ᠲᠠᠷᠢᠶᠠᠨ ᠭᠠᠵᠠᠷ ᠤᠨ ᠬᠦᠴᠦ ᠰᠢᠮ᠎ᠡ ᠶᠢ ᠨᠡᠮᠡᠭᠳᠡᠭᠦᠯᠵᠦ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠨ᠎ᠠ
ᠨᠡᠶᠢᠲᠡᠯᠡᠭᠰᠡᠨ ᠴᠠᠭ᠄
2022/10/17
                             ᠵᠣᠬᠢᠶᠠᠭᠴᠢ᠄ ᠠᠨᠢᠷ ᠬᠠᠨ ᠰᠢᠤᠸᠠᠢ ᠷᠦ᠋                       ︽ᠨᠡᠮᠡᠭᠳᠡᠯ᠎ᠡ︕︾            2021 ᠣᠨ ᠳᠤ ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ 768.06 ᠳ᠋ᠦᠩᠰᠢᠭᠤᠷ ᠵᠢᠩ ᠳᠤ ᠬᠦᠷᠴᠦ᠂ ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠪᠠ᠃             ︽ᠲᠣᠭᠲᠠᠭᠤᠨ ᠪᠣᠯᠣᠯ᠎ᠠ︕︾            ᠡᠨᠡ ᠵᠢᠯ ᠤᠨ ᠮᠠᠨ ᠤ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠲᠠᠯᠠᠪᠠᠶ ᠪᠠᠰᠠ 1 ᠳ᠋ᠦᠩᠰᠢᠭᠤᠷ ᠮᠦ ᠶᠢ ᠳᠠᠪᠠᠵᠤ᠂ ᠪᠦᠭᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠣᠯᠬᠤ ᠳᠤ ᠪᠠᠲᠤ ᠪᠠᠬᠢ ᠰᠠᠭᠤᠷᠢ ᠶᠢ ᠲᠠᠯᠪᠢᠵᠠᠢ            ᠲᠠᠷᠢᠶᠠᠨ ᠭᠠᠵᠠᠷ ᠪᠠᠶᠢᠪᠠᠰᠤ ᠠᠮᠤ ᠪᠤᠳᠠᠭ᠎ᠠ ᠪᠠᠶᠢᠮᠤᠢ᠂ ᠠᠮᠤ ᠪᠤᠳᠠᠭ᠎ᠠ ᠪᠠᠶᠢᠪᠠᠰᠤ ᠠᠮᠤᠷ ᠲᠣᠭᠲᠠᠭᠤᠨ ᠪᠣᠯᠣᠮᠤᠢ᠃ ᠮᠠᠨ ᠤ ᠣᠷᠣᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠣᠷᠣᠨ ᠪᠦᠰᠡ ᠶᠢᠨ ᠪᠠᠶᠢᠷᠢᠰᠢᠭᠤᠯᠤᠯᠲᠠ ᠪᠠ ᠴᠢᠬᠤᠯᠠ ᠡᠯᠧᠮᠧᠨ᠋ᠲ ᠤᠨ ᠨᠡᠶᠢᠳᠬᠡᠯ ᠢ ᠰᠢᠯᠢᠳᠡᠭᠵᠢᠭᠦᠯᠵᠦ᠂ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠬᠤ ᠶᠢ ᠠᠬᠢᠭᠤᠯᠵᠤ᠂ ᠨᠡᠩ ᠤᠯᠠᠨ ᠠᠮᠤ ᠪᠤᠳᠠᠭᠠᠨ ᠤ ᠲᠠᠷᠢᠶᠠᠨ ᠭᠠᠵᠠᠷ ᠢ ᠰᠠᠶᠢᠨ ᠲᠠᠷᠢᠶᠠᠨ ᠭᠠᠵᠠᠷ ᠪᠤᠯᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠪᠡ᠃            ᠥᠨᠳᠥᠷ ᠵᠣᠭᠰᠣᠴᠠ ᠠᠴᠠ ᠪᠠᠶᠢᠷᠢ ᠲᠣᠭᠲᠠᠭᠠᠵᠤ ᠲᠠᠷᠢᠶᠠᠨ ᠭᠠᠵᠠᠷ ᠤᠨ ᠬᠠᠮᠠᠭᠠᠯᠠᠯᠲᠠ ᠨᠠᠩ ᠬᠦᠴᠦᠲᠡᠢ ᠪᠣᠯᠪᠠ            ᠵᠤᠨ ᠤ ᠤᠯᠠᠷᠢᠯ ᠳᠤ᠂ ᠥᠪᠥᠷ ᠮᠣᠩᠭᠤᠯ ᠤᠨ ᠡᠬᠡ ᠭᠠᠵᠠᠷ ᠲᠤ ᠪᠠᠴᠢᠮ ᠶᠠᠭᠠᠷᠠᠯᠲᠠᠢ ᠪᠥᠭᠡᠳ ᠭᠦᠷ ᠬᠥᠭᠵᠢᠶᠡᠨᠲᠡᠢ ᠪᠠᠶᠢᠳᠠᠯ ᠢᠶᠠᠷ ᠪᠢᠯᠬᠠᠨ᠎ᠠ᠃ ᠪᠣᠷᠣᠳᠣᠬᠤᠢ ᠶᠢᠨ ᠲᠠᠯ᠎ᠠ ᠭᠠᠵᠠᠷ ᠲᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ︽ᠣᠶᠤᠨᠴᠢ ᠪᠠᠷ ᠲᠠᠷᠢᠶ᠎ᠠ ᠲᠠᠷᠢᠵᠤ︾᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠲᠠᠷᠢᠶᠠᠨ ᠴᠢᠬᠢ ᠶᠢ ᠪᠤᠶᠢᠵᠢᠭᠤᠯᠤᠨ᠎ᠠ; ᠬᠠᠳᠤᠨ ᠭᠤᠣᠯ ᠤᠨ ᠬᠥᠪᠡᠭᠡᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠪᠡᠯᠡᠳᠬᠡᠬᠦ᠂ ᠨᠠᠶᠢᠳᠠᠨ ᠬᠠᠮᠢᠶᠠᠷᠤᠭᠤᠯᠬᠤ ᠶᠢ ᠨᠡᠮᠡᠭᠳᠡᠭᠦᠯᠵᠦ᠂ ᠬᠡᠪᠴᠢᠶᠡᠵᠢᠭᠦᠯᠦᠨ ᠡᠵᠡᠩᠨᠡᠨ᠎ᠠ; ᠬᠠᠷ᠎ᠠ ᠬᠥᠷᠥᠰᠥᠨ ᠳᠤ ᠰᠠᠶᠢᠨ ᠲᠠᠷᠢᠶ᠎ᠠ ᠶᠢ ᠪᠦᠲᠦᠭᠡᠨ ᠪᠠᠶᠢᠭᠤᠯᠵᠤ᠂ ᠬᠢᠮᠢ ᠶᠢᠨ ᠪᠣᠷᠳᠣᠭᠤᠷ ᠢ ᠬᠠᠰᠤᠵᠤ᠂ ᠪᠣᠬᠢᠷᠳᠤᠯ ᠦᠭᠡᠢ ᠦᠢᠯᠡᠳᠪᠦᠷᠢᠯᠡᠯ ᠢ ᠡᠷᠴᠢᠮᠵᠢᠭᠦᠯᠦᠨ᠎ᠡ ᠁            ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠲᠠᠷᠢᠶᠠᠨ ᠭᠠᠵᠠᠷ ᠲᠤ ᠥᠪᠥᠷ ᠮᠣᠩᠭᠤᠯ ᠤᠨ ᠠᠮᠤ ᠪᠤᠳᠠᠭ᠎ᠠ ᠪᠠᠨ ᠲᠣᠭᠲᠠᠪᠤᠷᠢᠵᠢᠭᠤᠯᠵᠤ ᠲᠠᠷᠢᠶᠠᠨ ᠭᠠᠵᠠᠷ ᠢᠶᠠᠨ ᠰᠠᠬᠢᠨ ᠬᠠᠮᠠᠭᠠᠯᠠᠵᠤ᠂ ︽ᠠᠮᠤ ᠪᠤᠳᠠᠭᠠᠨ ᠤ ᠬᠥᠮᠥᠷᠭᠡ︾᠎ ᠪᠠᠨ ᠨᠡᠩ ᠡᠯᠪᠡᠭ ᠪᠠᠶᠠᠯᠢᠭ ᠪᠤᠯᠭᠠᠬᠰᠠᠨ ᠪᠣᠳᠠᠲᠤ ᠠᠵᠢᠯᠯᠠᠭ᠎ᠠ ᠢᠯᠡᠷᠡᠨ᠎ᠡ᠃            ᠥᠪᠥᠷ ᠮᠣᠩᠭᠤᠯ ᠪᠣᠯ ᠪᠦᠭᠦ ᠤᠯᠤᠰ ᠤᠨ ᠠᠮᠤ ᠪᠤᠳᠠᠭᠠᠨ ᠤ ᠭᠤᠣᠯᠳᠠᠯᠭ᠎ᠠ ᠲᠠᠢ ᠦᠢᠯᠡᠳᠪᠦᠷᠢᠯᠡᠯ ᠤᠨ 13 ᠮᠤᠵᠢ ᠣᠷᠣᠨ ᠤ ᠨᠢᠭᠡ ᠮᠥᠨ᠂ ᠠᠮᠤ ᠪᠤᠳᠠᠭ᠎ᠠ ᠶᠢ ᠬᠡᠪᠴᠢᠶᠡᠵᠢᠭᠦᠯᠦᠨ ᠭᠠᠳᠠᠭᠰᠢ ᠰᠢᠯᠵᠢᠭᠦᠯᠳᠡᠭ 8 ᠮᠤᠵᠢ ᠣᠷᠣᠨ ᠤ ᠨᠢᠭᠡ ᠮᠥᠨ᠂ ᠪᠠᠰᠠ ᠴᠤ ᠤᠯᠤᠰ ᠤᠨ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠳ᠋ᠦᠩᠰᠢᠭᠤᠷ ᠮᠦ ᠶᠢ ᠳᠠᠪᠠᠭᠰᠠᠨ 4 ᠮᠤᠵᠢ ᠣᠷᠣᠨ ᠤ ᠨᠢᠭᠡ ᠮᠥᠨ᠃            ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠠᠮᠢᠨ ᠰᠤᠳᠠᠰᠤ ᠮᠥᠨ᠃ ᠥᠪᠥᠷ ᠮᠣᠩᠭᠤᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠥᠨᠳᠥᠷ ᠵᠣᠭᠰᠣᠴᠠ ᠠᠴᠠ ᠪᠠᠶᠢᠷᠢ ᠲᠣᠭᠲᠠᠭᠠᠯᠲᠠ ᠬᠢᠵᠦ᠂ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠵᠤ᠂ ᠡᠷᠴᠢᠮᠯᠢᠭ ᠬᠦᠴᠦᠲᠡᠢ ᠴᠢᠩᠭ᠎ᠠ ᠠᠷᠭ᠎ᠠ ᠬᠡᠮᠵᠢᠶ᠎ᠡ ᠠᠪᠴᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠲᠠᠯᠠᠪᠠᠶ ᠶᠢ ᠲᠣᠭᠲᠠᠪᠤᠷᠢᠵᠢᠭᠤᠯᠤᠨ ᠨᠢᠭᠡᠴᠢ ᠤᠨᠠᠯᠲᠠ ᠶᠢ ᠨᠡᠮᠡᠭᠳᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢ ᠶᠢ ᠦᠷᠭᠦᠯᠵᠢᠯᠡᠨ ᠪᠠᠬᠢᠵᠢᠭᠦᠯᠪᠡ᠃            ᠠᠯᠤᠰ ᠭᠡᠲᠦ ᠶᠢ ᠪᠣᠳᠣᠯᠬᠢᠯᠠᠨ ᠤᠯᠠᠭᠠᠨ ᠱᠤᠭᠤᠮ ᠵᠢᠷᠤᠵᠤ ᠥᠪᠥᠷ ᠮᠣᠩᠭᠤᠯ ᠡᠭᠦᠨ ᠢᠶᠠᠨ ᠣᠷᠳᠣ ᠬᠤᠭᠤᠴᠠᠭ᠎ᠠ ᠪᠠᠷ ᠪᠠᠷᠢᠮᠲᠠᠯᠠᠪᠠ —            ᠥᠪᠡᠷᠲᠡᠭᠡᠨ ᠵᠠᠰᠠᠬᠤ ᠣᠷᠣᠨ ᠠᠴᠠ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠱᠤᠭᠤᠮ ᠵᠡᠷᠭᠡ ᠭᠤᠷᠪᠠᠨ ᠬᠢᠵᠠᠭᠠᠷᠯᠠᠬᠤ ᠱᠤᠭᠤᠮ ᠢ ᠨᠢᠭᠡᠳᠦᠯᠲᠡᠢ ᠲᠥᠯᠥᠪᠵᠢᠭᠦᠯᠦᠨ ᠲᠥᠯᠥᠪᠯᠡᠵᠦ᠂ ᠬᠡᠷᠡᠭᠯᠡᠬᠦ ᠭᠠᠵᠠᠷ ᠤᠨ ᠪᠦᠲᠦᠴᠡ ᠶᠢ ᠤᠯᠠᠮ ᠰᠢᠯᠢᠳᠡᠭᠵᠢᠭᠦᠯᠦᠨ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠪᠠᠭᠠᠰᠬᠠᠵᠤ᠂ ᠴᠢᠨᠠᠷ ᠰᠠᠶᠢᠲᠠᠢ ᠲᠠᠷᠢᠶᠠᠨ ᠭᠠᠵᠠᠷ ᠢ ᠬᠠᠮᠠᠭᠠᠯᠠᠪᠠ᠃            ᠶᠡᠭᠡ ᠲᠠᠯ᠎ᠠ ᠶᠢ ᠪᠣᠳᠣᠯᠬᠢᠯᠠᠨ ᠲᠥᠯᠥᠪᠵᠢᠭᠦᠯᠵᠦ ᠥᠪᠥᠷ ᠮᠣᠩᠭᠤᠯ ᠪᠠᠶᠢᠳᠠᠯ ᠢ ᠲᠠᠭᠠᠨ ᠠᠵᠢᠯᠯᠠᠪᠠ —             ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠢ ︿ᠲᠠᠷᠢᠶᠠᠯᠠᠩ ᠤᠨ ᠪᠤᠰᠤ ᠪᠤᠯᠭᠠᠬᠤ﹀᠎ ᠶᠢ ᠲᠠᠰᠤ ᠬᠤᠷᠢᠭᠯᠠᠨ ᠵᠣᠭᠰᠤᠭᠠᠬᠤ ᠬᠡᠷᠡᠭᠵᠢᠭᠦᠯᠬᠦ ᠲᠥᠰᠥᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠢ ︿ᠠᠮᠤ ᠪᠤᠳᠠᠭᠠᠨ ᠤ ᠪᠤᠰᠤ ᠪᠤᠯᠭᠠᠬᠤ﹀᠎ ᠶᠢ ᠰᠡᠷᠭᠡᠶᠢᠯᠡᠨ ᠬᠤᠷᠢᠭᠯᠠᠵᠤ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠠᠵᠢᠯ ᠤᠨ ᠲᠥᠰᠥᠯ︾᠂ ︽ᠲᠠᠷᠢᠶᠠᠨ ᠭᠠᠵᠠᠷ ᠢ ᠬᠠᠮᠠᠭᠠᠯᠠᠬᠤ ᠶᠢ ᠤᠯᠠᠮ ᠴᠢᠨᠠᠭᠰᠢᠳᠠ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠲᠥᠷᠥ ᠶᠢᠨ ᠪᠣᠳᠣᠯᠭ᠎ᠠ ᠨᠢ ᠪᠦᠷᠢᠨ ᠲᠡᠭᠦᠯᠳᠡᠷ᠂ ᠬᠠᠮᠠᠭᠠᠯᠠᠯᠲᠠ ᠨᠢ ᠬᠦᠴᠦᠲᠡᠢ᠂ ᠬᠡᠷᠡᠭᠵᠢᠭᠦᠯᠦᠯᠲᠡ ᠨᠢ ᠰᠢᠭᠤᠳ ᠰᠢᠯᠤᠭᠤᠨ᠂ ᠬᠠᠮᠢᠶᠠᠷᠤᠯᠲᠠ ᠨᠢ ᠥᠨᠳᠥᠷ ᠪᠦᠲᠦᠮᠵᠢᠲᠡᠶ ᠲᠠᠷᠢᠶᠠᠨ ᠭᠠᠵᠠᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠬᠤ ᠰᠢᠰᠲ᠋ᠧᠮ ᠢ ᠪᠤᠢ ᠪᠤᠯᠭᠠᠬᠤ ᠶᠢ ᠠᠬᠢᠭᠤᠯᠪᠠ᠃            ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ ᠥᠪᠥᠷ ᠮᠣᠩᠭᠤᠯ ᠪᠣᠳᠠᠲᠠᠢ ᠦᠢᠯᠡᠳᠦᠯᠭᠡᠵᠢᠭᠦᠯᠪᠡ —            ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠠᠷᠢᠶᠠᠨ ᠭᠠᠵᠠᠷ ᠤᠨ ᠬᠡᠰᠡᠭ ᠪᠦᠷᠢ ᠶᠢ ᠴᠥᠮ ᠬᠠᠮᠢᠶᠠᠷᠬᠤ ᠬᠥᠮᠥᠨ ᠲᠠᠢ ᠪᠠᠶᠢᠬᠤ ᠶᠢ ᠪᠠᠲᠤᠯᠠᠪᠠ; ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠤᠯᠭᠠᠬᠤ︾᠎ ᠶᠢ ᠴᠢᠩᠭ᠎ᠠ ᠬᠢᠵᠠᠭᠠᠷᠯᠠᠵᠤ᠂ ᠦᠨᠳᠦᠰᠦᠨ ᠲᠠᠷᠢᠶᠠᠨ ᠭᠠᠵᠠᠷ ᠢ ᠥᠨᠢᠳᠡ ᠬᠠᠮᠠᠭᠠᠯᠠᠬᠤ ᠶᠢ ᠴᠢᠩᠭᠠᠳᠬᠠᠪᠠ; ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠲᠠᠷᠢᠶᠠᠨ ᠭᠠᠵᠠᠷ ᠤᠨ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ ᠶᠢ ᠴᠢᠩᠭ᠎ᠠ ᠨᠥᠭᠦᠪᠦᠷᠢᠯᠡᠪᠠ; ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠶᠢ ᠴᠢᠩᠭᠠᠳᠬᠠᠨ᠂ ᠲᠠᠷᠢᠶᠠᠨ ᠭᠠᠵᠠᠷ ᠢ ᠬᠠᠤᠯᠢ ᠠᠴᠠ ᠵᠥᠷᠢᠴᠡᠨ ᠡᠵᠡᠯᠡᠨ ᠬᠡᠷᠡᠭᠯᠡᠭᠰᠡᠨ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠤᠯᠭᠠᠬᠤ︾ ᠠᠵᠢᠯᠯᠠᠭ᠎ᠠ ᠶᠢ ᠲᠠᠰᠤ ᠬᠤᠷᠢᠭᠯᠠᠪᠠ᠃             ︽ᠦᠨᠳᠦᠰᠦᠨ ᠪᠠᠶᠢᠳᠠᠯ︾᠎ ᠢ ᠲᠣᠭᠲᠠᠪᠤᠷᠢᠵᠢᠭᠤᠯᠵᠤ᠂ ︽ᠲᠣᠭᠲᠠᠪᠤᠷᠢᠵᠢᠭᠤᠯᠤᠭᠴᠢ︾᠎ ᠶᠢ ᠰᠠᠶᠢᠲᠤᠷ ᠰᠠᠬᠢᠪᠠ᠃ ᠨᠠᠩ ᠪᠣᠳᠠᠲᠠᠢ ᠠᠷᠭ᠎ᠠ ᠬᠡᠮᠵᠢᠶ᠎ᠡ ᠠᠪᠴᠤ᠂ ᠨᠠᠩ ᠴᠢᠩᠭ᠎ᠠ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢᠨ ᠠᠷᠤ ᠳᠤ᠂ ᠮᠠᠨ ᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ  ᠤᠨ ᠰᠠᠭᠤᠷᠢᠨ ᠢ ᠪᠦᠲᠦᠭᠡᠨ ᠪᠠᠶᠢᠭᠤᠯᠬᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠢᠳᠡᠷᠬᠡᠭ ᠠᠯᠬᠤᠭ᠎ᠠ ᠪᠤᠶ᠃            ᠲᠤᠭ᠎ᠠ ᠬᠡᠮᠵᠢᠶ᠎ᠡ ᠶᠢ ᠪᠠᠭᠠᠰᠬᠠᠬᠤ ᠦᠭᠡᠢ᠂ ᠶᠠᠰᠤ ᠴᠢᠨᠠᠷ ᠢ ᠳᠡᠭᠡᠭᠰᠢᠯᠡᠭᠦᠯᠵᠤ᠂ ᠪᠠᠶᠢᠷᠢᠰᠢᠭᠤᠯᠤᠯᠲᠠ ᠶᠢ ᠲᠣᠭᠲᠠᠭᠤᠨ ᠪᠠᠶᠢᠯᠭᠠᠨ᠎ᠠ ᠁ ᠮᠠᠨ ᠤ ᠣᠷᠣᠨ ᠲᠠᠷᠢᠶᠠᠨ ᠭᠠᠵᠠᠷ ᠢ ᠡᠵᠡᠯᠡᠭᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠶᠢ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠥᠬᠦᠪᠦᠷᠢᠯᠡᠭᠰᠡᠨ ᠲᠠᠷᠢᠶᠠᠨ ᠭᠠᠵᠠᠷ ᠤᠨ ᠲᠥᠷᠥᠯ ᠵᠦᠢᠯ ᠪᠠᠶᠢᠭᠤᠯᠬᠤ᠂ ᠬᠡᠷᠡᠭᠵᠢᠭᠦᠯᠬᠦ᠂ ᠰᠢᠯᠭᠠᠨ ᠠᠪᠬᠤ᠂ ᠬᠠᠮᠢᠶᠠᠷᠴᠤ ᠬᠠᠮᠠᠭᠠᠯᠠᠬᠤ᠂ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠬᠠᠷᠭᠤᠭᠤᠯᠤᠨ ᠲᠣᠭᠲᠠᠭᠠᠬᠤ᠂ ᠭᠦᠢᠴᠡᠳᠬᠡᠯ ᠲᠤᠭ᠎ᠠ ᠶᠢ ᠠᠷᠠᠯᠵᠢᠶᠠᠯᠠᠬᠤ ᠪᠦᠭᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠪᠠᠶᠢᠭᠤᠯᠤᠨ᠂ ︽ᠡᠵᠡᠯᠡᠨ ᠬᠡᠷᠡᠭᠯᠡᠭᠰᠡᠨ ᠨᠢ ᠲᠣᠳᠣᠷᠬᠠᠢ᠂ ᠬᠢᠨᠠᠨ ᠬᠠᠷᠭᠤᠭᠤᠯᠤᠭᠰᠠᠨ ᠨᠢ ᠴᠢᠩᠭ᠎ᠠ᠂ ᠨᠥᠬᠦᠪᠦᠷᠢᠯᠡᠭᠰᠡᠨ ᠨᠢ ᠦᠨᠡᠨ ᠪᠣᠳᠠᠲᠠᠢ︾ ᠪᠠᠶᠢᠬᠤ ᠶᠢ ᠪᠡᠶᠡᠯᠡᠭᠦᠯᠵᠦ᠂ ᠨᠥᠬᠦᠪᠦᠷᠢᠯᠡᠭᠰᠡᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ ᠬᠤᠶᠠᠷ ᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃            ᠭᠠᠵᠠᠷ ᠰᠢᠷᠣᠢ ᠶᠢ ᠬᠡᠷᠡᠭᠯᠡᠬᠦ ᠪᠠ ᠭᠠᠵᠠᠷ ᠰᠢᠷᠣᠢ ᠶᠢ ᠰᠢᠮᠡᠵᠢᠭᠦᠯᠬᠦ ᠶᠢ ᠵᠡᠷᠭᠡ ᠪᠠᠷ ᠴᠢᠬᠤᠯᠠᠴᠢᠯᠠᠵᠤ ᠠᠮᠤ ᠪᠤᠳᠠᠭ᠎ᠠ ᠡᠯᠪᠡᠭ ᠬᠤᠷᠢᠶᠠᠯᠲᠠ ᠣᠯᠬᠤ ᠪᠠᠲᠤᠯᠠᠭ᠎ᠠ ᠲᠠᠢ ᠪᠣᠯᠪᠠ            ᠭᠦᠭᠡᠬᠤᠲᠠ ᠶᠢᠨ ᠲᠦᠮᠡᠳ ᠵᠡᠭᠦᠨ ᠬᠤᠰᠢᠭᠤᠨ ᠤ ᠲᠠᠪᠤᠨᠰᠠᠶᠢᠨ ᠰᠢᠶᠠᠩ ᠤᠨ ᠲᠡᠮᠦᠷ ᠲᠣᠰᠬᠤᠨ ᠳᠤ ᠬᠦᠷᠬᠦ ᠳᠤ᠂ ᠲᠠᠷᠢᠶᠠᠨ ᠭᠠᠵᠠᠷ ᠲᠤ ᠲᠠᠷᠢᠶᠠᠯᠠᠩ ᠤᠨ ᠮᠠᠰᠢᠨ ᠬᠦᠷᠴᠢᠭᠢᠨᠡᠵᠦ᠂ ᠶᠠᠭᠠᠷᠠᠯᠲᠠᠢ ᠨᠢ ᠢᠯᠡᠭᠡᠨ ᠪᠠᠶᠢᠯ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠶ ᠳᠤ᠂ ᠠᠵᠢᠯᠴᠢᠳ ᠶᠠᠭ ᠳᠣᠲᠣᠷᠯᠠᠭᠰᠠᠨ ᠰᠤᠪᠠᠭ ᠵᠠᠰᠠᠵᠤ᠂ ᠰᠦᠷᠴᠢᠨ ᠤᠰᠤᠯᠠᠬᠤ ᠰᠢᠰᠲ᠋ᠧᠮ ᠢ ᠲᠣᠬᠢᠷᠠᠭᠤᠯᠤᠨ ᠲᠤᠷᠰᠢᠵᠤ ᠪᠠᠶᠢᠯ᠎ᠠ᠃             ︽ᠣᠲᠣ ᠶᠢᠨ ᠪᠦᠲᠦᠭᠡᠨ ᠪᠠᠶᠢᠭᠤᠯᠵᠤ ᠪᠠᠶᠢᠭ᠎ᠠ ᠡᠨᠡ ᠬᠦ ᠬᠡᠰᠡᠭ ᠭᠠᠵᠠᠷ 2800 ᠮᠦ ᠪᠠᠶᠢᠨ᠎ᠠ᠂ ᠭᠤᠣᠯᠳᠠᠭᠤ ᠲᠠᠷᠢᠶᠠᠨ ᠭᠠᠵᠠᠷ ᠤᠨ ᠵᠠᠮ ᠢ ᠥᠭᠡᠷᠡᠴᠢᠯᠡᠬᠦ ᠪᠠ ᠳᠣᠲᠣᠷᠯᠠᠭᠰᠠᠨ ᠰᠤᠪᠠᠭ ᠤᠨ ᠢᠨᠵᠧᠨᠧᠷᠢᠩ ᠪᠤᠢ᠂ ᠳᠣᠲᠣᠷᠯᠠᠭᠰᠠᠨ ᠰᠤᠪᠠᠭ ᠤᠨ ᠪᠦᠭᠦ ᠣᠷᠳᠣ ᠨᠢ 4700 ᠮᠧᠲᠷ ᠪᠣᠯᠣᠨ᠎ᠠ᠃ ᠲᠠᠷᠠᠭᠠᠴᠢ ᠶᠢᠨ ᠠᠯᠬᠤᠮ ᠳᠤ ᠣᠶᠤᠨᠴᠢ ᠡᠵᠡᠮᠳᠡᠯ ᠰᠢᠰᠲ᠋ᠧᠮ ᠤᠭᠰᠠᠷᠠᠵᠤ᠂ ᠬᠥᠷᠥᠰᠥᠨ ᠤ ᠴᠢᠭᠢᠭ ᠤᠨ ᠬᠡᠮᠵᠢᠶ᠎ᠡ ᠶᠢ ᠴᠠᠭ ᠲᠤᠬᠠᠢ ᠳᠤᠨᠢ ᠬᠢᠨᠠᠨ ᠬᠡᠮᠵᠢᠵᠦ᠂ ᠬᠠᠮᠢᠭ᠎ᠠ ᠨᠢ ᠤᠰᠤᠯᠠᠬᠤ ᠴᠢᠬᠤᠯᠠᠲᠠᠢ᠂ ᠬᠠᠮᠢᠭ᠎ᠠ ᠨᠢ ᠤᠰᠤᠯᠠᠬᠤ ᠴᠢᠬᠤᠯᠠ ᠦᠭᠡᠢ ᠪᠠᠶᠢᠬᠤ ᠶᠢ ᠭᠠᠷ ᠤᠲᠠᠰᠤᠨ ᠤ APP ᠎ ᠶᠢ ᠠᠰᠢᠭᠯᠠᠨ ᠡᠵᠡᠮᠳᠡᠵᠦ ᠪᠣᠯᠣᠨ᠎ᠠ︾ ᠭᠡᠵᠦ ᠥᠪᠥᠷ ᠮᠣᠩᠭᠤᠯ ᠤᠨ ᠬᠤᠤ ᠢᠦᠢ ᠪᠠᠷᠢᠯᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠲᠡᠮᠦᠷ ᠲᠣᠰᠬᠤᠨ ᠤ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠬᠠᠷᠢᠭᠤᠴᠠᠯᠭᠠᠲᠠᠨ ᠯᠢᠦ ᠵᠢᠶᠦ᠋ᠨ ᠹᠧᠢ ᠲᠠᠨᠢᠯᠴᠠᠭᠤᠯᠪᠠ᠃            ᠲᠠᠷᠢᠶᠠᠨ ᠭᠠᠵᠠᠷ ᠬᠡᠪᠴᠢᠶᠡᠵᠢᠨ᠂ ᠵᠠᠮ ᠤᠨ ᠲᠣᠣᠷ ᠪᠦᠷᠢᠯᠳᠦᠵᠦ᠂ ᠮᠣᠳᠣᠳ ᠵᠢᠭᠳᠡᠷᠡᠨ᠂ ᠰᠤᠪᠠᠭ ᠵᠠᠯᠭᠠᠯᠳᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠪᠠᠷ ᠳᠠᠮᠵᠢᠨ᠂ ᠲᠠᠷᠢᠶᠠᠯᠠᠩ ᠤᠨ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠢᠯᠡᠳᠲᠡ ᠴᠢᠩᠭᠠᠷᠠᠵᠤ᠂ ᠡᠵᠡᠩᠨᠡᠯᠲᠡ ᠶᠢᠨ ᠦᠷ᠎ᠡ ᠠᠰᠢᠭ ᠤᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠵᠠᠢ᠃            ᠮᠠᠨ ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ᠂ ᠬᠠᠷ᠎ᠠ ᠬᠥᠷᠥᠰᠥ ᠶᠢ ᠬᠠᠮᠠᠭᠠᠯᠠᠬᠤ᠂ ᠬᠤᠵᠢᠷᠯᠢᠭ ᠭᠠᠵᠠᠷ ᠢ ᠰᠠᠶᠢᠵᠢᠷᠠᠭᠤᠯᠬᠤ ︽ᠨᠢᠭᠡ ᠬᠡᠰᠡᠭ ᠲᠠᠷᠢᠶ᠎ᠠ ᠬᠤᠶᠠᠷ ᠬᠡᠰᠡᠭ ᠭᠠᠵᠠᠷ︾᠎ ᠤᠨ ᠠᠵᠢᠯ ᠢ ᠭᠦᠨᠵᠡᠭᠡᠢ ᠠᠬᠢᠭᠤᠯᠵᠤ᠂ ᠠᠮᠤ ᠪᠤᠳᠠᠭ᠎ᠠ ᠶᠢᠨ ᠡᠯᠪᠡᠭ ᠬᠤᠷᠢᠶᠠᠯᠲᠠ ᠣᠯᠬᠤ  ᠳᠤ ᠪᠠᠲᠤᠯᠠᠭ᠎ᠠ ᠬᠠᠩᠭᠠᠪᠠ᠃ 2021 ᠣᠨ ᠳᠤ ᠮᠠᠨ ᠤ ᠣᠷᠣᠨ 460 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠦᠲᠦᠭᠡᠨ ᠪᠠᠶᠢᠭᠤᠯᠤᠨ ᠳᠠᠭᠤᠰᠬᠠᠵᠤ᠂ 900 ᠲᠦᠮᠡᠨ ᠮᠦ ᠲᠠᠷᠢᠶᠠᠨ ᠭᠠᠵᠠᠷ ᠢ ᠡᠭᠡᠯᠵᠢᠯᠡᠨ ᠳᠠᠷᠢᠵᠤ᠂ 12.2 ᠲᠦᠮᠡᠨ ᠮᠦ ᠬᠤᠵᠢᠷᠯᠢᠭ ᠭᠠᠵᠠᠷ ᠢ ᠰᠠᠶᠢᠵᠢᠷᠠᠭᠤᠯᠵᠤ᠂ ᠪᠦᠭᠦ ᠣᠷᠣᠨ ᠤ ᠲᠠᠷᠢᠶᠠᠨ ᠭᠠᠵᠠᠷ ᠤᠨ ᠬᠦᠴᠦ ᠰᠢᠮ᠎ᠡ ᠶᠢ ᠲᠣᠭᠲᠠᠭᠤᠨ ᠢᠶᠠᠷ ᠨᠡᠮᠡᠭᠳᠡᠭᠦᠯᠪᠡ᠃ ᠡᠨᠡ ᠵᠢᠯ ᠮᠠᠨ ᠤ ᠣᠷᠣᠨ ᠤ ᠬᠠᠷ᠎ᠠ ᠬᠥᠷᠥᠰᠥᠨ ᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠬᠡᠷᠡᠭᠵᠢᠭᠦᠯᠦᠭᠰᠡᠨ ᠲᠠᠯᠠᠪᠠᠶ 1440.4 ᠲᠦᠮᠡᠨ ᠮᠦ ᠳᠤ ᠬᠦᠷᠴᠦ᠂ ᠤᠯᠤᠰ ᠤᠨ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠲᠠᠷᠢᠶᠠᠨ ᠭᠠᠵᠠᠷ ᠤᠨ ᠭᠠᠵᠠᠷ ᠤᠨ ᠬᠦᠴᠦ ᠰᠢᠮ᠎ᠡ ᠶᠢ ᠳᠡᠭᠡᠭᠰᠢᠯᠡᠭᠦᠯᠭᠦ ᠠᠯᠢ ᠣᠯᠠᠨ ᠠᠷᠭ᠎ᠠ ᠬᠡᠮᠵᠢᠶ᠎ᠡ ᠨᠢ ᠲᠠᠷᠢᠶᠠᠨ ᠭᠠᠵᠠᠷ ᠤᠨ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠦᠷᠭᠦᠯᠵᠢᠯᠡᠨ ᠡᠯᠪᠡᠭ ᠬᠤᠷᠢᠶᠠᠯᠲᠠ ᠣᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃            ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠪᠣᠷᠣᠬᠤᠲᠠ ᠪᠠᠯᠭᠠᠰᠤᠨ ᠤ ᠶᠡᠭᠡ ᠰᠢᠨᠡᠬᠤᠳᠳᠤᠭ ᠲᠣᠰᠬᠤᠨ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠳᠠᠭᠠᠯᠳᠤᠨ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠲᠠᠷᠢᠶᠠᠨ ᠭᠠᠵᠠᠷ ᠤᠨ ᠵᠠᠮ ᠰᠠᠭᠠᠳ ᠦᠭᠡᠢ ᠨᠡᠪᠲᠡᠷᠡᠵᠦ᠂ ᠢᠯᠭᠠᠳᠠᠰᠤ ᠶᠢ ᠲᠠᠷᠢᠶᠠᠨ ᠭᠠᠵᠠᠷ ᠲᠤ ᠪᠤᠴᠠᠭᠠᠵᠤ ᠠᠰᠢᠭᠯᠠᠬᠤ ︽ᠡᠴᠦᠰ ᠤᠨ ᠨᠢᠭᠡ ᠺᠢᠯᠣᠮᠧᠲᠷ︾᠎ ᠤᠨ ᠬᠦᠴᠢᠷ ᠠᠰᠠᠭᠤᠳᠠᠯ ᠢ ᠴᠤ ᠰᠢᠢᠳᠪᠦᠷᠢᠯᠡᠵᠦ᠂ ᠲᠠᠷᠢᠶᠠᠯᠠᠩ ᠤᠨ ᠠᠵᠤ ᠦᠢᠯᠡᠰ ᠪᠠ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ︽ᠬᠤᠣᠰ ᠦᠷ᠎ᠡ ᠠᠰᠢᠭ︾᠎ ᠢ ᠡᠭᠦᠳᠴᠡᠢ᠃            ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠲᠡᠨᠢᠭᠡ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠢᠵᠠᠭᠠᠷᠲᠤ ᠺᠤᠮᠫᠠᠨᠢ ᠳᠤ ᠡᠰᠢ ᠰᠦᠷᠡᠯ ᠢᠶᠠᠷ ᠪᠦᠷᠭᠦᠭᠦᠯᠭᠦ᠂ ᠬᠠᠭᠠᠯᠪᠤᠷᠢᠯᠠᠬᠤ ᠦᠭᠡᠢ ᠪᠠᠷ ᠳᠠᠷᠢᠬᠤ᠂ ᠭᠦᠨ ᠰᠤᠯᠠᠷᠠᠭᠤᠯᠬᠤ ᠵᠡᠷᠭᠡ ᠮᠡᠷᠭᠡᠵᠢᠯ ᠤᠨ ᠵᠠᠭᠪᠤᠷ ᠢ ᠬᠡᠷᠡᠭᠯᠡᠵᠦ᠂ ᠡᠪᠡᠳᠴᠢᠨ ᠬᠤᠷᠣᠬᠠᠢ ᠡᠪᠡᠰᠦᠨ ᠤ ᠬᠥᠨᠥᠭᠡᠯ ᠢ ᠪᠣᠬᠢᠷᠳᠤᠯ ᠦᠭᠡᠢ ᠪᠠᠷ ᠰᠡᠷᠭᠡᠶᠢᠯᠡᠨ ᠡᠵᠡᠮᠳᠡᠬᠦ᠂ ᠤᠰᠤ ᠬᠢᠮᠢ ᠶᠢᠨ ᠪᠣᠷᠳᠣᠭᠤᠷ ᠢ ᠥᠨᠳᠥᠷ ᠪᠦᠲᠦᠮᠵᠢᠲᠡᠶ ᠪᠠᠷ ᠠᠰᠢᠭᠯᠠᠬᠤ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ ᠵᠡᠷᠭᠡ ᠣᠯᠠᠨ ᠵᠦᠢᠯ ᠤᠨ ᠮᠡᠷᠭᠡᠵᠢᠯ ᠤᠨ ᠠᠷᠭ᠎ᠠ ᠬᠡᠮᠵᠢᠶ᠎ᠡ ᠶᠢ ᠠᠪᠴᠤ᠂ ᠬᠥᠷᠥᠰᠥ ᠰᠢᠷᠣᠢ ᠶᠢᠨ ᠢᠳᠡᠭᠳᠡᠯ᠂ ᠳᠤᠮᠳᠠ ᠳᠣᠣᠷ᠎ᠠ ᠤᠨᠠᠯᠲᠠ ᠲᠠᠢ ᠲᠠᠷᠢᠶᠠᠨ ᠭᠠᠵᠠᠷ ᠢ ᠥᠭᠡᠷᠡᠴᠢᠯᠡᠬᠦ᠂ ᠪᠣᠷᠳᠣᠭᠤᠷ ᠣᠷᠣᠭᠤᠯᠵᠤ ᠭᠠᠵᠠᠷ ᠤᠨ ᠬᠦᠴᠦ ᠰᠢᠮ᠎ᠡ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃            ᠪᠠᠶᠠᠨᠨᠠᠭᠤᠷ ᠬᠤᠳᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠰᠤᠳᠤᠯᠤᠭᠴᠢ ᠵᠢᠩ ᠢᠦᠢ ᠫᠧᠩ ᠭᠠᠵᠠᠷ ᠤᠨ ᠬᠦᠴᠦ ᠶᠢ ᠡᠷᠴᠢᠮᠵᠢᠭᠦᠯᠦᠨ ᠰᠢᠮ᠎ᠡ ᠶᠢ ᠪᠣᠶᠢᠵᠢᠭᠤᠯᠬᠤ ᠪᠠ ᠤᠰᠤ ᠠᠷᠪᠢᠯᠠᠵᠤ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ᠂ ᠬᠥᠷᠥᠰᠥ ᠰᠢᠷᠣᠢ ᠶᠢ ᠨᠠᠷᠢᠯᠢᠭ ᠣᠨᠣᠪᠴᠢᠲᠠᠢ ᠥᠭᠡᠷᠡᠴᠢᠯᠡᠬᠦ ᠪᠠ ᠤᠰᠤ ᠬᠤᠵᠢᠷ  ᠢ ᠲᠣᠬᠢᠷᠠᠭᠤᠯᠤᠨ ᠡᠵᠡᠮᠳᠡᠬᠦ ᠮᠡᠷᠭᠡᠵᠢᠯ᠂ ᠬᠤᠵᠢᠷ ᠲᠤ ᠲᠡᠰᠪᠦᠷᠢᠲᠡᠢ ᠬᠤᠵᠢᠷ ᠲᠤ ᠵᠣᠬᠢᠴᠠᠬᠤ ᠲᠠᠷᠢᠮᠠᠯ ᠢ ᠲᠠᠷᠢᠬᠤ ᠠᠮᠢᠳᠤ ᠪᠣᠳᠠᠰ ᠤᠨ ᠵᠠᠰᠠᠯᠲᠠ ᠵᠡᠷᠭᠡ ᠵᠠᠩᠭᠢᠯᠠᠭ᠎ᠠ ᠶᠢᠨ ᠮᠡᠷᠭᠡᠵᠢᠯ ᠢᠶᠠᠷ ᠳᠠᠮᠵᠢᠨ ᠨᠡᠯᠦᠭᠡᠷ ᠴᠠᠭᠠᠨ ᠬᠤᠵᠢᠷᠯᠢᠭ ᠭᠠᠵᠠᠷ ᠢ ︽ᠠᠮᠤ ᠪᠤᠳᠠᠭᠠᠨ ᠤ ᠲᠠᠷᠢᠶᠠᠨ ᠭᠠᠵᠠᠷ︾ ᠪᠣᠯᠭᠠᠨ ᠬᠤᠪᠢᠷᠠᠭᠤᠯᠪᠠ᠃            ᠠᠮᠤ ᠪᠤᠳᠠᠭ᠎ᠠ ᠶᠢ ᠪᠠᠲᠤᠯᠠᠬᠤ ᠪᠣᠯ ᠵᠠᠰᠠᠭ ᠪᠠᠷᠢᠬᠤ ᠶᠢᠨ ᠲᠡᠷᠢᠭᠦᠨ ᠴᠢᠬᠤᠯᠠ ᠡᠭᠦᠷᠭᠡ᠂ ᠲᠠᠷᠢᠶᠠᠨ ᠭᠠᠵᠠᠷ ᠢ ᠬᠠᠮᠠᠭᠠᠯᠠᠬᠤ ᠪᠣᠯ ᠠᠮᠤ ᠪᠤᠳᠠᠭ᠎ᠠ ᠶᠢ ᠪᠠᠲᠤᠯᠠᠬᠤ ᠶᠢᠨ ᠰᠠᠭᠤᠷᠢ ᠮᠥᠨ᠃ ᠮᠠᠨ ᠤ ᠣᠷᠣᠨ ︽ᠭᠠᠵᠠᠷ ᠢ ᠬᠡᠷᠡᠭᠯᠡᠬᠦ︾ ᠪᠠ ︽ᠭᠠᠵᠠᠷ ᠢ ᠰᠢᠮᠡᠵᠢᠭᠦᠯᠬᠦ︾᠎ ᠶᠢᠨ ᠬᠤᠪᠢᠰᠤᠩᠭᠤᠢ ᠬᠠᠷᠢᠴᠠᠭ᠎ᠠ ᠶᠢ ᠰᠠᠶᠢᠲᠤᠷ ᠵᠣᠬᠢᠴᠠᠭᠤᠯᠵᠤ᠂ ︽ᠨᠢᠭᠡ ᠬᠡᠰᠡᠭ ᠲᠠᠷᠢᠶ᠎ᠠ ᠬᠤᠶᠠᠷ ᠬᠡᠰᠡᠭ ᠭᠠᠵᠠᠷ︾᠎ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢ ᠶᠢ ᠦᠷᠭᠦᠯᠵᠢᠯᠡᠨ ᠪᠠᠬᠢᠵᠢᠭᠦᠯᠪᠡ᠃            ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠰᠡᠯ ᠡᠷᠡᠮᠡᠯᠵᠡᠯ ᠪᠢᠯᠬᠠᠮ᠎ᠠ ᠪᠣᠯᠪᠠ            ᠪᠤᠭᠤᠳᠠᠢ ᠪᠣᠯᠪᠠᠰᠤᠷᠠᠬᠤ ᠴᠠᠭ ᠥᠩᠭᠡᠷᠡᠭᠰᠡᠨ ᠤ ᠳᠠᠷᠠᠭ᠎ᠠ᠂ ᠪᠤᠭᠤᠳᠠᠢ ᠶᠢᠨ ᠤᠷᠭᠤᠴᠠ ᠲᠦᠷᠭᠡᠳᠴᠡᠢ᠃ ᠪᠣᠷᠣᠳᠣᠬᠤᠢ ᠶᠢᠨ ᠲᠠᠯ᠎ᠠ ᠭᠠᠵᠠᠷ ᠡᠶᠢᠨ ᠬᠦ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃            2021 ᠣᠨ ᠳᠤ᠂ ᠬᠤᠶᠠᠷ ᠪᠣᠭᠳᠠ ᠠᠭᠤᠯᠠ ᠪᠠᠯᠭᠠᠰᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠲᠦᠮᠡᠨ ᠮᠦ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠪᠠ᠃ ᠲᠠᠷᠢᠶᠠᠨ ᠭᠠᠵᠠᠷ ᠢ ᠥᠭᠡᠷᠡᠴᠢᠯᠡᠨ ᠳᠡᠭᠡᠭᠰᠢᠯᠡᠭᠦᠯᠦᠭᠰᠡᠨ ᠤ ᠳᠠᠷᠠᠭ᠎ᠠ᠂ ᠲᠠᠷᠢᠶᠠᠨ ᠭᠠᠵᠠᠷ ᠬᠡᠪᠴᠢᠶᠡᠵᠢᠨ᠂ ᠵᠠᠮ ᠤᠨ ᠲᠣᠣᠷ ᠪᠦᠷᠢᠯᠳᠦᠵᠦ᠂ ᠭᠠᠩᠳᠠᠪᠠᠯ ᠤᠰᠤᠯᠠᠵᠤ ᠲᠠᠶᠢᠯᠭᠦ᠂ ᠤᠰᠤᠲᠤᠪᠡᠯ ᠦᠶᠡᠷ ᠵᠠᠯᠠᠵᠤ ᠲᠠᠶᠢᠯᠭᠦ ᠰᠠᠶᠢᠨ ᠲᠠᠷᠢᠶᠠᠨ ᠭᠠᠵᠠᠷ ᠪᠣᠯᠵᠠᠢ᠃            ᠲᠠᠨᠢᠯᠴᠠᠭᠤᠯᠤᠭᠰᠠᠨ ᠢᠶᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠳᠡᠮᠵᠢᠨ᠂ ᠲᠠᠷᠢᠶᠠᠨ ᠭᠠᠵᠠᠷ ᠤᠨ ᠬᠦᠴᠦ ᠰᠢᠮ᠎ᠡ ᠶᠢ ᠬᠠᠮᠤᠭ ᠤᠨ ᠪᠠᠭ᠎ᠠ ᠳᠠᠭᠠᠨ ᠬᠤᠶᠠᠷ ᠳᠡᠰ ᠳᠡᠭᠡᠭᠰᠢᠯᠡᠭᠦᠯᠵᠦ᠂ ᠣᠷᠣᠯᠭ᠎ᠠ ᠶᠢ ᠨᠡᠮᠡᠭᠳᠡᠭᠦᠯᠬᠦ ᠳᠤ ᠮᠠᠰᠢ ᠶᠡᠭᠡ ᠦᠢᠯᠡᠳᠦᠯ ᠦᠵᠡᠭᠦᠯᠪᠡ᠃ ᠰᠠᠶᠢᠵᠢᠷᠠᠭᠤᠯᠬᠤ ᠠᠴᠠ ᠡᠮᠦᠨ᠎ᠡ᠂ ᠵᠥᠪᠭᠡᠨ ᠬᠡᠰᠡᠭ ᠲᠠᠷᠢᠶᠠᠨ ᠭᠠᠵᠠᠷ ᠲᠤ ᠪᠤᠭᠤᠳᠠᠢ ᠡᠷᠳᠡᠨᠢ ᠰᠢᠰᠢ ᠶᠢ ᠤᠭᠰᠠᠷᠠᠨ ᠳᠠᠷᠢᠵᠤ ᠪᠠᠶᠢᠪᠠ᠂ ᠣᠲᠣ 80%᠎ ᠠᠴᠠ ᠳᠡᠭᠡᠭᠰᠢᠬᠢ ᠭᠠᠵᠠᠷ ᠲᠤ ᠪᠤᠭᠤᠳᠠᠢ ᠡᠷᠳᠡᠨᠢ ᠰᠢᠰᠢ ᠶᠢ ᠤᠭᠰᠠᠷᠠᠨ ᠳᠠᠷᠢᠵᠤ ᠪᠤᠯᠬᠤ ᠪᠣᠯᠵᠠᠢ᠃ ᠡᠭᠦᠨ ᠤ ᠳᠡᠭᠡᠷ᠎ᠡ ᠵᠠᠰᠠᠭ ᠤᠨ ᠣᠷᠳᠣᠨ ᠤ ᠨᠥᠬᠦᠪᠦᠷᠢ ᠶᠢ ᠨᠡᠮᠡᠪᠡᠯ ᠮᠦ ᠪᠦᠷᠢ ᠶᠢᠨ ᠣᠷᠣᠯᠭ᠎ᠠ ᠨᠢ 200᠎ ᠠᠴᠠ 300 ᠲᠥᠭᠦᠷᠢᠭ ᠨᠡᠮᠡᠭᠳᠡᠨ᠎ᠡ᠃            ᠲᠠᠷᠢᠶᠠᠨ ᠭᠠᠵᠠᠷ ᠠᠴᠠ ᠬᠦᠴᠦᠯᠡᠵᠦ᠂ ᠲᠠᠷᠢᠶ᠎ᠠ ᠶᠢ ᠨᠠᠷᠢᠯᠢᠭ ᠲᠠᠷᠢᠵᠤ ᠨᠢᠮᠪᠠᠢ ᠠᠷᠠᠴᠢᠯᠠᠨ᠂ ᠪᠣᠳᠠᠲᠤ ᠠᠵᠢᠯᠯᠠᠭ᠎ᠠ ᠪᠠᠷ ᠢᠶᠠᠨ ᠲᠠᠷᠢᠬᠤ ᠠᠵᠢᠯ ᠢ ᠰᠠᠶᠢᠲᠤᠷ ᠬᠢᠪᠡ᠃            — ᠥᠨᠳᠥᠷ ᠪᠦᠲᠦᠮᠵᠢᠲᠡᠶ ᠤᠰᠤ ᠠᠷᠪᠢᠯᠠᠬᠤ ᠪᠠᠷ ᠭᠤᠣᠯᠳᠠᠯᠭ᠎ᠠ ᠪᠤᠯᠭᠠᠬᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠥᠷᠨᠢᠭᠦᠯᠵᠦ᠂ ᠤᠰᠤᠨ ᠤ ᠡᠬᠢ ᠪᠠᠶᠠᠯᠢᠭ ᠤᠨ ᠬᠤᠷᠣᠭᠳᠠᠯ ᠢ ᠪᠠᠭᠤᠷᠠᠭᠤᠯᠤᠨ᠂ ︽ᠠᠮᠤ ᠪᠤᠳᠠᠭ᠎ᠠ ᠶᠢᠨ ᠲᠠᠷᠢᠮᠠᠯ ᠲᠠᠷᠢᠬᠤ ᠮᠥᠷᠲᠡᠭᠡᠨ ᠤᠰᠤ ᠳᠤᠲᠠᠭᠳᠠᠬᠤ︾ ᠵᠥᠷᠢᠴᠡᠯ ᠢ ᠰᠢᠢᠳᠪᠦᠷᠢᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠨᠣᠴᠢᠲᠠᠢ ᠬᠢᠵᠠᠭᠠᠷᠯᠠᠯ ᠢ ᠰᠢᠢᠳᠪᠦᠷᠢᠯᠡᠨ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠤᠰᠤᠨ ᠤ ᠬᠡᠮᠵᠢᠶ᠎ᠡ ᠪᠠᠷ ᠬᠢᠬᠦ︾᠎ ᠶᠢ ᠦᠨᠳᠦᠰᠦᠨ ᠠᠴᠠ ᠨᠢ ᠦᠢᠯᠡᠳᠦᠯᠭᠡᠵᠢᠭᠦᠯᠦᠨ ᠪᠡᠶᠡᠯᠡᠭᠦᠯᠵᠦ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃            — ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠢ ᠲᠠᠷᠢᠶᠠᠯᠠᠬᠤ ᠪᠠ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ ᠬᠤᠶᠠᠷ ᠶᠡᠭᠡ ᠢᠨᠵᠧᠨᠧᠷᠢᠩ ᠢ ᠬᠡᠷᠡᠭᠵᠢᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠬᠡᠷᠡᠭᠯᠡᠬᠦ ᠪᠠ ᠠᠷᠠᠴᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃            — ᠬᠤᠵᠢᠷᠯᠢᠭ ᠭᠠᠵᠠᠷ ᠢ ᠰᠠᠶᠢᠵᠢᠷᠠᠭᠤᠯᠬᠤ ᠲᠥᠷᠥᠯ ᠵᠦᠢᠯ ᠢ ᠬᠡᠷᠡᠭᠵᠢᠭᠦᠯᠬᠦ ᠪᠠ ᠵᠢᠱᠢᠶ᠎ᠡ ᠦᠵᠡᠭᠦᠯᠦᠨ ᠨᠥᠯᠥᠭᠡᠯᠡᠨ ᠳᠠᠶᠢᠴᠢᠯᠠᠬᠤ ᠪᠠᠷ ᠳᠠᠮᠵᠢᠭᠤᠯᠤᠨ᠂ ᠬᠤᠵᠢᠷᠰᠢᠭᠰᠠᠨ ᠲᠠᠷᠢᠶᠠᠨ ᠭᠠᠵᠠᠷ ᠢ ᠨᠡᠶᠢᠲᠡ 267.52 ᠲᠦᠮᠡᠨ ᠮᠦ ᠥᠭᠡᠷᠡᠴᠢᠯᠡᠨ ᠰᠠᠶᠢᠵᠢᠷᠠᠭᠤᠯᠵᠤ ᠠᠰᠢᠭᠯᠠᠨ᠂ ᠵᠢᠱᠢᠶ᠎ᠡ ᠦᠵᠡᠭᠦᠯᠭᠦ ᠣᠷᠣᠨ ᠤ ᠲᠠᠷᠢᠶᠠᠨ ᠭᠠᠵᠠᠷ ᠤᠨ PH ᠬᠡᠮᠵᠢᠭᠳᠡᠯ ᠪᠠ ᠪᠦᠭᠦ ᠬᠤᠵᠢᠷ  ᠤᠨ ᠠᠭᠤᠯᠤᠭᠳᠠᠴᠠ ᠶᠢ ᠲᠣᠰ ᠲᠣᠰ ᠵᠠᠭᠤᠨ ᠤ ᠬᠠᠷᠢᠴᠠᠯ ᠢᠶᠠᠷ 0.3 ᠬᠤᠪᠢ ᠪᠠ 0.3 ᠬᠤᠪᠢ ᠠᠴᠠ ᠳᠡᠭᠡᠭᠰᠢ ᠪᠠᠭᠠᠰᠬᠠᠵᠤ᠂ ᠲᠠᠷᠢᠶᠠᠨ ᠭᠠᠵᠠᠷ ᠤᠨ ᠣᠷᠭᠠᠨᠢᠭ ᠪᠣᠳᠠᠰ ᠤᠨ ᠠᠭᠤᠯᠤᠭᠳᠠᠴᠠ ᠪᠠ ᠠᠮᠤ ᠪᠤᠳᠠᠭᠠᠨ ᠤ ᠤᠨᠠᠯᠲᠠ ᠶᠢ ᠲᠣᠰ ᠲᠣᠰ 5% ᠪᠠ 20%᠎ ᠠᠴᠠ ᠳᠡᠭᠡᠭᠰᠢ ᠳᠡᠭᠡᠭᠰᠢᠯᠡᠭᠦᠯᠪᠡ᠃            ᠲᠠᠷᠢᠶᠠᠯᠠᠩ ᠤᠨ ᠦᠢᠯᠡᠳᠪᠦᠷᠢᠯᠡᠯ ᠤᠨ ︽ᠦᠨᠳᠦᠰᠦ︾᠎ ᠶᠢ ᠰᠠᠶᠢᠲᠤᠷ ᠬᠠᠮᠠᠭᠠᠯᠠᠪᠠ᠃ ᠬᠠᠷ᠎ᠠ ᠬᠥᠷᠥᠰᠥ ᠶᠢ ᠬᠠᠮᠠᠭᠠᠯᠠᠵᠤ ᠲᠠᠷᠢᠶᠠᠯᠠᠬᠤ ᠳᠠᠪᠬᠤᠷᠭ᠎ᠠ ᠶᠢ ︽ᠵᠤᠵᠠᠭᠠᠳᠬᠠᠬᠤ︾᠎ ᠠᠴᠠ ᠡᠰᠢ ᠰᠦᠷᠡᠯ ᠢᠶᠠᠷ ︽ᠬᠥᠨᠵᠢᠯᠡ︾ ᠪᠤᠯᠭᠠᠵᠤ ᠲᠠᠷᠢᠶᠠᠨ ᠭᠠᠵᠠᠷ ᠢ ︽ᠰᠢᠮᠡᠵᠢᠭᠦᠯᠬᠦ︾ ᠭᠦᠷᠲᠡᠯ᠎ᠡ᠂ ᠲᠠᠭᠢᠭᠠᠳ ᠪᠣᠬᠢᠷᠳᠤᠯ ᠦᠭᠡᠢ ᠦᠢᠯᠡᠳᠪᠦᠷᠢᠯᠡᠯ ᠢᠶᠠᠷ ᠭᠠᠵᠠᠷ ᠰᠢᠷᠣᠢ ᠶᠢ ︽ᠴᠡᠪᠡᠷᠰᠢᠭᠦᠯᠬᠦ︾ ᠭᠦᠷᠲᠡᠯ᠎ᠡ᠂ ᠥᠪᠥᠷ ᠮᠣᠩᠭᠤᠯ ᠬᠠᠮᠠᠭᠠᠯᠠᠬᠤ ᠪᠠ ᠠᠰᠢᠭᠯᠠᠬᠤ ᠶᠢᠨ ᠤᠶᠠᠯᠳᠤᠯ ᠴᠡᠭ ᠢ ᠰᠠᠶᠢᠲᠤᠷ ᠡᠵᠡᠮᠳᠡᠵᠦ᠂ ᠰᠢᠮᠡᠯᠢᠭ ᠬᠥᠷᠥᠰᠥᠨ ᠳᠡᠭᠡᠷᠡᠬᠢ ᠡᠯᠪᠡᠭ ᠬᠤᠷᠢᠶᠠᠯᠲᠠ ᠶᠢᠨ ︽ᠨᠢᠭᠤᠴᠠ ᠨᠣᠮᠧᠷ︾᠎ ᠢ ᠳᠡᠶᠢᠯᠵᠡᠢ᠃            ᠥᠨᠥᠳᠥᠷ ᠲᠠᠷᠢᠶᠠᠨ ᠭᠠᠵᠠᠷ ᠢᠶᠠᠨ ᠰᠠᠶᠢᠲᠤᠷ ᠬᠠᠮᠠᠭᠠᠯᠠᠪᠠᠯ ᠰᠠᠶ᠋ᠢ ᠮᠠᠷᠭᠠᠰᠢ ᠪᠤᠳᠠᠭᠠᠨ ᠠᠶᠠᠭ᠎ᠠ ᠪᠠᠨ ᠯᠠᠪᠳᠠᠭᠤᠨ ᠠᠳᠬᠤᠵᠤ ᠴᠢᠳᠠᠨ᠎ᠠ᠃ ᠥᠪᠥᠷ ᠮᠣᠩᠭᠤᠯ ᠲᠤᠭ᠎ᠠ ᠬᠡᠮᠵᠢᠶ᠎ᠡ᠂ ᠶᠠᠰᠤ ᠴᠢᠨᠠᠷ ᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ︽ᠭᠤᠷᠪᠠ ᠶᠢ ᠨᠢᠭᠡ ᠴᠣᠭᠴᠠᠵᠢᠭᠤᠯᠬᠤ︾ ᠬᠠᠮᠠᠭᠠᠯᠠᠯᠲᠠ ᠶᠢ ᠪᠦᠭᠦ ᠲᠠᠯ᠎ᠠ ᠪᠠᠷ ᠠᠬᠢᠭᠤᠯᠵᠤ᠂ ᠪᠠᠰᠠ ᠨᠢᠭᠡ ᠵᠢᠯ ᠡᠯᠪᠡᠭ ᠬᠤᠷᠢᠶᠠᠯᠲᠠ ᠣᠯᠬᠤ ᠪᠠᠷ ᠢᠲᠡᠭᠡᠯ ᠲᠡᠭᠦᠯᠳᠡᠷ ᠤᠷᠤᠭᠰᠢᠯᠠᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号