠢᠯᠡᠵᠦ᠂ ᠯᠠᠪᠳᠠᠭᠤᠨ ᠪᠠᠲᠤᠲᠠᠢ ᠠᠯᠬᠤᠭ᠎ᠠ ᠶᠢ ᠲᠠᠮᠠᠭᠠᠯᠠᠨ᠎ᠠ -            ᠨᠣᠮᠢᠨ ᠨᠣᠭᠤᠭᠠᠨ ᠠᠶᠢᠵᠠᠮ ᠤᠶᠠᠩᠭᠠᠷᠠᠨ᠎ᠠ᠃ ᠠᠮᠢ ᠠᠬᠤᠢ ᠶᠢ ᠬᠠᠮᠠᠭᠠᠯᠠᠵᠤ᠂ ᠪᠣᠬᠢᠷᠳᠤᠯ ᠢ ᠵᠠᠰᠠᠨ᠂ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠥᠷᠭᠡᠨ ᠠᠭᠤᠳᠠᠮ ᠲᠠᠯ᠎ᠠ ᠨᠤᠲᠤᠭ ᠢ ︽ᠴᠠᠯᠢᠩ ᠲᠠᠢ ᠪᠠᠷ ᠠᠮᠠᠷᠠᠭᠤᠯᠵᠤ︾᠂ ᠬᠢᠩᠭᠠᠨ ᠤ ᠤᠢ ᠰᠢᠭᠤᠢ ᠳᠤ ︽ᠰᠦᠬᠡ ᠪᠠᠨ ᠬᠤᠷᠢᠶᠠᠨ ᠬᠢᠷᠦᠭᠡ ᠪᠠᠨ ᠠᠮᠠᠷᠠᠭᠤᠯᠵᠤ︾᠂ ᠭᠤᠣᠯᠳᠠᠯᠭ᠎ᠠ ᠲᠠᠢ ᠡᠯᠡᠰᠦ ᠶᠢ ︽ᠵᠠᠬ᠎ᠠ ᠶᠢ ᠨᠢ ᠬᠠᠰᠢᠨ ᠣᠶᠢᠵᠢᠭᠤᠯᠤᠨ ᠵᠠᠰᠠᠵᠤ︾᠂ ᠨᠡᠶᠢᠳᠡ 1.22 ᠳ᠋ᠦᠩᠰᠢᠭᠤᠷ ᠮᠦ ᠣᠶᠢᠵᠢᠭᠤᠯᠵᠤ᠂ 2.86 ᠳ᠋ᠦᠩᠰᠢᠭᠤᠷ ᠮᠦ ᠡᠪᠡᠰᠦ ᠳᠠᠷᠢᠵᠤ᠂ ᠵᠢᠯ ᠳᠤᠮᠳᠠᠴᠢ ᠪᠠᠷ 1200 ᠲᠦᠮᠡᠨ ᠮᠦ ᠭᠠᠷᠤᠢ ᠡᠯᠡᠰᠦ ᠶᠢ ᠰᠡᠷᠭᠡᠶᠢᠯᠡᠨ ᠵᠠᠰᠠᠵᠤ᠂ ᠦᠨᠳᠦᠰᠦᠲᠡᠨ ᠨᠦᠭᠦᠳ ᠤᠨ ᠬᠥᠪᠡᠭᠦᠳ ᠥᠬᠢᠳ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠵᠠᠶᠢᠯᠠᠭᠤᠯᠵᠤ ᠪᠣᠯᠣᠰᠢ ᠦᠭᠡᠢ ᠡᠭᠦᠷᠭᠡᠯᠡᠵᠦ᠂ ︽ᠤᠮᠠᠷᠠᠲᠤ ᠬᠢᠯᠢ ᠶᠢᠨ ᠨᠣᠮᠢᠨ ᠨᠣᠭᠤᠭᠠᠨ︾ ᠎ ᠢ ᠨᠡᠩ ᠥᠳᠬᠡᠷᠡᠭᠦᠯᠵᠦ᠂ ︽ᠳᠤᠮᠳᠠᠳᠤ ᠤᠯᠤᠰ ᠤᠨ ᠴᠡᠩᠬᠡᠷ ᠬᠥᠬᠡ︾ ᠎ ᠳᠤ ᠥᠩᠭᠡ ᠨᠡᠮᠡᠷᠢᠯᠡᠪᠡ᠃            ᠬᠤᠪᠢᠰᠤᠯᠲᠠ ᠬᠤᠪᠢᠷᠠᠯᠲᠠ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠪᠡ᠃ ᠪᠣᠬᠢᠷᠳᠤᠯ ᠦᠭᠡᠢ ᠶᠢ ᠪᠠᠷᠢᠮᠲᠠᠯᠠᠵᠤ᠂ ᠰᠢᠨ᠎ᠡ ᠡᠨᠧᠷᠭᠢ ᠶᠢ ᠬᠥᠭᠵᠢᠭᠦᠯᠵᠦ᠂ ᠭᠠᠳᠠᠭᠰᠢ ᠬᠦᠷᠭᠡᠭᠰᠡᠨ ᠴᠠᠭᠢᠯᠭᠠᠨ ᠤ ᠬᠡᠮᠵᠢᠶ᠎ᠡ 17 ᠵᠢᠯ ᠳᠠᠷᠠᠭᠠᠯᠠᠨ ᠪᠦᠭᠦ ᠤᠯᠤᠰ ᠲᠤ ᠲᠦᠷᠦᠭᠦᠯᠡᠵᠦ᠂ ᠪᠦᠭᠦ ᠤᠯᠤᠰ ᠤᠨ ᠬᠠᠮᠤᠭ ᠤᠨ ᠲᠣᠮᠣ ᠨᠡᠭᠦᠷᠡᠰᠦ ᠴᠠᠭᠢᠯᠭᠠᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠢ ᠪᠦᠲᠦᠭᠡᠨ ᠪᠠᠶᠢᠭᠤᠯᠵᠤ᠂ ᠰᠢᠨ᠎ᠡ ᠡᠨᠧᠷᠭᠢ ᠪᠠᠷ ᠴᠠᠭᠢᠯᠭᠠᠨ ᠭᠠᠷᠭᠠᠬᠤ ᠬᠡᠮᠵᠢᠶ᠎ᠡ ᠪᠦᠭᠦ ᠤᠯᠤᠰ ᠤᠨ ᠲᠦᠷᠦᠭᠦᠨ ᠳᠤ ᠣᠷᠣᠵᠤ᠂ ᠥᠪᠥᠷ ᠮᠣᠩᠭᠤᠯ ᠨᠢᠭᠡ ᠲᠠᠯ᠎ᠠ ᠪᠠᠷ ᠬᠠᠩᠭᠠᠯᠭ᠎ᠠ ᠶᠢ ᠪᠠᠲᠤᠯᠠᠵᠤ᠂ ᠨᠦᠭᠦᠭᠡ ᠲᠠᠯ᠎ᠠ ᠪᠠᠷ ᠬᠠᠮᠠᠭᠠᠯᠠᠯᠲᠠ ᠶᠢ ᠠᠳᠬᠤᠵᠤ᠂ ᠨᠢᠭᠡ ᠲᠠᠯ᠎ᠠ ᠪᠠᠷ ᠡᠨᠧᠷᠭᠢ ᠶᠢᠨ ᠬᠠᠩᠭᠠᠯᠭ᠎ᠠ ᠶᠢ ᠲᠣᠭᠲᠠᠪᠤᠷᠢᠵᠢᠭᠤᠯᠵᠤ᠂ ᠨᠦᠭᠦᠭᠡ ᠲᠠᠯ᠎ᠠ ᠪᠠᠷ ᠡᠨᠧᠷᠭᠢ ᠶᠢᠨ ᠬᠤᠪᠢᠰᠬᠠᠯ ᠢ ᠠᠬᠢᠭᠤᠯᠵᠤ᠂ ᠬᠠᠷᠢᠭᠤᠴᠠᠯᠭ᠎ᠠ ᠭᠦᠢᠴᠡᠳᠬᠡᠬᠦ ᠪᠠᠷ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠮᠢᠩᠭᠠᠨ ᠬᠤᠳᠠ ᠶᠢ ᠳᠤᠯᠠᠭᠠᠯᠠᠵᠤ᠂ ᠲᠦᠮᠡᠨ ᠡᠷᠦᠭᠡ ᠶᠢ ᠭᠡᠷᠡᠯᠲᠦᠭᠦᠯᠵᠠᠢ᠃            ᠦᠩᠰᠢᠭ ᠲᠠᠯ᠎ᠠ ᠳᠤ ᠦᠵᠡᠮᠵᠢ ᠰᠣᠯᠣᠩᠭᠠᠷᠠᠪᠠ᠃ ︽ᠨᠡᠷᠡᠲᠦ ᠣᠨᠴᠠ ᠰᠢᠯᠢᠳᠡᠭ ᠰᠢᠨ᠎ᠡ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠡᠷᠦᠩᠬᠡᠢ ᠲᠤᠭ᠎ᠠ ᠪᠠᠷ ᠪᠦᠭᠦ ᠤᠯᠤᠰ ᠤᠨ ᠨᠢᠭᠡᠳᠦᠭᠡᠷ ᠲᠤ ᠣᠷᠣᠵᠤ᠂ ︽ᠥᠪᠥᠷ ᠮᠣᠩᠭᠤᠯ ᠨᠡᠷᠡᠮᠵᠢᠲᠦ︾ ᠪᠦᠲᠦᠭᠡᠭᠳᠡᠬᠦᠨ ᠪᠦᠭᠦ ᠤᠯᠤᠰ ᠤᠨ ᠡᠯ᠎ᠡ ᠭᠠᠵᠠᠷ ᠲᠤ ᠪᠣᠷᠤᠯᠠᠭᠤᠯᠭ᠎ᠠ ᠰᠠᠶᠢᠲᠠᠢ ᠪᠠᠶᠢᠵᠤ᠂ ᠠᠮᠤ ᠪᠤᠳᠠᠭᠠᠨ ᠤ ᠦᠢᠯᠡᠳᠪᠦᠷᠢᠯᠡᠯ ︽ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ︾᠂ ᠮᠠᠯ ᠠᠵᠤ ᠠᠬᠤᠢ ᠶᠢᠨ ᠦᠢᠯᠡᠳᠪᠦᠷᠢᠯᠡᠯ ︽ᠵᠢᠯ ᠳᠠᠷᠠᠭᠠᠯᠠᠨ ᠲᠣᠭᠲᠠᠭᠤᠨ ᠪᠠᠶᠢᠵᠤ︾᠂ ᠲᠠᠯ᠎ᠠ ᠨᠤᠲᠤᠭ ᠤᠨ ᠦᠨᠦᠷ ᠠᠮᠲᠠ ᠲᠦᠮᠡᠨ ᠭᠠᠵᠠᠷ ᠬᠠᠩᠬᠤᠯᠤᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠨᠡᠷ᠎ᠡ ᠠᠯᠳᠠᠷ ᠮᠠᠨᠳᠤᠵᠤ᠂ ᠥᠪᠥᠷ ᠮᠣᠩᠭᠤᠯ ᠪᠣᠳᠠᠲᠤ ᠠᠵᠢᠯᠯᠠᠭ᠎ᠠ ᠪᠠᠷ ᠢᠶᠠᠨ ︽ᠪᠣᠭᠤᠮᠲᠠ ᠶᠢᠨ ᠭᠠᠳᠠᠨᠠᠬᠢ ᠠᠮᠤ ᠲᠠᠷᠢᠶ᠎ᠠ︾᠎ ᠶᠢ ᠰᠠᠶᠢᠲᠤᠷ ᠲᠠᠷᠢᠵᠦ᠂ ︽ᠳᠤᠮᠳᠠᠳᠤ ᠤᠯᠤᠰ ᠤᠨ ᠠᠮᠤ ᠬᠦᠨᠡᠰᠦ︾ ᠎ ᠶᠢ ᠡᠯᠪᠡᠭᠵᠢᠭᠦᠯᠵᠡᠢ᠃            ᠳᠠᠯᠳᠠ ᠬᠦᠴᠦᠨ ᠲᠦᠷᠭᠡᠨ ᠬᠤᠷᠳᠤᠴᠠ ᠪᠠᠷ ᠪᠠᠳᠠᠷᠠᠪᠠ᠃ ᠲᠡᠮᠦᠷ ᠵᠠᠮ ᠤᠨ ᠡᠵᠡᠩᠨᠡᠯᠲᠡ ᠶᠢᠨ ᠣᠷᠳᠣ ᠪᠦᠭᠦ ᠤᠯᠤᠰ ᠲᠤ ᠲᠦᠷᠦᠭᠦᠯᠡᠵᠦ᠂ ᠡᠷᠭᠢᠨ ᠲᠣᠭᠤᠷᠢᠨ ᠤ ᠨᠠᠢᠮᠠᠨ ᠮᠤᠵᠢ ᠣᠷᠣᠨ ᠤ ᠳᠡᠭᠡᠳᠦ ᠲᠠᠰ ᠤᠨ ᠵᠠᠰᠠᠮᠠᠯ ᠵᠠᠮ ᠎ ᠯᠤᠭ᠎ᠠ ᠪᠦᠭᠦ ᠲᠠᠯ᠎ᠠ ᠪᠠᠷ ᠨᠡᠪᠲᠡᠷᠡᠵᠦ᠂ ᠮᠠᠨᠵᠤᠤᠷ ᠪᠠ ᠡᠷᠢᠶᠡᠨ ᠬᠢᠯᠢ ᠶᠢᠨ ᠪᠣᠭᠤᠮᠲᠠ ᠪᠠᠷ ᠬᠢᠯᠢ ᠪᠠᠷ ᠣᠷᠣᠵᠤ ᠭᠠᠷᠤᠭᠰᠠᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠲᠤᠰ ᠪᠦᠷᠢ ᠨᠡᠶᠢᠲᠡ ᠲᠦᠮᠡᠨ ᠴᠤᠪᠤᠭ᠎ᠠ ᠶᠢᠨ ᠶᠡᠭᠡ ᠪᠣᠭᠤᠮᠲᠠ ᠶᠢ ᠳᠠᠪᠠᠨ᠂ ᠬᠠᠭᠤᠷᠠᠢ ᠵᠠᠮ ᠤᠨ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠶᠡᠷᠦᠩᠬᠡᠢ ᠬᠡᠮᠵᠢᠶ᠎ᠡ ᠪᠦᠭᠦ ᠤᠯᠤᠰ ᠤᠨ ᠲᠦᠷᠦᠭᠦᠨ ᠳᠤ ᠣᠷᠣᠵᠤ᠂ ︽ᠵᠠᠮ ᠬᠠᠷᠢᠯᠴᠠᠭᠠᠨ ᠤ ᠲᠣᠣᠷ︾ ᠶᠠᠪᠤᠬᠤ ᠲᠤᠳᠤᠮ ᠨᠢᠭᠲᠠᠷᠠᠵᠤ᠂ ︽ᠬᠠᠷᠢᠴᠠᠭᠠᠨ ᠤ ᠲᠣᠣᠷ︾ ᠶᠠᠪᠤᠬᠤ ᠲᠤᠳᠤᠮ ᠶᠡᠬᠡᠰᠦᠨ᠂ ︽ᠨᠠᠶᠢᠵᠠ ᠶᠢᠨ ᠲᠣᠭᠤᠷᠢᠭ︾ ᠶᠠᠪᠤᠬᠤ ᠲᠤᠳᠤᠮ ᠥᠷᠭᠡᠵᠢᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠠᠮᠢᠵᠢᠷᠠᠯ ᠤᠨ ᠬᠦᠴᠦᠨ ᠢᠶᠠᠨ ᠢᠯᠡᠷᠡᠭᠦᠯᠪᠡ᠃            ᠡᠭᠦᠷᠭᠡ ᠬᠠᠷᠢᠭᠤᠴᠠᠯᠭ᠎ᠠ ᠬᠠᠳᠠ ᠴᠢᠯᠠᠭᠤ ᠮᠡᠲᠦ ᠪᠠᠲᠤ ᠪᠠᠬᠢ ᠪᠣᠯᠪᠠ᠃ ᠲᠠᠯ᠎ᠠ ᠨᠤᠲᠤᠭ ᠤᠨ 110᠂ ᠬᠢᠯᠢ ᠶᠢᠨ ᠬᠠᠮᠠᠭᠠᠯᠠᠯᠲᠠ ᠶᠢᠨ ᠴᠠᠭᠳᠠᠭᠠᠨ ᠤ ᠶᠠᠪᠤᠳᠠᠯ ᠤᠨ ᠲᠠᠰᠤᠭ᠂ ᠮᠣᠩᠭᠤᠯ ᠭᠡᠷ ᠤᠨ ᠬᠠᠷᠠᠭᠤᠯ ᠤᠨ ᠭᠠᠵᠠᠷ᠂ ᠬᠤᠪᠢᠰᠬᠠᠯ ᠤᠨ ᠪᠠᠬᠢᠯᠡᠯᠲᠡ ᠶᠢᠨ ᠡᠷᠦᠭᠡ ᠵᠡᠷᠭᠡ ᠪᠦᠲᠦᠮᠵᠢᠲᠡᠶ ᠠᠷᠭ᠎ᠠ ᠬᠢᠳᠡᠯ ᠢ ᠰᠦᠪᠡᠭᠴᠢᠯᠡᠨ ᠬᠡᠷᠡᠭᠵᠢᠭᠦᠯᠵᠦ᠂ ᠠᠮᠤᠭᠤᠯᠠᠩᠲᠤ ᠥᠪᠥᠷ ᠮᠣᠩᠭᠤᠯ᠂ ᠬᠠᠤᠯᠢᠵᠢᠯ ᠤᠨ ᠥᠪᠥᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠤᠯᠤᠰ ᠤᠨ ᠠᠮᠤᠷ ᠲᠦᠪᠰᠢᠨ᠂ ᠨᠡᠶᠢᠭᠡᠮ ᠣᠯᠠᠨ ᠨᠡᠶᠢᠲᠡ ᠶᠢᠨ ᠠᠮᠤᠷ ᠲᠦᠪᠰᠢᠨ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠬᠠᠮᠠᠭᠠᠯᠠᠵᠤ᠂ ᠥᠪᠥᠷ ᠮᠣᠩᠭᠤᠯ ︽ᠤᠮᠠᠷᠠᠲᠤ ᠶᠡᠭᠡ ᠬᠠᠭᠠᠯᠭ᠎ᠠ︾᠎ ᠶᠢ ᠰᠠᠶᠢᠲᠤᠷ ᠰᠠᠬᠢᠨ ᠬᠠᠮᠠᠭᠠᠯᠠᠬᠤ᠂ ︽ᠬᠠᠮᠠᠭᠠᠯᠠᠯᠲᠠ ᠶᠢᠨ ᠭᠤᠣᠯ︾ ᠎ ᠢ ᠰᠠᠶᠢᠲᠤᠷ ᠪᠦᠲᠦᠭᠡᠨ ᠪᠠᠶᠢᠭᠤᠯᠬᠤ ᠪᠠᠷ ᠥᠪᠡᠷ ᠤᠨ ᠡᠭᠦᠷᠭᠡ ᠪᠠᠨ ᠪᠤᠯᠭᠠᠵᠤ᠂ ᠡᠬᠡ ᠤᠯᠤᠰ ᠤᠨ ᠤᠮᠠᠷᠠᠲᠤ ᠬᠢᠯᠢ ᠳᠤ ᠡᠪᠳᠡᠷᠡᠰᠢ ᠦᠭᠡᠢ ᠬᠠᠳᠠᠨ ᠪᠣᠯᠣᠳ ᠤᠷᠳᠤ ᠴᠠᠭᠠᠨ ᠬᠡᠷᠡᠮ ᠢ ᠴᠣᠭᠴᠠᠯᠠᠪᠠ᠃            ᠢᠷᠠᠭᠤ ᠠᠯᠳᠠᠷ ᠢᠶᠠᠨ ᠰᠡᠳᠬᠢᠯ ᠲᠠᠯᠪᠢᠨ ᠨᠠᠨᠳᠢᠩᠨᠠᠨ ᠬᠠᠮᠠᠭᠠᠯᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠦᠨᠳᠦᠰᠦᠲᠡᠨ ᠤ ᠬᠦᠷᠢᠶᠡᠨ ᠳᠠᠬᠢ ᠠᠯᠢ ᠤᠯᠠᠨ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠢ ᠵᠠᠰᠠᠨ ᠲᠣᠭᠲᠠᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠯᠢ ᠤᠯᠠᠨ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠬᠤ ᠠᠯᠢ ᠤᠯᠠᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠠᠬ᠎ᠠ ᠳᠡᠭᠦᠦ ᠮᠡᠲᠦ ᠢᠵᠢᠯᠢᠰᠡᠭ᠂ ᠨᠢᠭᠡ ᠭᠡᠷ ᠤᠨ ᠬᠥᠮᠥᠰ ᠮᠡᠲᠦ ᠳᠣᠲᠣᠨᠣ ᠪᠠᠶᠢᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠭᠥᠷᠳᠡᠭᠰᠡᠨ ᠪᠥᠭᠡᠳ ᠤᠷᠳᠤ ᠬᠤᠭᠤᠴᠠᠭ᠎ᠠ ᠪᠠᠷ ᠬᠠᠮᠠᠭᠠᠯᠠᠵᠠᠢ᠃            ᠬᠤᠷᠴᠠ ᠰᠡᠯᠡᠮ᠎ᠡ ᠪᠠᠨ ᠬᠤᠢ ᠠᠴᠠ ᠨᠢ ᠰᠤᠭᠤᠯᠵᠤ ᠢᠷᠯᠡᠪᠡ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠲᠠᠭᠤ ᠴᠢᠩᠭ᠎ᠠ ᠭᠤᠣᠯ ᠭᠦᠭ ᠠᠶᠠᠰ ᠢ ᠢᠮᠠᠭᠲᠠ ᠭᠤᠶᠢᠪᠢᠰᠢ ᠦᠭᠡᠢ ᠪᠠᠷᠢᠮᠲᠠᠯᠠᠨ᠂ ᠴᠢᠩᠭ᠎ᠠ ᠴᠣᠬᠢᠯᠲᠠ ᠥᠭᠴᠦ ᠢᠯᠵᠠᠷᠠᠯ ᠢ ᠵᠠᠯᠬᠠᠭᠠᠨ ᠵᠠᠰᠠᠵᠤ᠂ ᠬᠢᠲᠤᠭᠠᠨ ᠢᠷ ᠢ ᠳᠣᠲᠣᠭᠰᠢ ᠪᠠᠨ ᠬᠠᠨᠳᠤᠭᠤᠯᠤᠨ ᠶᠠᠰᠤ ᠶᠢ ᠬᠤᠰᠤᠵᠤ ᠬᠤᠣᠷ ᠢ ᠠᠷᠢᠯᠭᠠᠵᠤ᠂ ᠴᠥᠬᠦᠷᠡᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠪᠦᠭᠦ ᠣᠷᠣᠨ ᠤ ᠤᠯᠤᠰ ᠲᠦᠷᠦ ᠶᠢᠨ ᠠᠮᠢ ᠠᠬᠤᠢ ᠡᠳᠦᠷ ᠢᠷᠡᠬᠦᠶ᠎ᠡ ᠲᠤᠩᠭᠠᠯᠠᠭᠰᠢᠨ᠂ ᠨᠠᠮ ᠤᠨ ᠰᠤᠷᠲᠠᠯ ᠵᠠᠰᠠᠭ ᠤᠨ ᠰᠤᠷᠲᠠᠯ ᠦᠷᠭᠦᠯᠵᠢᠯᠡᠨ ᠰᠠᠶᠢᠵᠢᠷᠠᠵᠤ᠂ ᠨᠠᠮ ᠤᠨ ᠭᠡᠰᠢᠭᠦᠨ ᠺᠠᠳ᠋ᠷᠴᠤᠳ ᠤᠨ ᠤᠶᠤᠨ ᠰᠠᠨᠠᠭᠠᠨ ᠤ ᠳᠦᠷᠰᠦ ᠪᠠᠶᠢᠳᠠᠯ ᠳᠤ ᠴᠣ ᠰᠢᠨ᠎ᠡ ᠪᠠᠶᠢᠳᠠᠯ ᠢᠯᠡᠷᠡᠪᠡ᠃            ᠥᠷᠭᠡᠨ ᠠᠭᠤᠳᠠᠮ ᠥᠪᠥᠷ ᠮᠣᠩᠭᠤᠯ ᠤᠨ ᠲᠠᠯ᠎ᠠ ᠨᠤᠲᠤᠭ ᠤᠨ ᠭᠠᠵᠠᠷ ᠪᠣᠯᠭᠠᠨ ᠳᠤ ᠭᠢᠯᠪᠠᠭ᠎ᠠ ᠰᠠᠴᠤᠷᠠᠨ᠎ᠠ ᠁ ᠠᠭᠤᠯᠠ ᠤᠰᠤ ᠶᠢ ᠳᠣᠩᠰᠣᠯᠭᠠᠭᠰᠠᠨ ᠤᠷᠤᠭᠰᠢᠯᠠᠯᠲᠠ᠂ ᠨᠤᠭᠤᠷᠠᠰᠢ ᠦᠭᠡᠢ ᠰᠦᠪᠡᠭᠴᠢᠯᠡᠯᠲᠡ᠂ ᠣᠷᠭᠢᠯᠤᠮ᠎ᠠ ᠬᠠᠯᠠᠭᠤᠨ ᠲᠡᠮᠡᠴᠡᠯ᠂ ᠥᠨᠥᠳᠥᠷ ᠤᠨ ᠥᠪᠥᠷ ᠮᠣᠩᠭᠤᠯ ᠶᠠᠭ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠶᠠᠭ ᠬᠥᠭᠵᠢᠨ ᠮᠠᠨᠳᠤᠵᠤ ᠪᠠᠶᠢᠨ᠎ᠠ᠃             ︵ᠳᠥᠷᠪᠡ︶ ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠬᠠᠮᠤᠭ ᠤᠨ ᠦᠨᠡᠨ ᠪᠣᠳᠠᠲᠠᠢ᠂ ᠬᠠᠮᠤᠭ ᠤᠨ ᠰᠡᠳᠬᠢᠯ ᠬᠥᠳᠡᠯᠭᠡᠮ᠎ᠡ ᠪᠥᠭᠡᠳ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠶᠡᠷᠦ ᠪᠤᠰᠤ ᠶᠢᠨ ᠠᠷᠪᠠᠨ ᠵᠢᠯ ᠢ ᠬᠠᠮᠤᠭ ᠠᠴᠠ ᠢᠯᠡᠭᠦᠦ ᠵᠢᠷᠤᠭᠯᠠᠵᠤ ᠴᠢᠳᠠᠳᠠᠭ ᠨᠢ ᠲᠡᠳᠡᠭᠡᠷ ᠨᠢᠳᠦᠨ ᠳᠤ ᠦᠵᠡᠭᠳᠡᠵᠦ ᠭᠠᠷ ᠲᠤ ᠪᠠᠷᠢᠭᠳᠠᠭᠰᠠᠨ ᠬᠤᠪᠢᠷᠠᠯᠲᠠ ᠪᠤᠯᠬᠤ ᠶᠤᠮ᠃            ᠲᠠᠩᠰᠠᠯᠠᠵᠤ ᠺᠠᠷᠲᠯᠠᠭᠰᠠᠨ 157 ᠲᠦᠮᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠦᠭᠦᠨ ᠢ ᠶᠠᠳᠠᠭᠤ ᠠᠴᠠ ᠠᠩᠭᠢᠵᠢᠷᠠᠭᠤᠯᠵᠤ᠂ ᠪᠦᠭᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠴᠢᠨᠡᠭᠡᠯᠢᠭ ᠨᠡᠶᠢᠭᠡᠮ ᠳᠤ ᠪᠦᠭᠦ ᠲᠠᠯ᠎ᠠ ᠪᠠᠷ ᠠᠯᠬᠤᠨ ᠣᠷᠣᠵᠠᠢ; ᠪᠦᠭᠦ ᠣᠷᠣᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 2 ᠲᠦᠮᠡᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠤ᠂ ᠬᠥᠮᠥᠨ ᠳᠤᠮᠳᠠᠴᠢ ᠶᠢᠨ GDP ᠪᠦᠭᠦ ᠤᠯᠤᠰ ᠤᠨ ᠠᠷᠪᠠᠳᠤᠭᠠᠷ ᠲᠤ ᠣᠷᠣᠪᠠ; ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠣᠷᠣᠯᠭ᠎ᠠ 1.9 ᠳᠠᠭᠢᠨ ᠢᠶᠠᠷ ᠨᠡᠮᠡᠭᠳᠡᠵᠦ᠂ ᠮᠠᠯᠴᠢᠨ ᠲᠠᠷᠢᠶᠠᠴᠢᠨ ᠤ ᠬᠥᠮᠥᠨ ᠳᠤᠮᠳᠠᠴᠢ ᠶᠢᠨ ᠣᠷᠣᠯᠭ᠎ᠠ 2.4 ᠳᠠᠭᠢᠨ ᠢᠶᠠᠷ ᠨᠡᠮᠡᠭᠳᠡᠵᠦ᠂ ᠭᠤᠣᠯ ᠪᠤᠯᠬᠤ ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠴᠥᠮ ᠪᠦᠭᠦ ᠤᠯᠤᠰ ᠤᠨ ᠳᠤᠮᠳᠠᠴᠢ ᠲᠦᠪᠰᠢᠨ ᠳᠤ ᠭᠦᠷᠦᠭᠰᠡᠨ ᠪᠤᠶᠤ ᠲᠡᠭᠦᠨ ᠠᠴᠠ ᠳᠠᠪᠠᠪᠠ; ᠬᠤᠳᠠ ᠶᠢᠨ ᠬᠥᠮᠥᠨ ᠳᠤᠮᠳᠠᠴᠢ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠢ 20.7 ᠲᠡᠭᠰᠢ ᠳᠥᠷᠪᠡᠯᠵᠢᠨ ᠮᠸᠲᠷ ᠲᠤ ᠬᠦᠷᠴᠦ᠂ ᠪᠦᠭᠦ ᠤᠯᠤᠰ ᠤᠨ ᠳᠤᠮᠳᠠᠴᠢ ᠲᠦᠪᠰᠢᠨ ᠠᠴᠠ 40% ᠰᠢᠬᠠᠮ ᠥᠨᠳᠥᠷ ᠪᠣᠯᠪᠠ ᠁ ᠲᠤᠭ᠎ᠠ ᠪᠠᠷᠢᠮᠲᠠ ᠨᠢᠭᠡ ᠪᠦᠷᠢ ᠨᠢ ᠴᠥᠮ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠡᠷᠡᠮᠡᠬᠡᠶᠢᠯᠡᠨ ᠤᠷᠤᠭᠰᠢᠯᠠᠭᠰᠠᠨ ᠠᠮᠢᠳᠤᠯᠢᠭ ᠲᠠᠶᠢᠯᠪᠤᠷᠢ ᠪᠣᠯᠣᠨ᠎ᠠ᠃            ᠲᠦᠷᠭᠡᠨ ᠤ ᠭᠠᠯᠲᠤ ᠲᠡᠷᠭᠡ ᠲᠠᠯ᠎ᠠ ᠨᠤᠲᠤᠭ ᠢᠶᠠᠷ ᠳᠠᠪᠬᠢᠵᠤ᠂ ᠬᠠᠷᠢᠯᠴᠠᠨ ᠨᠡᠪᠲᠡᠷᠡᠯᠴᠡᠭᠰᠡᠨ ᠠᠭᠠᠷ ᠤᠨ ᠲᠡᠭᠡᠭᠡᠪᠦᠷᠢ ᠶᠢᠨ ᠲᠣᠣᠷ ᠨᠢ ᠬᠥᠮᠥᠰ ᠤᠨ ᠶᠠᠪᠤᠵᠤ ᠰᠠᠭᠤᠬᠤ ᠳᠤ ᠨᠠᠩ ᠲᠥᠭᠦᠮ ᠦᠵᠡᠭᠦᠯᠪᠡ; ᠭᠡᠷ ᠠᠴᠠ ᠪᠠᠨ ᠭᠠᠷᠤᠮᠠᠭᠴᠠ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ᠂ ᠪᠡᠶ᠎ᠡ ᠴᠢᠭᠢᠷᠠᠭᠵᠢᠭᠤᠯᠬᠤ ᠲᠠᠯᠠᠪᠤᠷ᠂ ᠵᠦᠯᠭᠡ ᠨᠣᠭᠤᠭᠠᠨ ᠴᠡᠴᠡᠷᠯᠢᠭ ᠲᠠᠢ ᠪᠠᠶᠢᠵᠤ᠂ ᠺᠣᠳ᠋ ᠰᠢᠷᠪᠢᠵᠦ ᠬᠤᠭᠤᠯᠠ ᠵᠠᠬᠢᠶᠠᠯᠠᠬᠤ᠂ ᠨᠢᠭᠤᠷ ᠢᠶᠠᠨ ᠰᠢᠷᠪᠢᠵᠦ ᠲᠣᠭᠠᠴᠠᠭ᠎ᠠ ᠬᠢᠬᠦ ᠵᠡᠷᠭᠡ ᠨᠢ ᠠᠯᠢ ᠡᠷᠲᠡ ᠡᠳᠦᠷ ᠲᠤᠲᠤᠮ ᠤᠨ ᠠᠮᠢᠳᠤᠷᠠᠯ ᠤᠨ ᠨᠢᠭᠡ ᠬᠡᠰᠡᠭ ᠪᠤᠯᠵᠠᠶ; ᠬᠢᠯᠢ ᠬᠢᠵᠠᠭᠠᠷ ᠤᠨ ᠵᠢᠵᠢᠭ ᠪᠠᠯᠭᠠᠰᠤ ᠪᠤᠶᠤ ᠪᠤᠶᠢᠳᠠ ᠪᠥᠭᠯᠡᠭᠦᠦ ᠮᠠᠯᠵᠢᠬᠤ ᠣᠷᠣᠨ ᠭᠡᠰᠡᠨ ᠦᠭᠡᠢ ᠴᠥᠮ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠵᠤ᠂ ᠣᠶᠢᠷ᠎ᠠ ᠬᠠᠪᠢ ᠳᠠᠭᠠᠨ ᠡᠪᠡᠳᠴᠢᠨ ᠢᠶᠠᠨ ᠦᠵᠡᠭᠦᠯᠵᠦ ᠪᠤᠯᠤᠨ᠎ᠠ; ᠪᠦᠭᠦ ᠣᠷᠣᠨ ᠤ ᠡᠯ᠎ᠡ ᠭᠠᠵᠠᠷ ᠤᠨ ᠬᠢᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠎ ᠶᠢ ᠶᠡᠭᠡ ᠪᠠᠷ ᠠᠬᠢᠭᠤᠯᠵᠤ᠂ ᠬᠥᠮᠥᠰ ᠠᠵᠢᠯ ᠶᠠᠪᠤᠳᠠᠯ ᠭᠦᠢᠴᠡᠳᠬᠡᠬᠦ ᠳᠡᠭᠡᠨ ︽ᠬᠥᠰᠢᠲᠡᠯ᠎ᠡ ᠭᠦᠶᠦᠵᠦ᠂ ᠬᠠᠰᠢᠷᠠᠲᠠᠯ᠎ᠠ ᠶᠠᠷᠢᠬᠤ︾᠎ ᠪᠠᠨ ᠪᠣᠯᠢᠪᠠ ᠁ ᠬᠤᠪᠢᠷᠠᠯᠲᠠ ᠪᠣᠯᠭᠠᠨ ᠨᠢ ᠴᠥᠮ ᠪᠣᠭᠤᠮᠲᠠ ᠶᠢᠨ ᠭᠠᠳᠠᠨᠠᠬᠢ ᠤᠮᠠᠷᠠᠲᠤ ᠬᠢᠯᠢ ᠳᠤ ᠠᠮᠢᠵᠢᠷᠠᠯ ᠪᠢᠯᠬᠠᠭᠰᠠᠨ ᠪᠣᠳᠠᠲᠠᠢ ᠲᠠᠶᠢᠯᠪᠤᠷᠢᠯᠠᠯᠲᠠ ᠪᠣᠯᠣᠨ᠎ᠠ᠃            ᠠᠷᠪᠠᠨ ᠵᠢᠯ ᠤᠨ ᠲᠤᠷᠰᠢ᠂ ᠪᠠᠶᠢᠳᠠᠯ ᠶᠠᠭᠠᠬᠢᠵᠤ ᠬᠤᠪᠢᠷᠠᠭᠰᠠᠨ ᠴᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠢᠮᠠᠭᠲᠠ ᠣᠨᠣᠪᠴᠢᠲᠠᠶ ᠡᠵᠡᠮᠳᠡᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠂ ᠰᠢᠨ᠎ᠡ ᠠᠶᠠᠨ ᠳᠠᠬᠢ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠶᠢ ᠪᠠᠲᠤ ᠡᠭᠦᠷᠭᠡᠯᠡᠵᠦ᠂ ᠥᠪᠥᠷ ᠮᠣᠩᠭᠤᠯ ᠲᠥᠪ ᠬᠢᠨᠠᠮᠠᠭᠠᠢ ᠣᠪᠣᠷ ᠪᠠᠶᠢᠳᠠᠯ ᠢᠶᠠᠷ ᠯᠠᠪᠳᠠᠭᠤᠨ ᠪᠠᠲᠤᠲᠠᠢ ᠲᠡᠮᠡᠴᠡᠵᠦ᠂ ᠢᠳᠡᠷᠡᠭᠦᠨ ᠠᠯᠬᠤᠭ᠎ᠠ ᠎ ᠪᠠᠷ ᠤᠷᠤᠭᠰᠢᠯᠠᠭᠰᠠᠭᠠᠷ ᠢᠷᠡᠵᠡᠶ᠃            ᠠᠷᠪᠠᠨ ᠵᠢᠯ ᠤᠨ ᠲᠤᠷᠰᠢ᠂ ᠣᠷᠣᠨ ᠤ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠠᠳᠬᠤᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠨ᠂ ᠪᠦᠭᠦ ᠬᠦᠴᠦᠨ ᠢᠶᠠᠷ ᠪᠦᠲᠦᠴᠡ ᠶᠢ ᠲᠣᠬᠢᠷᠠᠭᠤᠯᠵᠤ᠂ ᠴᠢᠳᠠᠮᠵᠢ ᠶᠢ ᠬᠤᠪᠢᠷᠠᠭᠤᠯᠤᠨ᠂ ᠶᠠᠰᠤ ᠴᠢᠨᠠᠷ ᠢ ᠳᠡᠭᠡᠭᠰᠢᠯᠡᠭᠦᠯᠵᠦ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠶᠠᠰᠤ ᠴᠢᠨᠠᠷ ᠢᠶᠠᠷ ᠨᠠᠩ ᠥᠨᠳᠥᠷ᠂ ᠦᠷ᠎ᠡ ᠠᠰᠢᠭ ᠢᠶᠠᠷ ᠨᠠᠩ ᠰᠠᠶᠢᠨ ᠬᠥᠭᠵᠢᠯᠲᠡ ᠶᠢ ᠴᠥᠬᠦᠷᠡᠰᠢ ᠦᠭᠡᠢ ᠬᠥᠭᠡᠭᠡᠴᠡᠯᠳᠦᠵᠦ᠂ ᠡᠬᠡ ᠤᠯᠤᠰ ᠤᠨ ᠤᠮᠠᠷᠠᠲᠤ ᠬᠢᠯᠢ ᠳᠠᠪᠠᠯᠲᠠᠳᠤ ᠴᠢᠨᠠᠷᠲᠠᠢ ᠳᠦᠷᠢ ᠪᠠᠶᠢᠳᠠᠯ ᠢᠶᠠᠷ ᠴᠥᠬᠦᠷᠡᠰᠢ ᠦᠭᠡᠢ ᠠᠶᠠᠯᠠᠨ᠂ ᠠᠯᠤᠰ ᠢ ᠵᠣᠷᠢᠨ ᠲᠡᠮᠡᠦᠯᠦᠭᠰᠡᠭᠡᠷ ᠢᠷᠡᠵᠠᠢ᠃            ᠠᠷᠪᠠᠨ ᠵᠢᠯ ᠤᠨ ᠲᠤᠷᠰᠢ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠴᠦ ᠲᠡᠷᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠴᠤ ᠲᠡᠷᠡ᠂ ᠬᠢᠵᠢᠭ ᠲᠠᠢ ᠲᠡᠮᠡᠴᠡᠵᠦ ᠭᠠᠮᠰᠢᠭ ᠠᠴᠠ ᠠᠪᠤᠷᠠᠭᠰᠠᠨ ᠴᠤ ᠲᠡᠷᠡ᠂ ᠱᠠᠮᠰᠢᠵᠤ ᠢᠯᠵᠠᠷᠠᠬᠤ ᠶᠢ ᠵᠠᠯᠬᠠᠭᠠᠨ ᠵᠠᠰᠠᠭᠰᠠᠨ ᠴᠤ ᠲᠡᠷᠡ᠂ ᠬᠦᠴᠢᠷ ᠶᠠᠪᠤᠳᠠᠯ ᠴᠥᠭᠡᠨ ᠪᠤᠰᠤ ᠲᠠᠭᠠᠷᠠᠯᠳᠤᠵᠤ᠂ ᠬᠠᠲᠠᠭᠤ ᠳᠠᠶᠢᠯᠠᠯᠳᠤᠭᠠᠨ ᠢ ᠲᠠᠰᠤᠷᠠᠯᠳᠠ ᠦᠭᠡᠢ ᠬᠢᠵᠡᠢ᠃ ᠪᠦᠯᠬᠦᠮᠳᠡᠨ ᠨᠢᠭᠡᠳᠴᠦ᠂ ᠴᠤᠴᠠᠯᠲᠠ ᠦᠭᠡᠢ ᠤᠷᠤᠭᠰᠢᠯᠠᠵᠤ᠂ ᠠᠭᠤᠯᠠ ᠲᠠᠭᠠᠷᠠᠪᠠᠯ ᠵᠠᠮ ᠨᠡᠭᠡᠭᠡᠨ᠂ ᠤᠰᠤ ᠲᠠᠭᠠᠷᠠᠪᠠᠯ ᠬᠥᠭᠦᠷᠭᠡ ᠲᠠᠯᠪᠢᠵᠤ᠂ ᠢᠮᠠᠭᠲᠠ ᠠᠷᠠᠳ ᠲᠦᠮᠡᠨ ᠲᠠᠢ ᠬᠠᠮᠲᠤ ᠵᠣᠭᠰᠣᠵᠤ᠂ ᠰᠡᠳᠬᠢᠯ ᠢᠶᠠᠨ ᠨᠢᠭᠡᠳᠬᠡᠨ᠂ ᠬᠠᠮᠲᠤ ᠪᠠᠷ ᠲᠡᠮᠡᠴᠡᠵᠦ᠂ ᠣᠷᠣᠨ ᠳᠠᠶᠠᠭᠠᠷ ᠢᠶᠠᠨ ᠪᠣᠭᠤᠮᠲᠠ ᠰᠢᠪᠲᠤᠯᠬᠤ ᠣᠪᠣᠷ ᠪᠠᠶᠢᠳᠠᠯ ᠢᠶᠠᠷ ᠵᠣᠷᠢᠭᠲᠠᠢ ᠲᠦᠷᠦᠭᠦᠯᠡᠨ ᠬᠢᠵᠦ᠂ ᠰᠢᠨᠲᠠᠷᠠᠰᠢ ᠦᠭᠡᠢ ᠴᠢᠷᠮᠠᠶᠢᠭᠰᠠᠭᠠᠷ ᠢᠷᠡᠵᠠᠢ᠃             ︵ᠲᠠᠪᠤ︶ ᠥᠨᠳᠥᠷ ᠤᠷᠭᠢᠯ ᠳᠤᠷ ᠭᠠᠷᠤᠨ ᠰᠢᠨ᠎ᠡ ᠪᠠᠶᠢᠳᠠᠯ ᠢ ᠡᠭᠦᠳᠴᠦ᠂ ᠠᠪᠤᠷᠭᠤ ᠤᠷᠤᠰᠬᠠᠯ ᠤᠨ ᠡᠮᠦᠨ᠎ᠡ ᠬᠤᠰᠢᠭᠤᠷᠠᠵᠤ ᠠᠳᠠᠪᠠᠰᠢ ᠶᠡᠭᠡ ᠭᠠᠶᠢᠬᠠᠮᠰᠢᠭ ᠢ ᠡᠭᠦᠳᠦᠨ᠎ᠡ᠃ ᠰᠢᠨ᠎ᠡ ᠠᠤᠭ᠎ᠠ ᠵᠢᠷᠤᠭ ᠲᠥᠯᠥᠪᠯᠡᠭᠡ ᠠᠭᠠᠵᠢᠮ ᠢᠶᠠᠷ ᠳᠡᠯᠭᠡᠭᠳᠡᠵᠦ᠂ ᠰᠢᠨ᠎ᠡ ᠠᠭᠤᠤ ᠶᠡᠭᠡ ᠠᠶᠠᠨ ᠳᠤ ᠮᠣᠷᠳᠠᠬᠤ ᠪᠠᠷ ᠪᠡᠯᠡᠬᠡᠨ ᠪᠣᠯᠪᠠ᠃            ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠠᠯᠬᠤᠮ ᠢᠶᠠᠷ ᠶᠠᠪᠤᠬᠤ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠳᠤ ᠬᠤᠷᠸ᠎ᠠ ᠪᠠᠷᠠᠯᠠᠯ ᠬᠢᠵᠦ᠂ ᠢᠷᠡᠭᠡᠳᠦᠢ ᠶᠢᠨ 5 ᠵᠢᠯ ᠴᠢᠨᠠᠭᠰᠢᠯᠠᠪᠠᠯ ᠨᠡᠩ ᠤᠷᠳᠤ ᠬᠤᠭᠤᠴᠠᠭᠠᠨ ᠤ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ ᠪᠣᠯᠣᠨ ᠦᠨᠳᠦᠰᠦᠨ ᠪᠣᠳᠣᠯᠭ᠎ᠠ ᠴᠢᠭᠯᠡᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠣᠯᠣᠨ᠎ᠠ᠃ ᠡᠨᠡ ᠨᠢ ᠨᠠᠮ ᠪᠣᠯᠣᠨ ᠤᠯᠤᠰ ᠤᠨ ᠠᠵᠢᠯ ᠦᠢᠯᠡᠰ ᠤᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠲᠠᠢ ᠬᠤᠯᠪᠣᠭᠳᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠢᠷᠡᠭᠡᠳᠦᠢ ᠬᠤᠪᠢ ᠵᠠᠶᠠᠭ᠎ᠠ ᠲᠠᠢ ᠬᠤᠯᠪᠣᠭᠳᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠲᠠᠢ ᠬᠤᠯᠪᠣᠭᠳᠠᠬᠤ ᠶᠤᠮ᠃            ᠰᠢᠨ᠎ᠡ ᠰᠢᠯᠭᠠᠯᠲᠠ ᠶᠢᠨ ᠵᠠᠮ ᠳᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾᠎ ᠶᠢ ᠪᠦᠭᠦ ᠬᠦᠴᠦᠨ ᠢᠶᠠᠷ ᠢᠶᠠᠨ ᠰᠠᠶᠢᠲᠤᠷ ᠪᠦᠲᠦᠭᠡᠨ ᠪᠠᠶᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠵᠤ᠂ ᠨᠠᠩ ᠭᠢᠯᠠᠯᠵᠠᠭᠰᠠᠨ ᠠᠮᠵᠢᠯᠲᠠ ᠪᠦᠲᠦᠮᠵᠢ ᠪᠢᠳᠡ ᠪᠦᠭᠦᠨ ᠤ ᠡᠭᠦᠳᠦᠨ ᠪᠦᠲᠦᠭᠡᠬᠦ ᠶᠢ ᠬᠦᠯᠢᠶᠡᠵᠦ᠂ ᠨᠠᠩ ᠭᠡᠷᠡᠯ ᠰᠠᠴᠤᠷᠠᠩᠭᠤᠢ ᠮᠠᠷᠭᠠᠰᠢ ᠪᠢᠳᠡ ᠪᠦᠭᠦᠨ ᠤ ᠪᠠᠶᠢᠭᠤᠯᠤᠨ ᠴᠣᠭᠴᠠᠯᠠᠬᠤ ᠶᠢ ᠤᠷᠠᠶᠢᠯᠠᠵᠤ ᠪᠠᠶᠢᠨ᠎ᠠ᠃            ᠪᠢᠳᠡ ᠪᠦᠭᠦᠳᠡᠭᠡᠷ ᠢᠶᠠᠨ ︽ᠰᠠᠨᠠᠭᠰᠠᠨ ᠳᠠᠭᠠᠨ ᠬᠦᠷᠬᠦ ᠪᠠᠷ ᠰᠢᠨᠲᠠᠷᠠᠰᠢ ᠦᠭᠡᠢ ᠲᠡᠮᠡᠴᠡᠬᠦ︾ ᠲᠣᠭᠲᠠᠯ ᠬᠦᠴᠦᠨ ᠢᠶᠠᠨ ᠡᠭᠦᠷᠢᠳᠡ ᠪᠠᠲᠤᠯᠠᠨ᠂ ︽ᠬᠤᠶᠠᠷ ᠢ ᠲᠣᠭᠲᠠᠭᠠᠭᠰᠠᠨ︾ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠨ᠂ ︽ᠲᠦᠷᠪᠡᠨ ᠢᠲᠡᠭᠡᠯ︾ ᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠳᠠᠭᠠᠨ ᠣᠰᠣᠯᠳᠠᠬᠤ ᠦᠭᠡᠢ᠂ ᠠᠷᠠᠳ ᠲᠦᠮᠡᠨ ᠳᠡᠭᠡᠨ ᠣᠰᠣᠯᠳᠠᠬᠤ ᠦᠭᠡᠢ᠂ ᠴᠠᠭ ᠦᠶ᠎ᠡ ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠦᠶ᠎ᠡ            ᠪᠢᠳᠡ ᠪᠦᠭᠦᠳᠡᠭᠡᠷ ᠢᠶᠠᠨ ︽ᠳᠠᠪᠠᠯᠭᠠᠨ ᠢ ᠰᠥᠷᠦᠨ ᠤᠷᠤᠭᠰᠢᠯᠠᠬᠤ︾ ᠣᠮᠤᠭ ᠵᠣᠷᠢᠭ ᠢᠶᠠᠨ ᠡᠭᠦᠷᠢᠳᠡ ᠪᠠᠲᠤᠯᠠᠨ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶᠠᠨ ᠠᠴᠠ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠬᠦᠴᠦ ᠪᠠᠨ ᠲᠥᠪᠯᠡᠷᠡᠭᠦᠯᠦᠨ ᠰᠠᠶᠢᠲᠤᠷ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠵᠢᠷᠤᠭᠯᠠᠵᠤ ᠥᠭᠭᠦᠭᠰᠡᠨ ᠠᠤᠭ᠎ᠠ ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠬᠢᠴᠠ ᠳᠤᠮᠳᠠᠬᠢ ᠬᠢᠯᠢ ᠬᠢᠵᠠᠭᠠᠷ ᠤᠨ ᠦᠨᠳᠦᠰᠦᠲᠡᠨ ᠤ ᠣᠷᠣᠨ ᠤ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠪᠠᠨ ᠨᠡᠩ ᠰᠠᠶᠢᠲᠤᠷ ᠡᠭᠦᠷᠭᠡᠯᠡᠶ᠎ᠡ᠃            ᠪᠢᠳᠡ ᠪᠦᠭᠦᠳᠡᠭᠡᠷ ᠢᠶᠠᠨ ︽ᠤᠯᠤᠰ ᠤᠨ ᠠᠰᠢᠭ ᠲᠤᠰᠠ ᠶᠢᠨ ᠲᠥᠯᠥᠭᠡ ᠦᠬᠦᠵᠦ ᠰᠡᠭᠡᠭᠦ ᠪᠠᠨ ᠬᠠᠮᠲᠤᠳᠬᠠᠬᠤ︾ ᠡᠭᠦᠷᠭᠡᠯᠡᠯ ᠢᠶᠠᠨ ᠡᠭᠦᠷᠢᠳᠡ ᠪᠠᠲᠤᠯᠠᠨ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠎ ᠶᠢᠨ ᠦᠵᠡᠯ ᠰᠠᠨᠠᠭ᠎ᠠ ᠶᠢ ᠡᠷᠡᠰ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠪᠣᠳᠠᠲᠠᠢ ᠠᠵᠢᠯ ᠢᠶᠠᠷ ᠢᠶᠠᠨ ᠠᠷᠠᠳ ᠤᠨ ᠵᠣᠪᠠᠭᠤᠷᠢ ᠶᠢ ᠠᠷᠢᠯᠭᠠᠨ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠦᠭᠦ ᠲᠠᠯ᠎ᠠ ᠪᠠᠷ ᠴᠢᠨᠡᠭᠡᠯᠢᠭᠵᠢᠭᠰᠡᠨ ᠠᠴᠠ ᠬᠠᠮᠲᠤ ᠪᠠᠷ ᠪᠠᠶᠠᠵᠢᠬᠤ ᠲᠡᠶᠢᠰᠢ ᠤᠷᠤᠭᠰᠢᠯᠠᠬᠤ ᠶᠢ ᠠᠬᠢᠭᠤᠯᠵᠤ᠂ ᠤᠯᠠᠨ ᠲᠦᠮᠡᠨ ᠤ ᠠᠮᠢᠳᠤᠷᠠᠯ ᠢ ᠡᠳᠦᠷ ᠠᠴᠠ ᠡᠳᠦᠷ ᠥᠭᠡᠳᠡᠯᠡᠭᠦᠯᠦᠶ᠎ᠡ᠃            ᠪᠢᠳᠡ ᠪᠦᠭᠦᠳᠡᠭᠡᠷ ᠢᠶᠠᠨ ︽ᠳᠠᠷᠪᠠᠭᠤᠯ ᠬᠡᠶᠢᠰᠬᠡᠨ ᠲᠠᠯᠠᠢ ᠶᠢ ᠭᠠᠲᠤᠯᠬᠤ︾ ᠢᠲᠡᠭᠡᠯ ᠵᠣᠷᠢᠭ ᠢᠶᠠᠨ ᠡᠭᠦᠷᠢᠳᠡ ᠪᠠᠲᠤᠯᠠᠨ᠂ ᠪᠦᠯᠬᠦᠮᠳᠡᠵᠦ ᠪᠤᠯᠬᠤ ᠬᠦᠴᠦᠨ ᠪᠦᠭᠦᠨ ᠲᠠᠢ ᠪᠦᠯᠬᠦᠮᠳᠡᠨ᠂ ᠲᠠᠶᠢᠴᠢᠯᠠᠵᠤ ᠪᠤᠯᠬᠤ ᠢᠳᠡᠪᠬᠢ ᠬᠦᠴᠦᠨ ᠵᠦᠢᠯ ᠪᠦᠭᠦᠨ ᠢ ᠲᠠᠶᠢᠴᠢᠯᠠᠵᠤ᠂ ᠰᠡᠳᠬᠢᠯ ᠨᠢᠭᠡᠳᠦᠨ᠂ ᠬᠦᠴᠦ ᠪᠠᠨ ᠬᠠᠮᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠢᠲᠡᠭᠡᠯ ᠲᠡᠭᠦᠯᠳᠡᠷ ᠵᠣᠷᠢᠭ ᠰᠠᠨᠠᠭ᠎ᠠ᠂ ᠨᠡᠩ ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠪᠠᠷ ᠢᠶᠠᠨ ᠨᠢᠭᠡᠨᠲᠡ ᠲᠣᠭᠲᠠᠭᠰᠠᠨ ᠲᠡᠮᠡᠴᠡᠯ ᠤᠨ ᠬᠠᠷᠠᠯᠲᠠ ᠵᠦᠭ ᠴᠢᠭᠯᠡᠨ᠂ ᠡᠷᠴᠢ ᠵᠣᠷᠢᠭ ᠪᠠᠳᠠᠷᠠᠩᠭᠤᠢ ᠪᠠᠷ ᠢᠷᠡᠭᠡᠳᠦᠢ ᠲᠡᠶᠢᠰᠢ ᠤᠷᠤᠭᠰᠢᠯᠠᠶ᠎ᠠ᠃             ︵ᠵᠢᠷᠭᠤᠭ᠎ᠠ︶ ᠵᠠᠮ ᠢ ᠪᠣᠯ ᠠᠯᠬᠤᠮ ᠠᠯᠬᠤᠮ ᠢᠶᠠᠷ ᠶᠠᠪᠤᠵᠤ ᠪᠠᠶᠢᠭᠠᠳ ᠭᠠᠷᠭᠠᠳᠠᠭ᠂ ᠶᠠᠪᠤᠳᠠᠯ ᠢ ᠪᠣᠯ ᠨᠢᠭᠡ ᠨᠢᠭᠡ ᠪᠠᠷ ᠬᠢᠵᠦ ᠪᠠᠶᠢᠮᠠᠨ ᠪᠦᠲᠦᠭᠡᠳᠡᠭ᠃             ︽︿ᠪᠣᠳᠠᠲᠠᠢ﹀ ᠪᠠᠶᠢᠬᠤ ᠶᠢ ᠲᠤᠪᠤᠶᠢᠯᠭᠠᠬᠤ ᠬᠡᠷᠡᠭᠲᠡᠢ︾᠂ ︽ᠪᠣᠳᠠᠲᠠᠢ ᠪᠠᠶᠢᠳᠠᠯ ᠢ ᠪᠠᠶᠢᠴᠠᠭᠠᠵᠤ᠂ ᠪᠣᠳᠠᠲᠠᠢ ᠠᠷᠭ᠎ᠠ ᠬᠡᠮᠵᠢᠶ᠎ᠡ ᠭᠠᠷᠭᠠᠨ᠂ ᠪᠣᠳᠠᠲᠠᠢ ᠬᠢᠬᠦ ᠶᠢ ᠴᠢᠬᠤᠯᠠᠴᠢᠯᠠᠵᠤ᠂ ᠪᠣᠳᠠᠲᠠᠢ ᠵᠢᠳᠬᠦᠯ ᠴᠢᠷᠮᠠᠶᠢᠯᠭ᠎ᠠ ᠶᠢ ᠡᠷᠭᠢᠮᠯᠡᠭᠦ ᠬᠡᠷᠡᠭᠲᠡᠢ︾᠂ ︽ᠬᠡᠯᠡᠪᠡᠯ ᠳᠠᠷᠤᠢ ᠬᠢᠵᠦ᠂ ᠳᠠᠷᠤᠶᠢᠬᠠᠨ ᠬᠢᠬᠦ ᠬᠡᠷᠡᠭᠲᠡᠢ︾᠂ ︽ᠶᠠᠭᠠᠬᠢᠭᠰᠠᠨ ᠴᠤ ᠯᠠᠷᠵᠢᠶ᠎ᠠ ᠶᠠᠩᠪᠠ ᠲᠠᠲᠠᠬᠤ ᠦᠭᠡᠢ ᠪᠠᠶᠢᠵᠤ᠂ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠨ᠂ ᠨᠠᠷᠢᠯᠢᠭ ᠬᠢᠬᠦ ᠬᠡᠷᠡᠭᠲᠡᠢ︾ ᠁ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠢᠳᠡ ᠬᠦᠴᠦᠲᠡᠢ ᠦᠭᠡ ᠶᠠᠷᠢᠶ᠎ᠠ ᠨᠢ ᠪᠣᠳᠠᠲᠠᠢ ᠠᠵᠢᠯᠯᠠᠵᠤ ᠰᠢᠨ᠎ᠡ ᠠᠮᠵᠢᠯᠲᠠ ᠪᠦᠲᠦᠮᠵᠢ ᠡᠭᠦᠳᠭᠦ᠂ ᠪᠣᠳᠠᠲᠠᠢ ᠠᠵᠢᠯᠯᠠᠬᠤ ᠳᠤ ᠲᠦᠰᠢᠭᠯᠡᠨ ᠰᠢᠨ᠎ᠡ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠡᠷᠡᠰ ᠪᠠᠲᠤ ᠵᠣᠷᠢᠭ ᠢ ᠳᠠᠮᠵᠢᠭᠤᠯᠪᠠ᠃            ᠦᠨᠡᠨ ᠬᠦ ᠬᠠᠲᠠᠭᠤ ᠲᠠᠢ ᠨᠢ ᠬᠠᠯᠳᠠᠵᠤ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠥᠷᠨᠢᠭᠦᠯᠦᠨ᠂ ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠬᠠᠲᠠᠭᠤ ᠴᠢᠩᠭ᠎ᠠ ᠪᠠᠷ ᠠᠬᠢᠭᠤᠯᠵᠤ᠂ ᠵᠥᠪ ᠲᠠᠯ᠎ᠠ ᠶᠢᠨ ᠳᠦᠷᠢ ᠲᠥᠷᠬᠦ ᠶᠢ ᠪᠦᠭᠦ ᠬᠦᠴᠦᠨ ᠢᠶᠠᠷ ᠢᠶᠠᠨ ᠱᠤᠭᠤᠪᠠ ᠁ ᠥᠪᠥᠷ ᠮᠣᠩᠭᠤᠯ ᠤᠷᠢᠳ ᠡᠮᠦᠨ᠎ᠡ ᠪᠠᠶᠢᠭ᠎ᠠ ᠦᠭᠡᠢ ᠡᠷᠡᠰ ᠵᠣᠷᠢᠭ᠂ ᠠᠷᠭ᠎ᠠ ᠬᠡᠮᠵᠢᠶ᠎ᠡ ᠪᠠ ᠡᠷᠴᠢᠮ ᠢᠶᠠᠷ ᠦᠷ᠎ᠡ ᠬᠤᠶᠢᠴᠢᠰ ᠤᠨ ᠢᠶᠠᠨ ᠲᠥᠯᠥᠭᠡ᠂ ᠠᠯᠤᠰ ᠭᠡᠲᠦ ᠶᠢᠨ ᠬᠥᠭᠵᠢᠯᠲᠡ ᠶᠢᠨ ᠲᠥᠯᠥᠭᠡ ᠪᠣᠳᠣᠯᠬᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ ᠪᠠᠶᠢᠨ᠎ᠠ᠃             ︽ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ 12 ᠵᠤᠷᠪᠤᠰ ᠠᠷᠭ᠎ᠠ ᠬᠡᠮᠵᠢᠶ᠎ᠡ︾᠂ ︽ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠵᠢᠯ ᠢ ᠴᠢᠨᠠᠭᠰᠢᠳᠠ ᠠᠬᠢᠭᠤᠯᠬᠤ ᠰᠠᠨᠠᠯ︾᠎ ᠢ ᠲᠣᠭᠲᠠᠭᠠᠨ ᠨᠡᠶᠢᠲᠡᠯᠡᠵᠦ᠂ 100 ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾᠎ ᠢ ᠰᠢᠯᠭᠠᠷᠠᠭᠤᠯᠤᠨ ᠨᠡᠷᠡᠶᠢᠳᠪᠡ ᠁ ᠠᠯᠢ ᠤᠯᠠᠨ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠲᠤᠬ ᠲᠡᠮᠳᠡᠭ ᠲᠣᠳᠣᠷᠬᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠤᠳᠤᠷᠢᠳᠤᠮᠵᠢ ᠶᠢ ᠪᠤᠢ ᠪᠤᠯᠭᠠᠵᠤ᠂ ᠠᠵᠢᠯ ᠬᠢᠵᠦ ᠦᠢᠯᠡᠰ ᠪᠣᠰᠬᠠᠬᠤ ᠥᠳᠬᠡᠨ ᠵᠤᠵᠠᠭᠠᠨ ᠠᠭᠤᠷ ᠠᠮᠢᠰᠬᠤᠯ ᠢ ᠴᠢᠩᠭ᠎ᠠ ᠬᠦᠴᠦᠲᠡᠢ ᠮᠥᠷᠲᠡᠭᠡᠨ ᠪᠦᠲᠦᠮᠵᠢᠲᠡᠢ ᠪᠤᠢ ᠪᠤᠯᠭᠠᠵᠤ ᠪᠠᠶᠢᠨ᠎ᠠ᠃             ︽ᠨᠢᠭᠡ ᠴᠠᠭ ᠦᠶ᠎ᠡ ᠳᠤ ᠨᠢᠭᠡ ᠴᠠᠭ ᠦᠶ᠎ᠡ ᠶᠢᠨ ᠭᠤᠣᠯ ᠰᠡᠳᠦᠪ ᠪᠤᠢ᠂ ᠨᠢᠭᠡ ᠦᠶ᠎ᠡ ᠶᠢᠨ ᠬᠥᠮᠥᠰ ᠲᠤ ᠨᠢᠭᠡ ᠦᠶ᠎ᠡ ᠶᠢᠨ ᠬᠥᠮᠥᠰ ᠤᠨ ᠡᠭᠦᠷᠭᠡ ᠬᠠᠷᠢᠭᠤᠴᠠᠯᠭ᠎ᠠ ᠪᠤᠢ︾᠃ ᠭᠤᠣᠯ ᠰᠡᠳᠦᠪ ᠪᠣᠯᠣᠨ ᠡᠭᠦᠷᠭᠡ ᠬᠠᠷᠢᠭᠤᠴᠠᠯᠭ᠎ᠠ ᠳᠤ ᠬᠤᠪᠢᠷᠠᠯᠲᠠ ᠭᠠᠷᠤᠭᠰᠠᠨ ᠴᠤ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠵᠣᠷᠢᠭ ᠰᠠᠨᠠᠭ᠎ᠠ ᠬᠤᠪᠢᠷᠠᠰᠢ ᠦᠭᠡᠢ ᠶᠤᠮ᠃            ᠰᠢᠨ᠎ᠡ ᠠᠶᠠᠨ ᠳᠤ ᠮᠣᠷᠳᠠᠬᠤ ᠳᠤ ᠵᠠᠪᠠᠯ ᠬᠠᠷᠢᠭᠤᠴᠠᠯᠭ᠎ᠠ ᠲᠠᠢ ᠪᠠᠶᠢᠬᠤ ᠬᠡᠷᠡᠭᠲᠡᠢ᠃ ᠣᠮᠤᠭ ᠲᠡᠭᠦᠯᠳᠡᠷ ᠢᠶᠠᠷ ᠠᠶᠠᠨ ᠳᠠᠭᠠᠨ ᠮᠣᠷᠳᠠᠬᠤ ᠳᠤ ︽ᠵᠠᠩᠭᠢᠯᠠᠭ᠎ᠠ ᠶᠢᠨ ᠴᠥᠭᠡᠨ ᠲᠣᠭᠠᠲᠠᠨ︾᠎ ᠤ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠪᠠᠯ ᠵᠣᠬᠢᠨ᠎ᠠ᠃ ᠥᠷᠭᠡᠨ ᠤᠯᠠᠨ ᠤᠳᠤᠷᠢᠳᠬᠤ ᠺᠠᠳ᠋ᠷ ᠬᠠᠷᠢᠭᠤᠴᠠᠯᠭᠠᠲᠤ ᠤᠬᠠᠮᠰᠠᠷ᠂ ᠳᠠᠩᠰᠠ ᠮᠡᠳᠡᠭᠦᠯᠭᠦ ᠤᠬᠠᠮᠰᠠᠷ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠢᠯᠡᠭᠦᠬᠡᠨ ᠰᠢᠷᠭᠠᠭᠤ ᠬᠠᠲᠠᠭᠤᠵᠢᠯᠲᠠᠢ ᠠᠵᠢᠯᠯᠠᠨ᠂ ᠢᠯᠡᠭᠦᠬᠡᠨ ᠪᠡᠶ᠎ᠡ ᠪᠠᠷ ᠢᠶᠠᠨ ᠬᠢᠵᠦ᠂ ᠬᠠᠮᠤᠭ ᠤᠨ ᠬᠦᠨᠳᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠨ᠂ ᠬᠠᠮᠤᠭ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠠᠮᠤᠭ ᠤᠨ ᠨᠠᠷᠢᠨ ᠪᠤᠳᠤᠯᠢᠶᠠᠨᠲᠠᠢ ᠲᠡᠮᠡᠴᠡᠯ ᠳᠤ ᠰᠢᠭᠤᠳ ᠬᠠᠨᠳᠤᠵᠤ᠂ ᠵᠠᠪᠠᠯ ᠬᠢᠬᠦ ᠵᠠᠪᠠᠯ ᠪᠣᠳᠠᠲᠠᠢ ᠪᠠᠶᠢᠬᠤ ᠵᠠᠪᠠᠯ ᠲᠦᠷᠦᠭᠦᠯᠡᠬᠦ ᠰᠢᠨ᠎ᠡ ᠳᠦᠷᠰᠦ ᠪᠠᠶᠢᠳᠠᠯ᠂ ᠴᠢᠳᠠᠮᠠᠭᠠᠢ ᠲᠥᠯᠥᠪᠵᠢᠭᠦᠯᠵᠦ ᠴᠢᠳᠠᠮᠠᠭᠠᠢ ᠬᠢᠵᠦ ᠴᠢᠳᠠᠮᠠᠭᠠᠢ ᠪᠦᠲᠦᠭᠡᠬᠦ ᠰᠢᠨ᠎ᠡ ᠳᠦᠷᠢ ᠪᠠᠶᠢᠳᠠᠯ ᠢᠶᠠᠷ ᠡᠷᠡᠮᠡᠬᠡᠶᠢᠯᠡᠨ ᠤᠷᠤᠭᠰᠢᠯᠠᠬᠤ ᠬᠡᠷᠡᠭᠲᠡᠢ᠃            ᠦᠢᠯᠡᠰ ᠪᠣᠰᠬᠠᠵᠤ ᠦᠢᠯᠡᠰ ᠢᠶᠠᠨ ᠮᠠᠨᠳᠤᠭᠤᠯᠬᠤ ᠳᠤ ᠭᠤᠣᠯᠳᠠᠯᠭ᠎ᠠ ᠨᠢ ᠪᠣᠳᠠᠲᠠᠢ ᠠᠵᠢᠯᠯᠠᠬᠤ ᠳᠤ ᠪᠤᠢ᠃ ᠣᠮᠤᠭ ᠲᠡᠭᠦᠯᠳᠡᠷ ᠢᠶᠠᠷ ᠠᠤᠭ᠎ᠠ ᠠᠶᠠᠨ ᠳᠠᠭᠠᠨ ᠮᠣᠷᠳᠠᠬᠤ ᠳᠤ᠂ ᠬᠦᠴᠢᠷ ᠪᠡᠷᠬᠡᠰᠢᠶᠡᠯ ᠠᠴᠠ ᠵᠠᠶᠢᠯᠠᠬᠤ ᠦᠭᠡᠢ᠂ ᠬᠠᠷᠢᠭᠤᠴᠠᠯᠭ᠎ᠠ ᠠᠴᠠ ᠵᠠᠶᠢᠯᠠᠬᠤ ᠦᠭᠡᠢ᠂ ᠵᠣᠷᠢᠭᠲᠠᠢ ᠪᠠᠷ ᠠᠵᠢᠯᠯᠠᠵᠤ᠂ ᠡᠷᠡᠰ ᠰᠢᠭᠤᠷᠬᠠᠢ ᠪᠠᠷ ᠠᠵᠢᠯᠯᠠᠪᠠᠯ ᠵᠣᠬᠢᠨ᠎ᠠ᠃ ᠨᠠᠮ ᠪᠠ ᠠᠷᠠᠳ ᠲᠦᠮᠡᠨ ᠳᠤ ᠠᠰᠢᠭᠲᠠᠢ ᠶᠠᠪᠤᠳᠠᠯ ᠪᠦᠭᠦᠨ ᠢ ᠬᠡᠯᠡᠪᠡᠯ ᠳᠠᠷᠤᠢ ᠬᠢᠵᠦ᠂ ᠴᠢᠩᠭ᠎ᠠ ᠠᠳᠬᠤᠨ ᠱᠠᠯᠠᠪᠳᠠᠭᠤᠯᠤᠨ ᠬᠢᠵᠦ᠂ ᠬᠢᠪᠡᠯ ᠰᠠᠶᠢᠨ ᠬᠢᠵᠦ᠂ ᠠᠯᠵᠠᠭᠤᠷᠠᠨ ᠬᠤᠶᠢᠷᠭᠤᠰᠢᠵᠤ ᠤᠳᠠᠭᠠᠰᠢᠷᠠᠭᠤᠯᠵᠤ ᠪᠤᠯᠬᠤ ᠦᠭᠡᠢ᠂ ᠬᠠᠰᠢ ᠶᠠᠰᠢ ᠠᠷᠭᠠᠴᠠᠭᠠᠵᠤ ᠬᠥᠩᠭᠡᠨ ᠬᠠᠭᠤᠮᠠᠭᠠᠢ ᠪᠠᠶᠢᠵᠤ ᠪᠤᠯᠬᠤ ᠦᠭᠡᠢ᠂ ᠡᠭᠦᠨ ᠠᠴᠠ ᠠᠶᠤᠲᠠᠯ᠎ᠠ ᠲᠡᠭᠦᠨ ᠠᠴᠠ ᠵᠢᠷᠦᠬᠡᠰᠢᠶᠡᠵᠦ᠂ ᠬᠠᠷᠢᠭᠤᠴᠠᠯᠭ᠎ᠠ ᠪᠠᠨ ᠲᠦᠯᠬᠢᠵᠦ ᠪᠤᠯᠬᠤ ᠦᠭᠡᠢ᠃ ᠦᠨᠡᠨ ᠪᠣᠳᠠᠲᠠᠢ ᠎ ᠪᠠᠷ ᠠᠵᠢᠯ ᠶᠠᠪᠤᠳᠠᠯ ᠢ ᠪᠣᠳᠣᠯᠬᠢᠯᠠᠨ ᠠᠵᠢᠯ ᠶᠠᠪᠤᠳᠠᠯ ᠬᠢᠵᠦ᠂ ᠶᠡᠭᠡ ᠦᠭᠡ ᠭᠡᠯᠡᠭᠦ ᠦᠭᠡᠢ᠂ ᠬᠤᠭᠤᠰᠤᠨ ᠣᠪᠣᠷ ᠢᠶᠠᠨ ᠢᠯᠡᠳᠬᠡᠬᠦ ᠦᠭᠡᠢ᠂ ᠬᠤᠭᠤᠰᠤᠨ ᠭᠠᠪᠢᠶ᠎ᠠ ᠶᠢ ᠬᠥᠭᠡᠭᠡᠴᠡᠯᠳᠦᠬᠦ ᠦᠭᠡᠢ᠂ ᠬᠤᠭᠤᠰᠤᠨ ᠨᠡᠷ᠎ᠡ ᠶᠢ ᠬᠥᠭᠡᠭᠡᠴᠡᠯᠳᠦᠬᠦ ᠦᠭᠡᠢ ᠪᠠᠶᠢᠪᠠᠯ᠂ ᠣᠳᠣᠬᠢᠴᠢᠯᠠᠯᠲᠠ ᠶᠢᠨ ᠰᠦᠷᠯᠢᠭ ᠰᠠᠶᠢᠬᠠᠨ ᠦᠵᠡᠮᠵᠢ ᠰᠠᠶ᠋ᠢ ᠰᠠᠶᠢᠨ ᠰᠠᠶᠢᠬᠠᠨ ᠪᠣᠳᠠᠲᠤ ᠠᠬᠤᠢ ᠪᠣᠯᠵᠤ ᠴᠢᠳᠠᠨ᠎ᠠ᠃            ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠳᠤ ᠲᠡᠮᠡᠴᠡᠯ ᠱᠠᠭᠠᠷᠳᠠᠭᠳᠠᠨ᠎ᠠ᠃ ᠣᠮᠤᠭ ᠲᠡᠭᠦᠯᠳᠡᠷ ᠢᠶᠠᠷ ᠠᠤᠭ᠎ᠠ ᠠᠶᠠᠨ ᠳᠠᠭᠠᠨ ᠮᠣᠷᠳᠠᠬᠤ ᠳᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠦᠷᠭᠦᠯᠵᠢᠯᠡᠨ ᠲᠡᠮᠡᠴᠡᠪᠡᠯ ᠵᠣᠬᠢᠨ᠎ᠠ᠃ ᠲᠠ ᠦᠢᠯᠡᠳᠪᠦᠷᠢ ᠶᠢᠨ ᠲᠠᠰᠤᠭ ᠤᠨ ᠨᠢᠭᠡᠳᠦᠭᠡᠷ ᠹᠷᠣᠨᠲ ᠤᠨ ᠠᠵᠢᠯᠴᠢᠨ ᠪᠠᠶᠢᠵᠤ ᠮᠡᠳᠡᠨ᠎ᠡ᠂ ᠲᠠ ᠮᠠᠯ ᠲᠠᠷᠢᠶᠠᠨ ᠤ ᠠᠵᠢᠯ ᠳᠤ ᠰᠢᠭᠤᠳᠤᠭᠰᠠᠨ ᠮᠠᠯᠴᠢᠨ ᠲᠠᠷᠢᠶᠠᠴᠢᠨ ᠪᠠᠶᠢᠵᠤ ᠮᠡᠳᠡᠨ᠎ᠡ᠂ ᠲᠠ ᠥᠨᠳᠥᠷ ᠠᠰᠠᠷ ᠲᠤ ᠠᠯᠪᠠᠯᠠᠵᠤ ᠪᠠᠶᠢᠭ᠎ᠠ ᠠᠵᠢᠯᠲᠠᠨ ᠪᠠᠶᠢᠵᠤ ᠮᠡᠳᠡᠨ᠎ᠡ᠂ ᠲᠠ ᠬᠦᠰᠡᠯ ᠳᠡᠭᠡᠨ ᠲᠡᠮᠡᠦᠯᠵᠦ ᠪᠠᠶᠢᠭ᠎ᠠ ᠦᠢᠯᠡᠰ ᠪᠦᠲᠦᠭᠡᠭᠴᠢ ᠪᠠᠶᠢᠵᠤ ᠮᠡᠳᠡᠨ᠎ᠡ ᠁ ᠵᠠᠪᠠᠯ ᠡᠷᠴᠢ ᠵᠣᠷᠢᠭ᠂ ᠭᠠᠪᠰᠢᠭᠠᠢ ᠵᠣᠷᠢᠭ᠂ ᠬᠠᠲᠠᠨ ᠵᠣᠷᠢᠭ ᠭᠠᠷᠭᠠᠵᠤ᠂ ᠥᠪᠡᠷ ᠤᠨ ᠤᠷᠤᠯᠳᠤᠭᠠᠨ ᠤ ᠵᠠᠮ ᠳᠡᠭᠡᠷ᠎ᠡ ᠪᠠᠨ ᠵᠣᠷᠢᠭ ᠢᠶᠠᠨ ᠬᠥᠪᠴᠢᠯᠡᠨ ᠴᠥᠬᠦᠷᠡᠰᠢ ᠦᠭᠡᠢ ᠴᠢᠷᠮᠠᠶᠢᠬᠤ ᠴᠢᠬᠤᠯᠠᠲᠠᠢ᠃ ᠪᠣᠳᠠᠲᠠᠢ ᠶᠢ ᠡᠷᠬᠢᠮᠯᠡᠭᠰᠡᠨ ᠴᠢᠷᠮᠠᠶᠢᠯᠭ᠎ᠠ ᠨᠢᠭᠡ ᠪᠦᠷᠢ᠂ ᠤᠷᠤᠭᠰᠢ ᠲᠡᠮᠡᠤᠯᠭᠦ ᠠᠯᠬᠤᠭ᠎ᠠ ᠨᠢᠭᠡ ᠪᠦᠷᠢ᠂ ᠤᠷᠤᠭᠰᠢᠯᠠᠵᠤ ᠪᠠᠶᠢᠭ᠎ᠠ ᠪᠢᠳᠠ ᠪᠦᠭᠦᠨ ᠴᠥᠮ ᠥᠪᠥᠷ ᠮᠣᠩᠭᠤᠯ ᠤᠨ ᠥᠭᠡᠳᠡᠯᠡᠨ ᠳᠠᠪᠰᠢᠬᠤ ᠢᠲᠡᠭᠡᠯ ᠵᠣᠷᠢᠭ ᠪᠠ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠪᠤᠯᠬᠤ ᠶᠤᠮ᠃            ᠢᠯᠠᠯᠲᠠ ᠬᠤᠯᠠ ᠪᠠᠶᠢᠬᠤ ᠪᠢᠰᠢ᠂ ᠮᠠᠨ ᠤ ᠥᠯᠮᠡᠢ ᠳᠣᠣᠷ᠎ᠠ ᠪᠠᠶᠢᠨ᠎ᠠ; ᠬᠦᠴᠦᠨ ᠴᠢᠳᠠᠯ ᠥᠭᠡᠷ᠎ᠡ ᠭᠠᠵᠠᠷ ᠎ ᠲᠤ ᠪᠠᠶᠢᠬᠤ ᠪᠢᠰᠢ᠂ ᠮᠠᠨ ᠤ ᠰᠡᠳᠬᠢᠯ ᠳᠤ ᠪᠠᠶᠢᠨ᠎ᠠ᠃ ᠰᠢᠯᠭᠠᠯᠲᠠ ᠳᠤ ᠣᠷᠤᠯᠴᠠᠬᠤ ᠪᠠᠶᠢᠳᠠᠯ ᠪᠣᠯᠣᠨ ᠲᠡᠮᠡᠴᠡᠯ ᠤᠨ ᠳᠦᠷᠰᠦ ᠪᠠᠶᠢᠳᠠᠯ ᠢᠶᠠᠨ ᠢᠮᠠᠭᠲᠠ ᠪᠠᠲᠤᠯᠠᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠨ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠨ ᠴᠢᠷᠮᠠᠶᠢᠨ ᠲᠡᠮᠡᠴᠡᠳᠡᠭ ᠯᠡ ᠶᠤᠮ ᠪᠣᠯ᠂ ᠥᠪᠥᠷ ᠮᠣᠩᠭᠤᠯ ᠤᠨ ᠢᠷᠡᠭᠡᠳᠦᠢ ᠯᠠᠪᠲᠠᠢ ᠨᠡᠩ ᠰᠠᠶᠢᠨ ᠰᠠᠶᠢᠬᠠᠨ ᠪᠣᠯᠵᠤ᠂ ᠥᠪᠥᠷ ᠮᠣᠩᠭᠤᠯ ᠤᠨ ᠢᠷᠡᠭᠡᠳᠦᠢ ᠯᠠᠪᠲᠠᠢ ᠨᠡᠩ ᠭᠡᠭᠡᠨ ᠰᠠᠷᠠᠭᠤᠯ ᠪᠤᠯᠬᠤ ᠶᠤᠮ᠃             ︵ᠳᠤᠯᠤᠭ᠎ᠠ︶ ︽ᠪᠢᠳᠡᠨ ᠤ ᠰᠡᠳᠬᠢᠯ ᠵᠢᠷᠦᠬᠡᠨ ᠳᠤ ᠬᠦᠰᠡᠯ ᠡᠷᠡᠮᠡᠯᠵᠡᠯ ᠪᠢᠯᠬᠠᠵᠤ᠂ ᠪᠢᠳᠡᠨ ᠤ ᠤᠷᠤᠭᠰᠢᠯᠠᠯᠲᠠ ᠶᠢᠨ ᠵᠠᠮ ᠭᠡᠭᠡᠨ ᠰᠠᠷᠠᠭᠤᠯ︾᠂ ︽ᠪᠢᠳᠡ ᠥᠨᠥᠳᠥᠷ ᠠᠴᠠ ᠮᠣᠷᠳᠠᠨ ᠢᠷᠡᠭᠡᠳᠦᠢ ᠲᠡᠶᠢᠰᠢ ᠤᠷᠤᠭᠰᠢᠯᠠᠵᠤ᠂ ᠪᠢᠳᠡ ᠡᠳᠦᠷ ᠪᠦᠷᠢ ᠶᠢ ᠰᠢᠨ᠎ᠡ ᠭᠠᠷᠤᠭ᠎ᠠ ᠪᠣᠯᠭᠠᠨ ᠠᠬᠢᠨ ᠤᠷᠤᠭᠰᠢᠯᠠᠶ᠎ᠠ︾᠃                        ᠡᠷᠡᠯᠬᠡᠭ ᠵᠣᠷᠢᠭ ᠢᠶᠠᠷ ᠵᠢᠭᠦᠷ ᠬᠢᠵᠦ ᠭᠦᠨ ᠣᠭᠲᠠᠷᠭᠤᠢ ᠪᠠᠷ ᠳᠡᠭᠦᠯᠢᠨ ᠨᠢᠰᠦᠨᠡᠮ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠪᠠᠷ ᠰᠢᠨ᠎ᠡ ᠭᠠᠷᠤᠭ᠎ᠠ ᠪᠤᠯᠭᠠᠵᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠴᠤᠴᠠᠯᠲᠠ ᠦᠭᠡᠢ ᠤᠷᠤᠭᠰᠢᠯᠠᠵᠤ᠂ ᠡᠴᠦᠰ ᠲᠤᠨᠢ ᠲᠤᠯᠲᠠᠯ᠎ᠠ ᠬᠢᠵᠦ᠂ ᠥᠨᠥᠳᠥᠷ ᠤᠨ ᠡᠭᠦᠷᠭᠡ ᠬᠠᠷᠢᠭᠤᠴᠠᠯᠭ᠎ᠠ ᠳᠠᠭᠠᠨ ᠣᠰᠣᠯᠳᠠᠬᠤ ᠦᠭᠡᠢ᠂ ᠮᠠᠷᠭᠠᠰᠢ ᠶᠢᠨ ᠠᠭᠤᠤ ᠶᠡᠭᠡ ᠬᠦᠰᠡᠯ ᠵᠡᠭᠦᠳᠦ ᠪᠠᠨ ᠬᠥᠰᠡᠷᠳᠡᠭᠦᠯᠬᠦ ᠦᠭᠡᠢ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠭᠠᠨ ᠨᠡᠩ ᠠᠭᠤᠤ ᠶᠡᠭᠡ ᠢᠯᠠᠯᠲᠠ ᠪᠠ ᠢᠷᠠᠭᠤ ᠠᠯᠳᠠᠷ ᠢ ᠲᠡᠮᠡᠴᠡᠨ ᠣᠯᠰᠤᠭᠠᠢ᠃            ᠳᠠᠷᠪᠠᠭᠤᠯ ᠬᠡᠶᠢᠰᠬᠡᠨ ᠠᠶᠠᠨ ᠳᠠᠭᠠᠨ ᠠᠬᠢᠨ ᠮᠣᠷᠳᠠᠵᠤ᠂ ᠡᠬᠡ ᠤᠯᠤᠰ ᠤᠨ ᠤᠮᠠᠷᠠᠲᠤ ᠶᠢᠨ ᠰᠢᠨ᠎ᠡ ᠳᠦᠷᠰᠦ ᠪᠠᠶᠢᠳᠠᠯ ᠢ ᠲᠠᠭᠢᠨ ᠪᠤᠢ ᠪᠣᠯᠭᠠᠰᠤᠭᠠᠢ︕
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号