ᠠᠷᠠᠳ ᠲᠦᠮᠡᠨ ᠲᠠᠢ ᠢᠮᠠᠭᠲᠠ ᠠᠮᠢᠰᠬᠤᠭ᠎ᠠ ᠪᠠᠨ ᠨᠢᠭᠡᠳᠬᠡᠨ ᠬᠤᠪᠢ ᠵᠠᠶᠠᠭ᠎ᠠ ᠪᠠᠨ ᠬᠠᠮᠲᠤᠳᠬᠠᠵᠤ ᠰᠡᠳᠬᠢᠯ ᠵᠢᠷᠦᠬᠡ ᠪᠠᠨ ᠬᠤᠯᠪᠣᠨ᠎ᠠ
ᠨᠡᠶᠢᠲᠡᠯᠡᠭᠰᠡᠨ ᠴᠠᠭ᠄
2022/10/24
                       ᠵᠢᠶᠠᠩ ᠯᠢᠨ᠂ ᠲᠠᠨ ᠮᠦᠸᠧ ᠰᠢᠶᠣᠣ᠂ ᠶᠧ ᠬᠤᠤ ᠮᠢᠩ᠂ ᠸᠧᠢ ᠢᠦᠢ ᠺᠦᠨ᠂ ᠢᠦᠢ ᠸᠧᠨ ᠵᠢᠩ᠂ ᠪᠠᠢ ᠶᠠᠩ                              — ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢᠳ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠶᠠᠷᠢᠯᠴᠠᠭᠰᠠᠨ ᠲᠤᠬᠠᠢ ᠬᠦᠦᠷᠨᠢᠯ                              ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ  ︽ᠪᠦᠯᠬᠦᠮᠳᠡᠯ ᠪᠣᠯ ᠳᠠᠷᠤᠢ ᠬᠦᠴᠦᠨ ᠮᠥᠨ᠂ ᠪᠦᠯᠬᠦᠮᠳᠡᠪᠡᠯ ᠰᠠᠶ᠋ᠢ ᠢᠯᠠᠯᠲᠠ ᠣᠯᠵᠤ ᠴᠢᠳᠠᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠷᠬᠡᠪᠰᠢ ᠲᠦᠭ ᠲᠦᠮᠡᠨ ᠠᠷᠠᠳ ᠲᠦᠮᠡᠨ ᠤ ᠡᠭᠦᠳᠦᠨ ᠪᠦᠲᠦᠭᠡᠬᠦ ᠠᠤᠭ᠎ᠠ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ︾  ᠂  ︽ ᠠᠷᠠᠳ ᠲᠦᠮᠡᠨ ᠲᠠᠢ ᠢᠮᠠᠭᠲᠠ ᠠᠮᠢᠰᠬᠤᠭ᠎ᠠ ᠪᠠᠨ ᠨᠢᠭᠡᠳᠬᠡᠨ ᠬᠤᠪᠢ ᠵᠠᠶᠠᠭ᠎ᠠ ᠪᠠᠨ ᠬᠠᠮᠲᠤᠳᠬᠠᠵᠤ ᠰᠡᠳᠬᠢᠯ ᠵᠢᠷᠦᠬᠡ ᠪᠠᠨ ᠬᠤᠯᠪᠣᠬᠤ ᠬᠡᠷᠡᠭᠲᠡᠢ︾  ᠭᠡᠵᠦ ᠵᠢᠭᠠᠵᠤ ᠭᠠᠷᠭᠠᠪᠠ᠃            ᠲᠥᠯᠥᠭᠡᠯᠡᠭᠴᠢᠳ ᠠᠴᠠ᠂ ᠠᠷᠠᠳ ᠲᠦᠮᠡᠨ ᠪᠣᠯ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠎ ᠶᠢᠨ ᠬᠠᠮᠤᠭ ᠤᠨ ᠶᠡᠭᠡ ᠰᠠᠭᠤᠷᠢ ᠬᠦᠴᠦᠨ ᠮᠥᠨ᠃ ᠠᠯᠢᠪᠠ ᠪᠦᠭᠦᠨ ᠳᠤ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠭᠦᠨ ᠳᠤ ᠠᠷᠠᠳ ᠲᠦᠮᠡᠨ ᠢ ᠲᠦᠰᠢᠭᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠢᠲᠡᠭᠡᠯ ᠢ ᠣᠯᠵᠤ᠂ ᠠᠷᠠᠳ ᠲᠦᠮᠡᠨ ᠤ ᠳᠡᠮᠵᠢᠯᠭᠡ ᠶᠢ ᠣᠯᠪᠠᠯ᠂ ᠮᠠᠨ ᠤ ᠨᠠᠮ ᠶᠠᠮᠠᠷᠪᠠ ᠬᠦᠴᠢᠷ ᠪᠡᠷᠬᠡᠰᠢᠶᠡᠯ ᠢ ᠴᠦ ᠢᠯᠠᠨ ᠳᠠᠪᠠᠵᠤ᠂ ᠴᠤᠴᠠᠯᠲᠠ ᠦᠭᠡᠢ ᠤᠷᠤᠭᠰᠢᠯᠠᠨ᠂ ᠬᠠᠨᠳᠤᠭᠰᠠᠨ ᠵᠦᠭ ᠲᠤ ᠢᠯᠠᠯᠲᠠ ᠣᠯᠵᠤ᠂ ᠰᠡᠳᠬᠢᠯ ᠨᠢᠭᠡᠳᠦᠨ ᠳᠤᠮᠳᠠᠳᠤ ᠎ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠯᠠᠪᠲᠠᠢ ᠪᠦᠷᠢᠯᠳᠦᠭᠦᠯᠵᠦ ᠴᠢᠳᠠᠨ᠎ᠠ ᠭᠡᠵᠦ ᠰᠠᠨᠠᠯ ᠨᠢᠭᠡᠲᠡᠢ ᠦᠵᠡᠵᠡᠭᠡᠪᠡ᠃            ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠎ᠠ᠄  ︽ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠤᠨ᠎ᠠ︾              ᠾᠧᠨᠠᠨ ᠮᠤᠵᠢ ᠶᠢᠨ ᠬᠤᠢ ᠰᠢᠶᠠᠨ ᠬᠤᠳᠠ ᠶᠢᠨ ᠵᠠᠩ ᠼᠦᠨ ᠰᠢᠶᠠᠩ ᠤᠨ ᠫᠧᠢ ᠵᠠᠢ ᠼᠦᠨ ᠲᠣᠰᠬᠤᠨ ᠤ ᠨᠠᠮ ᠤᠨ ᠡᠭᠦᠷ ᠤᠨ ᠱᠦᠵᠢ ᠫᠧᠢ ᠴᠦᠨ ᠯᠢᠶᠠᠩ ᠲᠥᠯᠥᠭᠡᠯᠡᠭᠴᠢ ᠭᠠᠷᠳᠠᠵᠤ ᠠᠪᠤᠭᠰᠠᠨ ᠬᠤᠷᠢᠳᠤᠭᠠᠷ ᠶᠡᠭᠡ ᠬᠤᠷᠠᠯ ᠎ ᠤᠨ ᠢᠯᠡᠳᠬᠡᠯ ᠳᠠᠬᠢ ᠠᠷᠠᠳ ᠲᠦᠮᠡᠨ ᠤ ᠲᠣᠭᠤᠷᠢᠨ ᠳᠤ ᠶᠠᠷᠢᠭᠰᠠᠨ ᠪᠠᠳᠠᠭ ᠪᠠᠳᠠᠭ ᠥᠭᠦᠯᠡᠯᠲᠡ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠵᠦᠢᠯ ᠵᠦᠢᠯ ᠤᠨ ᠪᠠᠶᠢᠷᠢᠯᠠᠭᠤᠯᠤᠯᠲᠠ ᠪᠦᠭᠦᠨ ᠤ ᠳᠣᠣᠭᠤᠷ ᠵᠤᠷᠪᠤᠰ ᠵᠤᠷᠪᠤᠰ ᠵᠢᠷᠤᠭᠠᠰᠤ ᠵᠢᠷᠤᠭᠰᠠᠨ ᠪᠠᠶᠢᠪᠠ᠃             ︽︿ᠠᠷᠠᠳ ᠲᠦᠮᠡᠨ﹀᠎ ᠨᠢ ᠢᠯᠡᠳᠬᠡᠯ ᠤᠨ ᠵᠠᠩᠭᠢᠯᠠᠭ᠎ᠠ ᠶᠢᠨ ᠦᠭᠡ᠂ ᠥᠨᠳᠥᠷ ᠳᠠᠪᠲᠠᠮᠵᠢᠲᠤ ᠦᠭᠡ ᠪᠣᠯᠤᠭᠰᠠᠨ ᠤ ᠬᠤᠪᠢ ᠳᠤ᠂ ᠪᠢᠳᠡᠨ ᠤ ᠬᠡᠯᠡᠳᠡᠭ ᠠᠷᠠᠳ ᠲᠦᠮᠡᠨ ᠤ ᠵᠣᠭᠰᠣᠯᠲᠠ᠂ ᠠᠷᠠᠳ ᠲᠦᠮᠡᠨᠴᠢ ᠬᠠᠶᠢᠷ᠎ᠠ ᠰᠡᠳᠬᠢᠯᠭᠡ ᠶᠢ ᠭᠦᠢᠴᠡᠳ ᠢᠯᠡᠷᠡᠭᠦᠯᠪᠡ︾  ᠭᠡᠵᠦ ᠫᠧᠢ ᠴᠦᠨ ᠯᠢᠶᠠᠩ ᠬᠡᠯᠡᠭᠰᠡᠨ ᠢᠶᠠᠨ ᠵᠠᠯᠭᠠᠭᠠᠳ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠬᠤ ᠪᠣᠯ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠎ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠦᠨᠳᠦᠰᠦᠨ ᠠᠷᠭ᠎ᠠ ᠪᠣᠳᠣᠯᠭ᠎ᠠ ᠮᠥᠨ᠂ ᠪᠠᠰᠠ ᠴᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠎ ᠳᠤ ᠲᠤᠭᠤᠰᠢᠯᠠᠭᠳᠠᠭᠰᠠᠨ ᠭᠤᠣᠯ ᠰᠢᠵᠢᠮ ᠪᠠᠶᠢᠵᠤ᠂ ᠠᠷᠠᠳ ᠲᠦᠮᠡᠨ ᠳᠤ ᠪᠤᠶᠠᠨ ᠦᠢᠯᠡᠳᠭᠦ ᠠᠭᠤᠤ ᠶᠡᠭᠡ ᠦᠢᠯᠡᠰ ᠤᠨ ᠲᠠᠰᠤᠷᠠᠯᠳᠠ ᠦᠭᠡᠢ ᠤᠷᠤᠭᠰᠢᠯᠠᠬᠤ ᠶᠢ ᠠᠬᠢᠭᠤᠯᠵᠤ ᠪᠠᠶᠢᠨ᠎ᠠ ᠭᠡᠵᠦ ᠭᠦᠨ ᠲᠥᠷᠥᠭᠳᠡᠯ ᠲᠠᠢ ᠬᠡᠯᠡᠪᠡ᠃             ︽ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠶᠢ ᠭᠤᠶᠢᠪᠢᠰᠢ ᠦᠭᠡᠢ ᠪᠠᠷᠢᠮᠲᠠᠯᠠᠨ᠂ ᠬᠢᠵᠢᠭ ᠲᠠᠢ ᠲᠡᠮᠡᠴᠡᠬᠦ ᠠᠷᠠᠳ ᠤᠨ ᠲᠡᠶᠢᠨ᠂ ᠶᠡᠷᠦᠩᠬᠡᠢ ᠳᠠᠶᠢᠯᠠᠯᠳᠤᠭᠠᠨ᠂ ᠬᠤᠷᠢᠭᠯᠠᠯᠲᠠ ᠶᠢᠨ ᠳᠠᠶᠢᠯᠠᠯᠳᠤᠭᠠᠨ ᠢ ᠥᠷᠨᠢᠭᠦᠯᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ︾  ︔             ︽ᠦᠷᠭᠦᠯᠵᠢᠯᠡᠨ ᠲᠡᠮᠡᠴᠡᠬᠦ ᠪᠠᠷ ᠳᠠᠮᠵᠢᠨ ᠴᠢᠨᠡᠭᠡᠯᠢᠭ ᠨᠡᠶᠢᠭᠡᠮ ᠭᠡᠬᠦ ᠡᠨᠡ ᠬᠦ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠬᠦᠰᠡᠯ ᠵᠡᠭᠦᠳᠦ ᠶᠢ ᠲᠡᠷᠭᠡᠯᠰᠢᠭᠦᠯᠵᠦ᠂ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠠᠢ︾  ︔             ︽ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠠᠯᠴᠢᠷ ᠲᠤᠨᠢ ᠪᠣᠶᠢᠵᠢᠭᠤᠯᠬᠤ ᠭᠠᠵᠠᠷ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠬᠥᠳᠡᠯᠮᠦᠷᠢᠯᠡᠪᠡᠯ ᠬᠥᠯᠥᠰᠦ ᠣᠯᠭᠤᠮᠵᠢ ᠲᠠᠢ᠂ ᠡᠪᠡᠳᠴᠢᠯᠡᠪᠡᠯ ᠦᠵᠡᠭᠦᠯᠭᠦ ᠡᠮᠨᠡᠯᠭᠡ ᠲᠠᠢ᠂ ᠥᠲᠡᠯᠪᠡᠯ ᠭᠦᠷᠳᠡᠭᠦ ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶᠢᠴᠤᠤᠯ ᠨᠢ ᠭᠦᠷᠳᠡᠭᠦ ᠲᠤᠰᠠᠯᠠᠮᠵᠢ ᠲᠠᠢ ᠪᠠᠶᠢᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠷᠠᠳ ᠤᠨ ᠠᠮᠢᠳᠤᠷᠠᠯ ᠪᠦᠭᠦ ᠲᠠᠯ᠎ᠠ ᠪᠠᠷ ᠰᠠᠶᠢᠵᠢᠷᠠᠪᠠ︾  ᠁            10 ᠵᠢᠯ ᠤᠨ ᠶᠡᠷᠦ ᠪᠤᠰᠤ ᠶᠢᠨ ᠠᠮᠵᠢᠯᠲᠠ ᠪᠦᠲᠦᠮᠵᠢ ᠨᠢ ᠡᠳ᠋ ᠡᠯᠪᠡᠭ ᠠᠷᠠᠳ ᠪᠠᠶᠠᠯᠢᠭ᠂ ᠠᠶᠢᠯ ᠡᠷᠦᠭᠡ ᠪᠣᠯᠭᠠᠨ ᠵᠢᠷᠭᠠᠯᠲᠤ ᠠᠮᠢᠳᠤᠷᠠᠯ ᠢ ᠡᠳ᠋ᠯᠡᠵᠦ ᠪᠠᠶᠢᠭ᠎ᠠ ᠳᠡᠭᠡᠷ᠎ᠡ ᠢᠯᠡᠷᠡᠵᠦ᠂ ᠲᠥᠯᠥᠭᠡᠯᠡᠭᠴᠢ ᠨᠢᠭᠡ ᠪᠦᠷᠢ ᠴᠥᠮ ᠦᠨᠡᠨ ᠪᠣᠳᠠᠲᠠᠢ ᠣᠯᠣᠯᠲᠠ ᠲᠥᠷᠥᠭᠳᠡᠯ ᠲᠠᠢ ᠪᠠᠶᠢᠪᠠ᠃            ᠨᠢᠩᠰᠢᠶᠠ ᠶᠢᠨ ᠭᠦᠶᠤᠸᠠᠨ ᠨᠢ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠳᠤ ︽ᠬᠥᠮᠥᠨ ᠲᠥᠷᠥᠯᠬᠢᠲᠡᠨ ᠤ ᠣᠷᠣᠰᠢᠨ ᠲᠣᠭᠲᠠᠨᠢᠬᠤ ᠦᠨᠳᠦᠰᠦᠨ ᠨᠥᠬᠦᠴᠡᠯ ᠢ ᠪᠦᠷᠢᠯᠳᠦᠭᠦᠯᠦᠭᠰᠡᠨ ᠦᠭᠡᠢ︾  ᠲᠠᠴᠢᠷ ᠨᠢᠮᠭᠡᠨ ᠭᠠᠵᠠᠷ ᠬᠡᠮᠡᠨ ᠶᠠᠷᠢᠭᠳᠠᠵᠤ ᠪᠠᠶᠢᠵᠠᠢ᠂ ᠤᠳᠤ ᠠᠭᠤᠯᠠ ᠤᠰᠤ ᠨᠢ ᠬᠥᠬᠡᠮᠳᠦᠭ ᠨᠣᠭᠤᠭᠠᠨ᠂ ᠠᠷᠠᠳ ᠲᠦᠮᠡᠨ ᠨᠢ ᠪᠠᠶᠠᠨ ᠴᠢᠨᠡᠭᠡᠯᠢᠭ ᠪᠠᠶᠢᠵᠤ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠬᠤᠳᠠ ᠪᠣᠯᠵᠤ ᠬᠤᠪᠢᠷᠠᠪᠠ᠃            ᠭᠦᠶᠤᠸᠠᠨ ᠬᠤᠳᠠ ᠶᠢᠨ ᠨᠠᠮ ᠤᠨ ᠬᠤᠷᠢᠶᠠᠨ ᠤ ᠱᠦᠵᠢ ᠰᠢᠶᠠᠨ ᠭᠦᠸᠧ ᠢ ᠲᠥᠯᠥᠭᠡᠯᠡᠭᠴᠢ᠄  ︽ᠤᠯᠠᠨ ᠵᠢᠯ ᠤᠨ ᠲᠤᠷᠰᠢ᠂ ᠦᠵᠡᠯ ᠰᠠᠨᠠᠭᠠᠨ ᠤ ᠠᠤᠭ᠎ᠠ ᠬᠦᠴᠦᠨ ᠢ ᠤᠬᠠᠪᠤᠷᠢᠯᠠᠬᠤ ᠲᠤᠳᠤᠮ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠪᠣᠯ ᠳᠠᠷᠤᠢ ︿ᠤᠯᠤᠰ ᠤᠨ ᠶᠡᠭᠡ ᠲᠠᠯ᠎ᠠ﹀ ᠪᠣᠯᠣᠨ᠎ᠠ ᠭᠡᠳᠡᠭ ᠢ ᠤᠯᠠᠮ ᠡᠷᠡᠰ ᠪᠠᠲᠤ ᠢᠲᠡᠭᠡᠭᠦ ᠪᠣᠯᠵᠠᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ ᠭᠦᠨᠴᠡ᠂ ᠥᠷᠭᠡᠴᠡ᠂ ᠬᠦᠴᠢᠷᠳᠡᠯ ᠨᠢ ᠴᠥᠮ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠠᠴᠠ ᠳᠣᠣᠷ᠎ᠠ ᠦᠭᠡᠢ ᠪᠠᠶᠢᠵᠤ᠂ ᠠᠮᠤᠰᠬᠢᠬᠦ ᠪᠤᠳᠤᠯ ᠶᠠᠭᠠᠬᠢᠭᠰᠠᠨ ᠴᠤ ᠣᠷᠣᠵᠤ ᠪᠤᠯᠬᠤ ᠦᠭᠡᠢ︾  ᠭᠡᠵᠦ ᠬᠡᠯᠡᠨ᠎ᠡ᠃             ︽ᠲᠦᠷᠦ ᠵᠠᠰᠠᠭ ᠪᠣᠯ ᠳᠠᠷᠤᠢ ᠠᠷᠠᠳ ᠲᠦᠮᠡᠨ ᠮᠥᠨ᠂ ᠠᠷᠠᠳ ᠲᠦᠮᠡᠨ ᠪᠣᠯ ᠳᠠᠷᠤᠢ ᠲᠦᠷᠦ ᠵᠠᠰᠠᠭ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢ ᠤᠳᠤᠷᠢᠳᠤᠨ ᠲᠦᠷᠦ ᠵᠠᠰᠠᠭ ᠢ ᠪᠠᠶᠢᠭᠤᠯᠵᠤ ᠂ ᠲᠦᠷᠦ ᠵᠠᠰᠠᠭ ᠢᠶᠠᠨ ᠰᠠᠬᠢᠵᠤ ᠪᠤᠢ᠂ ᠰᠠᠬᠢᠵᠤ ᠪᠠᠶᠢᠭ᠎ᠠ ᠨᠢ ᠠᠷᠠᠳ ᠲᠦᠮᠡᠨ ᠤ ᠰᠡᠳᠬᠢᠯ ᠮᠥᠨ︾  ᠃             ︽ᠬᠥᠮᠥᠨ ᠤ ᠰᠡᠳᠬᠢᠯ ᠪᠣᠯ ᠬᠠᠮᠤᠭ ᠤᠨ ᠶᠡᠭᠡ ᠤᠯᠤᠰ ᠲᠦᠷᠦ ᠮᠥᠨ᠃ ᠬᠡᠨ ᠬᠡᠷᠪᠡ ᠠᠷᠠᠳ ᠲᠦᠮᠡᠨ ᠢ ᠰᠡᠳᠬᠢᠯ ᠳᠡᠭᠡᠨ ᠪᠤᠳᠤᠵᠤ ᠶᠠᠪᠤᠪᠠᠯ ᠠᠷᠠᠳ ᠲᠦᠮᠡᠨ ᠳᠠᠷᠤᠢ ᠲᠡᠭᠦᠨ ᠢ ᠰᠡᠳᠬᠢᠯ ᠵᠢᠷᠦᠬᠡᠨ ᠳᠡᠭᠡᠨ ᠬᠦᠷᠢᠶᠡᠯᠡᠵᠦ ᠪᠠᠶᠢᠳᠠᠭ︾  ᠭᠡᠵᠦ ᠬᠤᠨᠠᠨ ᠤ ᠨᠠᠮ ᠤᠨ ᠲᠡᠦᠬᠡ ᠶᠢᠨ ᠦᠵᠡᠭᠦᠯᠭᠡ ᠶᠢᠨ ᠣᠷᠳᠣᠨ ᠤ ᠳᠡᠳ᠋ ᠳᠠᠷᠤᠭ᠎ᠠ ᠴᠧᠨ ᠶᠠᠨ ᠲᠥᠯᠥᠭᠡᠯᠡᠭᠴᠢ ︽ᠲᠠᠯ᠎ᠠ ᠬᠥᠨᠵᠢᠯᠡ︾  ᠎ ᠶᠢᠨ ᠦᠯᠢᠭᠡᠷ ᠢ ᠬᠥᠮᠥᠰ ᠲᠤ ᠦᠷᠭᠦᠯᠵᠢ ᠶᠠᠷᠢᠵᠤ ᠦᠭᠳᠡᠭ᠃ ᠲᠡᠭᠦᠨ ᠎ ᠤ ᠦᠵᠡᠬᠦ ᠪᠠᠷ᠂ ᠬᠥᠮᠥᠰ ᠤᠨ ᠰᠡᠳᠬᠢᠯ ᠢ ᠳᠤᠯᠠᠭᠠᠴᠠᠭᠤᠯᠤᠭᠰᠠᠨ ᠡᠨᠡ ᠬᠦ ᠲᠡᠦᠬᠡᠨ ᠦᠯᠢᠭᠡᠷ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠨᠢ ᠤᠳᠠᠭᠠᠨ ᠲᠡᠦᠬᠡ ᠲᠠᠢ ᠤᠶᠤᠨ ᠰᠠᠨᠠᠭᠠᠨ ᠤ  ︽ᠨᠢᠭᠤᠴᠠ ᠨᠣᠮᠧᠷ︾  ᠬᠠᠳᠠᠭᠠᠯᠠᠭᠳᠠᠵᠤ ᠪᠤᠢ᠃             ︽︿ᠠᠷᠠᠳ ᠲᠦᠮᠡᠨ ᠤ ᠲᠥᠯᠥᠭᠡ﹀ ᠭᠡᠬᠦ ᠡᠨᠡ ᠬᠦ ᠡᠷᠬᠢᠮ ᠳᠡᠭᠡᠳᠦ ᠣᠶᠢᠯᠠᠭᠠᠭᠳᠠᠬᠤᠨ ᠢ ᠪᠠᠲᠤ ᠰᠠᠬᠢᠭᠰᠠᠨ ᠎ ᠠᠴᠠ ᠨᠠᠮ ᠰᠠᠶ᠋ᠢ ᠠᠷᠠᠳ ᠤᠯᠠᠨ ᠤ ᠢᠲᠡᠭᠡᠯ ᠬᠦᠷᠢᠶᠡᠯᠡᠯ ᠪᠠ ᠳᠡᠮᠵᠢᠯᠭᠡ ᠶᠢ ᠣᠯᠵᠤ᠂ ᠰᠠᠶ᠋ᠢ ᠳᠠᠪᠬᠤᠷ ᠳᠠᠪᠬᠤᠷ ᠠᠶᠤᠯ ᠲᠦᠭᠰᠢᠭᠦᠷᠢ ᠶᠢ ᠢᠯᠠᠨ ᠳᠠᠪᠠᠵᠤ ᠬᠥᠭᠵᠢᠨ ᠪᠤᠵᠠᠭᠠᠶᠢᠷᠠᠵᠤ᠂ ᠰᠠᠶ᠋ᠢ ᠰᠢᠨ᠎ᠡ ᠴᠠᠭ ᠦᠶ᠎ᠡ ᠶᠢᠨ ᠠᠷᠪᠠᠨ ᠵᠢᠯ ᠎ ᠤᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢ ᠣᠯᠣᠭᠰᠠᠨ ᠶᠤᠮ︾  ᠭᠡᠵᠦ ᠴᠧᠨ ᠶᠠᠨ ᠬᠡᠯᠡᠭᠰᠡᠨ ᠢᠶᠠᠨ ᠵᠠᠯᠭᠠᠭᠠᠳ ᠤᠷᠤᠭᠰᠢᠯᠠᠯᠲᠠ ᠶᠢᠨ ᠵᠠᠮ ᠳᠡᠭᠡᠷ᠎ᠡ ᠪᠠᠰᠠ ᠶᠡᠭᠡ ᠰᠠᠯᠬᠢ ᠰᠢᠷᠦᠭᠦᠨ ᠳᠠᠪᠠᠯᠭᠠᠨ᠂ ᠴᠢᠨᠠᠭᠰᠢᠯᠠᠪᠠᠯ ᠲᠤᠬᠰᠢᠨ ᠳᠠᠪᠠᠯᠭᠠᠨ ᠰᠢᠷᠦᠭᠦᠨ ᠤᠷᠤᠰᠬᠠᠯ ᠢ ᠲᠤᠭᠤᠯᠬᠤ ᠪᠣᠯᠣᠨ᠎ᠠ᠂ ᠢᠮᠠᠭᠲᠠ ᠠᠷᠠᠳ ᠲᠦᠮᠡᠨ ᠢ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠵᠣᠯ ᠵᠢᠷᠭᠠᠯ ᠢ ᠬᠥᠭᠵᠢᠯᠲᠡ ᠎ ᠶᠢᠨ ᠬᠠᠷᠢᠭᠤᠯᠲᠠ ᠶᠢᠨ ᠬᠠᠭᠤᠳᠠᠰᠤᠨ ᠳᠠᠭᠠᠨ ᠰᠡᠶᠢᠯᠪᠡᠯ᠂ ᠰᠢᠨ᠎ᠡ ᠴᠠᠭ ᠦᠶ᠎ᠡ ᠶᠢᠨ ᠤᠷᠳᠤ ᠵᠠᠮ ᠤᠨ ᠠᠶᠠᠨ ᠲᠠᠶᠢᠨ ᠢ ᠰᠠᠶᠢᠲᠤᠷ ᠬᠢᠵᠦ ᠲᠠᠶᠢᠯᠭᠦ ᠨᠢ ᠯᠠᠪᠲᠠᠢ ᠭᠡᠵᠦ ᠬᠡᠯᠡᠪᠡ᠃            ᠥᠩᠭᠡᠷᠡᠭᠰᠡᠨ ᠢᠶᠠᠨ ᠲᠣᠯᠢᠳᠠᠨ ᠢᠷᠡᠭᠡᠳᠦᠢ ᠶᠢ ᠮᠡᠳᠡᠵᠤ᠂ ᠡᠷᠡᠮᠡᠬᠡᠶᠢᠯᠡᠨ ᠤᠷᠤᠭᠰᠢᠯᠠᠵᠤ ᠠᠯᠤᠰ ᠢ ᠵᠣᠷᠢᠨ᠎ᠠ᠃             ︽ᠠᠷᠠᠳ ᠲᠦᠮᠡᠨ ᠲᠠᠢ ᠠᠮᠢᠰᠬᠤᠭ᠎ᠠ ᠪᠠᠨ ᠨᠢᠭᠡᠳᠬᠡᠨ ᠬᠤᠪᠢ ᠵᠠᠶᠠᠭ᠎ᠠ ᠪᠠᠨ ᠬᠠᠮᠲᠤᠳᠬᠠᠵᠤ ᠰᠡᠳᠬᠢᠯ ᠵᠢᠷᠦᠬᠡ ᠪᠠᠨ ᠬᠤᠯᠪᠣᠬᠤ ᠪᠣᠯ ᠡᠪ ᠬᠠᠮᠲᠤᠴᠤᠳ ᠤᠨ ᠤᠭ ᠰᠠᠨᠠᠭ᠎ᠠ ᠮᠥᠨ᠂ ᠡᠭᠦᠷᠢᠳᠡ ᠬᠤᠪᠢᠷᠠᠬᠤ ᠦᠭᠡᠢ︾  ᠃ ᠲᠣᠰᠬᠤᠨ ᠳᠤ 4 ᠵᠢᠯ ᠰᠢᠬᠠᠮ ᠰᠠᠭᠤᠭᠰᠠᠨ ᠴᠦᠩᠴᠢᠩ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠠᠷᠠᠳ ᠲᠦᠮᠡᠨ ᠤ ᠣᠷᠤᠯᠴᠠᠯᠭ᠎ᠠ ᠪᠠ ᠬᠠᠤᠯᠢᠵᠢᠯ ᠢ ᠠᠬᠢᠭᠤᠯᠬᠤ ᠭᠠᠵᠠᠷ ᠤᠨ ᠳᠠᠷᠤᠭ᠎ᠠ ᠶᠠᠩ ᠢ ᠲᠥᠯᠥᠭᠡᠯᠡᠭᠴᠢ ᠎ ᠶᠢᠨ ︽ᠠᠷᠠᠳ ᠲᠦᠮᠡᠨ︾  ᠭᠡᠰᠡᠨ ᠬᠤᠶᠠᠷ ᠦᠰᠦᠭ ᠤᠨ ᠲᠤᠬᠠᠢ ᠣᠶᠢᠯᠠᠭᠠᠯᠲᠠ ᠨᠠᠩ ᠭᠦᠨᠵᠡᠭᠡᠢ ᠪᠠᠶᠢᠵᠤ᠂  ︽ ᠨᠠᠮ ᠠᠴᠠ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠬᠢᠭᠰᠡᠨ ᠤ ᠦᠨᠳᠦᠰᠦᠨ ᠵᠣᠷᠢᠯᠭ᠎ᠠ ᠪᠣᠯ ᠳᠠᠷᠤᠢ ᠠᠷᠠᠳ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠥᠯᠥᠭᠡ ᠶᠤᠮ᠂ ᠬᠡᠳᠦᠢ ᠶᠡᠭᠡ ᠥᠷᠢᠰᠦᠯᠳᠦᠭᠡᠨ ᠪᠠ ᠳᠠᠷᠤᠯᠲᠠ ᠳᠤ ᠲᠤᠯᠭᠠᠷᠠᠭᠰᠠᠨ ᠴᠤ᠂ ᠬᠡᠳᠦᠢ ᠶᠡᠭᠡ ᠦᠷᠡᠭᠳᠡᠯ ᠪᠠ ᠦᠨ᠎ᠡ ᠥᠷᠲᠡᠭ ᠭᠠᠷᠭᠠᠭᠰᠠᠨ ᠴᠤ ᠡᠨᠡ ᠲᠠᠯ᠎ᠠ ᠪᠠᠷ ᠢᠮᠠᠭᠲᠠ ᠬᠤᠪᠢᠷᠠᠰᠢ ᠦᠭᠡᠢ᠂ ᠥᠴᠥᠬᠡᠨ ᠴᠦ ᠭᠤᠶᠢᠪᠢᠰᠢ ᠦᠭᠡᠢ ᠶᠤᠮ︾  ᠭᠡᠵᠦ ᠬᠡᠯᠡᠨ᠎ᠡ᠃            ᠠᠷᠠᠳ ᠲᠦᠮᠡᠨ ᠳᠤ ᠪᠤᠶᠠᠨ ᠵᠢᠷᠭᠠᠯ ᠡᠳ᠋ᠯᠡᠭᠦᠯᠦᠨ᠎ᠡ᠄  ︽ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠨ᠎ᠠ︾              ᠠᠷᠠᠳ ᠲᠦᠮᠡᠨ ᠤ ᠬᠦᠰᠡᠯ ᠪᠣᠯ ᠲᠦᠷᠦ ᠵᠠᠰᠠᠭ ᠤᠨ ᠴᠢᠭᠯᠡᠯ ᠮᠥᠨ᠃            ᠶᠡᠷᠦᠩᠬᠡᠢ ᠱᠦᠵᠢ ᠰᠢ ᠶᠢᠨ ᠫᠢᠩ ᠢᠯᠡᠳᠬᠡᠯ ᠳᠡᠭᠡᠨ  ︽ᠠᠷᠠᠳ ᠲᠦᠮᠡᠨ ᠳᠤ ᠪᠤᠶᠠᠨ ᠦᠢᠯᠡᠳᠭᠦ ᠪᠣᠯ ᠨᠡᠶᠢᠲᠡ ᠶᠢᠨ ᠲᠥᠯᠥᠭᠡ ᠨᠠᠮ ᠪᠠᠶᠢᠭᠤᠯᠬᠤ᠂ ᠠᠷᠠᠳ ᠤᠨ ᠲᠥᠯᠥᠭᠡ ᠲᠦᠷᠦ ᠪᠠᠷᠢᠬᠤ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠃ ᠡᠷᠬᠡᠪᠰᠢ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠎ ᠶᠢ ᠪᠠᠷᠢᠮᠲᠠᠯᠠᠵᠤ᠂ ᠬᠠᠮᠲᠤ ᠪᠠᠷ ᠲᠡᠮᠡᠴᠡᠵᠦ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠶᠢ ᠵᠣᠷᠢᠭᠵᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠪᠡᠶᠡᠯᠡᠭᠦᠯᠬᠦ ᠬᠡᠷᠡᠭᠲᠡᠢ︾  ᠭᠡᠵᠦ ᠵᠢᠭᠠᠵᠤ ᠭᠠᠷᠭᠠᠪᠠ᠃            ᠠᠰᠢᠭ ᠣᠷᠣᠯᠭ᠎ᠠ ᠠᠴᠠ ᠠᠵᠢᠯ ᠣᠯᠭᠤᠯᠲᠠ ᠭᠦᠷᠲᠡᠯ᠎ᠡ᠂ ᠰᠤᠷᠭᠠᠨ ᠬᠥᠮᠦᠵᠢᠯ ᠠᠴᠠ ᠡᠮᠴᠢᠯᠡᠭᠡᠨ ᠭᠦᠷᠲᠡᠯ᠎ᠡ ᠂ ᠨᠠᠰᠤᠵᠢᠯ ᠤᠨ ᠠᠰᠠᠷᠠᠮᠵᠢ ᠠᠴᠠ ᠨᠡᠶᠢᠭᠡᠮ ᠤᠨ ᠪᠠᠲᠤᠯᠠᠭ᠎ᠠ ᠭᠦᠷᠲᠡᠯ᠎ᠡ ᠁ ᠢᠯᠡᠳᠬᠡᠯ ᠨᠢ ᠠᠷᠠᠳ ᠤᠯᠠᠨ ᠤ ᠰᠠᠨᠠᠭᠠᠰᠢᠷᠠᠵᠤ ᠪᠠᠶᠢᠭ᠎ᠠ᠂ ᠵᠣᠪᠠᠨᠢᠵᠤ ᠪᠠᠶᠢᠭ᠎ᠠ᠂ ᠰᠡᠳᠬᠢᠯ ᠪᠣᠯᠵᠤ ᠪᠠᠶᠢᠭ᠎ᠠ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠢ ᠤᠯᠠᠨ ᠰᠢᠨ᠎ᠡ ᠠᠷᠭ᠎ᠠ ᠬᠡᠮᠵᠢᠶ᠎ᠡ ᠶᠢ ᠪᠠᠶᠢᠷᠢᠯᠠᠭᠤᠯᠤᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠴᠢᠷᠮᠠᠶᠢᠨ ᠨᠡᠮᠡᠭᠳᠡᠭᠦᠯᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠡᠢ᠃ ᠡᠭᠦᠨ ᠎ ᠳᠤ ᠲᠥᠯᠥᠭᠡᠯᠡᠭᠴᠢᠳ ᠢᠲᠡᠭᠡᠯ ᠵᠣᠷᠢᠭ ᠲᠠᠭᠢᠨ ᠢᠶᠠᠷ ᠨᠡᠮᠡᠭᠳᠡᠵᠦ ᠡᠷᠴᠢ ᠵᠣᠷᠢᠭ ᠢ ᠶᠡᠭᠡ ᠪᠠᠷ ᠬᠥᠪᠴᠢᠯᠡᠭᠳᠡᠯ᠎ᠡ ᠭᠡᠵᠦ ᠢᠯᠡᠳᠬᠡᠵᠡᠭᠡᠨ᠎ᠡ᠃             ︽ᠢᠯᠡᠳᠬᠡᠯ ᠳᠤ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠭᠰᠠᠨ ᠨᠢ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠬᠠᠷᠠᠭᠤᠯᠵᠤ ᠪᠠᠶᠢᠨ᠎ᠠ︾  ᠭᠡᠵᠦ ᠭᠠᠨᠰᠤ ᠮᠤᠵᠢ ᠶᠢᠨ ᠴᠢᠩᠶᠠᠩ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠬᠦᠨᠳᠦ ᠡᠪᠡᠳᠴᠢᠲᠡᠨ ᠢ ᠬᠠᠷᠠᠭᠠᠯᠵᠠᠨ ᠬᠠᠮᠠᠭᠠᠯᠠᠬᠤ ᠲᠠᠰᠤᠭ ᠎ ᠤᠨ ᠰᠤᠪᠢᠯᠠᠭᠴᠢ ᠶᠢᠨ ᠳᠠᠷᠤᠭ᠎ᠠ ᠲᠦᠸᠧ ᠶᠠ ᠯᠢ ᠲᠥᠯᠥᠭᠡᠯᠡᠭᠴᠢ ᠬᠡᠯᠡᠭᠰᠡᠨ ᠢᠶᠠᠨ ᠵᠠᠯᠭᠠᠭᠠᠳ ᠮᠠᠨ ᠤ ᠡᠮᠨᠡᠯᠭᠡ ᠎ ᠶᠢᠨ ᠬᠤᠷᠢᠶᠠᠨ ᠤ ᠠᠵᠢᠯᠲᠠᠳ ᠬᠤᠯᠪᠣᠭᠳᠠᠯ ᠪᠦᠬᠦᠢ ᠠᠭᠤᠯᠭ᠎ᠠ ᠶᠢ ᠰᠦᠯᠵᠢᠶᠡᠨ ᠠᠴᠠ ᠳᠠᠷᠤᠢ ᠳᠤᠨᠢ ᠠᠩᠬᠠᠷᠴᠤ ᠤᠩᠰᠢᠭᠠᠳ ᠮᠠᠰᠢ ᠶᠡᠭᠡ ᠤᠷᠮᠠᠰᠢᠨ ᠵᠣᠷᠢᠭᠵᠢᠵᠤ ᠪᠠᠶᠢᠨ᠎ᠠ ᠭᠡᠵᠦ ᠬᠡᠯᠡᠯ᠎ᠡ᠃            ᠲᠦᠸᠧ ᠶᠠ ᠯᠢ᠂  ︽ ᠪᠠᠶᠢᠬᠤ ᠡᠰᠡᠬᠦ  ︾  ᠎ ᠠᠴᠠ  ︽ ᠰᠠᠶᠢᠨ ᠡᠰᠡᠬᠦ︾  ᠭᠦᠷᠲᠡᠯ᠎ᠡ᠂ ᠨᠠᠮ ᠤᠨ ᠲᠥᠪ ᠬᠤᠷᠢᠶ᠎ᠠ ᠠᠴᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢᠨ ᠰᠢᠨ᠎ᠡ ᠬᠤᠪᠢᠷᠠᠯᠲᠠ ᠳᠤ ᠵᠣᠬᠢᠴᠠᠭᠤᠯᠤᠨ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠠᠬᠢᠭᠤᠯᠬᠤ᠂ ᠰᠡᠷᠭᠡᠶᠢᠯᠡᠬᠦ ᠪᠠᠷ ᠭᠤᠣᠯ ᠪᠤᠯᠭᠠᠬᠤ ᠶᠢ ᠪᠠᠷᠢᠮᠲᠠᠯᠠᠬᠤ᠂ ᠬᠦᠨᠳᠦ ᠶᠡᠭᠡ ᠤᠳᠠᠭᠠᠨ ᠴᠢᠨᠠᠷᠲᠠᠢ ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ᠮᠠᠨ ᠤ ᠤᠯᠤᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠢ  ︽ᠡᠪᠡᠳᠴᠢᠨ ᠵᠠᠰᠠᠬᠤ ᠪᠠᠷ ᠭᠤᠣᠯ ᠪᠤᠯᠭᠠᠵᠤ︾  ᠪᠠᠶᠢᠭᠰᠠᠨ ᠠᠴᠠ  ︽ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠤᠯᠭᠠᠬᠤ︾  ᠲᠡᠶᠢᠰᠢ ᠬᠤᠪᠢᠷᠠᠭᠤᠯᠬᠤ ᠶᠢ ᠠᠬᠢᠭᠤᠯᠵᠤ ᠪᠠᠶᠢᠨ᠎ᠠ ᠭᠡᠵᠦ ᠬᠡᠯᠡᠪᠡ᠃            ᠠᠵᠢᠯ ᠡᠷᠢᠭᠰᠡᠳ ᠲᠤ  ︽ᠨᠢᠭᠡ ᠳᠤ ᠨᠢᠭᠡ ᠬᠠᠷᠠᠭᠠᠯᠵᠠᠭᠤᠯᠤᠨ︾  ᠠᠵᠢᠯ ᠤᠨ ᠪᠠᠶᠢᠷᠢ ᠲᠠᠨᠢᠯᠴᠠᠭᠤᠯᠵᠤ᠂ ᠬᠥᠮᠥᠨ ᠬᠡᠷᠡᠭᠯᠡᠬᠦ ᠨᠢᠭᠡᠴᠢ ᠶᠢᠨ ᠲᠤᠬᠠᠢ ᠶᠢᠨ ᠭᠠᠵᠠᠷ ᠲᠤᠨᠢ ᠬᠦᠷᠴᠦ᠂ ᠴᠤᠤᠷᠢᠶ᠎ᠠ ᠪᠠᠷ ᠰᠢᠭᠤᠳ ᠨᠡᠪᠲᠡᠷᠡᠭᠦᠯᠭᠡ ᠬᠢᠵᠦ ᠠᠵᠢᠯ ᠤᠨ ᠪᠠᠶᠢᠷᠢ ᠲᠠᠨᠢᠯᠴᠠᠭᠤᠯᠤᠨ᠎ᠠ ᠁ ᠡᠨᠡ ᠪᠣᠯ ᠭᠢᠷᠢᠨ ᠮᠤᠵᠢ ᠶᠢᠨ ᠪᠠᠶᠢᠴᠧᠩ ᠬᠤᠲᠠ ᠶᠢᠨ ᠲᠤᠤᠪᠧᠢ ᠲᠣᠭᠤᠷᠢᠭ ᠤᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠣᠳᠠᠲᠤ ᠪᠣᠯᠪᠠᠰᠤᠷᠠᠯ ᠎ ᠤᠨ ᠵᠢᠯᠤᠭᠤᠳᠬᠤ ᠲᠥᠪ ᠤᠨ ᠡᠷᠭᠢᠯᠡᠭᠴᠢ ᠢᠦᠢ ᠶᠠᠨ ᠬᠤᠸᠠ ᠲᠥᠯᠥᠭᠡᠯᠡᠭᠴᠢ ᠶᠢᠨ ᠪᠡᠭᠡᠵᠢᠩ ᠳᠤ ᠢᠷᠡᠬᠦ ᠠᠴᠠ ᠡᠮᠦᠨᠡᠬᠢ ᠡᠳᠦᠷ ᠲᠤᠲᠤᠮ ᠤᠨ ᠠᠵᠢᠯ ᠪᠣᠯᠣᠨ᠎ᠠ᠃             ︽ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠲᠦᠭ ᠲᠦᠮᠡᠨ ᠠᠶᠢᠯ ᠡᠷᠦᠭᠡ ᠶᠢ ᠨᠥᠯᠥᠭᠡᠯᠡᠵᠦ ᠪᠠᠶᠢᠳᠠᠭ︾  ᠭᠡᠵᠦ ᠢᠦᠢ ᠶᠠᠨ ᠬᠤᠸᠠ ᠬᠡᠯᠡᠭᠰᠡᠨ ᠢᠶᠠᠨ ᠵᠠᠯᠭᠠᠭᠠᠳ ᠢᠯᠡᠳᠬᠡᠯ ᠳᠤ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ᠂ ᠠᠵᠢᠯ ᠣᠯᠭᠤᠯᠲᠠ ᠶᠢᠨ ᠭᠠᠳᠠᠭᠤᠷᠴᠢᠯᠠᠯ ᠢ ᠠᠷᠢᠯᠭᠠᠬᠤ᠂ ᠠᠮᠢᠳᠤᠯᠢᠭ ᠠᠵᠢᠯ ᠣᠯᠭᠤᠯᠲᠠ ᠪᠠ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠪᠠᠶᠢᠷᠢᠯᠠᠭᠤᠯᠤᠯᠲᠠ ᠬᠢᠵᠡᠢ᠃ ᠡᠨᠡ ᠨᠢ ᠨᠠᠩ ᠣᠯᠠᠨ ᠬᠥᠳᠡᠯᠮᠦᠷᠢᠴᠢᠳ ᠲᠤ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠬᠤ ᠶᠢ ᠠᠬᠢᠭᠤᠯᠵᠤ᠂ ᠨᠠᠩ ᠰᠠᠶᠢᠨ ᠠᠮᠢᠳᠤᠷᠠᠯ ᠢ ᠡᠳ᠋ᠯᠡᠭᠦᠯᠭᠦ ᠪᠣᠯᠣᠨ᠎ᠠ ᠭᠡᠵᠦ ᠬᠡᠯᠡᠪᠡ᠃            ᠭᠦᠢᠵᠧᠦ ᠮᠤᠵᠢ ᠶᠢᠨ ᠸᠠᠩ ᠮᠦᠸᠧ ᠰᠢᠶᠠᠨ ᠤ ᠲᠤᠷᠰᠢᠯᠲᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ ᠯᠢᠦ ᠰᠢᠸ ᠰᠢᠶᠠᠩ ᠲᠥᠯᠥᠭᠡᠯᠡᠭᠴᠢ ᠢᠯᠡᠳᠬᠡᠯ ᠳᠠᠬᠢ  ︽ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠭᠦ︾  ᠲᠤᠬᠠᠢ ᠬᠠᠮᠢᠶ᠎ᠠ ᠪᠦᠬᠦᠢ ᠠᠭᠤᠯᠭ᠎ᠠ ᠶᠢ ᠲᠠᠭᠢᠨ ᠳᠠᠪᠲᠠᠨ ᠰᠤᠳᠤᠯᠤᠨ ᠤᠩᠰᠢᠪᠠ᠃             ︽ᠥᠩᠭᠡᠷᠡᠭᠰᠡᠨ 10 ᠵᠢᠯ ᠳᠤ ᠮᠠᠨ ᠤ ᠡᠭᠦᠰᠬᠡᠭᠰᠡᠨ ︿ᠰᠤᠷᠤᠯᠭ᠎ᠠ ᠶᠢ ᠲᠡᠳᠬᠦᠵᠦ ᠬᠥᠳᠡᠭᠡ ᠲᠣᠰᠬᠤᠨ ᠎ ᠢᠶᠠᠷ ᠶᠠᠪᠤᠬᠤ ᠠᠵᠢᠯᠯᠠᠭ᠎ᠠ﹀᠎ ᠨᠢ 4200 ᠭᠠᠷᠤᠢ ᠶᠠᠳᠠᠭᠤ ᠬᠦᠴᠢᠷᠳᠡᠯᠲᠡᠢ ᠰᠤᠷᠤᠬᠴᠢ ᠶᠢ ᠬᠠᠪᠰᠤᠷᠤᠨ ᠰᠤᠷᠤᠯᠭ᠎ᠠ ᠎ ᠶᠢ ᠨᠢ ᠤᠷᠤᠭᠰᠢᠲᠠᠢ ᠪᠡᠶᠡᠯᠡᠭᠦᠯᠵᠡᠢ᠃ ᠲᠥᠷᠥ ᠶᠢᠨ ᠪᠣᠳᠣᠯᠭ᠎ᠠ ᠶᠢᠨ ᠬᠦᠴᠦᠲᠡᠢ ᠳᠡᠮᠵᠢᠯᠭᠡ ᠳᠣᠣᠷ᠎ᠠ᠂ ᠮᠠᠨ ᠤ ᠰᠤᠷᠭᠠᠭᠤᠯᠢ ᠡᠷᠭᠢᠯᠡᠭᠦ ᠨᠥᠬᠦᠴᠡᠯ ᠪᠠ ᠪᠠᠭᠰᠢ ᠶᠢᠨ ᠲᠦᠪᠰᠢᠨ ᠤᠯᠠᠮ ᠠᠴᠠ ᠤᠯᠠᠮ ᠰᠠᠶᠢᠨ ᠪᠣᠯᠵᠤ᠂ ᠠᠭᠤᠯᠠᠨ ᠭᠠᠵᠠᠷ ᠤᠨ ᠬᠡᠦᠬᠡᠳ ᠤᠳ ᠨᠠᠩ ᠰᠢᠯᠢᠳᠡᠭ ᠰᠤᠷᠭᠠᠨ ᠬᠥᠮᠦᠵᠢᠯ ᠭᠦᠷᠳᠡᠭᠦ ᠶᠢ ᠢᠲᠡᠭᠡᠵᠦ ᠪᠠᠶᠢᠨ᠎ᠠ︾  ᠭᠡᠵᠦ ᠯᠢᠦ ᠰᠢᠸ ᠰᠢᠶᠠᠩ ᠬᠡᠯᠡᠪᠡ᠃             ︽ᠪᠢᠳᠡ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠨ᠂ ᠰᠠᠶᠢᠲᠤᠷ ᠬᠥᠭᠵᠢᠭᠦᠯᠵᠦ᠂ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠴᠢᠩᠭ᠎ᠠ ᠠᠳᠬᠤᠨ᠂ ᠴᠢᠳᠠᠯ ᠢᠶᠠᠷ ᠢᠶᠠᠨ ᠴᠢᠷᠮᠠᠶᠢᠵᠤ ᠴᠢᠳᠠᠯ ᠤᠨ ᠢᠶᠠᠷ ᠬᠢᠷᠢ ᠪᠠᠷ ᠬᠢᠬᠦ ᠶᠢ ᠪᠠᠷᠢᠮᠲᠠᠯᠠᠵᠤ᠂ ᠤᠯᠠᠨ ᠲᠦᠮᠡᠨ ᠤ ᠳᠤᠮᠳᠠ ᠭᠦᠨᠵᠡᠭᠡᠶᠢᠷᠡᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ ᠤᠯᠠᠨ ᠠᠷᠭ᠎ᠠ ᠬᠡᠮᠵᠢᠶ᠎ᠡ ᠠᠪᠴᠤ᠂ ᠠᠷᠠᠳ ᠤᠯᠠᠨ ᠤ ᠪᠠᠴᠢᠮᠳᠠᠵᠤ ᠂ ᠬᠦᠴᠢᠷᠳᠡᠵᠦ᠂ ᠵᠣᠪᠠᠨᠢᠵᠤ ᠪᠠᠶᠢᠭ᠎ᠠ᠂ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠲᠡᠩᠴᠡᠭᠦᠷᠢᠲᠦ ᠴᠢᠨᠠᠷ ᠪᠠ ᠬᠦᠷᠦᠯᠴᠡᠬᠦᠶᠢᠴᠡ ᠴᠢᠨᠠᠷ ᠢ ᠴᠢᠩᠭᠠᠳᠬᠠᠨ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠢᠶᠠᠷ ᠠᠬᠢᠭᠤᠯᠤᠨ᠎ᠠ︾  ᠃ ᠢᠷᠡᠭᠡᠳᠦᠢ ᠶᠢ ᠪᠠᠷᠠᠯᠠᠬᠤᠶ᠎ᠠ ᠂ ᠢᠯᠡᠳᠬᠡᠯ ᠳᠤ ᠡᠷᠡᠮᠡᠬᠡᠶᠢᠯᠡᠨ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠃            ᠵᠢᠶᠠᠩᠰᠢ ᠮᠤᠵᠢ ᠶᠢᠨ ᠱᠠᠩ ᠶᠢᠤ ᠰᠢᠶᠠᠨ ᠤ ᠠᠨ ᠾᠧ ᠰᠢᠶᠠᠩ ᠤᠨ ᠹᠦ᠋ ᠸᠠᠨ ᠲᠣᠰᠬᠤᠨ ᠤ ᠨᠠᠮ ᠤᠨ ᠡᠭᠦᠷ ᠤᠨ ᠱᠦᠵᠢ ᠺᠠᠩ ᠺᠤᠸᠠᠨ ᠵᠢᠶᠦ᠋ᠨ ᠲᠥᠯᠥᠭᠡᠯᠡᠭᠴᠢ ︽ᠡᠷᠡᠮᠡᠬᠡᠶᠢᠯᠡᠨ ᠤᠷᠤᠭᠰᠢᠯᠠᠬᠤᠢ ᠰᠢᠨ᠎ᠡ ᠴᠠᠭ ᠦᠶ᠎ᠡ︾  ᠭᠤᠣᠯ ᠰᠡᠳᠦᠪᠲᠦ ᠠᠮᠵᠢᠯᠲᠠ ᠪᠦᠲᠦᠮᠵᠢ ᠶᠢᠨ ᠦᠵᠡᠰᠭᠦᠯᠡᠩ ᠳᠠᠬᠢ ᠨᠢᠭᠤᠷ ᠳᠦᠭᠦᠷᠡᠩ ᠪᠠᠶᠠᠷ ᠪᠠᠭ᠋ᠠᠳᠤᠯ ᠲᠠᠢ ᠭᠡᠷᠡᠯ ᠵᠢᠷᠤᠭ ᠤᠳ ᠤᠨ ᠲᠤᠬᠠᠢ ᠬᠠᠮᠤᠭ ᠤᠨ ᠭᠦᠨ ᠲᠥᠷᠥᠭᠳᠡᠯ ᠲᠠᠢ ᠪᠠᠶᠢᠵᠤ᠂  ︽ᠡᠨᠡ ᠪᠣᠯ ᠦᠨᠡᠨ ᠪᠣᠳᠠᠲᠠᠢ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠮᠥᠨ᠂ ᠬᠠᠮᠤᠭ ᠤᠨ ᠠᠮᠢᠳᠤᠯᠢᠭ ᠠᠷᠠᠳ ᠤᠨ ᠠᠮᠢᠳᠤᠷᠠᠯ ᠎ ᠤᠨ ᠬᠠᠷᠢᠭᠤᠯᠲᠠ ᠶᠢᠨ ᠬᠠᠭᠤᠳᠠᠰᠤ ᠪᠤᠯᠬᠤ ᠶᠤᠮ︾  ᠭᠡᠵᠦ ᠬᠡᠯᠡᠪᠡ᠃             ︽ᠴᠠᠭ ᠦᠶ᠎ᠡ ᠪᠣᠯ ᠰᠢᠯᠭᠠᠯᠲᠠ ᠭᠠᠷᠭᠠᠭᠴᠢ᠂ ᠪᠢᠳᠡ ᠪᠣᠯ ᠰᠡᠳᠦᠪ ᠬᠠᠷᠢᠭᠤᠯᠤᠭᠴᠢ᠂ ᠠᠷᠠᠳ ᠲᠦᠮᠡᠨ ᠪᠣᠯ ᠰᠢᠯᠭᠠᠯᠲᠠ ᠬᠢᠨᠠᠭᠴᠢ ᠮᠥᠨ︾  ᠃ ᠺᠠᠩ ᠺᠤᠸᠠᠨ ᠵᠢᠶᠦ᠋ᠨ᠂  ︽ᠢᠯᠡᠳᠬᠡᠯ ᠨᠢ ᠪᠢᠳᠡᠨ ᠢ ᠢᠮᠠᠭᠲᠠ ᠠᠷᠠᠳ ᠲᠦᠮᠡᠨ ᠢ ᠰᠡᠳᠬᠢᠯ ᠳᠡᠭᠡᠨ ᠪᠤᠳᠤᠵᠥ᠂ ᠤᠯᠠᠨ ᠲᠦᠮᠡᠨ ᠤ ᠠᠩᠬᠠᠷᠴᠤ ᠪᠠᠶᠢᠭ᠎ᠠ ᠪᠣᠳᠠᠲᠠᠢ ᠠᠰᠠᠭᠤᠳᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦ ᠣᠷᠣᠭᠤᠯᠤᠨ ᠰᠢᠢᠳᠪᠦᠷᠢᠯᠡᠵᠦ᠂ ᠨᠢᠭᠡᠳ ᠨᠢᠭᠡ ᠪᠠᠷ ᠨᠠᠶᠢᠳᠠᠪᠤᠷᠢᠵᠢᠭᠤᠯᠤᠨ᠂ ᠵᠢᠯ ᠳᠠᠷᠠᠭᠠᠯᠠᠨ ᠠᠵᠢᠯᠯᠠᠵᠤ᠂ ᠤᠯᠠᠨ ᠲᠦᠮᠡᠨ ᠳᠤ ᠬᠤᠪᠢᠷᠠᠯᠲᠠ ᠶᠢ ᠦᠵᠡᠭᠦᠯᠵᠦ ᠪᠣᠳᠠᠲᠠᠢ ᠠᠰᠢᠭ ᠬᠦᠷᠲᠡᠭᠡᠬᠦ ᠪᠠᠷ ᠴᠢᠷᠮᠠᠶᠢᠬᠤ ᠶᠢ ᠤᠷᠮᠠᠰᠢᠭᠤᠯᠤᠨ ᠵᠣᠷᠢᠭᠵᠢᠭᠤᠯᠤᠭᠰᠠᠨ ᠶᠤᠮ︾  ᠭᠡᠵᠦ ᠢᠯᠡᠳᠬᠡᠪᠡ᠃            ᠠᠷᠠᠳ ᠲᠦᠮᠡᠨ ᠳᠤ ᠨᠢᠭᠲᠠ ᠲᠦᠰᠢᠭᠯᠡᠨ᠎ᠡ᠄  ︽ᠲᠦᠭ ᠲᠦᠮᠡᠨ ᠠᠷᠠᠳ ᠲᠦᠮᠡᠨ ᠤ ᠡᠭᠦᠳᠦᠨ ᠪᠦᠲᠦᠭᠡᠬᠦ ᠠᠤᠭ᠎ᠠ ᠬᠦᠴᠦᠨ ᠢ ᠭᠦᠢᠴᠡᠳ ᠪᠠᠳᠠᠷᠠᠭᠤᠯᠤᠨ᠎ᠠ︾              ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠷᠬᠡᠪᠰᠢ ᠲᠦᠭ ᠲᠦᠮᠡᠨ ᠠᠷᠠᠳ ᠲᠦᠮᠡᠨ ᠤ ᠡᠭᠦᠳᠦᠨ ᠪᠦᠲᠦᠭᠡᠬᠦ ᠠᠤᠭ᠎ᠠ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃            ᠶᠡᠷᠦᠩᠬᠡᠢ ᠱᠦᠵᠢ ᠰᠢ ᠶᠢᠨ ᠫᠢᠩ ᠢᠯᠡᠳᠬᠡᠯ ᠳᠡᠭᠡᠨ  ︽ᠪᠦᠭᠦ ᠨᠠᠮ ᠢᠶᠠᠷ ᠢᠶᠠᠨ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠨ᠂ ᠤᠯᠠᠨ ᠲᠦᠮᠡᠨᠴᠢ ᠦᠵᠡᠯᠲᠡ ᠶᠢ ᠪᠠᠲᠤ ᠪᠤᠢ ᠪᠤᠯᠭᠠᠵᠤ᠂ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠤᠨ᠂ ᠠᠷᠠᠳ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠨᠳᠦᠳᠭᠡᠵᠦ᠂ ᠠᠯᠢᠪᠠ ᠪᠦᠭᠦᠨ ᠳᠤ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠭᠦᠨ ᠳᠤ ᠠᠷᠠᠳ ᠲᠦᠮᠡᠨ ᠢ ᠲᠦᠰᠢᠭᠯᠡᠬᠦ᠂ ᠤᠯᠠᠨ ᠲᠦᠮᠡᠨ ᠤ ᠳᠤᠮᠳᠠ ᠠᠴᠠ ᠢᠷᠡᠵᠦ᠂ ᠤᠯᠠᠨ ᠲᠦᠮᠡᠨ ᠤ ᠳᠤᠮᠳᠠ ᠣᠴᠢᠬᠤ ᠶᠢ ᠪᠠᠷᠢᠮᠲᠠᠯᠠᠨ᠎ᠠ︾  ᠭᠡᠵᠦ ᠴᠢᠬᠤᠯᠠᠴᠢᠯᠠᠭᠰᠠᠨ ᠨᠢ ᠲᠥᠯᠥᠭᠡᠯᠡᠭᠴᠢᠳ ᠤᠨ ᠥᠷᠭᠡᠨ ᠳᠡᠯᠭᠡᠷ ᠬᠦᠷᠢᠶᠡᠯᠡᠯ ᠢ ᠣᠯᠣᠯ᠎ᠠ᠃            ᠱᠠᠨᠳᠦ᠋ᠩ ᠮᠤᠵᠢ ᠶᠢᠨ ᠶᠠᠨᠲ᠋ᠠᠢ ᠬᠤᠳᠠ ᠶᠢᠨ ᡁᠢ ᠹᠦ᠋ ᠲᠣᠭᠤᠷᠢᠭ ᠤᠨ ᠢᠦᠢ ᠬᠤᠸᠠᠩ ᠳ᠋ᠢᠩ ᠵᠡᠭᠡᠯᠢ ᠭᠤᠳᠤᠮᠵᠢ ᠳᠠᠬᠢ  ︽ᠢ ᠵᠢᠶᠠ ᠠᠮᠢᠳᠤᠷᠠᠯ ᠤᠨ ᠨᠡᠶᠢᠭᠡᠮ ᠲᠣᠭᠤᠷᠢᠭ ᠤᠨ ᠲᠣᠭᠤᠭᠠᠨ ᠭᠡᠷ︾  ᠭᠦᠷ ᠬᠥᠭᠵᠢᠶᠡᠨ ᠎ ᠲᠠᠢ ᠪᠠᠷ ᠠᠵᠢᠯ ᠢᠶᠠᠨ ᠡᠬᠢᠯᠡᠭᠦᠯᠪᠡ᠃ ᠡᠨᠡ ᠬᠦ ᠨᠠᠰᠤᠲᠠᠶᠢᠴᠤᠳ ᠲᠤ ᠳᠥᠭᠦᠮ ᠦᠵᠡᠭᠦᠯᠭᠦ ᠨᠡᠶᠢᠭᠡᠮ ᠲᠣᠭᠤᠷᠢᠭ ᠎ ᠤᠨ ᠬᠤᠭᠤᠯᠠᠨ ᠭᠡᠷ ᠤᠨ ᠭᠡᠷ ᠪᠠᠶᠢᠰᠢᠩ ᠢ ᠰᠠᠭᠤᠭᠠᠯᠢ ᠠᠷᠠᠳ ᠠᠴᠠ ᠬᠠᠩᠭᠠᠨ᠂ ᠦᠢᠯᠡᠴᠢᠯᠡᠭᠴᠢ ᠨᠢ ᠪᠦᠷ ᠰᠠᠶᠢᠨ ᠲᠤᠷᠠᠴᠤᠳ ᠪᠠᠶᠢᠵᠤ᠂ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠨᠢ ᠨᠡᠶᠢᠭᠡᠮ ᠲᠣᠭᠤᠷᠢᠭ ᠤᠨ ᠬᠤᠪᠢᠰᠬᠠᠯ ᠎ ᠤᠨ ᠬᠤᠰᠢᠭᠤᠴᠢ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦ ᠠᠴᠠ ᠢᠷᠡᠯᠲᠡ ᠲᠠᠢ ᠶᠤᠮ᠃             ︽ᠠᠷᠠᠳ ᠤᠯᠠᠨ ᠬᠢᠵᠠᠭᠠᠯᠠᠰᠢ ᠦᠭᠡᠢ ᠤᠶᠤᠨ ᠤᠬᠠᠭᠠᠨ ᠪᠠ ᠬᠦᠴᠦᠨ ᠴᠢᠳᠠᠯ ᠲᠠᠢ ᠶᠤᠮ᠃ ᠮᠠᠨ ᠤ ᠨᠡᠶᠢᠭᠡᠮ ᠲᠣᠭᠤᠷᠢᠭ ᠤᠨ ᠠᠵᠢᠯ ᠨᠢ ᠣᠯᠠᠨ ᠲᠦᠮᠡᠨ ᠳᠤ ᠦᠢᠯᠡᠴᠢᠯᠡᠬᠦ ᠪᠥᠭᠡᠳ ᠪᠠᠰᠠ ᠣᠯᠠᠨ ᠲᠦᠮᠡᠨ ᠳᠤ ᠲᠦᠰᠢᠭᠯᠡᠵᠦ᠂ ᠬᠤᠶᠠᠭᠤᠯᠠ ᠪᠠᠨ ᠬᠠᠷᠢᠯᠴᠠᠨ ᠠᠭᠤᠰᠤᠯᠴᠠᠨ ᠬᠠᠷᠢᠯᠴᠠᠨ ᠠᠬᠢᠭᠤᠯᠵᠤ ᠪᠠᠶᠢᠨ᠎ᠠ︾  ᠭᠡᠵᠦ ᠢᠦᠢ ᠬᠤᠸᠠᠩ ᠳ᠋ᠢᠩ ᠵᠡᠭᠡᠯᠢ ᠭᠤᠳᠤᠮᠵᠢ ᠶᠢᠨ ᠳ᠋ᠠ ᠬᠠᠢ ᠶᠠᠩ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠧᠩ ᠰᠢᠶᠣᠣ ᠶᠠᠨ ᠲᠥᠯᠥᠭᠡᠯᠡᠭᠴᠢ ᠬᠡᠯᠡᠭᠰᠡᠨ ᠢᠶᠠᠨ ᠵᠠᠯᠭᠠᠭᠠᠳ ᠠᠷᠠᠳ ᠲᠦᠮᠡᠨ ᠢᠶᠠᠷ ᠪᠠᠭᠰᠢ ᠪᠠᠷᠢᠵᠤ᠂ ᠤᠯᠠᠨ ᠲᠦᠮᠡᠨ ᠠᠴᠠ ᠠᠷᠭ᠎ᠠ ᠪᠣᠳᠣᠯᠭ᠎ᠠ ᠠᠰᠠᠭᠤᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠪᠠᠶᠢᠭᠤᠯᠵᠤ ᠬᠠᠮᠲᠤ ᠎ ᠪᠠᠷ ᠵᠠᠰᠠᠵᠤ ᠬᠠᠮᠲᠤ ᠪᠠᠷ ᠡᠳ᠋ᠯᠡᠨ᠎ᠡ ᠭᠡᠵᠦ ᠬᠡᠯᠡᠪᠡ᠃            ᠨᠠᠮ ᠤᠨ ᠦᠨᠳᠦᠰᠦ ᠰᠠᠭᠤᠷᠢ ᠠᠷᠠᠳ ᠲᠦᠮᠡᠨ ᠳᠤ ᠪᠤᠢ᠂ ᠠᠮᠢᠨ ᠰᠤᠳᠠᠰᠤ ᠠᠷᠠᠳ ᠲᠦᠮᠡᠨ ᠳᠤ ᠪᠤᠢ᠂ ᠬᠦᠴᠦᠨ ᠴᠢᠳᠠᠯ ᠠᠷᠠᠳ ᠲᠦᠮᠡᠨ ᠳᠤ ᠪᠤᠢ᠃            ᠴᠡᠷᠢᠭ ᠲᠤ ᠣᠷᠣᠭᠰᠠᠨ ᠨᠢ 160 ᠲᠦᠮᠡᠨ ᠬᠥᠮᠥᠨ᠂ ᠬᠥᠯᠥᠰᠦᠨ ᠠᠵᠢᠯᠴᠢᠨ 313 ᠲᠦᠮᠡᠨ ᠬᠥᠮᠥᠨ᠂ ᠳᠠᠮᠨᠠᠭᠤᠷ 20 ᠲᠦᠮᠡ ᠁ ᠯᠢᠶᠣᠤᠨᠢᠩ ᠤᠨ ᠵᠢᠨᠵᠧᠦ ᠳᠠᠬᠢ ᠯᠢᠶᠣᠤ ᠱᠧᠨ ᠤ ᠳᠠᠶᠢᠯᠠᠯᠳᠤᠭᠠᠨ ᠤ ᠳᠤᠷᠠᠰᠬᠠᠯ ᠎ ᠤᠨ ᠣᠷᠳᠣᠨ ᠤ ᠡᠮᠦᠨ᠎ᠡ ᠹᠷᠣᠨᠲ ᠢ ᠲᠤᠰᠠᠯᠠᠭᠰᠠᠨ ᠣᠷᠳᠣᠨ ᠤ  ︽ᠵᠡᠭᠦᠨ ᠬᠤᠶᠢᠲᠤ ᠶᠢᠨ ᠴᠢᠯᠦᠭᠡᠯᠡᠬᠦ ᠳᠠᠶᠢᠨ ᠳᠤ ᠠᠷᠠᠳ ᠲᠦᠮᠡᠨ ᠤ ᠡᠮᠦᠨ᠎ᠡ ᠹᠷᠣᠨᠲ ᠢ ᠲᠤᠰᠠᠯᠠᠭᠰᠠᠨ ᠪᠦᠷᠢᠳᠬᠡᠯ︾  ᠎ ᠨᠢ ᠮᠠᠰᠢ ᠤᠯᠠᠨ ᠲᠣᠭᠤᠷᠢᠨ ᠦᠵᠡᠭᠴᠢᠳ ᠢ ᠭᠦᠨ ᠪᠣᠳᠣᠯᠭᠠᠰᠢᠷᠠᠯ ᠳᠤ ᠣᠷᠣᠭᠤᠯᠤᠭᠰᠠᠨ ᠪᠠᠶᠢᠨ᠎ᠠ᠃             ︽ᠮᠠᠨ ᠤ ᠨᠠᠮ ᠠᠷᠠᠳ ᠲᠦᠮᠡᠨ ᠤ ᠲᠥᠯᠥᠭᠡ ᠮᠡᠨᠳᠦᠯᠡᠵᠦ᠂ ᠠᠷᠠᠳ ᠲᠦᠮᠡᠨ ᠤ ᠲᠥᠯᠥᠭᠡ ᠮᠠᠨᠳᠤᠨ᠎ᠠ︾  ᠃ ᠵᠢᠨᠵᠧᠦ ᠬᠤᠲᠠ ᠶᠢᠨ ᠨᠠᠮ ᠤᠨ ᠬᠤᠷᠢᠶᠠᠨ ᠤ ᠱᠦᠵᠢ ᠶᠢᠨ ᠭᠦᠸᠧ ᠸᠧᠢ ᠲᠥᠯᠥᠭᠡᠯᠡᠭᠴᠢ᠂ ᠣᠯᠠᠨ ᠲᠦᠮᠡᠨᠴᠢ ᠱᠤᠭᠤᠮ ᠭᠡᠬᠦ ᠡᠨᠡ ᠬᠦ ᠠᠮᠢᠳᠤ ᠡᠷᠳᠡᠨᠢ ᠶᠢ ᠬᠠᠶᠠᠵᠤ ᠪᠤᠯᠬᠤ ᠦᠭᠡᠢ᠃ ᠡᠷᠬᠡᠪᠰᠢ ᠠᠷᠭ᠎ᠠ ᠪᠣᠳᠣᠯᠭ᠎ᠠ ᠶᠢ ᠠᠷᠠᠳ ᠎ ᠠᠴᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ ᠶᠢ ᠪᠠᠷᠢᠮᠲᠠᠯᠠᠨ᠂ ᠤᠯᠠᠨ ᠲᠦᠮᠡᠨ ᠤ ᠪᠤᠳᠤᠵᠤ ᠰᠠᠨᠠᠵᠤ ᠬᠦᠰᠡᠵᠦ ᠪᠠᠶᠢᠭ᠎ᠠ ᠵᠦᠢᠯ ᠢ ᠡᠵᠡᠮᠳᠡᠵᠦ᠂ ᠠᠷᠠᠳ ᠤᠨ ᠰᠡᠳᠬᠢᠯ ᠠᠷᠠᠳ ᠤᠨ ᠤᠶᠤᠨ ᠤᠬᠠᠭᠠᠨ ᠬᠦᠴᠦᠨ ᠴᠢᠳᠠᠯ ᠢ ᠨᠢᠭᠲᠠᠷᠠᠭᠤᠯᠵᠤ᠂ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ ᠭᠡᠵᠦ ᠢᠯᠡᠳᠬᠡᠪᠡ᠃            ᠠᠷᠠᠳ ᠲᠦᠮᠡᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠲᠦᠷᠦ ᠪᠠᠷᠢᠬᠤ ᠬᠦᠴᠦᠨ ᠤ ᠡᠬᠢ ᠪᠤᠯᠠᠭ ᠮᠥᠨ᠂ ᠨᠠᠮ ᠪᠠ ᠤᠯᠤᠰ ᠤᠨ ᠢᠷᠡᠭᠡᠳᠦᠢ ᠬᠤᠪᠢ ᠵᠠᠶᠠᠭ᠎ᠠ ᠶᠢ ᠲᠣᠭᠲᠠᠭᠠᠬᠤ ᠦᠨᠳᠦᠰᠦᠨ ᠬᠦᠴᠦᠨ ᠮᠥᠨ᠃            2020 ᠣᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠨᠢᠳᠦ ᠨᠢᠭᠤᠷ ᠦᠭᠡᠢ ᠲᠠᠭᠠᠷᠢᠵᠤ ᠢᠷᠡᠵᠠᠢ᠃ ᠦᠬᠠᠨ ᠤ ᠲᠦᠮᠡ ᠭᠠᠷᠤᠢ ᠪᠠᠷᠢᠯᠭ᠎ᠠ ᠶᠢᠨ ᠠᠵᠢᠯᠴᠢᠨ ᠡᠳᠦᠷ ᠰᠥᠨᠢ ᠦᠭᠡᠢ ᠡᠭᠡᠯᠵᠢᠯᠡᠨ ᠠᠵᠢᠯᠯᠠᠵᠤ᠂ ᠮᠢᠩᠭ᠎ᠠ ᠰᠢᠬᠠᠮ ᠲᠥᠬᠦᠭᠡᠷᠦᠮᠵᠢ ᠪᠠ ᠮᠠᠰᠢᠨ ᠲᠡᠷᠭᠡ ᠶᠢ ᠰᠥᠨᠢᠵᠢᠨ ᠠᠵᠢᠯᠯᠠᠭᠤᠯᠵᠤ᠂ 10 ᠡᠳᠦᠷ ᠎ ᠲᠤ ᠾᠥᠸᠧ ᠱᠧᠨ ᠱᠠᠨ ᠡᠮᠨᠡᠯᠭᠡ ᠶᠢᠨ ᠬᠤᠷᠢᠶ᠎ᠠ ᠶᠢ ᠪᠠᠶᠢᠭᠤᠯᠤᠭᠰᠠᠨ ᠳᠤᠮᠳᠠᠳᠤ ᠤᠯᠤᠰ ᠤᠨ ᠬᠤᠷᠳᠤᠴᠠ ᠶᠢ ᠡᠭᠦᠳᠦᠭᠰᠡᠨ ᠠᠵᠢ᠃             ︽ᠮᠠᠨ ᠤ ᠨᠠᠮ ᠠᠷᠠᠳ ᠲᠦᠮᠡᠨ ᠳᠤ ᠨᠢᠭᠲᠠ ᠲᠦᠰᠢᠭᠯᠡᠨ ᠲᠤᠯᠵᠤ ᠢᠷᠡᠭᠰᠡᠨ ᠪᠡᠷᠬᠡ ᠪᠠᠷᠳᠠᠭ᠎ᠠ ᠨᠤᠭᠤᠳ ᠎ ᠢ ᠲᠤᠭᠤᠯᠵᠥ᠂ ᠠᠯᠢ ᠤᠯᠠᠨ ᠢᠯᠠᠯᠲᠠ ᠶᠢ ᠣᠯᠵᠠᠢ︾  ᠭᠡᠵᠦ ᠾᠥᠸᠧ ᠱᠧᠨ ᠱᠠᠨ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠶᠢ ᠪᠡᠶ᠎ᠡ ᠪᠠᠷ ᠢᠶᠠᠨ ᠥᠩᠭᠡᠷᠡᠭᠦᠯᠦᠭᠰᠡᠨ ᠪᠠ ᠪᠦᠲᠦᠭᠡᠨ ᠪᠠᠶᠢᠭᠤᠯᠤᠭᠴᠢ ᠎ ᠶᠢᠨ ᠨᠢᠭᠡ ᠪᠣᠯᠤᠭᠰᠠᠨ ᠳᠤᠮᠳᠠᠳᠤ ᠤᠯᠤᠰ ᠤᠨ ᠪᠠᠷᠢᠯᠭ᠎ᠠ ᠶᠢᠨ ᠭᠤᠷᠪᠠᠳᠤᠭᠠᠷ ᠲᠣᠪᠴᠢᠶᠠᠨ ᠤ ᠴᠠᠭᠢᠯᠭᠠᠨ ᠤ ᠢᠨᠵᠧᠨᠧᠷ ᠰᠢᠶᠣᠣ ᠱᠤᠸᠠᠢ ᠲᠥᠯᠥᠭᠡᠯᠡᠭᠴᠢ ᠲᠤᠬᠠᠢ ᠶᠢᠨ ᠦᠶ᠎ᠡ ᠶᠢᠨ ᠪᠠᠶᠢᠳᠠᠯ ᠢ ᠡᠷᠭᠢᠴᠡᠭᠦᠯᠦᠨ ᠶᠠᠷᠢᠨ᠎ᠠ᠃             ︽ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠪᠢᠳᠡ ᠠᠷᠠᠳ ᠲᠦᠮᠡᠨ ᠳᠤ ᠨᠢᠭᠲᠠ ᠲᠦᠰᠢᠭᠯᠡᠨ᠂ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠢᠯᠡᠳᠴᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠵᠦ᠂ ᠤᠯᠤᠰ ᠲᠥᠷᠥ ᠶᠢᠨ ᠣᠶᠤᠨ ᠤᠬᠠᠭᠠᠨ ᠢ ᠨᠡᠮᠡᠭᠳᠡᠭᠦᠯᠬᠦ ᠪᠠ ᠲᠥᠷᠥ ᠪᠠᠷᠢᠬᠤ ᠴᠢᠳᠠᠪᠤᠷᠢ ᠶᠢ ᠴᠢᠩᠭᠠᠳᠬᠠᠬᠤ ᠶᠢ ᠠᠷᠠᠳ ᠲᠦᠮᠡᠨ ᠤ ᠪᠦᠲᠦᠭᠡᠯᠴᠢ ᠴᠢᠨᠠᠷᠲᠠᠢ ᠦᠢᠯᠡᠳᠦᠯᠭᠡ ᠳᠤ ᠭᠦᠨ ᠦᠨᠳᠦᠰᠦᠯᠡᠭᠦᠯᠵᠦ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤᠮᠳᠠ ᠦᠷᠭᠦᠯᠵᠢᠯᠡᠨ ᠰᠢᠨ᠎ᠡ ᠭᠠᠪᠢᠶ᠎ᠠ ᠪᠠᠶᠢᠭᠤᠯᠬᠤ ᠪᠠᠷ ᠴᠢᠷᠮᠠᠶᠢᠨ᠎ᠠ︾  ᠭᠡᠵᠦ ᠠᠨᠾᠦ᠋ᠢ ᠶᠢᠨ ᠹᠧᠩ ᠶᠠᠩ ᠰᠢᠶᠠᠨ ᠤ ᠰᠢᠶᠣᠣ ᠭᠠᠩ ᠲᠣᠰᠬᠤᠨ ᠤ ᠨᠠᠮ ᠤᠨ ᠬᠤᠷᠢᠶᠠᠨ ᠤ ᠱᠦᠵᠢ ᠵᠧᠦ ᠴᠢᠶᠦ᠋ᠨ ᡁᠢ ᠲᠥᠯᠥᠭᠡᠯᠡᠭᠴᠢ ᠬᠡᠯᠡᠨ᠎ᠡ᠃            ᠲᠥᠯᠥᠭᠡᠯᠡᠭᠴᠢᠳ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠮᠠᠭᠲᠠ ᠠᠷᠠᠳ ᠲᠦᠮᠡᠨ ᠲᠠᠢ ᠠᠮᠢᠰᠬᠤᠭ᠎ᠠ ᠪᠠᠨ ᠨᠢᠭᠡᠳᠬᠡᠨ ᠬᠤᠪᠢ ᠵᠠᠶᠠᠭ᠎ᠠ ᠎ ᠪᠠᠨ ᠬᠠᠮᠲᠤᠳᠬᠠᠵᠤ ᠰᠡᠳᠬᠢᠯ ᠵᠢᠷᠦᠬᠡ ᠪᠠᠨ ᠬᠤᠯᠪᠣᠪᠠᠯ ᠯᠠᠪᠲᠠᠢ ᠪᠦᠯᠬᠦᠮᠳᠡᠨ ᠲᠡᠮᠡᠴᠡᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠎ ᠤᠨ ᠨᠡᠩ ᠦᠵᠡᠰᠬᠦᠯᠡᠩᠲᠦ ᠰᠠᠶᠢᠬᠠᠨ ᠢᠷᠠᠭᠤ ᠬᠠᠭᠤᠳᠠᠰᠤ ᠶᠢ ᠪᠢᠴᠢᠭᠯᠡᠬᠦ ᠨᠢ ᠯᠠᠪᠲᠠᠢ ᠭᠡᠵᠦ ᠢᠯᠡᠳᠬᠡᠵᠡᠭᠡᠪᠡ᠃             ︵ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 19᠎ ᠤ ᠴᠠᠭᠢᠯᠭᠠᠨ ᠮᠡᠳᠡᠭᠡ︶  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号