| | | ᠵᠣᠬᠢᠶᠠᠭᠴᠢ᠄ ᠶᠠᠩ ᠹᠠᠨ | | | | | ᠡᠨᠡ ᠵᠢᠯ ᠤᠨ ᠲᠦᠷᠦᠭᠦᠦ ᠤᠯᠠᠷᠢᠯ ᠳᠤ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠺᠤᠮᠫᠠᠨᠢ ᠶᠢᠨ | ᠬᠢᠨ ᠨᠡᠶᠢᠲᠡ 1.81 ᠳ᠋ᠦᠩᠰᠢᠭᠤᠷ ᠲᠥᠭᠦᠷᠢᠭ ᠤᠨ ᠠᠰᠢᠭ ᠣᠯᠵᠠᠪᠤᠷᠢ ᠣᠯᠵᠤ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠲᠠᠢ ᠬᠠᠷᠢᠴᠠᠭᠤᠯᠪᠠᠯ ᠠᠯᠳᠠᠭᠳᠠᠯ ᠢᠶᠠᠨ 3.71 ᠳ᠋ᠦᠩᠰᠢᠭᠤᠷ ᠲᠥᠭᠦᠷᠢᠭ ᠪᠠᠭᠠᠰᠬᠠᠵᠠᠢ | ᠭᠡᠰᠡᠨ ᠮᠡᠳᠡᠭᠡ ᠠᠵᠢᠯ ᠲᠥᠷᠥᠯ ᠤᠨ ᠬᠢᠨ ᠤ ᠠᠩᠬᠠᠷᠤᠯ ᠢ ᠶᠡᠬᠡᠳᠡ ᠲᠠᠲᠠᠪᠠ᠃ | | ᠠᠵᠤ ᠠᠬᠤᠢ ᠤᠷᠤᠭᠤᠳᠠᠬᠤ ᠳᠠᠷᠤᠯᠲᠠ ᠨᠡᠮᠡᠭᠳᠡᠵᠦ᠂ ᠪᠠᠶᠢᠳᠠᠯ ᠦᠷᠭᠦᠯᠵᠢᠯᠡᠨ ᠬᠦᠨᠳᠦ ᠬᠡᠴᠡᠭᠦᠦ ᠨᠠᠷᠢᠨ | ᠪᠤᠳᠤᠯᠢᠶᠠᠨᠲᠠᠢ ᠪᠣᠯᠤᠭᠰᠠᠨ ᠠᠬᠤᠢ ᠪᠠᠶᠢᠳᠠᠯ ᠳᠣᠣᠷ᠎ᠠ᠂ ᠨᠢᠳᠤᠨᠤᠨ ᠤ 9 ᠰᠠᠷ᠎ᠠ ᠳᠤ ᠰᠠᠶ᠋ᠢ ᠥᠭᠡᠷᠡᠴᠢᠯᠡᠯᠲᠡ ᠬᠢᠵᠦ | ᠲᠠᠭᠢᠨ ᠪᠠᠶᠢᠭᠤᠯᠤᠭᠰᠠᠨ ᠡᠨᠡ ᠬᠦ ᠲᠣᠮᠣ ᠭᠡᠯᠪᠡᠷᠢ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠬᠡᠷᠬᠢᠨ | ᠣᠬᠤᠷᠬᠠᠨ ᠬᠤᠭᠤᠴᠠᠭᠠᠨ ᠳᠤ ᠭᠡᠯᠪᠡᠷᠢ ᠪᠠᠨ ᠬᠤᠪᠢᠷᠠᠭᠤᠯᠵᠤ ᠳᠡᠰ ᠳᠠᠪᠰᠢᠵᠤ ᠴᠢᠳᠠᠭᠰᠠᠨ ᠪᠤᠢ︖ ︽ | ᠥᠭᠡᠷᠡᠴᠢᠯᠡᠯᠲᠡ ᠪᠠᠷ ᠬᠥᠳᠡᠯᠭᠡᠭᠦ ᠬᠦᠴᠦᠨ ᠢ ᠳᠠᠶᠢᠴᠢᠯᠠᠵᠤ᠂ ᠥᠭᠡᠷᠡᠴᠢᠯᠡᠯᠲᠡ ᠪᠠᠷ ᠠᠮᠢᠵᠢᠷᠠᠯ ᠤᠨ ᠬᠦᠴᠦᠨ ᠢ | ᠬᠥᠭᠵᠢᠭᠡᠵᠦ᠂ ᠴᠢᠨᠠᠷ ᠰᠠᠶᠢᠲᠠᠢ ᠡᠬᠢ ᠪᠠᠶᠠᠯᠢᠭ ᠢ ᠨᠡᠶᠢᠳᠬᠡᠵᠦ᠂ ᠦᠢᠯᠡᠳᠪᠦᠷᠢᠯᠡᠯ ᠡᠵᠡᠩᠨᠡᠯᠲᠡ ᠶᠢᠨ ᠶᠠᠰᠤ ᠴᠢᠨᠠᠷ | ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠪᠡ︾ ᠭᠡᠵᠦ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ | ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠾᠧ ᠢᠦᠢ ᠴᠦᠨ ᠬᠡᠯᠡᠨ᠎ᠡ᠃ | | ᠭᠠᠭᠴᠠ ᠬᠦ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠺᠤᠮᠫᠠᠨᠢ ᠲᠡᠳᠦᠢ ᠪᠢᠰᠢ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠦᠭᠰᠡᠨ | ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠮᠠᠨ ᠤ ᠣᠷᠣᠨ ᠳᠤ | ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ᠂ ᠮᠠᠨ ᠤ ᠣᠷᠣᠨ | ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠷ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠳᠤ ᠬᠦᠴᠦᠨ ᠨᠡᠮᠡᠷᠢᠯᠡᠪᠡ᠃ | | ᠳᠠᠭᠢᠨ ᠪᠠᠶᠢᠭᠤᠯᠵᠤ ᠨᠡᠶᠢᠳᠬᠡᠭᠡᠳ ᠲᠡᠦᠬᠡᠲᠦ ᠴᠢᠨᠠᠷᠲᠠᠢ ᠳᠠᠪᠠᠯᠲᠠ ᠲᠠᠢ ᠪᠣᠯᠪᠠ — ᠵᠦᠪᠭᠡᠨ 2021 ᠣᠨ | ᠳᠤ᠂ ᠪᠦᠭᠦ ᠣᠷᠣᠨ ᠢᠶᠠᠷ ᠢᠶᠠᠨ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠺᠤᠮᠫᠠᠨᠢ ᠪᠣᠯᠣᠨ ᠥᠪᠥᠷ ᠮᠣᠩᠭᠤᠯ | ᠤᠨ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ ᠶᠢᠨ ᠪᠦᠯᠦᠭᠯᠡᠯ ᠺᠤᠮᠫᠠᠨᠢ ᠵᠡᠷᠭᠡ 244 | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠦᠯᠦᠭᠯᠡᠯ ᠤᠨ ᠳᠠᠪᠬᠤᠷᠭ᠎ᠠ ᠶᠢ ᠳᠠᠭᠢᠨ ᠪᠠᠶᠢᠭᠤᠯᠵᠤ | ᠨᠡᠶᠢᠳᠬᠡᠪᠡ᠃ | | ᠳᠠᠭᠠᠭᠠᠮᠠᠯ ᠤᠨ ᠳᠠᠪᠬᠤᠷᠭ᠎ᠠ ᠶᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠦᠨᠳᠦᠰᠦᠨ ᠳᠡᠭᠡᠨ | ᠪᠡᠶᠡᠯᠡᠭᠦᠯᠪᠡ — ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠡᠯ᠎ᠡ ᠱᠠᠲᠤᠨ ᠤ ᠭᠡᠰᠢᠭᠦᠨ ᠠᠵᠤ ᠠᠬᠤᠶᠢᠯᠠᠯ ᠤᠨ ᠳᠠᠭᠠᠭᠠᠮᠠᠯ ᠤᠨ ᠳᠠᠪᠬᠤᠷᠭ᠎ᠠ ᠶᠢᠨ ᠪᠦᠷᠢᠯᠳᠦᠭᠦᠨ ᠳᠤ ᠭᠡᠷᠡᠲᠦ | ᠲᠤᠰᠢᠶᠠᠯ ᠤᠨ ᠬᠤᠭᠤᠴᠠᠭᠠᠨ ᠤ ᠬᠠᠮᠢᠶᠠᠷᠤᠯᠲᠠ ᠶᠢ ᠪᠦᠭᠦ ᠲᠠᠯ᠎ᠠ ᠪᠠᠷ ᠬᠡᠷᠡᠭᠵᠢᠭᠦᠯᠪᠡ᠃ | | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠶᠢ ᠠᠬᠢᠭᠤᠯᠪᠠ — ᠰᠤᠳᠤᠯᠤᠨ | ᠨᠡᠭᠡᠭᠡᠵᠦ ᠪᠡᠯᠡ ᠤᠷᠤᠭᠤᠯᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠵᠥᠪᠭᠡᠨ 2021 ᠣᠨ | ᠳᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ | ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠯᠤᠰ ᠤᠨ ᠰᠢᠨ᠎ᠡ ᠶᠢ ᠡᠭᠦᠳᠭᠦ ᠲᠤᠰᠬᠠᠢ ᠠᠰᠢᠭ ᠢ 1001 ᠵᠦᠢᠯ | ᠭᠤᠶᠤᠴᠢᠯᠠᠨ ᠣᠯᠪᠠ᠃ | | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠪᠡ — ᠠᠶᠤᠯ ᠲᠦᠭᠰᠢᠭᠦᠷᠢ ᠶᠢ ᠰᠡᠷᠭᠡᠶᠢᠯᠡᠬᠦ | ᠲᠣᠭᠲᠠᠴᠠ ᠶᠢ ᠪᠦᠷᠢᠨᠰᠢᠭᠦᠯᠵᠦ᠂ ᠠᠵᠤ ᠠᠬᠤᠶᠢᠯᠠᠯ ᠤᠨ ᠳᠦᠷᠢᠮ ᠲᠣᠭᠲᠠᠭᠠᠯ᠂ ᠠᠵᠤ ᠠᠬᠤᠢ ᠶᠢᠨ ᠭᠡᠷ᠎ᠡ ᠪᠠ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠬᠢᠨᠠᠨ ᠬᠠᠷᠭᠤᠭᠤᠯᠬᠤ | ᠨᠣᠷᠮ᠎ᠠ ᠨᠢᠭᠡᠨᠲᠡ 100% ᠳᠤ ᠭᠦᠷᠪᠡ᠃ | | ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠠᠬᠢᠭᠤᠯᠪᠠ — ᠳᠡᠭᠡᠷ᠎ᠡ ᠳᠣᠣᠷ᠎ᠠ ᠠᠵᠤ ᠦᠢᠯᠡᠰ ᠤᠨ | ᠬᠡᠯᠬᠢᠶ᠎ᠡ ᠶᠢᠨ ᠬᠠᠮᠵᠢᠯᠴᠠᠭ᠎ᠠ ᠪᠣᠯᠣᠨ ᠰᠲ᠋ᠣᠺ ᠤᠨ ᠡᠷᠬᠡ ᠶᠢᠨ ᠠᠭᠤᠰᠤᠯᠴᠠᠯ ᠢᠶᠠᠷ ᠭᠤᠣᠯᠳᠠᠯᠭ᠎ᠠ ᠪᠤᠯᠭᠠᠵᠤ᠂ ᠣᠷᠣᠨ | ᠤ ᠳᠣᠲᠣᠨᠠᠬᠢ 26 ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠰᠣᠩᠭᠤᠨ ᠲᠥᠪ ᠤᠨ ᠠᠵᠤ ᠠᠬᠤᠶᠢᠯᠠᠯ ᠲᠠᠢ | ᠭᠦᠨᠵᠡᠭᠡᠢ ᠬᠠᠮᠲᠤᠷᠠᠯᠴᠠᠭ᠎ᠠ ᠥᠷᠨᠢᠭᠦᠯᠪᠡ᠃ | | ᠁ | | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠠᠬᠢᠭᠤᠯᠬᠤ ᠭᠤᠷᠪᠠᠨ ᠵᠢᠯ ᠤᠨ | ᠠᠵᠢᠯᠯᠠᠭ᠎ᠠ ᠪᠣᠯ ᠪᠦᠭᠦ ᠣᠷᠣᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠪᠢ ᠵᠠᠶᠠᠭ᠎ᠠ ᠶᠢ | ᠥᠭᠡᠷᠡᠴᠢᠯᠡᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ | | ᠣᠯᠠᠨ ᠵᠢᠯ ᠤᠨ ᠲᠡᠦᠬᠡ ᠶᠢᠨ ᠬᠤᠷᠠᠮᠳᠤᠯ ᠠᠴᠠ ᠪᠣᠯᠵᠤ᠂ ᠥᠪᠥᠷ ᠮᠣᠩᠭᠤᠯ ᠤᠨ ᠴᠠᠭᠢᠯᠭᠠᠨ ᠬᠦᠴᠦᠨ ᠤ | ᠪᠦᠯᠦᠭᠯᠡᠯ ᠺᠤᠮᠫᠠᠨᠢ ᠶᠢᠨ ᠠᠵᠤ ᠦᠢᠯᠡᠰ ᠤᠨ ᠡᠬᠢ ᠪᠠᠶᠠᠯᠢᠭ ᠲᠠᠷᠠᠬᠠᠢ ᠪᠤᠲᠠᠷᠬᠠᠢ᠂ ᠬᠠᠮᠢᠶᠠᠷᠤᠯᠲᠠ ᠶᠢᠨ ᠲᠠᠰ | ᠳᠠᠪᠬᠤᠷᠭ᠎ᠠ ᠤᠯᠠᠨ ᠪᠠ ᠭᠡᠰᠢᠭᠦᠨ ᠠᠵᠤ ᠠᠬᠤᠶᠢᠯᠠᠯ ᠤᠨ ︽ᠪᠠᠭ᠎ᠠ᠂ ᠲᠠᠷᠠᠬᠠᠢ᠂ ᠪᠠᠭᠤᠷᠠᠢ︾ ᠵᠡᠷᠭᠡ ᠲᠣᠪᠣᠶᠢᠮ᠎ᠠ | ᠠᠰᠠᠭᠤᠳᠠᠯ ᠢ ᠪᠤᠢ ᠪᠣᠯᠭᠠᠵᠠᠢ᠃ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠥᠪᠥᠷ ᠮᠣᠩᠭᠤᠯ ᠤᠨ ᠴᠠᠭᠢᠯᠭᠠᠨ | ᠬᠦᠴᠦᠨ ᠤ ᠪᠦᠯᠦᠭᠯᠡᠯ ᠺᠤᠮᠫᠠᠨᠢ ᠡᠯ᠎ᠡ ᠱᠠᠲᠤᠨ ᠤ 148 ᠭᠡᠰᠢᠭᠦᠨ ᠠᠵᠤ ᠠᠬᠤᠶᠢᠯᠠᠯ ᠢ ᠬᠠᠰᠤᠵᠤ᠂ ᠬᠠᠤᠯᠢ ᠶᠢᠨ | ᠡᠷᠬᠡᠲᠡᠨ ᠤ ᠡᠷᠦᠭᠡ ᠶᠢᠨ ᠲᠤᠭ᠎ᠠ ᠶᠢ 88% ᠪᠠᠷ ᠪᠠᠭᠠᠰᠬᠠᠵᠤ᠂ ᠬᠠᠮᠢᠶᠠᠷᠤᠯᠲᠠ ᠶᠢᠨ ᠱᠠᠲᠤ ᠲᠠᠰ ᠢ 4 ᠲᠠᠰ | ᠪᠣᠯᠭᠠᠨ ᠪᠠᠭᠠᠰᠬᠠᠵᠤ᠂ ᠦᠷ᠎ᠡ ᠪᠦᠲᠦᠮᠵᠢ ᠪᠠᠷ ᠳᠣᠣᠷ᠎ᠠ ᠦᠷ᠎ᠡ ᠠᠰᠢᠭ ᠦᠭᠡᠢ ᠡᠳ᠋ ᠬᠥᠷᠥᠩᠭᠡ ᠶᠢ ᠨᠡᠶᠢᠲᠡ 2.63 | ᠳ᠋ᠦᠩᠰᠢᠭᠤᠷ ᠲᠥᠭᠦᠷᠢᠭ ᠠᠷᠢᠯᠭᠠᠨ ᠰᠢᠢᠳᠪᠦᠷᠢᠯᠡᠵᠦ᠂ ᠥᠪᠡᠷ ᠤᠨ ᠥᠷᠲᠡᠭ ᠢ 37.23% ᠪᠠᠷ ᠪᠠᠭᠤᠷᠠᠭᠤᠯᠵᠠᠢ᠃ | 2020 ᠣᠨ ᠠᠴᠠ ᠨᠠᠭᠠᠰᠢ᠂ ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ ᠺᠤᠮᠫᠠᠨᠢ ᠠᠵᠤ ᠦᠢᠯᠡᠰ | ᠤᠨ ᠪᠠᠶᠢᠷᠢᠰᠢᠭᠤᠯᠤᠯᠲᠠ᠂ ᠡᠳ᠋ ᠬᠥᠷᠥᠩᠭᠡ ᠶᠢᠨ ᠪᠦᠲᠦᠴᠡ ᠶᠢᠨ ᠰᠢᠯᠢᠳᠡᠭᠵᠢᠭᠦᠯᠦᠯᠲᠡ ᠶᠢ ᠪᠦᠲᠦᠮᠵᠢᠲᠡᠶ | ᠠᠬᠢᠭᠤᠯᠵᠤ᠂ ᠬᠥᠮᠥᠨ ᠤ ᠬᠦᠴᠦᠨ ᠤ ᠥᠪᠡᠷ ᠤᠨ ᠥᠷᠲᠡᠭ ᠢ 7600 ᠭᠠᠷᠤᠢ ᠲᠦᠮᠡᠨ ᠲᠥᠭᠦᠷᠢᠭ ᠰᠢᠭᠤᠳ | ᠪᠠᠭᠤᠷᠠᠭᠤᠯᠵᠤ᠂ ᠬᠠᠮᠢᠶᠠᠷᠤᠯᠲᠠ ᠶᠢᠨ ᠵᠠᠷᠤᠳᠠᠯ ᠢ 7200 ᠭᠠᠷᠤᠢ ᠲᠦᠮᠡᠨ ᠲᠥᠭᠦᠷᠢᠭ ᠪᠠᠭᠤᠷᠠᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃ | | ᠪᠦᠭᠦ ᠤᠯᠤᠰ ᠲᠤ ᠲᠦᠷᠦᠭᠦᠯᠡᠪᠡ︕ ᠡᠨᠡ ᠪᠣᠯ ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ | ᠺᠤᠮᠫᠠᠨᠢ ᠶᠢᠨ ᠴᠠᠭᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠯᠲᠡ ᠪᠣᠯᠣᠨ ᠥᠭᠡᠷᠡᠴᠢᠯᠡᠯᠲᠡ ᠰᠢᠨᠡᠴᠢᠯᠡᠯᠲᠡ ᠶᠢᠨ | ᠲᠦᠪᠰᠢᠨ ᠤ ᠪᠦᠭᠦ ᠤᠯᠤᠰ ᠲᠠᠬᠢ ᠬᠠᠮᠤᠭ ᠤᠨ ᠰᠢᠨ᠎ᠡ ᠣᠷᠣᠨ ᠪᠠᠶᠢᠷᠢ ᠪᠣᠯᠣᠨ᠎ᠠ᠃ | | 2278 ᠵᠦᠢᠯ︕ ᠡᠨᠡ ᠪᠣᠯ ᠣᠶᠢᠷ᠎ᠠ ᠶᠢᠨ 3 ᠵᠢᠯ ᠳᠤ ᠥᠪᠥᠷ ᠮᠣᠩᠭᠤᠯ ᠤᠨ ᠴᠠᠭᠢᠯᠭᠠᠨ ᠬᠦᠴᠦᠨ ᠤ | ᠪᠦᠯᠦᠭᠯᠡᠯ ᠺᠤᠮᠫᠠᠨᠢ ᠶᠢᠨ ᠨᠡᠶᠢᠲᠡ 288.