ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠤᠨ ᠬᠠᠲᠠᠭᠤ ᠲᠠᠢ ᠨᠢ ᠬᠠᠯᠳᠠᠵᠤ ᠪᠣᠳᠠᠲᠠᠢ ᠠᠵᠢᠯᠯᠠᠶ᠎ᠠ
ᠨᠡᠶᠢᠲᠡᠯᠡᠭᠰᠡᠨ ᠴᠠᠭ᠄
2022/10/18
               ᠵᠣᠬᠢᠶᠠᠭᠴᠢ᠄ ᠵᠢᠢ ᠬᠠᠢ ᠶᠠᠩ                            ᠠᠵᠢᠯ ᠵᠣᠭᠰᠣᠭᠠᠳ 8 ᠵᠢᠯ ᠪᠣᠯᠤᠭᠰᠠᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠳ᠋ᠦᠩ ᠾᠧ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠪᠠᠷᠢᠯᠭ᠎ᠠ ᠡᠬᠢᠯᠡᠭᠰᠡᠨ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤ ᠪᠠ ᠤᠳᠤᠷᠢᠳᠬᠤ ᠪᠠᠶᠢᠭᠤᠯᠭ᠎ᠠ ᠶᠢᠨ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠤᠨ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠠᠰᠠᠭᠤᠳᠠᠯ ᠳᠤ ᠰᠢᠭᠤᠳ ᠬᠠᠨᠳᠤᠨ᠂ ᠬᠠᠲᠠᠭᠤ ᠲᠠᠢ ᠨᠢ ᠬᠠᠯᠳᠠᠬᠤ ᠢᠲᠡᠭᠡᠯ ᠵᠣᠷᠢᠭ ᠢ ᠭᠦᠢᠴᠡᠳ ᠢᠯᠡᠷᠡᠭᠦᠯᠵᠦ᠂ ᠨᠠᠷᠢᠯᠢᠭ ᠬᠢᠵᠦ ᠶᠡᠭᠡ ᠶᠢ ᠪᠦᠲᠦᠭᠡᠬᠦ ᠬᠠᠷᠢᠭᠤᠴᠠᠯᠭ᠎ᠠ ᠪᠠ ᠡᠭᠦᠷᠭᠡᠯᠡᠯ ᠢ ᠢᠯᠡᠷᠡᠭᠦᠯᠪᠡ᠃            ᠦᠢᠯᠡ ᠠᠵᠢᠯᠯᠠᠭ᠎ᠠ ᠪᠠ ᠵᠢᠱᠢᠶ᠎ᠡ ᠦᠵᠡᠭᠦᠯᠭᠦ ᠪᠣᠯ ᠬᠠᠮᠤᠭ ᠤᠨ ᠬᠦᠴᠦᠲᠡᠢ ᠳᠠᠶᠢᠴᠢᠯᠠᠯᠲᠠ ᠮᠥᠨ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠣᠷᠢᠭ ᠰᠢᠭᠤᠳᠤᠨ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠠᠬᠢᠭᠤᠯᠵᠤ᠂ ︽ᠬᠠᠭᠠᠰ ᠳᠤᠲᠠᠭᠤ ᠤᠷᠭᠢᠬᠰᠠᠨ︾ ᠪᠠᠷᠢᠯᠭ᠎ᠠ ᠵᠡᠷᠭᠡ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠳᠤ᠂ ᠳᠠᠷᠤᠢ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠤ᠂ ᠡᠬᠢ ᠪᠠᠶᠠᠯᠢᠭ ᠤᠨ ᠡᠯᠧᠮᠧᠨ᠋ᠲ ᠢ ᠠᠷᠪᠢᠲᠠᠢ ᠡᠷᠴᠢᠮᠲᠡᠢ ᠠᠰᠢᠭᠯᠠᠬᠤ ᠶᠢ ᠠᠬᠢᠭᠤᠯᠬᠤ ᠬᠡᠷᠡᠭᠲᠡᠢ᠃ ᠳᠡᠭᠡᠷ᠎ᠡ ᠠᠴᠠ ᠳᠣᠷᠣᠭᠰᠢ ᠬᠥᠲᠥᠯᠥᠨ ᠳᠠᠭᠠᠭᠤᠯᠵᠤ ᠠᠬᠢᠭᠤᠯᠤᠨ᠂ ᠳᠡᠭᠡᠷ᠎ᠡ ᠱᠠᠲᠤ ᠨᠢ ᠳᠣᠣᠷ᠎ᠠ ᠱᠠᠲᠤᠨ ᠳᠠᠭᠠᠨ ᠬᠢᠵᠦ ᠦᠵᠡᠭᠦᠯᠦᠨ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠤᠨ ᠠᠵᠢᠯᠯᠠᠵᠤ᠂ ᠱᠠᠲᠤ ᠱᠠᠲᠤ ᠪᠠᠷ ᠳᠠᠷᠤᠯᠲᠠ ᠥᠭᠴᠦ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠨ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠬᠥᠭᠵᠢᠭᠡᠵᠦ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ︽ᠠᠮᠢᠯᠠᠭᠤᠯᠵᠤ︾᠂ ᠵᠣᠭᠰᠤᠩᠭᠤᠶᠢᠷᠠᠭᠰᠠᠨ ᠲᠦᠷᠦᠯ ᠵᠦᠢᠯ ᠢ ︽ᠭᠦᠶᠦᠯᠭᠡᠵᠦ︾᠂ ᠲᠤᠨᠤᠮᠠᠯ ᠪᠡᠯᠡ ᠮᠥᠩᠭᠦ ᠶᠢ ︽ᠠᠮᠢᠳᠤᠯᠢᠭᠵᠢᠭᠤᠯᠵᠤ︾᠂ ᠨᠥᠭᠡᠴᠡ ᠶᠢ ᠨᠠᠩ ᠰᠠᠶᠢᠲᠤᠷ ᠠᠮᠢᠳᠤᠯᠢᠭᠵᠢᠭᠤᠯᠵᠤ᠂ ᠳᠠᠯᠳᠠ ᠬᠦᠴᠦᠨ ᠢ ᠠᠭᠤᠳᠠᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃            ᠵᠠᠮ ᠬᠤᠯᠠ ᠪᠤᠯᠪᠠᠴᠤ ᠶᠠᠪᠤᠪᠠᠰᠤ ᠭᠦᠷᠦᠮᠤᠢ᠂ ᠶᠠᠪᠤᠳᠠᠯ ᠬᠦᠴᠢᠷ ᠪᠤᠯᠪᠠᠴᠤ ᠬᠢᠪᠡᠰᠦ ᠪᠦᠲᠦᠮᠦᠢ᠃ ᠲᠦᠷᠦᠯ ᠵᠦᠢᠯ ᠢ ᠡᠭᠢᠯᠡᠭᠦᠯᠭᠦ ᠨᠢ ᠵᠥᠪᠭᠡᠨ ᠡᠭᠢᠯᠡᠯᠲᠡ ᠲᠡᠳᠦᠢ᠂ ᠲᠦᠷᠦᠯ ᠵᠦᠢᠯ ᠢ ᠤᠯᠠᠮ ᠴᠢᠨᠠᠭᠰᠢᠳᠠ ᠲᠦᠷᠭᠡᠨ᠂ ᠣᠨᠣᠪᠴᠢᠲᠠᠢ᠂ ᠪᠣᠳᠠᠲᠠᠢ᠂ ᠨᠠᠷᠢᠯᠢᠭ ᠬᠢᠬᠦ ᠳᠤ ᠮᠥᠨ ᠬᠦ ᠬᠠᠮᠲᠤᠷᠠᠯ ᠬᠦᠴᠦᠨ ᠢ ᠨᠢᠭᠲᠠᠷᠠᠭᠤᠯᠵᠤ᠂ ᠠᠬᠢᠴᠠ ᠶᠢ ᠲᠦᠷᠭᠡᠳᠬᠡᠵᠦ᠂ ᠡᠷᠴᠢᠮ ᠢ ᠴᠢᠩᠭᠠᠷᠠᠭᠤᠯᠵᠤ᠂ ᠡᠯ᠎ᠡ ᠰᠠᠯᠠᠭ᠎ᠠ ᠮᠥᠴᠢᠷ ᠡᠯ᠎ᠡ ᠭᠤᠭᠴᠤᠭ᠎ᠠ ᠶᠢ ᠦᠨᠡᠨ ᠬᠦ ᠬᠥᠳᠡᠯᠦᠯᠴᠡᠭᠦᠯᠵᠦ᠂ ᠠᠵᠢᠯᠯᠠᠭᠤᠯᠬᠤ ᠬᠡᠷᠡᠭᠲᠡᠢ ᠭᠡᠳᠡᠭ ᠢ ᠪᠢᠳᠡ ᠡᠷᠬᠡᠪᠰᠢ ᠣᠯᠵᠤ ᠬᠠᠷᠠᠬᠤ ᠬᠡᠷᠡᠭᠲᠡᠢ᠃ ᠴᠠᠭ ᠮᠥᠴᠡ ᠶᠢ ᠠᠮᠵᠢᠨ ᠥᠷᠯᠥᠭᠡ ᠦᠳᠡᠰᠢ ᠶᠢ ᠲᠡᠮᠡᠴᠡᠬᠦ ᠲᠤᠯᠭᠠᠮ ᠰᠡᠳᠬᠢᠯᠭᠡ ᠪᠠᠷ᠂ ᠲᠣᠭᠲᠠᠭᠰᠠᠨ ᠤᠴᠢᠷ ᠢ ᠬᠡᠯᠡᠪᠡᠯ ᠵᠠᠪᠠᠯ ᠬᠢᠵᠦ᠂ ᠴᠠᠭ ᠮᠥᠴᠡ ᠲᠠᠢ ᠤᠷᠤᠯᠳᠤᠨ ᠬᠢᠬᠦ ᠭᠡᠷᠡᠭᠲᠡᠢ; ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠬᠤ ᠡᠷᠴᠢ ᠵᠣᠷᠢᠭ ᠢᠶᠠᠷ ᠦᠨᠡᠨ ᠪᠣᠳᠠᠲᠠᠢ ᠪᠠᠷ ᠠᠵᠢᠯ ᠬᠢᠵᠦ᠂ ᠦᠨᠡᠨ ᠬᠦ ᠠᠵᠢᠯ ᠬᠢᠵᠦ᠂ ᠠᠵᠢᠯ ᠪᠦᠲᠦᠭᠡᠬᠦ ᠭᠡᠷᠡᠭᠲᠡᠢ; ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ ᠬᠥᠭᠦᠷᠭᠡ ᠲᠠᠯᠪᠢᠬᠤ ᠰᠥᠰᠥ ᠵᠣᠷᠢᠭ ᠢᠶᠠᠷ ᠥᠪᠡᠷ ᠤᠨ ᠠᠵᠢᠯ ᠤᠨ ᠪᠠᠶᠢᠷᠢ ᠪᠠᠨ ᠰᠠᠶᠢᠲᠤᠷ ᠰᠠᠬᠢᠵᠤ᠂ ᠥᠪᠡᠷ ᠤᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ  ᠳᠤ ᠦᠷ᠎ᠡ ᠪᠦᠲᠦᠮᠵᠢ ᠭᠠᠷᠭᠠᠬᠤ᠂ ᠠᠮᠵᠢᠯᠲᠠ ᠪᠦᠲᠦᠮᠵᠢ ᠭᠠᠷᠭᠠᠬᠤ ᠶᠢ ᠦᠨᠡᠨ ᠬᠦ ᠠᠬᠢᠭᠤᠯᠵᠤ᠂ ᠨᠡᠶᠢᠭᠡᠮ ᠳᠠᠶᠠᠭᠠᠷ ᠲᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号