ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠦᠢᠯᠡᠰ ᠤᠨ ᠠᠮᠢᠵᠢᠷᠠᠯ ᠤᠨ ᠬᠦᠴᠦᠨ ᠬᠢᠵᠠᠭᠠᠯᠠᠰᠢ ᠦᠭᠡᠢ
ᠨᠡᠶᠢᠲᠡᠯᠡᠭᠰᠡᠨ ᠴᠠᠭ᠄
2022/10/17
                     ᠵᠣᠬᠢᠶᠠᠭᠴᠢ᠄ ᠴᠠᠢ ᠰᠧ ᠶᠤᠸᠠᠨ                            ᠠᠭᠤᠤ ᠶᠡᠭᠡ ᠴᠠᠭ ᠦᠶ᠎ᠡ ᠲᠠᠢ ᠬᠠᠮᠲᠤ ᠪᠠᠷ ᠤᠷᠤᠭᠰᠢᠯᠠᠵᠤ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠦᠢᠯᠡᠰ  ᠤᠨ ᠠᠮᠢᠵᠢᠷᠠᠯ ᠤᠨ ᠬᠦᠴᠦᠨ ᠬᠢᠵᠠᠭᠠᠯᠠᠰᠢ ᠦᠭᠡᠢ ᠪᠠᠶᠢᠵᠤ ᠭᠡᠷᠡᠯ ᠭᠢᠯᠪᠠᠭ᠎ᠠ ᠪᠠᠨ ᠰᠠᠴᠤᠷᠠᠭᠤᠯᠤᠭᠰᠠᠭᠠᠷ ᠢᠷᠡᠭᠰᠡᠨ ᠶᠤᠮ᠃            ᠬᠥᠮᠥᠰ ᠤᠨ ᠰᠡᠳᠬᠢᠯ ᠢ ᠳᠣᠭᠳᠣᠯᠤᠭᠤᠯᠤᠮ᠎ᠠ ᠤᠷᠤᠯᠳᠤᠭᠠᠨ ᠤ ᠲᠠᠯᠠᠪᠠᠢ ᠳᠤ᠂ ᠥᠪᠥᠷ ᠮᠣᠩᠭᠤᠯ ᠤᠨ ᠲᠠᠮᠢᠷᠴᠢᠳ ᠵᠣᠷᠢᠭᠲᠠᠢ ᠪᠠᠷ ᠰᠢᠪᠲᠤᠯᠤᠯᠲᠠ ᠬᠢᠵᠦ ᠡᠷᠡᠯᠬᠡᠭᠯᠡᠨ ᠲᠡᠮᠡᠴᠡᠨ᠎ᠡ᠃ ᠲᠣᠣᠺᠢᠤ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠠᠯᠠᠪᠤᠷ ᠲᠤ᠂ ᠪᠤᠺᠰ ᠤᠨ ᠲᠠᠮᠢᠷᠴᠢᠨ ᠯᠢ ᠴᠢᠶᠠᠨ ᠬᠠᠷᠰᠢ ᠰᠠᠭᠠᠳ ᠢ ᠢᠯᠠᠨ ᠳᠠᠪᠠᠵᠤ ᠮᠥᠩᠭᠦᠨ ᠮᠧᠳᠠᠯ ᠤᠯᠪᠠ; WCBA᠎ ᠶᠢᠨ ᠦᠵᠡᠯᠴᠡᠭᠡᠨ ᠳᠤ᠂ ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠡᠮᠡᠭᠲᠡᠢ ᠶᠢᠨ ᠰᠠᠭᠰᠤᠨ ᠪᠥᠮᠪᠦᠭᠡ ᠶᠢᠨ ᠠᠩᠭᠢ ᠶᠢᠨ ᠬᠡᠦᠬᠡᠨᠴᠦᠳ ᠬᠡᠵᠢᠶᠡᠳᠡ ᠵᠣᠷᠢᠭ ᠮᠣᠬᠤᠬᠤ ᠦᠭᠡᠢ ᠡᠷᠴᠢ ᠬᠦᠴᠦᠨ ᠢᠶᠠᠷ ᠬᠤᠶᠠᠷᠳᠠ ᠮᠠᠩᠯᠠᠶᠢᠯᠠᠵᠤ ᠱᠠᠩᠨᠠᠯ ᠤᠨ ᠬᠤᠨᠳᠠᠭ᠎ᠠ ᠡᠷᠭᠦᠪᠡ; ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠮᠠᠨ ᠤ ᠣᠷᠣᠨ ᠤ 5 ᠲᠠᠮᠢᠷᠴᠢᠨ ᠮᠣᠷᠳᠠᠵᠤ᠂ ᠥᠪᠥᠷ ᠮᠣᠩᠭᠤᠯ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠡᠦᠬᠡ ᠶᠢ ᠪᠢᠴᠢᠭᠯᠡᠪᠡ᠃            ᠤᠯᠠᠨ ᠲᠦᠮᠡᠨ ᠤ ᠪᠡᠶ᠎ᠡ ᠶᠢᠨ ᠲᠠᠮᠢᠷ ᠤᠨ ᠥᠷᠭᠡᠨ ᠠᠭᠤᠳᠠᠮ ᠲᠠᠪᠴᠠᠩ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠭᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠣᠶᠢᠯᠠᠭᠠᠭᠳᠠᠬᠤᠨ ᠤᠮᠠᠷᠠᠲᠤ ᠬᠢᠯᠢ ᠶᠢᠨ ᠡᠬᠡ ᠭᠠᠵᠠᠷ ᠲᠤ ᠭᠦᠨ ᠦᠨᠳᠦᠰᠦᠯᠡᠵᠦ ᠪᠤᠢ᠃ ᠣᠯᠠᠨ ᠲᠦᠮᠡᠨ ᠤ ︽ᠬᠠᠮᠢᠭ᠎ᠠ ᠣᠴᠢᠵᠤ ᠪᠡᠶ᠎ᠡ ᠪᠠᠨ ᠴᠢᠭᠢᠷᠠᠭᠵᠢᠭᠤᠯᠬᠤ︾ ᠪᠣᠳᠠᠲᠠᠢ ᠠᠰᠠᠭᠤᠳᠠᠯ ᠳᠤ ᠴᠢᠭᠯᠡᠭᠦᠯᠦᠨ᠂ ᠡᠯ᠎ᠡ ᠲᠥᠷᠥᠯ ᠤᠨ ᠲᠠᠮᠢᠷ ᠤᠨ ᠲᠠᠯᠠᠪᠤᠷ ᠣᠷᠳᠣᠨ᠂ ᠲᠠᠯᠠᠪᠤᠷ ᠭᠠᠵᠠᠷ ᠢ ᠵᠠᠯᠭᠠᠭ᠎ᠠ ᠪᠠᠷ ᠪᠠᠶᠢᠭᠤᠯᠵᠤ ᠳᠠᠭᠤᠰᠬᠠᠪᠠ; ︽ᠪᠠᠶᠠᠰᠬᠤᠯᠠᠩᠲᠤ ᠲᠠᠯ᠎ᠠ ᠨᠤᠲᠤᠭ·ᠡᠷᠡᠭᠦᠯ ᠡᠩᠬᠡ ᠥᠪᠥᠷ ᠮᠣᠩᠭᠤᠯ︾ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠣᠯᠠᠨ ᠲᠦᠮᠡᠨᠴᠢ ᠴᠢᠨᠠᠷᠲᠠᠢ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠳᠤ ᠪᠡᠶ᠎ᠡ ᠴᠢᠭᠢᠷᠠᠭᠵᠢᠭᠤᠯᠬᠤ ᠬᠠᠯᠠᠭᠤᠨ ᠥᠷᠨᠢᠯᠲᠡ ᠭᠠᠷᠭᠠᠪᠠ; ᠦᠨᠳᠦᠰᠦᠨ ᠱᠠᠲᠤᠨ ᠳᠤ ᠢᠳᠡᠪᠬᠢᠲᠡᠢ ᠠᠵᠢᠯᠯᠠᠵᠤ ᠪᠠᠶᠢᠭ᠎ᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠢ ᠲᠦᠭᠡᠮᠡᠯᠵᠢᠭᠦᠯᠪᠡ᠃            ᠪᠡᠶ᠎ᠡ ᠶᠢᠨ ᠲᠠᠮᠢᠷ ᠪᠣᠯ ᠤᠯᠤᠰ ᠣᠷᠣᠨ ᠤ ᠬᠦᠴᠦᠷᠬᠡᠭᠵᠢᠯ᠂ ᠦᠨᠳᠦᠰᠦᠲᠡᠨ ᠤ ᠬᠥᠭᠵᠢᠯ ᠮᠠᠨᠳᠤᠯ ᠤᠨ ᠬᠦᠰᠡᠯ ᠵᠡᠭᠦᠳᠦ ᠶᠢ ᠠᠴᠢᠶᠠᠯᠠᠵᠤ᠂ ᠠᠷᠠᠳ ᠲᠦᠮᠡᠨ ᠤ ᠵᠣᠯ ᠵᠢᠷᠭᠠᠯ ᠲᠠᠢ ᠬᠤᠯᠪᠣᠭᠳᠠᠵᠤ᠂ ᠦᠨᠳᠦᠰᠦᠲᠡᠨ ᠤ ᠢᠷᠡᠭᠡᠳᠦᠢ ᠲᠠᠢ ᠬᠤᠯᠪᠣᠭᠳᠠᠵᠤ ᠪᠠᠶᠢᠳᠠᠭ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠭᠦ ᠣᠷᠣᠨ ᠤ ᠪᠡᠶ᠎ᠡ ᠶᠢᠨ ᠲᠠᠮᠢᠷ ᠤᠨ ᠹᠷᠣᠨᠲ ᠤᠨ ᠬᠢᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠥᠷᠢᠰᠦᠯᠳᠦᠭᠡᠨᠲᠦ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠴᠢᠷᠮᠠᠶᠢᠨ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠶᠡᠭᠡ ᠪᠠᠷ ᠥᠷᠨᠢᠭᠦᠯᠦᠨ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠬᠥᠯ ᠪᠥᠮᠪᠦᠭᠡ ᠶᠢᠨ ᠥᠭᠡᠷᠡᠴᠢᠯᠡᠯᠲᠡ ᠶᠢ ᠯᠠᠪᠳᠠᠭᠤᠨ ᠎ ᠢᠶᠠᠷ ᠠᠬᠢᠭᠤᠯᠵᠤ᠂ ᠪᠡᠶ᠎ᠡ ᠶᠢᠨ ᠲᠠᠮᠢᠷ ᠤᠨ ᠰᠣᠶᠣᠯ᠂ ᠪᠡᠶ᠎ᠡ ᠶᠢᠨ ᠲᠠᠮᠢᠷ ᠤᠨ ᠬᠠᠤᠯᠢᠵᠢᠯ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠡᠷᠡᠭᠦᠯ ᠡᠩᠬᠡ ᠥᠪᠥᠷ ᠮᠣᠩᠭᠤᠯ ᠪᠠ ᠪᠡᠶ᠎ᠡ ᠶᠢᠨ ᠲᠠᠮᠢᠷ ᠤᠨ ᠬᠦᠴᠦᠷᠬᠡᠭ ᠣᠷᠣᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃                              ᠬᠦᠰᠡᠯ ᠲᠡᠮᠡᠦᠯᠦᠭᠰᠡᠨ ᠤᠷᠤᠯᠳᠤᠭᠠᠨ ᠤ ᠲᠠᠯᠠᠪᠤᠷ ᠲᠤ ᠥᠷᠢᠰᠦᠯᠳᠦᠭᠡᠨᠲᠦ ᠪᠡᠶ᠎ᠡ ᠶᠢᠨ ᠲᠠᠮᠢᠷ ᠵᠠᠯᠠᠭᠤᠴᠤᠳ ᠤᠨ ᠴᠤᠬ ᠵᠢᠪᠬᠤᠭ᠎ᠠ ᠶᠢ ᠢᠯᠡᠷᠡᠭᠦᠯᠦᠨ᠎ᠡ                              2022 ᠣᠨ ᠳᠤ᠂ ᠥᠪᠥᠷ ᠮᠣᠩᠭᠤᠯ ᠤᠨ ᠲᠠᠮᠢᠷᠴᠢᠳ ᠤᠨ ᠢᠯᠠᠯᠲᠠ ᠶᠢᠨ ᠴᠢᠮᠡᠭᠡ ᠵᠠᠯᠭᠠᠭ᠎ᠠ ᠪᠠᠷ ᠤᠯᠠᠮᠵᠢᠯᠠᠭᠳᠠᠪᠠ —            5 ᠰᠠᠷ᠎ᠠ ᠶᠢᠨ 29᠎ ᠤ ᠡᠳᠦᠷ᠂ 2022 ᠣᠨ ᠤ ᠳᠡᠯᠡᠬᠡᠢ ᠶᠢᠨ ᠨᠡᠷᠡᠬᠦᠢ ᠨᠢᠳᠤᠷᠭ᠎ᠠ ᠶᠢᠨ ᠠᠦ᠋ᠰᠲᠷᠢᠶ᠎ᠠ ᠶᠢᠨ ᠢᠯᠡ ᠤᠷᠤᠯᠳᠤᠭᠠᠨ ᠳᠤ᠂ ᠳᠤᠮᠳᠠᠳᠤ ᠤᠯᠤᠰ ᠤᠨ ᠠᠩᠭᠢ ᠶᠢ ᠲᠥᠯᠥᠭᠡᠯᠡᠨ ᠤᠷᠤᠯᠳᠤᠭᠠᠨ ᠳᠤ ᠣᠷᠣᠯᠴᠠᠬᠰᠠᠨ ᠥᠪᠥᠷ ᠮᠣᠩᠭᠤᠯ ᠤᠨ ᠲᠠᠮᠢᠷᠴᠢᠨ ᠸᠠᠩ ᠬᠤᠸᠠᠨ 1 ᠮᠥᠩᠭᠦᠨ ᠮᠧᠳᠠᠯ ᠤᠯᠪᠠ;            4 ᠰᠠᠷ᠎ᠠ ᠶᠢᠨ 20᠎ ᠤ ᠡᠳᠦᠷ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠳᠠᠷᠪᠠᠭᠤᠯᠲᠤ ᠣᠩᠭᠤᠴᠠ ᠶᠢᠨ ᠲᠦᠷᠦᠯ ᠵᠦᠢᠯ ᠤᠨ ᠰᠢᠯᠭᠠᠷᠠᠭᠤᠯᠬᠤ ᠤᠷᠤᠯᠳᠤᠭᠠᠨ ᠵᠢᠴᠢ 2022 ᠣᠨ ᠤ ᠪᠦᠭᠦ ᠤᠯᠤᠰ ᠤᠨ ᠳᠠᠷᠪᠠᠭᠤᠯᠲᠤ ᠣᠩᠭᠤᠴᠠ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠬᠠᠶᠢᠺᠧᠦ ᠬᠤᠳᠠ ᠳᠤ ᠥᠨᠳᠥᠷᠯᠡᠵᠦ᠂ ᠥᠪᠥᠷ ᠮᠣᠩᠭᠤᠯ ᠤᠨ ᠲᠠᠮᠢᠷᠴᠢᠨ ᠸᠠᠩ ᠼᠠᠢ ᠢᠦᠢ ᠪᠣᠯᠣᠨ ᠶᠧ ᠰᠢᠸ ᠰᠢᠸ 1 ᠮᠥᠩᠭᠦᠨ ᠮᠧᠳᠠᠯ 1 ᠬᠦᠷᠡᠯ ᠮᠧᠳᠠᠯ ᠤᠯᠪᠠ;            3 ᠰᠠᠷ᠎ᠠ ᠶᠢᠨ 4 ᠎ ᠤ ᠡᠳᠦᠷ᠂ 2022 ᠣᠨ ᠤ ᠠᠯᠬᠤᠭ᠎ᠠ ᠤᠷᠤᠯᠳᠤᠭᠠᠨ ᠤ ᠪᠦᠯᠭᠦᠮ ᠨᠢᠭᠡᠴᠢ ᠶᠢᠨ ᠳᠡᠯᠡᠬᠡᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠨᠠᠰᠤᠨ ᠳᠤ ᠭᠦᠷᠦᠭᠰᠡᠳ ᠤᠨ ᠳᠤᠭᠤᠶᠢᠯᠠᠩ ᠤᠨ ᠡᠮᠡᠭᠲᠡᠢ ᠶᠢᠨ 20 ᠺᠢᠯᠣᠮᠧᠲᠷ ᠤᠨ ᠪᠦᠯᠭᠦᠮ ᠨᠢᠭᠡᠴᠢ ᠶᠢᠨ ᠰᠢᠢᠳᠪᠦᠷᠢᠲᠦ ᠤᠷᠤᠯᠳᠤᠭᠠᠨ ᠳᠤ ᠥᠪᠥᠷ ᠮᠣᠩᠭᠤᠯ ᠤᠨ ᠲᠠᠮᠢᠷᠴᠢᠨ ᠶᠠᠩ ᠵᠢᠶᠠ ᠢᠦᠢ ᠳᠡᠳ᠋ᠯᠡᠪᠡ ᠁            ᠥᠷᠢᠰᠦᠯᠳᠦᠭᠡᠨᠲᠦ ᠪᠡᠶ᠎ᠡ ᠶᠢᠨ ᠲᠠᠮᠢᠷ ᠤᠨ ᠠᠯᠢ ᠣᠯᠠᠨ ᠢᠷᠠᠭᠤ ᠠᠯᠳᠠᠷ ᠨᠢ ᠲᠠᠮᠢᠷᠴᠢᠨ ᠪᠠ ᠰᠤᠷᠭᠠᠭᠴᠢ ᠶᠢᠨ ᠬᠠᠲᠠᠭᠤᠵᠢᠯᠲᠠᠢ ᠪᠣᠯᠪᠠᠰᠤᠷᠠᠯ ᠤᠨ ᠬᠠᠷᠢᠭᠤ ᠲᠤᠰᠬᠠᠯ ᠪᠤᠯᠬᠤ ᠪᠠᠷ ᠪᠠᠷᠠᠬᠤ ᠦᠭᠡᠢ ᠨᠠᠩ ᠴᠤ ᠥᠷᠢᠰᠦᠯᠳᠦᠭᠡᠨᠲᠦ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠵᠠᠭᠪᠤᠷ ᠤᠨ ᠲᠠᠰᠤᠷᠠᠯᠲᠠ ᠦᠭᠡᠢ ᠲᠡᠭᠦᠯᠳᠡᠷᠵᠢᠵᠦ ᠰᠢᠨ᠎ᠡ ᠶᠢ ᠡᠭᠦᠳᠦᠭᠰᠡᠨ ᠤ ᠲᠤᠰᠬᠠᠯ ᠪᠤᠯᠬᠤ ᠶᠤᠮ᠃            ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠤ ᠥᠷᠢᠰᠦᠯᠳᠦᠭᠡᠨᠲᠦ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠵᠦ᠂ ᠣᠯᠠᠨ ᠵᠦᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠥᠷᠢᠰᠦᠯᠳᠦᠬᠦ ᠲᠦᠪᠰᠢᠨ ᠰᠢᠪᠲᠤᠯᠤᠯᠲᠠ ᠲᠠᠢ ᠪᠣᠯᠵᠠᠢ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠢ ᠵᠢᠣᠳᠣᠣ ᠪᠦᠭᠡ᠂ ᠪᠦᠭᠡ ᠪᠠᠷᠢᠯᠳᠤᠬᠤ᠂ ᠠᠯᠬᠤᠭ᠎ᠠ ᠤᠷᠤᠯᠳᠤᠭᠠᠠ᠂ ᠡᠮᠡᠭᠲᠡᠢ ᠶᠢᠨ ᠪᠤᠺᠰ᠂ ᠪᠤᠶᠢᠺᠤ ᠪᠥᠮᠪᠦᠭᠡ᠂ ᠮᠣᠷᠢᠨ ᠮᠡᠷᠭᠡᠵᠢᠯ ᠵᠡᠷᠭᠡ ᠳᠠᠪᠠᠭᠤᠯᠢᠭ ᠲᠥᠷᠥᠯ ᠵᠦᠢᠯ ᠢ ᠪᠠᠬᠢᠵᠢᠭᠦᠯᠦᠨ ᠳᠡᠭᠡᠭᠰᠢᠯᠡᠭᠦᠯᠭᠦ ᠶᠢᠨ ᠬᠠᠮᠲᠤ᠂ ᠡᠮᠡᠭᠲᠡᠢ ᠶᠢᠨ ᠵᠢᠣᠳᠣᠣ ᠪᠦᠭᠡ᠂ ᠰᠣᠩᠭᠤᠳᠠᠭ ᠪᠦᠭᠡ᠂ ᠡᠷᠡᠭᠲᠡᠢ ᠶᠢᠨ ᠪᠤᠺᠰ᠂ ᠰᠤᠷ ᠬᠠᠷᠪᠤᠯᠲᠠ ᠵᠡᠷᠭᠡ ᠲᠥᠷᠥᠯ ᠵᠦᠢᠯ ᠤᠨ ᠳᠤᠲᠠᠭᠤᠳᠠᠯ ᠢ ᠨᠥᠬᠦᠪᠦᠷᠢᠯᠡᠬᠦ ᠢᠨᠵᠧᠨᠧᠷᠢᠩ ᠢ ᠥᠷᠨᠢᠭᠦᠯᠪᠡ᠃ ᠮᠠᠨ ᠤ ᠣᠷᠣᠨ ᠤ 40 ᠲᠦᠷᠦᠯ ᠵᠦᠢᠯ ᠤᠨ ᠠᠩᠭᠢ ᠶᠢᠨ 1086 ᠲᠠᠮᠢᠷᠴᠢᠨ ᠱᠠᠨᠰᠢ ᠶᠢᠨ ᠪᠦᠭᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠲᠣᠣᠺᠢᠤ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠳᠤ ᠪᠡᠯᠡᠳᠬᠡᠬᠦ ᠪᠠᠷ ᠭᠤᠣᠯᠳᠠᠯᠭ᠎ᠠ ᠪᠤᠯᠭᠠᠵᠤ᠂ ᠮᠡᠷᠭᠡᠵᠢᠯ ᠪᠠ ᠪᠠᠶᠢᠯᠳᠤᠬᠤ ᠮᠡᠷᠭᠡᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃ ᠨᠢᠳᠤᠨᠤᠨ᠂ ᠮᠠᠨ ᠤ ᠣᠷᠣᠨ ᠤᠯᠤᠰ ᠤᠨ ᠳᠣᠲᠣᠭᠠᠳᠤ ᠭᠠᠳᠠᠭᠠᠳᠤ ᠶᠢᠨ 88 ᠲᠠᠯᠠᠪᠤᠷ ᠤᠨ ᠤᠷᠤᠯᠳᠤᠭᠠᠨ ᠳᠤ ᠪᠦᠯᠭᠦᠮ ᠵᠣᠬᠢᠶᠠᠨ ᠪᠠᠶᠢᠭᠤᠯᠤᠨ ᠣᠷᠣᠯᠴᠠᠵᠤ᠂ 81 ᠠᠯᠲᠠᠨ ᠮᠧᠳᠠᠯ᠂ 52 ᠮᠥᠩᠭᠦᠨ ᠮᠧᠳᠠᠯ᠂ 73 ᠬᠦᠷᠡᠯ ᠮᠧᠳᠠᠯ ᠣᠯᠪᠠ᠃            ᠲᠡᠮᠡᠴᠡᠯ ᠬᠦᠰᠡᠯ ᠵᠡᠭᠦᠳᠦ ᠶᠢ ᠲᠡᠷᠭᠡᠯᠰᠢᠭᠦᠯᠳᠡᠭ᠂ ᠬᠥᠮᠥᠰ ᠤᠨ ᠰᠡᠳᠬᠢᠯ ᠢ ᠳᠣᠭᠳᠣᠯᠤᠭᠤᠯᠤᠮ᠎ᠠ ᠠᠮᠵᠢᠯᠲᠠ ᠶᠢᠨ ᠠᠷᠤ ᠳᠤ᠂ ᠲᠠᠮᠢᠷᠴᠢᠳ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠪᠦᠭᠦ ᠤᠯᠤᠰ ᠴᠢᠨᠠᠭᠰᠢᠯᠠᠪᠠᠯ ᠳᠡᠯᠡᠬᠡᠢ ᠳ᠋ᠠᠬᠢᠨ ᠳᠤ ᠰᠢᠨ᠎ᠡ ᠴᠠᠭ ᠦᠶ᠎ᠡ ᠶᠢᠨ ᠵᠠᠯᠠᠭᠤ ᠨᠠᠰᠤᠨ ᠤ ᠴᠤᠭ ᠵᠢᠪᠬᠤᠭ᠎ᠠ ᠶᠢ ᠳᠡᠯᠭᠡᠨ ᠦᠵᠡᠭᠦᠯᠵᠦ ᠪᠤᠢ᠃            ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠦᠷᠭᠡᠨ ᠲᠡᠰᠢᠯᠲᠡ ᠶᠢᠨ ᠤᠷᠤᠯᠳᠤᠭᠠᠨ  ᠤ ᠲᠠᠯᠠᠪᠤᠷ ᠲᠤ᠂ ᠥᠪᠥᠷ ᠮᠣᠩᠭᠤᠯ ᠤᠨ ᠲᠠᠮᠢᠷᠴᠢᠨ ᠬᠠᠨ ᠮᠧᠶ ᠭᠠᠭᠴᠠᠭᠠᠷ ᠢᠶᠠᠨ ᠳᠥᠷᠪᠡᠨ ᠵᠦᠢᠯ ᠤᠨ ᠤᠷᠤᠯᠳᠤᠭᠠᠨ  ᠳᠤ ᠤᠷᠤᠯᠴᠠᠵᠤ᠂ ᠵᠠᠭᠤᠴᠢᠯᠠᠭᠤᠷ ᠤᠨ ᠬᠢᠨ ᠳᠤ ︽ᠮᠥᠰᠥᠨ ᠳᠡᠭᠡᠷᠡᠬᠢ ᠭᠦᠳᠡᠯᠮᠦᠷᠢ ᠶᠢᠨ ᠵᠢᠱᠢᠶᠡᠴᠢ︾ ᠬᠡᠮᠡᠨ ᠨᠡᠷᠡᠶᠢᠳᠦᠭᠳᠡᠪᠡ᠃ ᠤᠳᠠᠭ᠎ᠠ ᠪᠦᠷᠢ ᠶᠢᠨ ᠤᠷᠤᠯᠳᠤᠭᠠᠨ ᠳᠤ ᠬᠠᠨ ᠮᠧᠢ ᠪᠦᠷ ᠪᠦᠭᠦ ᠬᠦᠴᠦ ᠪᠠᠨ ᠰᠢᠪᠬᠠᠵᠤ᠂ ᠡᠷᠡᠯᠬᠡᠭᠯᠡᠨ ᠲᠡᠮᠡᠴᠡᠬᠦ ᠵᠠᠯᠠᠭᠤ ᠨᠠᠰᠤᠨ ᠤ ᠳᠦᠷᠢ ᠪᠠᠶᠢᠳᠠᠯ ᠢ ᠬᠠᠷᠠᠭᠤᠯᠪᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠹᠠᠨ ᠳ᠋ᠥᠸᠧ ᠶᠣᠣ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠠᠯᠠᠪᠤᠷ ᠲᠤ ᠵᠣᠭᠰᠣᠭᠰᠠᠨ ᠠᠩᠬᠠᠳᠠᠭᠴᠢ ᠳᠤᠮᠳᠠᠳᠤ ᠤᠯᠤᠰ ᠤᠨ ᠴᠢᠷᠭ᠎ᠠ ᠶᠢᠨ ᠲᠠᠮᠢᠷᠴᠢᠨ ᠪᠣᠯᠵᠠᠢ᠃ ︽ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠤᠯᠴᠠᠬᠤ ᠪᠣᠯ ᠢᠷᠠᠭᠤ ᠠᠯᠳᠠᠷ ᠪᠥᠭᠡᠳ ᠵᠣᠷᠢᠭᠵᠢᠭᠤᠯᠤᠯ ᠱᠠᠭᠠᠷᠳᠠᠯᠭ᠎ᠠ ᠮᠥᠨ᠂ ᠵᠠᠯᠭᠠᠭᠠᠳ ᠯᠠᠪᠳᠠᠭᠤᠨ ᠲᠣᠭᠲᠠᠭᠤᠨ ᠢᠶᠠᠷ ᠴᠢᠷᠮᠠᠶᠢᠵᠤ ᠰᠢᠪᠲᠤᠯᠤᠯᠲᠠ ᠭᠠᠷᠭᠠᠬᠤ ᠶᠢ ᠬᠦᠰᠡᠵᠦ ᠪᠠᠶᠢᠨ᠎ᠠ︕︾ ᠭᠡᠬᠦ ᠹᠠᠨ ᠳ᠋ᠥᠸᠧ ᠶᠣᠣ ᠶᠢᠨ ᠬᠤᠯᠠᠴᠢ ᠪᠤᠳᠤᠯ ᠨᠢ ᠬᠥᠮᠥᠰ ᠲᠤ ᠭᠦᠨ ᠰᠠᠭᠤᠭᠳᠠᠯ ᠦᠯᠡᠳᠡᠭᠡᠵᠡᠢ᠃            ᠪᠡᠶ᠎ᠡ ᠶᠢᠨ ᠲᠠᠮᠢᠷ ᠤᠨ ᠮᠥᠨ ᠴᠢᠨᠠᠷ ᠨᠢ ᠥᠷᠢᠰᠦᠯᠳᠦᠭᠡᠨᠲᠦ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠯᠠᠪᠲᠠᠢ ᠠᠯᠲᠠ ᠮᠥᠩᠭᠦ ᠪᠤᠯᠢᠶᠠᠯᠳᠤᠳᠠᠭ ᠢ ᠲᠣᠭᠲᠠᠭᠠᠪᠠ᠂ ᠭᠡᠪᠡᠴᠦ ᠤᠷᠤᠯᠳᠤᠭᠠᠨ ᠤ ᠲᠠᠯᠠᠪᠤᠷ ᠲᠤ ᠵᠣᠷᠢᠭᠲᠠᠢ ᠪᠠᠷ ᠥᠷᠢᠰᠦᠯᠳᠦᠵᠦ᠂ ᠥᠪᠡᠷ ᠢ ᠪᠠᠨ ᠢᠯᠡᠨ ᠳᠠᠪᠠᠳᠠᠭ ᠬᠥᠮᠥᠨ ᠪᠣᠯ ᠮᠥᠨ ᠴᠦ ᠪᠠᠭᠠᠲᠤᠷ ᠮᠥᠨ᠃ ᠢᠷᠡᠭᠡᠳᠦᠢ ᠳᠤ᠂ ᠥᠪᠥᠷ ᠮᠣᠩᠭᠤᠯ ᠤᠨ ᠥᠷᠢᠰᠦᠯᠳᠦᠭᠡᠨᠲᠦ ᠪᠡᠶ᠎ᠡ ᠶᠢᠨ ᠲᠠᠮᠢᠷ ᠪᠠᠰᠠ ᠨᠡᠩ ᠨᠡᠭᠡᠭᠡᠯᠲᠡᠲᠡᠢ ᠳᠦᠷᠢ ᠲᠥᠷᠬᠦ ᠪᠠᠷ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠠᠭᠤᠰᠤᠯᠴᠠᠬᠤ ᠪᠣᠯᠣᠨ᠎ᠠ᠃                              ᠪᠦᠭᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠵᠤ ᠵᠢᠷᠭᠠᠯᠲᠤ ᠠᠮᠢᠳᠤᠷᠠᠯ ᠢᠶᠠᠨ ᠴᠣᠭᠴᠠᠯᠠᠬᠤ ᠨᠢ ᠠᠭᠠᠵᠢᠮ ᠢᠶᠠᠷ ᠬᠡᠪ ᠰᠤᠷᠲᠠᠯ ᠪᠣᠯᠪᠠ                              ᠭᠠᠷᠠᠭ ᠤᠨ ᠰᠡᠭᠦᠯᠴᠢ ᠪᠤᠯᠬᠤ ᠪᠦᠷᠢ᠂ ᠬᠡᠦᠬᠡᠨ ᠢᠶᠠᠨ ᠳᠠᠭᠠᠭᠤᠯᠤᠨ ᠭᠦᠭᠡᠬᠤᠲᠠ ᠶᠢᠨ ᠨᠣᠭᠤᠭᠠᠷᠠᠭᠤᠯᠤᠭᠰᠠᠨ ᠵᠠᠮ ᠤᠨ ᠵᠢᠱᠢᠶ᠎ᠡ ᠦᠵᠡᠭᠦᠯᠭᠦ ᠰᠡᠯᠡᠭᠦᠴᠡᠯ ᠤᠨ ᠭᠠᠵᠠᠷ ᠢᠶᠠᠷ ᠳᠤᠭᠤᠢ ᠤᠨᠤᠨ ᠪᠡᠶ᠎ᠡ ᠪᠣᠯᠪᠠᠰᠤᠷᠠᠬᠤ ᠨᠢ ᠯᠢ ᠵᠢᠤᠸᠠᠨ ᠤ ᠪᠠᠷᠢᠮᠲᠠᠯᠠᠯ ᠪᠠ ᠵᠤᠷᠰᠢᠯ ᠪᠣᠯᠪᠠ᠃ ︽ᠡᠨᠡ ᠬᠦ ᠰᠢᠨ᠎ᠡ ᠪᠠᠷ ᠪᠠᠶᠢᠭᠤᠯᠤᠭᠰᠠᠨ ᠭᠦᠭᠡᠬᠤᠲᠠ ᠶᠢᠨ ᠨᠣᠭᠤᠭᠠᠷᠠᠭᠤᠯᠤᠭᠰᠠᠨ ᠵᠠᠮ ᠤᠨ ᠵᠢᠱᠢᠶ᠎ᠡ ᠦᠵᠡᠭᠦᠯᠭᠦ ᠬᠡᠰᠡᠭ ᠤᠨ ᠵᠠᠮ ᠨᠢ ᠴᠡᠪᠡᠷ ᠲᠡᠭᠰᠢᠬᠡᠨ᠂ ᠬᠠᠰᠢᠯᠭ᠎ᠠ ᠶᠢᠨ ᠨᠢᠭᠡ ᠲᠠᠯ᠎ᠠ ᠨᠢ ᠳᠠᠷᠤᠢ ᠵᠢᠵᠢᠭ ᠲᠦᠷᠭᠡᠨ ᠭᠤᠣᠯ ᠪᠣᠯᠣᠨ᠎ᠠ᠂ ᠪᠡᠶ᠎ᠡ ᠪᠣᠯᠪᠠᠰᠤᠷᠠᠬᠤ ᠶᠢᠨ ᠳᠠᠭᠠᠤ ᠪᠠᠰᠠ ᠡᠬᠡ ᠪᠠᠶᠢᠭᠠᠯᠢ ᠶᠢᠨ ᠭᠤᠶᠣ ᠦᠵᠡᠮᠵᠢ ᠶᠢ ᠰᠣᠨᠢᠷᠬᠠᠴᠢᠬᠠᠨ᠎ᠠ︾ ᠭᠡᠵᠦ ᠯᠢ ᠵᠢᠤᠸᠠᠨ ᠬᠡᠯᠡᠨ᠎ᠡ᠃            ᠨᠣᠭᠤᠭᠠᠷᠠᠭᠤᠯᠤᠭᠰᠠᠨ ᠵᠠᠮ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠪᠣᠯᠣᠨ ᠪᠡᠶ᠎ᠡ ᠶᠢᠨ ᠲᠠᠮᠢᠷ ᠤᠨ ᠴᠡᠴᠡᠷᠯᠢᠭ ᠵᠡᠷᠭᠡ ᠣᠯᠠᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠨᠢ ᠠᠷᠠᠳ ᠣᠯᠠᠨ ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠴᠢᠨᠠᠷ ᠢ ᠳᠡᠭᠡᠭᠰᠢᠯᠡᠭᠦᠯᠭᠦ ᠳᠤ ᠴᠢᠬᠤᠯᠠ ᠦᠢᠯᠡᠳᠦᠯ ᠢᠶᠠᠨ ᠪᠠᠳᠠᠷᠠᠭᠤᠯᠵᠤ ᠪᠠᠶᠢᠭ᠎ᠠ ᠶᠤᠮ᠃ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠨᠢᠭᠦᠯᠬᠦ ᠳᠤ᠂ ᠤᠷᠢᠳ ᠢᠶᠠᠷ ︽ᠬᠠᠮᠢᠭ᠎ᠠ ᠣᠴᠢᠵᠤ ᠪᠡᠶ᠎ᠡ ᠴᠢᠭᠢᠷᠠᠭᠵᠢᠭᠤᠯᠬᠤ ︾ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠨᠢᠳᠤᠨᠤᠨ᠂ ᠮᠠᠨ ᠤ ᠣᠷᠣᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢᠨ ᠲᠠᠰ ᠳᠡᠪᠰᠢᠭᠦᠯᠭᠦ ᠢᠨᠵᠧᠨᠧᠷᠢᠩ ᠢ ᠬᠡᠷᠡᠭᠵᠢᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠢ 114᠂ ᠪᠡᠶ᠎ᠡ ᠴᠢᠭᠢᠷᠠᠭᠵᠢᠭᠤᠯᠬᠤ ᠵᠠᠮ ᠢ 300 ᠭᠠᠷᠤᠢ ᠢᠵᠢ ᠲᠦᠭᠦᠷᠵᠢᠭᠦᠯᠦᠨ ᠪᠠᠶᠢᠭᠤᠯᠬᠤ ᠶᠢ ᠳᠡᠮᠵᠢᠪᠡ᠃ ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠤ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠠᠯᠬᠤᠮ ᠠᠯᠬᠤᠮ ᠢᠶᠠᠷ ᠴᠢᠩᠭᠠᠷᠠᠵᠤ᠂ ᠪᠦᠭᠦ ᠣᠷᠣᠨ ᠤ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ ᠢ ᠪᠦᠷᠢᠨ ᠪᠦᠷᠭᠦᠭᠦᠯᠭᠦ ᠶᠢ ᠪᠡᠶᠡᠯᠡᠭᠦᠯᠵᠦ᠂ ᠬᠤᠲᠠ ᠶᠢᠨ ᠨᠡᠶᠢᠭᠡᠮ ᠲᠣᠭᠤᠷᠢᠭ ᠤᠨ 15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠤᠷᠬᠤ ᠨᠣᠷᠮ᠎ᠠ ᠶᠢ 90.8% ᠎ ᠳᠤ ᠬᠦᠷᠦᠭᠦᠯᠵᠦ᠂ ᠬᠤᠲᠠ ᠬᠥᠳᠡᠭᠡ ᠶᠢ ᠬᠠᠮᠤᠷᠤᠭᠰᠠᠨ᠂ ᠪᠠᠶᠢᠷᠢᠰᠢᠭᠤᠯᠤᠯ ᠨᠢ ᠵᠦᠢ ᠵᠣᠬᠢᠰᠲᠠᠢ᠂ ᠲᠥᠷᠥᠯ ᠵᠦᠢᠯ ᠨᠢ ᠣᠯᠠᠨ ᠶᠠᠩᠵᠤ ᠶᠢᠨ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢᠨ ᠲᠣᠣᠷ ᠰᠦᠯᠵᠢᠶ᠎ᠡ ᠶᠢ ᠠᠩᠬ᠎ᠠ ᠠᠯᠬᠤᠮ ᠪᠦᠷᠢᠯᠳᠦᠭᠦᠯᠪᠡ᠃            ᠡᠷᠡᠭᠦᠯ ᠡᠩᠬᠡ ᠥᠪᠥᠷ ᠮᠣᠩᠭᠤᠯ  ᠢ ᠪᠦᠲᠦᠭᠡᠨ ᠪᠠᠶᠢᠭᠤᠯᠬᠤ ᠳᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠴᠠ ᠰᠠᠯᠵᠤ ᠴᠢᠳᠠᠬᠤ ᠦᠭᠡᠢ᠃ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠤᠯᠤᠰ ᠤᠨ ᠪᠠᠶᠢᠯᠳᠤᠬᠤ ᠪᠣᠳᠣᠯᠭ᠎ᠠ ᠪᠣᠯᠭᠠᠨ ᠳᠡᠭᠡᠭᠰᠢᠯᠡᠭᠦᠯᠭᠦ ᠶᠢ ᠳᠠᠭᠠᠯᠳᠤᠨ᠂ ᠮᠠᠨ ᠤ ᠣᠷᠣᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠬᠥᠭᠵᠢᠯᠲᠡ ᠶᠢᠨ ᠲᠦᠷᠭᠡᠨ ᠵᠠᠮ ᠳᠤ ᠣᠷᠣᠪᠠ᠃ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠲᠡᠳᠬᠦᠨ ᠬᠥᠭᠵᠢᠭᠦᠯᠵᠦ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠤᠷᠤᠯᠳᠤᠭᠠᠨ᠂ ᠨᠠᠭᠠᠳᠤᠮ ᠤᠨ ᠴᠤᠭᠯᠠᠭᠠᠨ᠂ ᠪᠦᠭᠦ ᠣᠷᠣᠨ ᠤ ︽ᠡᠷ᠎ᠡ ᠶᠢᠨ ᠭᠤᠷᠪᠠᠨ ᠨᠠᠭᠠᠳᠤᠮ︾ ᠎ ᠤᠨ ᠤᠷᠤᠯᠳᠤᠭᠠᠨ ᠵᠡᠷᠭᠡ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠣᠬᠢᠶᠠᠨ ᠪᠠᠶᠢᠭᠤᠯᠵᠤ᠂ ᠨᠢᠳᠤᠨᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠲᠠᠮᠢᠷ ᠤᠨ ᠴᠤᠭᠯᠠᠭᠠᠨ ᠤ ᠣᠯᠠᠨ ᠲᠦᠮᠡᠨᠴᠢ ᠲᠥᠷᠥᠯ ᠵᠦᠢᠯ ᠢ ᠰᠢᠯᠭᠠᠷᠠᠭᠤᠯᠬᠤ ᠤᠷᠤᠯᠳᠤᠭᠠᠨ ᠨᠢ ᠨᠠᠩ ᠣᠯᠠᠨ ᠬᠠᠮᠤᠷᠬᠤ ᠬᠡᠪᠴᠢᠶ᠎ᠡ ᠨᠢ ᠥᠷᠭᠡᠨ᠂ ᠨᠥᠯᠥᠭᠡᠯᠡᠬᠦ ᠬᠦᠴᠦᠨ ᠨᠢ ᠶᠡᠭᠡ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠢ ᠪᠦᠲᠦᠮᠵᠢᠲᠡᠶ ᠳᠠᠶᠢᠴᠢᠯᠠᠵᠤ᠂ ᠠᠷᠠᠳ ᠣᠯᠠᠨ ᠤ ᠪᠡᠶ᠎ᠡ ᠴᠢᠭᠢᠷᠠᠭᠵᠢᠭᠤᠯᠬᠤ ᠲᠠᠪᠴᠠᠩ ᠢ ᠥᠷᠭᠡᠨ ᠳᠡᠯᠭᠡᠷ ᠦᠵᠡᠰᠬᠦᠯᠡᠩᠲᠦ ᠰᠠᠶᠢᠬᠠᠨ ᠪᠤᠯᠭᠠᠪᠠ; ᠣᠯᠠᠨ ᠲᠦᠮᠡᠨ ᠤ ᠳᠡᠷᠭᠡᠳᠡᠬᠢ ᠪᠡᠶ᠎ᠡ ᠴᠢᠭᠢᠷᠠᠭᠵᠢᠭᠤᠯᠬᠤ ᠵᠢᠯᠣᠭᠤᠳᠤᠯᠭ᠎ᠠ ᠶᠢ ᠴᠢᠩᠭᠠᠳᠬᠠᠵᠤ ᠂ ᠥᠪᠡᠷᠲᠡᠭᠡᠨ ᠵᠠᠰᠠᠬᠤ ᠣᠷᠣᠨ  ᠤ ᠪᠡᠶ᠎ᠡ  ᠶᠢᠨ ᠲᠠᠮᠢᠷ ᠤᠨ ᠲᠣᠪᠴᠢᠶ᠎ᠠ ᠤᠯᠤᠰ ᠠᠷᠠᠳ ᠤᠨ ᠪᠡᠶ᠎ᠡ ᠮᠠᠬᠠᠪᠤᠳ ᠢ ᠬᠢᠨᠠᠨ ᠰᠢᠨᠵᠢᠭᠦ ᠥᠷᠲᠡᠭᠡ ᠴᠡᠭ ᠪᠠ ᠦᠢᠯᠡᠴᠢᠯᠡᠭᠡ  ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠪᠡᠶ᠎ᠡ ᠴᠢᠭᠢᠷᠠᠭᠵᠢᠭᠤᠯᠬᠤ ᠠᠷᠭ᠎ᠠ ᠶᠢ ᠳᠡᠯᠭᠡᠷᠡᠭᠦᠯᠪᠡ᠃            ᠲᠦᠷᠦᠭᠦᠬᠡᠨ᠂ ᠮᠠᠨ  ᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2021—2025 ᠣᠨ︶︾ ᠎ ᠶᠢ ᠳᠠᠷᠤᠮᠠᠯᠯᠠᠨ ᠲᠠᠷᠬᠠᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠎ ᠤᠨ ᠬᠤᠭᠤᠴᠠᠭᠠᠨ ᠳᠤ᠂ ᠮᠠᠨ ᠤ ᠣᠷᠣᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠭᠤᠣᠯ ᠡᠭᠦᠷᠭᠡ ᠶᠢ ᠲᠣᠳᠣᠷᠬᠠᠶᠢᠯᠠᠪᠠ᠃ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠤᠭᠤᠴᠠᠭᠠᠨ  ᠳᠤ᠂ ᠮᠠᠨ  ᠤ ᠣᠷᠣᠨ ᠵᠢᠯ ᠪᠦᠷᠢ ᠳᠤᠮᠳᠠᠴᠢ ᠪᠠᠷ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠢ 2200 ᠭᠠᠷᠤᠢ ᠤᠳᠠᠭ᠎ᠠ ᠡᠷᠭᠢᠯᠡᠵᠦ ᠂ ᠨᠡᠶᠢᠲᠡ 900 ᠲᠦᠮᠡ ᠭᠠᠷᠤᠢ ᠬᠥᠮᠥᠨ ᠤᠳᠠᠭ᠎ᠠ ᠣᠷᠣᠯᠴᠠᠪᠠ᠃                              ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠮᠢᠵᠢᠷᠠᠯ ᠤᠨ ᠬᠦᠴᠦᠨ ᠢ ᠪᠠᠳᠠᠷᠠᠭᠤᠯᠬᠤ ᠠᠵᠠ ᠲᠤᠭᠢᠶᠠᠯ ᠬᠦᠷᠴᠦ ᠢᠷᠡᠯ᠎ᠡ                              5 ᠰᠠᠷ᠎ᠠ ᠶᠢᠨ 26 ᠎ ᠤ ᠡᠳᠦᠷ ᠤᠨ ᠦᠳᠡ ᠶᠢᠨ ᠬᠤᠶᠢᠨ᠎ᠠ᠂ WCBA ᠎ ᠶᠢᠨ ᠮᠠᠩᠯᠠᠢ ᠳᠤ ᠲᠣᠳᠣᠷᠠᠭᠰᠠᠨ ᠥᠪᠥᠷ ᠮᠣᠩᠭᠤᠯ ᠤᠨ ᠬᠥᠳᠡᠭᠡ ᠳᠤᠰᠬᠤᠨ ᠤ ᠢᠲᠡᠭᠡᠮᠵᠢ ᠶᠢᠨ ᠬᠤᠷᠰᠢᠶ᠎ᠡ ᠶᠢᠨ ᠡᠮᠡᠭᠲᠡᠢ ᠶᠢᠨ ᠰᠠᠭᠰᠤᠨ ᠪᠥᠮᠪᠦᠭᠡ ᠶᠢᠨ ᠠᠩᠭᠢ ᠭᠦᠭᠡᠬᠤᠲᠠ ᠶᠢᠨ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠥᠨᠳᠥᠷ ᠳᠤᠮᠳᠠᠳᠤ ᠶᠢᠨ ᠠᠩᠭᠢ ᠳᠤ ᠬᠦᠷᠴᠦ᠂ ᠰᠤᠷᠤᠬᠴᠢᠳ ᠲᠠᠢ ᠰᠠᠭᠰᠤᠨ ᠪᠥᠮᠪᠦᠭᠡ ᠶᠢᠨ ᠲᠤᠬᠠᠢ ︽ᠵᠠᠯᠠᠭᠤ ᠨᠠᠰᠤᠨ ᠤ ᠵᠣᠭᠤᠭ︾ ᠭᠡᠬᠦ ᠶᠠᠷᠢᠯᠴᠠᠭ᠎ᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠄  ︽ᠡᠨᠡ ᠤᠳᠠᠭᠠᠨ ᠤ ᠠᠵᠢᠯᠯᠠᠭ᠎ᠠ ᠶᠢ ᠡᠷᠭᠢᠯᠡᠭᠰᠡᠨ ᠨᠢ ᠳᠠᠷᠤᠢ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︿ᠬᠤᠶᠠᠷ ᠢ ᠬᠥᠩᠭᠡᠷᠡᠭᠦᠯᠬᠦ﹀ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃ ᠬᠡᠦᠬᠡᠳ ᠤᠳ ᠲᠠᠮᠢᠷ ᠤᠨ ᠬᠥᠳᠡᠯᠭᠡᠭᠡᠨ ᠤ ᠳᠤᠮᠳᠠ ᠠᠴᠠ ᠠᠮᠢᠵᠢᠷᠠᠯ ᠤᠨ ᠬᠦᠴᠦᠨ ᠣᠯᠵᠤ᠂ ᠵᠣᠷᠢᠭ ᠰᠥᠰᠥ ᠪᠠᠨ ᠳᠠᠪᠲᠠᠨ ᠪᠤᠯᠪᠠᠰᠤᠷᠠᠭᠤᠯᠬᠤ ᠳᠤ ᠠᠰᠢᠭᠲᠠᠢ ᠶᠤᠮ︾ ᠭᠡᠪᠡ᠃            ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ ᠶᠡᠭᠡ ᠠᠬᠤᠢ ᠪᠠᠶᠢᠳᠠᠯ ᠳᠣᠣᠷ᠎ᠠ᠂ ᠮᠠᠨ ᠤ ᠣᠷᠣᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠰᠢᠨ᠎ᠡ ᠬᠥᠭᠵᠢᠯᠲᠡ ᠶᠢᠨ ᠠᠵᠠ ᠲᠣᠭᠢᠶᠠᠯ ᠢ ᠤᠭᠲᠤᠨ ᠠᠪᠴᠢᠷᠠᠪᠠ᠃ 5 ᠰᠠᠷ᠎ᠠ ᠶᠢᠨ 27 ᠎ ᠤ ᠡᠳᠦᠷ᠂ ᠥᠪᠥᠷ ᠮᠣᠩᠭᠤᠯ ᠤᠨ ᠵᠠᠯᠠᠭᠤᠴᠤᠳ ᠪᠠᠭᠠᠴᠤᠳ ᠤᠨ ᠭᠤᠣᠯ ᠰᠡᠳᠦᠪᠲᠦ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠪᠦᠭᠦ ᠣᠷᠣᠨ ᠤ ᠬᠡᠪᠴᠢᠶᠡᠨ ᠳᠤ ᠵᠢᠩᠬᠢᠨᠢ ᠪᠠᠷ ᠡᠬᠢᠯᠡᠪᠡ᠃ 2021 ᠣᠨ  ᠳᠤ ᠮᠠᠨ  ᠤ ᠣᠷᠣᠨ ︽ᠤᠷᠤᠭᠰᠢᠯᠠᠭᠠᠷᠠᠢ᠂ ᠪᠠᠭᠠᠴᠤᠳ ᠮᠢᠨᠢ︾ ᠭᠤᠣᠯ ᠰᠡᠳᠦᠪᠲᠦ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ 2600 ᠲᠠᠯᠠᠪᠤᠷ ᠥᠷᠨᠢᠭᠦᠯᠵᠦ᠂ ᠣᠷᠣᠯᠴᠠᠬᠰᠠᠨ ᠪᠦᠭᠦ ᠬᠥᠮᠥᠨ ᠤ ᠲᠤᠭ᠎ᠠ 180 ᠲᠦᠮᠡᠨ ᠬᠥᠮᠥᠨ ᠤᠳᠠᠭ᠎ᠠ ᠶᠢ ᠳᠠᠪᠠᠵᠤ᠂ ᠡᠨᠡ ᠵᠢᠯ ᠵᠢᠱᠢᠯᠲᠡ ᠪᠠᠷ ᠪᠠᠰᠠ 100 ᠲᠦᠮᠡᠨ ᠬᠥᠮᠥᠨ ᠤᠳᠠᠭ᠎ᠠ ᠎ ᠶᠢ ᠳᠠᠪᠠᠭ᠋ᠤ ᠪᠣᠯᠣᠨ᠎ᠠ᠃            ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠠᠵᠢᠯ ᠢ ᠴᠢᠩᠭᠠᠳᠬᠠᠪᠠ᠃ ᠪᠦᠭᠦ ᠣᠷᠣᠨ ᠤ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ ᠶᠢ 268 ᠪᠣᠯᠭᠠᠨ ᠨᠡᠮᠡᠭᠳᠡᠭᠦᠯᠵᠦ᠂ ᠣᠨᠴᠠᠯᠢᠭᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠰᠤᠷᠭᠠᠭᠤᠯᠢ ᠶᠢ 980 ᠪᠣᠯᠭᠠᠨ ᠨᠡᠮᠡᠭᠳᠡᠭᠦᠯᠪᠡ᠃ ᠰᠤᠷᠭᠠᠭᠤᠯᠢ ᠶᠢᠨ ᠤᠷᠤᠯᠳᠤᠭᠠᠨ᠂ U ᠰᠢᠷᠢᠰ ᠤᠷᠤᠯᠳᠤᠭᠠᠨ ᠵᠡᠷᠭᠡ ᠡᠯ᠎ᠡ ᠱᠠᠲᠤᠨ ᠤ ᠡᠯ᠎ᠡ ᠲᠥᠷᠥᠯ ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠮᠬᠢᠯᠡᠨ ᠨᠡᠶᠢᠯᠡᠭᠦᠯᠭᠦ ᠪᠠᠷ ᠳᠠᠮᠵᠢᠭᠤᠯᠤᠨ᠂ ᠪᠦᠭᠦ ᠣᠷᠣᠨ ᠤ ᠪᠡᠶ᠎ᠡ ᠶᠢᠨ ᠲᠠᠮᠢᠷ ᠤᠨ ᠴᠤᠭᠯᠠᠭᠠᠨ ᠢᠶᠠᠷ ᠲᠦᠷᠦᠭᠦᠯᠡᠭᠦᠯᠦᠭᠰᠡᠨ᠂ ᠵᠠᠯᠠᠭᠤᠴᠤᠳ ᠪᠠᠭᠠᠴᠤᠳ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠢᠶᠠᠷ ᠭᠤᠣᠯ ᠴᠣᠭᠴᠠ ᠪᠤᠯᠭᠠᠬᠰᠠᠨ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠬᠠᠮᠲᠤᠷᠠᠭᠰᠠᠨ ᠤᠷᠤᠯᠳᠤᠭᠠᠨ ᠢᠶᠠᠷ ᠰᠠᠭᠤᠷᠢ ᠪᠤᠯᠭᠠᠬᠰᠠᠨ᠂ ᠺᠯᠦ᠋ᠪ ᠤᠨ ᠬᠠᠮᠲᠤᠷᠠᠭᠰᠠᠨ ᠤᠷᠤᠯᠳᠤᠭᠠᠨ ᠢᠶᠠᠷ ᠨᠥᠬᠦᠪᠦᠷᠢ ᠪᠤᠯᠭᠠᠬᠰᠠᠨ ᠣᠯᠠᠨ ᠲᠠᠯ᠎ᠠ ᠶᠢᠨ᠂ ᠪᠦᠭᠦᠨ ᠢ ᠬᠠᠮᠤᠷᠤᠭᠰᠠᠨ ᠤᠷᠤᠯᠳᠤᠭᠠᠨ ᠤ ᠰᠢᠰᠲ᠋ᠧᠮ ᠢ ᠪᠤᠶ ᠪᠤᠯᠭᠠᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠲᠤ ᠭᠡᠯᠪᠡᠷᠢ ᠮᠠᠶ᠋ᠢᠭ ᠨᠢ ᠣᠯᠠᠨ ᠶᠠᠩᠵᠤ ᠶᠢᠨ᠂ ᠡᠷᠬᠡ ᠲᠡᠭᠰᠢ ᠪᠠᠷ ᠣᠷᠤᠯᠴᠠᠬᠤ ᠤᠷᠤᠯᠳᠤᠭᠠᠨ ᠤ ᠲᠠᠪᠴᠠᠩ ᠢ ᠬᠠᠩᠭᠠᠵᠤ᠂ ᠴᠢᠳᠠᠪᠤᠷᠢᠲᠠᠨ ᠰᠣᠩᠭᠤᠬᠤ ᠠᠷᠭ᠎ᠠ ᠵᠠᠮ ᠢ ᠥᠷᠭᠡᠳᠬᠡᠭᠰᠡᠨ ᠪᠠᠶᠢᠨ᠎ᠠ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号