| | | | | ᠵᠣᠬᠢᠶᠠᠭᠴᠢ᠄ ᠳ᠋ᠠᠢ ᠬᠤᠩ ᠬᠤᠤ ᠵᠢᠶᠠ ᠯᠢ | | | | | | ᠨᠡᠶᠢᠭᠡᠮ ᠤᠨ ᠬᠥᠭᠵᠢᠯᠲᠡ ᠬᠠᠤᠯᠢᠵᠢᠯ ᠤᠨ ᠪᠠᠲᠤᠯᠠᠭ᠎ᠠ ᠠᠴᠠ ᠰᠠᠯᠵᠤ ᠴᠢᠳᠠᠬᠤ ᠦᠭᠡᠢ; ᠠᠷᠠᠳ ᠤᠯᠠᠨ ᠤ | ᠪᠤᠶᠠᠨ ᠵᠢᠷᠭᠠᠯ ᠬᠠᠤᠯᠢᠵᠢᠯ ᠤᠨ ᠪᠠᠲᠤᠯᠠᠭ᠎ᠠ ᠠᠴᠠ ᠰᠠᠯᠵᠤ ᠴᠢᠳᠠᠬᠤ ᠦᠭᠡᠢ᠃ | | ᠥᠪᠥᠷ ᠮᠣᠩᠭᠤᠯ ᠤᠨ ᠳᠠᠯᠠᠶᠢᠴᠠ ᠶᠡᠭᠡ ᠬᠥᠭᠵᠢᠯᠲᠡ ᠳᠤ ᠬᠠᠤᠯᠢᠵᠢᠯ ᠤᠨ ᠪᠠᠶᠢᠭᠤᠯᠤᠯᠲᠠ ᠦᠢᠯᠡᠳᠦᠯᠭᠡ ᠶᠢᠨ | ᠠᠤᠭ᠎ᠠ ᠬᠦᠴᠦᠨ ᠢ ᠭᠦᠢᠴᠡᠳ ᠢᠯᠡᠷᠡᠭᠦᠯᠦᠯ᠎ᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠪᠦᠭᠦ ᠣᠷᠣᠨ ᠤ ᠬᠠᠤᠯᠢ ᠲᠣᠭᠲᠠᠭᠠᠯᠲᠠ ᠶᠢᠨ ᠲᠤᠭ᠎ᠠ ᠬᠡᠮᠵᠢᠶ᠎ᠡ᠂ ᠶᠠᠰᠤ ᠴᠢᠨᠠᠷ ᠪᠠ ᠦᠷ᠎ᠡ ᠪᠦᠲᠦᠮᠵᠢ ᠲᠠᠰᠤᠷᠠᠯᠲᠠ | ᠦᠭᠡᠢ ᠳᠡᠭᠡᠭᠰᠢᠯᠡᠵᠦ᠂ ᠬᠠᠤᠯᠢ ᠴᠠᠭᠠᠵᠠ ᠶᠢᠨ ᠵᠠᠰᠠᠭ ᠵᠠᠬᠢᠷᠭ᠎ᠠ ᠨᠠᠩ ᠢᠯᠡ ᠪᠣᠯᠵᠤ᠂ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠦᠷ᠎ᠡ ᠪᠦᠲᠦᠮᠵᠢ ᠡᠳᠦᠷ ᠢᠷᠡᠬᠦᠶ᠎ᠡ ᠢᠯᠡᠷᠬᠡᠢ ᠪᠣᠯᠵᠤ᠂ ᠬᠠᠤᠯᠢᠵᠢᠯ ᠤᠨ | ᠣᠶᠢᠯᠠᠭᠠᠭᠳᠠᠬᠤᠨ ᠬᠥᠮᠥᠰ ᠤᠨ ᠰᠡᠳᠬᠢᠯ ᠳᠤ ᠭᠦᠨ ᠬᠠᠳᠠᠩᠰᠢᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠬᠤ | ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢᠳᠡᠭ ᠢᠳᠡᠭ ᠢᠶᠠᠷ ᠪᠦᠷᠢᠯᠳᠦᠪᠡ᠃ | | | ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠵᠤ᠂ ᠬᠠᠤᠯᠢ ᠪᠠᠷ ᠣᠷᠣᠨ ᠢᠶᠠᠨ ᠵᠠᠰᠠᠬᠤ ᠰᠠᠭᠤᠷᠢ ᠶᠢ | ᠪᠠᠬᠢᠵᠢᠭᠦᠯᠪᠡ | | 2022 ᠣᠨ ᠤ ᠵᠢᠯ ᠤᠨ ᠡᠬᠢ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ | ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ | ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠨᠢᠭᠡ ᠪᠦᠯᠦᠭ ᠠᠷᠠᠳ ᠤᠨ | ᠠᠮᠢᠳᠤᠷᠠᠯ ᠲᠠᠢ ᠬᠤᠯᠪᠣᠭᠳᠠᠬᠤ ᠬᠠᠤᠯᠢ ᠳᠦᠷᠢᠮ ᠢ ᠡᠬᠢᠯᠡᠨ ᠬᠡᠷᠡᠭᠵᠢᠭᠦᠯᠵᠦ᠂ ᠣᠯᠠᠨ ᠲᠦᠮᠡᠨ ᠤ ᠵᠣᠯ ᠵᠢᠷᠭᠠᠯᠲᠤ | ᠠᠮᠢᠳᠤᠷᠠᠯ ᠳᠤ ᠥᠩᠭᠡ ᠭᠢᠯᠪᠠᠭ᠎ᠠ ᠨᠡᠮᠡᠷᠢᠯᠡᠪᠡ᠃ ︽ᠪᠢᠳᠡ ᠪᠠᠶᠢᠴᠠᠭᠠᠨ ᠰᠤᠳᠤᠯᠤᠯᠲᠠ ᠬᠢᠬᠦ ᠪᠠᠷ ᠲᠠᠮᠵᠢᠨ ᠠᠳᠠᠯ | ᠠᠬᠤᠢ ᠶᠢᠨ ᠵᠠᠭᠤᠷᠠᠯᠳᠤᠭᠠᠨ ᠤ ᠶᠡᠬᠡᠩᠬᠢ ᠨᠢ ᠠᠳᠠᠯ ᠠᠬᠤᠢ ᠶᠢᠨ ᠬᠠᠮᠢᠶᠠᠷᠤᠯᠲᠠ ᠵᠢᠷᠤᠮᠵᠢᠭᠤᠨ ᠪᠤᠰᠤ᠂ ᠠᠳᠠᠯ | ᠠᠬᠤᠢ ᠶᠢᠨ ᠦᠢᠯᠡᠴᠢᠯᠡᠭᠡ ᠪᠠᠷᠢᠮᠵᠢᠶ᠎ᠠ ᠳᠤ ᠬᠦᠷᠬᠦ ᠦᠭᠡᠢ ᠪᠠᠶᠢᠬᠤ ᠠᠴᠠ ᠪᠣᠯᠤᠭᠰᠠᠨ ᠢ ᠣᠯᠵᠤ ᠮᠡᠳᠡᠪᠡ᠃ | ᠳᠦᠷᠢᠮ ᠤᠨ ᠬᠡᠷᠡᠭᠵᠢᠭᠦᠯᠦᠯᠲᠡ ᠨᠢ ᠡᠳᠡᠭᠡᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ ᠪᠣᠯᠣᠨ᠎ᠠ︾ ᠭᠡᠵᠦ | ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠠᠷᠠᠳ ᠤᠨ ᠰᠢᠭᠦᠭᠦ ᠬᠤᠷᠢᠶᠠᠨ ᠤ ᠭᠡᠷ ᠬᠥᠷᠥᠩᠭᠡ ᠠᠳᠠᠯ | ᠠᠬᠤᠢ ᠶᠢᠨ ᠲᠣᠭᠤᠷᠢᠨ ᠰᠢᠭᠦᠭᠦ ᠲᠢᠩᠬᠢᠮ ᠤᠨ ᠳᠠᠷᠤᠭ᠎ᠠ ᠭᠧ ᠯᠢ ᠶᠠᠷᠢᠵᠤ ᠪᠠᠶᠢᠯ᠎ᠠ᠃ ᠤᠳᠠᠭ᠎ᠠ ᠪᠦᠷᠢ ᠶᠢᠨ ᠬᠠᠤᠯᠢ | ᠲᠣᠭᠲᠠᠭᠠᠯᠲᠠ ᠨᠢ ᠴᠥᠮ ᠴᠠᠭ ᠦᠶ᠎ᠡ ᠶᠢᠨ ᠰᠡᠳᠦᠪ ᠲᠤ ᠬᠠᠷᠢᠭᠤᠯᠲᠠ ᠥᠭᠴᠦ᠂ ᠠᠷᠠᠳ ᠲᠦᠮᠡᠨ ᠤ ᠤᠶᠤᠨ | ᠤᠬᠠᠭᠠᠨ ᠢ ᠨᠢᠭᠲᠠᠷᠠᠭᠤᠯᠵᠤ᠂ ᠬᠠᠤᠯᠢᠵᠢᠯ ᠤᠨ ᠪᠠᠶᠢᠭᠤᠯᠤᠯᠲᠠ ᠶᠢ ᠳᠡᠭᠡᠭᠰᠢᠯᠡᠭᠦᠯᠳᠡᠭ᠃ | | ᠥᠪᠥᠷ ᠮᠣᠩᠭᠤᠯ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠴᠢᠩᠭ᠎ᠠ ᠳᠠᠭᠠᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ | ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠲᠠᠢ ᠨᠢᠭᠲᠠ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠬᠠᠤᠯᠢ | ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠪᠠᠷᠢᠮᠲᠠᠯᠠᠨ | ᠂ ᠴᠢᠬᠤᠯᠠ ᠬᠦᠷᠢᠶ᠎ᠡ ᠴᠠᠷᠠᠭ᠎ᠠ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠶᠢᠨ ᠬᠠᠤᠯᠢ ᠲᠣᠭᠲᠠᠭᠠᠯᠲᠠ ᠶᠢ | ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠯᠪᠡᠭ ᠪᠠᠶᠠᠯᠢᠭ ᠬᠠᠤᠯᠢᠵᠢᠯ ᠤᠨ ᠪᠠᠲᠤᠯᠠᠭ᠎ᠠ | ᠬᠠᠩᠭᠠᠪᠠ᠃ | | ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠳᠤ ᠰᠠᠭᠤᠷᠢᠯᠠᠨ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠳᠦᠷᠢᠮ︾ ᠢ ᠲᠣᠭᠲᠠᠭᠠᠨ ᠨᠡᠶᠢᠲᠡᠯᠡᠵᠦ᠂ ᠨᠡᠶᠢᠭᠡᠮ | ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠣᠷᠣᠨ ᠨᠤᠲᠤᠭ ᠤᠨ ᠬᠠᠤᠯᠢ ᠲᠣᠭᠲᠠᠭᠠᠯᠲᠠ ᠳᠤ | ᠠᠭᠤᠰᠬᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ ᠳᠤ ᠰᠠᠭᠤᠷᠢᠯᠠᠨ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ | ︾ ᠢ ᠲᠣᠭᠲᠠᠭᠠᠨ ᠨᠡᠶᠢᠲᠡᠯᠡᠭᠰᠡᠨ ᠨᠢ ᠪᠦᠭᠦ ᠣᠷᠣᠨ ᠤ ᠠᠩᠬᠠᠳᠠᠭᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠠᠵᠢᠯ ᠢ ᠠᠬᠢᠭᠤᠯᠬᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠣᠯᠤᠭᠰᠠᠨ ᠪᠠᠶᠢᠨ᠎ᠠ᠃ | | ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠪᠡᠯᠴᠢᠭᠡᠷ ᠢ | ᠰᠡᠷᠭᠦᠭᠡᠬᠦ ᠳᠦᠷᠢᠮ︾ ᠢ ᠲᠣᠭᠲᠠᠭᠠᠨ ᠨᠡᠶᠢᠲᠡᠯᠡᠵᠦ᠂ ᠦᠨᠳᠦᠰᠦᠲᠡᠨ ᠨᠦᠭᠦᠳ ᠤᠨ 2400 ᠲᠦᠮᠡᠨ ᠠᠷᠠᠳ | ᠲᠦᠮᠡᠨ ᠤ ᠡᠬᠡ ᠤᠯᠤᠰ ᠤᠨ ᠤᠮᠠᠷᠠᠲᠤ ᠬᠢᠯᠢ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ | ᠬᠡᠷᠡᠮ ᠢ ᠰᠠᠬᠢᠨ ᠬᠠᠮᠠᠭᠠᠯᠠᠬᠤ ᠳᠤ ᠬᠠᠤᠯᠢ ᠴᠠᠭᠠᠵᠠ ᠶᠢᠨ ᠬᠦᠴᠦᠲᠦ ᠵᠡᠪᠰᠡᠭ ᠬᠠᠩᠭᠠᠵᠠᠢ᠃ | | ᠬᠠᠤᠯᠢ ᠲᠣᠭᠲᠠᠭᠠᠬᠤ ᠦᠢᠯᠡᠳᠦᠯᠭᠡ ᠳᠤᠮᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠵᠠᠰᠠᠭ ᠤᠨ ᠣᠷᠳᠣᠨ ᠤ ᠬᠠᠤᠯᠢ | ᠲᠣᠭᠲᠠᠭᠠᠬᠤ ᠲᠤᠰᠬᠠᠢ ᠮᠡᠷᠭᠡᠵᠢᠯᠲᠡᠨ ᠤ ᠬᠥᠮᠥᠷᠭᠡ ᠶᠢ ᠵᠣᠬᠢᠶᠠᠨ ᠪᠠᠶᠢᠭᠤᠯᠵᠤ᠂ ᠨᠡᠶᠢᠭᠡᠮ ᠤᠨ ᠬᠦᠴᠦᠨ ᠤ ᠬᠠᠤᠯᠢ | ᠲᠣᠭᠲᠠᠭᠠᠬᠤ ᠠᠵᠢᠯ ᠳᠤ ᠡᠮᠬᠢ ᠵᠢᠷᠤᠮ ᠲᠠᠢ ᠪᠠᠷ ᠣᠷᠤᠯᠴᠠᠬᠤ ᠶᠢ ᠠᠬᠢᠭᠤᠯᠪᠠ᠃ ᠦᠨᠳᠦᠰᠦᠨ ᠱᠠᠲᠤᠨ ᠤ ᠬᠠᠤᠯᠢ | ᠲᠣᠭᠲᠠᠭᠠᠬᠤ ᠬᠠᠷᠢᠯᠴᠠᠬᠤ ᠴᠡᠭ ᠤᠨ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ | ᠠᠷᠠᠳ ᠤᠯᠠᠨ ᠤ ᠬᠠᠤᠯᠢ ᠲᠣᠭᠲᠠᠭᠠᠬᠤ ᠳᠤ ᠣᠷᠤᠯᠴᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠬᠠᠤᠯᠢ | ᠲᠣᠭᠲᠠᠭᠠᠬᠤ ᠠᠵᠢᠯ ᠢ ︽ᠪᠠᠶᠢᠬᠤ ᠡᠰᠡᠬᠦ︾ ᠠᠴᠠ ︽ᠰᠠᠶᠢᠨ ᠡᠰᠡᠬᠦ︾ ᠲᠡᠶᠢᠰᠢ ᠬᠤᠪᠢᠷᠠᠭᠤᠯᠵᠤ᠂ ︽ᠬᠠᠤᠯᠢ | ᠶᠢᠨ ᠦᠨᠳᠦᠰᠦᠯᠡᠯ︾ ᠪᠠᠶᠢᠭᠰᠠᠨ ᠠᠴᠠ ︽ᠰᠠᠶᠢᠨ ᠬᠠᠤᠯᠢ ᠪᠠᠷ ᠭᠠᠷᠮᠠᠭᠠᠢ ᠵᠠᠰᠠᠬᠤ︾ ᠲᠡᠶᠢᠰᠢ ᠢᠳᠡ ᠬᠦᠴᠦᠲᠡᠢ | ᠤᠷᠤᠭᠰᠢᠯᠠᠪᠠ᠃ | | ᠠᠷᠠᠳ ᠣᠯᠠᠨ ᠤ ᠠᠵᠠ ᠵᠢᠷᠭᠠᠯ ᠢ ᠰᠠᠬᠢᠨ ᠬᠠᠮᠠᠭᠠᠯᠠᠬᠤ ᠳᠤ ᠬᠠᠤᠯᠢ ᠪᠠᠷ ᠵᠠᠰᠠᠬᠤ ᠳᠤ ᠲᠦᠰᠢᠭᠯᠡᠨ᠎ᠡ᠃ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠳᠦᠷᠢᠮ︾ ᠢ ᠨᠡᠶᠢᠲᠡᠯᠡᠨ ᠬᠡᠷᠡᠭᠵᠢᠭᠦᠯᠦᠭᠰᠡᠨ ᠨᠢ ᠪᠦᠭᠦ | ᠣᠷᠣᠨ ᠤ 4 ᠲᠦᠮᠡ ᠭᠠᠷᠤᠢ ᠲᠤᠰᠠᠯᠠᠬᠤ ᠴᠠᠭᠳᠠᠭ᠎ᠠ ᠶᠢᠨ ︽ᠰᠡᠳᠬᠢᠯ ᠢ ᠠᠮᠤᠷᠵᠢᠭᠤᠯᠪᠠ︾ ᠄ ᠬᠠᠤᠯᠢ | ᠴᠠᠭᠠᠵᠠ ᠶᠢᠨ ᠪᠠᠶᠢᠷᠢ ᠰᠠᠭᠤᠷᠢ ᠲᠣᠳᠣᠷᠬᠠᠢ ᠪᠣᠯᠵᠤ᠂ ᠡᠭᠦᠷᠭᠡ ᠬᠠᠷᠢᠭᠤᠴᠠᠯᠭ᠎ᠠ ᠡᠷᠬᠡ ᠶᠢᠨ ᠬᠡᠪᠴᠢᠶ᠎ᠡ ᠲᠣᠳᠣᠷᠬᠠᠢ | ᠪᠣᠯᠵᠤ᠂ ᠴᠠᠯᠢᠩ ᠬᠥᠯᠥᠰᠦ ᠬᠠᠷᠠᠭᠠᠯᠵᠠᠯ ᠴᠤ ᠳᠡᠭᠡᠭᠰᠢᠯᠡᠪᠡ᠃ | | ︽ᠳᠦᠷᠢᠮ ᠢ ᠨᠡᠶᠢᠲᠡᠯᠡᠭᠰᠡᠨ ᠨᠢ ᠪᠢᠳᠡᠨ ᠳᠤ ᠨᠠᠩ ᠣᠯᠠᠨ ᠠᠮᠤᠷ ᠲᠦᠪᠰᠢᠨ ᠤ ᠲᠥᠷᠥᠭᠳᠡᠯ ᠣᠯᠭᠤᠪᠠ︕ | ︾ ᠭᠡᠵᠦ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠲᠤᠰᠠᠯᠠᠬᠤ ᠴᠠᠭᠳᠠᠭ᠎ᠠ ᠬᠤᠤ ᠹᠧᠢ ᠯᠦᠩ ᠤᠷᠮᠠᠰᠢᠨ ᠵᠣᠷᠢᠭᠵᠢᠨᠠ᠃ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ | ᠳᠦᠷᠢᠮ᠂ ᠤᠶᠤᠨ ᠰᠠᠨᠠᠭᠠᠨ ᠤ ᠡᠷᠡᠭᠦᠯ ᠬᠠᠮᠠᠭᠠᠯᠠᠯ ᠤᠨ ᠳᠦᠷᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠳᠦᠷᠢᠮ᠂ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ᠂ | ᠪᠣᠯᠪᠠᠰᠤᠨ ᠠᠵᠢᠯᠯᠠᠭ᠎ᠠ ᠶᠢ ᠠᠬᠢᠭᠤᠯᠬᠤ ᠳᠦᠷᠢᠮ ᠁ ᠤᠯᠤᠰ ᠲᠦᠷᠦ ᠶᠢᠨ ᠤᠶᠤᠨ ᠤᠬᠠᠭᠠᠨ᠂ | ᠬᠠᠷᠢᠭᠤᠴᠠᠯᠭ᠎ᠠ ᠡᠭᠦᠷᠭᠡᠯᠡᠯ᠂ ᠠᠷᠠᠳ ᠤᠨ ᠠᠮᠢᠳᠤᠷᠠᠯ ᠤᠨ ᠬᠠᠶᠢᠷ᠎ᠠ ᠰᠡᠳᠬᠢᠯᠭᠡ ᠶᠢ ᠢᠯᠡᠷᠡᠭᠦᠯᠦᠭᠰᠡᠨ ᠰᠠᠶᠢᠨ | ᠬᠠᠤᠯᠢ ᠨᠤᠭᠤᠳ ᠢ ᠵᠠᠯᠭᠠᠭ᠎ᠠ ᠪᠠᠷ ᠲᠣᠭᠲᠠᠭᠠᠵᠤ᠂ ᠠᠷᠠᠳ ᠤᠨ ᠠᠮᠢᠳᠤᠷᠠᠯ ᠤᠨ ᠶᠡᠭᠡ ᠠᠰᠠᠭᠤᠳᠠᠯ ᠢ | ᠰᠢᠢᠳᠪᠦᠷᠢᠯᠡᠪᠡ᠃ | | ᠬᠠᠤᠯᠢ ᠶᠣᠰᠣᠭᠠᠷ ᠵᠠᠰᠠᠭ ᠶᠠᠪᠤᠭᠤᠯᠵᠤ ︽ᠨᠠᠷᠠᠨ ᠬᠡᠷᠡᠯᠳᠦ ᠵᠠᠰᠠᠭ ᠤᠨ ᠣᠷᠳᠣᠨ︾ ᠤ ᠴᠢᠨᠠᠷ ᠴᠢᠨᠰᠠᠭ᠎ᠠ | ᠦᠷ᠎ᠡ ᠪᠦᠲᠦᠮᠵᠢ ᠶᠢ ᠳᠣᠪᠤᠶᠢᠯᠭᠠᠪᠠ | | ︽ᠦᠨᠡᠬᠡᠷ ᠲᠦᠷᠭᠡᠨ ᠪᠣᠯᠣᠯ᠎ᠠ︕ ᠤᠤᠯ ᠳᠠᠭᠠᠨ ᠡᠷᠡᠭᠦᠯ ᠮᠡᠨᠳᠦ ᠶᠢᠨ ᠦᠨᠡᠮᠯᠡᠯ ᠤᠨ ᠭᠠᠷᠳᠠᠮ | ᠭᠦᠢᠴᠡᠳᠬᠡᠬᠦ ᠳᠤ ᠠᠳᠠᠭ ᠲᠠᠭᠠᠨ ᠨᠢᠭᠡ ᠭᠠᠷᠠᠭ ᠤᠨ ᠴᠠᠭ ᠵᠠᠷᠤᠴᠠᠭᠤᠯᠳᠠᠭ ᠪᠠᠶᠢᠭᠰᠠᠨ᠂ ᠣᠳᠣ ᠭᠤᠷᠪᠠᠨ ᠡᠳᠦᠷ | ᠲᠤ ᠭᠦᠢᠴᠡᠳᠬᠡᠴᠢᠬᠡᠨᠡ︾ ᠭᠡᠵᠦ ᠡᠷᠡᠭᠦᠯ ᠮᠡᠨᠳᠦ ᠶᠢᠨ ᠦᠨᠡᠮᠯᠡᠯ ᠢᠶᠠᠨ ᠭᠠᠷᠲᠠᠭᠰᠠᠨ ᠤᠯᠠᠭᠠᠨᠴᠠᠪ ᠬᠤᠲᠠ ᠶᠢᠨ | ᠵᠢᠨᠢᠩ ᠲᠣᠭᠤᠷᠢᠭ ᠤᠨ ᠬᠤᠲᠠ ᠶᠢᠨ ᠠᠷᠠᠳ ᠯᠢᠦ ᠠᠪᠤᠭᠠᠢ ᠶᠠᠷᠢᠬᠤ ᠳᠤ ᠪᠠᠶᠠᠷ ᠤᠨ ᠮᠦᠰᠢᠶᠡᠳᠦ ᠲᠣᠳᠣᠷᠠᠨ᠎ᠠ᠃ | | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠨᠢ ᠤᠯᠠᠨ ᠲᠦᠮᠡᠨ ᠳᠤ ᠦᠨᠡᠨ ᠪᠣᠳᠠᠲᠠᠢ ᠠᠰᠢᠭ | ᠬᠦᠷᠲᠡᠭᠡᠪᠡ᠃ | | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠤᠨ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠲᠦᠷᠭᠡᠨ ᠪᠥᠭᠡᠳ ᠯᠠᠪᠳᠠᠭᠤᠨ ᠠᠬᠢᠵᠤ᠂ ᠬᠠᠤᠯᠢᠵᠢᠭᠰᠠᠨ ᠵᠠᠰᠠᠭ | ᠶᠠᠪᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠵᠠᠰᠠᠭ ᠤᠨ ᠣᠷᠳᠣᠨ ᠤ ᠪᠦᠭᠦ ᠠᠵᠢᠯ ᠢ ᠬᠠᠤᠯᠢᠵᠢᠯ ᠤᠨ ᠵᠠᠮ ᠳᠤ | ᠣᠷᠣᠭᠤᠯᠪᠠ᠃ | | — ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠ ︽ᠮᠥᠩᠬᠡ ᠰᠤᠪᠠᠭ︾ | ᠵᠠᠰᠠᠭ ᠤᠨ ᠶᠠᠪᠤᠳᠠᠯ ᠤᠨ ᠨᠡᠭᠦᠳᠡᠯ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠬᠢᠨᠠᠨ ᠵᠥᠪᠰᠢᠶᠡᠷᠡᠬᠦ | ᠦᠢᠯᠡᠴᠢᠯᠡᠭᠡᠨ ᠤ ︽ᠳᠠᠷᠤᠶᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠳᠤᠨᠢ | ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ ᠥᠪᠡᠰᠦᠪᠡᠨ ᠭᠦᠢᠴᠡᠳᠬᠡᠬᠦ︾ ᠶᠢ ᠪᠦᠭᠦ ᠲᠠᠯ᠎ᠠ ᠪᠠᠷ | ᠬᠡᠷᠡᠭᠵᠢᠭᠦᠯᠪᠡ᠃ ᠣᠳᠣᠬᠠᠨ ᠳᠤ᠂ 67.8% ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠦᠭᠦ | ᠶᠠᠪᠤᠴᠠ ᠳᠤ ᠰᠦᠯᠵᠢᠶ᠎ᠡ ᠪᠠᠷ ᠭᠦᠢᠴᠡᠳᠬᠡᠬᠦ ᠶᠢ ᠳᠡᠮᠵᠢᠵᠦ᠂ ᠭᠦᠭᠡᠬᠤᠲᠠ ᠪᠤᠭᠤᠲᠤ ᠣᠷᠳᠣᠰ ᠤᠯᠠᠭᠠᠨᠴᠠᠪ ᠤᠨ | 161 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠳᠥᠷᠪᠡᠨ ᠬᠤᠲᠠ ᠳᠤ ᠨᠡᠶᠢᠳᠡᠮ | ᠭᠦᠢᠴᠡᠳᠬᠡᠬᠦ︾ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠥᠨᠳᠥᠷ ᠳᠠᠪᠲᠠᠮᠵᠢᠲᠤ | ᠦᠢᠯᠡᠴᠢᠯᠡᠭᠡᠨ ᠤ ᠵᠦᠢᠯᠡᠰ ᠢ ︽ᠮᠤᠵᠢ ᠰᠤᠨᠳᠠᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠪᠡ᠃ | | — ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠤᠨ ᠰᠢᠰᠲ᠋ᠧᠮ ᠢ ᠪᠦᠷᠢᠨᠰᠢᠭᠦᠯᠪᠡ | ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ | ᠲᠣᠭᠲᠠᠭᠠᠯ ᠳᠤ ᠵᠠᠰᠠᠪᠤᠷᠢ ᠣᠷᠣᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠪᠠ | ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠲᠡᠭᠦᠯᠳᠡᠷᠵᠢᠭᠦᠯᠪᠡ᠃ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ | ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ | ᠠᠯᠪᠠᠨ ᠲᠤᠰᠢᠶᠠᠯᠲᠤ ᠬᠠᠤᠯᠢᠴᠢ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ | ᠬᠠᠤᠯᠢ ᠴᠠᠭᠠᠵᠠ ᠶᠢᠨ ᠵᠥᠪᠯᠡᠭᠴᠢ ᠶᠢ ᠨᠡᠶᠢᠳᠡᠮ ᠬᠠᠮᠤᠷᠬᠤ ᠶᠢ ᠠᠬᠢᠭᠤᠯᠪᠠ᠃ | | — ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠪᠠ᠃ | ᠬᠠᠤᠯᠢ ᠬᠡᠷᠡᠭᠵᠢᠭᠦᠯᠬᠦ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠰᠤᠮᠤ ᠰᠢᠶᠠᠩ ᠪᠠᠯᠭᠠᠰᠤ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠪᠠᠶᠢᠭᠤᠯᠤᠨ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠦᠭᠦ ᠶᠠᠪᠤᠴᠠ ᠶᠢ ᠲᠡᠮᠳᠡᠭᠯᠡᠬᠦ᠂ ᠴᠢᠬᠤᠯᠠ | ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠢ ᠪᠦᠭᠦ | ᠲᠠᠯ᠎ᠠ ᠪᠠᠷ ᠬᠡᠷᠡᠭᠵᠢᠭᠦᠯᠪᠡ᠃ | | ︽2021 ᠣᠨ ᠤ 8 ᠰᠠᠷ᠎ᠠ ᠶᠢᠨ 19 ᠤ ᠡᠳᠦᠷ᠂ ᠪᠢ ᠭᠠᠷ ᠤᠲᠠᠰᠤᠨ ᠳᠡᠭᠡᠷ᠎ᠡ ᠪᠠᠨ ᠥᠪᠥᠷ | ᠮᠣᠩᠭᠤᠯ ᠤᠨ ᠵᠦᠩ ᠹᠧᠩ ᠪᠡᠯᠡ ᠣᠷᠣᠭᠤᠯᠤᠯᠲᠠ ᠶᠢᠨ ᠲᠦᠭᠰᠢᠭᠦᠷᠢ ᠶᠢᠨ ᠬᠠᠮᠢᠶᠠᠷᠤᠯᠲᠠ ᠶᠢᠨ ᠬᠢᠵᠠᠭᠠᠷᠲᠤ | ᠺᠤᠮᠫᠠᠨᠢ ᠶᠢ ᠳᠠᠩᠰᠠᠯᠠᠭᠤᠯᠪᠠ᠂ ᠡᠨᠡ ᠨᠢ ᠲᠤᠶᠢᠯ ᠤᠨ ᠳᠥᠭᠦᠮ ᠳᠥᠲᠡ ᠶᠤᠮ᠃ ᠲᠣᠰ ᠡᠳᠦᠷ ᠰᠦᠯᠵᠢᠶᠡᠨ ᠳᠡᠭᠡᠷ᠎ᠡ | ᠵᠥᠪᠰᠢᠶᠡᠷᠡᠨ ᠳᠠᠩᠰᠠᠯᠠᠭᠤᠯᠵᠤ᠂ ᠡᠯᠧᠺᠲᠷᠣᠨ ᠡᠵᠡᠩᠨᠡᠯᠲᠡ ᠶᠢᠨ ᠦᠨᠡᠮᠯᠡᠯ ᠢ ᠬᠢᠨᠠᠨ ᠣᠯᠭᠤᠪᠠ᠃ ᠺᠤᠮᠫᠠᠨᠢ ᠶᠢᠨ 5 | ᠲᠠᠮᠠᠭ᠎ᠠ ᠶᠢ ᠴᠥᠮ ᠵᠠᠰᠠᠭ ᠤᠨ ᠣᠷᠳᠣᠨ ᠠᠴᠠ ᠦᠨ᠎ᠡ ᠲᠥᠯᠥᠪᠦᠷᠢ ᠦᠭᠡᠢ ᠪᠠᠷ ᠠᠵᠤ ᠠᠬᠤᠶᠢᠯᠠᠯ ᠳᠤ ᠰᠡᠶᠢᠯᠦᠨ | ᠥᠭᠴᠦ᠂ ︿ᠥᠪᠡᠷ ᠤᠨ ᠦᠷᠳᠡᠭ ᠦᠭᠡᠢ﹀ ᠪᠠᠷ ᠠᠵᠤ ᠠᠬᠤᠶᠢᠯᠠᠯ ᠳᠠᠩᠰᠠᠯᠠᠭᠤᠯᠬᠤ ᠶᠢ ᠪᠡᠶᠡᠯᠡᠭᠦᠯᠪᠡ︾ ᠭᠡᠵᠦ | ᠥᠪᠥᠷ ᠮᠣᠩᠭᠤᠯ ᠤᠨ ᠢᠲᠡᠭᠡᠮᠵᠢ ᠶᠢᠨ ᠬᠤᠳᠠᠯᠳᠤᠭᠠᠨ ᠤ ᠨᠡᠶᠢᠭᠡᠮᠯᠢᠭ ᠤᠨ ᠳᠠᠷᠤᠭ᠎ᠠ ᠵᠠᠩ ᠸᠧᠨ ᠴᠢᠩ ᠪᠠᠶᠠᠷᠲᠠᠢ | ᠬᠡᠯᠡᠨ᠎ᠡ᠃ | | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠥᠪᠯᠡᠭᠴᠢ ᠶᠢᠨ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ ᠠᠩᠬ᠎ᠠ ᠤᠳᠠᠭ᠎ᠠ 2 ᠬᠠᠤᠯᠢᠴᠢ ᠶᠢᠨ | ᠬᠡᠷᠡᠭ ᠡᠷᠭᠢᠯᠡᠭᠦ ᠭᠠᠵᠠᠷ ᠢ ᠢᠯᠡ ᠪᠠᠷ ᠰᠣᠩᠭᠤᠨ ᠤᠷᠢᠵᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠵᠥᠪᠯᠡᠭᠴᠢ ᠶᠢᠨ ᠨᠢᠭᠡᠴᠢ ᠪᠣᠯᠭᠠᠪᠠ᠃ ᠢᠯᠡ ᠪᠠᠷ ᠰᠣᠩᠭᠤᠨ ᠤᠷᠢᠭᠰᠠᠨ ᠬᠠᠤᠯᠢ ᠴᠠᠭᠠᠵᠠ ᠶᠢᠨ ᠵᠥᠪᠯᠡᠭᠴᠢ ᠨᠢ | ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠵᠡᠷᠭᠡ ᠬᠠᠤᠯᠢ ᠶᠣᠰᠣᠴᠢ ᠴᠢᠨᠠᠷᠲᠠᠢ ᠬᠢᠨᠠᠨ | ᠪᠠᠶᠢᠴᠠᠭᠠᠬᠤ ᠠᠵᠢᠯ ᠳᠤ ᠪᠦᠭᠦ ᠶᠠᠪᠤᠴᠠ ᠪᠠᠷ ᠣᠷᠣᠯᠴᠠᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠠᠵᠢᠯᠯᠠᠭ᠎ᠠ ᠶᠢ ᠤᠯᠠᠮ ᠴᠢᠨᠠᠭᠰᠢᠳᠠ ᠵᠢᠷᠤᠮᠵᠢᠭᠤᠯᠪᠠ᠃ | | ᠠᠷᠠᠳ ᠤᠨ ᠲᠥᠯᠥᠭᠡ ᠬᠠᠤᠯᠢ ᠪᠠᠷᠢᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ | ᠢᠯᠡᠷᠡᠭᠦᠯᠪᠡ | | 2021 ᠣᠨ ᠤ 10 ᠰᠠᠷ᠎ᠠ ᠶᠢᠨ 19 ᠤ ᠡᠳᠦᠷ ᠤᠨ 20 ᠴᠠᠭ ᠲᠤ᠂ ᠯᠠᠶᠢᠮᠤᠤᠷᠴᠢ ᠳᠤ ᠴᠢᠭᠯᠡᠭᠦᠯᠦᠭᠰᠡᠨ | ︽ᠲᠠᠯ᠎ᠠ ᠨᠤᠲᠤᠭ ᠤᠨ ᠡᠷᠡᠯᠬᠡᠭ ᠪᠦᠷᠭᠦᠳ 2021︾ ᠲᠥᠪᠯᠡᠷᠡᠭᠦᠯᠦᠨ ᠭᠦᠢᠴᠡᠳᠬᠡᠬᠦ ᠠᠵᠢᠯᠯᠠᠭ᠎ᠠ ᠴᠠᠭ ᠲᠠᠭᠠᠨ | ᠡᠬᠢᠯᠡᠪᠡ᠃ ᠬᠥᠯᠥᠨ ᠪᠤᠶᠢᠷ ᠬᠤᠲᠠ ᠶᠢᠨ ᠵᠠᠯᠠᠶᠢᠨᠠᠭᠤᠷ ᠲᠣᠭᠤᠷᠢᠭ ᠲᠤ᠂ 5 ᠵᠢᠯ ᠭᠡᠷ ᠤᠨ ᠲᠦᠷᠢᠶᠡᠰᠦ | ᠲᠤᠰᠢᠶᠠᠭᠰᠠᠨ ᠦᠭᠡᠢ ᠮᠥᠷᠲᠡᠭᠡᠨ ᠨᠡᠭᠦᠵᠦ ᠭᠠᠷᠬᠤ ᠦᠭᠡᠢ ᠬᠡᠷᠡᠭ ᠢ ᠲᠤᠶᠢᠯᠪᠤᠷᠢᠲᠠᠢ ᠭᠦᠢᠴᠡᠳᠬᠡᠵᠦ ᠳᠠᠭᠤᠰᠬᠠᠪᠠ; | ᠲᠦᠩᠯᠢᠶᠣᠣ ᠬᠤᠲᠠ ᠶᠢᠨ ᠬᠦᠷᠢᠶ᠎ᠡ ᠬᠤᠰᠢᠭᠤᠨ ᠳᠤ 26 ᠬᠥᠯᠥᠰᠦᠨ ᠠᠵᠢᠯᠴᠢᠨ ᠬᠡᠳᠦᠨ ᠰᠠᠷ᠎ᠠ ᠬᠤᠶᠢᠰᠢᠯᠠᠵᠤ | ᠪᠠᠶᠢᠭᠰᠠᠨ 38 ᠲᠦᠮᠡᠨ ᠲᠥᠭᠦᠷᠢᠭ ᠤᠨ ᠴᠠᠯᠢᠩ ᠢᠶᠠᠨ ᠣᠯᠵᠤ ᠠᠪᠤᠪᠠ᠃ | | 3 ᠴᠠᠭ ᠤᠨ ᠲᠥᠪᠯᠡᠷᠡᠩᠭᠦᠢ ᠠᠵᠢᠯᠯᠠᠭ᠎ᠠ ᠪᠠᠷ ᠳᠠᠮᠵᠢᠨ᠂ ᠪᠦᠭᠦ ᠣᠷᠣᠨ ᠤ ᠰᠢᠭᠦᠭᠦ ᠬᠤᠷᠢᠶ᠎ᠠ 730 | ᠬᠡᠷᠡᠭ ᠢ ᠭᠦᠢᠴᠡᠳᠬᠡᠨ ᠳᠠᠭᠤᠰᠬᠠᠵᠤ᠂ 1.49 ᠳ᠋ᠦᠩᠰᠢᠭᠤᠷ ᠲᠥᠭᠦᠷᠢᠭ ᠤᠨ ᠬᠠᠷᠠᠯᠲᠠ ᠶᠢ ᠪᠡᠶᠡᠯᠡᠭᠦᠯᠵᠦ᠂ 193 | ᠭᠦᠢᠴᠡᠳᠬᠡᠭᠳᠡᠭᠴᠢ ᠳᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠪᠠ᠃ | | ᠲᠥᠪ ᠭᠤᠣᠯᠴᠢ ᠰᠢᠳᠤᠷᠭᠤ ᠶᠣᠰᠣ ᠪᠣᠯ ᠤᠯᠤᠰ ᠤᠨ ᠰᠠᠭᠤᠷᠢ ᠮᠥᠨ᠃ ᠬᠠᠤᠯᠢ ᠴᠠᠭᠠᠵᠠ ᠪᠣᠯ | ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠡᠴᠦᠰ ᠤᠨ ᠰᠡᠷᠭᠡᠶᠢᠯᠡᠯᠲᠡ ᠶᠢᠨ ᠱᠤᠭᠤᠮ ᠮᠥᠨ | ᠃ | | ᠪᠦᠭᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠠᠨ ᠲᠦᠮᠡᠨ ᠤ ᠠᠩᠬᠠᠷᠴᠤ ᠪᠠᠶᠢᠭ᠎ᠠ | ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠠᠮᠤᠷ | ᠲᠣᠭᠲᠠᠭᠤᠨ᠂ ᠠᠷᠠᠳ ᠲᠦᠮᠡᠨ ᠤ ᠠᠮᠤᠷ ᠠᠮᠤᠭᠤᠯᠠᠩ ᠢ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠪᠠᠨ ᠦᠨᠡᠨ | ᠬᠦ ᠰᠠᠶᠢᠲᠤᠷ ᠭᠦᠢᠴᠡᠳᠬᠡᠵᠦ᠂ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠳᠡᠷᠭᠡᠳᠡ ᠨᠢ ᠪᠠᠶᠢᠬᠤ ᠶᠢ | ᠦᠨᠡᠨ ᠬᠦ ᠮᠡᠳᠡᠷᠡᠭᠦᠯᠪᠡ᠃ | | ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠠᠷᠤᠭᠳᠠᠮᠠᠯ ᠬᠡᠷᠡᠭ ︽ᠢᠯᠭᠠᠭᠤᠷᠢ | ᠭᠠᠷᠭᠠᠭᠰᠠᠨ ᠦᠭᠡᠢ ᠬᠡᠷᠡᠭ︾ ᠢ ᠢᠯᠭᠠᠷᠠᠭᠤᠯᠤᠨ ᠴᠡᠭᠴᠡᠯᠡᠬᠦ ᠠᠵᠢᠯ ᠢ ᠲᠥᠪᠯᠡᠷᠡᠭᠦᠯᠦᠨ ᠥᠷᠨᠢᠭᠦᠯᠵᠦ᠂ ᠠᠵᠤ | ᠠᠬᠤᠶᠢᠯᠠᠯ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠵᠤ ᠠᠬᠤᠶᠢᠯᠠᠯ ᠳᠤ | ᠬᠤᠯᠪᠣᠭᠳᠠᠭᠰᠠᠨ 298 ᠬᠡᠷᠡᠭ ᠢ ᠳᠡᠩᠨᠡᠨ ᠢᠯᠡᠷᠡᠭᠦᠯᠵᠦ᠂ 536 ᠰᠡᠵᠢᠭᠲᠡᠨ ᠢ ᠪᠠᠷᠢᠪᠴᠢᠯᠠᠵᠤ᠂ ᠬᠡᠷᠡᠭ ᠲᠤ | ᠬᠤᠯᠪᠣᠭᠳᠠᠭᠰᠠᠨ 3711.4 ᠲᠦᠮᠡᠨ ᠲᠥᠭᠦᠷᠢᠭ ᠢ ᠬᠤᠷᠢᠶᠠᠮᠵᠢᠯᠠᠨ ᠴᠡᠪᠳᠡᠭᠰᠢᠭᠦᠯᠵᠦ᠂ 1.74 ᠳ᠋ᠦᠩᠰᠢᠭᠤᠷ | ᠲᠥᠭᠦᠷᠢᠭ ᠤᠨ ᠪᠤᠵᠠᠷ ᠡᠳ᠋ ᠢ ᠨᠡᠬᠡᠮᠵᠢᠯᠡᠨ ᠠᠪᠴᠠᠢ᠃ | | ᠠᠷᠠᠳ ᠤᠯᠠᠨ ᠤ ᠠᠮᠤᠷ ᠵᠢᠮᠤᠷ ᠠᠵᠤ ᠲᠦᠷᠦᠭᠦ ᠶᠢ ᠪᠠᠲᠤᠯᠠᠵᠤ᠂ ᠪᠦᠭᠦ ᠣᠷᠣᠨ ᠤ ᠰᠢᠭᠦᠭᠦ ᠬᠤᠷᠢᠶ᠎ᠠ ︽ | ᠴᠠᠯᠢᠩ ᠥᠷᠢᠲᠦᠭᠦ ᠶᠢ ᠦᠨᠳᠦᠰᠦᠨ ᠠᠴᠠ ᠨᠢ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ︾ ᠲᠤᠰᠬᠠᠢ | ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠭᠡᠷ ᠤᠨ ᠶᠠᠪᠤᠳᠠᠯ ᠤᠨ ᠰᠢᠭᠦᠨ ᠲᠠᠰᠤᠯᠬᠤ ᠠᠵᠢᠯ ᠢ ᠴᠢᠩᠭᠠᠳᠬᠠᠵᠤ᠂ | ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ᠃ 2021 ᠣᠨ ᠳᠤ᠂ ᠰᠤᠷᠭᠠᠨ ᠬᠥᠮᠦᠵᠢᠯ᠂ | ᠠᠵᠢᠯ ᠣᠯᠭᠤᠯᠲᠠ᠂ ᠡᠮ ᠡᠮᠨᠡᠯᠭᠡ᠂ ᠣᠷᠣᠨ ᠰᠠᠭᠤᠴᠠ᠂ ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠤᠨ | ᠠᠮᠢᠳᠤᠷᠠᠯ ᠤᠨ ᠬᠡᠷᠡᠭ ᠢ 4.4 ᠲᠦᠮᠡᠨ ᠬᠤᠪᠢ ᠰᠢᠭᠦᠨ ᠳᠠᠭᠤᠰᠬᠠᠵᠤ᠂ ᠮᠠᠯᠴᠢᠨ ᠲᠠᠷᠢᠶᠠᠴᠢᠨ ᠬᠥᠯᠥᠰᠦᠨ | ᠠᠵᠢᠯᠴᠢᠨ ᠳᠤ 6816 ᠲᠦᠮᠡᠨ ᠲᠥᠭᠦᠷᠢᠭ ᠤᠨ ᠬᠥᠯᠥᠰᠦᠨ ᠮᠥᠩᠭᠦ ᠶᠢ ᠨᠡᠬᠡᠮᠵᠢᠯᠡᠨ ᠣᠯᠵᠤ ᠥᠭᠴᠦ᠂ 1780 | ᠲᠦᠮᠡᠨ ᠲᠥᠭᠦᠷᠢᠭ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠵᠣᠭᠤᠰ ᠢ ᠲᠠᠷᠬᠠᠭᠠᠪᠠ᠃ | | ᠤᠯᠠᠨ ᠨᠡᠶᠢᠲᠡ ᠶᠢᠨ ᠠᠰᠢᠭ ᠲᠤᠰᠠ ᠶᠢ ᠡᠷᠡᠰ ᠬᠠᠮᠠᠭᠠᠯᠠᠵᠤ᠂ ᠪᠦᠭᠦ ᠣᠷᠣᠨ ᠤ ᠪᠠᠶᠢᠴᠠᠭᠠᠬᠤ ᠪᠠᠶᠢᠭᠤᠯᠭ᠎ᠠ | ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠯᠲᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠠᠰᠢᠭ | ᠲᠤᠰᠠ ᠶᠢ ᠲᠥᠯᠥᠭᠡᠯᠡᠬᠦ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠡᠶᠢᠲᠡ ᠶᠢᠨ | ᠠᠰᠠᠷᠠᠮᠵᠢ ᠶᠢᠨ ᠵᠠᠷᠭᠤ ᠶᠢ ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠬᠤ᠂ ᠠᠵᠤ ᠠᠬᠤᠢ ᠶᠢᠨ | ᠬᠥᠭᠵᠢᠯᠲᠡ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠪᠠᠲᠤᠯᠠᠬᠤ᠂ ᠬᠠᠤᠯᠢᠵᠢᠯ ᠤᠨ | ᠪᠠᠶᠢᠭᠤᠯᠤᠯᠲᠠ ᠶᠢ ᠠᠬᠢᠭᠤᠯᠬᠤ ᠯᠤᠭ᠎ᠠ ᠣᠷᠭᠠᠨᠢᠭ ᠢᠶᠠᠷ ᠤᠶᠠᠯᠳᠤᠭᠤᠯᠪᠠ᠃ 2021 ᠣᠨ ᠳᠤ᠂ 308 ᠬᠤᠪᠢ | ᠢᠷᠭᠡᠨ ᠤ ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ᠂ 3920 ᠬᠤᠪᠢ ᠵᠠᠰᠠᠭ ᠵᠠᠬᠢᠷᠭᠠᠨ ᠤ ᠨᠡᠶᠢᠲᠡ ᠶᠢᠨ | ᠠᠰᠠᠷᠠᠮᠵᠢ ᠶᠢᠨ ᠵᠠᠷᠭᠤ ᠶᠢ ᠰᠢᠢᠳᠪᠦᠷᠢᠯᠡᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠡᠷᠬᠡ ᠠᠰᠢᠭ ᠢ | 29.92 ᠳ᠋ᠦᠩᠰᠢᠭᠤᠷ ᠲᠥᠭᠦᠷᠢᠭ ᠱᠠᠯᠠᠪᠳᠠᠭᠤᠯᠤᠨ ᠬᠤᠷᠢᠶᠠᠨ ᠠᠪᠴᠠᠢ᠃ | | ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠪᠦᠭᠦ | ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠬᠤᠲᠠ ᠬᠥᠳᠡᠭᠡ ᠶᠢ ᠪᠦᠷᠬᠦᠭᠰᠡᠨ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠪᠠ ᠪᠣᠳᠠᠲᠤ ᠴᠣᠭᠴᠠ᠂ ᠬᠠᠯᠠᠮᠰᠢᠯ ᠤᠲᠠᠰᠤ᠂ | ᠰᠦᠯᠵᠢᠶ᠎ᠡ ᠭᠤᠷᠪᠠᠨ ᠶᠡᠭᠡ ᠲᠠᠪᠴᠠᠩ ᠢ ᠪᠠᠶᠢᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ | ᠪᠠᠷᠤᠭ 707 ᠲᠦᠮᠡᠨ ᠬᠥᠮᠥᠨ ᠳᠤ ᠠᠰᠢᠭ ᠬᠦᠷᠲᠡᠭᠡᠪᠡ᠃ | | ᠤᠯᠠᠨ ᠲᠦᠮᠡᠨ ᠤ ᠪᠠᠴᠢᠮᠳᠠᠵᠤ᠂ ᠬᠦᠰᠡᠵᠦ᠂ ᠱᠠᠭᠠᠷᠳᠠᠵᠤ ᠪᠠᠶᠢᠭ᠎ᠠ ᠵᠦᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠠᠷᠠᠳ ᠤᠯᠠᠨ ᠤ ᠲᠥᠪ ᠭᠤᠣᠯᠴᠢ ᠰᠢᠳᠤᠷᠭᠤ ᠶᠣᠰᠣᠨ ᠤ ᠲᠤᠬᠠᠢ ᠬᠦᠰᠡᠯ ᠡᠷᠡᠮᠡᠯᠵᠡᠯ ᠳᠤ | ᠢᠳᠡᠪᠬᠢᠲᠡᠢ ᠬᠠᠷᠢᠭᠤᠯᠲᠠ ᠥᠭᠴᠦ᠂ ᠬᠠᠤᠯᠢ ᠴᠠᠭᠠᠵᠠ ᠶᠢᠨ ᠢᠲᠡᠭᠡᠭᠦᠯᠭᠦ ᠬᠦᠴᠦᠨ ᠴᠢᠨᠠᠭᠰᠢᠳᠠ ᠳᠡᠭᠡᠭᠰᠢᠯᠡᠪᠡ᠃ | | 2019 ᠣᠨ ᠤ 6 ᠰᠠᠷ᠎ᠠ ᠳᠤ᠂ ᠪᠦᠭᠦ ᠤᠯᠤᠰ ᠤᠨ ᠠᠩᠬᠠᠳᠠᠭᠴᠢ ᠬᠠᠤᠯᠢᠵᠢᠯ ᠤᠨ ᠤᠯᠠᠭᠠᠨᠮᠥ᠋ᠴᠢᠷ ᠤᠨ | ᠰᠢᠷᠢᠰ ᠬᠠᠤᠯᠢ ᠲᠦᠭᠡᠮᠡᠯᠵᠢᠭᠦᠯᠬᠦ ᠺᠠᠷᠲ᠋ᠣᠨ ᠵᠦᠴᠦᠭᠡ ︽ᠪᠢᠴᠢᠬᠠᠨ ᠬᠠᠤᠯᠢᠴᠢ ᠢᠷᠡᠯ᠎ᠡ︾ ᠶᠢ ᠪᠦᠭᠦ ᠣᠷᠣᠨ ᠳᠤ | ᠡᠬᠢᠯᠡᠨ ᠨᠡᠪᠲᠡᠷᠡᠭᠦᠯᠪᠡ᠃ ︽ᠬᠠᠤᠯᠢᠵᠢᠯ ᠤᠨ ᠤᠯᠠᠭᠠᠨᠮᠥ᠋ᠴᠢᠷ ᠤᠨ ᠬᠢᠯᠢ ᠬᠢᠵᠠᠭᠠᠷ ᠤᠨ ᠠᠶᠠᠯᠠᠯ︾᠂ ︽ | ᠬᠠᠤᠯᠢᠵᠢᠯ ᠤᠨ ᠲᠠᠯ᠎ᠠ ᠨᠤᠲᠤᠭ ᠤᠨ ᠤᠮᠠᠷᠠᠲᠤ ᠬᠢᠯᠢ ᠶᠢᠨ ᠠᠶᠠᠯᠠᠯ︾ ᠵᠡᠷᠭᠡ ᠠᠵᠢᠯᠯᠠᠭ᠎ᠠ ᠥᠷᠨᠢᠭᠦᠯᠵᠦ᠂ ︽ᠬᠠᠤᠯᠢ | ᠴᠠᠭᠠᠵᠠ ᠶᠢ ᠳᠣᠯᠤᠭ᠎ᠠ ᠳᠤ ᠭᠦᠷᠭᠡᠭᠦ︾ ᠠᠵᠢᠯᠯᠠᠭ᠎ᠠ ᠶᠢ ᠲᠠᠰ ᠳᠠᠪᠬᠤᠷᠭ᠎ᠠ ᠲᠥᠷᠥᠯ ᠬᠤᠪᠢᠶᠠᠨ ᠥᠷᠨᠢᠭᠦᠯᠵᠦ᠂ | ᠭᠢᠯᠪᠠᠷ ᠣᠶᠢᠯᠠᠭᠠᠮᠵᠢᠲᠠᠢ᠂ ᠪᠠᠶᠠᠷ ᠪᠠᠶᠠᠰᠤᠯ ᠲᠠᠢ ᠪᠠᠷ ᠰᠤᠷᠭᠠᠨ ᠬᠥᠮᠥᠵᠢᠭᠦᠯᠬᠦ ᠭᠡᠯᠪᠡᠷᠢ ᠪᠠᠷ ᠣᠯᠠᠨ ᠲᠦᠮᠡᠨ ᠳᠤ | ᠬᠠᠤᠯᠢ ᠴᠠᠭᠠᠵᠠ ᠶᠢᠨ ᠮᠡᠳᠡᠯᠭᠡ ᠶᠢ ᠲᠣᠳᠣᠷᠬᠠᠶᠢᠯᠠᠨ᠂ ᠬᠥᠮᠥᠰ ᠢ ᠠᠵᠢᠯ ᠶᠠᠪᠤᠳᠠᠯ ᠭᠦᠢᠴᠡᠳᠬᠡᠬᠦ ᠳᠡᠭᠡᠨ ᠬᠠᠤᠯᠢ ᠶᠢ | ᠵᠢᠷᠤᠮᠯᠠᠬᠤ᠂ ᠤᠴᠢᠷ ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ | ᠬᠡᠷᠡᠭᠯᠡᠬᠦ᠂ ᠵᠥᠷᠢᠴᠡᠯ ᠢ ᠰᠢᠢᠳᠪᠦᠷᠢᠯᠡᠬᠦ ᠳᠤ ᠬᠠᠤᠯᠢ ᠳᠤ ᠲᠦᠰᠢᠭᠯᠡᠬᠦ ᠰᠢᠨ᠎ᠡ ᠰᠡᠳᠬᠢᠬᠦᠢ ᠲᠠᠢ ᠪᠣᠯᠭᠠᠵᠠᠢ᠃ | | ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠭᠡᠳᠦ ᠳᠤ ᠠᠰᠢᠭᠲᠠᠢ ᠪᠠᠶᠢᠬᠤ | ᠬᠠᠷᠠᠯᠲᠠ ᠶᠢ ᠵᠣᠷᠢᠵᠤ᠂ ᠬᠠᠤᠯᠢᠵᠢᠯ ᠤᠨ ᠥᠪᠥᠷ ᠮᠣᠩᠭᠤᠯ ᠰᠠᠯᠬᠢ ᠳᠠᠪᠠᠯᠭᠠᠨ ᠢ ᠰᠥᠷᠴᠦ ᠵᠦᠰᠦᠨ ᠴᠤᠴᠠᠯᠲᠠ | ᠦᠭᠡᠢ ᠤᠷᠤᠭᠰᠢᠯᠠᠨ᠎ᠠ︕ |