ᠴᠠᠭ ᠦᠶ᠎ᠡ  ᠶᠢᠨ ᠱᠠᠭᠠᠷᠳᠠᠯᠭ᠎ᠠ ᠳᠤ ᠵᠣᠬᠢᠴᠠᠵᠤ ᠪᠦᠭᠦ ᠨᠠᠮ ᠤᠨ ᠵᠣᠷᠢᠭ ᠰᠠᠨᠠᠭ᠎ᠠ ᠶᠢ ᠢᠯᠡᠷᠡᠭᠦᠯᠪᠡ
ᠨᠡᠶᠢᠲᠡᠯᠡᠭᠰᠡᠨ ᠴᠠᠭ᠄
2022/10/24
                     — ᠨᠠᠮ  ᠤᠨ ᠬᠤᠷᠢᠳᠤᠭᠠᠷ ᠶᠡᠭᠡ ᠬᠤᠷᠠᠯ  ᠤᠨ ᠲᠥᠯᠥᠭᠡᠯᠡᠭᠴᠢᠳ  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ  ︵ᠵᠠᠰᠠᠪᠤᠷᠢ ᠣᠷᠣᠭᠤᠯᠤᠭᠰᠠᠨ ᠲᠥᠰᠥᠯ︶  ︾  ᠎ ᠢ ᠬᠢᠨᠠᠨ ᠵᠥᠪᠯᠡᠭᠰᠡᠨ ᠲᠤᠬᠠᠢ ᠬᠦᠦᠷᠨᠢᠯ            ᠨᠠᠮ  ᠤᠨ ᠳᠦᠷᠢᠮ ᠪᠣᠯ ᠨᠠᠮ ᠤᠨ ᠶᠡᠷᠦᠩᠬᠡᠢ ᠳᠦᠷᠢᠮ ᠮᠥᠨ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠳᠤ ᠦᠨᠳᠦᠰᠦᠨ ᠴᠢᠨᠠᠷᠲᠠᠢ ᠵᠢᠷᠤᠮᠵᠢᠭᠤᠯᠬᠤ ᠪᠠ ᠵᠢᠯᠤᠭᠤᠳᠬᠤ ᠦᠢᠯᠡᠳᠦᠯ ᠲᠠᠢ ᠶᠤᠮ᠃ ᠨᠠᠮ ᠤᠨ ᠳᠦᠷᠢᠮ ᠳᠤ ᠵᠠᠰᠠᠪᠤᠷᠢ ᠣᠷᠣᠭᠤᠯᠬᠤ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠨᠢᠭᠡᠨ ᠴᠢᠬᠤᠯᠠ ᠡᠭᠦᠷᠭᠡ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢᠳ  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ  ︵ ᠵᠠᠰᠠᠪᠤᠷᠢ ᠣᠷᠣᠭᠤᠯᠤᠭᠰᠠᠨ ᠲᠥᠰᠥᠯ︶  ︾  ᠎ ᠢ ᠬᠢᠨᠠᠨ ᠵᠥᠪᠯᠡᠭᠦ ᠎ ᠳᠡᠭᠡᠨ᠂ ᠨᠠᠮ ᠤᠨ ᠳᠦᠷᠢᠮ ᠳᠤ ᠵᠠᠰᠠᠪᠤᠷᠢ ᠣᠷᠣᠭᠤᠯᠬᠤ ᠨᠢ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠵᠤ᠂ ᠪᠦᠭᠦ ᠨᠠᠮ ᠤᠨ ᠵᠣᠷᠢᠭ ᠰᠠᠨᠠᠭ᠎ᠠ ᠶᠢ ᠢᠯᠡᠷᠡᠭᠦᠯᠵᠦ᠂ ᠠᠷᠠᠳ ᠲᠦᠮᠡᠨ ᠤ ᠬᠦᠰᠡᠯ ᠰᠠᠨᠠᠭ᠎ᠠ ᠶᠢ ᠲᠤᠰᠬᠠᠪᠠ᠃ ᠤᠬᠠᠮᠰᠠᠷ ᠠᠴᠠ ᠪᠠᠨ ᠨᠠᠮ ᠤᠨ ᠳᠦᠷᠢᠮ ᠢ ᠰᠤᠷᠤᠯᠴᠠᠵᠤ᠂ ᠨᠠᠮ ᠤᠨ ᠳᠦᠷᠢᠮ ᠢ ᠵᠢᠷᠤᠮᠯᠠᠨ ᠰᠠᠬᠢᠵᠤ᠂ ᠨᠠᠮ ᠤᠨ ᠳᠦᠷᠢᠮ ᠢ ᠲᠤᠭᠤᠰᠢᠯᠠᠭᠤᠯᠤᠨ᠂ ᠨᠠᠮ ᠤᠨ ᠳᠦᠷᠢᠮ ᠢ ᠬᠠᠮᠠᠭᠠᠯᠠᠵᠤ᠂ ᠨᠠᠮ ᠤᠨ ᠰᠡᠳᠬᠢᠯ ᠠᠷᠠᠳ ᠤᠨ ᠰᠡᠳᠬᠢᠯ ᠢ ᠤᠯᠠᠮ ᠴᠢᠨᠠᠭᠰᠢᠳᠠ ᠨᠢᠭᠲᠠᠷᠠᠭᠤᠯᠤᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠰᠢᠨ᠎ᠡ ᠢᠯᠠᠯᠲᠠ ᠶᠢ ᠲᠡᠮᠡᠴᠡᠨ ᠣᠯᠬᠤ ᠬᠡᠷᠡᠭᠲᠡᠢ ᠭᠡᠵᠦ ᠢᠯᠡᠳᠬᠡᠵᠡᠭᠡᠪᠡ᠃            ᠡᠨᠡ ᠤᠳᠠᠭ᠎ᠠ ᠨᠠᠮ ᠤᠨ ᠳᠦᠷᠢᠮ ᠳᠤ ᠵᠠᠰᠠᠪᠤᠷᠢ ᠣᠷᠣᠭᠤᠯᠬᠤ  ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠲᠣᠭᠲᠠᠭᠠᠭᠰᠠᠨ ᠴᠢᠬᠤᠯᠠ ᠶᠡᠭᠡ ᠤᠨᠤᠯ ᠤᠨ ᠦᠵᠡᠯᠲᠡ ᠪᠠ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠨᠠᠮ ᠤᠨ ᠳᠦᠷᠢᠮ ᠳᠤ ᠪᠢᠴᠢᠵᠦ ᠣᠷᠣᠭᠤᠯᠤᠨ᠂ ᠨᠠᠮ ᠤᠨ ᠳᠦᠷᠢᠮ ᠳᠤ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠬᠠᠮᠤᠭ ᠤᠨ ᠰᠢᠨ᠎ᠡ ᠦᠷ᠎ᠡ ᠪᠦᠲᠦᠭᠡᠯ ᠢ ᠭᠦᠢᠴᠡᠳ ᠢᠯᠡᠷᠡᠭᠦᠯᠦᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ ᠨᠠᠮ ᠤᠨ ᠲᠥᠪ ᠬᠤᠷᠢᠶᠠᠨ ᠤ ᠳᠤᠷᠠᠳᠴᠤ ᠭᠠᠷᠭᠠᠭᠰᠠᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ  ᠶᠢ ᠭᠦᠢᠴᠡᠳ ᠢᠯᠡᠷᠡᠭᠦᠯᠵᠦ᠂ ᠨᠠᠮ ᠤᠨ ᠠᠵᠢᠯ ᠪᠠ ᠨᠠᠮ ᠤᠨ ᠪᠠᠶᠢᠭᠤᠯᠤᠯᠲᠠ ᠶᠢᠨ ᠰᠢᠨ᠎ᠡ ᠲᠤᠷᠰᠢᠯᠭ᠎ᠠ ᠶᠢ ᠭᠦᠢᠴᠡᠳ ᠢᠯᠡᠷᠡᠭᠦᠯᠦᠨ᠂ ᠰᠢᠨ᠎ᠡ ᠪᠠᠶᠢᠳᠠᠯ ᠰᠢᠨ᠎ᠡ ᠡᠭᠦᠷᠭᠡ ᠠᠴᠠ ᠨᠠᠮ ᠤᠨ ᠠᠵᠢᠯ ᠪᠠ ᠨᠠᠮ ᠤᠨ ᠪᠠᠶᠢᠭᠤᠯᠤᠯᠲᠠ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ ᠳᠤ ᠵᠣᠬᠢᠴᠠᠭᠤᠯᠬᠤ ᠬᠡᠷᠡᠭᠲᠡᠢ ᠭᠡᠵᠡᠢ᠃  ︽ᠪᠢᠳᠡ ᠦᠨᠳᠦᠰᠦᠨ ᠱᠠᠲᠤᠨ ᠳᠤ ᠨᠠᠮ ᠤᠨ ᠠᠵᠢᠯ ᠢ ᠬᠢᠬᠦ ᠳᠤ᠂ ᠬᠠᠮᠤᠭ ᠤᠨ ᠦᠨᠳᠦᠰᠦᠨ ᠵᠦᠢᠯ ᠪᠣᠯ ᠳᠠᠷᠤᠢ ᠨᠠᠮ ᠤᠨ ᠳᠦᠷᠢᠮ ᠢ ᠨᠠᠷᠢᠨ ᠬᠢᠨᠠᠮᠠᠭᠠᠢ ᠰᠤᠷᠤᠯᠴᠠᠵᠤ᠂ ᠨᠠᠮ ᠤᠨ ᠳᠦᠷᠢᠮ ᠢ ᠦᠨᠡᠨᠴᠢ ᠪᠠᠷ ᠲᠤᠭᠤᠰᠢᠯᠠᠭᠤᠯᠬᠤ ᠶᠠᠪᠤᠳᠠᠯ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠢᠨ᠎ᠡ ᠪᠠᠶᠢᠳᠠᠯ ᠰᠢᠨ᠎ᠡ ᠡᠭᠦᠷᠭᠡ ᠶᠢ ᠦᠨᠳᠦᠰᠦᠯᠡᠨ ᠨᠠᠮ ᠤᠨ ᠳᠦᠷᠢᠮ ᠳᠤ ᠵᠠᠰᠠᠪᠤᠷᠢ ᠣᠷᠣᠭᠤᠯᠤᠭᠰᠠᠨ ᠨᠢ ᠪᠢᠳᠡᠨ ᠤ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠡᠩ ᠰᠠᠶᠢᠲᠤᠷ ᠨᠠᠶᠢᠳᠠᠪᠤᠷᠢᠵᠢᠭᠤᠯᠬᠤ  ᠳᠤ ᠠᠰᠢᠭᠲᠠᠢ ᠶᠤᠮ᠂ ᠪᠢ ᠡᠷᠡᠰ ᠬᠦᠷᠢᠶᠡᠯᠡᠵᠦ᠂ ᠪᠦᠷᠢᠮᠦᠰᠦᠨ ᠵᠥᠪᠰᠢᠶᠡᠷᠡᠵᠦ ᠪᠠᠶᠢᠨ᠎ᠠ︾  ᠭᠡᠵᠦ ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ᠂ ᠭᠢᠷᠢᠨ ᠮᠤᠵᠢ ᠶᠢᠨ ᠳ᠋ᠦᠨᠬᠤᠸᠠ ᠬᠤᠲᠠ ᠶᠢᠨ ᠳ᠋ᠠ ᠱᠢ ᠲᠧᠦ ᠪᠠᠯᠭᠠᠰᠤᠨ ᠤ ᠰᠠᠨ ᠳ᠋ᠣᠣ ᠾᠧ ᠽᠢ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠭᠢᠯᠡᠭᠴᠢ ᠭᠦ᠋ ᠹᠧᠩ ᠵᠢᠶᠧ ᠬᠡᠯᠡᠪᠡ᠃            ᠰᠦᠵᠧᠦ ᠶᠡᠭᠡ ᠰᠤᠷᠭᠠᠭᠤᠯᠢ  ᠶᠢᠨ ᠨᠠᠮ  ᠤᠨ ᠬᠤᠷᠢᠶᠠᠨ ᠤ ᠱᠦᠵᠢ ᠵᠢᠶᠠᠩ ᠶᠦᠩ ᠲᠥᠯᠥᠭᠡᠯᠡᠭᠴᠢ᠂ ᠴᠠᠭ ᠦᠶ᠎ᠡ  ᠶᠢ ᠲᠠᠭᠠᠨ ᠤᠷᠤᠭᠰᠢᠯᠠᠬᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠮᠠᠷᠺᠰ ᠤᠨ ᠦᠵᠡᠯ ᠤᠨ ᠲᠦᠷᠦ ᠶᠢᠨ ᠨᠠᠮ ᠪᠣᠯᠤᠭᠰᠠᠨ ᠤ ᠬᠤᠪᠢ ᠳᠠᠬᠢ ᠢᠯᠡ ᠲᠣᠳᠣ ᠤᠯᠤᠰ ᠲᠦᠷᠦ ᠶᠢᠨ ᠬᠡᠪ ᠴᠢᠨᠠᠷ ᠪᠣᠯᠣᠨ᠎ᠠ᠃ ᠨᠠᠮ ᠤᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠮ  ᠤᠨ ᠤᠨᠤᠯ  ᠤᠨ ᠰᠢᠨ᠎ᠡ ᠡᠭᠦᠳᠦᠯᠲᠡ ᠪᠠ ᠦᠢᠯᠡᠳᠦᠯᠭᠡ ᠶᠢᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ ᠨᠠᠮ ᠤᠨ ᠳᠦᠷᠢᠮ ᠳᠤ ᠵᠠᠰᠠᠪᠤᠷᠢ ᠣᠷᠣᠭᠤᠯᠬᠤ ᠪᠣᠯ ᠮᠠᠨ ᠤ ᠨᠠᠮ ᠤᠨ ᠨᠢᠭᠡᠨ ᠵᠤᠷᠰᠢᠯ ᠮᠥᠨ᠃ ᠨᠠᠮ ᠤᠨ ᠠᠷᠪᠠᠨ ᠭᠤᠷᠪᠠᠳᠤᠭᠠᠷ ᠶᠡᠭᠡ ᠬᠤᠷᠠᠯ ᠠᠴᠠ ᠨᠠᠭᠠᠰᠢᠬᠢ ᠤᠳᠠᠭ᠎ᠠ ᠪᠦᠷᠢ ᠶᠢᠨ ᠨᠠᠮ ᠤᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠴᠥᠮ ᠨᠠᠮ ᠤᠨ ᠳᠦᠷᠢᠮ ᠳᠤ ᠵᠣᠬᠢᠬᠤ ᠵᠠᠰᠠᠪᠤᠷᠢ ᠣᠷᠣᠭᠤᠯᠵᠠᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠎ ᠤᠨ ᠦᠵᠡᠯ ᠰᠠᠨᠠᠭ᠎ᠠ  ᠶᠢ ᠨᠠᠮ  ᠤᠨ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠵᠢᠯᠤᠭᠤᠳᠬᠤ ᠦᠵᠡᠯ ᠰᠠᠨᠠᠭ᠎ᠠ ᠪᠠᠷ ᠲᠣᠭᠲᠠᠭᠠᠭᠰᠠᠨ ᠪᠥᠭᠡᠳ ᠨᠠᠮ ᠤᠨ ᠳᠦᠷᠢᠮ ᠳᠤ ᠪᠢᠴᠢᠵᠦ ᠣᠷᠣᠭᠤᠯᠪᠠ᠃ ᠨᠠᠮ ᠤᠨ ᠤᠨᠤᠯ ᠤᠨ ᠰᠢᠨ᠎ᠡ ᠡᠭᠦᠳᠦᠯᠲᠡ ᠪᠣᠯᠣᠨ ᠦᠢᠯᠡᠳᠦᠯᠭᠡ ᠶᠢᠨ ᠬᠥᠭᠵᠢᠯᠲᠡ ᠶᠢᠨ ᠴᠢᠬᠤᠯᠠ ᠶᠡᠭᠡ ᠦᠷ᠎ᠡ ᠪᠦᠲᠦᠭᠡᠯ ᠢ ᠴᠠᠭ ᠲᠤᠬᠠᠢ ᠎ ᠳᠤᠨᠢ ᠨᠠᠮ ᠤᠨ ᠳᠦᠷᠢᠮ ᠳᠤ ᠪᠢᠴᠢᠵᠦ ᠣᠷᠣᠭᠤᠯᠬᠤ ᠨᠢ ᠨᠠᠮ ᠪᠣᠯᠣᠨ ᠤᠯᠤᠰ ᠤᠨ ᠠᠵᠢᠯ ᠦᠢᠯᠡᠰ ᠢ ᠨᠡᠩ ᠰᠠᠶᠢᠲᠤᠷ ᠠᠬᠢᠭᠤᠯᠬᠤ ᠳᠤ ᠠᠰᠢᠭᠲᠠᠢ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠪᠡ᠃             ︽5 ᠵᠢᠯ ᠤᠨ ᠲᠤᠷᠰᠢ᠂ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠪᠢᠳᠠ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠡᠢ︾  ᠃ ᠾᠧᠨᠠᠨ ᠮᠤᠵᠢ ᠶᠢᠨ ᠯᠠᠨᠺᠤᠤ ᠰᠢᠶᠠᠨ ᠤ ᠨᠠᠮ ᠤᠨ ᠬᠤᠷᠢᠶᠠᠨ ᠤ ᠱᠦᠵᠢ ᠯᠢ ᠮᠢᠩ ᠵᠢᠶᠦ᠋ᠨ ᠲᠥᠯᠥᠭᠡᠯᠡᠭᠴᠢ᠂ ᠡᠨᠡ ᠬᠡᠳᠦᠨ ᠵᠢᠯ ᠳᠤ ᠳᠡᠯᠡᠬᠡᠢ ᠶᠢᠨ ᠪᠠᠶᠢᠳᠠᠯ ᠤᠯᠤᠰ ᠤᠨ ᠪᠠᠶᠢᠳᠠᠯ ᠨᠠᠮ ᠤᠨ ᠪᠠᠶᠢᠳᠠᠯ ᠳᠤ ᠰᠢᠨ᠎ᠡ ᠬᠤᠪᠢᠷᠠᠯᠲᠠ ᠭᠠᠷᠴᠤ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠴᠤ ᠦᠢᠯᠡᠳᠦᠯᠭᠡ ᠶᠢᠨ ᠳᠤᠮᠳᠠ ᠲᠠᠰᠤᠷᠠᠯᠲᠠ ᠦᠭᠡᠢ ᠪᠠᠶᠠᠯᠢᠭᠵᠢᠨ ᠬᠥᠭᠵᠢᠵᠡᠢ᠃ ᠨᠠᠮ ᠤᠨ ᠳᠦᠷᠢᠮ ᠳᠤ ᠵᠠᠰᠠᠪᠤᠷᠢ ᠣᠷᠣᠭᠤᠯᠬᠤ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ ᠨᠠᠮ ᠤᠨ ᠲᠥᠪ ᠬᠤᠷᠢᠶᠠᠨ ᠤ ᠳᠤᠷᠠᠳᠴᠤ ᠭᠠᠷᠭᠠᠭᠰᠠᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠭᠦᠢᠴᠡᠳ ᠢᠯᠡᠷᠡᠭᠦᠯᠪᠡ᠂ ᠡᠨᠡ ᠨᠢ ᠨᠠᠮ ᠤᠨ ᠶᠡᠷᠦᠩᠬᠡᠢ ᠳᠦᠷᠢᠮ ᠢ ᠨᠡᠩ ᠲᠡᠭᠦᠯᠳᠡᠷᠵᠢᠭᠦᠯᠵᠦ᠂ ᠨᠠᠮ ᠤᠨ ᠦᠢᠯᠡᠰ ᠪᠠ ᠨᠠᠮ ᠤᠨ ᠪᠠᠶᠢᠭᠤᠯᠤᠯᠲᠠ ᠶᠢ ᠠᠬᠢᠭᠤᠯᠬᠤ ᠳᠤᠮᠳᠠ ᠦᠨᠳᠦᠰᠦᠨ ᠴᠢᠨᠠᠷᠲᠠᠢ ᠵᠢᠷᠤᠮᠵᠢᠭᠤᠯᠬᠤ ᠪᠠ ᠵᠢᠯᠤᠭᠤᠳᠬᠤ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠪᠣᠯᠣᠨ᠎ᠠ ᠭᠡᠪᠡ᠃      ᠲᠥᠯᠥᠭᠡᠯᠡᠭᠴᠢᠳ ᠠᠴᠠ᠂ ᠶᠡᠷᠦᠩᠬᠡᠢ ᠱᠦᠵᠢ ᠰᠢ ᠶᠢᠨ ᠫᠢᠩ  ᠤᠨ ᠬᠢᠭᠰᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠨᠢ ᠳᠤᠮᠳᠠᠳᠤ ᠤᠯᠤᠰ ᠤᠨ ᠠᠰᠠᠭᠤᠯᠲᠠ᠂ ᠳᠡᠯᠡᠬᠡᠢ ᠶᠢᠨ ᠠᠰᠠᠭᠤᠯᠲᠠ᠂ ᠠᠷᠠᠳ ᠲᠦᠮᠡᠨ ᠤ ᠠᠰᠠᠭᠤᠯᠲᠠ᠂ ᠴᠠᠭ ᠦᠶ᠎ᠡ ᠶᠢᠨ ᠠᠰᠠᠭᠤᠯᠲᠠ ᠳᠤ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ ᠥᠭᠴᠦ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠨᠠᠮ ᠤᠨ ᠭᠤᠣᠯ ᠡᠭᠦᠷᠭᠡ ᠶᠢ ᠲᠣᠳᠣᠷᠬᠠᠶᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠬᠢᠪᠡ᠂ ᠡᠨᠡ ᠪᠣᠯ ᠨᠠᠮ ᠠᠴᠠ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠴᠠᠭ ᠦᠶ᠎ᠡ ᠰᠢᠨ᠎ᠡ ᠠᠶᠠᠨ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠤᠯᠤᠰ ᠲᠦᠷᠦ  ᠶᠢᠨ ᠲᠤᠩᠬᠠᠭ ᠪᠠ ᠠᠵᠢᠯᠯᠠᠭᠠᠨ ᠤ ᠬᠥᠲᠥᠯᠪᠦᠷᠢ ᠪᠣᠯᠣᠨ᠎ᠠ᠃ ᠢᠯᠡᠳᠬᠡᠯ ᠳᠤ ᠲᠣᠭᠲᠠᠭᠠᠭᠰᠠᠨ ᠴᠢᠬᠤᠯᠠ ᠶᠡᠭᠡ ᠤᠨᠤᠯ ᠤᠨ ᠦᠵᠡᠯᠲᠡ ᠪᠠ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠨᠠᠮ ᠤᠨ ᠳᠦᠷᠢᠮ ᠳᠤ ᠪᠢᠴᠢᠵᠦ ᠣᠷᠣᠭᠤᠯᠬᠤ ᠨᠢ ᠪᠦᠭᠦ ᠨᠠᠮ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠠᠶᠢᠨ ᠰᠠᠶᠢᠬᠠᠨ ᠵᠢᠷᠤᠭ ᠲᠥᠰᠥᠪ ᠢ ᠠᠯᠬᠤᠮ ᠠᠯᠬᠤᠮ ᠢᠶᠠᠷ ᠠᠮᠢᠳᠤᠯᠢᠭ ᠪᠣᠳᠠᠲᠤ ᠠᠬᠤᠢ ᠪᠣᠯᠭᠠᠨ ᠬᠤᠪᠢᠷᠠᠭᠤᠯᠬᠤ ᠳᠤ ᠠᠰᠢᠭᠲᠠᠢ ᠶᠤᠮ ᠭᠡᠵᠦ ᠢᠯᠡᠳᠬᠡᠵᠡᠭᠡᠪᠡ᠃             ︽ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠠᠴᠠ ᠬᠦᠷᠦᠯᠴᠡᠨ ᠢᠷᠡᠭᠰᠡᠨ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠨᠠᠮ ᠤᠨ ᠳᠦᠷᠢᠮ ᠳᠤ ᠵᠠᠰᠠᠪᠤᠷᠢ ᠣᠷᠣᠭᠤᠯᠬᠤ ᠎ ᠶᠢ ᠭᠡᠷᠡᠴᠢᠯᠡᠬᠦ ᠶᠢᠨ ᠬᠠᠮᠲᠤ ᠣᠷᠣᠯᠴᠠᠬᠰᠠᠨ ᠳᠠᠭᠠᠨ ᠡᠭᠦᠷᠭᠡ ᠶᠢᠨ ᠥᠩᠭᠡ ᠭᠡᠷᠡᠯᠲᠡᠢ᠂ ᠬᠠᠷᠢᠭᠤᠴᠠᠯᠭ᠎ᠠ ᠶᠢᠨ ᠬᠦᠨᠳᠦ ᠶᠡᠭᠡ ᠶᠢ ᠭᠦᠨᠵᠡᠭᠡᠢ ᠮᠡᠳᠡᠷᠡᠵᠦ ᠪᠤᠢ︾  ᠃ ᠱᠠᠨᠰᠢ ᠮᠤᠵᠢ ᠶᠢᠨ ᠶᠠᠨ ᠠᠨ ᠬᠤᠳᠠ ᠶᠢᠨ ᠬᠤᠸᠠᠩ ᠯᠢᠩ ᠰᠢᠶᠠᠨ ᠤ ᠱᠤᠸᠠᠩ ᠯᠦᠩ ᠵᠧᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠺᠧ ᠰᠢᠶᠣᠣ ᠬᠠᠢ ᠲᠥᠯᠥᠭᠡᠯᠡᠭᠴᠢ᠂ ᠨᠠᠮ ᠤᠨ ᠳᠦᠷᠢᠮ ᠳᠤ ᠵᠠᠰᠠᠪᠤᠷᠢ ᠣᠷᠣᠭᠤᠯᠤᠭᠰᠠᠨ ᠲᠥᠰᠥᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠠᠵᠢᠯ ᠪᠣᠯᠣᠨ ᠨᠠᠮ ᠤᠨ ᠪᠠᠶᠢᠭᠤᠯᠤᠯᠲᠠ ᠶᠢᠨ ᠰᠢᠨ᠎ᠡ ᠲᠤᠷᠰᠢᠯᠭ᠎ᠠ ᠶᠢ ᠢᠯᠡᠷᠡᠭᠦᠯᠵᠦ᠂ ᠪᠢᠳᠡᠨ ᠳᠤ ᠮᠠᠰᠢ ᠶᠡᠭᠡ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ ᠪᠢᠳᠡ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢ ᠤᠯᠠᠮ ᠴᠢᠨᠠᠭᠰᠢᠳᠠ ᠪᠠᠶᠢᠭᠤᠯᠤᠨ ᠬᠦᠴᠦᠷᠬᠡᠭᠵᠢᠭᠦᠯᠵᠦ᠂ ᠠᠷᠠᠳ ᠲᠦᠮᠡᠨ ᠳᠤ ᠨᠡᠩ ᠰᠠᠶᠢᠲᠤᠷ ᠦᠢᠯᠡᠴᠢᠯᠡᠨ᠎ᠡ ᠭᠡᠪᠡ᠃            ᠲᠥᠪᠡᠳ  ᠤᠨ ᠥᠪᠡᠷᠲᠡᠭᠡᠨ ᠵᠠᠰᠠᠬᠤ ᠣᠷᠣᠨ ᠤ ᠨᠠᠬᠴᠦ᠋ ᠬᠤᠳᠠ ᠶᠢᠨ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠬᠢᠷᠤᠯ ᠰᠡᠷᠡᠩᠯᠡᠮᠦ ᠲᠥᠯᠥᠭᠡᠯᠡᠭᠴᠢ᠂ ᠨᠠᠮ ᠤᠨ ᠳᠦᠷᠢᠮ ᠳᠤ ᠵᠠᠰᠠᠪᠤᠷᠢ ᠣᠷᠣᠭᠤᠯᠤᠭᠰᠠᠨ ᠨᠢ ᠮᠠᠨ ᠤ ᠨᠠᠮ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠲᠡᠦᠬᠡ ᠶᠢᠨ ᠰᠢᠨ᠎ᠡ ᠠᠤᠭ᠎ᠠ ᠦᠢᠯᠡᠰ ᠢ ᠡᠭᠦᠳᠦᠨ ᠪᠦᠲᠦᠭᠡᠬᠦ ᠡᠷᠡᠰ ᠰᠢᠭᠤᠷᠬᠠᠢ ᠡᠭᠦᠷᠭᠡᠯᠡᠯ  ᠢ ᠢᠯᠡᠷᠡᠭᠦᠯᠵᠦ᠂ ᠮᠠᠨ ᠤ ᠨᠠᠮ ᠤᠨ ᠬᠤᠪᠢᠷᠠᠰᠢ ᠦᠭᠡᠢ ᠤᠭ ᠰᠠᠨᠠᠭ᠎ᠠ ᠶᠢ ᠰᠡᠶᠢᠯᠵᠦ ᠪᠠᠶᠢᠨ᠎ᠠ᠃ ᠦᠨᠳᠦᠰᠦᠨ ᠱᠠᠲᠤᠨ ᠤ ᠰᠤᠷᠭᠠᠨ ᠬᠥᠮᠦᠵᠢᠯ ᠤᠨ ᠠᠵᠢᠯᠲᠠᠨ ᠪᠣᠯᠤᠭᠰᠠᠨ ᠤ ᠬᠤᠪᠢ ᠳᠤ᠂ ᠬᠦᠰᠡᠯ ᠵᠡᠭᠦᠳᠦ ᠶᠢ ᠲᠡᠷᠭᠡᠯᠰᠢᠭᠦᠯᠬᠦ ᠬᠥᠮᠥᠨ  ᠢ ᠬᠥᠮᠥᠵᠢᠭᠦᠯᠬᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠨᠠᠮ ᠤᠨ ᠳᠦᠷᠢᠮ ᠤᠨ ᠵᠣᠷᠢᠭ ᠰᠠᠨᠠᠭ᠎ᠠ ᠪᠣᠯᠣᠨ ᠱᠠᠭᠠᠷᠳᠠᠯᠭ᠎ᠠ  ᠶᠢ ᠰᠡᠳᠬᠢᠯ ᠵᠢᠷᠦᠬᠡᠨ  ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠵᠦ᠂ ᠰᠢᠷᠭᠠᠭᠤ ᠬᠢᠴᠢᠶᠡᠩᠭᠦᠢ ᠪᠠᠷ ᠠᠵᠢᠯᠯᠠᠵᠤ᠂ ᠬᠡᠦᠬᠡᠳ ᠨᠢᠭᠡᠪᠦᠷᠢ ᠳᠤ ᠰᠠᠶᠢᠨ ᠰᠠᠶᠢᠬᠠᠨ ᠰᠤᠷᠭᠠᠨ ᠬᠥᠮᠦᠵᠢᠯ ᠬᠦᠷᠲᠡᠭᠡᠬᠦ ᠶᠢᠨ ᠲᠥᠯᠥᠭᠡ ᠴᠢᠷᠮᠠᠶᠢᠨ᠎ᠠ ᠭᠡᠪᠡ᠃            ᠳᠤᠮᠳᠠᠳᠤ ᠤᠯᠤᠰ  ᠤᠨ ᠡᠪ ᠬᠠᠮᠲᠤ ᠨᠠᠮ ᠤᠨ ᠠᠩᠬᠠᠳᠤᠭᠠᠷ ᠶᠡᠭᠡ ᠬᠤᠷᠠᠯ ᠤᠨ ᠳᠤᠷᠠᠰᠬᠠᠯ ᠤᠨ ᠣᠷᠳᠣᠨ ᠤ ᠤᠬᠠᠭᠤᠯᠭ᠎ᠠ ᠬᠥᠮᠦᠵᠢᠯ  ᠤᠨ ᠬᠡᠯᠲᠡᠰ ᠤᠨ ᠡᠷᠭᠢᠯᠡᠭᠴᠢ ᠶᠠᠩ ᠢᠦᠢ ᠲᠥᠯᠥᠭᠡᠯᠡᠭᠴᠢ ᠨᠠᠮ ᠤᠨ ᠦᠯᠢᠭᠡᠷ ᠢ ᠤᠬᠠᠭᠤᠯᠤᠨ ᠲᠠᠶᠢᠯᠪᠤᠷᠢᠯᠠᠬᠤ ᠠᠵᠢᠯ ᠢ ᠨᠢᠭᠡᠨᠲᠡ 22 ᠵᠢᠯ ᠬᠢᠪᠡ᠃ ᠲᠡᠷᠡ᠄  ︽ ᠨᠠᠮ ᠤᠨ ᠦᠯᠢᠭᠡᠷ ᠢ ᠶᠠᠷᠢᠭᠴᠢ ᠪᠣᠯᠤᠭᠰᠠᠨ ᠤ ᠬᠤᠪᠢ ᠳᠤ᠂ ᠪᠢ ᠨᠠᠮ ᠤᠨ ᠳᠦᠷᠢᠮ ᠢ ᠰᠤᠷᠤᠯᠴᠠᠵᠤ ᠬᠡᠷᠡᠭᠯᠡᠬᠦ ᠲᠠᠯ᠎ᠠ ᠪᠠᠷ ᠡᠮᠦᠨ᠎ᠡ ᠡᠩᠨᠡᠭᠡᠨ ᠳᠤ ᠬᠤᠰᠢᠭᠤᠷᠠᠵᠤ᠂ ᠨᠠᠮ ᠤᠨ ᠦᠯᠢᠭᠡᠷ᠂ ᠨᠠᠮ ᠤᠨ ᠳᠦᠷᠢᠮ ᠳᠤ ᠵᠠᠰᠠᠪᠤᠷᠢ ᠣᠷᠣᠭᠤᠯᠤᠭᠰᠠᠨ ᠦᠯᠢᠭᠡᠷ ᠢ ᠨᠡᠩ ᠠᠮᠢᠳᠤᠯᠢᠭ ᠶᠠᠷᠢᠵᠤ᠂ ᠨᠠᠮ ᠤᠨ ᠳᠦᠷᠢᠮ ᠨᠢ ᠨᠠᠮ ᠤᠨ ᠭᠡᠰᠢᠭᠦᠨ ᠤ ᠤᠬᠠᠮᠰᠠᠷ ᠠᠴᠠ  ᠪᠠᠨ ᠵᠢᠷᠤᠮᠯᠠᠬᠤ ᠵᠦᠢᠯ ᠪᠤᠯᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ  ︾  ᠭᠡᠪᠡ᠃            ᠤᠭ ᠰᠠᠨᠠᠭ᠎ᠠ  ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠡᠷᠡᠯᠬᠡᠭᠯᠡᠨ ᠲᠡᠮᠡᠴᠡᠵᠦ ᠰᠢᠨ᠎ᠡ ᠠᠶᠠᠨ ᠢᠶᠠᠨ ᠡᠬᠢᠯᠡᠭᠦᠯᠦᠨ᠎ᠡ᠃            ᠲᠥᠯᠥᠭᠡᠯᠡᠭᠴᠢᠳ ᠠᠴᠠ᠂ ᠰᠢᠨ᠎ᠡ ᠠᠶᠠᠨ ᠳᠠᠭᠠᠨ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠳᠦᠷᠢᠮ ᠢ ᠨᠠᠷᠢᠨ ᠬᠢᠨᠠᠮᠠᠭᠠᠢ ᠰᠤᠷᠤᠯᠴᠠᠵᠤ᠂ ᠨᠠᠮ ᠤᠨ ᠳᠦᠷᠢᠮ ᠢ ᠴᠢᠩᠭ᠎ᠠ ᠵᠢᠷᠤᠮᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ  ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠨ᠎ᠡ ᠭᠡᠵᠦ ᠢᠯᠡᠳᠬᠡᠵᠡᠭᠡᠪᠡ᠃             ︵ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 21᠎ ᠤ ᠴᠠᠭᠢᠯᠭᠠᠨ ᠮᠡᠳᠡᠭᠡ︶  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号