| | | | ᠵᠣᠬᠢᠶᠠᠭᠴᠢ᠄ ᠰᠥᠩ ᠱᠤᠸᠠᠩ | | | | | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶᠠᠨ ᠤ ᠳᠣᠲᠣᠨᠣ | ᠬᠠᠯᠠᠮᠵᠢᠯᠠᠯ ᠨᠢ ᠥᠪᠥᠷ ᠮᠣᠩᠭᠤᠯ ᠤᠨ ᠡᠬᠡ ᠭᠠᠵᠠᠷ ᠲᠤ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠬᠦᠴᠦᠷᠬᠡᠭ | ᠶᠡᠭᠡ ᠢᠳᠡᠪᠬᠢ ᠬᠦᠴᠦᠨ ᠢ ᠬᠥᠭᠵᠢᠭᠡᠪᠡ — ᠪᠦᠭᠦ ᠣᠷᠣᠨ ᠳᠠᠶᠠᠭᠠᠷ ᠢᠶᠠᠨ ᠪᠠᠲᠤ ᠴᠢᠩᠭ᠎ᠠ ᠬᠤᠪᠢᠰᠬᠠᠯᠲᠤ ᠵᠣᠷᠢᠭ | ᠰᠠᠨᠠᠭ᠎ᠠ ᠪᠣᠯᠣᠨ ᠲᠡᠮᠡᠴᠡᠯ ᠤᠨ ᠵᠣᠷᠢᠭ ᠰᠠᠨᠠᠭ᠎ᠠ ᠪᠠᠷ ᠤᠯᠤᠰ ᠲᠥᠷᠥ ᠶᠢᠨ ᠠᠮᠢ ᠠᠬᠤᠢ ᠶᠢ ᠴᠡᠪᠡᠷᠰᠢᠭᠦᠯᠦᠨ ᠵᠠᠰᠠᠵᠤ᠂ | ᠠᠷᠬᠠᠭ ᠭᠡᠮ ᠳᠤ ᠤᠬᠳᠤ ᠲᠠᠲᠠᠭᠠᠯᠵᠠᠯ ᠦᠭᠡᠢ ᠪᠠᠷ ᠰᠡᠯᠡᠮ᠎ᠡ ᠳᠠᠯᠠᠶᠢᠵᠤ᠂ ᠬᠤᠣᠷᠲᠤ ᠬᠠᠪᠤᠳᠠᠷ ᠲᠤ ᠮᠡᠰᠡ ᠵᠠᠰᠠᠯ | ᠬᠢᠵᠦ᠂ ᠤᠯᠤᠰ ᠲᠥᠷᠥ ᠶᠢᠨ ᠠᠮᠢ ᠠᠬᠤᠢ ᠶᠢ ᠡᠬᠢ ᠦᠨᠳᠦᠰᠦ ᠠᠴᠠ ᠨᠢ ᠴᠡᠭᠴᠡᠯᠡᠨ ᠰᠠᠶᠢᠵᠢᠷᠠᠭᠤᠯᠵᠤ᠂ ᠡᠯ᠎ᠡ | ᠵᠦᠢᠯ ᠤᠨ ᠠᠵᠢᠯ ᠦᠢᠯᠡᠰ ᠤᠨ ᠬᠥᠭᠵᠢᠯᠲᠡ ᠳᠠᠪᠰᠢᠯᠲᠠ ᠶᠢᠨ ᠬᠠᠷᠰᠢ ᠰᠠᠭᠠᠳ ᠢ ᠴᠡᠪᠡᠷᠯᠡᠵᠦ᠂ ᠭᠡᠮ ᠰᠣᠭᠤᠭ ᠢ | ᠠᠷᠢᠯᠭᠠᠵᠤ᠂ ᠰᠠᠶᠢᠨ ᠰᠠᠶᠢᠬᠠᠨ ᠣᠷᠴᠢᠨ ᠢ ᠪᠤᠢ ᠪᠣᠯᠭᠠᠪᠠ᠃ | | ᠰᠠᠭᠤᠷᠢ ᠶᠢ ᠪᠠᠬᠢᠵᠢᠭᠦᠯᠵᠦ — ᠨᠠᠮ ᠤᠨ ᠵᠣᠷᠢᠯᠲᠠ ᠶᠢ ᠪᠠᠲᠤ ᠴᠡᠭᠡᠵᠢᠯᠡᠵᠦ᠂ ᠡᠪ ᠬᠠᠮᠲᠤᠴᠤᠳ ᠤᠨ ᠤᠶᠤᠨ | ᠰᠠᠨᠠᠭᠠᠨ ᠤ ᠨᠢᠷᠤᠭᠤ ᠶᠢ ᠴᠣᠭᠴᠠᠯᠠᠪᠠ | | ᠥᠪᠥᠷ ᠮᠣᠩᠭᠤᠯ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ | ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠲᠥᠪ ᠤᠨ ᠲᠣᠭᠤᠷᠢᠨ | ᠪᠠᠶᠢᠴᠠᠭᠠᠬᠤ ᠪᠠ ᠡᠯ᠎ᠡ ᠲᠦᠷᠦᠯ ᠤᠨ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠪᠠᠷ ᠤᠳᠤᠷᠢᠳᠤᠮᠵᠢ ᠪᠤᠯᠭᠠᠵᠦ ᠨᠠᠮ ᠤᠨ | ᠤᠳᠤᠷᠢᠳᠤᠯᠭ᠎ᠠ ᠰᠤᠯᠠᠷᠠᠬᠤ᠂ ᠨᠠᠮ ᠤᠨ ᠪᠠᠶᠢᠭᠤᠯᠤᠯᠲᠠ ᠳᠤᠲᠠᠭᠳᠠᠬᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠡᠷᠴᠢᠮ ᠰᠤᠯᠠ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ | ᠲᠠᠰᠤᠷᠠᠯᠳᠡ ᠦᠭᠡᠢ ᠴᠢᠩᠭ᠎ᠠ ᠬᠠᠲᠠᠭᠤ ᠲᠡᠶᠢᠰᠢ ᠠᠬᠢᠪᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ︽ᠳᠥᠷᠪᠡᠨ ᠤᠬᠠᠮᠰᠠᠷ︾ ᠢᠶᠠᠨ ᠦᠨᠡᠨ ᠬᠦ | ᠴᠢᠩᠭᠠᠳᠬᠠᠵᠤ᠂ ︽ᠲᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠨᠠᠮ ᠤᠨ ᠲᠤᠭ ᠤᠨ ᠳᠣᠣᠷ᠎ᠠ ︽ᠪᠣᠯᠣᠳ ᠲᠡᠮᠦᠷ︾ ᠪᠣᠯᠵᠤ ᠨᠢᠭᠲᠠᠷᠠᠪᠠ᠃ | | ᠭᠡᠷᠡᠯ ᠰᠠᠴᠤᠷᠠᠩᠭᠤᠢ ᠤᠯᠠ ᠮᠥᠷ ᠤᠳ ᠶᠡᠷᠦ ᠪᠤᠰᠤ ᠶᠢᠨ ᠬᠥᠭᠵᠢᠯᠲᠡ ᠶᠢ ᠭᠡᠷᠡᠴᠢᠯᠡᠵᠦ ᠪᠠᠶᠢᠨ᠎ᠠ᠃ | | ᠰᠢᠮ᠎ᠡ ᠲᠡᠵᠢᠭᠡᠯ ᠨᠥᠬᠦᠪᠦᠷᠢᠯᠡᠵᠦ ᠰᠦᠭ ᠰᠦᠨᠡᠰᠦ ᠶᠢ ᠱᠤᠭᠤᠪᠠ — | | ᠲᠢᠩᠬᠢᠮ ᠲᠣᠪᠴᠢᠶ᠎ᠠ ᠶᠢᠨ ᠲᠠᠰ ᠤᠨ ᠺᠠᠳ᠋ᠷ ᠤᠨ ᠳᠠᠪᠲᠠᠨ ᠪᠣᠯᠪᠠᠰᠤᠷᠠᠬᠤ ᠠᠩᠭᠢ᠂ ᠣᠨᠣᠯ ᠰᠤᠳᠤᠯᠤᠨ | ᠰᠤᠷᠤᠯᠴᠠᠬᠤ ᠠᠩᠭᠢ ᠪᠠ ᠢᠳᠡᠷ ᠵᠠᠯᠠᠭᠤ ᠺᠠᠳ᠋ᠷ ᠤᠨ ᠪᠣᠯᠪᠠᠰᠤᠷᠠᠯ ᠤᠨ ᠠᠩᠭᠢ ᠵᠡᠷᠭᠡ ᠭᠤᠣᠯᠳᠠᠯᠭ᠎ᠠ ᠲᠠᠢ ᠠᠩᠭᠢ ᠶᠢ | ᠡᠷᠭᠢᠯᠡᠪᠡ; ᠥᠪᠥᠷ ᠮᠣᠩᠭᠤᠯ ᠤᠨ ᠺᠠᠳ᠋ᠷ ᠤᠨ ᠰᠦᠯᠵᠢᠶ᠎ᠡ ᠶᠢᠨ ᠳᠡᠭᠡᠳᠦ ᠰᠤᠷᠭᠠᠭᠤᠯᠢ ᠳᠤ ᠲᠦᠰᠢᠭᠯᠡᠨ ᠡᠭᠡᠯᠵᠢᠯᠡᠨ | ᠪᠣᠯᠪᠠᠰᠤᠷᠠᠯ ᠥᠷᠨᠢᠭᠦᠯᠵᠦ᠂ ᠰᠢᠶᠠᠨ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ ᠢ ᠪᠦᠭᠦᠨ ᠢ ᠪᠦᠷᠭᠦᠭᠦᠯᠪᠡ; | ᠥᠷᠭᠡᠨ ᠤᠯᠠᠨ ᠨᠠᠮ ᠤᠨ ᠭᠡᠰᠢᠭᠦᠨ ᠪᠣᠯᠣᠨ ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠨᠠᠮ ᠤᠨ ᠭᠡᠰᠢᠭᠦᠨ | ᠺᠠᠳ᠋ᠷ ᠤᠨ ᠡᠷᠬᠡᠪᠰᠢ ᠤᠩᠰᠢᠬᠤ ᠨᠣᠮ ᠪᠠ ᠯᠠᠪᠯᠠᠬᠤ ᠨᠣᠮ ᠪᠢᠴᠢᠭ ᠢ ᠲᠣᠳᠣᠷᠬᠠᠶᠢᠯᠠᠵᠤ᠂ ᠲᠤᠰᠬᠠᠢ ᠰᠡᠳᠦᠪ ᠢ | ᠨᠠᠷᠢᠯᠢᠭᠵᠢᠭᠤᠯᠤᠨ ᠰᠤᠳᠤᠯᠤᠨ ᠶᠠᠷᠢᠯᠴᠠᠵᠤ ᠲᠥᠷᠥᠭᠳᠡᠯ ᠢᠶᠠᠨ ᠰᠣᠯᠢᠯᠴᠠᠵᠤ᠂ ᠰᠤᠷᠤᠯᠴᠠᠵᠤ ᠳᠡᠶᠢᠯᠭᠦ᠂ ᠴᠡᠭᠡᠵᠢᠯᠡᠵᠦ | ᠳᠡᠶᠢᠯᠭᠦ᠂ ᠬᠡᠷᠡᠭᠯᠡᠵᠦ ᠳᠡᠶᠢᠯᠭᠦ ᠶᠢ ᠴᠢᠷᠮᠠᠶᠢᠨ ᠪᠠᠶᠠᠯᠡᠭᠦᠯᠪᠡ; ᠨᠠᠮ ᠤᠨ ᠭᠡᠰᠢᠭᠦᠨ ᠤ ᠭᠤᠣᠯᠳᠠᠯᠭᠠᠲᠤ ᠡᠷᠦᠭᠡ᠂ | ᠦᠨᠳᠦᠰᠦᠨ ᠱᠠᠲᠤᠨ ᠤ ᠶᠠᠷᠢᠶᠠᠨ ᠤ ᠲᠠᠩᠬᠢᠮ᠂ ᠨᠡᠭᠦᠳᠡᠯ ᠨᠠᠮ ᠤᠨ ᠰᠤᠷᠭᠠᠭᠤᠯᠢ᠂ ᠠᠯᠤᠰ ᠡᠵᠡᠮᠰᠢᠯᠲᠦ ᠰᠤᠷᠭᠠᠨ | ᠬᠥᠮᠦᠵᠢᠯ ᠳᠤ ᠲᠦᠰᠢᠭᠯᠡᠨ ᠮᠠᠯᠴᠢᠨ ᠲᠠᠷᠢᠶᠠᠴᠢᠨ ᠨᠠᠮ ᠤᠨ ᠭᠡᠰᠢᠭᠦᠨ ᠤ ᠰᠤᠷᠤᠯᠴᠠᠯᠭ᠎ᠠ ᠬᠥᠮᠦᠵᠢᠯ ᠢ | ᠣᠷᠬᠢᠭᠳᠠᠭᠤᠯᠤᠭᠰᠠᠨ ᠦᠭᠡᠢ ᠁ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠡᠷᠡᠰ ᠪᠠᠲᠤ | ᠰᠢᠲᠦᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠵᠤ᠂ ᠦᠵᠡᠯ ᠰᠠᠨᠠᠭ᠎ᠠ ᠣᠨᠣᠯ ᠤᠨ ᠵᠡᠪᠰᠡᠭᠯᠡᠯ | ᠢᠶᠠᠨ ᠴᠢᠩᠭᠠᠳᠬᠠᠵᠤ᠂ ᠣᠶᠤᠨ ᠰᠠᠨᠠᠭᠠᠨ ᠤ ︽ᠺᠠᠯᠼ︾ ᠢᠶᠠᠨ ᠭᠦᠢᠴᠡᠳ ᠨᠥᠬᠦᠪᠦᠷᠢᠯᠡᠵᠦ᠂ ᠢᠯᠵᠠᠷᠠᠯ ᠢ | ᠰᠡᠷᠭᠡᠶᠢᠯᠡᠵᠦ ᠬᠤᠪᠢᠷᠠᠬᠤ ᠶᠢ ᠲᠡᠪᠴᠢᠭᠦ ᠦᠵᠡᠯ ᠰᠠᠨᠠᠭᠠᠨ ᠤ ᠬᠠᠰᠢᠯᠭ᠎ᠠ ᠶᠢ ᠪᠠᠲᠤ ᠴᠣᠭᠴᠠᠯᠠᠪᠠ᠃ | | ᠳᠦᠷᠰᠦ ᠪᠠᠶᠢᠳᠠᠯ ᠢ ᠰᠢᠨᠡᠳᠬᠡᠪᠡ — | | 2022 ᠣᠨ ᠤ 4 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠠᠴᠠ ᠪᠦᠭᠦ ᠣᠷᠣᠨ ᠳᠤ ᠨᠠᠮ ᠤᠨ | ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠳᠠᠬᠢ ᠪᠣᠯᠭᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢ ᠪᠠᠶᠢᠷᠢᠯᠠᠭᠤᠯᠵᠤ᠂ ᠲᠣᠪᠣᠶᠢᠮ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠦᠨ᠂ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠬᠦ ᠶᠢ ᠪᠠᠷᠢᠮᠲᠠᠯᠠᠵᠤ᠂ | ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠴᠢᠬᠤᠯᠠᠴᠢᠯᠠᠨ᠂ ᠨᠠᠮ ᠤᠨ | ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠡᠷᠡᠭᠦᠯ ᠪᠥᠭᠡᠳ ᠵᠢᠷᠤᠮᠵᠢᠯ ᠲᠠᠢ ᠵᠠᠮ ᠳᠤ ᠪᠦᠭᠦ ᠲᠠᠯ᠎ᠠ ᠪᠠᠷ | ᠪᠤᠴᠠᠭᠠᠬᠤ ᠶᠢ ᠲᠦᠷᠭᠡᠳᠬᠡᠨ ᠠᠬᠢᠭᠤᠯᠪᠠ᠃ | | ᠨᠠᠮ ᠨᠢ ᠨᠠᠮ ᠢᠶᠠᠨ ᠬᠠᠮᠢᠶᠠᠷᠬᠤ ᠳᠤ ᠡᠩ ᠲᠡᠷᠢᠭᠦᠨ ᠳᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ | ᠠᠮᠢᠳᠤᠷᠠᠯ ᠠᠴᠠ ᠡᠬᠢᠯᠡᠨ ᠬᠠᠮᠢᠶᠠᠷᠬᠤ ᠭᠡᠷᠡᠭᠲᠡᠢ; ᠨᠠᠮ ᠢ ᠴᠢᠩᠭ᠎ᠠ ᠵᠠᠰᠠᠬᠤ ᠳᠤ ᠡᠩ ᠲᠡᠷᠢᠭᠦᠨ ᠳᠤ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠠᠴᠠ ᠡᠬᠢᠯᠡᠵᠦ ᠴᠢᠩᠳᠠᠯᠠᠬᠤ ᠬᠡᠷᠡᠭᠲᠡᠢ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠥᠪ ᠤᠨ ︽ | ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠲᠤᠬᠠᠢ | ᠪᠠᠷᠢᠮᠵᠢᠶ᠎ᠠ ᠨᠤᠭᠤᠳ︾ ᠢ ᠬᠢᠨᠠᠮᠠᠭᠠᠢ ᠲᠤᠭᠤᠰᠢᠯᠠᠭᠤᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠴᠢᠩᠭ᠎ᠠ ᠪᠣᠳᠠᠲᠠᠢ | ᠠᠬᠢᠭᠤᠯᠵᠤ᠂ ᠲᠦᠷᠦᠭᠦᠯᠡᠨ ᠶᠣᠰᠣ ᠳᠦᠷᠢᠮ ᠲᠣᠭᠲᠠᠭᠠᠵᠤ᠂ ᠥᠯᠢᠭᠡᠷ ᠳᠠᠭᠤᠷᠢᠶᠠᠯ ᠪᠣᠯᠪᠠ᠃ ᠰᠥᠩ ᠯᠢᠶᠠᠩ ᠤᠨ | ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠬᠡᠷᠡᠭ ᠢ ᠬᠡᠷᠡᠭ ᠢᠶᠠᠷ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠬᠤ ᠠᠵᠢᠯ ᠢ ᠥᠷᠨᠢᠭᠦᠯᠬᠦ ᠲᠣᠭᠢᠶᠠᠯ ᠪᠣᠯᠭᠠᠨ᠂ ᠲᠤᠰᠬᠠᠢ ᠴᠡᠭᠴᠡᠯᠡᠨ ᠰᠠᠶᠢᠵᠢᠷᠠᠭᠤᠯᠬᠤ | ᠰᠢᠷᠢᠰ ᠠᠵᠢᠯ ᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠥᠷᠥ ᠶᠢ ᠡᠷᠭᠢᠮᠯᠡᠭᠦ ᠶᠢ ᠭᠠᠳᠠᠭᠠᠳᠤ | ᠱᠠᠭᠠᠷᠳᠠᠯᠭ᠎ᠠ ᠠᠴᠠ ᠳᠣᠲᠣᠭᠠᠳᠤ ᠰᠠᠨᠠᠭᠠᠴᠢᠯᠠᠭᠠᠲᠤ ᠴᠢᠨᠠᠷ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠰᠠᠶᠢᠨ | ᠰᠠᠶᠢᠬᠠᠨ ᠤᠯᠤᠰ ᠲᠥᠷᠥ ᠶᠢᠨ ᠠᠮᠢ ᠠᠬᠤᠢ ᠶᠢᠨ ᠬᠥᠷᠥᠰᠥ ᠰᠢᠷᠣᠢ ᠶᠢ ᠲᠠᠰᠤᠷᠠᠯᠲᠠ ᠦᠭᠡᠢ ᠵᠤᠵᠠᠭᠠᠳᠬᠠᠪᠠ᠃ | | ᠨᠠᠮ ᠤᠨ ᠳᠣᠲᠣᠭᠠᠳᠤ ᠶᠢᠨ ᠬᠥᠮᠦᠵᠢᠯ ᠢ ᠴᠢᠩᠭᠠᠳᠬᠠᠪᠠ — | | ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ᠂ ︽ᠤᠭ | ᠰᠠᠨᠠᠭ᠎ᠠ ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠁ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠨᠢ | ᠨᠠᠮ ᠤᠨ ᠳᠣᠲᠣᠭᠠᠳᠤ ᠶᠢᠨ ᠬᠥᠮᠦᠵᠢᠯ ᠢ ︽ᠵᠠᠩᠭᠢᠯᠠᠭ᠎ᠠ ᠶᠢᠨ ᠴᠥᠭᠡᠨ ᠲᠣᠭᠠᠲᠠᠨ︾ ᠠᠴᠠ ᠥᠷᠭᠡᠨ ᠣᠯᠠᠨ | ᠨᠠᠮ ᠤᠨ ᠭᠡᠰᠢᠭᠦᠨ ᠲᠡᠶᠢᠰᠢ ᠥᠷᠭᠡᠳᠬᠡᠵᠦ᠂ ᠲᠥᠪᠯᠡᠷᠡᠩᠭᠦᠢ ᠴᠢᠨᠠᠷᠲᠠᠢ ᠬᠥᠮᠦᠵᠢᠯ ᠠᠴᠠ ᠪᠠᠶᠢᠩᠭᠤ ᠶᠢᠨ ᠴᠢᠨᠠᠷᠲᠠᠢ | ᠬᠥᠮᠦᠵᠢᠯ ᠲᠡᠶᠢᠰᠢ ᠤᠷᠲᠤᠳᠬᠠᠪᠠ᠃ ᠪᠦᠭᠦ ᠣᠷᠣᠨ ᠳᠠᠶᠠᠭᠠᠷ ᠢᠶᠠᠨ ᠭᠤᠣᠯ ᠰᠡᠳᠦᠪ ᠭᠤᠣᠯ ᠱᠤᠭᠤᠮ ᠳᠤ | ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠴᠢᠨᠠᠷ ᠰᠠᠶᠢᠲᠠᠢ ᠠᠬᠢᠭᠤᠯᠵᠤ᠂ | ᠣᠯᠠᠨ ᠲᠦᠮᠡᠨ ᠤ ᠰᠠᠨᠠᠭᠠᠰᠢᠷᠠᠨ ᠵᠣᠪᠠᠨᠢᠵᠤ ᠪᠠᠶᠢᠭ᠎ᠠ ᠦᠯᠡᠮᠵᠢ ᠣᠯᠠᠨ ᠤᠴᠢᠷ ᠶᠠᠪᠤᠳᠠᠯ ᠢ ᠰᠢᠢᠳᠪᠦᠷᠢᠯᠡᠪᠡ᠃ | | ᠤᠨᠤᠯ ᠰᠤᠷᠤᠯᠴᠠᠬᠤ᠂ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠭᠦ᠂ ᠴᠢᠳᠠᠪᠤᠷᠢ ᠪᠠᠨ ᠴᠢᠩᠭᠠᠳᠬᠠᠬᠤ | ᠬᠠᠯᠠᠭᠤᠨ ᠥᠷᠨᠢᠯᠲᠡ ᠨᠢ ᠨᠠᠮ ᠤᠨ ᠲᠥᠪ ᠬᠤᠷᠢᠶᠠᠨ ᠤ ᠬᠦᠰᠡᠯ ᠨᠠᠶᠢᠳᠠᠯᠭ᠎ᠠ ᠳᠤ ᠬᠠᠷᠢᠭᠤᠯᠲᠠ ᠥᠭᠴᠦ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠳᠤ ᠨᠡᠶᠢᠴᠡᠵᠦ᠂ ᠥᠪᠥᠷ ᠮᠣᠩᠭᠤᠯ ᠤᠨ ᠨᠠᠮ ᠤᠨ | ᠰᠤᠷᠲᠠᠯ ᠵᠠᠰᠠᠭ ᠤᠨ ᠰᠤᠷᠲᠠᠯ ᠰᠢᠨᠡᠳᠴᠦ᠂ ᠨᠡᠶᠢᠭᠡᠮ ᠤᠨ ᠰᠡᠳᠬᠢᠯ ᠠᠷᠠᠳ ᠤᠨ ᠰᠡᠳᠬᠢᠯ ᠢ ᠬᠥᠭᠵᠢᠭᠡᠪᠡ᠃ | | ︽ᠡᠪᠳᠡᠭᠦ︾ ᠪᠠ ︽ᠪᠠᠶᠢᠭᠤᠯᠬᠤ︾ — ᠮᠡᠷᠭᠡᠳ ᠢ ᠰᠣᠩᠭᠤᠵᠤ ᠴᠢᠳᠠᠪᠤᠷᠢᠲᠠᠨ ᠢ ᠬᠡᠷᠡᠭᠯᠡᠬᠦ ᠰᠤᠷᠲᠠᠯ | ᠴᠢᠬᠡᠴᠢ ᠣᠪᠣᠷ ᠲᠥᠪ ᠬᠥᠮᠥᠨ ᠬᠡᠷᠡᠭᠯᠡᠬᠦ ᠣᠷᠴᠢᠨ ᠠᠬᠤᠢ ᠶᠢ ᠪᠤᠢ ᠪᠣᠯᠭᠠᠪᠠ | | 2021 ᠣᠨ ᠤ 5 