ᠲᠦᠷᠦᠭᠦᠯᠡᠨ ᠳᠠᠭᠤᠷᠢᠶᠠᠯ ᠦᠵᠡᠭᠦᠯᠵᠦ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠶ᠎ᠠ
ᠨᠡᠶᠢᠲᠡᠯᠡᠭᠰᠡᠨ ᠴᠠᠭ᠄
2022/10/18
               ᠵᠣᠬᠢᠶᠠᠭᠴᠢ᠄ ᠪᠠᠢ ᠵᠢᠶᠠᠩ ᠬᠤᠩ                  ᠳᠡᠭᠡᠷ᠎ᠡ ᠠᠴᠠ ᠱᠠᠭᠠᠷᠳᠠᠵᠤ ᠬᠤᠶᠢᠨ᠎ᠠ ᠠᠴᠠ ᠲᠦᠯᠭᠢᠭᠦ ᠨᠢ ᠴᠥᠮ ᠲᠦᠷᠦᠭᠦᠯᠡᠨ ᠳᠠᠶᠢᠴᠢᠯᠠᠬᠤ ᠶᠢ ᠬᠦᠷᠬᠦ ᠦᠭᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠳᠤᠮᠳᠠ ᠡᠮᠦᠨ᠎ᠡ ᠨᠢ ᠭᠠᠪᠰᠢᠭᠠᠶᠢᠯᠠᠵᠤ᠂ ᠦᠯᠢᠭᠡᠷ ᠳᠠᠭᠤᠷᠢᠶᠠᠯ ᠦᠵᠡᠭᠦᠯᠵᠦ᠂ ᠮᠤᠵᠢ ᠶᠢᠨ ᠲᠡᠰ ᠤᠨ ᠺᠠᠳ᠋ᠷ ᠤᠨ ᠲᠦᠷ ᠰᠠᠭᠤᠬᠤ ᠨᠡᠶᠢᠳᠡ ᠶᠢᠨ ᠰᠠᠭᠤᠴᠠ ᠶᠢ ᠪᠦᠭᠦᠨ ᠢ ᠨᠡᠭᠦᠯᠭᠡᠨ ᠭᠠᠷᠭᠠᠭᠰᠠᠨ ᠎ ᠨᠢ ᠲᠦᠷᠦᠭᠦᠯᠡᠨ ᠳᠠᠭᠤᠷᠢᠶᠠᠯ ᠦᠵᠡᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠭᠰᠠᠨ ᠨᠢᠭᠡ ᠵᠦᠢᠯ ᠤᠨ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠪᠠᠶᠢᠵᠤ᠂ ᠠᠰᠠᠭᠤᠳᠠᠯ ᠳᠤ ᠰᠢᠭᠤᠳ ᠬᠠᠨᠳᠤᠵᠤ᠂ ᠬᠢᠲᠤᠭᠠᠨ ᠤ ᠢᠷ ᠢ ᠳᠣᠲᠣᠭᠰᠢ ᠬᠠᠨᠳᠤᠭᠤᠯᠬᠤ ᠡᠷᠴᠢ ᠵᠣᠷᠢᠭ ᠪᠠ ᠡᠷᠡᠮᠡᠬᠡᠢ ᠬᠦᠴᠦᠨ ᠢ ᠢᠯᠡᠷᠡᠭᠦᠯᠪᠡ᠃             ︽ᠤᠯᠤᠰ ᠭᠦᠷᠦᠨ ᠢᠶᠠᠨ ᠪᠠᠶᠠᠵᠢᠭᠤᠯᠬᠤ ᠠᠷᠭ᠎ᠠ ᠵᠠᠮ ᠠᠨᠤ ᠠᠷᠪᠢᠯᠠᠨ ᠭᠠᠮᠨᠠᠵᠤ ᠠᠷᠠᠳ ᠢᠷᠭᠡᠳ ᠢ ᠪᠠᠶᠠᠵᠢᠭᠤᠯᠬᠤ ᠶᠢᠨ ᠬᠠᠮᠲᠤ᠂ ᠠᠷᠪᠢᠯᠠᠨ ᠭᠠᠮᠨᠠᠭᠰᠠᠨ ᠢᠶᠠᠨ ᠰᠠᠶᠢᠲᠤᠷ ᠨᠥᠭᠡᠴᠡᠯᠡᠬᠦ ᠳᠤᠷ ᠠᠮᠣᠢ︾᠃ ᠭᠠᠮᠲᠠᠢ ᠵᠠᠷᠤᠬᠤ ᠨᠢ ᠠᠪᠴᠠᠯ᠂ ᠠᠷᠠᠳ ᠢ ᠪᠠᠶᠠᠵᠢᠭᠤᠯᠬᠤ ᠪᠣᠯ ᠵᠣᠷᠢᠯᠭ᠎ᠠ ᠶᠤᠮ᠃ ᠰᠤᠯᠠ ᠲᠠᠯᠪᠢᠭᠳᠠᠵᠤ ᠪᠠᠶᠢᠭ᠎ᠠ ᠨᠡᠶᠢᠲᠡ ᠶᠢᠨ ᠡᠳ᠋ ᠬᠥᠷᠥᠩᠭᠡ ᠶᠢ ᠠᠮᠢᠳᠤᠯᠢᠭᠵᠢᠭᠤᠯᠵᠤ᠂ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠢ ᠠᠮᠢᠵᠢᠷᠠᠯ ᠤᠨ ᠬᠦᠴᠦᠨ ᠲᠠᠢ ᠪᠤᠯᠭᠠᠬᠤ ᠨᠢ ᠡᠬᠢ ᠪᠠᠶᠠᠯᠢᠭ ᠤᠨ ᠪᠣᠳᠠᠲᠤ ᠥᠷᠲᠡᠭ ᠢ ᠪᠠᠳᠠᠷᠠᠭᠤᠯᠵᠤ᠂ ᠵᠠᠰᠠᠭ ᠤᠨ ᠣᠷᠳᠣᠨ ᠤ ᠵᠠᠷᠤᠯᠭ᠎ᠠ ᠶᠢ ᠠᠷᠪᠢᠯᠠᠨ ᠭᠠᠮᠨᠠᠵᠤ᠂ ᠬᠢᠵᠠᠭᠠᠷ ᠲᠠᠢ ᠡᠳ᠋ ᠤᠨ ᠬᠦᠴᠦᠨ ᠪᠣᠳᠠᠰ ᠤᠨ ᠬᠦᠴᠦᠨ ᠢᠶᠠᠷ ᠬᠠᠮᠤᠭ ᠤᠨ ᠶᠡᠭᠡ ᠨᠡᠶᠢᠭᠡᠮ ᠤᠨ ᠦᠷ᠎ᠡ ᠠᠰᠢᠭ᠂ ᠠᠷᠠᠳ ᠤᠨ ᠠᠮᠢᠳᠤᠷᠠᠯ ᠤᠨ ᠦᠷ᠎ᠡ ᠠᠰᠢᠭ ᠢ ᠣᠯᠵᠤ᠂ ᠵᠣᠭᠤᠰ ᠮᠥᠩᠭᠦ ᠶᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠳᠤ ᠨᠡᠩ ᠰᠠᠶᠢᠲᠤᠷ ᠬᠡᠷᠡᠭᠯᠡᠵᠦ᠂ ᠠᠷᠠᠳ ᠣᠯᠠᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠨᠠᠩ ᠣᠯᠠᠨ ᠡᠳ᠋ᠯᠡᠭᠦᠯᠵᠦ ᠴᠢᠳᠠᠨ᠎ᠠ᠃ ᠨᠠᠮ ᠵᠠᠰᠠᠭ ᠤᠨ ᠪᠠᠶᠢᠭᠤᠯᠭ᠎ᠠ ᠲᠦᠷᠦᠭᠦᠯᠡᠨ ᠠᠷᠪᠢᠯᠠᠨ ᠭᠠᠮᠨᠠᠬᠤ ᠶᠢ ᠡᠷᠭᠢᠮᠯᠡᠭᠦ ᠨᠢ ᠨᠡᠶᠢᠭᠡᠮ ᠤᠨ ᠬᠡᠪ ᠰᠤᠷᠲᠠᠯ ᠢ ᠬᠥᠲᠥᠯᠥᠨ ᠳᠠᠭᠠᠭᠤᠯᠵᠤ᠂ ᠨᠡᠶᠢᠭᠡᠮ ᠳᠠᠶᠠᠭᠠᠷ ᠲᠤ ᠪᠦᠷᠢᠯᠭᠡᠨ ᠰᠦᠢᠳᠬᠡᠬᠦ ᠨᠢ ᠢᠴᠢᠭᠦᠷᠢᠲᠡᠢ᠂ ᠠᠷᠪᠢᠯᠠᠨ ᠭᠠᠮᠨᠠᠬᠤ ᠎ ᠨᠢ ᠢᠷᠠᠭᠤ ᠠᠯᠳᠠᠷᠲᠠᠢ ᠪᠠᠶᠢᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠶ ᠪᠤᠯᠭᠠᠵᠤ᠂ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢᠨ ᠠᠷᠠᠳ ᠲᠦᠮᠡᠨ ᠳᠤ ᠲᠠᠭᠠᠰᠢᠶᠠᠭᠳᠠᠭᠰᠠᠨ ᠦᠷ᠎ᠡ ᠪᠦᠲᠦᠭᠡᠯ ᠣᠯᠬᠤ ᠳᠤ ᠠᠰᠢᠭᠲᠠᠢ ᠶᠤᠮ᠃             ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠥᠷᠨᠢᠭᠦᠯᠵᠦ᠂ ᠴᠢᠨᠠᠷ ᠴᠢᠨᠰᠠᠭ᠎ᠠ ᠪᠠᠷᠤᠭᠲᠠᠢ ᠦᠷ᠎ᠡ ᠠᠰᠢᠭ ᠳᠣᠣᠷ᠎ᠠ᠂ ᠰᠤᠯᠠ ᠲᠠᠯᠪᠢᠵᠤ ᠪᠦᠷᠢᠯᠭᠡᠬᠦ ᠠᠰᠠᠭᠤᠳᠠᠯ ᠢ ᠰᠢᠢᠳᠪᠦᠷᠢᠯᠡᠬᠦ ᠳᠤ᠂ ᠶᠠᠷᠢᠶᠠᠨ ᠦᠭᠡᠢ ᠴᠥᠭᠡᠨ ᠪᠤᠰᠤ ᠪᠡᠷᠬᠡ ᠪᠣᠭᠤᠮᠲᠠ ᠶᠢ ᠰᠢᠪᠲᠤᠯᠵᠤ᠂ ᠴᠥᠭᠡᠨ ᠪᠤᠰᠤ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠶᠤᠮ᠂ ᠭᠡᠲᠡᠯ᠎ᠡ ᠪᠡᠷᠬᠡ ᠰᠠᠭᠠᠳ ᠬᠡᠳᠦᠢ ᠤᠯᠠᠨ ᠪᠠᠶᠢᠭᠰᠠᠨ ᠴᠤ ᠤᠳᠤᠷᠢᠳᠤᠯᠭ᠎ᠠ ᠲᠦᠷᠦᠭᠦᠯᠡᠨ ᠬᠢᠪᠡᠯ ᠬᠦᠴᠢᠷ ᠶᠠᠪᠤᠳᠠᠯ ᠭᠡᠵᠦ ᠪᠠᠶᠢᠬᠤ ᠦᠭᠡᠢ᠃ ᠭᠠᠭᠴᠠ ᠬᠦ ᠦᠵᠡᠯ ᠰᠠᠨᠠᠭᠠᠨ ᠤ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠴᠢᠩᠭ᠎ᠠ ᠳᠠᠭᠠᠵᠤ᠂ ᠬᠡᠷᠡᠭᠵᠢᠭᠦᠯᠬᠦ ᠲᠠᠯ᠎ᠠ ᠪᠠᠷ ᠡᠷᠡᠰ ᠪᠠᠲᠤ ᠪᠠᠶᠢᠵᠤ᠂ ᠨᠠᠶᠢᠳᠠᠪᠤᠷᠢᠵᠢᠭᠤᠯᠬᠤ ᠲᠠᠯ᠎ᠠ ᠪᠠᠷ ᠦᠨᠡᠨ ᠬᠦ ᠬᠠᠲᠠᠭᠤ ᠲᠠᠢ ᠨᠢ ᠬᠠᠯᠳᠠᠵᠤ᠂ ᠬᠦᠴᠢᠷ ᠢ ᠰᠥᠷᠦᠨ᠂ ᠪᠡᠷᠬᠡ ᠎ ᠶᠢ ᠲᠤᠭᠤᠯᠵᠤ᠂ ᠴᠢᠷᠮᠠᠶᠢᠨ ᠲᠡᠮᠡᠴᠡᠵᠦ᠂ ᠱᠠᠯᠠᠮᠠᠭᠠᠶᠢᠯᠠᠨ ᠠᠵᠢᠯᠯᠠᠵᠤ᠂ ᠲᠦᠷᠭᠡᠨ ᠬᠥᠳᠡᠯᠦᠯᠴᠡᠪᠡᠯ ᠰᠠᠶ᠋ᠢ ᠦᠨᠡᠨ ᠪᠣᠳᠠᠲᠠᠢ᠂ ᠡᠯᠪᠡᠭ ᠳᠡᠯᠪᠡᠭ᠂ ᠭᠢᠯᠠᠯᠵᠠᠮ᠎ᠠ ᠦᠷ᠎ᠡ ᠪᠦᠲᠦᠭᠡᠯ ᠣᠯᠵᠤ᠂ ᠬᠠᠷᠢᠭᠤᠴᠠᠯᠭ᠎ᠠ ᠡᠭᠦᠷᠭᠡᠯᠡᠯ ᠪᠣᠳᠠᠲᠤ ᠠᠵᠢᠯᠯᠠᠭ᠎ᠠ ᠪᠠᠷ ᠢᠶᠠᠨ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠵᠤ ᠴᠢᠳᠠᠨ᠎ᠠ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号