| | | | ᠵᠣᠬᠢᠶᠠᠭᠴᠢ᠄ ᠬᠠ ᠯᠢ ᠴᠢᠨ | | | | | | ᠬᠠᠮᠤᠭ ᠤᠨ ᠶᠡᠭᠡ ᠦᠷ᠎ᠡ ᠠᠰᠢᠭ ᠢ ᠬᠥᠭᠡᠭᠡᠴᠡᠯᠳᠦᠬᠦ ᠪᠣᠯ ᠠᠵᠤ ᠠᠬᠤᠢ ᠶᠢᠨ ᠠᠵᠢᠯᠯᠠᠭᠠᠨ ᠤ ᠲᠦᠭᠡᠮᠡᠯ | ᠵᠢᠮ᠎ᠡ ᠶᠣᠰᠣ ᠮᠥᠨ᠃ ᠠᠵᠤ ᠠᠬᠤᠢ ᠶᠢᠨ ᠠᠵᠢᠯ ᠢ ᠠᠳᠬᠤᠬᠤ ᠳᠤ ᠵᠠᠪᠠᠯ ᠡᠨᠡ ᠬᠦ ᠵᠢᠮ᠎ᠡ ᠶᠣᠰᠣ ᠶᠢ ᠵᠢᠷᠤᠮᠯᠠᠵᠤ᠂ | ᠦᠷ᠎ᠡ ᠠᠰᠢᠭ ᠢ ᠨᠢ ᠳᠡᠭᠡᠭᠰᠢᠯᠡᠭᠦᠯᠭᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠬᠤ ᠬᠡᠷᠡᠭᠲᠡᠢ᠃ | | ᠲᠤᠨᠤᠮᠠᠯ ᠪᠡᠯᠡ ᠮᠥᠩᠭᠦ ᠶᠢᠨ ᠪᠠᠶᠢᠳᠠᠯ ᠵᠢᠴᠢ ᠪᠤᠶ ᠪᠣᠯᠤᠭᠰᠠᠨ ᠰᠢᠯᠲᠠᠭᠠᠨ ᠢ ᠲᠣᠳᠣᠷᠬᠠᠢ ᠣᠶᠢᠯᠠᠭᠠᠵᠤ᠂ | ᠰᠢᠢᠳᠪᠦᠷᠢᠯᠡᠬᠦ ᠰᠠᠨᠠᠯ ᠢ ᠲᠥᠷᠥᠯ ᠬᠤᠪᠢᠶᠠᠨ ᠳᠤᠷᠠᠳᠴᠤ᠂ ᠣᠷᠳᠣ ᠬᠤᠭᠤᠴᠠᠭᠠᠨ ᠤ ᠲᠤᠨᠤᠮᠠᠯ ᠪᠡᠯᠡ ᠮᠥᠩᠭᠦ ᠶᠢ | ᠡᠷᠡᠰ ᠬᠤᠷᠢᠶᠠᠮᠵᠢᠯᠠᠨ ᠠᠪᠤᠨ᠎ᠠ ᠁ ᠲᠤᠨᠤᠮᠠᠯ ᠪᠡᠯᠡ ᠮᠥᠩᠭᠦ ᠶᠢ ᠲᠤᠶᠢᠯᠪᠤᠷᠢᠲᠠᠢ ᠪᠠᠶᠢᠴᠠᠭᠠᠬᠤ ᠲᠤᠰᠬᠠᠢ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠯᠢ ᠣᠯᠠᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ︽ | ᠲᠤᠨᠤᠮᠠᠯ︾ ᠪᠡᠯᠡ ᠮᠥᠩᠭᠦ ᠶᠢ ᠠᠮᠢᠳᠤᠯᠢᠭᠵᠢᠭᠤᠯᠵᠤ᠂ ᠨᠢᠭᠡ ᠮᠥᠩᠭᠦ ᠠᠴᠠ ᠴᠤ ᠦᠷ᠎ᠡ ᠠᠰᠢᠭ ᠣᠯᠪᠠᠯ ᠳᠠᠷᠤᠢ | ᠠᠵᠤ ᠠᠬᠤᠢ ᠶᠢᠨ ᠬᠡᠮᠵᠢᠶ᠎ᠡ ᠶᠢ ᠨᠡᠮᠡᠭᠳᠡᠭᠦᠯᠦᠨ ᠴᠢᠨᠠᠷ ᠢ ᠲᠡᠭᠡᠭᠰᠢᠯᠡᠭᠦᠯᠵᠦ᠂ ᠪᠡᠯᠡ ᠮᠥᠩᠭᠦ ᠶᠢ ᠭᠦᠢᠯᠭᠡᠭᠦᠯᠵᠦ | ᠶᠠᠰᠤ ᠴᠢᠨᠠᠷ ᠦᠷ᠎ᠡ ᠠᠰᠢᠭ ᠢ ᠲᠠᠭᠡᠭᠰᠢᠯᠡᠭᠦᠯᠵᠦ ᠴᠢᠳᠠᠨ᠎ᠠ᠃ | | ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ᠂ ᠡᠳ᠋ ᠤᠨ ᠵᠠᠰᠠᠭ ᠤᠨ ᠪᠡᠯᠡ ᠮᠥᠩᠭᠦ ᠪᠣᠯ ︽ | ᠰᠠᠭᠤᠷᠢ ᠴᠢᠯᠠᠭᠤ︾ ᠪᠠᠶᠢᠵᠤ᠂ ᠨᠠᠷᠢᠯᠢᠭ ᠣᠨᠣᠴᠠᠲᠠᠢ ᠪᠠᠷ ᠬᠦᠴᠦᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠵᠦ᠂ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠬᠠᠮᠤᠭ ᠤᠨ ᠶᠡᠭᠡ ᠬᠡᠮᠵᠢᠶᠡᠨ ᠳᠤ ᠭᠦᠷᠭᠡᠭᠦ | ᠴᠢᠬᠤᠯᠠᠲᠠᠢ᠃ ᠪᠡᠯᠡ ᠮᠥᠩᠭᠦ ᠶᠢ ᠳᠠᠩᠰᠠᠨ ᠳᠤ ᠰᠤᠯᠠ ᠲᠠᠯᠪᠢᠵᠤ ︽ᠲᠤᠨᠤᠮᠠᠯ ᠪᠠᠶᠢᠯᠭᠠᠬᠤ︾ ᠨᠢ ᠪᠡᠯᠡ ᠮᠥᠩᠭᠦ ᠶᠢ | ᠲᠤᠶᠢᠯ ᠤᠨ ᠶᠡᠭᠡ ᠪᠠᠷ ᠪᠦᠷᠢᠯᠭᠡᠨ ᠰᠦᠢᠳᠬᠡᠬᠦ ᠪᠠᠷ ᠪᠠᠷᠠᠬᠤ ᠦᠭᠡᠢ ᠪᠠᠰᠠ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ | ᠳᠤᠲᠠᠭᠤᠳᠠᠯ ᠢ ᠪᠤᠢ ᠪᠤᠯᠭᠠᠵᠦ᠂ ᠢᠯᠵᠠᠷᠠᠯ ᠤᠨ ᠠᠰᠠᠭᠤᠳᠠᠯ ᠢ ᠠᠮᠠᠷᠬᠠᠨ ᠡᠭᠦᠰᠬᠡᠳᠡᠭ᠃ ᠲᠤᠶᠢᠯᠪᠤᠷᠢᠲᠠᠢ | ᠪᠠᠶᠢᠴᠠᠭᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠲᠤᠨᠤᠮᠠᠯ︾ ᠪᠡᠯᠡ ᠮᠥᠩᠭᠦ ᠶᠢ ︽ᠬᠥᠭᠵᠢᠭᠡᠵᠦ︾᠂ | ᠳᠠᠬᠢᠨᠲᠠ ᠭᠦᠢᠯᠭᠡᠭᠦᠯᠵᠤ ᠲᠡᠷᠡᠴᠢᠯᠡᠨ ᠭᠦᠢᠯᠭᠡᠭᠡᠨ ᠢ ᠲᠦᠷᠭᠡᠳᠬᠡᠬᠦ ᠨᠢ ᠬᠡᠷᠡᠭᠯᠡᠯᠲᠡ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠭᠦ ᠪᠠᠷ ᠪᠠᠷᠠᠬᠤ ᠦᠭᠡᠢ᠂ ᠨᠡᠩ ᠴᠢᠬᠤᠯᠠ ᠨᠢ ᠬᠤᠪᠣᠷ ᠨᠠᠨᠳᠢᠨ ᠪᠡᠯᠡ ᠮᠥᠩᠭᠦ ᠶᠢ ᠬᠥᠭᠵᠢᠯᠲᠡ ᠶᠢᠨ | ᠵᠠᠩᠭᠢᠯᠠᠭ᠎ᠠ ᠶᠢᠨ ᠴᠢᠬᠤᠯᠠ ᠭᠠᠵᠠᠷ᠂ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ ᠳᠤ ᠬᠡᠷᠡᠭᠯᠡᠵᠦ᠂ ᠣᠷᠣᠨ | ᠨᠤᠲᠤᠭ ᠤᠨ ᠡᠳ᠋ ᠤᠨ ᠵᠠᠰᠠᠭ ᠤᠨ ᠳᠠᠷᠤᠭᠠᠰᠤ ᠶᠢ ᠵᠣᠬᠢᠰᠲᠠᠢ ᠬᠥᠩᠭᠡᠷᠡᠭᠦᠯᠦᠨ ᠨᠠᠮᠳᠠᠭᠤᠯᠵᠤ᠂ ᠪᠡᠯᠡ ᠮᠥᠩᠭᠦ ᠶᠢᠨ | ᠭᠦᠢᠯᠭᠡᠭᠡᠨ ᠢᠶᠠᠷ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠠᠰᠤᠷᠠᠯᠲᠠ ᠦᠭᠡᠢ ᠰᠢᠮᠡᠵᠢᠭᠦᠯᠵᠦ ᠴᠢᠳᠠᠨ᠎ᠠ᠃ | | ᠲᠤᠨᠤᠮᠠᠯ ᠪᠡᠯᠡ ᠮᠥᠩᠭᠦ ᠶᠢ ᠲᠤᠶᠢᠯᠪᠤᠷᠢᠲᠠᠢ ᠪᠠᠶᠢᠴᠠᠭᠠᠬᠤ ᠪᠣᠯ ᠡᠳ᠋ ᠤᠨ ᠵᠠᠰᠠᠭ ᠤᠨ ᠡᠬᠢ ᠪᠠᠶᠠᠯᠢᠭ ᠢ | ᠲᠣᠬᠢᠷᠠᠭᠤᠯᠬᠤ ᠦᠷ᠎ᠡ ᠪᠦᠲᠦᠮᠵᠢ ᠪᠠ ᠣᠯᠠᠨ ᠨᠡᠶᠢᠲᠡ ᠶᠢᠨ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ | ᠳᠡᠭᠡᠭᠰᠢᠯᠡᠭᠦᠯᠭᠦ ᠴᠢᠬᠤᠯᠠ ᠠᠷᠭ᠎ᠠ ᠬᠡᠮᠵᠢᠶ᠎ᠡ ᠮᠥᠨ᠃ ᠳᠡᠭᠡᠷ᠎ᠡ ᠠᠴᠠ ᠳᠣᠷᠣᠭᠰᠢ ᠪᠠᠨ ᠬᠠᠮᠲᠤ ᠪᠠᠷ ᠬᠦᠴᠦᠯᠡᠵᠦ᠂ | ᠦᠳᠲᠡᠷ ᠲᠦᠷᠭᠡᠨ ᠬᠥᠳᠡᠯᠦᠯᠴᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠱᠠᠯᠠᠪᠳᠠᠨ ᠲᠦᠷᠭᠡᠨ ᠠᠵᠢᠯᠯᠠᠵᠤ᠂ | ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ ᠶᠢ ᠢᠳᠡᠪᠬᠢᠲᠡᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠵᠤ᠂ ᠡᠵᠡᠨ | ᠬᠥᠮᠥᠨ ᠤ ᠣᠪᠣᠷ ᠢᠶᠠᠷ ︽ᠵᠣᠭᠤᠰᠤᠨ ᠴᠦᠩᠬᠦ︾ ᠶᠢ ᠰᠠᠶᠢᠲᠤᠷ ᠬᠠᠮᠢᠶᠠᠷᠴᠤ᠂ ᠡᠳ᠋ ᠤᠨ ᠵᠠᠰᠠᠭ ᠤᠨ ᠪᠡᠯᠡ | ᠮᠥᠩᠭᠦ ᠶᠢᠨ ᠬᠦᠴᠦ ᠶᠢ ᠲᠥᠪᠯᠡᠷᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠠᠷᠪᠢᠯᠠᠨ ᠭᠠᠮᠨᠠᠵᠤ ᠠᠷᠠᠳ ᠢ | ᠪᠠᠶᠠᠵᠢᠭᠤᠯᠵᠤ᠂ ᠵᠣᠭᠤᠰ ᠵᠠᠷᠤᠪᠠᠯ ᠵᠠᠪᠠᠯ ᠦᠷ᠎ᠡ ᠠᠰᠢᠭ ᠲᠠᠢ ᠪᠠᠶᠢᠬᠤ ᠡᠰᠡᠬᠦ ᠶᠢ ᠦᠵᠡᠵᠦ᠂ ᠦᠷ᠎ᠡ ᠪᠦᠲᠦᠮᠵᠢ | ᠦᠭᠡᠢ ᠪᠣᠯ ᠵᠠᠪᠠᠯ ᠬᠠᠷᠢᠭᠤᠴᠠᠯᠭ᠎ᠠ ᠲᠤᠯᠭᠠᠬᠤ ᠳᠤ ᠭᠦᠷᠪᠡᠯ᠂ ᠵᠠᠰᠠᠭ ᠤᠨ ᠣᠷᠳᠣᠨ ᠤ ᠨᠢᠮᠪᠠᠢ ᠲᠥᠯᠥᠪᠯᠡᠵᠦ | ᠨᠠᠷᠢᠯᠢᠭ ᠪᠤᠳᠤᠬᠤ ︽ᠠᠷᠪᠢᠴᠢ ᠠᠮᠢᠳᠤᠷᠠᠯ︾ ᠢᠶᠠᠷ ᠠᠷᠠᠳ ᠤᠯᠠᠨ ᠳᠤ ᠦᠨᠡᠨ ᠪᠣᠳᠠᠲᠠᠢ ︽ᠰᠠᠶᠢᠨ ᠰᠠᠶᠢᠬᠠᠨ | ᠠᠮᠢᠳᠤᠷᠠᠯ︾ ᠢ ᠰᠣᠯᠢᠵᠤ ᠠᠪᠴᠢᠷᠠᠵᠤ ᠴᠢᠳᠠᠬᠤ ᠶᠤᠮ᠃ | |