ᠶᠢᠰᠤᠨ ᠬᠤᠳᠳᠤᠭ ᠦᠵᠡᠮᠵᠢ ᠶᠢᠨ ᠣᠷᠣᠨ
ᠨᠡᠶᠢᠲᠡᠯᠡᠭᠰᠡᠨ ᠴᠠᠭ᠄
2022/10/27
ᠶᠢᠰᠤᠨ ᠬᠤᠳᠳᠤᠭ ᠦᠵᠡᠮᠵᠢ ᠶᠢᠨ ᠣᠷᠣᠨ ᠨᠢ ᠥᠪᠥᠷ ᠮᠣᠩᠭᠤᠯ ᠤᠨ ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤ ᠳᠤ ᠪᠠᠶᠢᠷᠢᠯᠠᠵᠤ᠂ ᠤᠮᠠᠷᠠᠲᠤ ᠥᠷᠭᠡᠷᠢᠭ ᠤᠨ 38°33′᠂ ᠵᠡᠭᠦᠨ ᠤᠷᠲᠤᠷᠢᠭ ᠤᠨ 103°72′ ᠪᠠᠶᠢᠵᠤ᠂ ᠠᠯᠠᠱᠠ ᠵᠡᠭᠦᠨ ᠬᠤᠰᠢᠭᠤ ᠠᠴᠠ 198 ᠺᠢᠯᠣᠮᠧᠲᠷ ᠵᠠᠶᠢᠲᠠᠢ ᠪᠠᠶᠢᠳᠠᠭ᠃             ᠡᠭᠴᠡ ᠨᠢᠰᠬᠡᠯ ᠢᠶᠠᠷ ᠠᠭᠠᠷ ᠲᠤ ᠵᠤᠭᠠᠴᠠᠬᠤ᠂ ᠡᠯᠡᠰᠦᠨ ᠴᠥᠯ ᠳᠤ ᠲᠡᠰᠢᠬᠦ᠂ ᠨᠠᠭᠤᠷ ᠳᠡᠭᠡᠷ᠎ᠡ ᠵᠤᠭᠠᠴᠠᠬᠤ ᠂ ᠮᠥᠰᠥ ᠴᠠᠰᠤᠨ ᠤ ᠴᠡᠩᠭᠡᠯ ᠤᠨ ᠬᠦᠷᠢᠶᠡᠯᠡᠩ᠂ ᠰᠤᠷ ᠬᠠᠷᠪᠤᠬᠤ᠂ ᠴᠠᠬᠢᠯᠭᠠᠨ ᠲᠣᠭᠯᠠᠭᠠᠮ ᠤᠨ ᠨᠠᠭᠠᠳᠤᠮ᠂ ᠡᠯᠡᠰᠦᠨ ᠴᠥᠯ ᠤᠨ ᠡᠷᠳᠡᠨᠢ ᠬᠠᠶᠢᠬᠤ᠂ ᠬᠡᠦᠬᠡᠳ ᠤᠨ ᠴᠡᠩᠭᠡᠯ ᠤᠨ ᠬᠦᠷᠢᠶᠡᠯᠡᠩ᠂ ᠮᠣᠷᠢ ᠤᠨᠤᠵᠤ ᠲᠡᠮᠡᠭᠡ ᠤᠨᠤᠬᠤ ᠂ ᠠᠷᠠᠯᠵᠢᠶ᠎ᠠ ᠬᠤᠳᠠᠯᠳᠤᠭᠠᠨ ᠤ ᠬᠡᠯᠡᠯᠴᠡᠭᠡᠷ᠂ ᠬᠤᠷᠠᠯ ᠤᠨ ᠶᠠᠪᠤᠳᠠᠯ ᠤᠨ ᠰᠤᠷᠭᠠᠯᠲᠠ᠂ ᠤᠷᠤᠯᠳᠤᠭᠠᠨ ᠤ ᠴᠤᠭᠯᠠᠭᠠᠨ ᠂ ᠶᠠᠪᠠᠭᠠᠨ ᠶᠠᠪᠤᠬᠤ᠂ ᠰᠡᠯᠡᠭᠦᠴᠡᠨ ᠪᠡᠶ᠎ᠡ ᠴᠢᠭᠢᠷᠠᠭᠵᠢᠭᠤᠯᠬᠤ᠂ ᠵᠢᠮᠢᠰ ᠨᠣᠭᠤᠭ᠎ᠠ ᠲᠡᠭᠦᠬᠦ ᠵᠡᠷᠭᠡ ᠰᠢᠨ᠎ᠡ  ᠵᠤᠭᠠᠴᠠᠯ ᠤᠨ ᠦᠢᠯᠡᠰ ᠢ ᠨᠡᠭᠡᠭᠡᠨ ᠬᠥᠭᠵᠢᠭᠦᠯᠵᠦ᠂ ᠣᠨᠴᠠᠯᠢᠭᠲᠤ ᠬᠤᠭᠤᠯᠠᠨ ᠭᠡᠷ᠂ ᠵᠣᠴᠢᠳ ᠤᠨ ᠪᠠᠭᠤᠳᠠᠯ ᠤᠨ ᠢᠵᠢ ᠦᠷᠦᠭᠡ᠂ ᠡᠯᠡᠰᠦᠨ ᠴᠦᠯ ᠤᠨ ᠵᠤᠰᠠᠯᠠᠩ᠂ KTV ᠠᠷᠢᠬᠢᠨ ᠮᠤᠬᠤᠯᠠᠭ᠂ ᠣᠨᠴᠠ ᠭᠠᠷᠤᠯᠲᠠ ᠶᠢᠨ ᠬᠡᠳᠦ ᠳᠡᠯᠭᠡᠭᠦᠷ᠂ ᠴᠡᠴᠡᠷᠯᠢᠭ ᠤᠨ ᠦᠵᠡᠮᠵᠢ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢ ᠢᠵᠢ ᠪᠦᠷᠢᠳᠦᠭᠦᠯᠵᠦ᠂ ᠣᠪᠣᠭ᠎ᠠ ᠶᠢᠨ ᠨᠠᠭᠠᠳᠤᠮ᠂ ᠠᠷᠠᠳ ᠤᠨ ᠵᠠᠩ ᠦᠢᠯᠡ ᠶᠢᠨ ᠰᠣᠶᠣᠯ ᠤᠨ ᠦᠵᠡᠰᠬᠦᠯᠡᠩ᠂ ᠲᠦᠳᠡᠭ ᠭᠠᠯ ᠤᠨ ᠦᠳᠡᠰᠢᠯᠡᠭᠡ᠂ ᠣᠷᠳᠣᠨ ᠤ ᠳᠠᠶᠢᠯᠠᠯᠭ᠎ᠠ᠂ ᠮᠣᠩᠭᠤᠯ ᠴᠠᠢ ᠶᠢᠨ ᠶᠣᠰᠣᠯᠠᠯ᠂ ᠤᠷᠠᠨ ᠲᠣᠭᠯᠠᠯᠲᠠ ᠶᠢᠨ ᠳᠠᠶᠢᠯᠠᠯᠭ᠎ᠠ ᠵᠡᠷᠭᠡ ᠣᠨᠴᠠᠯᠢᠭᠲᠤ ᠰᠣᠶᠣᠯ ᠤᠨ ᠠᠵᠢᠯᠯᠠᠭ᠎ᠠ ᠳᠤ ᠣᠷᠣᠯᠴᠠᠭᠠᠷᠠᠢ᠃
      ᠶᠢᠰᠦᠨ ᠬᠤᠳᠳᠤᠭ ᠲᠤ ᠮᠣᠷᠢᠯᠠᠨ ᠰᠠᠭᠠᠲᠠᠭᠠᠷᠠᠢ       ᠡᠯᠡᠰᠦᠨ ᠴᠥᠯ ᠢᠶᠠᠷ ᠵᠣᠭᠠᠯᠠᠭᠠᠷᠠᠢ       ᠲᠠᠩᠰᠤᠭ ᠪᠠᠶᠢᠭᠠᠯᠢ ᠶᠢ ᠨᠢ ᠰᠣᠨᠢᠷᠬᠠᠭᠠᠳ       ᠲᠠᠪᠠᠲᠠᠢ ᠰᠠᠶᠢᠬᠠᠨ ᠨᠠᠷᠭᠢᠭᠠᠷᠠᠢ ᠁             ᠶᠢᠰᠦᠨ ᠬᠤᠳᠳᠤᠭ ᠲᠤ ᠮᠣᠷᠢᠯᠠᠨ ᠰᠠᠭᠠᠲᠠᠭᠠᠷᠠᠢ       ᠢᠪᠡᠭᠡᠯᠲᠦ ᠲᠦᠮᠡᠨ ᠲᠠᠢ ᠮᠢᠨᠢ ᠨᠠᠶᠢᠵᠠᠯᠠᠭᠠᠷᠡᠢ       ᠤᠷᠲᠤ ᠶᠢᠨ ᠳᠠᠭᠤᠤ ᠶᠢ ᠮᠢᠨᠢ ᠰᠣᠨᠣᠰᠤᠭᠠᠳ       ᠦᠷ ᠴᠠᠶᠢᠲᠠᠯ᠎ᠠ ᠨᠠᠶᠢᠷᠯᠠᠭᠠᠷᠠᠢ             ᠶᠢᠰᠦᠨ ᠬᠤᠳᠳᠤᠭ ᠲᠤ ᠮᠣᠷᠢᠯᠠᠨ ᠰᠠᠭᠠᠲᠠᠭᠠᠷᠠᠢ       ᠦᠷᠨᠢᠯ ᠬᠦᠭᠵᠢᠯ ᠢ ᠨᠢ ᠪᠠᠭ᠋ᠠᠷᠬᠠᠭᠠᠷᠠᠢ       ᠢᠷᠦᠭᠡᠯ ᠵᠦᠩᠨᠡᠯ ᠢ ᠮᠢᠨᠢ ᠲᠣᠭᠲᠠᠭᠠᠭᠠᠳ       ᠶᠢᠰᠦᠨ ᠬᠦᠰᠡᠯ ᠴᠢᠨᠢ ᠪᠡᠶᠡᠯᠡᠭᠳᠡᠭᠡᠷᠡᠢ             ᠶᠢᠰᠦᠨ ᠬᠤᠳᠳᠤᠭ ᠲᠤ ᠮᠣᠷᠢᠯᠠᠨ ᠰᠠᠭᠠᠲᠠᠭᠠᠷᠠᠢ       ᠦᠷᠦᠴᠡᠨ ᠤ ᠬᠠᠶᠢᠷ᠎ᠠ ᠪᠠᠨ ᠦᠯᠡᠲᠡᠭᠡᠷᠡᠢ      ᠳᠠᠭᠱᠠᠨ ᠰᠠᠶᠢᠬᠠᠨ ᠨᠤᠲᠤᠭ ᠲᠤ ᠮᠢᠨᠢ       ᠳᠣᠷᠠᠰᠣᠯ ᠢᠶᠠᠨ ᠰᠡᠶᠢᠯᠦᠭᠡᠳ ᠶᠠᠪᠣᠭᠠᠷᠠᠢ  
 
ᠢᠷᠡᠯᠲᠡ᠄ ᠡᠷᠬᠡᠬᠠᠰᠢᠬ᠎ᠠ ᠰᠤᠮᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号