ᠨᠢᠭᠡ ᠳᠤ 8 ᠳ᠋ᠤᠭᠠᠷ ᠰᠠᠷ᠎ᠠ ᠶᠢᠨ ᠡᠴᠦᠰ ᠪᠣᠯᠲᠠᠯ᠎ᠠ ᠠᠶᠢᠮᠠᠭ ᠤᠨ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠲᠠᠪᠴᠠᠩ ᠠᠴᠠ 3999 ᠬᠤᠪᠢ | ᠠᠵᠢᠯ ᠡᠷᠭᠢᠯᠡᠬᠦ ᠬᠠᠭᠤᠳᠠᠰᠤ ᠶᠢ ᠰᠢᠯᠵᠢᠭᠦᠯᠦᠨ ᠲᠤᠰᠢᠶᠠᠵᠤ᠂ 3949 ᠬᠤᠪᠢ ᠶᠢ ᠨᠢ ᠨᠢᠭᠡᠨᠲᠡ ᠰᠢᠢᠳᠪᠦᠷᠢᠯᠡᠵᠦ | ᠳᠠᠭᠤᠰᠬᠠᠪᠠ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 98.75% ᠪᠠᠶᠢᠵᠤ᠂ ᠬᠠᠷᠢᠭᠤ ᠰᠣᠷᠪᠤᠯᠵᠢᠯᠠᠭ᠎ᠠ ᠳᠤ | ᠬᠠᠨᠤᠮᠵᠢᠲᠠᠶ ᠪᠣᠯᠤᠭᠰᠠᠨ ᠨᠣᠷᠮ᠎ᠠ 92.62% ᠲᠤ ᠬᠦᠷᠴᠡᠢ᠃ ᠬᠤᠶᠠᠷ ᠲᠤ ᠪᠠᠷᠢᠮᠵᠢᠶ᠎ᠠ ᠶᠢ ᠲᠣᠭᠲᠠᠭᠠᠨ | ᠦᠢᠯᠡᠴᠢᠯᠡᠭᠡ ᠶᠢ ︽ᠰᠢᠯᠢᠳᠡᠭᠵᠢᠭᠦᠯᠵᠦ︾ ᠴᠢᠩᠭᠠᠳᠬᠠᠪᠠ᠃ ︽ᠠᠷᠠᠳ ᠲᠤ ᠲᠥᠬᠦᠮ ᠦᠵᠡᠭᠦᠯᠬᠦ ᠬᠠᠯᠠᠮᠰᠢᠯ | ᠤᠲᠠᠰᠤ ᠶᠢᠨ ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︽ᠠᠵᠢᠯ ᠤᠨ | ᠬᠠᠭᠤᠳᠠᠰᠤ ᠶᠢ ᠰᠢᠯᠵᠢᠭᠦᠯᠦᠨ ᠲᠣᠮᠢᠯᠠᠬᠤ ᠠᠵᠢᠯ ᠤᠨ ᠵᠢᠷᠤᠮᠵᠢᠯ ︵ᠲᠤᠷᠰᠢᠨ ᠬᠡᠷᠡᠭᠵᠢᠭᠦᠯᠬᠦ︶︾ ᠵᠡᠷᠭᠡ ᠠᠵᠢᠯ ᠤᠨ | ᠳᠦᠷᠢᠮ ᠢ ᠲᠣᠭᠲᠠᠭᠠᠵᠤ᠂ ᠠᠯᠠᠱᠠ ᠵᠡᠭᠦᠨ ᠬᠤᠰᠢᠭᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠵᠢᠴᠢ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠪᠠ᠃ | ᠭᠤᠷᠪᠠ ᠳᠤ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ︽ᠲᠣᠰ ᠰᠠᠷ᠎ᠠ ᠶᠢᠨ ᠪᠠᠶᠢᠳᠠᠯ ᠤᠨ ᠲᠤᠬᠠᠢ ᠮᠡᠳᠡᠭᠡᠯᠡᠯ︾ ︽ | ᠤᠯᠠᠷᠢᠯ ᠤᠨ ᠪᠠᠶᠢᠳᠠᠯ ᠤᠨ ᠵᠠᠳᠠᠯᠤᠯᠲᠠ︾ ᠶᠢ ᠨᠠᠶᠢᠷᠠᠭᠤᠯᠤᠨ ᠨᠡᠶᠢᠲᠡᠯᠡᠬᠦ ᠶᠢᠨ ᠬᠠᠮᠲᠤ᠂ ᠬᠠᠯᠠᠭᠤᠨ ᠤᠲᠠᠰᠤᠨ ᠤ | ᠠᠵᠢᠯᠯᠠᠭᠠᠨ ᠤ ᠪᠠᠶᠢᠳᠠᠯ᠂ ᠰᠢᠢᠳᠪᠦᠷᠢᠯᠡᠬᠦ ᠪᠠ ᠰᠢᠮᠳᠠᠭᠤᠯᠤᠨ ᠰᠢᠢᠳᠪᠦᠷᠢᠯᠡᠭᠦᠯᠦᠭᠰᠡᠨ ᠪᠠᠶᠢᠳᠠᠯ᠂ ᠭᠤᠮᠣᠳᠠᠯ | ᠱᠠᠭᠠᠷᠳᠠᠯᠭ᠎ᠠ ᠶᠢᠨ ᠬᠠᠯᠠᠮᠰᠢᠯ ᠠᠰᠠᠭᠤᠳᠠᠯ ᠢ ᠰᠢᠢᠳᠪᠦᠷᠢᠯᠡᠵᠦ ᠬᠠᠷᠢᠭᠤ ᠲᠤᠰᠬᠠᠭᠰᠠᠨ ᠪᠠᠶᠢᠳᠠᠯ ᠳᠤ ᠶᠡᠷᠦᠩᠬᠡᠶᠢᠯᠡᠭᠰᠡᠨ | ᠵᠠᠳᠠᠯᠪᠠ᠃ ︽ᠵᠥᠪᠳᠡᠯᠴᠡᠬᠦ ᠬᠠᠮᠲᠤᠷᠠᠭᠰᠠᠨ ᠳᠦᠷᠢᠮ︾ ᠢ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠠ ᠨᠢᠭᠡᠴᠢ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠲᠤᠰᠢᠶᠠᠯ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ | ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠴᠠᠭ ᠲᠤᠬᠠᠢ ᠳᠤᠨᠢ ᠪᠦᠲᠦᠮᠵᠢᠲᠡᠶ | ᠰᠢᠢᠳᠪᠦᠷᠢᠯᠡᠬᠦ ᠶᠢ ᠦᠨᠡᠨ ᠬᠦ ᠪᠠᠲᠤᠯᠠᠪᠠ᠃ ᠠᠵᠤ ᠠᠬᠤᠶᠢᠯᠠᠯ᠂ ᠣᠯᠠᠨ ᠲᠦᠮᠡᠨ ᠤ ᠠᠰᠠᠭᠤᠨ ᠯᠠᠪᠯᠠᠭᠰᠠᠨ | ᠬᠠᠯᠠᠭᠤᠨ ᠴᠡᠭ ᠤᠨ ᠠᠰᠠᠭᠤᠳᠠᠯ ᠢ ᠡᠮᠬᠢᠯᠡᠨ ᠬᠤᠷᠢᠶᠠᠩᠭᠤᠶᠢᠯᠠᠵᠤ᠂ ᠪᠦᠷᠢᠨ ᠪᠦᠲᠦᠨ ᠬᠠᠷᠢᠭᠤᠯᠲᠠ ᠶᠢᠨ | ᠠᠭᠤᠯᠭ᠎ᠠ ᠶᠢ ᠪᠦᠷᠢᠯᠳᠦᠭᠦᠯᠦᠨ ᠤᠲᠠᠰᠤᠨ ᠤ ᠮᠡᠳᠡᠯᠭᠡ ᠶᠢᠨ ᠬᠥᠮᠥᠷᠭᠡ ᠳᠤ ᠴᠠᠭ ᠲᠤᠬᠠᠢ ᠳᠤᠨᠢ ᠳᠠᠮᠵᠢᠭᠤᠯᠵᠤ᠂ | ᠣᠳᠣᠬᠠᠨ ᠳᠤ᠂ ᠨᠡᠶᠢᠲᠡ 2418 ᠵᠤᠷᠪᠤᠰ ᠮᠡᠳᠡᠯᠭᠡ ᠶᠢᠨ ᠬᠥᠮᠥᠷᠭᠡ ᠶᠢᠨ ᠮᠡᠳᠡᠭᠡ ᠵᠠᠩᠭᠢ ᠶᠢ ᠪᠢᠴᠢᠵᠦ | ᠣᠷᠣᠭᠤᠯᠤᠭᠰᠠᠨ ᠪᠥᠭᠡᠳ ᠰᠢᠨᠡᠳᠬᠡᠭᠰᠡᠨ ᠪᠠᠶᠢᠨ᠎ᠠ᠃ ᠳᠥᠷᠪᠡ ᠳᠤ᠂ ᠠᠷᠠᠳ ᠤᠨ ᠲᠥᠯᠥᠭᠡ ᠬᠠᠯᠠᠭᠤᠨ | ᠰᠡᠳᠬᠢᠯ ᠢᠶᠠᠷ ᠵᠢᠳᠬᠦᠬᠦ᠂ ᠳᠠᠷᠤᠤ ᠬᠢᠴᠢᠶᠡᠩᠭᠦᠢ ᠪᠠᠷ ᠠᠷᠠᠳ ᠢ ᠣᠶᠢᠯᠠᠭᠠᠬᠤ᠂ ᠠᠷᠠᠳ ᠢ ᠨᠠᠷᠢᠨ ᠨᠢᠮᠪᠠᠢ | ᠬᠠᠪᠰᠤᠷᠬᠤ᠂ ᠬᠦᠯᠢᠴᠡᠩᠭᠦᠢ ᠪᠠᠷ ᠠᠷᠠᠳ ᠢ ᠲᠡᠳᠬᠦᠬᠦ ᠪᠠ ᠦᠨᠡᠨ ᠰᠡᠳᠬᠢᠯ ᠠᠴᠠ ᠪᠠᠨ ᠠᠷᠠᠳ ᠲᠤ ᠠᠰᠢᠭ | ᠬᠦᠷᠲᠡᠭᠡᠬᠦ ᠪᠠᠷ ᠢᠳᠡᠪᠬᠢᠲᠡᠢ ᠪᠠᠷ ᠴᠢᠷᠮᠠᠶᠢᠵᠤ᠂ ︽ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠪᠠᠭ᠎ᠠ ᠶᠠᠪᠤᠳᠠᠯ | ᠭᠡᠵᠦ ᠪᠠᠶᠢᠬᠤ ᠦᠭᠡᠢ︾ ᠬᠠᠷᠢᠭᠤᠴᠠᠯᠭ᠎ᠠ ᠪᠠ ᠡᠭᠦᠷᠭᠡᠯᠡᠯ ᠢ ᠦᠢᠯᠡᠳᠦᠯᠭᠡᠵᠢᠭᠦᠯᠵᠦ᠂ ︽ᠠᠷᠠᠳ ᠲᠦᠮᠡᠨ ᠲᠠᠢ | ᠰᠡᠳᠬᠢᠯ ᠵᠢᠷᠦᠬᠡ ᠪᠠᠨ ᠬᠤᠯᠪᠣᠵᠤ᠂ ᠠᠷᠠᠳ ᠲᠦᠮᠡᠨ ᠳᠤ ᠠᠰᠢᠭ ᠲᠤᠰᠠ ᠣᠯᠭᠤᠬᠤ︾ ᠶᠢ ᠦᠨᠡᠨᠬᠦ ᠪᠡᠶᠡᠯᠡᠭᠦᠯᠪᠡ᠃ | |