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠬᠢᠵᠢᠭ ᠲᠠᠢ ᠲᠡᠮᠡᠴᠡᠬᠦ ᠳᠤ | ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠬᠤᠪᠢ ᠬᠥᠮᠥᠨ ᠪᠠ ᠲᠡᠷᠢᠭᠦᠨ ᠤ ᠬᠠᠮᠲᠤ ᠶᠢ ᠦᠪᠡᠳᠡᠭᠰᠢ | ᠶᠡᠭᠡ ᠪᠠᠷ ᠬᠥᠬᠢᠭᠦᠯᠦᠨ ᠰᠠᠶᠢᠰᠢᠶᠠᠪᠠ᠃ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ᠂ ᠪᠠᠭᠠᠲᠤᠷᠴᠤᠳ ᠲᠤ | ᠬᠦᠨᠳᠦᠳᠬᠡᠯ ᠳᠡᠪᠰᠢᠭᠦᠯᠭᠦ ᠪᠣᠯ ᠳᠠᠷᠤᠢ ᠲᠡᠳᠡᠨ ᠤ ᠰᠢᠯᠢᠳᠡᠭ ᠵᠠᠩ ᠴᠢᠨᠠᠷ ᠢ ᠰᠤᠷᠤᠯᠴᠠᠵᠤ᠂ ᠲᠡᠳᠡᠨ ᠤ ︽ᠤᠶᠤᠨ | ᠰᠠᠨᠠᠭᠠᠨ ᠤ ᠨᠢᠭᠤᠴᠠ ᠨᠣᠮᠧᠷ︾ ᠢ ᠣᠶᠢᠯᠠᠭᠠᠵᠤ ᠮᠡᠳᠡᠭᠦ ᠶᠢᠨ ᠲᠥᠯᠥᠭᠡ ᠶᠤᠮ᠃ ᠭᠡᠪᠡᠴᠦ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠳᠤᠮᠳᠠ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ ᠵᠠᠷᠢᠮ | ᠺᠠᠳ᠋ᠷ ᠢ ᠪᠠᠶᠢᠴᠠᠭᠠᠨ ᠰᠢᠢᠳᠪᠦᠷᠢᠯᠡᠵᠦ ᠬᠠᠷᠢᠭᠤᠴᠠᠯᠭ᠎ᠠ ᠲᠤᠯᠭᠠᠵᠤ ᠪᠠᠶᠢᠬᠤ ᠶᠢ ᠪᠢᠳᠡ ᠪᠠᠰᠠ ᠣᠯᠵᠤ ᠬᠠᠷᠠᠨ᠎ᠠ᠃ | | ᠲᠦᠰᠢᠮᠡᠳ ᠠᠷᠢᠭᠤᠨ ᠴᠢᠬᠡᠴᠢ ᠪᠣᠯᠪᠠᠰᠤ ᠤᠯᠤᠰ ᠲᠦᠷᠦ ᠭᠡᠭᠡᠨ ᠰᠠᠷᠠᠭᠤᠯ ᠪᠣᠯᠵᠤ ᠴᠢᠳᠠᠮᠤᠢ᠃ ᠰᠤᠷᠲᠠᠯ | ᠴᠢᠬᠡᠴᠢ ᠣᠪᠣᠷ ᠲᠥᠪ ᠬᠥᠮᠥᠨ ᠬᠡᠷᠡᠭᠯᠡᠬᠦ ᠣᠷᠴᠢᠨ ᠠᠬᠤᠢ ᠨᠢ ᠪᠣᠳᠠᠲᠤ ᠶᠠᠪᠤᠳᠠᠯ ᠪᠦᠲᠦᠭᠡᠬᠦ᠂ ᠪᠣᠳᠠᠲᠤ ᠦᠷ᠎ᠡ | ᠪᠦᠲᠦᠮᠵᠢ ᠶᠢ ᠡᠷᠭᠢᠮᠯᠡᠭᠦ ᠺᠠᠳ᠋ᠷ ᠲᠤ ᠠᠵᠢᠯ ᠦᠢᠯᠡᠰ ᠤᠨ ᠲᠠᠪᠰᠢᠯᠳᠠ᠂ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ | ᠰᠢᠨ᠎ᠡ ᠠᠵᠠ ᠲᠤᠭᠢᠶᠠᠯ ᠣᠯᠭᠤᠪᠠ᠃ ᠥᠪᠥᠷ ᠮᠣᠩᠭᠤᠯ ᠤᠨ ᠬᠥᠮᠥᠨ ᠰᠣᠩᠭᠤᠵᠤ ᠬᠥᠮᠥᠨ ᠬᠡᠷᠡᠭᠯᠡᠬᠦ ᠣᠪᠣᠷ ᠪᠣᠯ | ᠮᠣᠷᠠᠯ ᠴᠢᠳᠠᠪᠤᠷᠢ ᠶᠢ ᠬᠤᠣᠰᠯᠠᠭᠤᠯᠬᠤ᠂ ᠮᠣᠷᠠᠯ ᠢ ᠲᠡᠷᠢᠭᠦᠨ ᠳᠤ ᠲᠠᠯᠪᠢᠬᠤ᠂ ᠭᠠᠵᠠᠷ ᠣᠷᠣᠨ ᠢ ᠬᠠᠮᠢᠶᠠᠷᠤᠯ ᠦᠭᠡᠢ | ᠡᠷᠳᠡᠮᠲᠡᠨ ᠮᠡᠷᠭᠡᠳ ᠢ ᠬᠡᠷᠡᠭᠯᠡᠬᠦ᠂ ᠠᠵᠢᠯ ᠦᠢᠯᠡᠰ ᠢᠶᠠᠨ ᠳᠡᠭᠡᠳᠦᠯᠡᠬᠦ᠂ ᠲᠥᠪ ᠭᠤᠣᠯᠴᠢ ᠪᠠᠶᠢᠬᠤ ᠶᠠᠪᠤᠳᠠᠯ ᠪᠣᠯᠣᠨ᠎ᠠ | ᠃ ᠺᠠᠳ᠋ᠷ ᠤᠨ ᠤᠯᠤᠰ ᠲᠥᠷᠥ ᠶᠢᠨ ᠬᠡᠪ ᠴᠢᠨᠠᠷ ᠢ ᠰᠢᠨᠵᠢᠯᠡᠨ ᠪᠠᠶᠢᠴᠠᠭᠠᠬᠤ ᠠᠷᠭ᠎ᠠ ᠶᠢ ᠲᠣᠭᠲᠠᠭᠠᠨ ᠬᠡᠷᠡᠭᠵᠢᠭᠦᠯᠵᠦ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠨᠵᠢᠯᠡᠨ ᠪᠠᠶᠢᠴᠠᠭᠠᠬᠤ | ᠭᠤᠣᠯᠳᠠᠯᠭ᠎ᠠ ᠪᠤᠯᠭᠠᠵᠤ᠂ ᠤᠯᠤᠰ ᠲᠥᠷᠥ ᠶᠢᠨ ᠬᠡᠪ ᠴᠢᠨᠠᠷ ᠢ ᠵᠥᠪ ︵ᠪᠤᠷᠤᠭᠤ︶ ᠴᠢᠭᠯᠡᠯ ᠢᠶᠠᠷ ᠰᠢᠯᠭᠠᠨ | ᠦᠨᠡᠯᠡᠭᠦ ᠶᠢ ᠥᠷᠨᠢᠭᠦᠯᠵᠦ᠂ ᠭᠦᠨᠵᠡᠭᠡᠢ ᠰᠢᠨᠵᠢᠯᠡᠨ ᠪᠠᠶᠢᠴᠠᠭᠠᠬᠤ ︽ᠵᠢᠷᠭᠤᠭ᠎ᠠ ᠶᠢ ᠵᠠᠪᠠᠯ ᠶᠠᠷᠢᠯᠴᠠᠬᠤ︾ ᠶᠢ | ᠬᠡᠷᠡᠭᠵᠢᠭᠦᠯᠵᠦ᠂ ᠺᠠᠳ᠋ᠷ ᠤᠨ ᠤᠯᠤᠰ ᠲᠥᠷᠥ ᠶᠢᠨ ᠬᠡᠪ ᠴᠢᠨᠠᠷ ᠢ ᠤᠯᠠᠮ ᠨᠢᠭᠡ ᠠᠯᠬᠤᠮ ᠣᠨᠣᠪᠴᠢᠲᠠᠶ ᠰᠢᠯᠭᠠᠵᠤ | ᠪᠣᠳᠠᠲᠠᠢ ᠰᠢᠯᠭᠠᠵᠤ᠂ ᠤᠯᠤᠰ ᠲᠥᠷᠥ ᠶᠢᠨ ᠲᠠᠯ᠎ᠠ ᠪᠠᠷ ᠬᠢᠷᠢ ᠲᠡᠩᠴᠡᠭᠦ ᠦᠭᠡᠢ ᠪᠠᠶᠢᠬᠤ ᠶᠢ ᠡᠷᠡᠰ ᠬᠤᠷᠢᠭᠯᠠᠨ᠎ᠠ᠃ | ᠥᠪᠥᠷ ᠮᠣᠩᠭᠤᠯ ᠤᠨ ᠬᠥᠮᠥᠨ ᠰᠣᠩᠭᠤᠵᠤ ᠬᠥᠮᠥᠨ ᠬᠡᠷᠡᠭᠯᠡᠬᠦ ᠣᠪᠣᠷ ᠪᠣᠯ ︽ᠨᠢᠭᠡᠳᠦᠭᠡᠷ ᠭᠠᠷ︾ ᠪᠣᠯᠣᠨ | ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠢ ᠰᠢᠯᠢᠳᠡᠭ ᠢ ᠨᠢ ᠰᠣᠩᠭᠤᠵᠤ ᠬᠦᠴᠦᠷᠬᠡᠭ ᠢ ᠨᠢ | ᠲᠣᠬᠢᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠯᠢᠳᠡᠭ ᠵᠠᠯᠠᠭᠤ ᠺᠠᠳ᠋ᠷ ᠢ ᠬᠥᠮᠥᠵᠢᠭᠦᠯᠬᠦ ᠪᠠ | ᠬᠡᠷᠡᠭᠯᠡᠬᠦ ᠶᠢ ᠴᠢᠩᠭᠠᠳᠬᠠᠬᠤ ᠶᠠᠪᠤᠳᠠᠯ ᠪᠣᠯᠣᠨ᠎ᠠ᠃ ᠰᠣᠩᠭᠤᠨ ᠰᠢᠯᠵᠢᠭᠦᠯᠭᠦ ᠰᠣᠷᠣᠬᠴᠢ ᠶᠢᠨ ︽81 ᠴᠢᠳᠠᠪᠤᠷᠢᠲᠠᠨ | ᠬᠥᠮᠥᠵᠢᠭᠦᠯᠬᠦ ᠢᠨᠵᠧᠨᠧᠷᠢᠩ︾ ᠢ ᠭᠦᠨᠵᠡᠭᠡᠶᠢᠷᠡᠭᠦᠯᠵᠦ᠂ ᠲᠣᠰ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠴᠤᠭ ᠪᠠᠳᠠᠷᠠᠩᠭᠤᠢ ᠪᠠᠷ ᠦᠨᠳᠦᠰᠦᠨ ᠱᠠᠲᠤᠨ ᠤ ︽ᠴᠡᠷᠢᠭ ᠤᠨ ᠪᠣᠯᠪᠠᠰᠤᠷᠠᠯ ᠤᠨ ᠲᠠᠯᠠᠪᠠᠶ︾ ᠳᠤ | ᠣᠴᠢᠪᠠ᠃ ︽8266 ᠲᠥᠯᠥᠪᠯᠡᠭᠡ︾ ᠶᠢ ᠬᠡᠷᠡᠭᠵᠢᠭᠦᠯᠵᠦ᠂ ᠰᠢᠯᠢᠳᠡᠭ ᠵᠠᠯᠠᠭᠤ ᠺᠠᠳ᠋ᠷ ᠤᠨ ᠦᠰᠦᠨ | ᠪᠤᠶᠢᠵᠢᠯᠲᠠ ᠶᠢᠨ ᠲᠠᠩᠰᠠ ᠡᠪᠬᠡᠮᠡᠯ ᠢ ᠪᠠᠶᠢᠭᠤᠯᠵᠤ᠂ ᠬᠥᠳᠡᠯᠦᠩᠭᠦᠢ ᠬᠠᠮᠢᠶᠠᠷᠤᠯᠲᠠ ᠶᠢ ᠴᠢᠩᠭᠠᠳᠬᠠᠵᠤ᠂ ︽ | ᠭᠤᠷᠪᠠᠨ ᠨᠢᠭᠡ ᠪᠦᠯᠦᠭ︾ ᠬᠥᠮᠥᠵᠢᠭᠦᠯᠬᠦ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠨᠡᠷ᠎ᠡ ᠳᠤᠷᠠᠳᠤᠨ | ᠰᠢᠯᠵᠢᠭᠦᠯᠦᠨ ᠪᠤᠯᠪᠠᠰᠤᠷᠠᠭᠤᠯᠬᠤ᠂ ᠲᠤᠰᠢᠶᠠᠯ ᠡᠭᠦᠷᠭᠡᠯᠡᠭᠦᠯᠦᠨ ᠪᠤᠯᠪᠠᠰᠤᠷᠠᠭᠤᠯᠬᠤ᠂ ᠠᠵᠢᠯ ᠤᠨ ᠪᠠᠶᠢᠷᠢ | ᠰᠢᠯᠵᠢᠭᠦᠯᠦᠨ ᠲᠤᠰᠢᠶᠠᠯ ᠡᠭᠦᠷᠭᠡᠯᠡᠭᠦᠯᠬᠦ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ᠬᠢᠷᠢ ᠭᠡᠮ ᠢᠶᠠᠷ ᠨᠢ ᠢᠯᠭᠠᠬᠤ | ᠦᠭᠡᠢ᠂ ᠳᠠᠯᠳᠠ ᠱᠠᠲᠤ ᠶᠢ ᠡᠪᠳᠡᠵᠦ᠂ ᠵᠠᠯᠠᠭᠤ ᠺᠠᠳ᠋ᠷ ᠢ ᠵᠠᠩᠭᠢᠯᠠᠭ᠎ᠠ ᠶᠢᠨ ᠠᠵᠢᠯ ᠤᠨ ᠪᠠᠶᠢᠷᠢ᠂ ᠬᠦᠴᠢᠷ ᠲᠦᠪᠡᠭᠲᠡᠢ | ᠠᠵᠢᠯ ᠤᠨ ᠪᠠᠶᠢᠷᠢ ᠳᠡᠭᠡᠷ᠎ᠡ ᠳᠠᠪᠲᠠᠨ ᠪᠤᠯᠪᠠᠰᠤᠷᠠᠭᠤᠯᠵᠤ᠂ ᠡᠷᠳᠡᠮ ᠴᠢᠳᠠᠪᠤᠷᠢ ᠪᠠᠨ ᠨᠡᠮᠡᠭᠳᠡᠭᠦᠯᠵᠦ᠂ ᠠᠵᠢᠯ | ᠦᠢᠯᠡᠰ ᠤᠨ ᠦᠷᠭᠦᠯᠵᠢᠯᠡᠬᠦ ᠬᠥᠭᠵᠢᠯᠲᠡ ᠳᠤ ᠰᠢᠨ᠎ᠡ ᠬᠦᠴᠦᠨ ᠨᠡᠮᠡᠷᠢᠯᠡᠭᠦᠯᠪᠡ᠃ | | ᠥᠪᠥᠷ ᠮᠣᠩᠭᠤᠯ ᠤᠨ ᠬᠥᠮᠥᠨ ᠰᠣᠩᠭᠤᠵᠤ ᠬᠥᠮᠥᠨ ᠬᠡᠷᠡᠭᠯᠡᠬᠦ ᠣᠪᠣᠷ ᠪᠣᠯ ᠴᠢᠩᠭ᠎ᠠ ᠬᠠᠮᠢᠶᠠᠷᠬᠤ ᠪᠠ | ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠳᠠᠪᠰᠢᠭᠤᠯᠬᠤ ᠪᠠ ᠪᠠᠭᠤᠯᠭᠠᠬᠤ ᠳᠤ ᠪᠦᠷ ᠪᠤᠯᠬᠤ | ᠬᠤᠣᠰ ᠵᠠᠮ ᠢ ᠰᠢᠯᠤᠭᠤᠳᠬᠠᠬᠤ ᠶᠠᠪᠤᠳᠠᠯ ᠪᠣᠯᠣᠨ᠎ᠠ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ︽ᠵᠠᠩᠭᠢᠯᠠᠭ᠎ᠠ ᠶᠢᠨ | ᠴᠥᠭᠡᠨ ᠲᠣᠭᠠᠲᠠᠨ︾ ᠳᠤ ᠬᠢᠨᠠᠯᠲᠠ ᠲᠠᠯᠪᠢᠬᠤ ᠶᠢ ᠳᠣᠪᠤᠶᠢᠯᠭᠠᠵᠤ᠂ ᠬᠥᠮᠥᠨ ᠰᠣᠩᠭᠤᠵᠤ ᠬᠥᠮᠥᠨ ᠬᠡᠷᠡᠭᠯᠡᠬᠦ | ᠲᠤᠰᠬᠠᠢ ᠪᠠᠶᠢᠴᠠᠭᠠᠯᠲᠠ᠂ ᠬᠤᠪᠢ ᠬᠥᠮᠥᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠮᠡᠳᠡᠭᠦᠯᠭᠦ ᠲᠤᠰᠬᠠᠢ | ᠴᠡᠭᠴᠡᠯᠡᠨ ᠵᠠᠰᠠᠯᠲᠠ ᠵᠡᠷᠭᠡ ᠶᠢ ᠥᠷᠨᠢᠭᠦᠯᠵᠦ᠂ ᠺᠠᠳ᠋ᠷ ᠤᠨ ᠬᠠᠮᠢᠶᠠᠷᠤᠯᠲᠠ ᠬᠢᠨᠠᠯᠲᠠ ᠶᠢ ᠦᠨᠡᠨᠬᠦ ᠴᠢᠩᠭᠠᠳᠬᠠᠪᠠ ᠁ | | | ᠥᠩᠭᠡᠨ ᠲᠠᠯ᠎ᠠ ᠶᠢ ᠵᠠᠰᠠᠬᠤ ᠨᠢ ᠦᠨᠳᠦᠰᠦ ᠠᠴᠠ ᠨᠢ ᠵᠠᠰᠠᠬᠤ ᠳᠤ ᠴᠠᠭ ᠣᠯᠭᠤᠵᠤ᠂ ᠲᠣᠭᠠᠨ ᠤ | ᠬᠤᠪᠢᠷᠠᠯᠲᠠ ᠠᠴᠠ ᠦᠷᠭᠦᠯᠵᠢᠯᠡᠨ ᠴᠢᠨᠠᠷ ᠤᠨ ᠬᠤᠪᠢᠷᠠᠯᠲᠠ ᠭᠠᠷᠭᠠᠨ᠎ᠠ᠃ ᠬᠠᠮᠤᠭ ᠤᠨ ᠡᠴᠦᠰ ᠲᠤ᠂ ᠠᠵᠢᠯ | ᠶᠠᠪᠤᠳᠠᠯ ᠬᠢᠬᠦ ᠰᠠᠨᠠᠭ᠎ᠠ ᠲᠠᠢ ᠬᠥᠮᠥᠰ ᠲᠤ ᠠᠵᠠ ᠲᠣᠭᠢᠶᠠᠯ ᠣᠯᠭᠤᠵᠤ᠂ ᠠᠵᠢᠯ ᠶᠠᠪᠤᠳᠠᠯ ᠬᠢᠬᠦ ᠵᠣᠷᠢᠭᠲᠠᠢ | ᠬᠥᠮᠥᠰ ᠲᠤ ᠡᠷᠡᠭᠡᠯᠵᠡᠭᠡ ᠦᠭᠡᠢ ᠪᠤᠯᠭᠠᠵᠤ᠂ ᠠᠵᠢᠯ ᠶᠠᠪᠤᠳᠠᠯ ᠬᠢᠵᠦ ᠴᠢᠳᠠᠬᠤ ᠬᠥᠮᠥᠰ ᠲᠤ ᠲᠠᠪᠴᠠᠩ ᠬᠠᠩᠭᠠᠵᠤ᠂ | ᠠᠵᠢᠯ ᠶᠠᠪᠤᠳᠠᠯ ᠪᠦᠲᠦᠭᠡᠵᠦ ᠴᠢᠳᠠᠬᠤ ᠬᠥᠮᠥᠰ ᠲᠤ ᠪᠠᠶᠢᠷᠢ ᠰᠠᠭᠤᠷᠢ ᠣᠯᠭᠤᠵᠤ᠂ ᠥᠪᠡᠷᠲᠡᠭᠡᠨ ᠵᠠᠰᠠᠬᠤ ᠣᠷᠣᠨ ᠤ | ᠡᠯ᠎ᠡ ᠱᠠᠲᠤᠨ ᠤ ᠤᠳᠤᠷᠢᠳᠬᠤ ᠡᠷᠬᠡ ᠶᠢᠨ ᠢᠮᠠᠭᠲᠠ ᠪᠠᠲᠤ ᠪᠠᠬᠢ ᠪᠠᠶᠢᠬᠤ ᠶᠢ ᠪᠠᠲᠤᠯᠠᠪᠠ᠃ | | ᠬᠠᠲᠠᠭᠤ ᠲᠡᠮᠡᠴᠡᠯ — ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠶᠠᠰᠤ ᠶᠢ ᠬᠤᠰᠤᠨ | ᠬᠤᠣᠷ ᠢ ᠠᠷᠢᠯᠭᠠᠵᠤ᠂ ᠨᠠᠮ ᠤᠨ ᠪᠠᠲᠤ ᠴᠢᠩᠭ᠎ᠠ ᠤᠳᠤᠷᠢᠳᠬᠤ ᠴᠣᠭᠴᠠ ᠶᠢ ᠳᠠᠪᠲᠠᠨ ᠪᠣᠯᠪᠠᠰᠤᠷᠠᠭᠤᠯᠪᠠ | | ᠳᠤᠮᠳᠠᠳᠤ ᠤᠯᠤᠰ ᠤᠨ ᠡᠪ ᠬᠠᠮᠲᠤ ᠨᠠᠮ ᠲᠦᠷᠦ ᠪᠠᠷᠢᠭᠰᠠᠨ ᠠᠴᠠ ᠪᠣᠯᠵᠤ ᠬᠦᠴᠦᠨ ᠲᠠᠢ ᠪᠣᠯᠤᠭᠰᠠᠨ ᠪᠢᠰᠢ | ᠂ ᠬᠠᠷᠢᠨ ᠬᠦᠴᠦᠨ ᠲᠠᠢ ᠪᠣᠯᠪᠠᠯ ᠰᠠᠶ᠋ᠢ ᠲᠦᠷᠦ ᠪᠠᠷᠢᠵᠤ ᠴᠢᠳᠠᠨ᠎ᠠ᠃ ᠡᠨᠡ ᠬᠦ ᠬᠦᠴᠦᠨ ᠨᠢ ᠢᠮᠠᠭᠲᠠ ᠰᠢᠨᠲᠠᠷᠠᠰᠢ | ᠦᠭᠡᠢ ᠤᠷᠤᠭᠰᠢᠯᠠᠬᠤ ᠵᠣᠷᠢᠭ ᠰᠠᠨᠠᠭ᠎ᠠ ᠪᠠᠷ ᠬᠢᠲᠤᠭᠠᠨ ᠢᠷ ᠢ ᠳᠣᠲᠣᠭᠰᠢ ᠪᠠᠨ ᠬᠠᠨᠳᠤᠭᠤᠯᠵᠤ᠂ ᠢᠯᠵᠠᠷᠠᠯ ᠢ | ᠠᠷᠢᠯᠭᠠᠵᠤ᠂ ᠰᠠᠬᠢᠯᠭ᠎ᠠ ᠪᠠᠲᠤ ᠪᠠᠷ ᠪᠦᠭᠦ ᠨᠠᠮ ᠢ ᠴᠢᠩᠭ᠎ᠠ ᠬᠢᠵᠠᠭᠠᠷᠯᠠᠵᠤ᠂ ᠡᠭᠦᠨ ᠤ ᠤᠯᠠᠮ ᠠᠴᠠ ᠠᠷᠠᠳ ᠤᠨ | ᠰᠡᠳᠬᠢᠯ ᠢ ᠣᠯᠬᠤ ᠠᠴᠠ ᠢᠷᠡᠭᠰᠡᠨ ᠶᠤᠮ᠃ | | ᠲᠥᠪ ᠤᠨ ᠨᠠᠢᠮᠠᠨ ᠲᠣᠭᠲᠠᠭᠠᠯ ᠨᠡᠶᠢᠲᠡᠯᠡᠭᠰᠡᠨ ᠠᠴᠠ ᠭᠦᠭᠡᠬᠤᠲᠠ ᠶᠢᠨ ᠨᠢᠭᠡᠨ ᠴᠡᠴᠡᠭ ᠤᠨ ᠳᠡᠯᠭᠡᠭᠦᠷ ᠤᠨ | ᠤᠤᠯ ᠳᠠᠭᠠᠨ ᠬᠦᠯᠢᠶᠡᠵᠦ ᠠᠪᠤᠭᠠᠳ ᠵᠠᠪᠳᠤᠬᠤ ᠦᠭᠡᠢ ᠪᠠᠶᠢᠭᠰᠠᠨ ᠬᠤᠷᠠᠯ ᠳᠤ ᠬᠡᠷᠡᠭᠯᠡᠳᠡᠭ ᠴᠡᠴᠡᠭ ᠤᠨ | ᠵᠠᠬᠢᠶᠠᠯᠠᠭ᠎ᠠ ᠶᠢᠨ ᠬᠠᠭᠤᠳᠠᠰᠤ ᠨᠢᠭᠡ ᠯᠡ ᠳᠣᠣᠷ᠎ᠠ ᠠᠷᠢᠯᠪᠠ᠃ ᠴᠡᠴᠡᠭ ᠤᠨ ᠳᠡᠯᠭᠡᠭᠦᠷ ᠤᠨ ᠡᠵᠡᠨ ᠡᠵᠡᠩᠨᠡᠯᠲᠡ ᠶᠢᠨ | ᠰᠡᠳᠬᠢᠴᠡ ᠪᠠᠨ ᠬᠤᠪᠢᠷᠠᠭᠤᠯᠵᠤ᠂ ᠬᠤᠳᠠ ᠶᠢᠨ ᠠᠷᠠᠳ ᠤᠨ ᠭᠡᠷ ᠪᠦᠯᠢ ᠳᠤ ᠬᠠᠨᠳᠤᠭᠤᠯᠤᠭᠰᠠᠨ ᠬᠦᠯᠡᠮᠵᠢ ᠳᠤ | ᠰᠣᠷᠭᠤᠭ ᠴᠡᠴᠡᠭ ᠲᠠᠷᠢᠬᠤ ᠠᠵᠢᠯ ᠢ ᠬᠢᠵᠦ᠂ ᠠᠷᠠᠯᠵᠢᠶ᠎ᠠ ᠮᠠᠶᠢᠮᠠᠢ ᠨᠢ ᠥᠷᠨᠢᠨ ᠬᠥᠭᠵᠢᠪᠡ᠃ ᠴᠡᠴᠡᠭ ᠤᠨ | ᠳᠡᠯᠭᠡᠭᠦᠷ ᠤᠨ ᠡᠵᠡᠨ ᠤ ᠠᠷᠠᠯᠵᠢᠶ᠎ᠠ ᠮᠠᠶᠢᠮᠠᠢ ᠶᠢᠨ ᠬᠤᠪᠢᠷᠠᠯᠲᠠ ᠨᠢ ᠮᠠᠨ ᠤ ᠣᠷᠣᠨ ᠤ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠭᠠᠳ ᠣᠯᠣᠭᠰᠠᠨ ᠦᠷ᠎ᠡ ᠪᠦᠲᠦᠭᠡᠯ ᠢ ᠭᠡᠷᠡᠴᠢᠯᠡᠪᠡ᠃ | | ᠬᠤᠷᠠᠯ ᠤᠨ ᠲᠠᠯᠠᠪᠠᠢ ᠳᠤ ᠪᠣᠳᠠᠲᠠᠢ ᠶᠢ ᠡᠷᠭᠢᠮᠯᠡᠭᠦ ᠰᠤᠷᠲᠠᠯ ᠳᠡᠯᠭᠡᠷᠡᠵᠦ᠂ ᠬᠤᠷᠠᠯ ᠤᠨ ᠠᠭᠤᠯᠭ᠎ᠠ | ᠲᠡᠭᠦᠯᠳᠡᠷᠵᠢᠭᠰᠡᠨ᠂ ︽ᠠᠷᠪᠢᠲᠠᠢ ᠬᠤᠭᠤᠯᠠᠯᠠᠬᠤ︾ ᠪᠠᠷ ︽ᠪᠦᠷᠢᠯᠭᠡᠭᠰᠡᠨ ᠳᠠᠶᠢᠯᠠᠯᠭ᠎ᠠ︾ ᠶᠢ ᠣᠷᠣᠯᠠᠭᠤᠯᠵᠤ᠂ | ᠬᠤᠭᠤᠯᠠᠨ ᠰᠢᠷᠡᠭᠡᠨ ᠳᠡᠭᠡᠷᠡᠬᠢ ᠠᠷᠪᠢᠯᠠᠨ ᠭᠠᠮᠨᠠᠬᠤ ᠰᠤᠷᠲᠠᠯ ᠨᠢ ᠨᠡᠶᠢᠭᠡᠮ ᠳᠠᠶᠠᠭᠠᠷ ᠤᠨ ᠤᠬᠠᠮᠰᠠᠷᠲᠤ ᠠᠵᠢᠯᠯᠠᠭ᠎ᠠ | ᠪᠣᠯᠤᠭᠰᠠᠨ᠂ ᠰᠤᠷᠲᠠᠯ ᠤᠨ ᠬᠤᠪᠢᠷᠠᠯᠲᠠ ᠦᠷᠭᠦᠯᠵᠢᠯᠡᠨ ᠴᠢᠩᠭᠠᠷᠠᠵᠤ᠂ ᠠᠯᠢ ᠣᠯᠠᠨ ᠰᠢᠨ᠎ᠡ ᠪᠠᠶᠢᠷᠢᠯᠠᠭᠤᠯᠤᠯᠲᠠ | ᠰᠢᠨ᠎ᠡ ᠠᠷᠭ᠎ᠠ ᠬᠡᠮᠵᠢᠶ᠎ᠡ ᠰᠢᠨ᠎ᠡ ᠱᠠᠭᠠᠷᠳᠠᠯᠭ᠎ᠠ ᠨᠢ ᠲᠥᠪ ᠤᠨ ᠨᠠᠢᠮᠠᠨ ᠲᠣᠭᠲᠠᠭᠠᠯ ᠤᠨ ᠬᠠᠰᠢᠯᠭ᠎ᠠ ᠶᠢ ᠪᠠᠬᠢᠵᠢᠭᠦᠯᠵᠦ | ᠂ ᠥᠪᠥᠷ ᠮᠣᠩᠭᠤᠯ ︽ᠳᠥᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠵᠤ ᠰᠢᠨ᠎ᠡ ᠰᠤᠷᠲᠠᠯ ᠢ ᠪᠤᠶ | ᠪᠤᠯᠭᠠᠬᠰᠠᠨ ᠢ ᠬᠥᠮᠥᠰ ᠣᠯᠵᠤ ᠬᠠᠷᠠᠯ᠎ᠠ᠃ | | ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠪᠣᠯ ᠬᠠᠷᠢᠯᠴᠠᠨ ᠬᠤᠯᠪᠣᠯᠳᠤᠵᠤ᠂ ᠰᠤᠷᠲᠠᠯ ᠢ | ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠪᠣᠯ ᠰᠠᠯᠵᠤ ᠪᠣᠯᠣᠰᠢ ᠦᠭᠡᠢ ᠶᠤᠮ᠃ | | ᠥᠪᠥᠷ ᠮᠣᠩᠭᠤᠯ ᠪᠣᠯ ᠪᠦᠭᠦ ᠤᠯᠤᠰ ᠤᠨ ᠨᠡᠭᠦᠷᠡᠰᠦᠨ ᠤ ᠭᠠᠷᠤᠯᠲᠠ ᠪᠠᠷ ᠬᠠᠮᠤᠭ ᠤᠨ ᠶᠡᠭᠡ ᠮᠤᠵᠢ ᠣᠷᠣᠨ | ᠪᠣᠯᠣᠨ᠎ᠠ᠂ ᠬᠡᠰᠡᠭ ᠬᠤᠭᠤᠴᠠᠭᠠᠨ ᠤ ᠲᠤᠷᠰᠢ᠂ ᠨᠡᠭᠦᠷᠡᠰᠦᠨ ᠤ ᠠᠵᠤ ᠦᠢᠯᠡᠰ ᠲᠦᠷᠭᠡᠨ ᠭᠦᠭᠵᠢᠭᠦ ᠶᠢᠨ ᠵᠡᠷᠭᠡ ᠪᠠᠷ᠂ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ ᠲᠣᠭᠲᠠᠭᠠᠯ ᠢ ᠵᠥᠷᠢᠴᠡᠵᠦ ᠬᠠᠤᠯᠢ ᠶᠢ | ᠵᠥᠷᠢᠴᠡᠭᠰᠡᠨ ᠠᠰᠠᠭᠤᠳᠠᠯ ᠴᠤ ᠲᠠᠰᠤᠷᠠᠯᠳᠠ ᠦᠭᠡᠢ ᠡᠭᠦᠰᠦᠨ ᠳᠡᠯᠭᠡᠷᠡᠪᠡ᠃ | | 2020 ᠣᠨ ᠤ 2 ᠰᠠᠷ᠎ᠠ ᠶᠢᠨ 28 ᠤ ᠡᠳᠦᠷ᠂ ᠶᠦᠨ ᠭᠤᠸᠠᠩ ᠵᠥᠩ᠂ ᠪᠠᠢ ᠰᠢᠶᠠᠩ ᠴᠢᠶᠦ᠋ᠨ᠂ | ᠰᠢᠩ ᠶᠦᠨ᠂ ᠶᠦᠨ ᠭᠦᠩ ᠮᠢᠨ ᠵᠡᠷᠭᠡ ᠶᠢᠨ ᠢᠯᠵᠠᠷᠠᠯ ᠤᠨ ᠬᠡᠷᠡᠭ ᠲᠤ ᠢᠯᠡᠷᠡᠭᠰᠡᠨ ᠨᠡᠭᠦᠷᠡᠰᠦᠨ ᠤ ᠡᠬᠢ | ᠪᠠᠶᠠᠯᠢᠭ ᠤᠨ ᠬᠦᠷᠢᠶᠡᠨ ᠳᠠᠬᠢ ᠳᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ | ᠠᠰᠠᠭᠤᠳᠠᠯ ᠳᠤ ᠴᠢᠭᠯᠡᠭᠦᠯᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ | ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ | ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠤᠰ ᠣᠷᠣᠢ ᠳᠤᠨᠢ᠂ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ 2000 | ᠣᠨ ᠠᠴᠠ ᠨᠠᠭᠠᠰᠢᠬᠢ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠰᠠᠬᠢᠯᠭ᠎ᠠ ᠪᠠᠲᠤ ᠠᠴᠠ ᠵᠥᠷᠢᠴᠡᠭᠰᠡᠨ | ᠪᠤᠶᠤ ᠲᠤᠰᠢᠶᠠᠯ ᠢᠶᠠᠨ ᠠᠰᠢᠭᠯᠠᠨ ᠬᠠᠤᠯᠢ ᠠᠴᠠ ᠵᠥᠷᠢᠴᠡᠭᠰᠡᠨ᠂ ᠲᠤᠰᠢᠶᠠᠯ ᠤᠨ ᠶᠠᠯᠠᠲᠤ ᠠᠵᠢᠯᠯᠠᠭ᠎ᠠ ᠬᠢᠭᠰᠡᠨ ᠢᠶᠠᠷ | ᠰᠡᠵᠢᠭᠯᠡᠭᠳᠡᠭᠰᠡᠨ ᠠᠰᠠᠭᠤᠳᠠᠯ ᠤᠨ ᠰᠦᠪᠡᠭᠴᠢ ᠶᠢ ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠬᠦ ᠠᠯᠪᠠᠨ | ᠵᠠᠷᠯᠠᠯ ᠢ ᠨᠡᠶᠢᠲᠡᠯᠡᠵᠦ᠂ ︽20 ᠵᠢᠯ ᠭᠡᠳᠡᠷᠭᠦ ᠪᠠᠶᠢᠴᠠᠭᠠᠬᠤ︾ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ | ᠢᠯᠵᠢᠷᠡᠯ ᠢ ᠡᠰᠡᠷᠭᠦᠴᠡᠬᠦ ᠰᠠᠯᠬᠢ ᠰᠢᠭᠤᠷᠭ᠎ᠠ ᠡᠭᠦᠨ ᠢᠶᠠᠷ ᠡᠬᠢᠯᠡᠭᠰᠡᠨ ᠪᠠᠶᠢᠨ᠎ᠠ᠃ | | ᠲᠣᠭᠲᠠᠭᠠᠯ ᠢ ᠵᠥᠷᠢᠴᠡᠨ ᠬᠠᠤᠯᠢ ᠶᠢ ᠵᠥᠷᠢᠴᠡᠨ ᠨᠡᠭᠦᠷᠡᠰᠦᠨ ᠤ ᠡᠬᠢ ᠪᠠᠶᠠᠯᠢᠭ ᠢ ᠣᠯᠣᠭᠰᠠᠨ᠂ | ᠰᠠᠷᠢᠭᠠᠯᠠᠭᠰᠠᠨ᠂ ᠲᠣᠬᠢᠷᠠᠭᠤᠯᠤᠯᠲᠠ ᠬᠢᠭᠰᠡᠨ ᠪᠠ ᠨᠡᠭᠦᠷᠡᠰᠦ ᠳᠤ ᠬᠤᠯᠪᠣᠭᠳᠠᠭᠰᠠᠨ ᠢᠯᠵᠠᠷᠠᠯ ᠵᠡᠷᠭᠡ ᠠᠰᠠᠭᠤᠳᠠᠯ ᠢ | 20 ᠵᠢᠯ ᠭᠡᠳᠡᠷᠭᠦ ᠪᠠᠶᠢᠴᠠᠭᠠᠬᠤ ᠠᠵᠢᠯ ᠢ ᠴᠢᠩᠭ᠎ᠠ ᠠᠩᠬᠠᠷᠴᠤ᠂ ᠨᠡᠶᠢᠳᠡ1146 ᠬᠥᠮᠥᠨ ᠳᠤ | ᠬᠤᠯᠪᠣᠭᠳᠠᠭᠰᠠᠨ776 ᠬᠤᠪᠢ ᠨᠡᠭᠦᠷᠡᠰᠦ ᠳᠤ ᠬᠤᠯᠪᠣᠭᠳᠠᠭᠰᠠᠨ ᠬᠡᠷᠡᠭ ᠢ ᠬᠡᠷᠡᠭ ᠪᠣᠯᠭᠠᠨ ᠳᠠᠩᠰᠠᠯᠠᠵᠤ᠂ 550 | ᠭᠠᠷᠤᠢ ᠳ᠋ᠦᠩᠰᠢᠭᠤᠷ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ | | ᠢᠯᠵᠠᠷᠠᠯ ᠪᠣᠯ ᠤᠯᠤᠰ ᠲᠦᠷᠦ ᠶᠢᠨ ᠠᠮᠢ ᠠᠬᠤᠢ ᠶᠢᠨ ᠬᠠᠮᠤᠭ ᠤᠨ ᠬᠦᠨᠳᠦ ᠨᠣᠴᠢᠲᠠᠢ ︽ᠪᠣᠬᠢᠷᠳᠤᠯ ᠤᠨ | ᠡᠬᠢ ᠰᠤᠷᠪᠤᠯᠵᠢ︾ ᠮᠥᠨ᠃ | | 2020 ᠣᠨ ᠤ 12 