︽ᠬᠤᠣᠰ ᠨᠡᠭᠦᠷᠡᠰᠦᠲᠥ᠋ᠷᠥᠭᠴᠢ︾᠎ ᠶᠢᠨ ᠪᠠᠶᠢᠯᠳᠤᠬᠤ ᠪᠣᠳᠣᠯᠭ᠎ᠠ ᠳᠣᠣᠷᠠᠬᠢ ᠥᠪᠥᠷ ᠮᠣᠩᠭᠤᠯ ᠤᠨ ᠠᠵᠢᠯᠯᠠᠭᠠᠨ
ᠨᠡᠶᠢᠲᠡᠯᠡᠭᠰᠡᠨ ᠴᠠᠭ᠄
2022/10/17
                   ᠵᠣᠬᠢᠶᠠᠭᠴᠢ᠄ ᠾᠥᠸᠧ ᠰᠢᠶᠣᠣ ᠴᠢᠩ                            2021 ᠣᠨ ᠳᠤ ᠪᠦᠭᠦ ᠣᠷᠣᠨ ᠤ ᠨᠢᠭᠡᠴᠢ GDP᠎ ᠶᠢᠨ ᠡᠨᠧᠷᠭᠢ ᠶᠢᠨ ᠬᠤᠷᠣᠭᠳᠠᠭᠤᠯᠤᠯ 2020 ᠣᠨ ᠤ ᠬᠢ ᠠᠴᠠ 6.8%᠎ ᠪᠠᠷ ᠪᠠᠭᠤᠷᠠᠵᠤ᠂ GDP᠎ ᠶᠢᠨ ᠬᠡᠮᠵᠢᠶ᠎ᠡ 2020 ᠣᠨ ᠤ ᠬᠢ ᠠᠴᠠ 6.3%᠎ ᠪᠠᠷ ᠨᠡᠮᠡᠭᠳᠡᠵᠦ᠂ ᠵᠢᠱᠢᠯᠲᠡ ᠠᠴᠠ ᠪᠠᠨ ᠵᠠᠭᠤᠨ ᠤ ᠬᠠᠷᠢᠴᠠᠯ ᠢᠶᠠᠷ 0.3 ᠬᠤᠪᠢ ᠨᠡᠮᠡᠭᠳᠡᠪᠡ᠃ ᠲᠤᠭ᠎ᠠ ᠨᠤᠷᠮ᠎ᠠ ᠲᠠᠩ ᠴᠤᠯᠭᠤᠢ ᠪᠤᠯᠪᠠᠴᠦ ᠬᠠᠮᠤᠭ ᠤᠨ ᠢᠳᠡᠭᠡᠭᠦᠯᠭᠦ ᠬᠦᠴᠦᠨ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠡᠶᠢᠲᠡᠯᠡᠭᠰᠡᠨ ᠡᠨᠡ ᠬᠦ ᠲᠤᠭ᠎ᠠ ᠪᠠᠷᠢᠮᠲᠠ ᠬᠥᠮᠥᠰ ᠢ ᠵᠣᠷᠢᠭᠵᠢᠭᠤᠯᠤᠯ᠎ᠠ᠃            ᠠᠭᠤᠷ ᠠᠮᠢᠰᠬᠤᠯ ᠤᠨ ᠬᠤᠪᠢᠷᠠᠯᠲᠠ ᠪᠣᠯ ᠣᠳᠣᠬᠠᠨ ᠤ ᠬᠥᠮᠥᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠪᠦᠭᠦ ᠪᠥᠮᠪᠥᠷᠴᠡᠭ ᠤᠨ ᠴᠢᠨᠠᠷᠲᠠᠢ ᠴᠢᠬᠤᠯᠠ ᠶᠡᠭᠡ ᠥᠷᠢᠰᠦᠯᠳᠦᠭᠡᠨ ᠪᠣᠯᠣᠨ᠎ᠠ᠃ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠳᠤ ᠭᠦᠷᠭᠡᠭᠦ ᠪᠠᠷ ᠴᠢᠷᠮᠠᠶᠢᠵᠤ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠂ ᠡᠨᠡ ᠪᠣᠯ ᠳᠤᠮᠳᠠᠳᠤ ᠤᠯᠤᠰ ᠤᠨ ᠲᠥᠪ ᠴᠢᠩᠭ᠎ᠠ ᠠᠮᠠᠯᠠᠯᠲᠠ ᠮᠥᠨ᠃ ᠮᠠᠨ ᠤ ᠣᠷᠣᠨ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠪᠣᠯᠤᠭᠰᠠᠨ ᠤ ᠬᠤᠪᠢ ᠳᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠪᠠᠶᠢᠷᠢ ᠰᠠᠭᠤᠷᠢ ᠶᠢ ᠡᠵᠡᠯᠡᠵᠦ ᠪᠠᠶᠢᠬᠤ ᠪᠥᠭᠡᠳ ᠪᠣᠬᠢᠷᠳᠤᠯ ᠦᠭᠡᠢ ᠪᠣᠯᠭᠠᠨ ᠭᠡᠯᠪᠡᠷᠢ ᠶᠢ ᠬᠤᠪᠢᠷᠠᠭᠤᠯᠬᠤ ᠬᠦᠨᠳᠦ ᠡᠭᠦᠷᠭᠡ ᠶᠢ ᠡᠭᠦᠷᠭᠡᠯᠡᠵᠦ ᠪᠤᠢ᠃ ᠪᠠᠰᠠ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠎ ᠤ ᠬᠠᠯᠬᠠᠪᠴᠢ ᠪᠣᠯᠤᠭᠰᠠᠨ ᠤ ᠬᠤᠪᠢ ᠳᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠶᠤᠮ᠃            ᠮᠠᠨ ᠤ ᠣᠷᠣᠨ ︽ᠬᠤᠣᠰ ᠨᠡᠭᠦᠷᠡᠰᠦᠲᠥ᠋ᠷᠥᠭᠴᠢ︾᠎ ᠶᠢᠨ ᠬᠠᠷᠠᠯᠲᠠ ᠲᠣᠭᠲᠠᠭᠠᠨ᠂ ︽ᠬᠤᠣᠰ ᠡᠭᠦᠷᠭᠡ︾ ᠡᠭᠦᠷᠭᠡᠯᠡᠵᠦ᠂ ᠬᠦᠴᠢᠷ ᠠᠰᠠᠭᠤᠳᠠᠯ ᠤᠳ ᠢ ᠨᠢᠭᠡᠳ ᠨᠢᠭᠡ ᠪᠠᠷ ᠰᠢᠢᠳᠪᠦᠷᠢᠯᠡᠨ ᠦᠨᠡᠨ ᠪᠣᠳᠠᠲᠠᠢ ᠦᠷ᠎ᠡ ᠪᠦᠲᠦᠮᠵᠢ ᠣᠯᠣᠭᠰᠠᠨ ᠪᠠᠶᠢᠨ᠎ᠠ᠃            ᠭᠠᠳᠠᠭᠰᠢᠯᠠᠭᠤᠯᠤᠯᠲᠠ ᠳᠤ ︽ᠬᠠᠰᠤᠬᠤ ᠠᠷᠭ᠎ᠠ︾᠎ ᠶᠢ ᠬᠡᠷᠡᠭᠯᠡᠯ᠎ᠡ —            ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠᠷ ᠬᠥᠳᠡᠯᠭᠡᠭᠦᠷ ᠪᠣᠯᠭᠠᠨ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠦᠨ᠎ᠡ            ᠦᠬᠠᠢ ᠬᠤᠲᠠ ᠳᠠᠬᠢ ᠥᠪᠥᠷ ᠮᠣᠩᠭᠤᠯ ᠤᠨ ᠰᠠᠢ ᠰᠧ ᠫᠦ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠵᠢᠯ ᠳᠤ 30 ᠲᠦᠮᠡᠨ ᠲᠣᠨ ᠤᠰᠤᠲᠥ᠋ᠷᠥᠭᠴᠢ ᠶᠢᠨ ᠰᠠᠭᠤᠷᠢᠲᠤ ᠴᠡᠪᠡᠷ ᠰᠢᠷᠡᠮᠦ ᠴᠢᠳᠬᠤᠬᠤ ᠲᠥᠷᠥᠯ ᠵᠦᠢᠯ ᠤᠨ ᠦᠢᠯᠡᠳᠪᠦᠷᠢᠯᠡᠯ ᠤᠨ ᠲᠠᠯᠠᠪᠠᠢ ᠳᠤ ᠭᠠᠯ ᠤᠯᠠᠭᠠᠨ ᠲᠡᠮᠦᠷ ᠤᠨ ᠬᠠᠶᠢᠯᠤᠮᠠᠯ ᠵᠤᠤᠬᠠᠨ ᠠᠴᠠ ᠤᠷᠤᠰᠤᠨ ᠭᠠᠷᠤᠨ᠎ᠠ᠃ ᠡᠲᠡᠭᠡᠷ ᠲᠡᠮᠦᠷ ᠤᠨ ᠬᠠᠶᠢᠯᠤᠮᠠᠯ ᠢ ᠬᠥᠷᠥᠭᠡᠵᠦ ᠴᠠᠷᠴᠠᠭᠠᠭᠰᠠᠨ ᠤ ᠳᠠᠷᠠᠭ᠎ᠠ ᠳᠡᠭᠡᠳᠦ ᠴᠡᠪᠡᠷ ᠴᠢᠳᠬᠤᠮᠠᠯ ᠰᠢᠷᠡᠮᠦ ᠪᠤᠯᠭᠠᠵᠤ᠂ ᠲᠦᠷᠭᠡᠨ ᠤ ᠲᠡᠮᠦᠷ ᠵᠠᠮ᠂ ᠴᠥᠮ᠎ᠡ ᠶᠢᠨ ᠴᠠᠭᠢᠯᠭᠠᠨ᠂ ᠰᠠᠯᠬᠢᠨ ᠬᠦᠴᠦᠨ ᠤ ᠴᠠᠭᠢᠯᠭᠠᠨ ᠤ ᠴᠢᠳᠬᠤᠮᠠᠯ ᠲᠣᠨᠤᠭ ᠵᠡᠷᠭᠡ ᠳᠡᠭᠡᠳᠦ ᠲᠠᠰ ᠤᠨ ᠲᠣᠨᠣᠭᠯᠠᠯ ᠦᠶᠯᠡᠳᠭᠦ ᠬᠦᠷᠢᠶᠡᠨ ᠳᠤ ᠥᠷᠭᠡᠨ ᠢᠶᠠᠷ ᠬᠡᠷᠡᠭᠯᠡᠬᠦ ᠪᠣᠯᠣᠨ᠎ᠠ᠃            ᠶᠡᠷᠦ ᠪᠤᠰᠤ ᠶᠢᠨ ᠵᠦᠢᠯ ᠭᠡᠪᠡᠯ᠂ ᠡᠨᠡ ᠬᠦ ᠦᠢᠯᠡᠳᠪᠦᠷᠢᠯᠡᠯ ᠤᠨ ᠶᠠᠪᠤᠴᠠ ᠳᠤ ︽ᠤᠰᠤᠲᠥ᠋ᠷᠥᠭᠴᠢ ᠪᠠᠷ ᠲᠡᠮᠦᠷᠯᠢᠭ ᠬᠠᠶᠢᠯᠤᠭᠤᠯᠬᠤ︾ ᠤᠷ᠎ᠠ ᠮᠡᠷᠭᠡᠵᠢᠯ ᠢ ᠬᠡᠷᠡᠭᠯᠡᠵᠦ᠂ ᠤᠰᠤᠲᠥ᠋ᠷᠥᠭᠴᠢ ᠪᠠᠷ ᠤᠯᠠᠮᠵᠢᠯᠠᠯᠲᠤ ᠨᠡᠭᠦᠷᠡᠰᠦᠲᠥ᠋ᠷᠥᠭᠴᠢ ᠶᠢ ᠣᠷᠣᠯᠠᠭᠤᠯᠤᠨ ᠲᠡᠮᠦᠷᠯᠢᠭ ᠬᠠᠶᠢᠯᠤᠭᠤᠯᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠵᠢᠯ ᠪᠦᠷᠢ 11.2 ᠲᠦᠮᠡᠨ ᠲᠣᠨ ᠪᠠᠭᠤᠷᠠᠭᠤᠯᠪᠠ᠃             ︽ᠣᠳᠣᠬᠠᠨ ᠳᠤ ᠪᠢᠳᠡᠨ ᠤ ᠠᠰᠢᠭᠯᠠᠯᠲᠠ ᠳᠤ ᠣᠷᠣᠭᠤᠯᠤᠭᠰᠠᠨ ᠤᠷ᠎ᠠ ᠮᠡᠷᠭᠡᠵᠢᠯ ᠨᠢᠭᠡᠨᠲᠡ 20%᠎ ᠶᠢᠨ ᠤᠰᠤᠲᠥ᠋ᠷᠥᠭᠴᠢ ᠪᠠᠷ ᠨᠡᠭᠦᠷᠡᠰᠦᠲᠥ᠋ᠷᠥᠭᠴᠢ ᠶᠢ ᠣᠷᠣᠯᠠᠭᠤᠯᠵᠤ ᠲᠡᠮᠦᠷᠯᠢᠭ ᠬᠠᠶᠢᠯᠤᠭᠤᠯᠬᠤ ᠶᠢ ᠪᠡᠶᠡᠯᠡᠭᠦᠯᠪᠡ᠂ 2025 ᠣᠨ ᠪᠤᠯᠬᠤ ᠳᠤ ᠪᠢᠳᠡ ᠪᠦᠭᠦ ᠤᠰᠤᠲᠥ᠋ᠷᠥᠭᠴᠢ ᠶᠢ ᠠᠵᠤ ᠦᠢᠯᠡᠳᠪᠦᠷᠢᠵᠢᠭᠦᠯᠦᠨ ᠬᠠᠶᠢᠯᠤᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠵᠢᠯ ᠳᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ 50 ᠭᠠᠷᠤᠢ ᠲᠦᠮᠡᠨ ᠲᠣᠨ ᠪᠠᠭᠤᠷᠠᠭᠤᠯᠤᠨ᠎ᠠ᠃ ᠲᠤᠬᠠᠢ ᠶᠢᠨ ᠦᠶ᠎ᠡ ᠳᠤ ᠪᠢᠳᠡ ᠨᠡᠭᠦᠷᠡᠰᠦᠲᠥ᠋ᠷᠥᠭᠴᠢ ᠶᠢᠨ ᠭᠦᠢᠴᠡᠳᠬᠡᠯ ᠲᠤᠭ᠎ᠠ ᠶᠢ ᠬᠤᠳᠠᠯᠳᠤᠵᠤ ᠪᠣᠯᠣᠨ᠎ᠠ ᠰᠢᠤ︾ ᠭᠡᠵᠦ ᠰᠠᠢ ᠰᠧ ᠫᠦ᠋ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠵᠧᠦ ᠬᠠᠢ ᠴᠤᠸᠠᠨ ᠶᠠᠷᠢᠨ᠎ᠠ᠃            ᠪᠠᠭ᠎ᠠ ᠨᠡᠭᠦᠷᠡᠰᠦᠲᠥ᠋ᠷᠥᠭᠴᠢ ᠠᠴᠠ ᠨᠡᠭᠦᠷᠡᠰᠦᠲᠥ᠋ᠷᠥᠭᠴᠢ ᠦᠭᠡᠢ ᠪᠤᠯᠲᠠᠯ᠎ᠠ᠂ ᠲᠡᠮᠦᠷ ᠬᠤᠳᠠᠯᠳᠤᠬᠤ ᠠᠴᠠ ᠨᠡᠭᠦᠷᠡᠰᠦᠲᠥ᠋ᠷᠥᠭᠴᠢ ᠶᠢᠨ ᠭᠦᠢᠴᠡᠳᠬᠡᠯ ᠲᠤᠭ᠎ᠠ ᠶᠢ ᠬᠤᠳᠠᠯᠳᠤᠬᠤ ᠬᠦᠷᠲᠡᠯᠡᠬᠢ ᠰᠠᠢ ᠰᠧ ᠫᠦ᠋ ᠶᠢᠨ ︽ᠬᠤᠣᠰ ᠨᠡᠭᠦᠷᠡᠰᠦᠲᠥ᠋ᠷᠥᠭᠴᠢ︾᠎ ᠶᠢᠨ ᠵᠠᠮ ᠪᠣᠯ ᠮᠥᠨ ᠴᠤ ᠮᠠᠨ ᠤ ᠣᠷᠣᠨ ᠤ ᠡᠷᠡᠮᠡᠬᠡᠶᠢᠯᠡᠨ ᠤᠷᠤᠭᠰᠢᠯᠠᠬᠤ ᠵᠠᠮ ᠪᠤᠯᠬᠤ ᠶᠤᠮ᠃             ︽ᠬᠤᠣᠰ ᠨᠡᠭᠦᠷᠡᠰᠦᠲᠥ᠋ᠷᠥᠭᠴᠢ︾᠎ ᠶᠢᠨ ᠬᠠᠷᠠᠯᠲᠠ ᠶᠢ ᠪᠡᠶᠡᠯᠡᠭᠦᠯᠬᠦ ᠳᠤ ᠡᠨᠧᠷᠭᠢ ᠶᠢᠨ ᠬᠦᠷᠢᠶ᠎ᠡ ᠪᠣᠯ ᠭᠤᠣᠯ ᠳᠠᠶᠢᠯᠠᠯᠳᠤᠭᠠᠨ ᠤ ᠲᠠᠯᠠᠪᠤᠷ ᠪᠤᠯᠬᠤ ᠨᠢ ᠳᠠᠮᠵᠢᠭ ᠦᠭᠡᠢ᠂ ᠮᠠᠨ ᠤ ᠣᠷᠣᠨ ᠡᠨᠡ ᠬᠦ ᠬᠦᠷᠢᠶᠡᠨ ᠳᠤ ᠬᠦᠴᠦᠨ ᠪᠦᠬᠦᠢ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠨ᠎ᠠ᠃            — ᠡᠨᠧᠷᠭᠢ ᠶᠢᠨ ᠬᠤᠷᠣᠭᠳᠠᠭᠤᠯᠤᠯ ᠢᠶᠠᠷ ᠶᠡᠭᠡ᠂ ᠪᠣᠬᠢᠷᠳᠤᠯ ᠶᠡᠬᠡᠲᠡᠢ ᠠᠵᠤ ᠠᠬᠤᠶᠢᠯᠠᠯ ᠳᠤ ︽ᠬᠤᠷᠴᠠ ᠰᠡᠯᠡᠮ᠎ᠡ︾ ᠭᠠᠷᠭᠠᠪᠠ᠃ ︽ᠬᠤᠶᠠᠷ ᠥᠨᠳᠥᠷ︾ ᠲᠥᠷᠥᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠵᠤ᠂ ︽ᠨᠢᠭᠡ ᠪᠦᠯᠦᠭ ᠢ ᠬᠤᠷᠢᠭᠯᠠᠬᠤ᠂ ᠨᠢᠭᠡ ᠪᠦᠯᠦᠭ ᠢ ᠰᠣᠯᠢᠬᠤ᠂ ᠨᠢᠭᠡ ᠪᠦᠯᠦᠭ ᠢ ᠬᠤᠶᠢᠰᠢᠯᠠᠭᠤᠯᠬᠤ︾᠎ ᠪᠠᠷ ᠳᠠᠮᠵᠢᠨ ︽ᠬᠤᠶᠠᠷ ᠥᠨᠳᠥᠷ︾ ᠠᠵᠤ ᠦᠢᠯᠡᠰ ᠤᠨ ᠬᠡᠪᠴᠢᠶ᠎ᠡ ᠶᠢ ᠵᠦᠢ ᠵᠣᠬᠢᠰᠲᠠᠢ ᠡᠵᠡᠮᠳᠡᠵᠦ᠂ ᠲᠣᠭᠲᠠᠭᠠᠯ ᠠᠴᠠ ᠵᠥᠷᠢᠴᠡᠭᠰᠡᠨ ︽ᠬᠤᠶᠠᠷ ᠥᠨᠳᠥᠷ︾ ᠲᠥᠷᠥᠯ ᠵᠦᠢᠯ ᠢ ᠴᠡᠭᠴᠡᠯᠡᠨ ᠰᠠᠶᠢᠵᠢᠷᠠᠭᠤᠯᠵᠤ ︽ᠦᠭᠡᠢ︾ ᠪᠤᠯᠭᠠᠬᠤ ᠶᠢ ᠠᠬᠢᠭᠤᠯᠪᠠ᠃            — ᠡᠨᠧᠷᠭᠢ ᠶᠢᠨ ᠠᠰᠢᠭᠯᠠᠮᠵᠢ ᠶᠢᠨ ᠲᠦᠪᠰᠢᠨ ᠢ ᠳᠡᠭᠡᠭᠰᠢᠯᠡᠭᠦᠯᠭᠦ ᠪᠠᠷ ᠬᠦᠴᠦᠯᠡᠪᠡ᠃ ᠠᠵᠤ ᠦᠢᠯᠡᠳᠪᠦᠷᠢ ᠶᠢᠨ ᠬᠦᠷᠢᠶᠡᠨ ᠳᠠᠬᠢ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠠᠷᠢᠯᠭᠠᠬᠤ 3 ᠵᠢᠯ ᠤᠨ ᠲᠥᠯᠥᠪᠯᠡᠭᠡ᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠯᠥᠪᠯᠡᠭᠡ᠂ ᠨᠡᠭᠦᠷᠡᠰᠦ ᠴᠠᠭᠢᠯᠭᠠᠨ ᠤ ᠡᠨᠧᠷᠭᠢ ᠠᠷᠪᠢᠯᠠᠵᠤ ᠬᠤᠷᠣᠭᠳᠠᠭᠤᠯᠤᠯ ᠢ ᠪᠠᠭᠠᠰᠬᠠᠬᠤ ᠪᠠ ᠠᠮᠢᠳᠤᠯᠢᠭ ᠴᠢᠨᠠᠷᠲᠠᠢ ᠪᠠᠷ ᠥᠭᠡᠷᠡᠴᠢᠯᠡᠬᠦ ᠵᠡᠷᠭᠡ ᠠᠯᠢ ᠤᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠵᠡᠢ᠃            2021 ᠣᠨ ᠳᠤ᠂ ᠮᠠᠨ ᠤ ᠣᠷᠣᠨ 206 ᠲᠦᠮᠡᠨ ᠲᠣᠨ ᠴᠠᠬᠢᠯᠠᠭᠤᠷ ᠴᠢᠯᠠᠭᠤ᠂ 33 ᠲᠦᠮᠡᠨ ᠲᠣᠨ ᠲᠡᠮᠦᠷ ᠤᠨ ᠬᠠᠶᠢᠯᠤᠰᠢ᠂ 60 ᠲᠦᠮᠡᠨ ᠲᠣᠨ ᠬᠡᠦᠷᠡᠰᠦ ᠶᠢᠨ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠤᠬᠤᠷᠢᠭᠤᠯᠤᠨ ᠭᠠᠷᠭᠠᠵᠤ᠂ 8.6 ᠲᠦᠮᠡᠨ ᠺᠢᠯᠣᠸᠠᠲ ᠬᠤᠴᠤᠷᠤᠩᠭᠤᠢ ᠨᠡᠭᠦᠷᠡᠰᠦ ᠴᠠᠭᠢᠯᠭᠠᠨ ᠤ ᠮᠠᠰᠢᠨ ᠴᠣᠭᠴᠠᠯᠠᠪᠤᠷᠢ ᠶᠢ ᠰᠢᠭᠰᠢᠭᠳᠡᠭᠦᠯᠪᠡ᠃ ᠮᠠᠨ ᠤ ᠣᠷᠣᠨ ᠤ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾ ᠭᠦᠢᠴᠡᠳᠬᠡᠯ ᠲᠤᠭ᠎ᠠ ᠪᠦᠭᠦ ᠤᠯᠤᠰ ᠤᠨ ᠰᠡᠭᠦᠯ ᠣᠷᠴᠢᠮ ᠳᠤ ᠣᠷᠣᠵᠤ ᠪᠠᠶᠢᠭᠰᠠᠨ ᠠᠴᠠ ᠪᠠᠨ ᠲᠦᠷᠦᠭᠦᠯᠡᠵᠦ᠂ ᠡᠨᠧᠷᠭᠢ ᠶᠢᠨ ᠬᠤᠷᠣᠭᠳᠠᠭᠤᠯᠤᠯ ᠡᠮᠬᠢ ᠵᠠᠮᠪᠠᠷᠠᠭ᠎ᠠ ᠦᠭᠡᠢ ᠨᠡᠮᠡᠭᠳᠡᠵᠦ ᠪᠠᠶᠢᠭᠰᠠᠨ ᠪᠠᠶᠢᠳᠠᠯ ᠢ ᠪᠦᠳᠦᠮᠵᠢᠳᠠᠢ ᠬᠤᠪᠢᠷᠠᠭᠤᠯᠪᠠ᠃            ᠨᠡᠭᠦᠷᠡᠰᠦᠲᠥ᠋ᠷᠥᠭᠴᠢ ᠶᠢ ᠪᠠᠭᠠᠰᠬᠠᠵᠤ ᠬᠤᠷᠣᠭᠳᠠᠭᠤᠯᠤᠯ ᠢ ᠪᠠᠭᠠᠰᠬᠠᠬᠤ ᠨᠢ ᠦᠢᠯᠡᠳᠪᠦᠷᠢᠯᠡᠯ ᠤᠨ ᠴᠢᠳᠠᠪᠤᠷᠢ ᠶᠢ ᠪᠠᠭᠠᠰᠬᠠᠬᠤ ᠶᠠᠪᠤᠳᠠᠯ ᠤᠬᠲᠤ ᠪᠢᠰᠢ᠂ ᠬᠠᠷᠢᠨ ᠲᠥᠪᠯᠡᠷᠡᠭᠦᠯᠦᠨ ᠡᠷᠴᠢᠮᠵᠢᠭᠦᠯᠬᠦ ᠲᠠᠯ᠎ᠠ ᠪᠠᠷ ᠰᠢᠪᠲᠤᠯᠤᠯᠲᠠ ᠭᠠᠷᠭᠠᠨ᠂ ᠪᠣᠬᠢᠷᠳᠤᠯ ᠦᠭᠡᠢ ᠦᠢᠯᠡᠳᠪᠦᠷᠢᠯᠡᠯ ᠤᠨ ᠬᠦᠴᠦᠨ ᠪᠠ ᠰᠢᠨ᠎ᠡ ᠬᠥᠳᠡᠯᠭᠡᠭᠦ ᠡᠨᠧᠷᠭᠢ ᠶᠢᠨ ᠣᠷᠣᠯᠠᠬᠤ ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠵᠦ᠂ ᠤᠯᠠᠮᠵᠢᠯᠠᠯᠲᠤ ᠬᠥᠭᠵᠢᠯᠲᠡ ᠶᠢᠨ ᠠᠷᠭ᠎ᠠ ᠵᠠᠮ ᠳᠤ ᠲᠦᠰᠢᠭᠯᠡᠬᠦ ᠠᠴᠠ ᠠᠩᠭᠢᠵᠢᠷᠠᠵᠤ᠂ ᠦᠢᠯᠡᠳᠪᠦᠷᠢᠯᠡᠯ ᠠᠮᠢᠳᠤᠷᠠᠯ ᠤᠨ ᠪᠦᠭᠦ ᠲᠠᠯ᠎ᠠ ᠶᠢ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠬᠦ ᠶᠠᠪᠤᠳᠠᠯ ᠪᠤᠯᠬᠤ ᠶᠤᠮ᠃            ᠨᠡᠭᠦᠷᠡᠰᠦᠲᠥ᠋ᠷᠥᠭᠴᠢ ᠶᠢ ᠪᠠᠭᠠᠰᠬᠠᠬᠤ ᠳᠤ ᠰᠣᠬᠤᠷ ᠪᠠᠯᠠᠢ ᠪᠠᠷ ᠬᠢᠵᠦ ᠪᠤᠯᠬᠤ ᠦᠭᠡᠢ᠂ ᠬᠠᠷᠢᠨ ᠤᠷᠢᠳ ᠎ ᠢᠶᠠᠷ ᠪᠠᠶᠢᠭᠤᠯᠵᠤ ᠳᠠᠷᠠᠭ᠎ᠠ ᠨᠢ ᠰᠢᠪᠲᠤᠯᠵᠤ᠂ ᠯᠠᠪᠳᠠᠭᠤᠨ ᠢᠶᠠᠷ ᠠᠬᠢᠭᠤᠯᠵᠤ᠂ ᠡᠨᠧᠷᠭᠢ ᠶᠢᠨ ᠠᠮᠤᠷ ᠲᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ ᠰᠢᠨ᠎ᠡ ᠬᠠᠭᠤᠴᠢᠨ ᠡᠨᠧᠷᠭᠢ ᠶᠢ ᠡᠮᠬᠢ ᠵᠢᠷᠤᠮ ᠲᠠᠢ ᠪᠠᠷ ᠣᠷᠣᠯᠠᠭᠤᠯᠬᠤ ᠶᠠᠪᠤᠳᠠᠯ ᠪᠣᠯᠣᠨ᠎ᠠ᠃            ᠠᠭᠠᠭᠢᠮ᠎ᠠ ᠬᠠᠯᠠᠭᠤᠨ ᠵᠤᠨ ᠤ ᠡᠳᠦᠷ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠯᠦᠩ ᠮᠠ ᠳᠡᠭᠡᠳᠦ ᠲᠠᠰ ᠤᠨ ᠲᠣᠨᠣᠭᠯᠠᠯ ᠦᠶᠯᠡᠳᠭᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠶ ᠭᠦᠷ ᠬᠥᠭᠵᠢᠶᠡᠨ ᠢᠶᠠᠷ ᠪᠢᠯᠬᠠᠨ᠎ᠠ᠃ 10 ᠲᠦᠮᠡᠨ ᠲᠡᠭᠰᠢ ᠳᠥᠷᠪᠡᠯᠵᠢᠨ ᠮᠧᠲᠷ ᠤᠨ ᠭᠠᠩᠨᠠᠬᠤ ᠲᠠᠰᠤᠭ ᠪᠣᠯᠣᠨ 14 ᠲᠦᠮᠡᠨ ᠲᠡᠭᠰᠢ ᠳᠥᠷᠪᠡᠯᠵᠢᠨ ᠮᠧᠲᠷ ᠤᠨ ᠰᠠᠯᠬᠢᠨ ᠳᠡᠯᠪᠢ ᠶᠢᠨ ᠲᠠᠰᠤᠭ ᠠᠰᠢᠭᠯᠠᠯᠲᠠ ᠳᠤ ᠣᠷᠣᠬᠤ ᠪᠣᠯᠣᠯ᠎ᠠ᠃ 185 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠭᠰᠡᠨ ᠡᠨᠡ ᠬᠦ ᠰᠠᠭᠤᠷᠢᠨ ᠨᠢ ᠰᠠᠯᠬᠢᠨ ᠬᠦᠴᠦᠨ ᠤ ᠴᠠᠭᠢᠯᠭᠠᠨ ᠤ ᠲᠣᠨᠣᠭᠯᠠᠯ ᠦᠶᠯᠡᠳᠭᠦ 11 ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠢ ᠲᠠᠲᠠᠵᠤ᠂ ᠭᠤᠣᠯ ᠮᠠᠰᠢᠨ ᠠᠴᠠ ᠰᠤᠪᠤᠷᠭᠠᠨ ᠲᠦᠩᠰᠡ ᠭᠦᠷᠲᠡᠯ᠎ᠡ᠂ ᠬᠤᠷᠳᠤᠴᠠ ᠪᠠᠭᠤᠷᠠᠭᠤᠯᠬᠤ ᠮᠠᠰᠢᠨ ᠠᠴᠠ ᠰᠠᠯᠬᠢᠨ ᠳᠡᠯᠪᠢ ᠭᠦᠷᠲᠡᠯ᠎ᠡ ᠴᠥᠮ ᠪᠠᠶᠢᠵᠤ᠂ ᠲᠦᠩᠯᠢᠶᠣᠣ ᠬᠤᠲᠠ ᠴᠢᠨᠠᠭᠰᠢᠯᠠᠪᠠᠯ ᠪᠦᠭᠦ ᠣᠷᠣᠨ ᠤ ᠰᠠᠯᠬᠢᠨ ᠬᠦᠴᠦᠨ ᠤ ᠴᠠᠭᠢᠯᠭᠠᠨ ᠤ ᠲᠣᠨᠣᠭᠯᠠᠯ ᠦᠶᠯᠡᠳᠭᠦ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠤᠭᠤᠰᠤᠨ ᠢ ᠨᠥᠬᠦᠪᠦᠷᠢᠯᠡᠭᠰᠡᠨ ᠪᠠᠶᠢᠨ᠎ᠠ᠃ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠪᠦᠭᠦᠨ ᠢ ᠪᠡᠶᠡᠯᠡᠭᠦᠯᠦᠭᠰᠡᠨ ᠤ ᠳᠠᠷᠠᠭ᠎ᠠ ᠲᠤᠰ ᠰᠠᠭᠤᠷᠢᠨ ᠨᠢ ᠪᠦᠭᠦ ᠳᠡᠯᠡᠬᠡᠢ ᠶᠢᠨ ᠬᠡᠪᠴᠢᠶ᠎ᠡ ᠪᠠᠷ ᠬᠠᠮᠤᠭ ᠤᠨ ᠶᠡᠭᠡ᠂ ᠠᠵᠤ ᠦᠢᠯᠡᠰ ᠤᠨ ᠬᠡᠯᠬᠢᠶ᠎ᠡ ᠪᠠᠷ ᠬᠠᠮᠤᠭ ᠤᠨ ᠪᠦᠷᠢᠨ ᠰᠠᠯᠬᠢᠨ ᠬᠦᠴᠦᠨ ᠤ ᠴᠠᠭᠢᠯᠭᠠᠨ ᠤ ᠲᠣᠨᠣᠭᠯᠠᠯ ᠦᠶᠯᠡᠳᠭᠦ ᠠᠵᠤ ᠦᠢᠯᠡᠰ ᠤᠨ ᠪᠦᠯᠦᠭᠯᠡᠯ ᠪᠣᠯᠵᠤ ᠰᠡᠬᠦᠶᠢᠨ ᠰᠦᠨᠳᠡᠷᠯᠡᠬᠦ ᠪᠣᠯᠣᠨ᠎ᠠ᠃            ᠮᠠᠨ ᠤ ᠣᠷᠣᠨ ᠠᠵᠤ ᠦᠢᠯᠡᠰ ᠤᠨ ᠪᠦᠲᠦᠴᠡ ᠪᠠ ᠡᠨᠧᠷᠭᠢ ᠶᠢᠨ ᠪᠦᠲᠦᠴᠡ ᠶᠢ ᠢᠳᠡᠪᠬᠢᠲᠡᠢ ᠲᠣᠬᠢᠷᠠᠭᠤᠯᠵᠤ᠂ ᠰᠠᠯᠬᠢ ᠭᠡᠷᠡᠯ ᠤᠰᠤᠲᠥ᠋ᠷᠥᠭᠴᠢ ᠬᠠᠳᠠᠭᠠᠯᠠᠬᠤ ᠳᠥᠷᠪᠡᠨ ᠶᠡᠭᠡ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ᠂ ᠡᠨᠧᠷᠭᠢ ᠶᠢᠨ ᠬᠠᠩᠭᠠᠯᠭ᠎ᠠ ᠳᠠᠬᠢ ᠰᠢᠨ᠎ᠡ ᠡᠨᠧᠷᠭᠢ ᠶᠢᠨ ᠬᠠᠷᠢᠴᠠᠯ ᠢ ᠳᠡᠭᠡᠭᠰᠢᠯᠡᠭᠦᠯᠵᠤ᠂ 2021 ᠣᠨ ᠤ ᠰᠡᠭᠦᠯᠴᠢ ᠪᠤᠯᠬᠤ ᠳᠤ ᠪᠦᠭᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠪᠦᠭᠦ ᠤᠯᠤᠰ ᠲᠤ ᠲᠦᠷᠦᠭᠦᠯᠡᠪᠡ᠃            ᠮᠠᠨ ᠤ ᠣᠷᠣᠨ ᠡᠯᠪᠡᠭ ᠪᠠᠶᠠᠯᠢᠭ ᠨᠠᠷᠠᠠ ᠤ ᠡᠨᠧᠷᠭᠢ ᠰᠠᠯᠬᠢᠨ ᠬᠦᠴᠦᠨ ᠤ ᠡᠬᠢ ᠪᠠᠶᠠᠯᠢᠭ ᠲᠠᠭᠠᠨ ᠲᠦᠰᠢᠭᠯᠡᠨ᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠠᠩ ᠴᠤᠯᠭᠤᠢ ᠴᠠᠭᠢᠯᠭᠠᠨ ᠭᠠᠷᠭᠠᠵᠤ ᠴᠠᠭᠢᠯᠭᠠᠨ ᠬᠤᠳᠠᠯᠳᠤᠵᠤ ᠪᠠᠶᠢᠭᠰᠠᠨ ᠠᠴᠠ ᠪᠠᠨ ᠪᠦᠭᠦ ᠠᠵᠤ ᠦᠢᠯᠡᠰ ᠤᠨ ᠬᠡᠯᠬᠢᠶ᠎ᠡ ᠲᠡᠶᠢᠰᠢ ᠭᠦᠭᠵᠢᠭᠦ᠂ ᠤᠯᠠᠮᠵᠢᠯᠠᠯᠲᠤ ᠡᠨᠧᠷᠭᠢ ᠶᠢᠨ ᠲᠣᠮᠣ ᠣᠷᠣᠨ ᠠᠴᠠ ᠴᠡᠪᠡᠷ ᠡᠨᠧᠷᠭᠢ ᠶᠢᠨ ᠲᠣᠮᠣ ᠣᠷᠣᠨ ᠲᠡᠶᠢᠰᠢ ᠭᠦᠭᠵᠢᠭᠦ ᠶᠢ ᠠᠬᠢᠭᠤᠯᠤᠭᠰᠠᠨ ᠪᠠᠶᠢᠨ᠎ᠠ᠃            ᠬᠤᠷᠠᠮᠳᠤᠭᠤᠯᠭ᠎ᠠ ᠳᠤ ︽ᠨᠡᠮᠡᠭᠦ ᠠᠷᠭ᠎ᠠ︾᠎ ᠶᠢ ᠬᠡᠷᠡᠭᠯᠡᠯ᠎ᠡ —            ᠪᠦᠭᠦ ᠤᠯᠤᠰ ᠤᠨ ᠬᠠᠮᠤᠭ ᠤᠨ ᠲᠣᠭᠲᠠᠭᠤᠨ ᠨᠡᠭᠦᠷᠡᠰᠦᠲᠥ᠋ᠷᠥᠭᠴᠢ ᠬᠤᠷᠠᠮᠳᠤᠭᠤᠯᠵᠤ ᠬᠠᠩᠭᠠᠬᠤ ᠰᠠᠭᠤᠷᠢᠨ ᠎ ᠢ ᠪᠦᠲᠦᠭᠡᠨ ᠪᠠᠶᠢᠭᠤᠯᠤᠨ᠎ᠠ            ᠤᠢ ᠰᠢᠭᠤᠢ ᠶᠢᠨ ᠨᠡᠭᠦᠷᠡᠰᠦᠲᠥ᠋ᠷᠥᠭᠴᠢ ᠶᠢᠨ ᠬᠤᠷᠠᠮᠳᠤᠭᠤᠯᠭ᠎ᠠ ᠭᠡᠳᠡᠭ ᠪᠣᠯ ᠤᠢ ᠰᠢᠭᠤᠢ ᠶᠢᠨ ᠤᠷᠭᠤᠮᠠᠯ ᠠᠭᠠᠷ ᠮᠠᠨᠳᠠᠯ ᠳᠣᠲᠣᠷᠠᠬᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠬᠡᠨ ᠠᠪᠬᠤ ᠶᠢᠨ ᠬᠠᠮᠲᠤ ᠲᠡᠭᠦᠨ ᠎ ᠢ ᠤᠷᠭᠤᠮᠠᠯ ᠤᠨ ᠬᠤᠴᠢᠯᠭ᠎ᠠ ᠪᠤᠶᠤ ᠬᠥᠷᠥᠰᠥᠨ ᠳᠤ ᠲᠣᠭᠲᠠᠪᠤᠷᠢᠵᠢᠭᠤᠯᠵᠤ᠂ ᠡᠭᠦᠨ ᠤ ᠤᠯᠠᠮ ᠢᠶᠠᠷ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠠᠭᠠᠷ ᠮᠠᠨᠳᠠᠯ ᠳᠠᠬᠢ ᠥᠳᠬᠡᠴᠡ ᠶᠢ ᠪᠠᠭᠠᠰᠬᠠᠬᠤ ᠶᠢ ᠵᠢᠭᠠᠵᠤ ᠪᠠᠶᠢᠨ᠎ᠠ᠃ ᠣᠶ ᠰᠢᠭᠤᠢ ᠪᠣᠯ ᠡᠬᠡ ᠬᠠᠭᠤᠷᠠᠢ ᠶᠢᠨ ᠠᠮᠢ ᠠᠬᠤᠢ ᠶᠢᠨ ᠰᠢᠰᠲ᠋ᠧᠮ ᠤᠨ ᠭᠤᠣᠯ ᠴᠣᠭᠴᠠ᠂ ᠮᠥᠨ ᠴᠤ ᠬᠠᠮᠤᠭ ᠤᠨ ᠲᠣᠮᠣ ︽ᠨᠡᠭᠦᠷᠡᠰᠦᠲᠥ᠋ᠷᠥᠭᠴᠢ ᠬᠠᠳᠠᠭᠠᠯᠠᠬᠤ ᠬᠥᠮᠥᠷᠭᠡ︾ ᠪᠠ ᠬᠠᠮᠤᠭ ᠤᠨ ᠬᠢᠮᠳᠠ ︽ᠨᠡᠭᠦᠷᠡᠰᠦᠲᠥ᠋ᠷᠥᠭᠴᠢ ᠰᠢᠩᠭᠡᠭᠡᠭᠴᠢ︾ ᠪᠠᠶᠢᠵᠤ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠠᠵᠢ᠃            ᠮᠠᠨ ᠤ ᠣᠷᠣᠨ ᠤ ᠣᠨᠴᠠᠭᠠᠶ ᠭᠠᠵᠠᠷ ᠵᠦᠢ ᠶᠢᠨ ᠪᠠᠶᠢᠷᠢᠯᠠᠯ᠂ ᠭᠠᠵᠠᠷ ᠤᠨ ᠭᠠᠳᠠᠷᠭᠤ ᠪᠠ ᠠᠭᠤᠷ ᠠᠮᠢᠰᠬᠤᠯ ᠎ ᠤᠨ ᠣᠷᠴᠢᠨ ᠲᠣᠭᠤᠷᠢᠨ ᠨᠢ ᠥᠷᠭᠡᠨ ᠠᠭᠤᠳᠠᠮ ᠨᠤᠲᠤᠭ ᠪᠡᠯᠴᠢᠭᠡᠷ᠂ ᠢᠭᠴᠤ ᠰᠠᠬᠤᠯᠢᠭ ᠣᠶ ᠰᠢᠭᠤᠢ᠂ ᠨᠡᠯᠦᠭᠡᠷ ᠶᠡᠭᠡ ᠡᠯᠡᠰᠦᠨ ᠴᠥᠯ ᠪᠠ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠢ ᠪᠤᠶ ᠪᠤᠯᠭᠠᠵᠤ᠂ ᠥᠪᠡᠷᠮᠢᠴᠡ ᠣᠨᠴᠠᠯᠢᠭ ᠲᠠᠢ ᠠᠮᠢᠲᠠᠨ ᠤᠷᠭᠤᠮᠠᠯ ᠤᠨ ᠲᠥᠷᠥᠯ ᠢ ᠪᠣᠶᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠬᠠᠮᠤᠭ ᠎ ᠤᠨ ᠲᠣᠮᠣ ᠠᠮᠢ ᠠᠬᠤᠢ ᠶᠢᠨ ᠰᠢᠰᠲ᠋ᠧᠮ ᠤᠨ ︽ᠨᠡᠭᠦᠷᠡᠰᠦᠲᠥ᠋ᠷᠥᠭᠴᠢ ᠶᠢᠨ ᠬᠥᠮᠥᠷᠭᠡ︾ ᠪᠣᠯᠵᠠᠢ᠃            ᠲᠥᠰᠥᠭᠡᠯᠡᠭᠰᠡᠨ ᠢᠶᠠᠷ᠂ ᠪᠦᠭᠦ ᠣᠷᠣᠨ ᠤ ᠣᠶᠢᠲᠤ ᠭᠠᠵᠠᠷ᠂ ᠨᠤᠲᠤᠭ ᠪᠡᠯᠴᠢᠭᠡᠷ᠂ ᠨᠤᠭᠤ ᠭᠠᠵᠠᠷ ᠤᠨ ᠨᠡᠭᠦᠷᠡᠰᠦᠲᠥ᠋ᠷᠥᠭᠴᠢ ᠶᠢᠨ ᠶᠡᠷᠦᠩᠬᠡᠢ ᠬᠠᠳᠠᠭᠠᠯᠠᠭᠳᠠᠴᠠ 105.49 ᠳ᠋ᠦᠩᠰᠢᠭᠤᠷ ᠲᠣᠨ ᠪᠠᠶᠢᠵᠤ᠂ ᠪᠦᠭᠦ ᠤᠯᠤᠰ ᠎ ᠤᠨ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠨᠡᠭᠦᠷᠡᠰᠦᠲᠥ᠋ᠷᠥᠭᠴᠢ ᠶᠢᠨ ᠬᠠᠳᠠᠭᠠᠯᠠᠭᠳᠠᠴᠠ ᠶᠢᠨ 11.91%᠎ ᠶᠢ ᠡᠵᠡᠯᠡᠵᠦ᠂ ᠪᠦᠭᠦ ᠤᠯᠤᠰ ᠲᠤ ᠳᠡᠳ᠋ᠯᠡᠵᠦ ᠪᠤᠢ᠃ 2020 ᠣᠨ ᠳᠤ ᠪᠦᠭᠦ ᠣᠷᠣᠨ ᠤ ᠣᠶᠢᠲᠤ ᠭᠠᠵᠠᠷ᠂ ᠨᠤᠲᠤᠭ ᠪᠡᠯᠴᠢᠭᠡᠷ᠂ ᠨᠤᠭᠤ ᠭᠠᠵᠠᠷ ᠤᠨ ᠨᠡᠭᠦᠷᠡᠰᠦᠲᠥ᠋ᠷᠥᠭᠴᠢ ᠬᠤᠷᠠᠮᠳᠤᠭᠤᠯᠤᠭᠰᠠᠨ ᠬᠡᠮᠵᠢᠶ᠎ᠡ 1.19 ᠳ᠋ᠦᠩᠰᠢᠭᠤᠷ ᠲᠣᠨ ᠪᠠᠶᠢᠵᠤ᠂ ᠪᠦᠭᠦ ᠤᠯᠤᠰ ᠤᠨ ᠣᠶᠢᠲᠤ ᠭᠠᠵᠠᠷ᠂ ᠨᠤᠲᠤᠭ ᠪᠡᠯᠴᠢᠭᠡᠷ᠂ ᠨᠤᠭᠤ ᠭᠠᠵᠠᠷ ᠤᠨ ᠨᠡᠭᠦᠷᠡᠰᠦᠲᠥ᠋ᠷᠥᠭᠴᠢ ᠬᠤᠷᠠᠮᠳᠤᠭᠤᠯᠤᠭᠰᠠᠨ ᠬᠡᠮᠵᠢᠶ᠎ᠡ ᠶᠢᠨ 9.44%᠎ ᠶᠢ ᠡᠵᠡᠯᠡᠵᠦ᠂ ᠪᠦᠭᠦ ᠤᠯᠤᠰ ᠤᠨ ᠲᠡᠷᠢᠭᠦᠨ ᠎ ᠳᠤ ᠣᠷᠣᠪᠠ᠃            ᠨᠡᠭᠦᠷᠡᠰᠦᠲᠥ᠋ᠷᠥᠭᠴᠢ ᠶᠢᠨ ᠬᠠᠳᠠᠭᠠᠯᠠᠭᠳᠠᠴᠠ ᠪᠣᠯᠣᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠬᠡᠮᠵᠢᠶ᠎ᠡ ᠨᠢ ᠮᠠᠨ ᠤ ᠣᠷᠣᠨ ᠤ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠵᠤ ᠠᠬᠤᠢ ᠶᠢ ᠬᠥᠭᠵᠢᠭᠦᠯᠬᠦ᠂ ︽ᠬᠤᠣᠰ ᠨᠡᠭᠦᠷᠡᠰᠦᠲᠥ᠋ᠷᠥᠭᠴᠢ︾᠎ ᠶᠢᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠠᠢ᠃             ︽ᠮᠠᠨ ᠤ ᠣᠷᠣᠨ ᠪᠣᠯ ᠨᠡᠷ᠎ᠡ ᠨᠢᠳᠡᠷ ᠲᠡᠭᠡᠨ ᠨᠡᠶᠢᠴᠡᠭᠰᠡᠨ︿ᠨᠡᠭᠦᠷᠡᠰᠦᠲᠥ᠋ᠷᠥᠭᠴᠢ ᠶᠢᠨ ᠬᠥᠮᠥᠷᠭᠡ﹀ ᠮᠥᠨ᠂ ᠡᠯᠪᠡᠭ ᠪᠠᠶᠠᠯᠢᠭ ᠣᠯᠠᠨ ᠶᠠᠩᠵᠤ ᠶᠢᠨ ᠠᠮᠢ ᠠᠬᠤᠢ ᠶᠢᠨ ᠰᠢᠰᠲ᠋ᠧᠮ ᠲᠠᠢ ᠪᠥᠭᠡᠳ ᠣᠯᠠᠨ ᠵᠢᠯ ᠤᠨ ᠲᠤᠷᠰᠢ ᠴᠥᠬᠦᠷᠡᠰᠢ ᠦᠭᠡᠢ ᠪᠠᠷᠢᠮᠲᠠᠯᠠᠭᠰᠠᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠨᠢ ᠨᠠᠩ ᠴᠤ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠲᠣᠭᠲᠠᠪᠤᠷᠢᠵᠢᠭᠤᠯᠬᠤ ᠦᠢᠯᠡᠳᠦᠯ ᠢ ᠪᠦᠲᠦᠮᠵᠢᠲᠡᠶ ᠳᠡᠭᠡᠭᠰᠢᠯᠡᠭᠦᠯᠵᠦ᠂ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠬᠡᠮᠵᠢᠶ᠎ᠡ ᠶᠢ ᠶᠡᠬᠡᠬᠡᠨ ᠳᠡᠭᠡᠭᠰᠢᠯᠡᠭᠦᠯᠪᠡ︾ ᠭᠡᠵᠦ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠨ᠎ᠠ᠃            — ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠪᠠ᠃ ᠮᠠᠨ ᠤ ᠣᠷᠣᠨ ᠪᠠᠶᠢᠭᠠᠯᠢ ᠶᠢᠨ ᠤᠢ᠂ ᠨᠡᠶᠢᠲᠡ ᠶᠢᠨ ᠠᠰᠠᠷᠠᠮᠵᠢ ᠶᠢᠨ ᠤᠢ ᠶᠢ ᠬᠤᠳᠠᠯᠳᠤᠭᠠᠨ ᠤ ᠴᠢᠨᠠᠷᠲᠠᠢ ᠪᠠᠷ ᠣᠭᠲᠣᠯᠬᠤ ᠶᠢ ᠪᠦᠭᠦ ᠲᠠᠯ᠎ᠠ ᠪᠠᠷ ᠵᠣᠭᠰᠣᠭᠠᠵᠤ᠂ ᠨᠤᠲᠤᠭ ᠪᠡᠯᠴᠢᠭᠡᠷ ᠢ ᠪᠦᠭᠦ ᠲᠠᠯ᠎ᠠ ᠪᠠᠷ ᠬᠠᠮᠠᠭᠠᠯᠠᠨ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ᠂ ᠮᠠᠯ ᠪᠡᠯᠴᠢᠭᠡᠷ ᠢ ᠲᠡᠩᠴᠡᠪᠦᠷᠢᠲᠡᠢ ᠪᠠᠶᠢᠯᠭᠠᠬᠤ ᠶᠢ ᠴᠢᠩᠭ᠎ᠠ ᠨᠠᠶᠢᠳᠠᠪᠤᠷᠢᠵᠢᠭᠤᠯᠪᠠ ; ᠣᠶ ᠰᠢᠭᠤᠢ ᠨᠤᠲᠤᠭ ᠪᠡᠯᠴᠢᠭᠡᠷ ᠢ ᠡᠪᠳᠡᠵᠦ ᠨᠤᠭᠤ ᠭᠠᠵᠠᠷ ᠢ ᠰᠦᠢᠳᠬᠡᠬᠦ ᠵᠡᠷᠭᠡ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠦᠢ ᠵᠣᠬᠢᠰ ᠦᠭᠡᠢ ᠪᠠᠷ ᠭᠠᠵᠠᠷ ᠰᠢᠷᠣᠢ ᠶᠢ ᠠᠰᠢᠭᠯᠠᠬᠤ᠂ ᠭᠠᠵᠠᠷ ᠰᠢᠷᠣᠢ ᠶᠢ ᠡᠪᠳᠡᠭᠦ ᠵᠡᠷᠭᠡ ᠠᠵᠢᠯᠯᠠᠭ᠎ᠠ ᠠᠴᠠ ᠪᠣᠯᠤᠭᠰᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠨ᠂ ᠡᠪᠡᠳᠴᠢᠨ ᠬᠤᠷᠣᠬᠠᠢ ᠬᠤᠯᠤᠭᠠᠨ᠎ᠠ ᠶᠢᠨ ᠬᠥᠨᠥᠭᠡᠯ ᠠᠴᠠ ᠪᠣᠯᠵᠤ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠵᠠᠢ᠃            — ᠬᠤᠷᠠᠮᠳᠤᠭᠤᠯᠭ᠎ᠠ ᠶᠢ ᠨᠡᠮᠡᠭᠳᠡᠭᠦᠯᠪᠡ᠃ ᠮᠠᠨ ᠤ ᠣᠷᠣᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠪᠠᠷ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠪᠣᠯᠣᠨ ᠲᠦᠷᠦᠯ ᠵᠦᠢᠯ ᠳᠤ ᠲᠦᠰᠢᠭᠯᠡᠨ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠶᠡᠭᠡ ᠬᠡᠪᠴᠢᠶ᠎ᠡ ᠪᠠᠷ ᠠᠬᠢᠭᠤᠯᠵᠤ᠂ ᠪᠦᠭᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠪᠦᠭᠦ ᠣᠷᠣᠨ ᠢᠶᠠᠷ ᠢᠶᠠᠨ ᠨᠡᠶᠢᠲᠡ 4736.74 ᠲᠦᠮᠡᠨ ᠮᠦ ᠭᠠᠵᠠᠷ ᠢ ᠣᠶᠢᠵᠢᠭᠤᠯᠵᠤ᠂ ᠵᠢᠯ ᠪᠦᠷᠢ ᠳᠤᠮᠳᠠᠴᠢ ᠪᠠᠷ 3000 ᠲᠦᠮᠡᠨ ᠮᠦ ᠡᠪᠡᠰᠦ ᠳᠠᠷᠢᠵᠤ᠂ ᠴᠥᠮ ᠪᠦᠭᠦ ᠤᠯᠤᠰ ᠲᠤ ᠲᠦᠷᠦᠭᠦᠯᠡᠭᠰᠡᠨ ᠪᠠᠶᠢᠨ᠎ᠠ᠃             ︽ᠮᠠᠨ ᠤ ᠣᠷᠣᠨ 2025 ᠣᠨ ᠪᠤᠯᠬᠤ ᠳᠤ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠎ ᠶᠢᠨ ᠡᠭᠦᠷᠭᠡ ᠶᠢ 1400 ᠲᠦᠮᠡᠨ ᠮᠦ ᠠᠴᠠ ᠳᠡᠭᠡᠭᠰᠢ ᠪᠡᠶᠡᠯᠡᠭᠦᠯᠵᠦ᠂ ᠣᠶ ᠰᠢᠭᠤᠢ ᠶᠢᠨ ᠶᠠᠰᠤ ᠴᠢᠨᠠᠷ ᠢ ᠳᠡᠭᠡᠭᠰᠢᠯᠡᠭᠦᠯᠭᠦ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ 2800 ᠲᠦᠮᠡᠨ ᠮᠦ ᠪᠡᠶᠡᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ 6500 ᠲᠦᠮᠡᠨ ᠮᠦ ᠪᠡᠶᠡᠯᠡᠭᠦᠯᠵᠦ᠂ ᠪᠦᠭᠦ ᠤᠯᠤᠰ ᠤᠨ︿ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ﹀ ᠬᠠᠮᠤᠭ ᠤᠨ ᠲᠣᠭᠲᠠᠭᠤᠨ ᠠᠮᠢ ᠠᠬᠤᠢ ᠶᠢᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠬᠠᠩᠭᠠᠯᠭ᠎ᠠ ᠶᠢᠨ ᠰᠠᠭᠤᠷᠢᠨ ᠢ ᠪᠦᠲᠦᠭᠡᠨ ᠪᠠᠶᠢᠭᠤᠯᠬᠤ ᠪᠠᠷ ᠴᠢᠷᠮᠠᠶᠢᠵᠤ ᠪᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠨ᠎ᠠ᠃            ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠵᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠨᠢ ᠵᠦᠪᠭᠡᠨ ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠤᠨ ᠶᠠᠪᠤᠳᠠᠯ ᠪᠢᠰᠢ ᠶᠤᠮ᠂ ᠠᠯᠪᠠᠨ ᠵᠢᠷᠤᠮ ᠤᠨ ᠮᠣᠳᠣ ᠲᠠᠷᠢᠬᠤ᠂ ᠫᠢᠯᠠ ᠬᠤᠭᠤᠰᠤᠯᠠᠬᠤ᠂ ᠤᠰᠤ ᠠᠷᠪᠢᠯᠠᠬᠤ ᠁ ᠬᠥᠮᠥᠨ ᠪᠣᠯᠭᠠᠨ ᠴᠥᠮ ︽ᠬᠤᠣᠰ ᠨᠡᠭᠦᠷᠡᠰᠦᠲᠦ᠋ᠷᠦᠭᠴᠢ︾᠎ ᠶᠢᠨ ᠦᠢᠯᠡᠳᠦᠯᠭᠡᠵᠢᠭᠦᠯᠦᠭᠴᠢ ᠪᠤᠯᠬᠤ ᠨᠢ ᠭᠠᠷᠴᠠᠭ᠎ᠠ ᠦᠭᠡᠢ᠃                  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号