| | | ᠵᠣᠬᠢᠶᠠᠭᠴᠢ᠄ ᠯᠢᠦ ᡁᠢ ᠰᠢᠶᠠᠨ | | | | | | ︽ᠨᠠᠮ ᠮᠢᠨᠢ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢᠳᠡ ᠪᠠᠶᠢᠨ᠎ᠠ︕︾ | 5 ᠰᠠᠷ᠎ᠠ ᠶᠢᠨ 20 ᠤ ᠦᠳᠡ ᠶᠢᠨ ᠡᠮᠦᠨ᠎ᠡ᠂ ᠬᠤᠰᠢᠭᠤᠴᠢ ᠠᠩᠭᠢ ᠶᠢᠨ ᠭᠡᠰᠢᠭᠦᠳ ᠤᠨ ᠲᠠᠩᠭᠠᠷᠢᠭᠯᠠᠬᠤ ᠳᠠᠭᠤᠨ | ᠭᠦᠭᠡᠬᠤᠳᠠ ᠶᠢᠨ ᠴᠡᠯᠡᠭᠡᠷ ᠲᠠᠯ᠎ᠠ ᠶᠢᠨ ᠯᠢᠦᠢ ᠳ᠋ᠢ ᠪᠠᠭ᠎ᠠ ᠰᠤᠷᠭᠠᠭᠤᠯᠢ ᠶᠢᠨ ᠲᠧᠩ ᠹᠧᠢ ᠵᠠᠮ ᠤᠨ ᠰᠤᠷᠭᠠᠭᠤᠯᠢ ᠶᠢᠨ | ᠲᠣᠭᠤᠷᠢᠭ ᠤᠨ ᠲᠠᠮᠢᠷ ᠤᠨ ᠳᠠᠯᠠᠪᠠᠢ ᠳᠤ ᠬᠠᠩᠭᠢᠨᠠᠨ ᠴᠤᠤᠷᠢᠶᠠᠲᠤᠨ᠎ᠠ᠃ ︽ᠪᠢᠳᠡ ᠪᠣᠯ ᠳᠤᠮᠳᠠᠳᠤ ᠶᠢᠨ ᠬᠡᠦᠬᠡᠳ︾ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠰᠠᠷ᠎ᠠ ᠶᠢᠨ ᠨᠢᠭᠡᠨ︾ ᠤ ᠤᠯᠤᠰ ᠤᠨ | ᠲᠤᠭ ᠮᠠᠨᠳᠤᠭᠤᠯᠬᠤ ᠭᠤᠣᠯ ᠰᠡᠳᠦᠪᠲᠦ ᠠᠵᠢᠯᠯᠠᠭ᠎ᠠ ᠠᠳᠡ ᠶᠠᠪᠤᠭᠳᠠᠨ᠎ᠠ᠃ | | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠣᠰᠣ ᠰᠤᠷᠲᠠᠬᠤᠨ ᠢᠶᠠᠷ ᠬᠥᠮᠥᠨ ᠢ | ᠬᠥᠮᠥᠵᠢᠭᠦᠯᠬᠦ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠥᠷ ᠮᠣᠩᠭᠤᠯ ᠤᠨ ᠰᠤᠷᠭᠠᠨ | ᠬᠥᠮᠦᠵᠢᠯ ᠤᠨ ᠰᠢᠰᠲ᠋ᠧᠮ ᠤᠨ ᠬᠢᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠭᠦᠨᠵᠡᠭᠡᠢ ᠲᠤᠭᠤᠰᠢᠯᠠᠭᠤᠯᠵᠤ | ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠶᠢ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ | ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠭᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠭᠦ ᠲᠠᠯ᠎ᠠ ᠪᠠᠷ ᠳᠡᠯᠭᠡᠷᠡᠭᠦᠯᠦᠨ | ᠲᠦᠭᠡᠮᠡᠯᠵᠢᠭᠦᠯᠦᠭᠰᠡᠨ ᠢᠶᠠᠷ ᠡᠯ᠎ᠡ ᠵᠦᠢᠯ ᠤᠨ ᠰᠤᠷᠭᠠᠨ ᠬᠥᠮᠦᠵᠢᠯ ᠤᠨ ᠦᠢᠯᠡᠰ ᠥᠷᠨᠢᠨ ᠬᠥᠭᠵᠢᠵᠦ᠂ ᠠᠷᠠᠳ | ᠤᠯᠠᠨ ᠨᠡᠩ ᠡᠷᠬᠡ ᠲᠡᠭᠰᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠵᠦ᠂ ᠰᠤᠷᠭᠠᠨ ᠬᠥᠮᠦᠵᠢᠯ ᠤᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠢᠯᠡᠳᠲᠡ ᠳᠡᠭᠡᠭᠰᠢᠯᠡᠪᠡ᠃ | | ᠬᠡᠦᠬᠡᠳ ᠪᠣᠯᠭᠠᠨ ᠳᠤ ᠰᠤᠷᠭᠠᠨ ᠬᠥᠮᠦᠵᠢᠯ ᠬᠦᠷᠲᠡᠭᠡᠨ᠎ᠡ | | 5 ᠰᠠᠷ᠎ᠠ ᠶᠢᠨ 13 ᠤ ᠡᠳᠦᠷ᠂ ᠭᠦᠭᠡᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ | ᠶᠢᠨ ᠶᠡᠭᠡ ᠬᠤᠷᠠᠯ ᠬᠤᠷᠠᠯᠳᠤᠪᠠ᠂ ᠬᠤᠷᠠᠯ ᠠᠴᠠ ᠭᠡᠷ ᠤᠨ ᠠᠬᠠᠮᠠᠳ ᠢ ᠬᠡᠦᠬᠡᠳ ᠢᠶᠠᠨ ᠴᠡᠴᠡᠷᠯᠢᠭ ᠲᠤ | ᠤᠷᠤᠭᠤᠯᠬᠤ ᠳᠤ ᠰᠠᠨᠠᠭ᠎ᠠ ᠵᠣᠪᠠᠭ᠋ᠤ ᠦᠭᠡᠢ ᠪᠤᠯᠭᠠᠵᠤ᠂ ᠴᠡᠴᠡᠷᠯᠢᠭ ᠲᠤ ᠣᠷᠣᠬᠤ ᠳᠤ ᠬᠦᠴᠢᠷ᠂ ᠴᠡᠴᠡᠷᠯᠢᠭ ᠲᠤ | ᠣᠷᠣᠬᠤ ᠳᠤ ᠦᠨᠡᠲᠡᠢ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠭᠡᠷᠡᠭᠲᠡᠶ; ᠬᠡᠦᠬᠡᠳ ᠢᠶᠠᠨ | ᠰᠤᠷᠭᠠᠭᠤᠯᠢ ᠳᠤ ᠣᠷᠣᠭᠤᠯᠬᠤ ᠳᠤ ᠭᠡᠷ ᠤᠨ ᠠᠬᠠᠮᠠᠳ ᠢ ︽ᠨᠠᠶᠢᠷ ᠲᠠᠯ᠎ᠠ ᠬᠡᠷᠡᠭᠰᠡᠬᠦ︾ ᠦᠭᠡᠢ ᠪᠤᠯᠭᠠᠵᠤ᠂ | ᠬᠡᠦᠬᠡᠳ ᠢᠶᠠᠨ ᠭᠡᠷ ᠤᠨ ᠢᠶᠠᠨ ᠡᠭᠦᠳᠡᠨ ᠳᠤ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠬᠦ ᠶᠢ ᠦᠨᠡᠨ ᠬᠦ | ᠪᠠᠲᠤᠯᠠᠬᠤ ᠬᠡᠷᠡᠭᠲᠡᠢ ᠁ ᠭᠡᠵᠦ ᠳᠤᠷᠠᠳᠴᠤ ᠭᠡᠷ ᠤᠨ ᠠᠬᠠᠮᠠᠳ᠂ ᠨᠡᠶᠢᠭᠡᠮ ᠨᠡᠶᠢᠲᠡ ᠶᠢᠨ ᠰᠤᠷᠭᠠᠨ | ᠬᠥᠮᠦᠵᠢᠯ ᠤᠨ ᠡᠷᠬᠡ ᠲᠡᠭᠰᠢ ᠶᠢᠨ ᠲᠤᠬᠠᠢ ᠰᠠᠨᠠᠭᠠᠰᠢᠷᠠᠯ ᠢ ᠠᠯᠳᠠᠷᠠᠭᠠᠭᠰᠠᠨ ᠶᠤᠮ᠃ | | ᠬᠤᠪᠢᠷᠠᠯᠲᠠ ᠠᠯᠭᠤᠷ ᠠᠭᠠᠵᠢᠮ ᠢᠶᠠᠷ ᠡᠭᠦᠰᠴᠦ ᠪᠠᠶᠢᠯ᠎ᠠ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤᠷᠢᠳ ᠬᠤᠵᠢᠳ ᠭᠤᠷᠪᠠᠨ ᠬᠤᠭᠤᠴᠠᠭᠠᠨ ᠤ ︽ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯᠯᠠᠭᠠᠨ ᠤ ᠲᠥᠯᠥᠪᠯᠡᠭᠡ︾ ᠶᠢ | ᠬᠡᠷᠡᠭᠵᠢᠭᠦᠯᠵᠦ᠂ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠡᠬᠢ ᠪᠠᠶᠠᠯᠢᠭ ᠢ ᠲᠦᠷᠭᠡᠨ ᠳᠡᠯᠭᠡᠷᠡᠭᠦᠯᠵᠦ᠂ ᠠᠷᠠᠳ ᠠᠴᠠ ᠡᠷᠭᠢᠯᠡᠭᠰᠡᠨ ᠲᠦᠭᠡᠮᠡᠯ ᠬᠠᠷᠠᠭᠠᠯᠵᠠᠯ ᠤᠨ ᠴᠢᠨᠠᠷᠲᠠᠢ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠡᠬᠢ ᠪᠠᠶᠠᠯᠢᠭ ᠢ ᠲᠠᠰᠤᠷᠠᠯᠲᠠ ᠦᠭᠡᠢ ᠳᠡᠯᠭᠡᠷᠡᠭᠦᠯᠪᠡ᠃ 2021 | ᠣᠨ ᠳᠤ ᠪᠦᠭᠦ ᠣᠷᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ 87. | 57% ᠳᠤ ᠬᠦᠷᠴᠦ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠡᠵᠡᠯᠡᠭᠦ ᠬᠠᠷᠢᠴᠠᠯ 55. | 53% ᠳᠤ ᠬᠦᠷᠴᠦ᠂ ᠬᠡᠦᠬᠡᠳ ᠤᠨ ᠴᠡᠴᠡᠷᠯᠢᠭ ᠲᠤ ᠣᠷᠣᠬᠤ ᠳᠤ ᠬᠦᠴᠢᠷ᠂ ᠬᠡᠦᠬᠡᠳ ᠤᠨ ᠴᠡᠴᠡᠷᠯᠢᠭ ᠬᠤᠯᠠ | ᠪᠠᠶᠢᠭᠰᠠᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠲᠠᠯ᠎ᠠ ᠪᠠᠷ᠂ ᠴᠢᠬᠤᠯᠠ ᠶᠡᠭᠡ ᠰᠤᠷᠭᠠᠨ ᠬᠥᠮᠦᠵᠢᠯ ᠤᠨ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ | ᠰᠤᠷᠭᠠᠭᠤᠯᠢ ᠡᠷᠭᠢᠯᠡᠭᠦ ᠨᠥᠬᠦᠴᠡᠯ ᠢ ᠨᠢ ᠬᠦᠴᠦᠯᠡᠨ ᠰᠠᠶᠢᠵᠢᠷᠠᠭᠤᠯᠵᠤ᠂ ᠰᠤᠷᠤᠬᠴᠢᠳ ᠲᠤ ᠬᠠᠷᠢᠴᠠᠩᠭᠤᠢ ᠡᠷᠬᠡ | ᠲᠡᠭᠰᠢ ᠰᠤᠷᠭᠠᠨ ᠬᠥᠮᠦᠵᠢᠯ ᠭᠦᠷᠲᠡᠭᠦ ᠲᠣᠭᠢᠶᠠᠯ ᠬᠠᠩᠭᠠᠪᠠ᠃ 2021 ᠣᠨ ᠳᠤ ᠥᠪᠥᠷ ᠮᠣᠩᠭᠤᠯ ᠤᠨ ᠰᠢᠶᠠᠨ ᠤ | ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠦᠨᠳᠦᠰᠦᠨ ᠳᠡᠭᠡᠨ ᠲᠡᠩᠴᠡᠭᠦᠷᠢᠲᠡᠢ ᠬᠥᠭᠵᠢᠵᠦ ᠤᠯᠤᠰ | ᠤᠨ ᠬᠢᠨᠠᠨ ᠵᠢᠯᠣᠭᠤᠳᠤᠨ ᠦᠨᠡᠯᠡᠨ ᠵᠢᠱᠢᠭᠦ ᠶᠢ ᠳᠠᠮᠵᠢᠵᠤ᠂ ᠡᠯᠪᠡᠭ ᠳᠡᠯᠪᠡᠭ ᠦᠷ᠎ᠡ ᠪᠦᠲᠦᠭᠡᠯ ᠣᠯᠪᠠ᠃ | | ᠬᠤᠲᠠ ᠣᠷᠣᠵᠤ ᠠᠵᠢᠯ ᠬᠢᠭᠰᠡᠳ ᠤᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠬᠦᠴᠢᠷᠳᠡᠯ ᠢ | ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠠᠴᠠ ᠬᠥᠮᠥᠨ ᠠᠮᠠ ᠶᠢᠨ ᠨᠡᠮᠡᠭᠳᠡᠯ ᠪᠣᠯᠣᠨ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠦᠨᠳᠦᠰᠦᠨ ᠬᠡᠷᠡᠭᠴᠡᠭᠡ ᠶᠢ ᠦᠨᠳᠦᠰᠦᠯᠡᠨ ᠠᠯᠪᠠᠨ ᠠᠴᠠ | ᠡᠷᠭᠢᠯᠡᠭᠰᠡᠨ ᠰᠤᠷᠭᠠᠭᠤᠯᠢ ᠶᠢ ᠲᠠᠰᠤᠷᠠᠯᠲᠠ ᠦᠭᠡᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠪᠠ᠃ | ᠡᠭᠦᠨ ᠤ ᠬᠠᠮᠲᠤ᠂ ᠪᠦᠭᠦ ᠣᠷᠣᠨ ᠤ ᠡᠯ᠎ᠡ ᠭᠠᠵᠠᠷ ᠤᠨ ᠬᠢᠨ ᠡᠴᠢᠭᠡ ᠡᠬᠡ ᠪᠠᠨ ᠳᠠᠭᠠᠵᠤ ᠨᠡᠭᠦᠭᠰᠡᠨ ᠬᠡᠦᠬᠡᠳ ᠢ | ᠰᠤᠷᠭᠠᠭᠤᠯᠢ ᠳᠤ ᠡᠯᠰᠡᠭᠦ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠳᠥᠭᠦᠮᠴᠢᠯᠡᠵᠦ᠂ ᠡᠴᠢᠭᠡ ᠡᠬᠡ ᠪᠠᠨ | ᠲᠠᠭᠠᠵᠤ ᠨᠡᠭᠦᠭᠰᠡᠨ ᠬᠡᠦᠬᠡᠳ ᠢ ᠰᠤᠷᠭᠠᠭᠤᠯᠢ ᠳᠤ ᠣᠷᠣᠬᠤ ᠳᠤ ᠨᠠᠩ ᠲᠥᠭᠦᠮ ᠪᠣᠯᠭᠠᠪᠠ᠃ 2021 ᠣᠨ ᠳᠤ | ᠬᠥᠯᠥᠨ ᠪᠤᠶᠢᠷ ᠬᠤᠲᠠ᠂ ᠰᠢᠯᠢ ᠶᠢᠨ ᠭᠤᠣᠯ ᠠᠶᠢᠮᠠᠭ᠂ ᠠᠯᠠᠱᠠ ᠠᠶᠢᠮᠠᠭ ᠵᠡᠷᠭᠡ 6 ᠠᠶᠢᠮᠠᠭ ᠬᠤᠲᠠ ᠶᠢᠨ ᠡᠴᠢᠭᠡ | ᠡᠬᠡ ᠪᠠᠨ ᠳᠠᠭᠠᠵᠤ ᠨᠡᠭᠦᠭᠰᠡᠨ ᠬᠡᠦᠬᠡᠳ ᠤᠨ ᠠᠯᠪᠠᠨ ᠠᠴᠠ ᠡᠷᠭᠢᠯᠡᠭᠰᠡᠨ ᠰᠤᠷᠭᠠᠭᠤᠯᠢ ᠳᠤ ᠣᠷᠣᠬᠤ ᠨᠣᠷᠮ᠎ᠠ | 100% ᠳᠤ ᠬᠦᠷᠴᠦ᠂ ᠪᠤᠭᠤᠲᠤ ᠬᠤᠲᠠ᠂ ᠲᠦᠩᠯᠢᠶᠣᠣ ᠬᠤᠲᠠ᠂ ᠦᠬᠠᠢ ᠬᠤᠲᠠ ᠵᠡᠷᠭᠡ ᠭᠠᠵᠠᠷ ᠣᠷᠣᠨ ᠤ | ᠬᠢ 95% ᠠᠴᠠ ᠳᠡᠭᠡᠭᠰᠢ ᠬᠦᠷᠴᠡᠢ᠃ | | ᠨᠠᠩ ᠣᠯᠠᠨ ᠰᠤᠷᠤᠬᠴᠢ ᠳᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠳ᠋ᠯᠡᠭᠦᠯᠦᠨ᠎ᠡ | | ᠭᠠᠷᠠᠭ ᠪᠦᠷᠢ ᠳᠤᠮᠳᠠᠴᠢ ᠪᠠᠷ 7 ᠰᠢᠯᠢᠳᠡᠭ ᠬᠢᠴᠢᠶᠡᠯ ᠢ ᠬᠤᠪᠢᠶᠠᠷᠢ ᠰᠤᠷᠭᠠᠭᠤᠯᠢ ᠳᠤ ᠬᠦᠷᠭᠡᠨ᠎ᠡ᠂ 2019 | ᠣᠨ ᠳᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ | ᠪᠠᠶᠠᠨᠨᠠᠭᠤᠷ ᠬᠤᠲᠠ ᠶᠢᠨ ᠬᠤᠪᠢᠶᠠᠷᠢ ᠰᠤᠷᠭᠠᠭᠤᠯᠢ ᠫᠠᠶᠢᠰᠠ ᠡᠯᠭᠦᠨ ᠪᠠᠶᠢᠭᠤᠯᠤᠭᠳᠠᠭᠰᠠᠨ ᠠᠴᠠ ᠨᠠᠭᠠᠰᠢ᠂ | ᠡᠶᠢᠮᠦᠷᠬᠦᠦ ᠬᠠᠷᠢᠯᠴᠠᠨ ᠦᠢᠯᠡᠳᠦᠯᠴᠡᠬᠦ ᠰᠦᠯᠵᠢᠶᠡᠨ ᠬᠢᠴᠢᠶᠡᠯ ᠨᠢ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠭᠦᠭᠡᠬᠤᠲᠠ ᠶᠢᠨ ᠶᠡᠷᠦᠩᠬᠡᠢ ᠰᠤᠷᠭᠠᠭᠤᠯᠢ ᠬᠢᠭᠡᠳ | ᠪᠠᠶᠠᠨᠨᠠᠭᠤᠷ ᠬᠤᠲᠠ ᠳᠤ ᠪᠠᠶᠢᠭ᠎ᠠ ᠬᠤᠪᠢᠶᠠᠷᠢ ᠰᠤᠷᠭᠠᠭᠤᠯᠢ ᠶᠢᠨ ᠬᠤᠭᠤᠷᠣᠨᠳᠤ ᠪᠠᠶᠢᠩᠭᠤ ᠶᠠᠪᠤᠭᠳᠠᠬᠤ ᠪᠣᠯᠪᠠ᠃ | | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠪᠠᠷ | ᠲᠥᠯᠥᠭᠡᠯᠡᠭᠦᠯᠦᠭᠰᠡᠨ ᠲᠣᠭᠠᠴᠢᠯᠠᠭᠰᠠᠨ ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠤ ᠪᠠᠶᠢᠭᠤᠯᠤᠯᠲᠠ ᠪᠣᠯ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ | ᠬᠤᠷᠢᠶᠠᠩᠭᠤᠢ ᠳᠦᠷᠰᠦ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠡᠷᠲᠡᠭᠡᠨ | ᠵᠠᠰᠠᠬᠤ ᠣᠷᠣᠨ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠪᠠ᠃ ᠣᠳᠣᠬᠠᠨ ᠳᠤ ᠪᠦᠭᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠢᠨᠲ᠋ᠧᠷ ᠰᠦᠯᠵᠢᠶᠡᠨ ᠤ | ᠵᠠᠯᠭᠠᠯᠲᠠ ᠶᠢᠨ ᠨᠣᠷᠮ᠎ᠠ 99% ᠳᠤ ᠬᠦᠷᠴᠦ᠂ ᠡᠩ ᠤᠨ ᠬᠢᠴᠢᠶᠡᠯ ᠤᠨ ᠭᠡᠷ ᠤᠨ ᠣᠯᠠᠨ ᠵᠠᠭᠤᠴᠢᠲᠤ ᠵᠢᠭᠠᠨ | ᠰᠤᠷᠭᠠᠯᠲᠠ ᠶᠢᠨ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠨᠣᠷᠮ᠎ᠠ 98% ᠳᠤ ᠬᠦᠷᠴᠡᠢ᠃ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠡᠬᠢ ᠪᠠᠶᠠᠯᠢᠭ ᠢ ᠬᠠᠮᠲᠤ ᠪᠠᠷ ᠡᠳ᠋ᠯᠡᠭᠦ ᠶᠢ ᠠᠬᠢᠭᠤᠯᠬᠤ ᠪᠠᠷ ᠬᠠᠷᠢᠯᠴᠠᠨ | ᠦᠢᠯᠡᠳᠦᠯᠴᠡᠬᠦ ᠰᠦᠯᠵᠢᠶᠡᠨ ᠬᠢᠴᠢᠶᠡᠯ ᠢ ᠨᠢᠭᠡᠨᠲᠡ 2341 ᠳᠤᠮᠳᠠᠳᠤ ᠪᠠᠭ᠎ᠠ ᠰᠤᠷᠭᠠᠭᠤᠯᠢ ︵ᠵᠢᠭᠠᠨ ᠰᠤᠷᠭᠠᠯᠲᠠ | ᠶᠢᠨ ᠴᠡᠭ︶ ᠳᠤ ᠪᠦᠭᠦ ᠲᠠᠯ᠎ᠠ ᠪᠠᠷ ᠬᠡᠷᠡᠭᠯᠡᠪᠡ᠃ | | ᠪᠠᠭᠰᠢ ᠪᠣᠯ ᠰᠤᠷᠭᠠᠨ ᠬᠥᠮᠦᠵᠢᠯ ᠤᠨ ᠪᠠᠶᠢᠭᠤᠯᠤᠯᠲᠠ ᠶᠢᠨ ᠦᠨᠳᠦᠰᠦ᠂ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠬᠤ ᠪᠣᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠶᠢᠨ ᠵᠠᠩᠭᠢᠯᠠᠭ᠎ᠠ | ᠮᠥᠨ᠃ 2015 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤᠷᠢᠳ ᠬᠤᠵᠢᠳ ︽ᠬᠥᠳᠡᠭᠡ | ᠲᠣᠰᠬᠤᠨ ᠤ ᠪᠠᠭᠰᠢ ᠶᠢ ᠳᠡᠮᠵᠢᠭᠦ ᠲᠥᠯᠥᠪᠯᠡᠭᠡ ︵2015—2020 ᠣᠨ︶ ᠶᠢᠨ ᠬᠡᠷᠡᠭᠵᠢᠭᠦᠯᠬᠦ ᠠᠷᠭ᠎ᠠ︾᠂ ︽ | ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠶᠢ ᠳᠠᠷᠤᠮᠠᠯᠯᠠᠨ ᠲᠠᠷᠬᠠᠭᠠᠵᠤ᠂ ᠪᠠᠭᠰᠢ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠬᠤ ᠳᠤ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠪᠠ᠃ ᠥᠪᠡᠷᠲᠡᠭᠡᠨ | ᠵᠠᠰᠠᠬᠤ ᠣᠷᠣᠨ ᠪᠠᠰᠠ ᠰᠢᠶᠠᠨ ᠤ ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ | ᠶᠢᠨ ᠵᠠᠬᠢᠷᠤᠯ᠂ ᠪᠠᠭᠰᠢ ᠶᠢ ᠰᠣᠯᠢᠯᠴᠠᠬᠤ ᠳᠦᠷᠢᠮ ᠵᠡᠷᠭᠡ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ | ᠪᠠᠭᠰᠢ ᠶᠢᠨ ᠴᠢᠳᠠᠪᠤᠷᠢ ᠪᠠ ᠲᠦᠪᠰᠢᠨ ᠢ ᠤᠯᠠᠮ ᠳᠡᠭᠡᠭᠰᠢᠯᠡᠭᠦᠯᠪᠡ᠃ | | ᠰᠤᠷᠭᠠᠨ ᠬᠥᠮᠦᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠭᠦᠯᠦᠨ᠎ᠡ | | 3 ᠰᠠᠷ᠎ᠠ ᠶᠢᠨ 25 ᠤ ᠦᠳᠡ ᠶᠢᠨ ᠡᠮᠦᠨ᠎ᠡ᠂ ᠭᠦᠭᠡᠬᠤᠲᠠ ᠶᠢᠨ ᠬᠤᠷᠢᠨᠭᠡᠷ ᠰᠢᠨ᠎ᠡ ᠲᠣᠭᠤᠷᠢᠭ ᠲᠤ ᠮᠠᠰᠢᠨ | ᠤ ᠳᠠᠭᠤᠨ ᠬᠦᠷᠴᠢᠭᠢᠨᠡᠵᠦ᠂ ᠮᠠᠯᠲᠠᠭᠤᠷ ᠮᠠᠰᠢᠨ ᠰᠦᠯᠵᠢᠯᠳᠦᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ | ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢᠨ ᠡᠭᠦᠯᠳᠡᠷ ᠤᠨ ᠰᠢᠨ᠎ᠡ ᠶᠢ ᠡᠭᠦᠳᠭᠦ ᠪᠠ ᠦᠷᠡᠵᠢᠭᠦᠯᠦᠨ | ᠪᠣᠶᠢᠵᠢᠭᠤᠯᠬᠤ ᠰᠠᠭᠤᠷᠢᠨ ᠤ ᠲᠥᠷᠥᠯ ᠵᠦᠢᠯ ᠤᠨ ᠠᠵᠢᠯ ᠡᠬᠢᠯᠡᠪᠡ᠃ | | ︽ᠤᠳᠤ ᠮᠢᠨᠤ ᠰᠠᠷ᠎ᠠ ᠶᠢᠨ ᠴᠠᠯᠢᠩ 7000 ᠰᠢᠬᠠᠮ ᠲᠥᠭᠦᠷᠢᠭ ᠲᠤ ᠬᠦᠷᠴᠦ ᠪᠠᠶᠢᠨ᠎ᠠ᠂ ᠨᠠᠮᠠᠶᠢ | ᠠᠵᠢᠯᠯᠠᠭᠰᠠᠨ ᠤ ᠳᠠᠷᠠᠭ᠎ᠠ ᠭᠡᠷ ᠤᠨ ᠠᠮᠢᠳᠤᠷᠠᠯ ᠢᠯᠡᠳᠲᠡ ᠰᠠᠶᠢᠵᠢᠷᠠᠵᠤ᠂ ᠠᠪᠤ ᠶᠢᠨ ᠢᠶᠠᠨ ᠡᠪᠡᠳᠴᠢᠨ ᠢ ᠴᠦ ᠴᠠᠭ | ᠲᠤᠬᠠᠢ ᠳᠤᠨᠢ ᠡᠮᠨᠡᠭᠦᠯᠦᠭᠰᠡᠨ ᠠᠴᠠ ᠢᠯᠠᠷᠢᠰᠢᠵᠤ ᠪᠠᠶᠢᠨ᠎ᠠ︾ ᠭᠡᠵᠦ ᠤᠯᠠᠭᠠᠨᠬᠠᠳᠠ ᠶᠢᠨ ᠤᠮᠠᠷᠠᠲᠤ ᠶᠢᠨ ᠴᠠᠭᠢᠯᠭᠠᠨ | ᠬᠦᠴᠦᠨ ᠤ ᠠᠵᠢᠯ ᠮᠡᠷᠭᠡᠵᠢᠯ ᠤᠨ ᠰᠤᠷᠭᠠᠭᠤᠯᠢ ᠶᠢᠨ 2020 ᠣᠨ ᠳᠤ ᠲᠡᠭᠦᠰᠦᠭᠰᠡᠨ ᠰᠤᠷᠤᠬᠴᠢ ᠬᠠᠨ ᡁᠢ | ᠶᠦᠩ ᠬᠡᠯᠡᠨ᠎ᠡ᠃ ᠬᠠᠨ ᡁᠢ ᠶᠦᠩ ᠤᠨ ᠠᠪᠤ ᠨᠢ ᠡᠪᠡᠳᠴᠢᠨ ᠲᠠᠢ ᠪᠣᠯᠬᠤᠷ ᠭᠡᠷ ᠤᠨ ᠠᠮᠢᠳᠤᠷᠠᠯ ᠨᠢ ᠶᠠᠳᠠᠭᠤᠬᠠᠨ | ᠪᠠᠶᠢᠪᠠ᠃ ᠬᠠᠨ ᡁᠢ ᠶᠦᠩ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ ᠰᠤᠷᠭᠠᠭᠤᠯᠢ ᠪᠠ ᠠᠵᠤ ᠠᠬᠤᠶᠢᠯᠠᠯ ᠤᠨ | ᠬᠤᠷᠰᠢᠭᠰᠠᠨ ᠠᠵᠤ ᠠᠬᠤᠶᠢᠯᠠᠯ ᠳᠤ ᠠᠵᠢᠯᠯᠠᠵᠤ᠂ ︽ᠨᠢᠭᠡ ᠬᠥᠮᠥᠨ ᠠᠵᠢᠯ ᠣᠯᠵᠤ ᠪᠦᠭᠦ ᠭᠡᠷ ᠢᠶᠠᠷ ᠢᠶᠠᠨ | ᠶᠠᠳᠠᠭᠤ ᠠᠴᠠ ᠠᠩᠭᠢᠵᠢᠷᠠᠬᠤ︾ ᠰᠠᠶᠢᠨ ᠰᠠᠶᠢᠬᠠᠨ ᠬᠦᠰᠡᠯ ᠢᠶᠠᠨ ᠪᠡᠶᠡᠯᠡᠭᠦᠯᠪᠡ᠃ | | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠬᠢᠨ ᠴᠢᠳᠠᠪᠤᠷᠢᠲᠠᠨ ᠬᠥᠮᠥᠵᠢᠭᠦᠯᠬᠦ᠂ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠣᠯᠣᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠪᠡ᠃ 2017 ᠣᠨ ᠳᠤ᠂ | ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠤᠵᠢ ᠶᠠᠮᠤᠨ ᠬᠠᠮᠲᠤ ᠪᠠᠷ ᠪᠠᠶᠢᠭᠤᠯᠬᠤ ᠲᠠᠯ᠎ᠠ ᠨᠤᠲᠤᠭ ᠤᠨ ᠭᠡᠷ | ᠤᠨ ᠲᠡᠵᠢᠭᠡᠪᠦᠷᠢ ᠶᠢᠨ ᠦᠷᠡᠵᠢᠯ ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠣᠶᠢᠵᠢᠭᠤᠯᠬᠤ ᠤᠯᠤᠰ ᠤᠨ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠥᠪᠰᠢᠶᠡᠷᠡᠭᠳᠡᠵᠦ᠂ ᠥᠪᠡᠷᠲᠡᠭᠡᠨ ᠵᠠᠰᠠᠬᠤ ᠣᠷᠣᠨ ᠤ ᠮᠤᠵᠢ ᠶᠠᠮᠤᠨ | ᠬᠠᠮᠲᠤ ᠪᠠᠷ ᠪᠠᠶᠢᠭᠤᠯᠬᠤ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠦᠭᠡᠢ ᠪᠠᠶᠢᠭᠰᠠᠨ ᠪᠠᠶᠢᠳᠠᠯ ᠳᠤ | ᠰᠢᠪᠲᠤᠯᠤᠯᠲᠠ ᠭᠠᠷᠭᠠᠪᠠ; ᠠᠵᠢᠯ ᠮᠡᠷᠭᠡᠵᠢᠯ ᠤᠨ ᠰᠤᠷᠭᠠᠨ ᠬᠥᠮᠦᠵᠢᠯ ᠨᠢ ᠵᠢᠯ ᠪᠦᠷᠢ ᠨᠡᠶᠢᠭᠡᠮ ᠳᠤ 12 ᠲᠦᠮᠡ | ᠰᠢᠬᠠᠮ ᠠᠳᠠᠯᠢ ᠪᠤᠰᠤ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠬᠥᠮᠥᠵᠢᠭᠦᠯᠵᠦ᠂ ᠬᠤᠲᠠ ᠬᠥᠳᠡᠭᠡ ᠶᠢᠨ 22 | ᠲᠦᠮᠡᠨ ᠭᠦᠳᠡᠯᠮᠦᠷᠢ ᠬᠦᠴᠦᠨ ᠢ ᠪᠤᠯᠪᠠᠰᠤᠷᠠᠭᠤᠯᠵᠦ ᠪᠠᠶᠢᠨ᠎ᠠ; ᠥᠪᠡᠷᠲᠡᠭᠡᠨ ᠵᠠᠰᠠᠬᠤ ᠣᠷᠣᠨ ᠤ | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠣᠷᠣᠨ ᠶᠡᠭᠡ | ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠬᠤ | ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ 2021ᠣᠨ ᠳᠤ ᠪᠦᠭᠦ ᠣᠷᠣᠨ ᠤ | ᠶᠡᠭᠡ ᠳᠡᠭᠡᠳᠦ ᠰᠤᠷᠭᠠᠭᠤᠯᠢ ᠳᠤ 258 ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠶᠢᠨ ᠴᠡᠭ ᠢ ᠰᠢᠨ᠎ᠡ ᠪᠠᠷ | ᠨᠡᠮᠡᠭᠳᠡᠭᠦᠯᠵᠦ᠂ 206 ᠶᠢ ᠬᠦᠴᠦᠨ ᠦᠭᠡᠢ ᠪᠣᠯᠭᠠᠪᠠ ᠁ | | ᠰᠢᠨ᠎ᠡ ᠲᠡᠦᠬᠡᠨ ᠭᠠᠷᠤᠭ᠎ᠠ ᠳᠤ ᠵᠣᠭᠰᠣᠵᠤ᠂ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠠᠯᠬᠤᠭ᠎ᠠ | ᠶᠢ ᠳᠠᠭᠠᠯᠳᠤᠨ᠂ ᠨᠡᠩ ᠤᠯᠠᠨ ᠬᠥᠮᠥᠨ ᠰᠤᠷᠭᠠᠨ ᠬᠥᠮᠦᠵᠢᠯ ᠭᠦᠷᠳᠡᠭᠦ ᠪᠠᠷ ᠲᠠᠮᠵᠢᠨ ᠬᠤᠪᠢ ᠵᠠᠶᠠᠭ᠎ᠠ ᠪᠠᠨ | ᠥᠭᠡᠷᠡᠴᠢᠯᠡᠵᠦ᠂ ᠰᠠᠶᠢᠨ ᠰᠠᠶᠢᠬᠠᠨ ᠬᠦᠰᠡᠯ ᠵᠡᠭᠦᠳᠦ ᠪᠠᠨ ᠲᠡᠷᠭᠡᠯᠰᠢᠭᠦᠯᠦᠨ᠂ ᠨᠡᠩ ᠭᠡᠭᠡᠨ ᠰᠠᠷᠠᠭᠤᠯ | ᠢᠷᠡᠭᠡᠳᠦᠢ ᠲᠠᠢ ᠪᠤᠯᠬᠤ ᠨᠢ ᠯᠠᠪᠲᠠᠢ ᠶᠤᠮ︕ | | | |