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠢᠷᠭᠢᠶ᠎ᠡ ᠶᠢᠨ ᠣᠯᠠᠨ ᠨᠡᠶᠢᠲᠡ ᠶᠢᠨ ᠳ᠋ᠤᠭᠠᠷ ᠲᠤ | ᠥᠪᠡᠷᠲᠡᠭᠡᠨ ᠵᠠᠰᠠᠬᠤ ᠣᠷᠣᠨ ᠤ ᠤᠤᠯ ᠤᠨ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠪᠠᠢ ᠳ᠋ᠦᠨ᠂ ᠥᠪᠥᠷ ᠮᠣᠩᠭᠤᠯ ᠤᠨ | ᠠᠭᠤᠷᠬᠠᠢ ᠶᠢᠨ ᠦᠢᠯᠡᠰ ᠤᠨ ᠪᠦᠯᠦᠭᠯᠡᠯ ᠤᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ | ᠰᠦᠷᠯᠢᠭ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠤᠤᠯ ᠤᠨ ᠨᠠᠮ ᠤᠨ | ᠬᠤᠷᠢᠶᠠᠨ ᠤ ᠳᠡᠳ᠋ ᠱᠦᠵᠢ᠂ ᠲᠢᠩᠬᠢᠮ ᠤᠨ ᠳᠡᠳ᠋ ᠳᠠᠷᠤᠭ᠎ᠠ ᠸᠠᠩ ᠯᠠᠢ ᠮᠢᠩ ᠵᠡᠷᠭᠡ 5 ᠲᠢᠩᠬᠢᠮ ᠤᠨ ᠲᠠᠰ ᠤᠨ | ᠺᠠᠳ᠋ᠷ ᠤᠨ ᠲᠤᠰᠢᠶᠠᠯ ᠠᠴᠠ ᠪᠠᠨ ᠤᠭᠴᠠᠷᠠᠭᠤᠯᠤᠭᠳᠠᠭᠰᠠᠨ ᠮᠡᠳᠡᠭᠡ ᠶᠢ ᠲᠥᠪᠯᠡᠷᠡᠭᠦᠯᠦᠨ ᠨᠡᠶᠢᠲᠡᠯᠡᠵᠦ᠂ ᠢᠯᠵᠠᠷᠠᠯ ᠢ | ᠵᠠᠯᠬᠠᠭᠠᠨ ᠰᠢᠳᠭᠡᠭᠦ ᠡᠷᠡᠰ ᠵᠣᠷᠢᠭ ᠪᠠ ᠢᠯᠡ ᠲᠣᠳᠣ ᠣᠪᠣᠷ ᠢ ᠢᠯᠡᠷᠡᠭᠦᠯᠪᠡ᠃ | | ᠰᠢᠨ᠎ᠡ ᠳᠦᠷᠢᠮ ᠲᠣᠭᠲᠠᠭᠠᠵᠤ᠂ ᠦᠨᠡᠨ ᠪᠣᠳᠠᠲᠠᠢ ᠠᠵᠢᠯᠯᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ | ᠳᠠᠭᠢᠨ ᠡᠭᠦᠰᠭᠦ ᠶᠢ ᠰᠡᠷᠭᠡᠶᠢᠯᠡᠪᠡ᠃ | | — ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠭᠠᠷᠳᠠᠴᠠ ᠪᠣᠯᠤᠭᠰᠠᠨ ᠤ ᠬᠤᠪᠢ ᠳᠤ᠂ ᠨᠠᠮ ᠤᠨ | ᠳᠣᠲᠣᠭᠠᠳᠤ ᠶᠢᠨ ᠬᠢᠨᠠᠯᠲᠠ ᠲᠠᠯᠪᠢᠬᠤ ᠠᠷᠭ᠎ᠠ ᠭᠡᠯᠪᠡᠷᠢ ᠳᠤ ᠲᠠᠰᠤᠷᠠᠯᠲᠠ ᠦᠭᠡᠢ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠴᠦ᠂ ᠪᠦᠭᠦ ᠲᠠᠯ᠎ᠠ ᠶᠢ ᠪᠦᠷᠭᠦᠭᠦᠯᠭᠦ᠂ ᠥᠨᠴᠥᠭ ᠪᠤᠯᠤᠩ ᠦᠯᠡᠳᠡᠭᠡᠬᠦ ᠦᠭᠡᠢ ᠲᠡᠶᠢᠰᠢ ᠲᠠᠰᠤᠷᠠᠯᠲᠠ ᠦᠭᠡᠢ | ᠤᠷᠤᠭᠰᠢᠯᠠᠪᠠ᠃ | | — ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢᠨ ᠰᠦᠷᠳᠡᠭᠦᠯᠭᠦ ᠦᠢᠯᠡᠳᠦᠯ ᠲᠠᠰᠤᠷᠠᠯᠲᠠ ᠦᠭᠡᠢ | ᠶᠡᠬᠡᠰᠴᠦ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠠᠷᠭ᠎ᠠ ᠵᠠᠮ ᠢ ᠲᠠᠰᠤᠷᠠᠯᠲᠠ ᠦᠭᠡᠢ ᠰᠢᠨᠡᠴᠢᠯᠡᠵᠦ᠂ | ᠰᠠᠬᠢᠯᠭ᠎ᠠ ᠪᠠᠲᠤ ᠶᠢᠨ ᠬᠢᠨᠠᠨ ᠪᠠᠶᠢᠴᠠᠭᠠᠯᠲᠠ ᠶᠢ ᠲᠣᠭᠤᠷᠢᠨ ᠪᠠᠶᠢᠴᠠᠭᠠᠬᠤ ᠠᠵᠢᠯ ᠳᠤ ᠠᠭᠤᠰᠬᠠᠨ ᠣᠷᠣᠭᠤᠯᠵᠤ᠂ | ᠲᠣᠭᠤᠷᠢᠨ ᠪᠠᠶᠢᠴᠠᠭᠠᠯᠲᠠ ᠶᠢᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ | | — ᠰᠠᠬᠢᠯᠭ᠎ᠠ ᠪᠠᠲᠤ ᠪᠠ ᠶᠣᠰᠣ ᠳᠦᠷᠢᠮ ᠢ ᠲᠡᠷᠢᠭᠦᠨ ᠳᠤ ᠲᠠᠯᠪᠢᠵᠤ᠂ ᠨᠠᠮ ᠤᠨ ᠭᠡᠰᠢᠭᠦᠨ ᠺᠠᠳ᠋ᠷᠴᠤᠳ ᠤᠨ | ᠪᠡᠶ᠎ᠡ ᠳᠡᠭᠡᠷᠡᠬᠢ ᠠᠰᠠᠭᠤᠳᠠᠯ ᠢ ᠡᠷᠲᠡ ᠢᠯᠡᠷᠡᠭᠦᠯᠵᠦ᠂ ᠡᠷᠲᠡ ᠰᠠᠨᠠᠭᠤᠯᠵᠤ᠂ ᠡᠷᠲᠡ ᠰᠢᠢᠳᠪᠦᠷᠢᠯᠡᠪᠡ᠃ | | ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠵᠠᠮ ᠲᠤᠷᠰᠢ ᠰᠦᠪᠡᠭᠴᠢᠯᠡᠵᠦ᠂ ᠨᠤᠭᠤᠷᠠᠯ ᠪᠦᠳᠦᠷᠢᠯ ᠢ ᠢᠯᠠᠨ | ᠳᠠᠪᠠᠭᠰᠠᠭᠠᠷ ᠤᠯᠤᠰ ᠲᠦᠷᠦ ᠶᠢᠨ ᠠᠮᠢ ᠠᠬᠤᠢ ᠨᠡᠩ ᠠᠷᠢᠭᠤᠨ ᠴᠡᠪᠡᠷ ᠪᠤᠯᠵᠠᠢ; ᠢᠷᠡᠭᠡᠳᠦᠢ ᠪᠠᠨ ᠪᠠᠷᠠᠯᠠᠬᠤᠶ᠎ᠠ᠂ | ᠠᠭᠤᠯᠠ ᠲᠠᠭᠠᠷᠠᠪᠠᠯ ᠵᠠᠮ ᠨᠡᠭᠡᠭᠡᠵᠦ᠂ ᠭᠤᠣᠯ ᠲᠠᠭᠠᠷᠠᠪᠠᠯ ᠬᠥᠭᠦᠷᠭᠡ ᠲᠠᠯᠪᠢᠵᠤ᠂ ᠥᠪᠡᠷ ᠤᠨ ᠪᠡᠶ᠎ᠡ ᠳᠡᠭᠡᠨ | ᠬᠤᠪᠢᠰᠬᠠᠯ ᠬᠢᠬᠦ ᠶᠢ ᠡᠴᠦᠰ ᠲᠤᠨᠢ ᠲᠤᠯᠲᠠᠯ᠎ᠠ ᠪᠠᠷᠢᠮᠲᠠᠯᠠᠨ᠎ᠠ᠃ |