ᠲᠣᠭᠠᠨ ᠤ ᠳᠠᠪᠠᠭᠤᠯᠢᠭ ᠠᠴᠠ ᠴᠢᠨᠠᠷ ᠤᠨ ᠳᠠᠪᠠᠭᠤᠯᠢᠭ ᠭᠦᠷᠳᠡᠯ᠎ᠠ — ᠨᠠᠮ  ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠥᠪᠥᠷ ᠮᠣᠩᠭᠤᠯ  ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠬᠦᠦᠷᠨᠢᠯ
ᠨᠡᠶᠢᠲᠡᠯᠡᠭᠰᠡᠨ ᠴᠠᠭ᠄
2022/10/17
                 ᠵᠣᠬᠢᠶᠠᠭᠴᠢ᠄ ᠡᠷᠳᠡᠨᠢᠬᠤᠸᠠᠷ                  ᠤᠳᠤ ᠮᠠᠨ ᠤ ᠣᠷᠣᠨ ᠳᠤ ᠦᠢᠯᠡᠳᠬᠦᠨ ᠤ ᠦᠷᠳᠡᠭ ᠨᠢ 500 ᠳ᠋ᠦᠩᠰᠢᠭᠤᠷ ᠲᠥᠭᠦᠷᠢᠭ ᠢ ᠳᠠᠪᠠᠭᠰᠠᠨ 10 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠢ ᠪᠣᠯᠵᠤ᠂ ᠤᠳᠤᠭ ᠠᠵᠤ ᠠᠬᠤᠢ ᠶᠢᠨ ᠨᠡᠭᠡᠭᠡᠯᠲᠡ ᠶᠢᠨ ᠣᠷᠣᠨ ᠪᠣᠯᠣᠨ ᠦᠬᠠᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ 1000 ᠳ᠋ᠦᠩᠰᠢᠭᠤᠷ ᠲᠥᠭᠦᠷᠢᠭ ᠢ ᠳᠠᠪᠠᠵᠤ᠂ ᠮᠠᠨ ᠤ ᠣᠷᠣᠨ ᠳᠤ ᠮᠢᠩᠭᠠᠨ ᠳ᠋ᠦᠩᠰᠢᠭᠤᠷ ᠢ ᠳᠠᠪᠠᠭᠰᠠᠨ ᠬᠦᠷᠢᠶᠡᠯᠡᠩ ᠲᠣᠭᠤᠷᠢᠭ ᠪᠠᠶᠢᠭᠰᠠᠨ ᠦᠭᠡᠢ ᠬᠤᠭᠤᠰᠤᠨ ᠢ ᠨᠥᠬᠦᠪᠦᠷᠢᠯᠡᠪᠡ᠃            ᠣᠷᠳᠣᠰ ᠬᠤᠳᠠ ᠳᠡᠯᠡᠬᠡᠢ ᠳᠡᠭᠡᠷᠡᠬᠢ ᠬᠠᠮᠤᠭ ᠤᠨ ᠲᠣᠮᠣ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠢ ᠪᠠᠶᠢᠭᠤᠯᠵᠤ᠂ ᠨᠡᠭᠦᠷᠡᠰᠦ ᠶᠢ ᠨᠠᠷᠢᠯᠢᠭ ᠡᠳ᠋ᠰᠢᠭᠦᠯᠭᠦ ᠠᠵᠤ ᠦᠢᠯᠡᠰ ᠤᠨ ᠬᠡᠯᠬᠢᠶ᠎ᠡ ᠪᠣᠯᠣᠨ ᠨᠡᠭᠦᠷᠡᠰᠦ ᠪᠠᠷ ᠰᠠᠭᠤᠷᠢ ᠪᠤᠯᠭᠠᠬᠰᠠᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠯᠬᠢᠶ᠎ᠡ ᠶᠢᠨ ᠲᠦᠪᠰᠢᠨ ᠢᠶᠠᠷ ᠪᠦᠭᠦ ᠳᠡᠯᠡᠬᠡᠢ ᠶᠢᠨ ᠡᠮᠦᠨ᠎ᠡ ᠡᠩᠨᠡᠭᠡᠨ ᠳᠤ ᠬᠤᠰᠢᠭᠤᠷᠠᠵᠤ ᠪᠠᠶᠢᠨ᠎ᠠ᠃            ᠪᠤᠭᠤᠲᠤ ᠬᠤᠳᠠ ᠳᠡᠯᠡᠬᠡᠢ ᠳᠡᠭᠡᠷᠡᠬᠢ ᠬᠠᠮᠤᠭ ᠤᠨ ᠲᠣᠮᠣ ᠬᠤᠪᠣᠷ ᠰᠢᠷᠣᠢ ᠶᠢᠨ ᠪᠣᠯᠣᠳ ᠵᠠᠮ ᠲᠡᠮᠦᠷ ᠤᠨ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠵᠤ᠂ ︽ᠨᠢᠭᠡ ᠪᠦᠰᠡ ᠨᠢᠭᠡ ᠵᠠᠮ︾ ᠳᠠᠭᠠᠤ 70 ᠭᠠᠷᠤᠢ ᠤᠯᠤᠰ ᠵᠢᠴᠢ ᠤᠯᠤᠰ ᠤᠨ ᠳᠣᠲᠣᠭᠠᠳᠤ ᠶᠢᠨ ᠬᠡᠳᠦᠨ ᠠᠷᠪᠠᠨ ᠵᠤᠷᠪᠤᠰ ᠲᠡᠮᠦᠷ ᠵᠠᠮ ᠳᠤ ᠴᠥᠮ ︽ᠪᠤᠭᠤᠲᠤ ᠶᠢᠨ ᠪᠣᠯᠣᠳ ᠲᠡᠮᠦᠷ ᠤᠨ ᠦᠢᠯᠡᠳᠬᠡᠯ︾᠎ ᠢ ᠬᠡᠷᠡᠭᠯᠡᠪᠡ᠃            ᠁            ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ︽ᠬᠤᠶᠠᠷ ᠰᠠᠭᠤᠷᠢᠨ︾᠎ ᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠨᠥᠭᠡᠴᠡ ᠬᠡᠮᠵᠢᠶ᠎ᠡ ᠪᠠᠨ ᠵᠣᠬᠢᠴᠠᠭᠤᠯᠬᠤ᠂ ᠨᠡᠮᠡᠭᠳᠡᠯ ᠬᠡᠮᠵᠢᠶ᠎ᠡ ᠶᠢ ᠰᠢᠯᠢᠳᠡᠭᠵᠢᠭᠦᠯᠬᠦ᠂ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠬᠦ ᠶᠢ ᠵᠡᠷᠭᠡ ᠪᠠᠷ ᠠᠳᠬᠤᠵᠤ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠭᠦ ᠶᠢ ᠲᠦᠷᠭᠡᠳᠬᠡᠨ᠂ ᠰᠢᠨ᠎ᠡ ᠠᠵᠤ ᠦᠢᠯᠡᠰ ᠰᠢᠨ᠎ᠡ ᠬᠥᠳᠡᠯᠭᠡᠭᠦ ᠡᠨᠧᠷᠭᠢ ᠶᠢ ᠲᠦᠷᠭᠡᠳᠬᠡᠨ ᠪᠣᠶᠢᠵᠢᠭᠤᠯᠵᠤ᠂ ᠪᠦᠭᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠳᠤ ᠠᠯᠢ ᠤᠯᠠᠨ ᠰᠢᠨ᠎ᠡ ᠳᠠᠪᠠᠯᠲᠠ ᠶᠢ ᠪᠡᠶᠡᠯᠡᠭᠦᠯᠵᠡᠢ᠃            ᠪᠦᠭᠦ ᠳᠡᠯᠡᠬᠡᠢ ᠶᠢᠨ 90%᠎ ᠶᠢᠨ ᠬᠤᠪᠣᠷ ᠰᠢᠷᠣᠢ ᠪᠤᠭᠤᠲᠤ ᠬᠤᠳᠠ ᠳᠤ ᠪᠤᠢ᠃ ᠬᠤᠪᠣᠷ ᠰᠢᠷᠣᠢ ᠨᠢ ᠡᠯᠪᠡᠭ ᠪᠠᠶᠠᠯᠢᠭ ᠭᠡᠷᠡᠯ ᠤᠨ ᠤᠬᠠᠭᠠᠨ᠂ ᠴᠠᠭᠢᠯᠭᠠᠨ ᠤ ᠤᠬᠠᠭᠠᠨ ᠪᠠ ᠰᠣᠷᠢᠨᠵᠢᠨ ᠤ ᠤᠬᠠᠭᠠᠨ ᠤ ᠰᠢᠨᠵᠢ ᠴᠢᠨᠠᠷ ᠎ ᠲᠠᠢ ᠪᠠᠶᠢᠵᠤ᠂ ᠮᠠᠨ ᠤ ᠡᠳᠦᠷ ᠲᠤᠳᠤᠮ ᠤᠨ ᠬᠡᠷᠡᠭᠯᠡᠳᠡᠭ ᠺᠤᠮᠫᠢᠦ᠋ᠲ᠋ᠧᠷ᠂ ᠭᠠᠷ ᠤᠲᠠᠰᠤ᠂ ᠨᠢᠳᠦᠨ ᠰᠢᠯ᠂ ᠡᠨᠧᠷᠭᠢ ᠠᠷᠪᠢᠯᠠᠬᠤ ᠳ᠋ᠧᠩ ᠠᠴᠠ ᠡᠬᠢᠯᠡᠭᠡᠳ ᠳᠠᠭᠠᠭᠤᠯᠢ ᠤᠳᠤ᠂ ᠵᠠᠯᠠᠭᠤᠷᠲᠤ ᠰᠤᠮᠤ᠂ ᠱᠤᠩᠭᠤᠯ ᠣᠩᠭᠤᠴᠠ ᠵᠡᠷᠭᠡ ᠶᠢ ᠦᠢᠯᠡᠳᠭᠦ ᠳᠤ ᠭᠦᠷᠳᠡᠯ᠎ᠠ ᠴᠥᠮ ᠬᠤᠪᠣᠷ ᠰᠢᠷᠣᠢ ᠶᠢ ᠬᠡᠷᠡᠭᠯᠡᠳᠡᠭ ᠶᠤᠮ᠃ ᠨᠢᠭᠡ ᠬᠡᠮᠵᠢᠶᠡᠨ᠎ᠡ ᠠᠪᠴᠤ ᠬᠡᠯᠡᠪᠡᠯ᠂ ᠬᠡᠷᠪᠡ ᠬᠤᠪᠣᠷ ᠰᠢᠷᠣᠢ ᠦᠭᠡᠢ ᠪᠣᠯ ᠤᠳᠤ ᠦᠶ᠎ᠡ ᠶᠢᠨ ᠠᠵᠤ ᠦᠢᠯᠡᠳᠪᠦᠷᠢ ᠶᠢᠨ ᠰᠢᠰᠲ᠋ᠧᠮ ᠳᠠᠮᠫᠤᠷᠠᠯ ᠳᠤ ᠤᠴᠠᠷᠠᠵᠤ ᠮᠡᠳᠡᠨ᠎ᠠ᠂ ᠭᠡᠬᠦ ᠳᠤ ᠮᠠᠨ ᠤ ᠣᠷᠣᠨ ᠨᠡᠯᠢᠶᠡᠳ ᠤᠷᠳᠤ ᠬᠤᠭᠤᠴᠠᠭᠠᠨ ᠳᠤ ᠡᠨᠡ ᠬᠦ ᠬᠤᠪᠣᠷ ᠨᠠᠨᠳᠢᠨ ᠬᠤᠪᠣᠷ ᠰᠢᠷᠣᠢ ᠪᠠᠨ ︽ᠡᠩ ᠤᠨ ᠰᠢᠷᠣᠢ︾᠎ ᠶᠢᠨ ᠦᠨ᠎ᠡ ᠪᠠᠷ ᠪᠣᠷᠣᠯᠠᠭᠤᠯᠵᠤ ᠪᠠᠶᠢᠭᠰᠠᠨ ᠨᠢ ᠦᠨᠡᠨ ᠶᠤᠮ᠃            ᠡᠨᠡ ᠬᠦ ᠪᠠᠶᠢᠳᠠᠯ 2012 ᠣᠨ ᠠᠴᠠ ᠡᠬᠢᠯᠡᠵᠦ ᠥᠭᠡᠷᠡᠴᠢᠯᠡᠭᠳᠡᠵᠡᠢ᠃ 2012 ᠣᠨ ᠳᠤ ᠪᠤᠭᠤᠲᠤ ᠶᠢᠨ ᠬᠤᠪᠣᠷ ᠰᠢᠷᠣᠢ ᠰᠤᠳᠤᠯᠬᠤ ᠬᠦᠷᠢᠶᠡᠯᠡᠩ ᠳᠤ ᠮᠠᠨ ᠤ ᠤᠯᠤᠰ ᠤᠨ ᠬᠠᠮᠤᠭ ᠤᠨ ᠶᠡᠭᠡ ᠬᠤᠪᠣᠷ ᠰᠢᠷᠣᠢ ᠶᠢᠨ ᠮᠠᠲ᠋ᠧᠷᠢᠶᠠᠯ ᠤᠨ ᠵᠠᠪᠰᠠᠷ ᠤᠨ ᠲᠤᠷᠰᠢᠯᠲᠠ ᠶᠢᠨ ᠰᠠᠭᠤᠷᠢᠨ ᠪᠠᠶᠢᠭᠤᠯᠤᠭᠳᠠᠵᠤ᠂ ᠬᠤᠪᠣᠷ ᠰᠢᠷᠣᠢ ᠶᠢᠨ ᠰᠤᠳᠤᠯᠭᠠᠨ ᠎ ᠤ ᠦᠷ᠎ᠡ ᠪᠦᠲᠦᠭᠡᠯ ᠳᠤ ᠠᠵᠤ ᠦᠢᠯᠡᠰᠵᠢᠯᠲᠡ ᠶᠢᠨ ᠲᠠᠪᠴᠠᠩ ᠲᠠᠢ ᠪᠣᠯᠪᠠ᠃ 2014 ᠣᠨ ᠳᠤ ᠲᠤᠰ ᠬᠦᠷᠢᠶᠡᠯᠡᠩ ᠤᠨ ᠠᠷᠪᠠᠨ ᠬᠥᠮᠥᠨ 1300 ᠭᠠᠷᠤᠢ ᠡᠳᠦᠷ ᠮᠠᠬᠠᠷᠠᠨ ᠵᠢᠳᠬᠦᠵᠦ᠂ 3000 ᠭᠠᠷᠤᠢ ᠤᠳᠠᠭ᠎ᠠ ᠶᠢᠨ ᠲᠤᠷᠰᠢᠯᠲᠠ ᠬᠢᠬᠦ ᠪᠠᠷ ᠳᠠᠮᠵᠢᠨ ᠬᠤᠪᠣᠷ ᠰᠢᠷᠣᠶᠢᠲᠤ ᠪᠣᠯᠣᠳ ᠢ 14 ᠤᠳᠠᠭ᠎ᠠ ᠵᠠᠯᠭᠠᠯᠳᠤᠭᠤᠯᠤᠨ ᠴᠢᠳᠬᠤᠬᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠢ ᠡᠴᠦᠰ ᠲᠡᠭᠡᠨ ᠪᠡᠶᠡᠯᠡᠭᠦᠯᠵᠦ᠂ ᠲᠤᠨ ᠪᠦᠷᠢ ᠶᠢᠨ ᠬᠠᠶᠢᠯᠤᠮᠠᠯ ᠪᠣᠯᠣᠳ ᠤᠨ ᠳᠣᠲᠣᠷ᠎ᠠ 50 ᠭᠷᠡᠮ ᠤᠨ ᠬᠤᠪᠣᠷ ᠰᠢᠷᠣᠢ ᠬᠤᠯᠢᠬᠤ ᠪᠠᠷ ᠤᠨᠴᠠᠭᠠᠢ ᠪᠣᠯᠣᠳ ᠤᠨ ᠳᠣᠣᠷ᠎ᠠ ᠳᠤᠯᠠᠭᠠᠨ ᠎ ᠳᠠᠬᠢ ᠤᠶᠠᠨ ᠬᠠᠳᠠᠨ ᠴᠢᠨᠠᠷ ᠢ ᠨᠢᠭᠡ ᠳᠠᠭᠢᠨ ᠢᠯᠡᠭᠦᠦ ᠨᠡᠮᠡᠭᠳᠡᠭᠦᠯᠪᠡ᠃ 2017 ᠣᠨ ᠳᠤ᠂ ᠪᠤᠭᠤᠲᠤ ᠬᠤᠳᠠ ᠎ ᠶᠢᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠪᠠ ᠬᠡᠷᠡᠭᠯᠡᠯᠲᠡ ᠶᠢᠨ ᠠᠵᠤ ᠦᠢᠯᠡᠰ ᠤᠨ ᠦᠢᠯᠡᠳᠬᠦᠨ ᠤ ᠦᠷᠳᠡᠭ ᠠᠩᠬ᠎ᠠ ᠤᠳᠠᠭ᠎ᠠ ᠬᠤᠪᠣᠷ ᠰᠢᠷᠣᠢ ᠮᠠᠯᠲᠠᠬᠤ ᠪᠠ ᠬᠠᠶᠢᠯᠤᠭᠤᠯᠤᠨ ᠢᠯᠭᠠᠷᠠᠭᠤᠯᠬᠤ ᠠᠵᠤ ᠦᠢᠯᠡᠰ ᠤᠨ ᠦᠢᠯᠡᠳᠬᠦᠨ ᠎ ᠤ ᠦᠷᠳᠡᠭ ᠢ ᠳᠠᠪᠠᠵᠤ᠂ ᠮᠠᠨ ᠤ ᠣᠷᠣᠨ ᠤ ᠬᠤᠪᠣᠷ ᠰᠢᠷᠣᠢ ᠶᠢᠨ ᠠᠵᠤ ᠦᠢᠯᠡᠰ ᠤᠨ ᠰᠢᠨ᠎ᠡ ᠰᠢᠪᠲᠤᠯᠤᠯᠲᠠ ᠶᠢ ᠪᠡᠶᠡᠯᠡᠭᠦᠯᠵᠡᠢ᠃ 2018 ᠣᠨ ᠪᠤᠯᠬᠤ ᠳᠤ᠂ ᠪᠤᠭᠤᠲᠤ ᠬᠤᠳᠠ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠵᠢᠯ ᠤᠨ ᠦᠢᠯᠡᠳᠬᠦᠨ ᠤ ᠦᠷᠳᠡᠭ 176 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠬᠤᠪᠣᠷ ᠰᠢᠷᠣᠢ ᠎ ᠶᠢᠨ ᠰᠢᠨ᠎ᠡ ᠮᠠᠲ᠋ᠧᠷᠢᠶᠠᠯ ᠵᠢᠴᠢ ᠬᠡᠷᠡᠭᠯᠡᠯᠲᠡ ᠶᠢᠨ ᠠᠵᠤ ᠦᠢᠯᠡᠰ 50%᠎ ᠠᠴᠠ ᠳᠡᠭᠡᠭᠰᠢᠬᠢ ᠶᠢ ᠨᠢ ᠡᠵᠡᠯᠡᠨ᠂ ᠬᠤᠪᠣᠷ ᠰᠢᠷᠣᠢ ᠶᠢᠨ ᠰᠣᠷᠢᠨᠵᠢᠨ ᠮᠠᠲ᠋ᠧᠷᠢᠶᠠᠯ ᠤᠨ ᠭᠠᠷᠤᠯᠲᠠ 5 ᠵᠢᠯ ᠳᠠᠷᠠᠭᠠᠯᠠᠨ 30%᠎ ᠶᠢ ᠳᠠᠪᠠᠭᠰᠠᠨ ᠨᠡᠮᠡᠭᠳᠡᠯ ᠎ ᠤᠨ ᠬᠤᠷᠳᠤᠴᠠ ᠶᠢ ᠪᠠᠲᠤᠯᠠᠵᠤ᠂ ᠬᠤᠪᠣᠷ ᠰᠢᠷᠣᠢ ᠶᠢᠨ ᠭᠥᠯᠢᠭᠡᠷ ᠪᠤᠯᠭᠠᠬᠤ ᠮᠠᠲ᠋ᠧᠷᠢᠶᠠᠯ ᠪᠣᠯᠣᠨ ᠤᠰᠤᠳᠦ᠋ᠷᠦᠭᠴᠢ ᠨᠥᠭᠡᠴᠡᠯᠡᠬᠦ ᠮᠠᠲ᠋ᠧᠷᠢᠶᠠᠯ ᠤᠨ ᠭᠠᠷᠤᠯᠲᠠ ᠤᠯᠤᠰ ᠤᠨ ᠳᠣᠲᠣᠭᠠᠳᠤ ᠳᠤ ᠮᠠᠩᠯᠠᠶᠢᠯᠠᠪᠠ᠃ ᠡᠨᠡ ᠵᠢᠯ ᠤᠨ 7 ᠰᠠᠷ᠎ᠠ ᠎ ᠳᠤ᠂ ᠪᠦᠭᠦ ᠤᠯᠤᠰ ᠤᠨ ᠠᠩᠬᠠᠳᠠᠭᠴᠢ ᠬᠤᠪᠣᠷ ᠰᠢᠷᠣᠢ ᠶᠢᠨ ᠮᠦᠽᠧᠢ ᠪᠤᠭᠤᠲᠤ ᠳᠤ ᠡᠷᠦᠭᠡ ᠪᠠᠨ ᠰᠡᠬᠦᠵᠦ᠂ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ᠂ ᠴᠢᠳᠠᠪᠬᠢᠲᠤ ᠮᠠᠲ᠋ᠧᠷᠢᠶᠠᠯ᠂ ᠬᠡᠷᠡᠭᠯᠡᠯᠲᠡ ᠶᠢᠨ ᠦᠢᠯᠡᠳᠬᠦᠨ ᠵᠡᠷᠭᠡ ᠶᠢ ᠪᠠᠭᠲᠠᠭᠠᠭᠰᠠᠨ 650 ᠭᠠᠷᠤᠢ ᠵᠦᠢᠯ ᠤᠨ ᠦᠢᠯᠡᠳᠬᠦᠨ ᠢ ᠳᠡᠯᠭᠡᠨ᠂ ᠪᠦᠭᠦ ᠳᠡᠯᠡᠬᠡᠢ ᠣᠨᠴᠠᠭᠠᠶᠢᠯᠠᠨ ᠮᠠᠨ ᠤ ᠤᠯᠤᠰ ᠤᠨ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢᠨ ᠲᠡᠦᠬᠡᠨ ᠠᠮᠵᠢᠯᠲᠠ ᠶᠢ ᠳᠡᠯᠭᠡᠨ ᠬᠠᠷᠠᠭᠤᠯᠵᠤ ᠪᠠᠶᠢᠨ᠎ᠠ᠃            ᠡᠨᠡ ᠪᠣᠯ ᠣᠶᠢᠷ᠎ᠠ ᠶᠢᠨ ᠠᠷᠪᠠᠨ ᠵᠢᠯ ᠤᠨ ᠲᠤᠷᠰᠢᠬᠢ ᠮᠠᠨ ᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠨᠢᠭᠡᠨ ᠴᠣᠮᠬᠠᠳᠬᠠᠯ ᠶᠤᠮᠰᠠᠨ᠃ ᠡᠶᠢᠨ ᠬᠦ ᠬᠥᠭᠵᠢᠯᠲᠡ ᠬᠤᠪᠢᠷᠠᠯᠲᠠ ᠠᠵᠤ ᠦᠢᠯᠡᠳᠪᠦᠷᠢ ᠶᠢᠨ ᠡᠯ᠎ᠡ ᠬᠦᠷᠢᠶ᠎ᠡ ᠴᠠᠷᠠᠭ᠎ᠠ ᠶᠢ ᠬᠠᠮᠤᠷᠤᠭᠰᠠᠨ ᠠᠵᠢ᠃            — ᠡᠨᠡ ᠠᠷᠪᠠᠨ ᠵᠢᠯ ᠳᠤ᠂ ᠮᠠᠨ ᠤ ᠣᠷᠣᠨ ᠠᠵᠤ ᠦᠢᠯᠡᠳᠪᠦᠷᠢ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠ ᠬᠡᠪᠴᠢᠶ᠎ᠡ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ 2012 ᠣᠨ ᠠᠴᠠ 2021 ᠪᠤᠯᠳᠠᠯ᠎ᠠ᠂ ᠪᠦᠭᠦ ᠣᠷᠣᠨ ᠤ ᠪᠦᠭᠦ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 3500 ᠭᠠᠷᠤᠢ ᠳ᠋ᠦᠩᠰᠢᠭᠤᠷ ᠲᠥᠭᠦᠷᠢᠭ ᠪᠠᠶᠢᠭᠰᠠᠨ ᠠᠴᠠ 7900 ᠭᠠᠷᠤᠢ ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ ᠵᠢᠯ ᠳᠤᠮᠳᠠᠴᠢ ᠪᠠᠷ 7.2% ᠎ ᠪᠠᠷ ᠨᠡᠮᠡᠭᠳᠡᠪᠡ᠃ ᠡᠭᠦᠨ ᠳᠤ ᠦᠢᠯᠡᠳᠭᠦ ᠦᠢᠯᠡᠰ ᠤᠨ ᠨᠡᠮᠡᠭᠳᠡᠯ ᠦᠷᠳᠡᠭ ᠵᠢᠯ ᠳᠤᠮᠳᠠᠴᠢ ᠪᠠᠷ 10% ᠣᠷᠴᠢᠮ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 2700 ᠭᠠᠷᠤᠢ ᠪᠠᠶᠢᠭᠰᠠᠨ ᠠᠴᠠ 3200 ᠭᠠᠷᠤᠢ ᠪᠣᠯᠣᠨ ᠨᠡᠮᠡᠭᠳᠡᠵᠦ᠂ ᠡᠭᠦᠳᠦᠭᠰᠡᠨ ᠠᠰᠢᠭ ᠤᠷᠤᠯᠭ᠎ᠠ 1700 ᠭᠠᠷᠤᠢ ᠳ᠋ᠦᠩᠰᠢᠭᠤᠷ ᠲᠥᠭᠦᠷᠢᠭ ᠪᠠᠶᠢᠭᠰᠠᠨ ᠠᠴᠠ 3300 ᠭᠠᠷᠤᠢ ᠳ᠋ᠦᠩᠰᠢᠭᠤᠷ ᠲᠥᠭᠦᠷᠢᠭ ᠪᠣᠯᠣᠨ ᠨᠡᠮᠡᠭᠳᠡᠪᠡ᠃ ᠨᠡᠭᠦᠷᠡᠰᠦᠨ ᠤ ᠭᠠᠷᠤᠯᠲᠠ ᠠᠷᠪᠠᠨ ᠵᠢᠯ ᠳᠠᠷᠠᠭᠠᠯᠠᠨ 10 ᠳ᠋ᠦᠩᠰᠢᠭᠤᠷ ᠲᠤᠨ ᠣᠷᠴᠢᠮ ᠢ ᠪᠠᠲᠤᠯᠠᠨ᠂ ᠪᠦᠭᠦ ᠤᠯᠤᠰ ᠎ ᠤᠨ ᠶᠡᠷᠦᠩᠬᠡᠢ ᠭᠠᠷᠤᠯᠲᠠ ᠶᠢᠨ ᠭᠤᠷᠪᠠᠨ ᠤ ᠨᠢᠭᠡ ᠢᠯᠡᠭᠦᠦ ᠶᠢ ᠡᠵᠡᠯᠡᠪᠡ᠃ ᠴᠠᠭᠢᠯᠭᠠᠨ ᠭᠠᠷᠭᠠᠬᠤ ᠬᠡᠮᠵᠢᠶ᠎ᠡ ᠪᠦᠭᠦ ᠤᠯᠤᠰ ᠲᠤ ᠳᠡᠳ᠋ᠯᠡᠨ᠂ ᠨᠡᠭᠦᠷᠡᠰᠦ ᠶᠢ ᠭᠠᠳᠠᠭᠰᠢ ᠬᠦᠷᠭᠡᠵᠦ᠂ ᠴᠠᠭᠢᠯᠭᠠᠨ ᠢ ᠭᠠᠳᠠᠭᠰᠢ ᠬᠦᠷᠭᠡᠭᠰᠡᠨ ᠬᠡᠮᠵᠢᠶ᠎ᠡ ᠪᠦᠭᠦ ᠤᠯᠤᠰ ᠤᠨ ᠲᠡᠷᠢᠭᠦᠨ ᠳᠤ ᠵᠢᠭᠰᠠᠪᠠ᠃ ᠬᠡᠦᠷᠡᠰᠦ᠂ ᠴᠠᠭᠢᠯᠭᠠᠨ ᠵᠠᠳᠠᠯᠤᠯ ᠤᠨ ᠬᠥᠩᠭᠡᠨ ᠴᠠᠭᠠᠨ᠂ ᠰᠢᠪᠲᠦᠷ᠂ ᠢᠮᠠᠭᠠᠨ ᠨᠣᠣᠯᠣᠭᠤᠷ ᠤᠨ ᠭᠠᠷᠤᠯᠲᠠ ᠪᠦᠭᠦ ᠤᠯᠤᠰ ᠤᠨ ᠡᠮᠦᠨ᠎ᠡ ᠡᠩᠨᠡᠭᠡᠨ ᠳᠤ ᠶᠠᠪᠤᠵᠤ᠂ ᠮᠧᠲ᠋ᠢᠯ ᠠᠯᠺᠤᠤᠯ᠂ ᠴᠠᠬᠢᠯᠠᠭᠤᠷ ᠴᠢᠯᠠᠭᠤ᠂ PVC᠂ ᠲᠡᠮᠦᠷ ᠤᠨ ᠬᠠᠶᠢᠯᠤᠰᠢ ᠶᠢᠨ ᠭᠠᠷᠤᠯᠲᠠ ᠪᠦᠭᠦ ᠤᠯᠤᠰ ᠤᠨ ᠨᠢᠭᠡᠳᠦᠭᠡᠷ ᠲᠤ ᠵᠢᠭᠰᠠᠨ᠂ ᠴᠠᠭᠠᠨ ᠢᠳᠡᠭᠡᠨ᠂ ᠬᠤᠪᠣᠷ ᠰᠢᠷᠣᠢ ᠶᠢᠨ ᠨᠢᠭᠡᠳᠪᠦᠷᠢ ᠪᠣᠳᠠᠰ᠂ ᠤᠯᠠᠨ ︵ᠳᠠᠩ︶ ᠲᠠᠯᠠᠰᠲᠤ ᠴᠠᠬᠢᠭᠤᠷ ᠂ ᠠᠮᠢᠳᠠᠨ ᠤ ᠸᠠᠺᠼᠢᠨ᠂ ᠮᠢᠺᠷᠣᠪ ᠡᠰᠡᠷᠭᠦᠴᠡᠭᠴᠢ ᠡᠮ ᠤᠨ ᠦᠢᠯᠡᠳᠪᠦᠷᠢᠯᠡᠯ ᠤᠨ ᠬᠡᠪᠴᠢᠶ᠎ᠡ ᠪᠠᠷ ᠪᠦᠭᠦ ᠳᠡᠯᠡᠬᠡᠢ ᠎ ᠶᠢᠨ ᠡᠮᠦᠨ᠎ᠡ ᠡᠩᠨᠡᠭᠡᠨ ᠳᠤ ᠣᠷᠣᠪᠠ᠃            — ᠡᠨᠡ ᠠᠷᠪᠠᠨ ᠵᠢᠯ ᠳᠤ᠂ ᠮᠠᠨ ᠤ ᠣᠷᠣᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠳᠡᠰ ᠳᠡᠪᠰᠢᠭᠦᠯᠭᠦ ᠲᠠᠯ᠎ᠠ ᠪᠠᠷ ᠰᠢᠨ᠎ᠡ ᠠᠯᠬᠤᠮ ᠢ ᠠᠯᠬᠤᠪᠠ᠃ ︽ᠨᠡᠭᠦᠷᠡᠰᠦ ᠪᠠᠷ ᠭᠤᠣᠯ ᠪᠤᠯᠭᠠᠬᠰᠠᠨ︾ ᠪᠠᠶᠢᠳᠠᠯ ᠢ ᠬᠤᠪᠢᠷᠠᠭᠤᠯᠵᠤ᠂ ᠨᠡᠭᠦᠷᠡᠰᠦᠨ ᠤ ᠦᠢᠯᠡᠰ ᠤᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠡᠵᠡᠯᠡᠭᠦ ᠬᠠᠷᠢᠴᠠᠯ ᠬᠠᠮᠤᠭ ᠤᠨ ᠥᠨᠳᠥᠷ ᠲᠡᠭᠡᠨ 70% ᠣᠷᠴᠢᠮ ᠪᠠᠶᠢᠭᠰᠠᠨ ᠢ 38.6% ᠪᠤᠯᠳᠠᠯ᠎ᠠ ᠪᠠᠭᠤᠷᠠᠭᠤᠯᠵᠤ᠂ ᠦᠢᠯᠡᠳᠭᠦ ᠦᠢᠯᠡᠰ ᠤᠨ ᠠᠵᠤ ᠦᠢᠯᠡᠳᠪᠦᠷᠢ ᠳᠠᠬᠢ ᠡᠵᠡᠯᠡᠭᠦ ᠬᠠᠷᠢᠴᠠᠯ 2012 ᠣᠨ ᠳᠤ 28% ᠣᠷᠴᠢᠮ ᠪᠠᠶᠢᠭᠰᠠᠨ ᠢ 2021 ᠣᠨ ᠳᠤ 39.6% ᠪᠤᠯᠳᠠᠯ᠎ᠠ ᠳᠡᠭᠡᠭᠰᠢᠯᠡᠭᠦᠯᠦᠨ᠂ ᠠᠵᠤ ᠦᠢᠯᠡᠳᠪᠦᠷᠢ ᠶᠢᠨ ᠨᠡᠮᠡᠭᠳᠡᠯ ᠳᠤ ᠬᠤᠪᠢ ᠨᠡᠮᠡᠷᠢ ᠦᠵᠡᠭᠦᠯᠭᠦ ᠨᠤᠷᠮ᠎ᠠ ᠶᠢ 40% ᠬᠦᠷᠬᠦ ᠦᠭᠡᠢ ᠪᠠᠶᠢᠭᠰᠠᠨ ᠠᠴᠠ 72% ᠪᠣᠯᠣᠨ ᠳᠡᠭᠡᠭᠰᠢᠯᠡᠭᠦᠯᠪᠡ ᠃ ᠳᠡᠭᠡᠳᠦ ᠮᠡᠷᠭᠡᠵᠢᠯ ᠤᠨ ᠦᠢᠯᠡᠳᠭᠦ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠮᠡᠭᠳᠡᠯ ᠦᠷᠳᠡᠭ ᠵᠠᠯᠭᠠᠭ᠎ᠠ ᠪᠠᠷ 10 ᠵᠢᠯ ᠬᠤᠶᠠᠷ ᠣᠷᠣᠨᠲᠤ ᠲᠣᠭᠠᠨ ᠤ ᠨᠡᠮᠡᠭᠳᠡᠯ ᠢ ᠪᠠᠲᠤᠯᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠠᠬᠢ ᠡᠵᠡᠯᠡᠭᠦ ᠬᠠᠷᠢᠴᠠᠯ ᠥᠩᠭᠡᠷᠡᠭᠰᠡᠨ ᠤ 5%᠎ ᠳᠤ ᠴᠦ ᠬᠦᠷᠬᠦ ᠦᠭᠡᠢ ᠪᠠᠶᠢᠭᠰᠠᠨ ᠠᠴᠠ ᠤᠳᠤ 12% ᠣᠷᠴᠢᠮ ᠳᠤ ᠭᠦᠷᠪᠡ᠃            — ᠡᠨᠡ ᠠᠷᠪᠠᠨ ᠵᠢᠯ ᠳᠤ᠂ ᠮᠠᠨ ᠤ ᠣᠷᠣᠨ ᠠᠵᠤ ᠦᠢᠯᠡᠳᠪᠦᠷᠢ ᠶᠢᠨ ᠬᠥᠭᠵᠢᠯᠲᠡ ᠶᠢᠨ ᠠᠷᠭ᠎ᠠ ᠭᠡᠯᠪᠡᠷᠢ ᠎ ᠶᠢ ᠬᠤᠪᠢᠷᠠᠭᠤᠯᠬᠤ ᠲᠠᠯ᠎ᠠ ᠪᠠᠷ ᠰᠢᠨ᠎ᠡ ᠠᠬᠢᠴᠠ ᠲᠠᠢ ᠪᠣᠯᠪᠠ᠃ ᠪᠣᠬᠢᠷᠳᠤᠯ ᠦᠭᠡᠢ ᠴᠡᠪᠡᠷ ᠡᠨᠧᠷᠭᠢ ᠶᠢᠨ ᠳᠠᠪᠠᠯᠳᠠᠳᠤ ᠴᠢᠨᠠᠷᠲᠠᠢ ᠶᠡᠭᠡ ᠬᠥᠭᠵᠢᠯᠲᠡ ᠶᠢ ᠪᠡᠶᠡᠯᠡᠭᠦᠯᠵᠦ᠂ ᠰᠠᠯᠬᠢᠨ ᠬᠦᠴᠦᠨ ᠤ ᠴᠠᠭᠢᠯᠭᠠᠨ ᠪᠠ ᠭᠡᠷᠡᠯᠴᠢ ᠴᠡᠨᠡᠭ ᠎ ᠤᠨ ᠴᠠᠭᠢᠯᠭᠠᠨ ᠢ ᠲᠣᠣᠷ ᠲᠤ ᠨᠡᠶᠢᠯᠡᠭᠦᠯᠦᠭᠰᠡᠨ ᠬᠡᠪᠴᠢᠶ᠎ᠡ ᠪᠠᠷ ᠪᠦᠭᠦ ᠤᠯᠤᠰ ᠲᠤ ᠮᠠᠩᠯᠠᠶᠢᠯᠠᠵᠤ᠂ ᠰᠢᠨ᠎ᠡ ᠡᠨᠧᠷᠭᠢ ᠎ ᠶᠢᠨ ᠮᠠᠰᠢᠨ ᠴᠣᠭᠴᠠᠯᠠᠪᠤᠷᠢ 1610 ᠲᠦᠮᠡᠨ ᠺᠢᠯᠣᠸᠠᠲ ᠠᠴᠠ 5334 ᠲᠦᠮᠡᠨ ᠺᠢᠯᠣᠸᠠᠲ ᠪᠣᠯᠣᠨ ᠨᠡᠮᠡᠭᠳᠡᠵᠦ᠂ ᠬᠤᠶᠠᠷ ᠳᠠᠭᠢᠨ ᠭᠠᠷᠤᠢ ᠨᠡᠮᠡᠭᠳᠡᠪᠡ᠃ ᠪᠦᠭᠦ ᠣᠷᠣᠨ ᠤ ᠭᠤᠷᠪᠠᠨ ᠤ ᠨᠢᠭᠡ ᠶᠢ ᠳᠠᠪᠠᠭᠰᠠᠨ ᠴᠠᠭᠢᠯᠭᠠᠨ ᠬᠦᠴᠦᠨ ᠤ ᠮᠠᠰᠢᠨ ᠴᠣᠭᠴᠠᠯᠠᠪᠤᠷᠢ ᠪᠠ ᠲᠠᠪᠤᠨ ᠤ ᠨᠢᠭᠡ ᠶᠢ ᠳᠠᠪᠠᠭᠰᠠᠨ ᠪᠦᠭᠦ ᠨᠡᠶᠢᠭᠡᠮ ᠤᠨ ᠴᠠᠭᠢᠯᠭᠠᠨ ᠤ ᠬᠡᠷᠡᠭᠯᠡᠭᠡ ᠨᠢ ᠪᠦᠷ ᠰᠢᠨ᠎ᠡ ᠡᠨᠧᠷᠭᠢ ᠠᠴᠠ ᠢᠷᠡᠯᠲᠡ ᠲᠠᠢ ᠪᠠᠶᠢᠵᠤ᠂ ᠮᠠᠨ ᠤ ᠣᠷᠣᠨ ᠪᠦᠭᠦ ᠤᠯᠤᠰ ᠤᠨ ᠬᠠᠮᠤᠭ ᠤᠨ ᠶᠡᠭᠡ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠭᠤᠷᠢᠨ ᠪᠣᠯᠪᠠ᠃            ᠁            ᠠᠷᠪᠠᠨ ᠵᠢᠯ ᠤᠨ ᠲᠤᠷᠰᠢ᠂ ᠮᠠᠨ ᠤ ᠣᠷᠣᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠣᠶᠢᠯᠠᠭᠠᠭᠳᠠᠬᠤᠨ ᠪᠠ ᠠᠷᠭ᠎ᠠ ᠭᠡᠯᠪᠡᠷᠢ ᠳᠤ ᠴᠥᠮ ᠴᠢᠬᠤᠯᠠ ᠶᠡᠭᠡ ᠬᠤᠪᠢᠷᠠᠯᠲᠠ ᠭᠠᠷᠬᠤ ᠶᠢᠨ ᠵᠡᠷᠭᠡ ᠪᠠᠷ ᠠᠵᠤ ᠦᠢᠯᠡᠳᠪᠦᠷᠢ ᠶᠢᠨ ᠠᠵᠤ ᠠᠬᠤᠢ ᠲᠣᠭᠠᠨ ᠤ ᠳᠠᠪᠠᠭᠤᠯᠢᠭ ᠠᠴᠠ ᠴᠢᠨᠠᠷ ᠤᠨ ᠳᠠᠪᠠᠭᠤᠯᠢᠭ ᠲᠡᠶᠢᠰᠢ ᠰᠢᠯᠵᠢᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠭᠰᠡᠨ ᠪᠥᠭᠡᠳ ᠦᠷᠭᠦᠯᠵᠢᠯᠡᠨ ᠪᠢᠴᠢᠭᠯᠡᠭᠰᠡᠭᠡᠷ ᠶᠤᠮ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号