ᠲᠠ ᠨᠠᠷ ᠤᠨ ᠨᠠᠩ ᠶᠡᠭᠡ ᠵᠣᠯ ᠵᠢᠷᠭᠠᠯ ᠤᠨ ᠲᠥᠯᠥᠭᠡ
ᠨᠡᠶᠢᠲᠡᠯᠡᠭᠰᠡᠨ ᠴᠠᠭ᠄
2022/10/17
     ᠵᠣᠬᠢᠶᠠᠭᠴᠢ᠄ ᠵᠣᠣ ᠰᠢ              — ᠮᠠᠨ ᠤ ᠣᠷᠣᠨ ᠤ ᠡᠮᠡᠭᠲᠡᠶᠢᠴᠦᠳ ᠬᠡᠦᠬᠡᠳ ᠤᠨ ᠠᠵᠢᠯ ᠢ ᠪᠦᠭᠦ ᠲᠠᠯ᠎ᠠ ᠪᠠᠷ ᠠᠬᠢᠭᠤᠯᠤᠭᠰᠠᠨ ᠲᠤᠬᠠᠢ ᠬᠦᠦᠷᠨᠢᠯ            ᠤᠯᠤᠰ ᠤᠨ ᠭᠦᠢᠴᠡᠳᠬᠡᠯ ᠲᠤᠭ᠎ᠠ 56 ᠵᠦᠢᠯ ᠪᠠᠶᠢᠭᠰᠠᠨ ᠢ ᠥᠪᠡᠷᠲᠡᠭᠡᠨ ᠵᠠᠰᠠᠬᠤ ᠣᠷᠣᠨ 75 ᠵᠦᠢᠯ ᠪᠣᠯᠭᠠᠨ ᠨᠡᠮᠡᠭᠳᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠳᠤ ᠭᠦᠷᠦᠭᠰᠡᠨ ᠨᠣᠷᠮ᠎ᠠ ᠲᠣᠰ ᠲᠣᠰ 96.4% ᠪᠠ 94.7% ᠪᠤᠯᠵᠠᠶ;            ᠤᠯᠤᠰ ᠤᠨ ᠭᠦᠢᠴᠡᠳᠬᠡᠯ ᠲᠤᠭ᠎ᠠ 34 ᠵᠦᠢᠯ ᠪᠠᠶᠢᠭᠰᠠᠨ ᠢ ᠥᠪᠡᠷᠲᠡᠭᠡᠨ ᠵᠠᠰᠠᠬᠤ ᠣᠷᠣᠨ 41ᠵᠦᠢᠯ ᠪᠣᠯᠭᠠᠨ ᠨᠡᠮᠡᠭᠳᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠳᠤ ᠭᠦᠷᠦᠭᠰᠡᠨ ᠨᠣᠷᠮ᠎ᠠ ᠲᠣᠰ ᠲᠣᠰ 94.1% ᠪᠠ 95.1% ᠪᠣᠯᠵᠠᠢ᠃            ᠡᠨᠡ ᠪᠣᠯ ᠡᠮᠡᠭᠲᠡᠶᠢᠴᠦᠳ᠂ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2011 — 2020 ᠣᠨ︶ ᠎ ᠶᠢᠨ ᠰᠡᠭᠦᠯᠴᠢ ᠶᠢᠨ ᠬᠤᠭᠤᠴᠠᠭᠠᠨ ᠤ ᠦᠨᠡᠯᠡᠯᠲᠡ ᠶᠢᠨ ᠮᠠᠨ ᠤ ᠣᠷᠣᠨ ᠤ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠪᠣᠯᠣᠨ᠎ᠠ᠂ ᠡᠨᠡ ᠨᠢ ᠮᠠᠨ ᠤ ᠣᠷᠣᠨ ᠤ ︽ᠬᠤᠶᠠᠷ ᠬᠥᠲᠥᠯᠪᠦᠷᠢ︾ ᠎ ᠶᠢ ᠬᠡᠷᠡᠭᠵᠢᠭᠦᠯᠬᠦ ᠠᠵᠢᠯ ᠮᠥᠨ ᠴᠢᠨᠠᠷ ᠤᠨ ᠦᠷ᠎ᠡ ᠪᠦᠲᠦᠮᠵᠢ ᠣᠯᠣᠭᠰᠠᠨ ᠢ ᠬᠠᠷᠠᠭᠤᠯᠵᠤ ᠪᠤᠶ᠃ ᠡᠳᠡᠭᠡᠷ ᠠᠯᠢ ᠤᠯᠠᠨ ᠲᠤᠭ᠎ᠠ ᠨᠤᠭᠤᠳ ᠨᠢ ᠬᠠᠯᠠᠭᠤᠨ ᠬᠠᠯᠠᠮᠵᠢᠯᠠᠯ ᠢ ᠲᠤᠰᠬᠠᠵᠤ ᠪᠠᠶᠢᠨ᠎ᠠ᠃ ᠡᠳᠡᠭᠡᠷ ᠬᠠᠯᠠᠮᠵᠢᠯᠠᠯ ᠨᠢ ᠡᠮᠡᠭᠲᠡᠶᠢᠴᠦᠳ ᠬᠡᠦᠬᠡᠳ ᠤᠨ ᠡᠷᠡᠭᠦᠯ ᠮᠡᠨᠳᠦ᠂ ᠰᠤᠷᠭᠠᠨ ᠬᠥᠮᠦᠵᠢᠯ᠂ ᠠᠵᠤ ᠠᠬᠤᠢ᠂ ᠠᠰᠠᠷᠠᠮᠵᠢ᠂ ᠬᠠᠮᠠᠭᠠᠯᠠᠯᠲᠠ ᠵᠡᠷᠭᠡ ᠳᠤ ᠬᠤᠯᠪᠣᠭᠳᠠᠵᠤ ᠪᠠᠶᠢᠳᠠᠭ᠃            ᠨᠢᠳᠤᠨᠤᠨ᠂ ᠤᠯᠤᠰ ᠤᠨ ᠰᠢᠨ᠎ᠡ ︽ᠬᠤᠶᠠᠷ ᠬᠥᠲᠥᠯᠪᠦᠷᠢ︾᠎ ᠲᠠᠢ ᠪᠠᠷᠢᠮᠵᠢᠶᠠᠯᠠᠨ ᠬᠠᠷᠭᠤᠭᠤᠯᠵᠤ᠂ ᠥᠪᠥᠷ ᠮᠣᠩᠭᠤᠯ ᠤᠨ ᠰᠢᠨ᠎ᠡ ᠨᠢᠭᠡ ᠡᠭᠡᠯᠵᠢ ᠶᠢᠨ ᠡᠮᠡᠭᠲᠡᠶᠢᠴᠦᠳ ᠬᠡᠦᠬᠡᠳ  ᠤᠨ ᠬᠥᠭᠵᠢᠯᠲᠡ ᠶᠢᠨ ᠬᠥᠲᠥᠯᠪᠦᠷᠢ ︵2021— 2030 ᠣᠨ︶᠎ ᠶᠢ ᠨᠡᠶᠢᠲᠡᠯᠡᠵᠦ᠂ ᠭᠤᠣᠯ ᠬᠠᠷᠠᠯᠲᠠ᠂ ᠲᠦᠪᠰᠢᠨ ᠳᠠᠬᠢᠨᠲᠠ ᠳᠡᠭᠡᠭᠰᠢᠯᠡᠪᠡ᠃ ᠡᠮᠡᠭᠲᠡᠶᠢᠴᠦᠳ ᠬᠡᠦᠬᠡᠳ ᠤᠨ ᠭᠦᠢᠴᠡᠳᠬᠡᠯ ᠲᠤᠭ᠎ᠠ ᠲᠣᠰ ᠲᠣᠰ 81 ᠵᠦᠢᠯ ᠪᠠ 72 ᠵᠦᠢᠯ ᠳᠤ ᠭᠦᠷᠪᠡ᠃            ᠥᠷᠭᠡᠨ ᠣᠯᠠᠨ ᠡᠮᠡᠭᠲᠡᠶᠢᠴᠦᠳ ᠬᠡᠦᠬᠡᠳ ᠲᠤ ᠨᠠᠩ ᠰᠠᠶᠢᠨ ᠰᠠᠶᠢᠬᠠᠨ ᠠᠮᠢᠳᠤᠷᠠᠯ  ᠢ ᠡᠳ᠋ᠯᠡᠭᠦᠯᠭᠦ ᠶᠢᠨ ᠲᠥᠯᠥᠭᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠥᠪᠥᠷ ᠮᠣᠩᠭᠤᠯ ᠡᠮᠡᠭᠲᠡᠶᠢᠴᠦᠳ ᠬᠡᠦᠬᠡᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠶᠢ ᠭᠦᠨᠵᠡᠭᠡᠢ ᠬᠡᠷᠡᠭᠵᠢᠭᠦᠯᠬᠦ ᠶᠢ ᠠᠬᠢᠭᠤᠯᠵᠤ᠂ ᠡᠮᠡᠭᠲᠡᠶᠢᠴᠦᠳ ᠬᠡᠦᠬᠡᠳ ᠢ ᠬᠠᠯᠠᠮᠵᠢᠯᠠᠨ ᠬᠠᠶᠢᠷᠠᠯᠠᠬᠤ ᠨᠡᠶᠢᠭᠡᠮ  ᠤᠨ ᠠᠭᠤᠷ ᠠᠮᠢᠰᠬᠤᠯ ᠨᠠᠩ ᠥᠳᠬᠡᠨ ᠪᠣᠯᠵᠤ᠂ ᠡᠮᠡᠭᠲᠡᠶᠢᠴᠦᠳ ᠬᠡᠦᠬᠡᠳ ᠤᠨ ᠠᠰᠠᠷᠠᠮᠵᠢ ᠪᠠᠲᠤᠯᠠᠭ᠎ᠠ ᠶᠢᠨ ᠲᠦᠪᠰᠢᠨ ᠲᠣᠭᠲᠠᠭᠤᠨ ᠢᠶᠠᠷ ᠳᠡᠭᠡᠭᠰᠢᠯᠡᠵᠡᠢ᠃            ᠡᠬᠡ ᠤᠯᠤᠰ ᠲᠠᠢ ᠪᠠᠨ ᠬᠤᠪᠢ ᠵᠠᠶᠠᠭ᠎ᠠ ᠪᠠᠨ ᠬᠠᠮᠲᠤᠳᠬᠠᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ ᠂ ᠥᠪᠥᠷ ᠮᠣᠩᠭᠤᠯ ᠡᠮᠡᠭᠲᠡᠶᠢᠴᠦᠳ ᠬᠡᠦᠬᠡᠳ ᠤᠨ ᠵᠣᠯ ᠵᠢᠷᠭᠠᠯᠲᠤ ᠠᠮᠢᠳᠤᠷᠠᠯ ᠢ ᠵᠢᠷᠤᠭᠯᠠᠵᠤ ᠪᠤᠢ᠃            ᠪᠦᠭᠦ ᠰᠡᠳᠬᠢᠯ ᠢᠶᠠᠷ ᠢᠶᠠᠨ ᠬᠠᠯᠠᠮᠵᠢᠯᠠᠵᠤ ᠡᠮᠡᠭᠲᠡᠶᠢᠴᠦᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠪᠡ            ᠡᠨᠡ ᠵᠢᠯ ᠤᠨ 1 ᠰᠠᠷ᠎ᠠ ᠳᠤ᠂ ᠤᠯᠠᠭᠠᠨᠴᠠᠪ ᠬᠤᠲᠠ ᠶᠢᠨ ᠱᠠᠩᠳᠤ ᠰᠢᠶᠠᠨ ᠤ ᠰᠢ ᠵᠢᠩ ᠽᠢ ᠪᠠᠯᠭᠠᠰᠤᠨ ᠤ ᠴᠢ ᠭᠦ᠋ ᠳ᠋ᠢ ᠲᠣᠰᠬᠤᠨ ᠤ ᠬᠥᠬᠦᠨ ᠪᠤᠯᠴᠢᠷᠬᠠᠢ ᠶᠢᠨ ᠥᠮᠡᠨ ᠣᠯᠣᠭᠰᠠᠨ ᠸᠠᠩ ᠠᠪᠠᠭ᠋ᠠᠢ ᠳᠣᠣᠷ᠎ᠠ ᠣᠷᠣᠯᠭ᠎ᠠ ᠲᠠᠢ ᠡᠮᠡᠭᠲᠡᠶᠢᠴᠦᠳ ᠤᠨ ᠬᠤᠶᠠᠷ ᠥᠮᠡᠨ ᠤ ᠠᠪᠤᠷᠠᠨ ᠲᠤᠰᠠᠯᠠᠬᠤ ᠮᠥᠩᠭᠦ1ᠲᠦᠮᠡᠨ ᠲᠥᠭᠦᠷᠢᠭ ᠢ ᠣᠯᠵᠤ ᠮᠠᠰᠢ ᠰᠡᠳᠬᠢᠯ ᠳᠣᠭᠳᠣᠯᠤᠨ᠎ᠠ᠃ ᠵᠥᠪᠭᠡᠨ 2010 — 2020 ᠣᠨ ᠳᠤ᠂ ᠮᠠᠨ ᠤ ᠣᠷᠣᠨ ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠢ ᠶᠢᠨ ᠥᠮᠡᠨ ᠤ ᠡᠪᠡᠳᠴᠢᠲᠡᠨ ᠢ ᠠᠪᠤᠷᠠᠨ ᠲᠤᠰᠠᠯᠠᠬᠤ ᠪᠡᠯᠡ ᠮᠥᠩᠭᠦ ᠶᠢ 10056 ᠲᠦᠮᠡᠨ ᠲᠥᠭᠦᠷᠢᠭ ᠲᠠᠷᠬᠠᠭᠠᠪᠠ᠃            ᠡᠮᠡᠭᠲᠡᠶᠢᠴᠦᠳ ᠬᠡᠦᠬᠡᠳ ᠤᠨ ᠡᠷᠡᠭᠦᠯ ᠮᠡᠨᠳᠦ ᠪᠣᠯ ᠪᠦᠭᠦ ᠠᠷᠠᠳ ᠤᠨ ᠡᠷᠡᠭᠦᠯ ᠮᠡᠨᠳᠦ ᠶᠢᠨ ᠰᠠᠭᠤᠷᠢ ᠮᠥᠨ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠮᠡᠭᠲᠡᠶᠢᠴᠦᠳ ᠤᠨ ᠡᠷᠡᠭᠦᠯ ᠮᠡᠨᠳᠦ ᠶᠢᠨ ᠡᠷᠬᠡ ᠠᠰᠢᠭ ᠤᠨ ᠪᠠᠲᠤᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠪᠠᠶᠢᠳᠠᠯ ᠶᠡᠭᠡ ᠪᠠᠷ ᠰᠠᠶᠢᠵᠢᠷᠠᠪᠠ᠃ 2020 ᠣᠨ ᠪᠤᠯᠲᠠᠯ᠎ᠠ ᠪᠦᠭᠦ ᠣᠷᠣᠨ ᠤ ᠡᠮᠡᠭᠲᠡᠶᠢᠴᠦᠳ ᠤᠨ ᠬᠥᠮᠥᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ 80.45᠎ ᠳᠤ ᠬᠦᠷᠴᠦ᠂ 2010 ᠣᠨ ᠤ ᠬᠢ ᠠᠴᠠ 3.18 ᠨᠠᠰᠤ ᠳᠡᠭᠡᠭᠰᠢᠯᠡᠪᠡ᠃ ᠵᠢᠷᠮᠦᠰᠦᠨ ᠪᠠ ᠬᠥᠩᠭᠡᠵᠢᠬᠦ ᠡᠮᠡᠭᠲᠡᠢ ᠶᠢᠨ ᠦᠬᠦᠯ ᠤᠨ ᠨᠣᠷᠮ᠎ᠠ 2021 ᠣᠨ ᠳᠤ 2012 ᠣᠨ ᠤ ᠬᠢ ᠠᠴᠠ 10.72/10 ᠲᠦᠮᠡ ᠪᠠᠭᠤᠷᠠᠪᠠ᠃ ᠡᠭᠦᠨ ᠤ ᠬᠠᠮᠲᠤ᠂ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠪᠡ᠃            ᠡᠮᠡᠭᠲᠡᠢ ᠬᠡᠦᠬᠡᠳ᠂ ᠡᠮᠡᠭᠲᠡᠢ ᠰᠤᠷᠤᠬᠴᠢ ᠶᠢᠨ ᠡᠷᠬᠡ ᠲᠡᠭᠰᠢ ᠪᠠᠷ ᠰᠤᠷᠭᠠᠨ ᠬᠥᠮᠦᠵᠢᠯ ᠭᠦᠷᠳᠡᠭᠦ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠠᠴᠠ ᠰᠤᠷᠭᠠᠨ ᠬᠥᠮᠦᠵᠢᠯ ᠤᠨ ᠤᠷᠤᠭᠤᠯᠤᠯᠳᠠ ᠶᠢ ᠲᠠᠰᠤᠷᠠᠯᠳᠠ ᠦᠭᠡᠢ ᠳᠡᠭᠡᠭᠰᠢᠯᠡᠭᠦᠯᠵᠡᠢ᠃ 2020 ᠣᠨ ᠳᠤ ᠡᠮᠡᠭᠲᠡᠢ ᠵᠠᠯᠠᠭᠤ ᠢᠳᠡᠷᠴᠦᠳ ᠤᠨ ᠰᠣᠶᠣᠯ ᠤᠨ ᠪᠠᠯᠠᠢ ᠶᠢᠨ ᠨᠣᠷᠮ᠎ᠠ 0.94% ᠪᠠᠶᠢᠵᠤ᠂ 2010 ᠣᠨ ᠤ ᠬᠢ ᠠᠴᠠ ᠵᠠᠭᠤᠨ ᠤ ᠬᠠᠷᠢᠴᠠᠯ ᠢᠶᠠᠷ 0.62 ᠬᠤᠪᠢ ᠪᠠᠭᠤᠷᠠᠪᠠ; ᠠᠵᠢᠯ ᠣᠯᠭᠤᠬᠤ ᠪᠣᠯᠪᠠᠰᠤᠷᠠᠯ ᠤᠨ ᠲᠥᠪ ᠪᠣᠯᠣᠨ ᠠᠷᠠᠳ ᠠᠴᠠ ᠡᠷᠭᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠡᠷᠭᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠳᠠᠬᠢ ᠡᠮᠡᠭᠲᠡᠶᠢᠴᠦᠳ  ᠤᠨ ᠡᠵᠡᠯᠡᠭᠦ ᠬᠠᠷᠢᠴᠠᠯ 56.48%᠎ ᠳᠤ ᠬᠦᠷᠴᠦ᠂ 2010 ᠣᠨ ᠤ ᠬᠢ  ᠠᠴᠠ ᠵᠠᠭᠤᠨ ᠤ ᠬᠠᠷᠢᠴᠠᠯ ᠢᠶᠠᠷ 10 ᠬᠤᠪᠢ ᠣᠷᠴᠢᠮ ᠳᠡᠭᠡᠭᠰᠢᠯᠡᠵᠡᠢ᠃            ᠮᠠᠨ ᠤ ᠣᠷᠣᠨ ᠡᠮᠡᠭᠲᠡᠶᠢᠴᠦᠳ ᠤᠨ ᠡᠷᠬᠡ ᠲᠡᠭᠰᠢ ᠪᠠᠷ ᠠᠵᠢᠯ ᠣᠯᠬᠤ ᠶᠢ ᠬᠦᠴᠦᠯᠡᠨ ᠠᠬᠢᠭᠤᠯᠵᠤ᠂ ᠠᠵᠢᠯ ᠤᠨ ᠪᠠᠶᠢᠷᠢ ᠶᠢ ᠶᠡᠭᠡ ᠪᠠᠷ ᠨᠡᠮᠡᠭᠳᠡᠭᠦᠯᠵᠦ᠂ ᠡᠮᠡᠭᠲᠡᠶᠢᠴᠦᠳ ᠤᠨ ᠠᠵᠢᠯ ᠣᠯᠭᠤᠯᠲᠠ ᠶᠢᠨ ᠬᠦᠷᠢᠶ᠎ᠡ ᠴᠠᠷᠠᠭ᠎ᠠ ᠶᠢ ᠥᠷᠭᠡᠳᠬᠡᠵᠦ᠂ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠲᠥᠷᠥᠯ ᠵᠦᠢᠯ ᠵᠡᠷᠭᠡ ᠲᠠᠯ᠎ᠠ ᠪᠠᠷ ᠬᠦᠴᠦᠯᠡᠵᠦ᠂ ᠡᠮᠡᠭᠲᠡᠶᠢᠴᠦᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠶᠢ ᠬᠥᠭᠵᠢᠭᠡᠵᠦ᠂ ᠡᠮᠡᠭᠲᠡᠶᠢᠴᠦᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠪᠣᠯᠣᠨ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠤᠨ ᠵᠢᠯᠤᠭᠤᠳᠬᠤ ᠦᠢᠯᠡᠴᠢᠯᠡᠭᠡᠨ ᠤ ᠲᠥᠷᠥᠯ ᠵᠦᠢᠯ︾᠎ ᠢ ᠨᠡᠶᠢᠲᠡᠯᠡᠵᠦ᠂ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠭᠡᠷ ᠤᠨ ᠶᠠᠪᠤᠳᠠᠯ ᠤᠨ ᠦᠢᠯᠡᠴᠢᠯᠡᠭᠡᠨ ᠤ ᠠᠵᠤ ᠠᠬᠤᠶᠢᠯᠠᠯ ᠤᠨ ︽ᠪᠦᠭᠦ ᠣᠷᠣᠨ ᠤ ᠭᠡᠷ ᠤᠨ ᠶᠠᠪᠤᠳᠠᠯ ᠤᠨ ᠦᠢᠯᠡᠴᠢᠯᠡᠭᠡᠨ ᠤ ᠰᠢᠯᠢᠳᠡᠭ ᠠᠵᠤ ᠠᠬᠤᠶᠢᠯᠠᠯ︾᠎ ᠢ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠭᠡᠷ ᠤᠨ ᠶᠠᠪᠤᠳᠠᠯ ᠤᠨ ᠰᠢᠯᠢᠳᠡᠭ ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠡᠮᠡᠭᠲᠡᠶᠢᠴᠦᠳ ᠤᠨ ᠠᠵᠢᠯ ᠣᠯᠬᠤ ᠴᠢᠳᠠᠪᠤᠷᠢ ᠶᠢ ᠨᠡᠮᠡᠭᠳᠡᠭᠦᠯᠵᠡᠢ᠃ ᠣᠶᠢᠷ᠎ᠠ ᠶᠢᠨ ᠵᠢᠯ ᠤᠳ ᠲᠤ ᠪᠦᠭᠦ ᠠᠵᠢᠯ ᠣᠯᠣᠭᠰᠠᠳ ᠤᠨ ᠳᠣᠲᠣᠷ᠎ᠠ ᠡᠮᠡᠭᠲᠡᠢ ᠠᠵᠢᠯ ᠣᠯᠣᠭᠰᠠᠳ ᠤᠨ ᠡᠵᠡᠯᠡᠭᠦ ᠬᠠᠷᠢᠴᠠᠯ ᠦᠷᠭᠦᠯᠵᠢᠯᠡᠨ 40% ᠎ ᠠᠴᠠ ᠳᠡᠭᠡᠭᠰᠢ ᠪᠠᠶᠢᠬᠤ ᠶᠢ ᠪᠠᠲᠤᠯᠠᠪᠠ᠃            ᠡᠯ᠎ᠡ ᠲᠥᠷᠥᠯ ᠤᠨ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠰᠢᠯᠭᠠᠷᠠᠭᠤᠯᠬᠤ᠂ ᠴᠢᠳᠠᠪᠤᠷᠢᠲᠠᠨ ᠤ ᠢᠨᠵᠧᠨᠧᠷᠢᠩ  ᠤᠨ ᠬᠥᠮᠥᠵᠢᠭᠦᠯᠬᠦ ᠲᠥᠷᠥᠯ ᠵᠦᠢᠯ᠂ ᠮᠡᠷᠭᠡᠵᠢᠯ ᠤᠨ ᠴᠣᠯᠠ ᠶᠢ ᠰᠢᠯᠭᠠᠷᠠᠭᠤᠯᠬᠤ ᠠᠵᠢᠯ ᠳᠤᠮᠳᠠ᠂ ᠡᠮᠡᠭᠲᠡᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠲᠡᠶᠢᠰᠢ ᠭᠤᠣᠯᠳᠠᠯᠭ᠎ᠠ ᠲᠠᠢ ᠬᠡᠯᠪᠡᠶᠢᠯᠭᠡᠵᠡᠢ᠃ 2020 ᠣᠨ ᠳᠤ ᠨᠡᠶᠢᠲᠡ ᠶᠢᠨ ᠥᠮᠴᠢᠯᠡᠯ ᠤᠨ ᠠᠵᠤ ᠠᠬᠤᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠳᠣᠲᠣᠷ᠎ᠠ ᠡᠮᠡᠭᠲᠡᠶᠢᠴᠦᠳ ᠤᠨ ᠡᠵᠡᠯᠡᠭᠦ ᠬᠠᠷᠢᠴᠠᠯ 56.2% ᠪᠣᠯᠪᠠ᠃            ᠰᠠᠶᠢᠨ ᠲᠦᠷᠦ ᠶᠢᠨ ᠪᠣᠳᠣᠯᠭ᠎ᠠ ᠰᠠᠶᠢᠨ ᠠᠷᠭ᠎ᠠ ᠬᠡᠮᠵᠢᠶ᠎ᠡ ᠶᠢᠨ ᠦᠷᠭᠦᠯᠵᠢᠯᠡᠨ ᠬᠦᠴᠦᠯᠡᠭᠰᠡᠨ ᠠᠴᠠ ᠡᠮᠡᠭᠲᠡᠶᠢᠴᠦᠳ ᠤᠨ ᠠᠵᠢᠯ ᠬᠢᠵᠦ ᠦᠢᠯᠡᠰ ᠪᠣᠰᠬᠠᠬᠤ ᠤᠷᠮ᠎ᠠ ᠰᠡᠳᠬᠢᠯᠭᠡ ᠶᠡᠭᠡ ᠪᠠᠷ ᠪᠠᠳᠠᠷᠠᠪᠠ᠄            ᠢᠷᠭᠤᠢ ᠡᠭᠡᠴᠢ ᠳᠡᠭᠦᠦ ᠨᠠᠷ ᠢᠶᠠᠨ ᠳᠠᠭᠠᠭᠤᠯᠤᠨ ︽ᠪᠦᠰᠡᠭᠦᠢ︾ ᠭᠡᠮᠡᠭᠦ ᠲᠦᠷᠦᠯ ᠲᠡᠮᠳᠡᠭ ᠢᠶᠠᠨ ᠭᠠᠳᠠᠭᠠᠳᠤ ᠳᠤ ᠭᠦᠷᠳᠡᠯ᠎ᠠ ᠠᠯᠳᠠᠷᠰᠢᠭᠤᠯᠤᠭᠰᠠᠨ ᠢᠶᠠᠷ ᠪᠠᠷᠠᠬᠤ ᠦᠭᠡᠢ ᠨᠡᠩ ᠤᠯᠠᠨ ᠵᠡᠮᠳᠡᠭ ᠡᠮᠡᠭᠲᠡᠶᠢᠴᠦᠳ ᠲᠤ ᠠᠵᠢᠯ ᠣᠯᠭᠤᠪᠠ;            ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠪᠠᠶᠠᠨᠭᠤᠣᠯ ᠪᠠᠯᠭᠠᠰᠤᠨ ᠤ ᠡᠮᠡᠭᠲᠡᠢ ᠵᠢᠶᠠᠩ ᡁᠢ ᠬᠤᠸᠠ 20 ᠵᠢᠯ ᠤᠨ ᠲᠤᠷᠰᠢ 200 ᠭᠠᠷᠤᠢ ᠮᠦ ᠠᠭᠯᠠᠭ ᠠᠭᠤᠯᠠ ᠶᠢ ᠨᠣᠭᠤᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠡᠰᠡᠷᠭᠦᠴᠡᠵᠦ᠂ ᠵᠢᠯ ᠤᠨ ᠴᠡᠪᠡᠷ ᠣᠷᠣᠯᠭ᠎ᠠ ᠨᠢ 100 ᠲᠦᠮᠡ ᠰᠢᠬᠠᠮ ᠲᠥᠭᠦᠷᠢᠭ ᠲᠤ ᠭᠦᠷᠴᠡᠢ;            ᠣᠯᠠᠨ ᠵᠢᠯ ᠤᠨ ᠲᠤᠷᠰᠢ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠤ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠤᠨ 46 ᠳ᠋ᠤᠭᠠᠷ ᠰᠤᠳᠤᠯᠬᠤ ᠭᠠᠵᠠᠷ ᠤᠨ ᠰᠤᠳᠤᠯᠤᠭᠴᠢ ᠹᠧᠩ ᠶᠠᠨ ᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠭᠦᠮ ᠢᠶᠠᠨ ᠳᠠᠭᠠᠭᠤᠯᠤᠨ ᠣᠯᠠᠨ ᠵᠦᠢᠯ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠷᠭᠡᠵᠢᠯ ᠤᠨ ᠡᠭᠦᠳᠦᠯᠲᠡ ᠶᠢᠨ ᠲᠤᠰᠬᠠᠢ ᠠᠰᠢᠭ ᠭᠦᠷᠳᠡᠵᠡᠶ;            ᠥᠨᠥᠳᠥᠷ᠂ ᠨᠡᠩ ᠤᠯᠠᠨ ᠵᠢᠶᠠᠩ ᡁᠢ ᠬᠤᠸᠠ᠂ ᠹᠧᠩ ᠶᠠᠨ ᠯᠢ ᠵᠡᠷᠭᠡ ᠡᠯ᠎ᠡ ᠬᠦᠷᠢᠶᠡᠨ ᠤ ᠡᠮᠡᠭᠲᠡᠶᠢᠴᠦᠳ ᠭᠠᠪᠢᠶ᠎ᠠ ᠪᠠᠶᠢᠭᠤᠯᠵᠤ ᠦᠢᠯᠡᠰ ᠪᠣᠰᠬᠠᠵᠤ᠂ ᠣᠮᠤᠭ ᠲᠡᠭᠦᠯᠳᠡᠷ  ᠢᠶᠠᠷ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠦᠵᠡᠰᠬᠦᠯᠡᠩᠲᠦ ᠰᠠᠶᠢᠬᠠᠨ ᠬᠠᠭᠤᠳᠠᠰᠤ ᠶᠢ ᠵᠢᠷᠤᠭᠯᠠᠵᠤ ᠪᠠᠶᠢᠨ᠎ᠠ᠃            ᠬᠠᠶᠢᠷ᠎ᠠ ᠬᠠᠯᠠᠮᠵᠢ ᠶᠢᠨ ᠬᠦᠴᠦᠨ ᠳᠤ ᠬᠦᠢᠰ ᠬᠦᠢᠰ ︽ᠴᠣᠮᠣᠷᠯᠢᠭ︾ ᠳᠡᠯᠭᠡᠷᠡᠨ᠎ᠡ            ᠭᠡᠷ ᠲᠡᠭᠡᠨ ᠬᠤᠴᠣᠷᠤᠭᠰᠠᠨ ᠬᠡᠦᠬᠡᠳ ᠶᠣᠣ ᠶᠣᠣ ᠭᠠᠷᠠᠭ ᠤᠨ ᠰᠡᠭᠦᠯᠴᠢ ᠪᠣᠯᠭᠠᠨ ︽ᠭᠠᠷᠠᠭ ᠤᠨ ᠰᠡᠭᠦᠯᠴᠢ ᠶᠢᠨ ᠡᠵᠢ︾ ᠎ ᠲᠠᠢ ᠬᠠᠮᠲᠤ ᠪᠠᠶᠢᠳᠠᠭ᠃ 6 ᠵᠢᠯ ᠤᠨ ᠬᠤᠭᠤᠴᠠᠭᠠᠨ ᠳᠤ᠂ ᠪᠠᠶᠠᠨᠨᠠᠭᠤᠷ ᠬᠤᠳᠠ ᠶᠢᠨ ᠤᠷᠠᠳ ᠤᠨ ᠬᠤᠶᠢᠲᠤ ᠬᠤᠰᠢᠭᠤᠨ ᠤ ᠡᠮᠡᠭᠲᠡᠶᠢᠴᠦᠳ  ᠤᠨ ᠬᠤᠯᠪᠤᠭ᠎ᠠ ᠶᠢᠨ ᠲᠡᠷᠢᠭᠦᠯᠡᠭᠴᠢ ᠸᠠᠩ ᠶᠠᠨ ︽ᠭᠠᠷᠠᠭ ᠤᠨ ᠰᠡᠭᠦᠯᠴᠢ ᠶᠢᠨ ᠡᠵᠢ︾ ᠪᠣᠯᠵᠤ ᠤᠶᠤᠨ ᠰᠠᠨᠠᠭᠠᠨ ᠤ ᠲᠠᠶᠢᠳᠬᠤᠷᠠᠭᠤᠯᠤᠯ ᠠᠴᠠ ᠡᠳ᠋ ᠪᠣᠳᠠᠰ ᠤᠨ ᠬᠠᠪᠰᠤᠷᠤᠯᠭ᠎ᠠ ᠭᠦᠷᠲᠡᠯ᠎ᠡ᠂ ᠴᠢᠳᠠᠬᠤ ᠶᠢᠨ ᠬᠢᠷᠢ ᠪᠠᠷ ᠶᠣᠣ ᠶᠣᠣ ᠳᠤ ᠡᠵᠢ ᠬᠥᠮᠥᠨ ᠤ ᠬᠠᠶᠢᠷ᠎ᠠ ᠬᠠᠯᠠᠮᠵᠢ ᠶᠢ ᠬᠦᠷᠲᠡᠭᠡᠪᠡ᠃            ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠡᠦᠬᠡᠳ ᠤᠨ ᠬᠥᠭᠵᠢᠯᠲᠡ ᠶᠢᠨ ᠬᠡᠷᠡᠭᠴᠡᠭᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠡᠦᠬᠡᠳ ᠤᠨ ᠦᠢᠯᠡᠰ ᠤᠨ ᠬᠥᠭᠵᠢᠯᠲᠡ ᠳᠤ ᠲᠠᠰᠤᠷᠠᠯᠲᠠ ᠦᠭᠡᠢ ᠰᠢᠨ᠎ᠡ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠦᠨ ᠥᠭᠴᠦ᠂ ᠬᠡᠦᠬᠡᠳ ᠤᠨ ᠡᠷᠡᠭᠦᠯ ᠮᠡᠨᠳᠦ ᠶᠢᠨ ᠲᠦᠪᠰᠢᠨ ᠢ ᠤᠯᠠᠮ ᠳᠡᠭᠡᠭᠰᠢᠯᠡᠭᠦᠯᠦᠨ᠂ ᠰᠤᠷᠭᠠᠨ ᠬᠥᠮᠦᠵᠢᠯ ᠬᠦᠷᠲᠡᠭᠡᠬᠦ ᠬᠢᠷᠢ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠠᠰᠠᠷᠠᠮᠵᠢ ᠪᠠᠲᠤᠯᠠᠭ᠎ᠠ ᠶᠢᠨ ᠳᠦᠷᠢᠮ ᠢ ᠤᠯᠠᠮ ᠲᠡᠭᠦᠯᠳᠡᠷᠵᠢᠭᠦᠯᠦᠨ᠂ ᠬᠡᠦᠬᠡᠳ ᠤᠨ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠤᠯᠠᠮ ᠰᠢᠯᠢᠳᠡᠭᠵᠢᠭᠦᠯᠪᠡ᠃            2020 ᠣᠨ ᠪᠤᠯᠲᠠᠯ᠎ᠠ᠂ ᠮᠠᠨ ᠤ ᠣᠷᠣᠨ ᠬᠦᠨᠳᠦ ᠲᠦᠭᠰᠢᠭᠦᠷᠢᠲᠡᠢ ᠨᠢᠷᠠᠢ ᠬᠡᠦᠬᠡᠳ ᠢ ᠠᠪᠤᠷᠠᠨ ᠵᠠᠰᠠᠬᠤ ᠲᠥᠪ ᠢ ᠨᠢᠭᠡᠨᠲᠡ 106 ᠪᠦᠲᠦᠭᠡᠨ ᠪᠠᠶᠢᠭᠤᠯᠵᠤ᠂ ᠨᠡᠶᠢᠲᠡ 4 ᠡᠮᠴᠢᠯᠡᠭᠡᠨ ᠤ ᠪᠠᠶᠢᠭᠤᠯᠤᠮᠵᠢ ᠶᠢ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠠᠩᠬᠠᠨ ᠤ ᠬᠥᠭᠵᠢᠯᠲᠡ ᠶᠢᠨ ᠵᠢᠱᠢᠶ᠎ᠡ ᠦᠵᠡᠭᠦᠯᠭᠦ ᠰᠠᠭᠤᠷᠢᠨ ᠪᠣᠯᠭᠠᠨ ᠡᠭᠦᠳᠦᠨ ᠪᠠᠶᠢᠭᠤᠯᠪᠠ᠃            ᠬᠡᠦᠬᠡᠳ ᠤᠨ ᠰᠤᠷᠭᠠᠨ ᠬᠥᠮᠦᠵᠢᠯ ᠤᠨ ᠲᠦᠪᠰᠢᠨ ᠢ ᠳᠡᠭᠡᠭᠰᠢᠯᠡᠭᠦᠯᠭᠦ ᠶᠢᠨ ᠲᠤᠰᠠᠳᠠ᠂ ᠮᠠᠨ ᠤ ᠣᠷᠣᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠲᠠᠯ᠎ᠠ ᠶᠢ ᠰᠠᠶᠢᠵᠢᠷᠠᠭᠤᠯᠬᠤ ᠬᠢᠭᠡᠳ ᠴᠢᠳᠠᠪᠤᠷᠢ ᠶᠢ ᠳᠡᠭᠡᠭᠰᠢᠯᠡᠭᠦᠯᠭᠦ ᠲᠥᠷᠥᠯ ᠵᠦᠢᠯ ᠪᠣᠯᠣᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠲᠦᠭᠡᠮᠡᠯᠵᠢᠭᠦᠯᠬᠦ ᠲᠥᠯᠥᠪᠯᠡᠭᠡ ᠶᠢ ᠢᠳᠡᠪᠬᠢᠲᠡᠢ ᠬᠡᠷᠡᠭᠵᠢᠭᠦᠯᠵᠦ᠂ ᠲᠤᠰᠬᠠᠢ ᠲᠦᠷᠦᠯ ᠤᠨ ᠲᠤᠰᠠᠯᠠᠮᠵᠢ ᠶᠢᠨ ᠪᠡᠯᠡ ᠮᠥᠩᠭᠦ ᠶᠢ 11.25 ᠳ᠋ᠦᠩᠰᠢᠭᠤᠷ ᠲᠥᠭᠦᠷᠢᠭ ᠪᠠᠭᠤᠯᠭᠠᠪᠠ᠃ ᠨᠡᠶᠢᠲᠡ 93.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 308 ᠲᠦᠮᠡᠨ ᠲᠡᠭᠰᠢ ᠳᠥᠷᠪᠡᠯᠵᠢᠨ ᠮᠧᠲᠷ ᠤᠨ ᠰᠤᠷᠭᠠᠭᠤᠯᠢ ᠶᠢᠨ ᠪᠠᠶᠢᠷᠢ ᠶᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠵᠤ᠂ 27.22 ᠳ᠋ᠦᠩᠰᠢᠭᠤᠷ ᠲᠥᠭᠦᠷᠢᠭ  ᠤᠨ ᠲᠣᠨᠤᠭ ᠲᠥᠬᠦᠭᠡᠷᠦᠮᠵᠢ ᠬᠤᠳᠠᠯᠳᠤᠨ ᠠᠪᠤᠪᠠ᠃            ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠢᠳᠡᠪᠬᠢᠲᠡᠢ ᠠᠬᠢᠭᠤᠯᠵᠤ᠂ ᠲᠡᠩᠴᠡᠭᠦᠷᠢᠲᠡᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠡᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠭᠦᠨᠵᠡᠭᠡᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠨᠥᠬᠦᠴᠡᠯ᠂ ᠰᠤᠷᠭᠠᠭᠤᠯᠢ ᠡᠷᠭᠢᠯᠡᠭᠦ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠪᠡ᠃            ᠮᠠᠨ ᠤ ᠣᠷᠣᠨ ᠤ ᠥᠨᠥᠴᠢᠨ ᠬᠡᠦᠬᠡᠳ ᠪᠣᠯᠣᠨ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠢ ᠪᠦᠭᠦ ᠬᠦᠴᠦᠨ ᠢᠶᠠᠷ ᠢᠶᠠᠨ ᠪᠠᠲᠤᠯᠠᠵᠠᠢ᠃ 2019 ᠣᠨ ᠳᠤ ︽ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠪᠠᠲᠤᠯᠠᠬᠤ ᠠᠵᠢᠯ ᠢ ᠤᠯᠠᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾᠎ ᠢ ᠨᠡᠶᠢᠲᠡᠯᠡᠵᠦ᠂ ᠪᠦᠭᠦ ᠣᠷᠣᠨ ᠤ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ 2144 ᠬᠡᠦᠬᠡᠳ ᠢ ᠠᠩᠬ᠎ᠠ ᠤᠳᠠᠭ᠎ᠠ ᠪᠦᠭᠦᠨ ᠢ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠲᠡᠨᠦᠭᠦᠴᠢᠯᠡᠵᠦ ᠪᠠᠶᠢᠭ᠎ᠠ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠪ ᠢ 2021 ᠣᠨ ᠳᠤ 2012 ᠣᠨ ᠤ ᠬᠢ ᠠᠴᠠ 27 ᠨᠡᠮᠡᠭᠳᠡᠭᠦᠯᠪᠡ᠃            ᠡᠭᠦᠨ ᠤ ᠬᠠᠮᠲᠤ ᠬᠡᠦᠬᠡᠳ ᠤᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠴᠢᠷᠮᠠᠶᠢᠨ ᠣᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠮᠢᠳᠤᠷᠠᠯ ᠪᠠ ᠰᠤᠷᠤᠯᠭ᠎ᠠ ᠳᠤᠮᠳᠠᠬᠢ ᠬᠦᠴᠢᠷᠳᠡᠯ ᠢ ᠰᠢᠢᠳᠪᠦᠷᠢᠯᠡᠪᠡ ᠃ ︽ᠴᠣᠮᠣᠷᠯᠢᠭ ᠲᠥᠯᠥᠪᠯᠡᠭᠡ︾᠂ ︽ᠮᠥᠩᠬᠡ ᠬᠠᠶᠢᠷ᠎ᠠ ᠶᠢᠨ ᠠᠵᠢᠯᠯᠠᠭ᠎ᠠ︾ ᠵᠡᠷᠭᠡ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠢᠳᠡᠪᠬᠢᠲᠡᠢ ᠬᠡᠷᠡᠭᠵᠢᠭᠦᠯᠬᠦ ᠶᠢᠨ ᠬᠠᠮᠲᠤ ᠶᠠᠳᠠᠭᠤ ᠬᠦᠴᠢᠷᠳᠡᠯᠲᠡᠢ ᠭᠠᠵᠠᠷ ᠣᠷᠣᠨ ᠪᠣᠯᠣᠨ ᠶᠠᠳᠠᠭᠤ ᠬᠦᠴᠢᠷᠳᠡᠯᠲᠡᠢ ᠬᠡᠦᠬᠡᠳ ᠲᠡᠶᠢᠰᠢ ᠬᠡᠯᠪᠡᠶᠢᠯᠭᠡᠵᠡᠢ᠃            ᠡᠨᠡ ᠵᠢᠯ ᠤᠨ ︽6·1︾ · 1᠎ ᠤ ᠬᠡᠦᠬᠡᠳ ᠤᠨ ᠪᠠᠶᠠᠷ ᠤᠨ ᠬᠤᠭᠤᠴᠠᠭᠠᠨ ᠳᠤ ᠬᠥᠯᠥᠨ ᠪᠤᠶᠢᠷ ᠬᠤᠲᠠ ᠶᠢᠨ ︽ᠬᠠᠶᠢᠷ᠎ᠠ ᠬᠠᠯᠠᠮᠵᠢᠲᠤ ᠡᠵᠢ︾ ᠎ ᠶᠢᠨ ᠪᠦᠯᠭᠦᠮ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ᠂ ᠣᠨᠴᠠᠭᠠᠶ ᠰᠤᠷᠭᠠᠨ ᠬᠥᠮᠦᠵᠢᠯ ᠤᠨ ᠲᠥᠪ ᠲᠤ ᠬᠦᠷᠴᠦ᠂ ᠵᠡᠮᠳᠡᠭ ᠬᠡᠦᠬᠡᠳ ᠲᠤ ᠬᠠᠶᠢᠷ᠎ᠠ ᠬᠠᠯᠠᠮᠵᠢ ᠶᠢᠨ ᠪᠡᠯᠡᠭ᠂ ᠰᠡᠳᠬᠢᠴᠡ ᠶᠢᠨ ᠡᠷᠡᠭᠦᠯ ᠮᠡᠨᠳᠦ᠂ ᠬᠠᠤᠯᠢ ᠴᠠᠭᠠᠵᠠ ᠶᠢᠨ ᠮᠡᠳᠡᠯᠭᠡ ᠬᠦᠷᠭᠡᠵᠦ᠂ ᠪᠠᠰᠠ ᠲᠡᠳᠡᠨ ᠢ ᠭᠠᠯ ᠤᠨᠲᠠᠷᠠᠭᠠᠬᠤ ᠥᠷᠲᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠨᠣᠮ ᠤᠨ ᠰᠠᠩ ᠵᠡᠷᠭᠡ ᠭᠠᠵᠠᠷ ᠢᠶᠠᠷ ᠲᠣᠭᠤᠷᠢᠭᠤᠯᠵᠠᠢ᠃            6 ᠰᠠᠷ᠎ᠠ ᠶᠢᠨ 1᠎ ᠤ ᠡᠳᠦᠷ᠂ ᠭᠦᠭᠡᠬᠤᠲᠠ ᠶᠢᠨ 300 ᠭᠠᠷᠤᠢ ᠬᠡᠦᠬᠡᠳ ᠥᠪᠥᠷ ᠮᠣᠩᠭᠤᠯ ᠤᠨ ᠡᠮᠡᠭᠲᠡᠶᠢᠴᠦᠳ ᠬᠡᠦᠬᠡᠳ ᠤᠨ ᠴᠡᠴᠡᠷᠯᠢᠭ ᠲᠤ ᠪᠠᠶᠠᠷ ᠤᠨ ᠡᠳᠦᠷ ᠢᠶᠠᠨ ᠪᠠᠶᠠᠷ ᠭᠦᠷ ᠲᠠᠢ ᠥᠩᠭᠡᠷᠡᠭᠦᠯᠪᠡ᠃ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭ᠎ᠠ ᠬᠡᠦᠬᠡᠳ ᠤᠳ ᠲᠤ ᠲᠣᠬᠯᠠᠯᠲᠠ ᠦᠵᠡᠭᠦᠯᠵᠦ᠂ ᠪᠡᠯᠡᠭ ᠬᠦᠷᠭᠡᠵᠦ᠂ ᠬᠡᠦᠬᠡᠳ ᠤᠳ ᠣᠯᠵᠠ ᠣᠮᠤᠭ ᠳᠦᠭᠦᠷᠡᠩ ᠪᠠᠶᠢᠯ᠎ᠠ᠃            ᠥᠪᠥᠷ ᠮᠣᠩᠭᠤᠯ ᠤᠨ ᠡᠮᠡᠭᠲᠡᠶᠢᠴᠦᠳ ᠬᠡᠦᠬᠡᠳ ᠤᠨ ᠵᠢᠷᠭᠠᠯᠲᠤ ᠠᠮᠢᠳᠤᠷᠠᠯ  ᠢ ᠨᠢᠭᠡᠨᠲᠡ ᠵᠢᠷᠤᠭᠯᠠᠪᠠ᠂ ᠰᠢᠨ᠎ᠡ ᠨᠢᠭᠡᠨ ᠡᠭᠡᠯᠵᠢ ᠶᠢᠨ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 —2030 ᠣᠨ︶᠎ ᠶᠢ ᠬᠡᠷᠡᠭᠵᠢᠭᠦᠯᠬᠦ ᠨᠢ ᠡᠮᠡᠭᠲᠡᠶᠢᠴᠦᠳ ᠬᠡᠦᠬᠡᠳ ᠲᠤ ᠨᠡᠩ ᠤᠯᠠᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠣᠯᠭᠤᠨ᠎ᠠ ᠭᠡᠳᠡᠭ ᠲᠤ ᠪᠢᠳᠡ ᠢᠲᠡᠭᠡᠯ ᠳᠦᠭᠦᠷᠡᠩ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号