ᠦᠨᠳᠦᠰᠦᠨ ᠱᠠᠲᠤᠨ ᠤ ᠶᠡᠭᠡ ᠵᠠᠰᠠᠯᠲᠠ ᠪᠣᠯ ᠠᠷᠠᠳ  ᠤᠨ ᠠᠮᠢᠳᠤᠷᠠᠯ  ᠤᠨ ᠵᠣᠯ ᠵᠢᠷᠭᠠᠯ
ᠨᠡᠶᠢᠲᠡᠯᠡᠭᠰᠡᠨ ᠴᠠᠭ᠄
2022/10/17
                       ᠵᠣᠬᠢᠶᠠᠭᠴᠢ᠄ ᠯᠢ ᠬᠠᠨ                                      ᠦᠨᠳᠦᠰᠦᠨ ᠱᠠᠲᠤ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠵᠦ᠂ ᠦᠨᠳᠦᠰᠦᠨ ᠱᠠᠲᠤ ᠠᠮᠤᠷ ᠲᠣᠭᠲᠠᠭᠤᠨ ᠪᠣᠯ ᠳᠠᠶᠠᠭᠠᠷ ᠢᠶᠠᠨ ᠠᠮᠤᠭᠤᠯᠠᠩ᠃            ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠪᠠᠷ ᠭᠤᠣᠯᠳᠠᠯᠭ᠎ᠠ ᠪᠤᠯᠭᠠᠵᠤ᠂ ᠦᠨᠳᠦᠰᠦᠨ ᠱᠠᠲᠤᠨ ᠤ ᠵᠠᠰᠠᠯᠲᠠ᠂ ᠲᠤᠤᠷᠵᠢᠭᠤᠯᠤᠯᠲᠠ ᠶᠢᠨ ᠦᠢᠯᠡᠴᠢᠯᠡᠭᠡ ᠬᠠᠮᠢᠶᠠᠷᠤᠯᠲᠠ ᠪᠠ ︽ᠭᠡᠭᠡᠨ ᠰᠠᠷᠠᠭᠤᠯ ᠢᠨᠵᠧᠨᠧᠷᠢᠩ︾ ᠎ ᠤᠨ ᠪᠠᠶᠢᠭᠤᠯᠤᠯᠲᠠ ᠵᠡᠷᠭᠡ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠵᠥᠷᠢᠴᠡᠯ ᠤᠨ ᠭᠡᠮ ᠰᠣᠭᠤᠭ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠵᠤ᠂ ᠬᠤᠲᠠ ᠶᠢᠨ ᠬᠡᠪᠴᠢᠶᠡᠨ ᠳᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ᠃            ᠲᠤᠤᠷᠵᠢᠭᠤᠯᠤᠯᠳᠠ ᠶᠢ ᠨᠠᠷᠢᠯᠢᠭᠵᠢᠭᠤᠯᠵᠤ ᠠᠷᠠᠳ ᠤᠨ ᠠᠮᠢᠳᠤᠷᠠᠯ ᠳᠤ ᠨᠠᠩ ᠰᠠᠶᠢᠲᠤᠷ ᠦᠢᠯᠡᠴᠢᠯᠡᠨ᠎ᠡ             ︽ᠴᠤᠭᠯᠠᠷᠠᠯ ᠳᠤ ᠪᠠᠶᠢᠭ᠎ᠠ ᠬᠥᠮᠥᠰ ᠠᠩᠬᠠᠷᠤᠭᠠᠷᠠᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠴᠢᠩᠭᠠᠳᠬᠠᠬᠤ ᠲᠠᠷᠢᠯᠭ᠎ᠠ ᠶᠢ ᠮᠠᠷᠭᠠᠰᠢ ᠠᠴᠠ ᠡᠬᠢᠯᠡᠨ ᠲᠠᠷᠢᠵᠤ ᠪᠣᠯᠣᠨ᠎ᠠ︾᠃             ︽ᠲᠠ ᠰᠠᠶᠢᠨ ᠦᠦ᠂ ᠲᠣᠭᠲᠠᠮᠠᠯ ᠪᠤᠰᠤ ᠪᠠᠷ ᠠᠵᠢᠯ ᠣᠯᠣᠭᠰᠠᠳ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠳᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠤᠨ 68 ᠳ᠋ᠤᠭᠠᠷ ᠴᠣᠩᠬᠤᠪᠴᠢ ᠳᠤ ᠬᠦᠷᠴᠦ ᠰᠦᠢᠳᠬᠡᠯ ᠲᠤᠰᠢᠶᠠᠬᠤ ᠬᠢᠨᠠᠨ ᠲᠣᠭᠲᠠᠭᠠᠯᠲᠠ ᠬᠢᠬᠦ ᠬᠡᠷᠡᠭᠲᠡᠢ︾᠃            ᠁            ᠬᠤᠤᠯᠢᠨ ᠭᠤᠣᠯ ᠬᠤᠲᠠ ᠶᠢᠨ ᠨᠥᠬᠦᠷᠯᠡᠯ ᠨᠡᠶᠢᠭᠡᠮ ᠲᠣᠭᠤᠷᠢᠭ ᠤᠨ ᠱᠦᠢ ᠮᠦ ᠺᠠᠩ ᠴᠢᠶᠣᠤ ᠰᠠᠭᠤᠭᠠᠯᠢ ᠠᠷᠠᠳ ᠤᠨ ᠲᠣᠭᠤᠷᠢᠭ ᠤᠨ ᠲᠤᠤᠷᠵᠢᠭᠤᠯᠤᠯᠳᠠ ᠶᠢᠨ ᠵᠢᠷᠭᠢᠶ᠎ᠡ ᠴᠤᠭᠯᠠᠷᠠᠯ  ᠢ ᠨᠡᠭᠡᠭᠡᠪᠡᠯ᠂ ᠲᠤᠤᠷᠵᠢᠭᠤᠯᠤᠯᠲᠠ ᠶᠢᠨ ᠠᠵᠢᠯᠲᠠᠨ ᠯᠢ ᠶᠠᠩ ᠤᠨ ᠶᠠᠪᠤᠭᠤᠯᠤᠭᠰᠠᠨ ᠡᠯ᠎ᠡ ᠲᠥᠷᠥᠯ ᠤᠨ ᠠᠷᠠᠳ ᠲᠤ ᠲᠥᠭᠦᠮ ᠦᠵᠡᠭᠦᠯᠭᠦ ᠮᠡᠳᠡᠭᠡ ᠵᠠᠩᠭᠢ ᠶᠢ ᠣᠯᠵᠤ ᠦᠵᠡᠨ᠎ᠡ᠃ ᠰᠠᠭᠤᠭᠠᠯᠢ ᠠᠷᠠᠳ ᠤᠨ ᠠᠰᠠᠭᠤᠵᠤ ᠯᠠᠪᠯᠠᠭᠰᠠᠨ ᠵᠦᠢᠯ ᠪᠦᠷᠢ ᠶᠢ ᠲᠡᠷᠡ ᠢᠮᠠᠭᠲᠠ ᠬᠦᠯᠢᠴᠡᠩᠭᠦᠢ ᠪᠥᠭᠡᠳ ᠨᠠᠷᠢᠨ ᠨᠢᠮᠪᠠᠢ ᠪᠠᠷ ᠬᠠᠷᠢᠭᠤᠯᠵᠤ᠂ ᠤᠯᠠᠨ ᠳᠤ ᠬᠠᠪᠰᠤᠷᠤᠯᠭ᠎ᠠ ᠳᠡᠮᠵᠢᠯᠭᠡ ᠦᠵᠡᠭᠦᠯᠳᠡᠭ ᠪᠠᠶᠢᠯ᠎ᠠ᠃ ᠡᠭᠦᠨ ᠠᠴᠠ ᠭᠠᠳᠠᠨ᠎ᠠ᠂ ᠡᠷᠦᠭᠡ ᠳᠤ ᠣᠷᠣᠵᠤ ᠲᠣᠭᠤᠷᠢᠨ ᠪᠠᠶᠢᠴᠠᠭᠠᠬᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠨ ᠠᠷᠢᠯᠭᠠᠬᠤ ᠵᠡᠷᠭᠡ ᠪᠣᠯ ᠮᠥᠨ ᠴᠦ ᠲᠡᠭᠦᠨ ᠤ ᠡᠭᠦᠷᠭᠡ ᠬᠠᠷᠢᠭᠤᠴᠠᠯᠭ᠎ᠠ ᠪᠣᠯᠣᠨ᠎ᠠ᠃            ᠥᠪᠥᠷ ᠮᠣᠩᠭᠤᠯ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ︽ᠶᠡᠷᠦᠩᠬᠡᠶᠢᠯᠡᠨ ᠵᠠᠰᠠᠬᠤ ᠲᠥᠪ ᠤᠨ ᠪᠦᠲᠦᠭᠡᠨ ᠪᠠᠶᠢᠭᠤᠯᠤᠯᠲᠠ ᠪᠠ ᠲᠤᠤᠷᠵᠢᠭᠤᠯᠤᠬᠰᠠᠨ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾᠎ ᠢ ᠨᠡᠶᠢᠲᠡᠯᠡᠵᠦ᠂ 1.3 ᠲᠦᠮᠡᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠎ ᠤ ᠵᠠᠰᠠᠯᠲᠠ ᠶᠢᠨ ᠲᠠᠪᠴᠠᠩ ᠢ ᠪᠠᠶᠢᠭᠤᠯᠤᠨ᠂ ᠨᠠᠮ ᠤᠨ ᠪᠠᠶᠢᠭᠤᠯᠤᠯᠲᠠ ᠶᠢᠨ ᠲᠤᠤᠷᠵᠢᠭᠤᠯᠤᠯᠳᠠ ᠪᠠ ᠶᠡᠷᠦᠩᠬᠡᠶᠢᠯᠡᠨ ᠵᠠᠰᠠᠬᠤ ᠲᠤᠤᠷᠵᠢᠭᠤᠯᠤᠯᠳᠠ ᠵᠡᠷᠭᠡ ︽ᠬᠤᠶᠠᠷ ᠲᠤᠤᠷᠵᠢᠭᠤᠯᠤᠯᠳᠠ ᠶᠢᠨ ᠠᠭᠤᠰᠤᠯᠴᠠᠯ︾ ᠎ ᠢ ᠠᠬᠢᠭᠤᠯᠵᠤ᠂ ᠬᠤᠲᠠ ᠪᠠᠯᠭᠠᠰᠤ᠂ ᠬᠥᠳᠡᠭᠡ ᠲᠣᠰᠬᠤᠨ᠂ ᠮᠠᠯᠵᠢᠬᠤ ᠣᠷᠣᠨ ᠤ ᠲᠤᠤᠷᠵᠢᠭᠤᠯᠤᠬᠰᠠᠨ ᠦᠢᠯᠡᠴᠢᠯᠡᠭᠡ ᠬᠠᠮᠢᠶᠠᠷᠤᠯᠲᠠ ᠶᠢ ᠦᠨᠳᠦᠰᠦᠨ ᠳᠡᠭᠡᠨ ᠪᠦᠷᠢᠨ ᠪᠦᠷᠬᠦᠭᠦᠯᠪᠡ᠃            ᠡᠨᠡ ᠬᠦ ᠰᠠᠭᠤᠷᠢᠨ ᠳᠡᠭᠡᠷ᠎ᠡ᠂ ᠥᠪᠥᠷ ᠮᠣᠩᠭᠤᠯ ᠬᠤᠲᠠ ᠶᠢᠨ ᠲᠣᠭᠤᠷᠢᠭ᠂ ᠲᠠᠷᠢᠶᠠᠯᠠᠬᠤ ᠣᠷᠣᠨ᠂ ᠮᠠᠯᠵᠢᠬᠤ ᠣᠷᠣᠨ᠂ ᠰᠢᠭᠤᠶᠢᠲᠤ ᠣᠷᠣᠨ᠂ ᠬᠢᠯᠢ ᠬᠢᠵᠠᠭᠠᠷ᠂ ᠪᠣᠭᠤᠮᠲᠠ ᠶᠢᠨ ᠭᠠᠵᠠᠷ ᠣᠷᠣᠨ ᠤ ᠣᠯᠠᠨ ᠶᠠᠩᠵᠤᠵᠢᠬᠰᠠᠨ ᠣᠷᠣᠨ ᠪᠦᠰᠡ ᠶᠢᠨ ᠣᠨᠴᠠᠯᠢᠭ ᠲᠤ ᠴᠢᠭᠯᠡᠭᠦᠯᠦᠨ᠂ ︽ᠲᠠᠯ᠎ᠠ ᠨᠤᠲᠤᠭ ᠤᠨ 110︾᠂ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾᠂ ︽ᠬᠢᠯᠢ ᠬᠢᠵᠠᠭᠠᠷ ᠣᠷᠣᠨ ᠢ ᠬᠠᠮᠠᠭᠠᠯᠠᠬᠤ ᠪᠠᠬᠢᠯᠡᠯᠲᠡ ᠡᠷᠦᠭᠡ︾ ᠵᠡᠷᠭᠡ ᠨᠢᠭᠡ ᠪᠦᠯᠦᠭ ᠬᠢᠯᠢ ᠬᠢᠵᠠᠭᠠᠷ ᠤᠨ ᠦᠨᠳᠦᠰᠦᠲᠡᠨ ᠤ ᠣᠨᠴᠠᠯᠢᠭ ᠲᠠᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠨᠠᠷᠠᠲᠤ ᠲᠥᠷᠥᠯ ᠲᠡᠮᠳᠡᠭ ᠢ ᠬᠦᠴᠦᠯᠡᠨ ᠪᠤᠶ ᠪᠣᠯᠭᠠᠪᠠ᠃            ᠬᠠᠷᠢᠭᠤᠴᠠᠯᠭ᠎ᠠ ᠶᠢ ᠡᠮᠦᠨ᠎ᠡ ᠹᠷᠣᠨᠲ ᠲᠤ ᠪᠣᠳᠠᠲᠠᠶᠢᠵᠢᠭᠤᠯᠵᠤ᠂ ᠵᠥᠷᠢᠴᠡᠯ ᠢ ᠴᠤᠬᠤᠶᠢᠵᠤ ᠪᠠᠶᠢᠭ᠎ᠠ ᠦᠶ᠎ᠡ ᠎ ᠳᠤᠨᠢ ᠰᠢᠢᠳᠪᠦᠷᠢᠯᠡᠨ᠎ᠡ              ᠵᠣᠨ ᠤ ᠠᠭᠠᠭᠢᠮ᠎ᠠ ᠬᠠᠯᠠᠭᠤᠨ ᠨᠠᠷᠠᠠ ᠤ ᠳᠣᠣᠷ᠎ᠠ᠂ ᠭᠦᠭᠡᠬᠤᠲᠠ ᠶᠢᠨ ᠴᠢᠩ ᠱᠦᠢ ᠾᠧ ᠰᠢᠶᠠᠨ ᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ  ᠤ ᠲᠥᠪ ᠤᠨ ᠫᠠᠶᠢᠰᠠ ᠲᠤᠶᠢᠯ ᠤᠨ ᠢᠯᠡ ᠲᠠᠢ ᠬᠠᠷᠠᠭᠳᠠᠨ᠎ᠠ᠃             ︽ᠡᠨᠡ ᠬᠦ ᠲᠥᠪ ᠪᠠᠶᠢᠭᠤᠯᠤᠭᠳᠠᠭᠰᠠᠨ ᠠᠴᠠ ᠨᠠᠭᠠᠰᠢ᠂ ᠶᠡᠭᠡ ᠪᠠᠭ᠎ᠠ ᠭᠡᠰᠡᠨ ᠦᠭᠡᠢ ᠬᠡᠨ ᠤ ᠬᠢᠨᠢ ᠭᠡᠷ ᠎ ᠲᠤ ᠤᠴᠢᠷ ᠶᠠᠪᠤᠳᠠᠯ ᠲᠣᠬᠢᠶᠠᠯᠳᠤᠪᠠᠯ ᠴᠥᠮ ᠠᠳᠡ ᠢᠷᠡᠵᠤ ᠰᠢᠢᠳᠪᠦᠷᠢᠯᠡᠭᠦᠯᠬᠦ ᠪᠣᠯᠵᠠᠢ᠃ ᠠᠳᠡᠬᠢ ᠠᠵᠢᠯᠲᠠᠨ ᠴᠥᠮ ᠬᠠᠯᠠᠭᠤᠨ ᠰᠡᠳᠬᠢᠯ ᠲᠠᠢ᠂ ᠠᠳᠡ ᠢᠷᠡᠮᠡᠭᠴᠡ ᠤᠴᠢᠷ ᠶᠠᠪᠤᠳᠠᠯ ᠮᠠᠰᠢ ᠬᠤᠷᠳᠤᠨ ᠠᠮᠠᠷᠬᠠᠨ ᠰᠢᠢᠳᠪᠦᠷᠢᠯᠡᠭᠳᠡᠴᠢᠬᠡᠨ᠎ᠡ᠂ ᠵᠠᠰᠠᠭ  ᠤᠨ ᠣᠷᠳᠣᠨ ᠤ ᠦᠢᠯᠡᠴᠢᠯᠡᠭᠡ ᠤᠯᠠᠮ ᠠᠴᠠ ᠤᠯᠠᠮ ᠰᠠᠶᠢᠨ ᠪᠣᠯᠵᠠᠢ︾ ᠭᠡᠵᠦ ᠲᠣᠰ ᠲᠥᠪ  ᠲᠤ ᠶᠠᠪᠤᠳᠠᠯ ᠭᠦᠢᠴᠡᠳᠬᠡᠬᠦ ᠪᠠᠷ ᠢᠷᠡᠭᠰᠡᠨ ᠲᠣᠰᠬᠤᠨ ᠤ ᠠᠷᠠᠳ ᠯᠢᠦ ᠵᠢᠶᠦ᠋ᠨ ᠶᠢᠩ ᠰᠤᠷᠪᠤᠯᠵᠢᠯᠠᠬᠴᠢ ᠳᠤ ᠬᠡᠯᠡᠪᠡ᠃             ︽ᠮᠠᠨ ᠤ ᠲᠥᠪ ᠰᠢᠶᠠᠨ ᠤ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ ᠲᠠᠯᠠᠪᠤᠷ ᠲᠤ ᠲᠦᠰᠢᠭᠯᠡᠨ ᠪᠠᠶᠢᠭᠤᠯᠤᠭᠳᠠᠵᠤ᠂ ᠠᠷᠠᠳ ᠤᠯᠠᠨ ᠤ ᠬᠤᠭᠤᠷᠤᠨᠳᠤᠭᠢ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠪᠠᠷ ᠭᠤᠣᠯ ᠠᠵᠢᠯ ᠢᠶᠠᠨ ᠪᠤᠯᠭᠠᠵᠤ᠂ ᠨᠢᠭᠡ ᠥᠷᠲᠡᠭᠡᠴᠢᠯᠡᠭᠰᠡᠨ ᠮᠠᠶ᠋ᠢᠭ ᠤᠨ ᠦᠢᠯᠡᠴᠢᠯᠡᠭᠡ ᠬᠠᠩᠭᠠᠬᠤ ᠬᠠᠷᠠᠯᠲᠠ ᠶᠢ ᠪᠡᠶᠡᠯᠡᠭᠦᠯᠵᠦ᠂ ᠵᠥᠷᠢᠴᠡᠯ ᠢ ᠰᠢᠢᠳᠪᠦᠷᠢᠯᠡᠬᠦ ᠨᠣᠷᠮ᠎ᠠ 92.3%᠎ ᠳᠤ ᠬᠦᠷᠴᠦ ᠪᠤᠢ︾ ᠭᠡᠵᠦ ᠴᠢᠩ ᠱᠦᠢ ᠾᠧ ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ᠰᠢᠤᠸᠠᠢ ᠫᠧᠢ ᠳ᠋ᠦᠩ ᠲᠠᠨᠢᠯᠴᠠᠭᠤᠯᠪᠠ᠃            ᠥᠪᠥᠷ ᠮᠣᠩᠭᠤᠯ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠭᠦ ᠳᠦᠷᠢᠮ ᠢ ᠴᠢᠩᠭ᠎ᠠ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠳᠥᠷᠪᠡᠨ ᠱᠠᠲᠤᠨ ᠤ ᠴᠢᠬᠤᠯᠠ ᠶᠡᠭᠡ ᠲᠣᠭᠲᠠᠭᠤᠨ ᠪᠤᠰᠤ ᠠᠰᠠᠭᠤᠳᠠᠯ ᠤᠨ ᠨᠠᠷᠢᠨ ᠲᠠᠩᠰᠠ ᠶᠢᠨ ᠳᠦᠷᠢᠮ ᠪᠠ ᠡᠬᠡ ᠲᠠᠩᠰᠠ ᠶᠢᠨ ᠬᠠᠮᠢᠶᠠᠷᠤᠯᠲᠠ ᠎ ᠶᠢᠨ ᠰᠢᠰᠲ᠋ᠧᠮ ᠢ ᠪᠦᠷᠢᠨᠰᠢᠭᠦᠯᠪᠡ᠃ ᠡᠭᠦᠨ ᠤ ᠬᠠᠮᠲᠤ᠂ ᠤᠳᠤᠷᠢᠳᠬᠤ ᠺᠠᠳ᠋ᠷ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠳᠦᠷᠢᠮ ᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠵᠥᠷᠢᠴᠡᠯ ᠵᠢᠭᠤᠷᠠᠯᠳᠤᠭᠠᠨ ᠢ ᠭᠦᠨᠵᠡᠭᠡᠢ ᠪᠠᠶᠢᠴᠠᠭᠠᠵᠤ᠂ ᠭᠤᠣᠯᠳᠠᠯᠭ᠎ᠠ ᠲᠠᠢ ᠬᠥᠮᠥᠰ ᠢ ᠵᠢᠯᠣᠭᠤᠳᠤᠨ ᠯᠠᠪᠳᠠᠭᠤᠨ ᠢᠶᠠᠷ ᠡᠵᠡᠮᠳᠡᠬᠦ ᠶᠢ ᠴᠢᠩᠭᠠᠳᠬᠠᠵᠤ᠂ ︽ᠢᠷᠭᠡᠨ ᠤ ᠬᠡᠷᠡᠭ ᠠᠴᠠ ᠡᠷᠡᠭᠦᠦ ᠶᠢᠨ ᠬᠡᠷᠡᠭ ᠲᠤ ᠰᠢᠯᠵᠢᠭᠦ᠂ ᠡᠷᠡᠭᠦᠦ ᠶᠢᠨ ᠬᠡᠷᠡᠭ ᠠᠴᠠ ᠠᠮᠢ ᠨᠠᠰᠤᠨ ᠤ ᠬᠡᠷᠡᠭ ᠲᠤ ᠰᠢᠯᠵᠢᠭᠦ︾ ᠬᠡᠷᠡᠭ ᠢ ᠪᠦᠲᠦᠮᠵᠢᠲᠡᠢ ᠤᠷᠢᠳᠴᠢᠯᠠᠨ ᠰᠡᠷᠭᠡᠶᠢᠯᠡᠪᠡ᠃            ᠲᠠᠪᠤᠨ ᠵᠢᠯ ᠤᠨ ᠲᠤᠷᠰᠢ᠂ ᠪᠦᠭᠦ ᠣᠷᠣᠨ ᠤ ᠡᠯ᠎ᠡ ᠭᠠᠵᠠᠷ ᠤᠨ ᠠᠷᠠᠳ ᠤᠨ ᠡᠶᠡᠳᠡᠭᠦᠯᠭᠦ ᠵᠣᠬᠢᠶᠠᠨ ᠪᠠᠶᠢᠭᠤᠯᠤᠯᠲᠠ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ 60.4 ᠲᠦᠮᠡᠨ ᠬᠤᠪᠢ ᠭᠥᠯᠢᠶᠡᠨ ᠠᠪᠴᠤ ᠰᠢᠢᠳᠪᠦᠷᠢᠯᠡᠨ᠂ ᠵᠢᠯ ᠳᠤᠮᠳᠠᠴᠢ ᠪᠠᠷ 12 ᠲᠦᠮᠡᠨ ᠬᠤᠪᠢ ᠰᠢᠢᠳᠪᠦᠷᠢᠯᠡᠵᠦ᠂ ᠠᠮᠵᠢᠯᠲᠠ ᠲᠠᠢ ᠡᠶᠡᠳᠡᠭᠦᠯᠦᠭᠰᠡᠨ ᠨᠣᠷᠮ᠎ᠠ 96.97% ᠎ ᠳᠤ ᠭᠦᠷᠪᠡ᠃             ︽ᠭᠡᠭᠡᠨ ᠰᠠᠷᠠᠭᠤᠯ ᠢᠨᠵᠧᠨᠧᠷᠢᠩ︾᠎ ᠢ ᠴᠢᠩᠭ᠎ᠠ ᠬᠡᠷᠡᠭᠵᠢᠭᠦᠯᠵᠦ᠂ ᠠᠮᠤᠷ ᠢ ᠬᠠᠮᠠᠭᠠᠯᠠᠬᠤ ᠠᠵᠢᠯ  ᠢ ᠨᠡᠩ ︽ᠣᠶᠤᠨᠴᠢᠯᠠᠪᠠ︾            ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢᠨ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠵᠤ ᠂ ᠲᠣᠣᠷᠵᠢᠭᠤᠯᠤᠬᠰᠠᠨ ᠬᠠᠮᠢᠶᠠᠷᠤᠯᠲᠠ ᠪᠠᠷ ᠰᠠᠭᠤᠷᠢ ᠪᠣᠯᠭᠠᠨ᠂ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠵᠦ ᠰᠦᠯᠵᠢᠶᠡᠵᠢᠭᠦᠯᠦᠨ ᠬᠡᠷᠡᠭᠯᠡᠬᠦ ᠪᠠᠷ ᠭᠤᠣᠯᠳᠠᠯᠭ᠎ᠠ ᠪᠤᠯᠭᠠᠬᠰᠠᠨ ︽ᠭᠡᠭᠡᠨ ᠰᠠᠷᠠᠭᠤᠯ ᠢᠨᠵᠧᠨᠧᠷᠢᠩ︾᠎ ᠨᠢ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠳᠤ ︽ᠣᠶᠤᠨᠴᠢ ᠵᠢᠭᠦᠷ︾ ᠎ ᠢ ᠤᠷᠭᠤᠭᠤᠯᠪᠠ᠃ ᠲᠡᠷᠡ ᠨᠢ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠶᠢᠨ ᠮᠡᠳᠡᠭᠡ ᠵᠠᠩᠭᠢᠵᠢᠯᠲᠠ᠂ ᠣᠶᠤᠨᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠬᠤ ᠪᠠᠷ ᠵᠣᠷᠢᠯᠲᠠ ᠪᠤᠯᠭᠠᠬᠰᠠᠨ ᠶᠤᠮ᠃            2016 ᠣᠨ ᠳᠤ ᠪᠦᠭᠦ ᠤᠯᠤᠰ ᠤᠨ ︽ᠭᠡᠭᠡᠨ ᠰᠠᠷᠠᠭᠤᠯ ᠢᠨᠵᠧᠨᠧᠷᠢᠩ︾ ᠎ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠥᠷᠨᠢᠭᠦᠯᠦᠭᠰᠡᠨ ᠠᠴᠠ ᠨᠠᠭᠠᠰᠢ᠂ ᠥᠪᠥᠷ ᠮᠣᠩᠭᠤᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠨᠢᠭᠡᠳᠦᠭᠡᠷ ᠬᠥᠳᠡᠯᠭᠡᠭᠦᠷ ᠪᠤᠯᠭᠠᠬᠤ ᠶᠢ ᠪᠠᠷᠢᠮᠲᠠᠯᠠᠵᠤ᠂ ᠬᠤᠲᠠ ᠶᠢᠨ ᠬᠡᠪᠴᠢᠶᠡᠨ ᠤ ᠣᠨᠴᠠᠯᠢᠭ ᠲᠠᠢ ᠤᠶᠠᠯᠳᠤᠭᠤᠯᠤᠨ᠂ ︽ᠭᠡᠭᠡᠨ ᠰᠠᠷᠠᠭᠤᠯ ᠢᠨᠵᠧᠨᠧᠷᠢᠩ︾᠎ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠠᠬᠢᠭᠤᠯᠵᠤ᠂ ᠬᠢᠨᠠᠨ ᠡᠵᠡᠮᠳᠡᠬᠦ ᠸᠢᠳᠢᠤ᠋ ᠶᠢᠨ ᠣᠶᠤᠨᠴᠢᠯᠠᠭᠰᠠᠨ ᠪᠣᠳᠠᠲᠤ ᠬᠡᠷᠡᠭᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠮᠤᠷ ᠢ ᠬᠠᠮᠠᠭᠠᠯᠠᠬᠤ ᠬᠦᠨᠳᠦ ᠴᠢᠬᠤᠯᠠ ᠬᠡᠷᠡᠭ᠂ ᠬᠢᠵᠢᠭ ᠢ ᠰᠡᠷᠭᠡᠶᠢᠯᠡᠨ ᠡᠵᠡᠮᠳᠡᠬᠦ᠂ ᠬᠢᠯᠢ ᠶᠢᠨ ᠪᠣᠭᠤᠮᠲᠠ ᠶᠢᠨ ᠬᠠᠮᠢᠶᠠᠷᠤᠨ ᠡᠵᠡᠮᠳᠡᠬᠦ᠂ ᠲᠠᠩᠨᠠᠨ ᠪᠠᠶᠢᠴᠠᠭᠠᠵᠤ ᠬᠡᠷᠡᠭ ᠢ ᠢᠯᠡᠷᠡᠭᠦᠯᠭᠦ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠠᠢ᠃ ᠣᠳᠣᠬᠠᠨ ᠳᠤ᠂ ᠪᠦᠭᠦ ᠣᠷᠣᠨ ᠤ ︽ᠭᠡᠭᠡᠨ ᠰᠠᠷᠠᠭᠤᠯ ᠢᠨᠵᠧᠨᠧᠷᠢᠩ︾᠎ ᠤᠨ ᠪᠠᠶᠢᠭᠤᠯᠤᠯᠲᠠ ᠶᠢᠨ ᠠᠵᠢᠯ ᠨᠢᠭᠡᠨᠲᠡ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠵᠤ᠂ ᠡᠭᠦᠨ ᠳᠤ ᠦᠬᠠᠢ ᠬᠤᠲᠠ᠂ ᠭᠦᠭᠡᠬᠤᠲᠠ᠂ ᠤᠯᠠᠭᠠᠨᠬᠠᠳᠠ ᠬᠤᠲᠠ ᠨᠢᠭᠡᠨᠲᠡ ᠤᠯᠤᠰ ᠤᠨ ᠲᠥᠷᠥᠯ ᠵᠦᠢᠯ ᠤᠨ ᠬᠢᠨᠠᠨ ᠰᠢᠯᠭᠠᠯᠲᠠ ᠳᠤ ᠬᠢᠷᠢ ᠲᠡᠩᠴᠡᠵᠦ᠂ ᠪᠤᠭᠤᠲᠤ ᠬᠤᠲᠠ᠂ ᠬᠢᠩᠭᠠᠨ ᠠᠶᠢᠮᠠᠭ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠪᠡ᠃ ︽ᠭᠡᠭᠡᠨ ᠰᠠᠷᠠᠭᠤᠯ ᠢᠨᠵᠧᠨᠧᠷᠢᠩ︾ ᠭᠡᠬᠦ ᠡᠨᠡ ᠬᠦ ︽ᠬᠠᠮᠤᠭ ᠤᠨ ᠬᠦᠴᠦᠲᠦ ᠵᠡᠪᠰᠡᠭ︾᠎ ᠲᠠᠢ ᠪᠣᠯᠤᠭᠰᠠᠨ ᠠᠴᠠ ᠥᠪᠥᠷ ᠮᠣᠩᠭᠤᠯ ᠤᠨ ᠨᠡᠶᠢᠭᠡᠮ ᠤᠨ ᠵᠠᠰᠠᠯᠲᠠ ᠬᠦᠴᠦᠷᠬᠡᠭ ᠶᠡᠭᠡ ᠵᠠᠰᠠᠯᠲᠠ ᠶᠢᠨ ᠦᠢᠯᠡᠳᠦᠯ ᠴᠢᠳᠠᠮᠵᠢ ᠲᠠᠢ ᠪᠣᠯᠪᠠ᠃            ᠥᠪᠥᠷ ᠮᠣᠩᠭᠤᠯ ᠴᠤᠭ ᠪᠠᠳᠠᠷᠠᠩᠭᠤᠢ ᠳᠦᠷᠰᠦ ᠪᠠᠶᠢᠳᠠᠯ ᠢᠶᠠᠷ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠭᠦ ᠶᠢ ᠭᠦᠨᠵᠡᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠠᠮᠤᠷ ᠲᠦᠪᠰᠢᠨ ᠤ ᠰᠢᠯᠭᠠᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号