ᠴᠢᠰᠦᠨ ᠤ ᠦᠭᠡᠬᠦ ᠪᠠᠶᠢᠴᠠᠭᠠᠭᠰᠠᠨ ᠳᠠᠩᠰᠠ ᠎ ᠶᠢ ᠦᠵᠡᠬᠦ
ᠨᠡᠶᠢᠲᠡᠯᠡᠭᠰᠡᠨ ᠴᠠᠭ᠄
2022/11/14
       ᠡᠩ ᠤᠨ ᠪᠠᠶᠢᠳᠠᠯ ᠳᠤ ᠴᠢᠰᠤᠨ ᠤ ᠦᠭᠡᠬᠦ ᠶᠢᠨ ᠪᠠᠶᠢᠴᠠᠭᠠᠯᠳᠠ ᠶᠢᠨ ᠳᠠᠩᠰᠠ ᠳᠤ 4 ᠪᠠᠷᠢᠮᠵᠢᠶ᠎ᠠ ᠪᠠᠶᠢᠳᠠᠭ᠃ ᠳᠤᠬᠠᠢᠢᠯᠠᠪᠠᠯ᠄ ᠶᠡᠷᠦᠩᠬᠡᠢ ᠰᠦᠰᠦᠨ ᠤ ᠭᠤᠨᠠᠨ ᠠᠯᠺᠤᠤᠯ 胆固醇 ︵TC︶᠂ ᠭᠯᠢᠼᠧᠷᠢᠨ ᠤ ᠭᠤᠷᠪᠠᠴᠢ ᠡᠰᠲ᠋ᠧᠷ 甘油三酯 ︵TG︶᠂ ᠳᠤᠤᠷ᠎ᠠ ᠨᠢᠭᠳᠠᠴᠠᠳᠤ ᠦᠬᠡᠬᠦᠨ ᠤᠭᠤᠷᠠᠭ ᠤᠨ ᠰᠦᠰᠦᠨ ᠤ ᠭᠤᠨᠠᠨ ᠠᠯᠺᠤᠤᠯ 低密 度脂蛋白胆固醇 ︵LDL-C︶᠂ ᠦᠨᠳᠦᠷ ᠨᠢᠭᠳᠠᠴᠠᠳᠤ ᠦᠬᠡᠬᠦᠨ ᠤᠭᠤᠷᠠᠭ ᠤᠨ ᠰᠦᠰᠦᠨ ᠤ ᠭᠤᠨᠠᠨ ᠠᠯᠺᠤᠤᠯ 高密度脂蛋白胆固醇 ︵HDL-C︶ ᠵᠡᠷᠭᠡ ᠭᠤᠷᠪᠠ ᠪᠤᠯᠤᠨ᠎ᠠ᠃       ᠶᠡᠷᠦ ᠶᠢᠨ ᠪᠠᠶᠢᠳᠠᠯ ᠳᠤ ᠬᠡᠯᠡᠳᠡᠭ ᠴᠢᠰᠦᠨ ᠳᠤᠳᠤᠷᠠᠬᠢ ᠦᠭᠡᠬᠦ ᠠᠷᠪᠢᠳᠤᠭᠰᠠᠨ ᠭᠡᠳᠡᠭ ᠪᠤᠯ ᠶᠡᠷᠦᠩᠬᠡᠢ ᠰᠦᠰᠦᠨ ᠤ ᠭᠤᠨᠠᠨ ᠠᠯᠺᠤᠤᠯ ᠪᠠ ᠭᠯᠢᠼᠧᠷᠢᠨ ᠤ ᠭᠤᠷᠪᠠᠴᠢ ᠡᠰᠲ᠋ᠧᠷ ᠤᠨ ᠬᠡᠮᠵᠢᠶ᠎ᠡ ᠶᠢ ᠬᠡᠯᠡᠵᠦ ᠪᠤᠢ᠃ ᠡᠨᠡ ᠬᠤᠶᠠᠷ ᠨᠢ ᠨᠢᠭᠡ ᠬᠦᠮᠦᠨ ᠤ ᠨᠠᠰᠤ ᠵᠢᠯ᠂ ᠭᠡᠷ ᠪᠦᠯᠢ᠂ ᠴᠢᠨᠠᠷ ᠤᠨ ᠢᠯᠭᠠᠯ᠂ ᠤᠳᠤᠮᠰᠢᠯ᠂ ᠢᠳᠡᠭᠡᠨ ᠤᠮᠳᠠᠭᠠᠨ ᠤ ᠪᠦᠳᠦᠴᠡ᠂ ᠰᠠᠨᠠᠭ᠎ᠠ ᠰᠡᠳᠬᠢᠯ ᠤᠨ ᠬᠤᠪᠢᠷᠠᠯᠳᠠ ᠶᠢ ᠲᠠᠭᠠᠨ ᠬᠤᠪᠢᠷᠠᠯᠳᠠ ᠭᠠᠷᠳᠠᠭ ᠶᠤᠮ᠃ ᠲᠡᠳᠡᠭᠡᠷ ᠤᠨ ᠬᠡᠮᠵᠢᠶ᠎ᠡ ᠳᠡᠭᠡᠭᠰᠢᠯᠡᠵᠦ ᠪᠠᠶᠢᠬᠤ ᠨᠢ       ᠯᠤᠭᠰᠢᠭᠤᠨ ᠰᠤᠳᠠᠯ ᠤᠨ ᠦᠳᠭᠡᠷᠡᠵᠦ ᠪᠠᠶᠢᠬᠤ ᠴᠢᠬᠤᠯᠠ ᠳᠤᠬᠢᠶᠠᠨ ᠳᠡᠮᠳᠡᠭ ᠶᠤᠮ᠃       ᠳᠤᠤᠷ᠎ᠠ ᠨᠢᠭᠳᠠᠴᠠᠳᠤ ᠦᠬᠡᠬᠦᠨ ᠤᠭᠤᠷᠠᠭ ᠤᠨ ᠰᠦᠰᠦᠨ ᠤ ᠭᠤᠨᠠᠨ ᠠᠯᠺᠤᠤᠯ ᠪᠤᠯ ︽ᠮᠠᠭᠤ︾ ᠰᠦᠰᠦᠨ ᠤ ᠭᠤᠨᠠᠨ ᠠᠯᠺᠤᠤᠯ ᠶᠤᠮ᠂ ᠲᠡᠭᠦᠨ ᠤ ᠠᠭᠤᠯᠤᠭᠳᠠᠴᠠ ᠤᠯᠠᠮ ᠦᠨᠳᠦᠷ ᠪᠤᠯ ᠯᠤᠭᠰᠢᠭᠤᠨ ᠰᠤᠳᠠᠯ ᠤᠨ ᠦᠳᠭᠡᠷᠡᠯᠳᠡ ᠶᠢ ᠤᠯᠠᠮ ᠠᠬᠢᠭᠤᠯᠳᠠᠭ ᠶᠤᠮ᠃        ᠦᠨᠳᠦᠷ ᠨᠢᠭᠳᠠᠴᠠᠳᠤ ᠦᠬᠡᠬᠦᠨ ᠤᠭᠤᠷᠠᠭ ᠤᠨ ᠰᠦᠰᠦᠨ ᠤ ᠭᠤᠨᠠᠨ ᠠᠯᠺᠤᠤᠯ ᠪᠤᠯ ︽ᠰᠠᠶᠢᠨ︾ ᠰᠦᠰᠦᠨ ᠤ ᠭᠤᠨᠠᠨ ᠠᠯᠺᠤᠤᠯ ᠶᠤᠮ᠂ ᠲᠡᠭᠦᠨ ᠤ ᠭᠤᠤᠯ ᠦᠢᠯᠡᠳᠦᠯ ᠨᠢ ᠰᠦᠰᠦᠨ ᠤ ᠭᠤᠨᠠᠨ ᠠᠯᠺᠤᠤᠯ ᠢ ᠤᠢᠢᠷ᠎ᠠ ᠬᠠᠪᠢ ᠶᠢᠨ ᠡᠷᠭᠡᠳᠡᠨ ᠤ ᠡᠰ ᠠᠴᠠ ᠡᠯᠢᠭᠡᠨ ᠳᠤ ᠰᠢᠯᠵᠢᠭᠦᠯᠵᠦ᠂ ᠢᠯᠡᠭᠦᠴᠡ ᠭᠠᠷᠤᠭᠰᠠᠨ ᠰᠦᠰᠦᠨ ᠤ ᠭᠤᠨᠠᠨ ᠠᠯᠺᠤᠤᠯ ᠢ ᠭᠠᠳᠠᠭᠰᠢᠯᠠᠭᠤᠯᠳᠠᠭ᠂ ᠡᠶᠢᠮᠦ ᠠᠴᠠ ᠴᠢᠰᠤᠨ ᠳᠤᠳᠤᠷᠠᠬᠢ ᠦᠨᠳᠦᠷ ᠨᠢᠭᠳᠠᠴᠠᠳᠤ ᠦᠬᠡᠬᠦᠨ ᠤᠭᠤᠷᠠᠭ ᠤᠨ ᠰᠦᠰᠦᠨ ᠤ ᠭᠤᠨᠠᠨ ᠠᠯᠺᠤᠤᠯ ᠤᠨ ᠠᠭᠤᠯᠤᠭᠳᠠᠴᠠ ᠤᠯᠠᠮ ᠳᠤᠤᠷ᠎ᠠ ᠪᠤᠯ ᠪᠡᠶ᠎ᠡ ᠮᠠᠬᠠᠪᠤᠳ ᠲᠤ ᠤᠯᠠᠮ ᠠᠰᠢᠭ ᠦᠭᠡᠢ ᠪᠠᠶᠢᠳᠠᠭ᠃        
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号