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠦᠲᠦᠭᠡᠨ | ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠴᠠᠭᠢᠯᠭᠠᠨ ᠬᠦᠴᠦᠨ ᠤ ᠭᠤᠣᠯ ᠲᠣᠣᠷ ᠪᠠ ᠲᠦᠭᠡᠭᠡᠬᠦ ᠲᠣᠣᠷ ᠤᠨ | ᠢᠨᠵᠧᠨᠧᠷᠢᠩ ᠤᠨ ᠲᠤᠭ᠎ᠠ ᠪᠣᠯᠣᠨ᠎ᠠ᠃ | | 57 ᠲᠦᠮᠡᠨ ᠲᠣᠨ︕ ᠡᠨᠡ ᠪᠣᠯ ᠣᠶᠢᠷ᠎ᠠ ᠶᠢᠨ 3 ᠵᠢᠯ ᠳᠤ ᠥᠪᠥᠷ ᠮᠣᠩᠭᠤᠯ ᠤᠨ ᠴᠠᠭᠢᠯᠭᠠᠨ ᠬᠦᠴᠦᠨ ᠤ | ᠪᠦᠯᠦᠭᠯᠡᠯ ᠺᠤᠮᠫᠠᠨᠢ ᠶᠢᠨ ᠰᠦᠢᠳᠬᠡᠯ ᠬᠤᠷᠢᠶᠠᠬᠤ ᠦᠭᠡᠢ ᠪᠠᠷ 10 ᠲᠦᠮᠡᠨ ᠡᠷᠦᠭᠡ ᠰᠠᠭᠤᠭᠠᠯᠢ ᠠᠷᠠᠳ ᠤᠨ | ᠨᠡᠭᠦᠷᠡᠰᠦᠨ ᠤ ᠳᠤᠯᠠᠭᠠᠯᠠᠭ᠎ᠠ ᠶᠢ ᠴᠠᠭᠢᠯᠭᠠᠨ ᠳᠤᠯᠠᠭᠠᠯᠠᠭ᠎ᠠ ᠪᠣᠯᠭᠠᠨ ᠥᠭᠡᠷᠡᠴᠢᠯᠡᠬᠦ ᠪᠠᠷ ᠳᠠᠮᠵᠢᠵᠦ ᠪᠠᠭᠠᠰᠬᠠᠭᠰᠠᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠪᠣᠯᠣᠨ᠎ᠠ᠃ | | ᠪᠦᠭᠦ ᠤᠯᠤᠰ ᠤᠨ ᠲᠡᠷᠢᠭᠦᠨ ᠤ ᠡᠩᠨᠡᠭᠡᠨ ᠳᠤ ᠣᠷᠣᠪᠠ︕ ᠡᠨᠡ ᠪᠣᠯ ᠥᠪᠥᠷ ᠮᠣᠩᠭᠤᠯ ᠤᠨ ᠴᠠᠭᠢᠯᠭᠠᠨ | ᠬᠦᠴᠦᠨ ᠤ ᠪᠦᠯᠦᠭᠯᠡᠯ ᠺᠤᠮᠫᠠᠨᠢ ᠶᠢᠨ ᠪᠣᠬᠢᠷᠳᠤᠯ ᠦᠭᠡᠢ ᠮᠠᠰᠢᠨ ᠴᠣᠭᠴᠠᠯᠠᠪᠤᠷᠢ ᠶᠢᠨ ᠬᠤᠪᠢ ᠶᠢᠨ ᠵᠢᠩ ᠪᠦᠭᠦ | ᠤᠯᠤᠰ ᠤᠨ ᠮᠤᠵᠢ ᠶᠢᠨ ᠱᠠᠲᠤᠨ ᠤ ᠴᠠᠭᠢᠯᠭᠠᠨ ᠲᠣᠣᠷ ᠤᠨ ᠠᠵᠤ ᠠᠬᠤᠶᠢᠯᠠᠯ ᠳᠠᠬᠢ ᠬᠠᠮᠤᠭ ᠤᠨ ᠰᠢᠨ᠎ᠡ | ᠵᠢᠭᠰᠠᠭᠠᠯᠲᠠ ᠪᠣᠯᠣᠨ᠎ᠠ᠃ | | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ | ᠶᠢ ᠥᠷᠨᠢᠭᠦᠯᠦᠭᠰᠡᠨ ᠠᠴᠠ ᠨᠠᠭᠠᠰᠢ᠂ ᠥᠪᠥᠷ ᠮᠣᠩᠭᠤᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ | ᠺᠤᠮᠫᠠᠨᠢ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ | ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠠᠵᠤ ᠦᠢᠯᠡᠰ ᠵᠡᠷᠭᠡ ᠲᠠᠯ᠎ᠠ ᠪᠠᠷ | ᠢᠯᠡᠷᠬᠡᠢ ᠦᠷ᠎ᠡ ᠪᠦᠲᠦᠮᠵᠢ ᠣᠯᠪᠠ᠃ | | 2020 ᠣᠨ ᠤ 9 ᠰᠠᠷ᠎ᠠ ᠳᠤ᠂ ᠤᠯᠤᠰ ᠤᠨ ᠰᠢᠯᠭᠠᠨ ᠠᠪᠬᠤ ᠳᠤᠭᠤᠶᠢᠯᠠᠩ ᠠᠴᠠ ᠥᠭᠡᠷᠡᠴᠢᠯᠡᠯᠲᠡ ᠶᠢᠨ | ᠦᠷ᠎ᠡ ᠪᠦᠲᠦᠮᠵᠢ ᠶᠢ ᠰᠢᠯᠭᠠᠨ ᠠᠪᠬᠤ ᠳᠤ᠂ ᠥᠪᠥᠷ ᠮᠣᠩᠭᠤᠯ ᠤᠨ ᠣᠶ ᠰᠢᠭᠤᠢ ᠶᠢᠨ ᠠᠵᠤ ᠦᠢᠯᠡᠳᠪᠦᠷᠢ ᠶᠢᠨ | ᠪᠦᠯᠦᠭᠯᠡᠯ ᠺᠤᠮᠫᠠᠨᠢ ᠶᠢᠨ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ 98.8 ᠬᠤᠪᠢ ᠣᠯᠵᠤ᠂ ᠪᠦᠭᠦ | ᠤᠯᠤᠰ ᠤᠨ ᠠᠳᠠᠯᠢ ᠲᠥᠷᠥᠯ ᠤᠨ ᠰᠢᠭᠤᠶᠢᠲᠤ ᠣᠷᠣᠨ ᠤ ᠳᠣᠲᠣᠷ᠎ᠠ ᠲᠦᠷᠦᠭᠦᠯᠡᠪᠡ᠃ ᠮᠣᠳᠣ ᠣᠭᠲᠣᠯᠬᠤ ᠪᠠᠨ | ᠵᠣᠭᠰᠣᠭᠠᠳ 7 ᠵᠢᠯ ᠪᠣᠯᠤᠭᠰᠠᠨ ᠤ ᠳᠠᠷᠠᠭᠠᠬᠢ ᠥᠨᠥᠳᠥᠷ᠂ ᠥᠪᠥᠷ ᠮᠣᠩᠭᠤᠯ ᠤᠨ ᠣᠶ ᠰᠢᠭᠤᠢ ᠶᠢᠨ ᠠᠵᠤ | ᠦᠢᠯᠡᠳᠪᠦᠷᠢ ᠶᠢᠨ ᠪᠦᠯᠦᠭᠯᠡᠯ ᠺᠤᠮᠫᠠᠨᠢ ᠶᠢᠨ ᠰᠢᠭᠤᠶᠢᠲᠤ ᠣᠷᠣᠨ ᠤ ᠣᠶ ᠰᠢᠭᠤᠢ ᠶᠢᠨ ᠬᠠᠳᠠᠭᠠᠯᠠᠭᠳᠠᠴᠠ 9.4 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠠᠮᠢ ᠠᠬᠤᠢ ᠶᠢᠨ ᠰᠢᠰᠲ᠋ᠧᠮ ᠵᠢᠯ ᠪᠦᠷᠢ 8500 | ᠭᠠᠷᠤᠢ ᠲᠦᠮᠡᠨ ᠲᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠵᠦ᠂ ᠵᠢᠯ ᠤᠨ ᠨᠡᠮᠡᠭᠳᠡᠵᠦ ᠪᠠᠶᠢᠭ᠎ᠠ | ᠣᠶ ᠰᠢᠭᠤᠢ ᠶᠢᠨ ᠬᠠᠳᠠᠭᠠᠯᠠᠭᠳᠠᠴᠠ 2000 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠡᠢ᠃ ᠡᠨᠡ ᠪᠣᠯ | ᠮᠠᠨ ᠤ ᠣᠷᠣᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠡᠦᠬᠡᠨ ᠳᠡᠭᠡᠷᠡᠬᠢ | ᠶᠡᠷᠦ ᠪᠤᠰᠤ ᠶᠢᠨ ᠠᠴᠢ ᠬᠤᠯᠪᠣᠭᠳᠠᠯ ᠲᠠᠢ ᠪᠣᠬᠢᠷᠳᠤᠯ ᠦᠭᠡᠢ ᠶᠡᠭᠡ ᠳᠠᠪᠠᠯᠲᠠ ᠪᠣᠯᠣᠨ᠎ᠠ᠃ | | ᠳᠤᠮᠳᠠᠳᠤ ᠤᠯᠤᠰ ᠤᠨ ᠣᠶ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠢ | ᠮᠡᠷᠭᠡᠵᠢᠯᠲᠡᠨ ᠤ ᠬᠡᠮᠵᠢᠨ ᠪᠤᠳᠤᠬᠰᠠᠨ ᠢᠶᠠᠷ᠂ ᠥᠪᠥᠷ ᠮᠣᠩᠭᠤᠯ ᠤᠨ ᠣᠶ ᠰᠢᠭᠤᠢ ᠶᠢᠨ ᠠᠵᠤ ᠦᠢᠯᠡᠳᠪᠦᠷᠢ ᠶᠢᠨ | ᠪᠦᠯᠦᠭᠯᠡᠯ ᠺᠤᠮᠫᠠᠨᠢ ᠶᠢᠨ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠤ ᠵᠢᠯ ᠤᠨ ᠠᠮᠢ ᠠᠬᠤᠢ ᠶᠢᠨ | ᠰᠢᠰᠲ᠋ᠧᠮ ᠤᠨ ᠦᠢᠯᠡᠴᠢᠯᠡᠭᠡᠨ ᠤ ᠴᠢᠳᠠᠮᠵᠢ ᠶᠢᠨ ᠥᠷᠲᠡᠭ ᠨᠢ 6160 ᠳ᠋ᠦᠩᠰᠢᠭᠤᠷ ᠲᠥᠭᠦᠷᠢᠭ ᠲᠤ ᠬᠦᠷᠴᠦ᠂ ︽ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠶᠢᠨ ᠬᠥᠮᠥᠷᠭᠡ︾᠂ ︽ᠬᠦᠴᠢᠯᠲᠥ᠋ᠷᠥᠭᠴᠢ ᠶᠢᠨ ᠬᠥᠮᠥᠷᠭᠡ︾ ᠶᠢᠨ | ᠥᠷᠲᠡᠭ ᠨᠢ ᠴᠥᠮ ᠮᠢᠩᠭᠠᠨ ᠳ᠋ᠦᠩᠰᠢᠭᠤᠷ ᠲᠥᠭᠦᠷᠢᠭ ᠢ ᠳᠠᠪᠠᠵᠠᠢ᠃ | | ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠺᠤᠮᠫᠠᠨᠢ ᠠᠵᠤ ᠦᠢᠯᠡᠰ ᠤᠨ ᠬᠤᠪᠢᠰᠤᠯᠲᠠ ᠶᠢᠨ ᠰᠢᠮᠡᠯᠢᠭ | ᠬᠥᠷᠥᠰᠥᠨ ᠳᠤ ᠭᠦᠨ ᠦᠨᠳᠦᠰᠦᠯᠡᠵᠦ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠪᠠ᠃ ︽ᠬᠤᠪᠣᠷ ᠰᠢᠷᠣᠢ +︾ | ᠠᠵᠤ ᠦᠢᠯᠡᠰ ᠤᠨ ᠬᠡᠯᠬᠢᠶ᠎ᠡ ᠶᠢᠨ ᠪᠦᠷᠢᠯᠳᠦᠯ ᠪᠣᠯᠣᠨ ᠬᠠᠩᠭᠠᠯᠭ᠎ᠠ ᠶᠢᠨ ᠬᠡᠯᠬᠢᠶ᠎ᠡ ᠶᠢᠨ ᠭᠠᠳᠠᠭᠠᠳᠤ ᠳᠠᠬᠢ ᠥᠷᠭᠡᠵᠢᠯ | ᠨᠢ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠺᠤᠮᠫᠠᠨᠢ ᠶᠢ ︽ᠪᠣᠯᠣᠳ ᠲᠡᠮᠦᠷ ᠤᠨ ᠠᠵᠤ ᠦᠢᠯᠡᠰ ᠢᠶᠠᠷ | ᠭᠤᠣᠯᠯᠠᠵᠤ︾᠂ ︽ᠬᠤᠪᠣᠷ ᠰᠢᠷᠣᠢ ᠮᠠᠯᠲᠠᠨ ᠬᠤᠪᠣᠷ ᠰᠢᠷᠣᠢ ᠪᠣᠷᠣᠯᠠᠭᠤᠯᠬᠤ︾ ᠭᠠᠴᠢᠭᠳᠠᠯᠲᠤ ᠪᠠᠶᠢᠳᠠᠯ ᠠᠴᠠ | ᠠᠩᠭᠢᠵᠢᠷᠠᠭᠤᠯᠪᠠ᠃ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠺᠤᠮᠫᠠᠨᠢ ᠶᠢᠨ ᠣᠳᠣᠬᠢᠴᠢᠯᠠᠭᠰᠠᠨ ᠠᠵᠤ | ᠦᠢᠯᠡᠰ ᠤᠨ ᠬᠡᠯᠬᠢᠶ᠎ᠡ ᠳᠠᠬᠢ ᠲᠦᠷᠭᠡᠨ ᠤ ᠲᠡᠮᠦᠷ ᠵᠠᠮ ᠤᠨ ᠵᠠᠮ ᠲᠡᠮᠦᠷ᠂ ᠳᠡᠭᠡᠳᠦ ᠲᠡᠰ ᠤᠨ ᠮᠠᠰᠢᠨ ᠲᠡᠷᠭᠡᠨ ᠤ | ᠬᠠᠪᠲᠠᠰᠤ ᠵᠡᠷᠭᠡ ︽ᠬᠤᠪᠣᠷ ᠰᠢᠷᠣᠢ +︾ ᠰᠢᠷᠢᠰ ᠦᠢᠯᠡᠳᠬᠦᠨ ᠨᠢ ᠨᠢᠭᠡᠨᠲᠡ ᠡᠸᠦ᠋ᠷᠦᠫᠡ ᠠᠮᠧᠷᠢᠺᠠ ᠵᠢᠴᠢ ︽ | ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠲᠤ ᠪᠣᠷᠣᠯᠠᠭᠤᠯᠤᠭᠳᠠᠵᠤ ᠪᠠᠶᠢᠨ᠎ᠠ ᠁ ᠣᠳᠣᠬᠠᠨ ᠳᠤ᠂ | ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠺᠤᠮᠫᠠᠨᠢ ᠨᠢᠭᠡᠨᠲᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ | ᠮᠢᠩᠭᠠᠨ ᠳ᠋ᠦᠩᠰᠢᠭᠤᠷ ᠲᠥᠭᠦᠷᠢᠭ ᠢ ᠳᠠᠪᠠᠵᠤ᠂ ᠵᠢᠯ ᠤᠨ ᠠᠰᠢᠭ ᠣᠯᠵᠠᠪᠤᠷᠢ ᠨᠢ ᠵᠠᠭᠤᠨ ᠳ᠋ᠦᠩᠰᠢᠭᠤᠷ ᠲᠥᠭᠦᠷᠢᠭ | ᠢ ᠳᠠᠪᠠᠭᠰᠠᠨ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ | ᠠᠬᠤᠶᠢᠯᠠᠯ ᠪᠣᠯᠵᠠᠢ᠃ | | ᠥᠭᠡᠷᠡᠴᠢᠯᠡᠯᠲᠡ ᠶᠢᠨ ᠠᠶᠠᠨ ᠳᠤ᠂ ᠲᠡᠦᠬᠡ ᠶᠢ ᠬᠡᠷᠬᠢᠨ ᠮᠠᠷᠲᠠᠵᠤ ᠪᠤᠯᠬᠤ ᠪᠤᠢ — 2021 ᠣᠨ ᠳᠤ᠂ | ᠪᠦᠭᠦ ᠣᠷᠣᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠶᠡᠷᠦᠩᠬᠡᠢ ᠣᠷᠣᠯᠭ᠎ᠠ | 3600 ᠭᠠᠷᠤᠢ ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ | 32.9% ᠪᠠᠷ ᠨᠡᠮᠡᠭᠳᠡᠪᠡ᠃ | | ᠥᠭᠡᠷᠡᠴᠢᠯᠡᠯᠲᠡ ᠶᠢᠨ ᠠᠶᠠᠨ ᠳᠤ᠂ ᠲᠡᠮᠡᠴᠡᠯ ᠤᠨ ᠥᠩᠭᠡ ᠭᠡᠷᠡᠯ ᠤᠷᠤᠭᠰᠢᠯᠠᠯᠲᠠ ᠶᠢᠨ ᠵᠠᠮ ᠢ ᠭᠡᠶᠢᠭᠦᠯᠦᠨ᠎ᠡ | — ᠡᠨᠡ ᠵᠢᠯ ᠤᠨ 3 ᠰᠠᠷ᠎ᠠ ᠶᠢᠨ ᠰᠡᠭᠦᠯᠴᠢ ᠪᠤᠯᠲᠠᠯ᠎ᠠ᠂ ᠪᠦᠭᠦ ᠣᠷᠣᠨ ᠤ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠡᠳ᠋ ᠬᠥᠷᠥᠩᠭᠡ ᠶᠢᠨ ᠶᠡᠷᠦᠩᠬᠡᠢ ᠵᠣᠭᠤᠰ ᠤᠨ ᠲᠤᠭ᠎ᠠ 2.89 ᠲᠦᠮᠡᠨ ᠳ᠋ᠦᠩᠰᠢᠭᠤᠷ ᠲᠥᠭᠦᠷᠢᠭ ᠢ | ᠳᠠᠪᠠᠵᠤ᠂ ᠠᠳᠠᠯᠢ ᠬᠤᠭᠤᠴᠠᠭᠠᠨ ᠤ ᠬᠢ ᠠᠴᠠ 5.12% ᠢᠶᠠᠷ ᠨᠡᠮᠡᠭᠳᠡᠪᠡ᠃ | | ᠥᠭᠡᠷᠡᠴᠢᠯᠡᠯᠲᠡ ᠶᠢᠨ ᠠᠶᠠᠨ ᠳᠤ᠂ ᠰᠡᠳᠬᠢᠯ ᠪᠠᠭ᠋ᠠᠳᠤᠮ᠎ᠠ ᠠᠮᠵᠢᠯᠲᠠ ᠪᠦᠲᠦᠮᠵᠢ ᠶᠢᠨ ᠬᠠᠭᠤᠳᠠᠰᠤ | ᠳᠠᠷᠠᠭᠠᠯᠠᠨ ᠵᠢᠷᠤᠭᠯᠠᠭᠳᠠᠨ᠎ᠠ — 2021 ᠣᠨ ᠪᠣᠯᠣᠨ ᠡᠨᠡ ᠵᠢᠯ ᠤᠨ ᠲᠦᠷᠦᠭᠦᠦ ᠤᠯᠠᠷᠢᠯ ᠳᠤ᠂ ᠪᠦᠭᠦ ᠣᠷᠣᠨ ᠤ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠡᠭᠡᠭᠰᠢ ᠲᠤᠰᠢᠶᠠᠭᠰᠠᠨ ᠭᠠᠶᠢᠯᠢ ᠰᠦᠢᠳᠬᠡᠯ ᠤᠨ ᠵᠣᠭᠤᠰ ᠤᠨ | ᠲᠤᠭ᠎ᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 22.8% ᠪᠠ 72.07% ᠪᠠᠷ ᠨᠡᠮᠡᠭᠳᠡᠪᠡ᠃ | | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠳᠤ ᠡᠬᠢᠯᠡᠭᠦᠯᠴᠢᠬᠡᠭᠰᠡᠨ ᠶᠠᠪᠤᠳᠠᠯ ᠢ | ᠲᠤᠷᠭᠤᠨ ᠬᠠᠶᠠᠬᠤ ᠤᠴᠢᠷ ᠦᠭᠡᠢ᠃ ᠢᠷᠡᠭᠡᠳᠦᠢ ᠳᠤ ᠬᠠᠨᠳᠤᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ | ᠤᠨ ᠥᠭᠡᠷᠡᠴᠢᠯᠡᠯᠲᠡ ᠪᠠᠷ ᠤᠯᠤᠰ ᠤᠨ ᠥᠮᠴᠢᠯᠡᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠦᠷᠭᠦᠯᠵᠢᠯᠡᠨ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠲᠠᠭᠢᠨ ᠪᠠᠶᠢᠭᠤᠯᠵᠤ ᠨᠡᠶᠢᠳᠬᠡᠬᠦ ᠶᠢ ᠲᠦᠷᠭᠡᠳᠬᠡᠵᠦ᠂ ᠤᠯᠤᠰ ᠤᠨ ᠥᠮᠴᠢᠯᠡᠯ ᠤᠨ ᠠᠵᠤ ᠠᠬᠤᠢ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢᠨ ᠲᠣᠬᠢᠷᠠᠭᠤᠯᠤᠯᠲᠠ ᠬᠢᠬᠦ ᠶᠢ ᠲᠦᠷᠭᠡᠳᠬᠡᠬᠦ ᠪᠠᠷ ᠮᠠᠨ ᠤ | ᠣᠷᠣᠨ ᠬᠠᠳᠠᠨ ᠵᠣᠷᠢᠭ ᠢ ᠪᠠᠷᠢᠵᠤ ᠮᠡᠷᠡᠶᠢᠨ ᠴᠢᠷᠮᠠᠶᠢᠭᠰᠠᠭᠠᠷ ᠪᠠᠶᠢᠨ᠎ᠠ᠃ | |