ᠠᠷᠠᠳ ᠤᠨ ᠠᠮᠢᠳᠤᠷᠠᠯ ᠤᠨ ᠳᠡᠪᠢᠰᠬᠡᠷ ᠥᠩᠭᠡ ᠶᠢ ᠵᠤᠵᠠᠭᠠᠳᠬᠠᠵᠤ ᠵᠣᠯ ᠵᠢᠷᠭᠠᠯ ᠤᠨ ᠴᠢᠨᠠᠷ ᠴᠢᠨᠰᠠᠭ᠎ᠠ ᠎ ᠶᠢ ᠳᠡᠭᠡᠭᠰᠢᠯᠡᠭᠦᠯᠦᠨ᠎ᠠ
ᠨᠡᠶᠢᠲᠡᠯᠡᠭᠰᠡᠨ ᠴᠠᠭ᠄
2022/10/17
     ᠵᠣᠬᠢᠶᠠᠭᠴᠢ᠄ ᠮᠧᠢ ᠭᠠᠩ                  ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠥᠪᠥᠷ ᠮᠣᠩᠭᠤᠯ  ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠤᠬᠠᠢ ᠬᠦᠦᠷᠨᠢᠯ            ᠵᠣᠯ ᠵᠢᠷᠭᠠᠯ  ᠤᠨ ᠴᠢᠨᠠᠷ ᠴᠢᠨᠰᠠᠭ᠎ᠠ ᠶᠢ ᠲᠣᠭᠲᠠᠭᠠᠬᠤ ᠳᠤ ᠡᠷᠬᠡᠪᠰᠢ ᠢᠯᠡ ᠲᠣᠳᠣ ᠠᠷᠠᠳ ᠤᠨ ᠠᠮᠢᠳᠤᠷᠠᠯ ᠤᠨ ᠳᠡᠪᠢᠰᠬᠡᠷ ᠥᠩᠭᠡ ᠪᠠᠶᠢᠬᠤ ᠬᠡᠷᠡᠭᠲᠡᠢ᠃            ᠭᠡᠷ ᠤᠨ ᠢᠶᠠᠨ ᠡᠭᠦᠳᠡᠨ ᠳᠠᠬᠢ ᠰᠤᠷᠭᠠᠭᠤᠯᠢ ᠳᠤ ᠣᠷᠣᠵᠤ᠂ ᠭᠡᠷ ᠠᠴᠠ ᠭᠠᠷᠬᠤ ᠦᠭᠡᠢ ᠪᠠᠷ ᠴᠢᠨᠠᠷ ᠰᠠᠶᠢᠲᠠᠢ ᠡᠮᠴᠢᠯᠡᠭᠡ ᠬᠦᠷᠲᠡᠵᠦ᠂ ᠤᠷ᠎ᠠ ᠴᠢᠳᠠᠪᠤᠷᠢ ᠶᠢᠨ ᠪᠣᠯᠪᠠᠰᠤᠷᠠᠯ ᠨᠢ ᠬᠥᠮᠥᠰ ᠤᠨ ᠠᠵᠢᠯ ᠣᠯᠬᠤ  ᠳᠤ ᠲᠤᠰᠠ ᠳᠡᠮ ᠪᠣᠯᠵᠤ᠂ ᠶᠠᠳᠠᠭᠤ ᠬᠦᠴᠢᠷᠳᠡᠯᠲᠡᠢ ᠡᠷᠦᠭᠡ ᠠᠮᠤᠷ ᠲᠦᠪᠰᠢᠨ ᠭᠡᠷ ᠪᠠᠶᠢᠰᠢᠩ ᠳᠤ ᠰᠠᠭᠤᠵᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠨᠢ ᠵᠢᠯ ᠳᠠᠷᠠᠭᠠᠯᠠᠨ ᠨᠡᠮᠡᠭᠳᠡᠵᠦ᠂ ᠬᠥᠮᠥᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ ᠨᠢ 77.56 ᠨᠠᠰᠤ ᠪᠣᠯᠵᠤ ᠁ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢ ᠤᠷᠢᠬᠠᠨ ᠰᠠᠯᠬᠢ ᠰᠢᠭ᠋ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ᠃            ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠢᠮᠠᠭᠲᠠ ᠭᠦᠨ ᠰᠠᠨᠠᠭᠠᠯᠵᠠᠵᠤ᠂ ᠤᠷᠢᠳ ᠬᠤᠵᠢᠳ 2 ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ᠂ 5 ᠵᠢᠯ ᠳᠠᠷᠠᠭᠠᠯᠠᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ  ᠳᠤ ᠣᠷᠣᠯᠴᠠᠨ᠂ ᠥᠪᠥᠷ ᠮᠣᠩᠭᠤᠯ ᠤᠨ ᠬᠥᠭᠵᠢᠯᠲᠡ ᠶᠢᠨ ᠠᠤᠭ᠎ᠠ ᠲᠥᠰᠥᠪ ᠢ ᠵᠢᠷᠤᠭᠯᠠᠵᠤ᠂ ᠵᠠᠮ ᠱᠤᠭᠤᠮ ᠢ ᠲᠣᠳᠣᠷᠬᠠᠶᠢᠯᠠᠵᠠᠢ᠃ 10 ᠵᠢᠯ ᠤᠨ ᠲᠤᠷᠰᠢ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠶᠡᠷᠦᠩᠬᠡᠢ ᠱᠦᠵᠢ ᠶᠢᠨ ᠴᠢᠩ ᠰᠡᠳᠬᠢᠯ  ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠣᠷᠣᠨ ᠳᠠᠶᠠᠭᠠᠷ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠠ᠂ ᠠᠴᠢ ᠬᠠᠷᠢᠭᠤᠯᠤᠨ ᠡᠷᠡᠯᠬᠡᠭᠯᠡᠨ ᠤᠷᠤᠭᠰᠢᠯᠠᠵᠤ᠂ ᠠᠷᠠᠳ ᠤᠨ ᠠᠮᠢᠳᠤᠷᠠᠯ ᠤᠨ ᠳᠡᠪᠢᠰᠬᠡᠷ ᠥᠩᠭᠡ ᠶᠢ ᠲᠠᠰᠤᠷᠠᠯᠲᠠ ᠦᠭᠡᠢ ᠵᠤᠵᠠᠭᠠᠳᠬᠠᠵᠤ ᠵᠣᠯ ᠵᠢᠷᠭᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃            ᠠᠵᠢᠯ ᠣᠯᠭᠤᠯᠲᠠ ᠪᠠᠲᠤᠯᠠᠭ᠎ᠠ ᠲᠠᠢ ᠪᠣᠯᠵᠤ ᠠᠮᠢᠳᠤᠷᠠᠯ ᠴᠢᠨᠡᠭᠡᠯᠢᠭᠵᠢᠪᠡ                         ︽ᠮᠠᠨ ᠤ ᠬᠤᠶᠠᠭᠤᠯᠠ ᠪᠦᠷ ᠮᠡᠷᠭᠡᠵᠢᠯ ᠤᠨ ᠠᠵᠢᠯᠴᠢᠨ ᠶᠤᠮ᠂ ᠰᠠᠷ᠎ᠠ ᠪᠦᠷᠢ ᠶᠢᠨ ᠴᠠᠯᠢᠩ ᠲᠦᠮᠡᠨ ᠲᠥᠭᠦᠷᠢᠭ ᠲᠤ ᠬᠦᠷᠴᠦ᠂ ᠠᠮᠢᠳᠤᠷᠠᠯ ᠨᠠᠩ ᠪᠠᠶᠠᠨ ᠴᠢᠨᠡᠭᠡᠯᠢᠭ ᠪᠣᠯᠵᠠᠢ︾ ᠭᠡᠵᠦ ᠣᠲᠣ ᠦᠶ᠎ᠡ ᠶᠢᠨ ᠮᠠᠯ ᠠᠵᠤ ᠠᠬᠤᠢ ︵ᠲᠦᠩᠯᠢᠶᠣᠣ︶᠎ ᠶᠢᠨ ᠺᠤᠮᠫᠠᠨᠢ ᠳᠤ ᠠᠵᠢᠯᠯᠠᠵᠤ ᠪᠠᠶᠢᠭ᠎ᠠ ᠲᠦᠩᠯᠢᠶᠣᠣ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠡᠮᠦᠨ᠎ᠡ ᠵᠢᠷᠦᠬᠡ ᠭᠠᠴᠠᠭᠠᠨ ᠤ ᠬᠠᠳᠠ ᠡᠷ᠎ᠡ ᠡᠮ᠎ᠡ ᠬᠤᠶᠠᠭᠤᠯᠠ ᠪᠠᠶᠠᠷᠯᠠᠨ ᠶᠠᠷᠢᠨ᠎ᠠ᠃ ᠲᠤᠰ ᠺᠤᠮᠫᠠᠨᠢ ᠳᠤ᠂ 200 ᠭᠠᠷᠤᠢ ᠬᠠᠲᠠ ᠰᠢᠭ᠋ ᠮᠠᠯᠵᠢᠬᠤ ᠲᠠᠷᠢᠶᠠᠯᠠᠬᠤ ᠣᠷᠣᠨ ᠤ ᠭᠦᠳᠡᠯᠮᠦᠷᠢ ᠬᠦᠴᠦ ᠲᠠᠢ ᠪᠠᠶᠢᠵᠤ᠂ ᠮᠠᠯᠴᠢᠨ ᠲᠠᠷᠢᠶᠠᠴᠢᠨ ᠠᠴᠠ ᠪᠠᠨ ᠠᠵᠤ ᠦᠢᠯᠡᠰ ᠤᠨ ᠠᠵᠢᠯᠴᠢᠨ ᠪᠣᠯᠵᠤ ᠪᠡᠶ᠎ᠡ ᠶᠢᠨ ᠭᠠᠷᠤᠯ ᠢᠶᠠᠨ ᠬᠤᠪᠢᠷᠠᠭᠤᠯᠪᠠ᠃ ︽ᠪᠢ ᠤᠷ᠎ᠠ ᠴᠢᠳᠠᠪᠤᠷᠢ ᠶᠢᠨ ᠪᠣᠯᠪᠠᠰᠤᠷᠠᠯ ᠢᠶᠠᠷ ᠳᠠᠮᠵᠢᠨ ᠠᠮᠠᠷᠬᠠᠨ ᠠᠵᠢᠯ ᠣᠯᠵᠠᠢ᠂ ᠰᠠᠷ᠎ᠠ ᠶᠢᠨ ᠴᠠᠯᠢᠩ 6000 ᠭᠠᠷᠤᠢ ᠲᠥᠭᠦᠷᠢᠭ ᠪᠣᠯᠵᠤ᠂ ᠪᠠᠰᠠ ᠬᠤᠳᠠ ᠳᠤ ᠠᠰᠠᠷ ᠬᠤᠳᠠᠯᠳᠤᠨ ᠠᠪᠤᠯ᠎ᠠ︾ ᠭᠡᠵᠦ ᠬᠠᠲᠠ ᠶᠢᠨ ᠠᠪᠠᠭᠠᠢ ᠪᠠᠶᠠᠷᠲᠠᠶᠢᠬᠠᠨ ᠶᠠᠷᠢᠨ᠎ᠠ᠃            2012 ᠣᠨ ᠠᠴᠠ ᠨᠠᠭᠠᠰᠢ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠦᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ ᠵᠢᠯ ᠪᠦᠷᠢ ᠳᠤᠮᠳᠠᠴᠢ ᠪᠠᠷ 245 ᠲᠦᠮᠡᠨ ᠬᠥᠮᠥᠨ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠵᠢᠯ ᠪᠦᠷᠢ ᠬᠤᠲᠠ ᠪᠠᠯᠭᠠᠰᠤ ᠶᠢᠨ ᠠᠵᠢᠯ ᠠᠯᠳᠠᠭᠰᠠᠳ ᠪᠠ ᠠᠵᠢᠯ ᠣᠯᠬᠤ ᠳᠤ ᠬᠦᠴᠢᠷᠲᠡᠢ 10 ᠲᠦᠮᠡᠨ ᠬᠥᠮᠥᠨ ᠳᠤ ᠠᠵᠢᠯ ᠣᠯᠭᠤᠬᠤ ᠶᠢ ᠪᠡᠶᠡᠯᠡᠭᠦᠯᠪᠡ᠃            ᠤᠯᠠᠭᠠᠨᠴᠠᠪ ᠬᠤᠲᠠ ᠳᠤ ᠰᠠᠭᠤᠭ᠎ᠠ ᠰᠢᠶᠣᠣ ᠸᠠᠩ 2019 ᠣᠨ ᠳᠤ ᠪᠡᠭᠡᠵᠢᠩ ᠤᠨ ᠠᠵᠢᠯ ᠢᠶᠠᠨ ᠬᠠᠶᠠᠵᠤ ᠨᠤᠲᠤᠭ ᠲᠠᠭᠠᠨ ᠪᠤᠴᠠᠵᠤ᠂ ᠲᠤᠬᠠᠢ ᠶᠢᠨ ᠭᠠᠵᠠᠷ ᠤᠨ ᠦᠢᠯᠡᠰ ᠪᠣᠰᠬᠠᠬᠤ ᠶᠢ ᠲᠡᠳᠬᠦᠨ ᠳᠡᠮᠵᠢᠭᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠣᠷ᠎ᠠ᠂ ᠲᠡᠷᠡ ᠭᠡᠷ ᠤᠨ ᠠᠳᠠᠯ ᠶᠠᠪᠤᠳᠠᠯ ᠤᠨ ᠦᠢᠯᠡᠴᠢᠯᠡᠭᠡᠨ ᠤ ᠺᠤᠮᠫᠠᠨᠢ ᠪᠠᠶᠢᠭᠤᠯᠵᠤ᠂ ᠥᠪᠡᠷ ᠢᠶᠠᠨ ᠴᠢᠨᠡᠭᠡᠯᠢᠭ ᠠᠮᠢᠳᠤᠷᠠᠯ ᠲᠠᠢ ᠪᠣᠯᠤᠭᠰᠠᠨ ᠢᠶᠠᠷ ᠪᠠᠷᠠᠬᠤ ᠦᠭᠡᠢ ᠪᠠᠰᠠ ᠵᠡᠮᠳᠡᠭᠴᠦᠳ ᠲᠤ ᠠᠵᠢᠯ ᠣᠯᠭᠤᠵᠠᠢ᠃            ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠨᠢᠭᠡ ᠲᠠᠯ᠎ᠠ ᠪᠠᠷ ᠠᠵᠤ ᠠᠬᠤᠢ ᠶᠢᠨ ᠬᠥᠭᠵᠢᠯᠲᠡ ᠲᠠᠢ ᠬᠤᠯᠪᠣᠭᠳᠠᠵᠤ᠂ ᠨᠦᠭᠦᠭᠡ ᠲᠠᠯ᠎ᠠ ᠪᠠᠷ ᠠᠷᠠᠳ ᠲᠦᠮᠡᠨ ᠲᠠᠢ ᠬᠤᠯᠪᠣᠭᠳᠠᠵᠤ ᠪᠠᠶᠢᠳᠠᠭ ᠃ ᠮᠠᠨ ᠤ ᠣᠷᠣᠨ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠪᠠᠶᠢᠯᠳᠤᠬᠤ ᠪᠣᠳᠣᠯᠭ᠎ᠠ ᠪᠠ ᠢᠳᠡᠪᠬᠢᠲᠡᠢ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠨ᠂ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ᠂ ᠦᠢᠯᠡᠰ ᠪᠣᠰᠬᠠᠬᠤ ᠶᠢ ᠲᠡᠳᠬᠦᠨ ᠳᠡᠮᠵᠢᠭᠦ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠬᠢᠬᠦ᠂ ᠠᠵᠢᠯ ᠣᠯᠭᠤᠯᠲᠠ ᠶᠢᠨ ᠲᠤᠰᠠᠯᠠᠮᠵᠢ ᠦᠵᠡᠭᠦᠯᠭᠦ ᠵᠡᠷᠭᠡ ᠲᠠᠯ᠎ᠠ ᠠᠴᠠ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠨᠠᠩ ᠭᠦᠢᠴᠡᠳ ᠨᠠᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠬᠦ ᠶᠢ ᠴᠢᠷᠮᠠᠶᠢᠨ ᠠᠬᠢᠭᠤᠯᠪᠠ᠃            2012 ᠣᠨ ᠠᠴᠠ ᠨᠠᠭᠠᠰᠢ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ ᠪᠦᠭᠦ ᠣᠷᠣᠨ ᠳᠤ ᠨᠡᠶᠢᠲᠡ 258.7 ᠲᠦᠮᠡᠨ ᠬᠥᠮᠥᠨ ᠳᠤ ᠬᠤᠲᠠ ᠪᠠᠯᠭᠠᠰᠤᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4% ᠣᠷᠴᠢᠮ  ᠳᠤ ᠬᠢᠵᠠᠭᠠᠷᠯᠠᠨ᠂ ︽ᠠᠵᠢᠯ ᠲᠠᠢ ᠬᠥᠮᠥᠨ ᠦᠭᠡᠢ︾ ᠭᠡᠷ ᠪᠦᠯᠢ ᠶᠢ ᠬᠥᠳᠡᠯᠦᠩᠭᠦᠢ ᠪᠠᠷ ᠦᠭᠡᠶᠢᠰᠭᠡᠭᠦ ᠶᠢ ᠪᠡᠶᠡᠯᠡᠭᠦᠯᠵᠡᠢ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠪᠡ᠃ ᠪᠦᠭᠦ ᠣᠷᠣᠨ ᠳᠤ ᠨᠥᠬᠦᠪᠦᠷᠢ ᠶᠢᠨ ᠴᠢᠨᠠᠷᠲᠠᠢ ᠪᠣᠯᠪᠠᠰᠤᠷᠠᠯ ᠢ ᠨᠡᠶᠢᠲᠡ 301.3 ᠲᠦᠮᠡᠨ ᠬᠥᠮᠥᠨ ᠤᠳᠠᠭ᠎ᠠ ᠥᠷᠨᠢᠭᠦᠯᠵᠦ ᠂ ᠨᠥᠬᠦᠪᠦᠷᠢ ᠶᠢᠨ ᠪᠡᠯᠡ ᠮᠥᠩᠭᠦ ᠶᠢ 32.66 ᠳ᠋ᠦᠩᠰᠢᠭᠤᠷ ᠲᠥᠭᠦᠷᠢᠭ ᠲᠠᠷᠬᠠᠭᠠᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠴᠢᠳᠠᠪᠤᠷᠢᠲᠠᠨ 125.3 ᠲᠦᠮᠡᠨ ᠬᠥᠮᠥᠨ ᠪᠠᠶᠢᠭᠰᠠᠨ ᠠᠴᠠ ᠪᠠᠨ ᠨᠡᠮᠡᠭᠳᠡᠭᠡᠳ 350.9 ᠲᠦᠮᠡᠨ ᠬᠥᠮᠥᠨ ᠪᠣᠯᠵᠠᠢ᠃            ᠦᠢᠯᠡᠰ ᠪᠣᠰᠬᠠᠬᠤ ᠨᠢ ᠠᠵᠢᠯ ᠣᠯᠭᠤᠯᠲᠠ ᠶᠢ ᠳᠠᠶᠢᠴᠢᠯᠠᠪᠠ᠃ ᠪᠦᠭᠦ ᠣᠷᠣᠨ ᠳᠤ 220.7 ᠳ᠋ᠦᠩᠰᠢᠭᠤᠷ ᠲᠥᠭᠦᠷᠢᠭ ᠤᠨ ᠦᠢᠯᠡᠰ ᠪᠣᠰᠬᠠᠬᠤ ᠪᠠᠲᠤᠯᠭᠠᠲᠤ ᠵᠢᠭᠡᠯᠡᠯᠭᠡ ᠲᠠᠯᠪᠢᠵᠤ᠂ ᠦᠢᠯᠡᠰ ᠪᠣᠰᠬᠠᠬᠤ ᠬᠦᠷᠢᠶᠡᠯᠡᠩ ᠪᠠ ᠨᠡᠪᠴᠢᠭᠦᠯᠭᠦ ᠰᠠᠭᠤᠷᠢᠨ ᠵᠡᠷᠭᠡ ᠶᠢ 343 ᠪᠠᠶᠢᠭᠤᠯᠵᠤ᠂ 3.78 ᠲᠦᠮᠡᠨ ᠡᠷᠦᠭᠡ ᠪᠣᠳᠠᠲᠤ ᠴᠣᠭᠴᠠ ᠶᠢᠨ ᠡᠵᠡᠭᠨᠡᠯᠲᠠ ᠬᠢᠵᠦ᠂ 33.4 ᠲᠦᠮᠡᠨ ᠬᠥᠮᠥᠨ ᠤ ᠠᠵᠢᠯ ᠣᠯᠭᠤᠯᠲᠠ ᠶᠢ ᠳᠠᠶᠢᠴᠢᠯᠠᠪᠠ᠃ 10 ᠵᠢᠯ ᠤᠨ ᠲᠤᠷᠰᠢ᠂ ᠮᠠᠨ ᠤ ᠣᠷᠣᠨ ᠤ ᠪᠦᠭᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 16800 ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 34108 ᠲᠥᠭᠦᠷᠢᠭ ᠪᠣᠯᠵᠤ᠂ ᠣᠯᠠᠨ ᠲᠦᠮᠡᠨ ᠤ ᠣᠷᠣᠯᠭ᠎ᠠ ᠨᠡᠮᠡᠭᠳᠡᠨ᠂ ᠢᠲᠡᠭᠡᠯ ᠵᠣᠷᠢᠭ ᠬᠥᠪᠴᠢᠯᠡᠭᠳᠡᠪᠡ᠃            ᠨᠡᠶᠢᠭᠡᠮ ᠤᠨ ᠳᠠᠭᠠᠳᠬᠠᠯ ᠳᠤ ᠣᠷᠣᠭᠠᠳ ᠰᠠᠨᠠᠭ᠎ᠠ ᠠᠮᠤᠷ ᠪᠣᠯᠪᠠ            1000 ᠲᠥᠭᠦᠷᠢᠭ ᠵᠣᠭᠤᠰ ᠢᠶᠠᠨ ᠨᠡᠶᠢᠭᠡᠮ ᠤᠨ ᠳᠠᠭᠠᠳᠬᠠᠯ ᠤᠨ ᠰᠠᠯᠠᠭ᠎ᠠ ᠮᠥᠴᠢᠷ ᠲᠤ ᠲᠤᠰᠢᠶᠠᠭᠠᠳ ᠲᠠᠷᠢᠶᠠᠴᠢᠨ ᠸᠧᠢ ᠰᠠᠨ ᠰᠠᠨᠠᠭ᠎ᠠ ᠠᠮᠠᠷᠠᠪᠠ᠃ ᠠᠯᠢ ᠡᠷᠲᠡ 2008 ᠣᠨ ᠳᠤ ᠸᠧᠢ ᠰᠠᠨ ᠲᠤᠰᠬᠠᠶᠢᠯᠠᠨ ᠬᠤᠳᠠ ᠳᠤ ᠬᠦᠷᠴᠦ᠄  ︽ᠲᠠᠷᠢᠶᠠᠴᠢᠳ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠵᠤ ᠪᠣᠯᠣᠨ᠎ᠠ ᠦᠦ︖︾ ᠭᠡᠵᠦ ᠯᠠᠪᠯᠠᠬᠤ ᠳᠤ᠂ ᠣᠷᠣᠵᠤ ᠪᠤᠯᠬᠤ ᠦᠭᠡᠢ ᠭᠡᠬᠦ ᠬᠠᠷᠢᠭᠤᠯᠲᠠ ᠣᠯᠪᠠ᠃            2012 ᠣᠨ ᠳᠤ᠂ ᠥᠪᠥᠷ ᠮᠣᠩᠭᠤᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ ᠪᠦᠭᠦᠨ ᠢ ᠪᠦᠷᠭᠦᠭᠦᠯᠭᠦ ᠶᠢ ᠪᠡᠶᠡᠯᠡᠭᠦᠯᠵᠦ᠂ ᠲᠠᠷᠢᠶᠠᠴᠢᠳ ᠬᠤᠲᠠ ᠪᠠᠯᠭᠠᠰᠤᠨ ᠤ ᠰᠠᠭᠤᠭᠠᠯᠢ ᠠᠷᠠᠳ ᠲᠠᠢ ᠠᠳᠠᠯᠢᠬᠠᠨ ᠳᠦᠷᠢᠮ᠂ ᠠᠳᠠᠯᠢᠬᠠᠨ ᠬᠠᠷᠠᠭᠠᠯᠵᠠᠯ ᠭᠦᠷᠳᠡᠭᠦ ᠪᠣᠯᠵᠤ᠂ ᠰᠦᠢᠳᠬᠡᠯ ᠲᠤᠰᠢᠶᠠᠬᠤ ᠬᠠᠮᠤᠭ ᠤᠨ ᠥᠨᠳᠥᠷ ᠲᠠᠰ ᠨᠢ ᠴᠥᠮ 1000 ᠲᠥᠭᠦᠷᠢᠭ ᠪᠣᠯᠣᠨ᠎ᠠ᠃ ᠸᠧᠢ ᠰᠠᠨ ᠥᠴᠥᠬᠡᠨ ᠴᠦ ᠲᠠᠲᠠᠭᠠᠯᠵᠠᠯ ᠦᠭᠡᠢ ᠪᠠᠷ ᠰᠦᠢᠳᠬᠡᠯ ᠲᠤᠰᠢᠶᠠᠬᠤ ᠬᠠᠮᠤᠭ ᠤᠨ ᠥᠨᠳᠥᠷ ᠳᠡᠰ ᠢ ᠰᠣᠩᠭᠤᠵᠠᠢ᠃            10 ᠵᠢᠯ ᠤᠨ ᠲᠤᠷᠰᠢ᠂ ᠮᠠᠨ ᠤ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠠᠭᠠᠵᠢᠮ ᠢᠶᠠᠷ ᠲᠡᠭᠦᠯᠳᠡᠷᠵᠢᠵᠦ᠂ ᠬᠠᠮᠤᠷᠬᠤ ᠬᠥᠮᠥᠰ ᠲᠠᠰᠤᠷᠠᠯᠲᠠ ᠦᠭᠡᠢ ᠥᠷᠭᠡᠵᠢᠵᠦ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠰᠠᠨ ᠬᠥᠮᠥᠨ ᠤ ᠲᠤᠭ᠎ᠠ 1228 ᠲᠦᠮᠡ ᠪᠠᠶᠢᠭᠰᠠᠨ ᠠᠴᠠ ᠪᠠᠨ 1615 ᠲᠦᠮᠡ ᠪᠤᠯᠳᠠᠯ᠎ᠠ ᠨᠡᠮᠡᠭᠳᠡᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠰᠠᠨ ᠬᠥᠮᠥᠨ ᠤ ᠲᠤᠭ᠎ᠠ 967.7 ᠲᠦᠮᠡ ᠪᠠᠶᠢᠭᠰᠠᠨ ᠠᠴᠠ ᠪᠠᠨ ᠨᠡᠮᠡᠭᠳᠡᠭᠡᠳ 2192.2 ᠲᠦᠮᠡ ᠪᠣᠯᠵᠤ᠂ ᠨᠠᠰᠤᠵᠢᠯ ᠤᠨ ᠠᠰᠠᠷᠠᠮᠵᠢ ᠶᠢᠨ ᠮᠥᠩᠭᠦ᠂ ᠡᠮ ᠡᠮᠨᠡᠯᠭᠡ ᠶᠢᠨ ᠳᠠᠭᠠᠳᠬᠠᠯ ᠤᠨ ᠨᠥᠬᠦᠪᠦᠷᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠠᠷᠢᠮᠵᠢᠶ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠵᠦ᠂ ᠣᠯᠠᠨ ᠲᠦᠮᠡᠨ ᠤ ᠬᠤᠶᠢᠰᠢᠳᠠ ᠶᠢᠨ ᠵᠣᠪᠠᠨᠢᠯ ᠢ ᠴᠢᠷᠮᠠᠶᠢᠨ ᠰᠢᠢᠳᠪᠦᠷᠢᠯᠡᠪᠡ᠃            ᠬᠡᠪᠴᠢᠶ᠎ᠡ ᠶᠢ ᠥᠷᠭᠡᠳᠬᠡᠬᠦ ᠶᠢᠨ ᠬᠠᠮᠲᠤ᠂ ᠬᠠᠷᠠᠭᠠᠯᠵᠠᠯ ᠢ ᠳᠡᠭᠡᠭᠰᠢᠯᠡᠭᠦᠯᠵᠦ᠂ ᠠᠷᠠᠳ ᠲᠦᠮᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠭᠦ ᠶᠢ ︽ᠬᠠᠮᠤᠭ ᠤᠨ ᠬᠦᠴᠦᠷᠬᠡᠭ ᠲᠠᠭᠤᠨ︾ ᠪᠣᠯᠭᠠᠪᠠ᠃            ᠰᠢᠯᠢ ᠶᠢᠨ ᠭᠤᠣᠯ ᠠᠶᠢᠮᠠᠭ ᠤᠨ ᠳᠣᠯᠣᠨ ᠨᠤᠤᠷ ᠰᠢᠶᠠᠨ ᠤ 68 ᠨᠠᠰᠤᠲᠠᠢ ᠠᠵᠢᠯ ᠠᠴᠠ ᠪᠠᠨ ᠠᠮᠠᠷᠠᠭᠰᠠᠨ ᠠᠵᠢᠯᠲᠠᠨ ᠾᠧ ᠱᠠᠨ ᠰᠠᠷ᠎ᠠ ᠪᠦᠷᠢ 4000 ᠭᠠᠷᠤᠢ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠣᠯᠵᠤ᠂ ᠠᠮᠢᠳᠤᠷᠠᠯ ᠨᠢ ᠶᠠᠪᠤᠬᠤ ᠲᠤᠲᠤᠮ ᠰᠠᠶᠢᠵᠢᠷᠠᠪᠠ᠃            49 ᠨᠠᠰᠤᠲᠠᠢ ᠭᠦᠭᠡᠬᠤᠲᠠ ᠶᠢᠨ ᠬᠤᠷᠢᠨᠭᠡᠷ ᠰᠢᠶᠠᠨ ᠤ ᠲᠠᠷᠢᠶᠠᠴᠢᠨ ᠯᠢᠦ ᠶᠢᠩ ᠬᠥᠬᠦᠨ ᠪᠤᠯᠴᠢᠷᠬᠠᠢ ᠶᠢᠨ ᠥᠮᠡᠨ ᠳᠤ ᠨᠡᠷᠪᠡᠭᠳᠡᠵᠦ᠂ ᠡᠮᠨᠡᠯᠭᠡ ᠳᠤ ᠰᠠᠭᠤᠬᠤ ᠪᠣᠯᠭᠠᠨ ᠴᠥᠮ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠭᠤᠷᠪᠠᠨ ᠳᠠᠪᠬᠤᠷ ᠪᠠᠲᠤᠯᠠᠭ᠎ᠠ ᠶᠢᠨ ᠬᠠᠷᠠᠭᠠᠯᠵᠠᠯ ᠢ ᠬᠦᠷᠲᠡᠵᠦ᠂ ᠲᠠᠩᠰᠠ ᠲᠠᠶᠢᠯᠬᠤ ᠬᠠᠷᠢᠴᠠᠯ ᠨᠢ 90 %᠎ ᠠᠴᠠ ᠳᠡᠭᠡᠭᠰᠢ ᠳᠤ ᠬᠦᠷᠴᠡᠢ᠃            ᠦᠨᠳᠦᠰᠦᠨ ᠨᠠᠰᠤᠵᠢᠯ ᠤᠨ ᠠᠰᠠᠷᠠᠮᠵᠢ᠂ ᠦᠨᠳᠦᠰᠦᠨ ᠡᠮ ᠡᠮᠨᠡᠯᠭᠡ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠠᠷ ᠭᠤᠣᠯᠳᠠᠯᠭ᠎ᠠ ᠪᠤᠯᠭᠠᠬᠰᠠᠨ ᠨᠡᠶᠢᠭᠡᠮ ᠤᠨ ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠪᠡ᠃            ᠪᠦᠭᠦ ᠣᠷᠣᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠣᠷᠣ 13.58 ᠲᠦᠮᠡ ᠪᠠᠶᠢᠭᠰᠠᠨ ᠠᠴᠠ ᠪᠠᠨ ᠨᠡᠮᠡᠭᠳᠡᠭᠡᠳ 21.33 ᠲᠦᠮᠡ ᠪᠣᠯᠵᠤ᠂ ᠭᠡᠷ ᠲᠡᠭᠡᠨ ᠰᠠᠭᠤᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ 614 ᠪᠠᠶᠢᠭᠰᠠᠨ ᠠᠴᠠ ᠪᠠᠨ ᠨᠡᠮᠡᠭᠳᠡᠭᠡᠳ 1165 ᠪᠣᠯᠵᠤ᠂ ᠡᠯ᠎ᠡ ᠵᠦᠢᠯ ᠤᠨ ᠨᠠᠰᠤᠲᠠᠶᠢᠴᠤᠳ ᠤᠨ ᠬᠤᠭᠤᠯᠠᠨ ᠭᠡᠷ ᠪᠠ ᠨᠠᠰᠤᠲᠠᠶᠢᠴᠤᠳ ᠤᠨ ᠡᠷᠡᠭᠦᠯ ᠮᠡᠨᠳᠦ ᠶᠢᠨ ᠲᠥᠬᠦᠭᠡᠷᠦᠮᠵᠢ ᠶᠢ ᠲᠦᠷᠭᠡᠳᠬᠡᠨ ᠲᠦᠭᠡᠮᠡᠯᠵᠢᠭᠦᠯᠪᠡ᠃ ᠥᠨᠥᠴᠢᠨ ᠬᠡᠦᠬᠡᠳ ᠢ ᠲᠥᠪᠯᠡᠷᠡᠭᠦᠯᠬᠦ ᠪᠤᠶᠤ ᠰᠠᠯᠭᠠᠵᠤ ᠠᠰᠠᠷᠠᠨ ᠲᠡᠵᠢᠭᠡᠬᠦ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠰᠢᠰᠲ᠋ᠧᠮ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠳᠦᠷᠢᠮ ᠲᠠᠰᠤᠷᠠᠯᠲᠠ ᠦᠭᠡᠢ ᠲᠡᠭᠦᠯᠳᠡᠷᠵᠢᠪᠡ᠃            ᠨᠡᠶᠢᠭᠡᠮ ᠤᠨ ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠭᠦ ᠶᠢᠨ ᠬᠠᠮᠲᠤ᠂ ᠡᠨᠡ 10 ᠵᠢᠯ ᠳᠤ᠂ ᠮᠠᠨ ᠤ ᠣᠷᠣᠨ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ︽ᠰᠦᠯᠵᠢᠶᠡᠨ ᠳᠡᠭᠡᠷ᠎ᠡ ᠭᠦᠢᠴᠡᠳᠬᠡᠬᠦ︾᠂ ︽ᠠᠯᠠᠭᠠᠨ ᠳᠡᠭᠡᠷ᠎ᠡ ᠭᠦᠢᠴᠡᠳᠬᠡᠬᠦ︾᠂ ︽ᠨᠢᠭᠡ ᠴᠣᠩᠬᠤᠪᠴᠢ ᠪᠠᠷ ᠭᠦᠢᠴᠡᠳᠬᠡᠬᠦ︾᠎ ᠶᠢ ᠪᠦᠭᠦ ᠲᠠᠯ᠎ᠠ ᠪᠠᠷ ᠠᠬᠢᠭᠤᠯᠵᠤ᠂ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠵᠡᠷᠭᠡ 151 ᠵᠦᠢᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢ ︽ᠰᠦᠯᠵᠢᠶᠡᠨ ᠳᠡᠭᠡᠷ᠎ᠡ ᠭᠦᠢᠴᠡᠳᠬᠡᠬᠦ︾᠂ 61 ᠵᠦᠢᠯ ᠢ ︽ᠠᠯᠠᠭᠠᠨ ᠳᠡᠭᠡᠷ᠎ᠡ ᠭᠦᠢᠴᠡᠳᠬᠡᠬᠦ︾᠂ 136 ᠵᠦᠢᠯ ᠢ ︽ᠨᠢᠭᠡ ᠴᠣᠩᠬᠤᠪᠴᠢ ᠪᠠᠷ ᠭᠦᠢᠴᠡᠳᠬᠡᠬᠦ︾᠎ ᠶᠢ ᠪᠡᠶᠡᠯᠡᠭᠦᠯᠵᠦ᠂ ᠠᠷᠠᠳ ᠣᠯᠠᠨ ᠳᠤ ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠬᠦᠷᠲᠡᠭᠡᠪᠡ᠃            ᠡᠷᠡᠭᠦᠯ ᠮᠡᠨᠳᠦ ᠶᠢ ᠬᠠᠮᠠᠭᠠᠯᠠᠬᠤ ᠪᠠᠲᠤ ᠪᠠᠬᠢ ᠲᠤᠯᠭᠠᠭᠤᠷᠢᠯᠠᠯ ᠬᠠᠩᠭᠠᠪᠠ            ᠪᠦᠭᠦ ᠠᠷᠠᠳ ᠤᠨ ᠡᠷᠡᠭᠦᠯ ᠮᠡᠨᠳᠦ ᠪᠠᠶᠢᠬᠤ ᠦᠭᠡᠢ ᠪᠣᠯ ᠪᠦᠭᠦ ᠲᠠᠯ᠎ᠠ ᠶᠢᠨ ᠴᠢᠨᠡᠭᠡᠯᠢᠭ ᠨᠡᠶᠢᠭᠡᠮ ᠪᠠᠶᠢᠵᠤ ᠴᠢᠳᠠᠬᠤ ᠦᠭᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠨᠢ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠲᠠᠢ ᠰᠢᠭᠤᠳ ᠬᠤᠯᠪᠣᠭᠳᠠᠵᠤ ᠪᠠᠶᠢᠳᠠᠭ᠃ ᠮᠠᠨ ᠤ ᠣᠷᠣᠨ ᠢᠮᠠᠭᠲᠠ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢ ᠤᠷᠢᠳ ᠢᠶᠠᠷ ᠪᠣᠳᠣᠯᠬᠢᠯᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠠᠷᠠᠳ ᠲᠦᠮᠡᠨ ᠤ ᠡᠷᠡᠭᠦᠯ ᠮᠡᠨᠳᠦ ᠶᠢᠨ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃            ᠠᠷᠠᠳ ᠲᠦᠮᠡᠨ ᠢᠶᠠᠷ ᠭᠤᠣᠯ ᠪᠤᠯᠭᠠᠵᠤ᠂ ᠠᠯᠢᠪᠠ ᠪᠦᠭᠦᠨ ᠠᠷᠠᠳ ᠲᠦᠮᠡᠨ ᠤ ᠲᠥᠯᠥᠭᠡ ᠪᠠᠶᠢᠬᠤ ᠶᠢ ᠪᠣᠳᠠᠲᠤ ᠠᠵᠢᠯᠯᠠᠭ᠎ᠠ ᠳᠡᠭᠡᠷ᠎ᠡ ᠪᠠᠨ ᠦᠨᠡᠨ ᠬᠦ ᠨᠠᠶᠢᠳᠠᠪᠤᠷᠢᠵᠢᠭᠤᠯᠪᠠ᠃ 2021 ᠣᠨ ᠠᠴᠠ ᠨᠠᠭᠠᠰᠢ᠂ ᠮᠠᠨ ᠤ ᠣᠷᠣᠨ ᠡᠷᠢᠶᠡᠨ ᠬᠤᠳᠠ᠂ ᠡᠵᠡᠨ᠎ᠡ᠂ ᠮᠠᠨᠵᠤᠤᠷ᠂ ᠭᠦᠭᠡᠬᠤᠲᠠ ᠵᠡᠷᠭᠡ ᠭᠠᠵᠠᠷ ᠤᠨ ᠬᠢᠵᠢᠭ ᠤᠨ ᠪᠠᠶᠢᠳᠠᠯ ᠢ ᠪᠦᠲᠦᠮᠵᠢᠲᠡᠢ ᠰᠢᠢᠳᠪᠦᠷᠢᠯᠡᠵᠦ᠂ ᠪᠦᠭᠦ ᠣᠷᠣᠨ ᠤ ᠦᠨᠳᠦᠰᠦᠲᠡᠨ ᠨᠦᠭᠦᠳ ᠤᠨ 2400 ᠭᠠᠷᠤᠢ ᠲᠦᠮᠡᠨ ᠠᠷᠠᠳ ᠲᠦᠮᠡᠨ ᠤ ᠠᠮᠤᠷ ᠠᠮᠤᠭᠤᠯᠠᠩ ᠪᠣᠯᠣᠨ ᠵᠣᠯ ᠵᠢᠷᠭᠠᠯ ᠢ ᠪᠦᠭᠦ ᠬᠦᠴᠦᠨ ᠢᠶᠠᠷ ᠢᠶᠠᠨ ᠬᠠᠮᠠᠭᠠᠯᠠᠪᠠ ᠁ ᠠᠯᠠᠱᠠ ᠵᠡᠭᠦᠨ ᠬᠤᠰᠢᠭᠤᠨ ᠤ ᠮᠠᠯᠴᠢᠨ ᠤᠳᠤᠨ ᠭᠡᠷ ᠤᠨ ᠢᠶᠠᠨ ᠺᠤᠮᠫᠢᠦ᠋ᠲ᠋ᠧᠷ ᠤᠨ ᠡᠮᠦᠨ᠎ᠡ ᠥᠪᠥᠷ ᠮᠣᠩᠭᠤᠯ ᠤᠨ ᠬᠢᠲᠠᠳ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠲᠠᠢ ︽ᠨᠢᠭᠤᠷᠳᠠᠨ︾ ᠡᠮᠨᠡᠭᠦᠯᠵᠦ᠂ ᠡᠮ ᠠᠪᠬᠤ᠂ ᠰᠦᠢᠳᠬᠡᠯ ᠲᠤᠰᠢᠶᠠᠬᠤ ᠵᠡᠷᠭᠡ ᠠᠵᠢᠯ ᠢ ᠴᠥᠮ ᠰᠦᠯᠵᠢᠶᠡᠨ ᠳᠡᠭᠡᠷ᠎ᠡ ᠬᠢᠵᠦ ᠳᠠᠭᠤᠰᠬᠠᠪᠠ᠃            ᠣᠶᠢᠯᠠᠭᠠᠭᠰᠠᠨ ᠢᠶᠠᠷ᠂ 2019 ᠣᠨ ᠠᠴᠠ ᠡᠬᠢᠯᠡᠨ᠂ ᠮᠠᠨ ᠤ ᠣᠷᠣᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠵᠠᠯᠭᠠᠭ᠎ᠠ ᠪᠠᠷ ︽ᠢᠨᠲ᠋ᠧᠷ ᠰᠦᠯᠵᠢᠶ᠎ᠡ + ᠰᠤᠪᠢᠯᠠᠯᠲᠠ︾ ᠎ ᠶᠢᠨ ᠦᠢᠯᠡᠴᠢᠯᠡᠭᠡ ᠭᠠᠷᠭᠠᠵᠤ᠂ ᠡᠮᠨᠡᠯᠭᠡ ᠠᠴᠠ ᠭᠠᠷᠤᠭᠰᠠᠨ ᠡᠪᠡᠳᠴᠢᠲᠡᠨ ᠪᠤᠶᠤ ᠶᠠᠪᠤᠵᠤ ᠰᠠᠭᠤᠬᠤ ᠳᠤ ᠳᠥᠭᠦᠮ ᠦᠭᠡᠢ ᠣᠨᠴᠠᠭᠠᠶ ᠬᠥᠮᠥᠰ ᠲᠤ ᠳᠥᠭᠦᠮ ᠳᠥᠲᠡ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ᠂ ᠮᠠᠨ ᠤ ᠣᠷᠣᠨ ᠲᠠᠪᠤᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠢ ᠪᠠᠶᠢᠭᠤᠯᠵᠤ᠂ ᠡᠯ᠎ᠡ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠤᠶᠢᠯ ᠤᠨ ᠶᠡᠭᠡ ᠪᠠᠷ ᠴᠢᠩᠭᠠᠳᠬᠠᠵᠤ ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ ᠤ ᠪᠦᠬᠦᠯᠢ ᠴᠣᠭᠴᠠ ᠶᠢᠨ ᠬᠡᠪ ᠴᠢᠨᠠᠷ ᠲᠠᠰᠤᠷᠠᠯᠲᠠ ᠦᠭᠡᠢ ᠳᠡᠭᠡᠭᠰᠢᠯᠡᠵᠦ᠂ ᠡᠮ ᠡᠮᠨᠡᠯᠭᠡ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠢᠯᠡᠳᠲᠡ ᠳᠡᠭᠡᠭᠰᠢᠯᠡᠪᠡ᠃ 2021 ᠣᠨ ᠤ ᠡᠴᠦᠰ ᠪᠤᠯᠲᠠᠯ᠎ᠠ᠂ ᠪᠦᠭᠦ ᠣᠷᠣᠨ ᠳᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠡᠶᠢᠲᠡ 24951 ᠪᠠᠶᠢᠵᠤ᠂ ᠡᠭᠦᠨ ᠳᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ 806᠂ ᠮᠠᠯᠵᠢᠬᠤ ᠲᠠᠷᠢᠶᠠᠯᠠᠬᠤ ᠣᠷᠣᠨ ᠤ ᠡᠷᠡᠭᠦᠯ ᠬᠠᠮᠠᠭᠠᠯᠠᠯ ᠤᠨ ᠬᠤᠷᠢᠶ᠎ᠠ 1251᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 122᠂ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ 114᠂ ᠲᠤᠰᠬᠠᠢ ᠮᠡᠷᠭᠡᠵᠢᠯ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ︵ᠭᠠᠵᠠᠷ︶ 14 ᠪᠤᠶ᠃ ᠮᠠᠯᠵᠢᠬᠤ ᠲᠠᠷᠢᠶᠠᠯᠠᠬᠤ ᠣᠷᠣᠨ ᠳᠤ 1.3 ᠲᠦᠮᠡᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠠᠢ᠂ 1.3 ᠲᠦᠮᠡᠨ ᠬᠥᠳᠡᠭᠡ ᠲᠣᠰᠬᠤᠨ ᠤ ᠡᠮᠴᠢ ᠪᠠ ᠡᠷᠡᠭᠦᠯ ᠬᠠᠮᠠᠭᠠᠯᠠᠯ ᠤᠨ ᠠᠵᠢᠯᠲᠠᠨ ᠲᠠᠢ ᠪᠥᠭᠡᠳ ᠮᠠᠨ ᠤ ᠣᠷᠣᠨ ᠮᠤᠵᠢ ᠠᠯᠤᠰᠯᠠᠨ ᠣᠨᠳᠣᠣ ᠭᠠᠵᠠᠷ ᠡᠮᠨᠡᠭᠦᠯᠵᠦ ᠡᠮᠨᠡᠯᠭᠡ ᠳᠤ ᠰᠠᠭᠤᠭᠰᠠᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠠᠯᠢ ᠡᠷᠲᠡ ᠪᠡᠶᠡᠯᠡᠭᠦᠯᠵᠦ᠂ ᠣᠯᠠᠨ ᠲᠦᠮᠡᠨ ᠤ ︽ᠡᠪᠡᠳᠴᠢᠨ ᠦᠵᠡᠭᠦᠯᠭᠦ ᠳᠤ ᠬᠦᠴᠢᠷᠲᠡᠢ︾᠂ ︽ᠡᠪᠡᠳᠴᠢᠨ ᠦᠵᠡᠭᠦᠯᠭᠦ ᠳᠤ ᠦᠨᠡᠲᠡᠢ︾ ᠪᠠᠶᠢᠬᠤ ᠵᠡᠷᠭᠡ ᠠᠰᠠᠭᠤᠳᠠᠯ ᠢ ᠪᠦᠲᠦᠮᠵᠢᠲᠡᠶ ᠨᠠᠮᠳᠠᠭᠤᠯᠪᠠ᠃            157 ᠲᠦᠮᠡᠨ ᠲᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠦᠭᠦᠨ ᠢ ᠶᠠᠳᠠᠭᠤ ᠠᠴᠠ ᠠᠩᠭᠢᠵᠢᠷᠠᠭᠤᠯᠵᠤ᠂ ᠪᠦᠭᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠬᠦᠰᠡᠯ ᠵᠡᠭᠦᠳᠦ ᠶᠢ ᠳᠡᠷᠭᠡᠯᠰᠢᠭᠦᠯᠪᠠ; ᠪᠦᠭᠦ ᠣᠷᠣᠨ ᠪᠦᠰᠡ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠢ ᠬᠥᠭᠵᠢᠭᠦᠯᠬᠦ ᠶᠢ ᠪᠡᠶᠡᠯᠡᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠡᠴᠡᠷᠯᠢᠭ ᠲᠤ ᠣᠷᠣᠭᠰᠠᠨ ᠨᠣᠷᠮ᠎ᠠ ᠵᠡᠷᠭᠡ ᠶᠢ 90% ᠎ ᠠᠴᠠ ᠳᠡᠭᠡᠭᠰᠢ ᠳᠤ ᠭᠦᠷᠦᠭᠦᠯᠪᠡ; ᠬᠥᠯᠥᠨ ᠪᠤᠶᠢᠷ ᠬᠤᠲᠠ᠂ ᠰᠢᠯᠢ ᠶᠢᠨ ᠭᠤᠣᠯ ᠠᠶᠢᠮᠠᠭ᠂ ᠠᠯᠠᠱᠠ ᠠᠶᠢᠮᠠᠭ ᠵᠡᠷᠭᠡ ᠠᠶᠢᠮᠠᠭ ᠬᠤᠲᠠ ᠶᠢᠨ ᠳᠠᠭᠠᠵᠤ ᠨᠡᠭᠦᠭᠰᠡᠨ ᠦᠷ᠎ᠡ ᠬᠡᠦᠬᠡᠳ ᠢ ᠪᠦᠭᠦᠨ ᠢ ᠠᠯᠪᠠᠨ ᠠᠴᠠ ᠡᠷᠭᠢᠯᠡᠭᠰᠡᠨ ᠰᠤᠷᠭᠠᠭᠤᠯᠢ ᠳᠤ ᠣᠷᠣᠭᠤᠯᠪᠠ; ᠪᠦᠭᠦ ᠣᠷᠣᠨ ᠳᠤ 46.4 ᠲᠦᠮᠡᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠵᠦ᠂ 116.65 ᠲᠦᠮᠡᠨ ᠡᠷᠦᠭᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠵᠦ᠂ ᠡᠯ᠎ᠡ ᠲᠥᠷᠥᠯ ᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ 160 ᠭᠠᠷᠤᠢ ᠲᠦᠮᠡᠨ ᠢᠵᠢ ᠲᠥᠭᠦᠮ ᠪᠦᠲᠦᠴᠡᠲᠦ ᠣᠷᠣᠨ ᠰᠠᠭᠤᠴᠠ ᠶᠢ ᠲᠥᠭᠦᠷᠵᠢᠭᠦᠯᠦᠨ ᠪᠠᠶᠢᠭᠤᠯᠵᠤ᠂ 140 ᠲᠦᠮᠡᠨ ᠢᠵᠢ ᠭᠡᠷ ᠭᠠᠵᠠᠷ ᠤᠨ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠶᠳᠪᠦᠷᠢᠯᠡᠪᠡ; ᠤᠯᠠᠨ ᠲᠦᠮᠡᠨ ᠤ ︽ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠳᠤ ᠬᠠᠶᠢᠷ᠎ᠠ ᠬᠠᠯᠠᠮᠵᠢ ᠬᠦᠷᠲᠡᠭᠡᠵᠦ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ᠂ ᠲᠦᠪᠡᠭᠳᠡᠵᠦ ᠪᠠᠶᠢᠭ᠎ᠠ ᠶᠠᠪᠤᠳᠠᠯ ᠢ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠢᠳᠤᠷᠠᠯ ᠨᠡᠩ ᠵᠣᠯ ᠵᠢᠷᠭᠠᠯ ᠲᠠᠢ᠂ ᠢᠷᠡᠭᠡᠳᠦᠢ ᠨᠡᠩ ᠰᠠᠶᠢᠨ ᠰᠠᠶᠢᠬᠠᠨ ᠪᠣᠯᠵᠠᠢ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号