| | | ᠵᠣᠬᠢᠶᠠᠭᠴᠢ᠄ ᠠᠨ ᠬᠤᠸᠠ ᠢ | | | | | | ᠨᠥᠭᠡᠴᠡ ᠪᠡᠯᠡ ᠬᠥᠷᠥᠩᠭᠡ ᠶᠢ ᠠᠮᠢᠳᠤᠯᠢᠭᠵᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠵᠦ᠂ ᠰᠢᠩᠭᠡᠯᠢᠭ ᠰᠤᠯᠠᠯᠠᠨ ᠰᠢᠪᠠᠭᠤ ᠰᠣᠯᠢᠵᠤ᠂ 2016 ᠣᠨ ᠠᠴᠠ ᠨᠠᠭᠠᠰᠢᠬᠢ ᠨᠡᠭᠡᠭᠡᠯᠲᠡ ᠶᠢᠨ | ᠲᠣᠭᠤᠷᠢᠭ ᠤᠨ ᠬᠢᠨᠠᠨ ᠵᠥᠪᠰᠢᠶᠡᠷᠡᠭᠦᠯᠬᠦ ᠪᠠᠷ ᠬᠦᠯᠢᠶᠡᠵᠦ ᠪᠠᠶᠢᠭ᠎ᠠ ᠲᠥᠷᠥᠯ ᠵᠦᠢᠯ᠂ ᠲᠤᠨᠤᠮᠠᠯ ᠪᠡᠯᠡ ᠮᠥᠩᠭᠦ᠂ | ᠵᠥᠪᠰᠢᠶᠡᠷᠡᠭᠰᠡᠨ ᠪᠤᠯᠪᠠᠴᠤ ᠬᠠᠩᠭᠠᠭᠠᠳᠤᠢ᠂ ᠰᠤᠯᠠ ᠪᠠᠶᠢᠭ᠎ᠠ ᠭᠠᠵᠠᠷ ᠰᠢᠷᠣᠢ᠂ ᠰᠠᠭᠤᠷᠢ ᠲᠥᠬᠦᠭᠡᠷᠦᠮᠵᠢ ᠶᠢᠨ | ᠨᠥᠭᠡᠴᠡ ᠪᠡᠯᠡ ᠬᠥᠷᠥᠩᠭᠡ᠂ ᠦᠢᠯᠡᠳᠪᠦᠷᠢᠯᠡᠯ ᠨᠢ ᠵᠣᠭᠰᠣᠭᠰᠠᠨ ᠠᠵᠤ ᠠᠬᠤᠶᠢᠯᠠᠯ ᠪᠠ ᠪᠦᠲᠦᠭᠡᠨ ᠪᠠᠶᠢᠭᠤᠯᠬᠤ ᠶᠢ | ᠵᠣᠭᠰᠣᠭᠠᠭᠰᠠᠨ ᠲᠥᠷᠥᠯ ᠵᠦᠢᠯ᠂ ᠬᠦᠷᠢᠶᠡᠯᠡᠩ ᠲᠣᠭᠤᠷᠢᠭ ᠤᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ | ᠪᠠᠶᠢᠳᠠᠯ ᠢ ᠪᠦᠭᠦ ᠲᠠᠯ᠎ᠠ ᠪᠠᠷ ᠲᠤᠶᠢᠯᠪᠤᠷᠢᠲᠠᠢ ᠪᠠᠶᠢᠴᠠᠭᠠᠵᠤ᠂ ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ | ᠡᠬᠢ ᠪᠠᠶᠠᠯᠢᠭ ᠤᠨ ᠬᠦᠴᠦᠨ ᠵᠦᠢᠯ ᠤᠨ ᠲᠤᠬᠠᠢ ᠲᠤᠶᠢᠯᠪᠤᠷᠢᠲᠠᠢ ᠪᠠᠶᠢᠴᠠᠭᠠᠯᠲᠠ ᠶᠢᠨ ᠠᠵᠢᠯᠯᠠᠭ᠎ᠠ ᠥᠪᠥᠷ | ᠮᠣᠩᠭᠤᠯ ᠳᠤ ᠡᠬᠢᠯᠡᠪᠡ᠃ | | ᠬᠠᠭᠤᠴᠢᠨ ᠢ ᠡᠪᠳᠡᠵᠦ ᠰᠢᠨ᠎ᠡ ᠶᠢ ᠪᠠᠶᠢᠭᠤᠯᠤᠨ᠎ᠠ᠃ ᠣᠳᠣᠬᠠᠨ ᠳᠤ ᠵᠠᠷᠢᠮ ᠨᠡᠭᠡᠭᠡᠯᠲᠡ ᠶᠢᠨ ᠲᠣᠭᠤᠷᠢᠭ | ᠶᠡᠭᠡ ᠬᠡᠮᠵᠢᠶᠡᠨ ᠤ ᠭᠠᠵᠠᠷ ᠰᠢᠷᠣᠢ ᠶᠢ ᠰᠤᠯᠠ ᠲᠠᠯᠪᠢᠵᠤ᠂ ᠵᠠᠷᠢᠮ ᠨᠡᠭᠡᠭᠡᠯᠲᠡ ᠶᠢᠨ ᠲᠣᠭᠤᠷᠢᠭ ᠤᠨ ᠡᠬᠢ | ᠪᠠᠶᠠᠯᠢᠭ ᠤᠨ ᠠᠰᠢᠭᠯᠠᠯᠲᠠ ᠳᠣᠣᠷ᠎ᠠ ᠪᠠᠶᠢᠵᠤ᠂ ᠵᠠᠷᠢᠮ ᠨᠡᠭᠡᠭᠡᠯᠲᠡ ᠶᠢᠨ ᠲᠣᠭᠤᠷᠢᠭ ᠤᠨ ︽ᠦᠬᠦᠰᠢᠷᠡᠮᠡᠯ ᠠᠵᠤ | ᠠᠬᠤᠶᠢᠯᠠᠯ︾᠂ ︽ᠦᠬᠦᠰᠢᠷᠡᠮᠡᠯ ᠲᠦᠷᠦᠯ ᠵᠦᠢᠯ︾ ᠳᠡᠩᠳᠡᠭᠦᠦ ᠤᠯᠠᠨ ᠪᠠᠶᠢᠨ᠎ᠠ ᠁ ᠬᠡᠷᠪᠡ ᠪᠦᠭᠦ | ᠬᠦᠴᠦᠨ ᠢᠶᠠᠷ ᠢᠶᠠᠨ ᠴᠡᠭᠴᠡᠯᠡᠨ ᠵᠠᠰᠠᠬᠤ ᠦᠭᠡᠢ᠂ ᠡᠷᠴᠢᠮᠵᠢᠭᠦᠯᠦᠨ ᠠᠷᠪᠢᠯᠠᠬᠤ ᠠᠵᠢᠯ ᠢ ᠰᠠᠶᠢᠲᠤᠷ ᠬᠢᠬᠦ ᠦᠭᠡᠢ | ᠪᠣᠯ ᠬᠥᠭᠵᠢᠯᠲᠡ ᠶᠢᠨ ᠴᠢᠨᠠᠷ ᠰᠠᠶᠢᠲᠠᠢ ᠪᠠᠶᠢᠬᠤ ᠶᠢ ᠬᠡᠷᠬᠢᠨ ᠶᠠᠷᠢᠬᠤ ᠪᠤᠢ︖ ᠪᠦᠭᠦ ᠣᠷᠣᠨ ᠤ ᠬᠡᠪᠴᠢᠶᠡᠨ ᠳᠤ | ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠬᠦᠴᠦᠨ ᠵᠦᠢᠯ ᠢ ᠲᠤᠶᠢᠯᠪᠤᠷᠢᠲᠠᠢ | ᠪᠠᠶᠢᠴᠠᠭᠠᠬᠤ ᠠᠵᠢᠯ ᠢ ᠭᠦᠨᠵᠡᠭᠡᠢ ᠥᠷᠨᠢᠭᠦᠯᠬᠦ ᠪᠣᠯ ᠵᠠᠶᠢᠯᠠᠰᠢ ᠦᠭᠡᠢ ᠮᠥᠷᠲᠡᠭᠡᠨ ᠪᠠᠰᠠ ᠬᠤᠶᠢᠰᠢᠯᠠᠭᠤᠯᠵᠤ ᠪᠣᠯᠣᠰᠢ | ᠦᠭᠡᠢ ᠶᠠᠪᠤᠳᠠᠯ ᠮᠥᠨ᠂ ᠡᠷᠬᠡᠪᠰᠢ ᠦᠨᠡᠨ ᠠᠴᠠ ᠵᠥᠪ ᠢ ᠡᠷᠢᠬᠦ ᠣᠪᠣᠷ ᠢᠶᠠᠷ ᠠᠵᠢᠯ ᠤᠨ ᠲᠥᠰᠥᠯ ᠢ ᠴᠢᠩᠭ᠎ᠠ | ᠵᠢᠷᠤᠮᠯᠠᠵᠤ᠂ ᠬᠦᠴᠢᠷ ᠢ ᠰᠥᠷᠦᠨ ᠤᠷᠤᠭᠰᠢᠯᠠᠵᠤ᠂ ᠬᠦᠴᠢᠷ ᠢ ᠳᠤᠭᠤᠯᠤᠨ ᠤᠷᠤᠭᠰᠢᠯᠠᠵᠤ᠂ ᠡᠯ᠎ᠡ ᠵᠦᠢᠯ ᠤᠨ | ᠠᠵᠢᠯ ᠤᠨ ᠡᠷᠴᠢᠮ ᠢᠶᠠᠨ ᠳᠠᠬᠢᠨᠲᠠ ᠴᠢᠩᠭᠠᠷᠠᠭᠤᠯᠤᠨ᠂ ᠠᠬᠢᠴᠠ ᠪᠠᠨ ᠳᠠᠭᠢᠨ ᠲᠦᠷᠭᠡᠳᠬᠡᠵᠦ᠂ ᠶᠠᠰᠤ ᠴᠢᠨᠠᠷ ᠦᠷ᠎ᠡ | ᠪᠦᠲᠦᠮᠵᠢ ᠪᠠᠨ ᠳᠠᠭᠢᠨ ᠳᠡᠭᠡᠭᠰᠢᠯᠡᠭᠦᠯᠵᠦ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠰᠢᠢᠳᠪᠦᠷᠢᠯᠡᠨ᠂ | ᠬᠡᠳᠦᠢ ᠠᠰᠠᠭᠤᠳᠠᠯ ᠪᠠᠶᠢᠪᠠᠯ ᠲᠡᠳᠦᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | | ᠨᠡᠭᠡᠭᠡᠯᠲᠡ ᠶᠢᠨ ᠲᠣᠭᠤᠷᠢᠭ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠲᠠᠯᠠᠪᠤᠷ ᠮᠥᠨ᠂ | ᠨᠡᠭᠡᠭᠡᠯᠲᠡ ᠶᠢᠨ ᠲᠣᠭᠤᠷᠢᠭ ᠢ ᠰᠢᠯᠢᠳᠡᠭᠵᠢᠭᠦᠯᠦᠨ ᠳᠡᠰ ᠳᠡᠪᠰᠢᠭᠦᠯᠭᠦ ᠶᠢ ᠰᠠᠶᠢᠲᠤᠷ ᠠᠳᠬᠤᠪᠠᠯ ᠳᠠᠷᠤᠢ ᠠᠵᠤ | ᠠᠬᠤᠢ ᠶᠢᠨ ᠬᠥᠭᠵᠢᠯᠲᠡ ᠶᠢᠨ ᠵᠠᠩᠭᠢᠯᠠᠭ᠎ᠠ ᠶᠢ ᠠᠳᠬᠤᠵᠤ ᠴᠢᠳᠠᠨ᠎ᠠ᠃ ᠨᠡᠭᠡᠭᠡᠯᠲᠡ ᠶᠢᠨ ᠲᠣᠭᠤᠷᠢᠭ ᠤᠨ ᠰᠤᠯᠠ | ᠪᠠᠶᠢᠬᠤ ᠡᠬᠢ ᠪᠠᠶᠠᠯᠢᠭ ᠲᠤ ᠪᠠᠶᠢᠴᠠᠭᠠᠯᠲᠠ ᠬᠢᠵᠦ᠂ ︽ᠰᠤᠯᠠ︾ ᠡᠳ᠋ ᠬᠥᠷᠥᠩᠭᠡ ᠶᠢ ︽ᠠᠮᠢᠳᠤᠯᠢᠭ︾ ᠬᠥᠷᠥᠩᠭᠡ | ᠪᠣᠯᠭᠠᠨ ᠬᠤᠪᠢᠷᠠᠭᠤᠯᠵᠤ᠂ ︽ᠬᠥᠭᠵᠢᠯᠲᠡ ᠶᠢᠨ ᠳᠠᠷᠤᠭᠠᠰᠤ︾ ᠶᠢ ᠬᠥᠭᠵᠢᠯᠲᠡ ᠶᠢᠨ ᠣᠷᠣᠨ ᠵᠠᠢ ᠪᠣᠯᠭᠠᠨ | ᠬᠤᠪᠢᠷᠠᠭᠤᠯᠬᠤ ᠳᠤ ︽ᠬᠦᠯᠢᠶᠡᠬᠦ︾ ᠲᠣᠭᠢᠶᠠᠯ ᠪᠠᠶᠢᠬᠤ ᠦᠭᠡᠢ᠃ ᠲᠠᠯᠪᠢᠯ ᠦᠭᠡᠢ ᠴᠢᠩᠭ᠎ᠠ ᠠᠩᠬᠠᠷᠴᠤ᠂ | ᠱᠠᠯᠠᠪᠳᠠᠨ ᠬᠢᠵᠦ᠂ ᠵᠣᠷᠢᠭ ᠰᠠᠨᠠᠭ᠎ᠠ ᠪᠠᠨ ᠬᠥᠪᠴᠢᠯᠡᠨ ᠦᠷᠭᠦᠯᠵᠢᠯᠡᠨ ᠬᠦᠴᠦᠯᠡᠵᠦ᠂ ᠡᠬᠢ ᠪᠠᠶᠠᠯᠢᠭ ᠢ ᠠᠷᠪᠢᠲᠠᠢ | ᠡᠷᠴᠢᠮᠲᠡᠢ ᠥᠨᠳᠥᠷ ᠪᠦᠲᠦᠮᠵᠢᠲᠡᠢ ᠠᠰᠢᠭᠯᠠᠬᠤ ᠶᠢ ᠲᠠᠰᠤᠷᠠᠯᠲᠠ ᠦᠭᠡᠢ ᠠᠬᠢᠭᠤᠯᠵᠤ᠂ ᠡᠬᠢ ᠪᠠᠶᠠᠯᠢᠭ ᠢ | ᠠᠰᠢᠭᠯᠠᠭᠰᠠᠨ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠪᠠᠯ ᠥᠪᠥᠷ ᠮᠣᠩᠭᠤᠯ ᠤᠨ ᠴᠢᠨᠠᠷ | ᠰᠠᠶᠢᠲᠠᠢ ᠬᠥᠭᠵᠢᠯᠲᠡ ᠶᠢᠨ ᠢᠲᠡᠭᠡᠯ ᠵᠣᠷᠢᠭ ᠰᠠᠶ᠋ᠢ ᠨᠡᠩ ᠲᠡᠭᠦᠯᠳᠡᠷ᠂ ᠠᠯᠬᠤᠮ ᠰᠠᠶ᠋ᠢ ᠨᠡᠩ ᠯᠠᠪᠳᠠᠭᠤᠨ᠂ | ᠬᠥᠳᠡᠯᠭᠡᠭᠦ ᠬᠦᠴᠦᠨ ᠰᠠᠶ᠋ᠢ ᠨᠡᠩ ᠬᠦᠴᠦᠷᠬᠡᠭ ᠪᠣᠯᠵᠤ ᠴᠢᠳᠠᠨ᠎ᠠ᠃ |