ᠦᠷᠭᠦᠯᠵᠢ ᠲᠤᠬᠢᠶᠠᠯᠳᠤᠳᠠᠭ ᠬᠢᠮᠢ ᠶᠢᠨ ᠪᠤᠳᠠᠰ ᠤᠨ ᠲᠤᠬᠠᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2022/11/14
      ᠤᠯᠠᠨ ᠪᠷᠤᠮᠳᠤ ᠪᠧᠨ᠋ᠼᠧᠨ᠋ᠳᠤ ᠡᠲ᠋ᠢᠯ ᠡᠲ᠋ᠧᠷ ︵PBDE︶᠄ ᠭᠠᠯ ᠰᠡᠷᠭᠡᠶᠢᠯᠡᠬᠦ ᠮᠠᠲ᠋ᠧᠷᠢᠶᠠᠯ ᠭᠡᠬᠦ ᠵᠡᠷᠭᠡ ᠨᠢ ᠬᠦᠮᠦᠨ ᠤ ᠪᠡᠶ᠎ᠡ ᠳᠤ ᠤᠷᠳᠤ ᠬᠤᠭᠤᠴᠠᠭ᠎ᠠ ᠪᠠᠷ ᠬᠠᠳᠠᠭᠠᠯᠠᠭᠳᠠᠳᠠᠭ᠃        PBDE ᠶᠢ ᠦᠩᠭᠡᠷᠡᠭᠰᠡᠨ ᠳᠤ ᠭᠠᠯ ᠰᠡᠷᠭᠡᠶᠢᠯᠡᠬᠦ ᠮᠠᠲ᠋ᠧᠷᠢᠶᠠᠯ ᠢᠶᠠᠷ ᠬᠡᠷᠡᠭᠯᠡᠵᠦ ᠪᠠᠶᠢᠵᠠᠢ᠃ ᠬᠦᠮᠦᠨ ᠤ ᠪᠡᠶ᠎ᠡ ᠳᠤ ᠠᠮᠠᠷᠬᠠᠨ ᠰᠢᠩᠭᠡᠳᠡᠭ᠃ ᠠᠮᠢᠳᠠᠨ ᠳᠤ ᠲᠤᠷᠰᠢᠯᠳᠠ ᠬᠢᠭᠰᠡᠨ ᠢ ᠦᠨᠳᠦᠰᠦᠯᠡᠪᠡᠯ᠂ PBDE ᠨᠢ ᠠᠮᠢᠳᠠᠨ ᠤ ᠦᠰᠥᠯᠳᠡ ᠪᠤᠶᠢᠵᠢᠯᠳᠠ ᠶᠢ ᠨᠦᠯᠦᠭᠡᠯᠡᠳᠡᠭ᠃ ᠡᠨᠡ ᠲᠦᠷᠦᠯ ᠤᠨ ᠬᠢᠮᠢ ᠶᠢᠨ ᠪᠤᠳᠠᠰ ᠢ ᠠᠭᠠᠵᠢᠮ ᠢᠶᠠᠷ ᠬᠡᠷᠡᠭᠯᠡᠬᠦ ᠪᠠᠨ ᠪᠤᠯᠢᠵᠠᠢ᠃ ᠭᠡᠪᠡᠴᠦ PBDE ᠶᠢᠨ ᠵᠠᠯᠭᠠᠮᠵᠢᠯᠠᠯᠳᠤ ᠪᠤᠳᠠᠰ ᠢ ᠤᠳᠤ ᠦᠷᠭᠡᠨ ᠢᠶᠠᠷ ᠬᠡᠷᠡᠭᠯᠡᠵᠦ ᠪᠠᠶᠢᠨ᠎ᠠ᠃ ᠡᠳᠡᠭᠡᠷ ᠪᠤᠳᠠᠰ ᠨᠢ ᠪᠠᠰᠠ ᠬᠤᠤᠷ᠎ᠠ ᠲᠠᠢ ᠪᠠᠶᠢᠵᠤ ᠮᠡᠳᠡᠨ᠎ᠡ᠃       ᠰᠡᠷᠭᠡᠶᠢᠯᠡᠬᠦ ᠠᠷᠭ᠎ᠠ        PBDE ᠬᠢᠭᠡᠳ ᠲᠡᠭᠦᠨ ᠤ ᠵᠠᠯᠭᠠᠮᠵᠢᠯᠠᠯᠳᠤ ᠪᠤᠳᠠᠰ ᠨᠢ ᠬᠠᠮᠢᠭ᠎ᠠ ᠴᠤ ᠪᠦᠷ ᠤᠷᠤᠰᠢᠵᠤ ᠪᠠᠶᠢᠳᠠᠭ᠃ ᠲᠡᠶᠢᠨᠬᠦ ᠲᠡᠭᠦᠨ ᠠᠴᠠ ᠵᠠᠶᠢᠯᠠᠬᠤ ᠪᠤᠯᠤᠯᠴᠠᠭ᠎ᠠ ᠲᠡᠮᠡᠢ ᠦᠭᠡᠢ᠃             ᠪᠧᠨ᠋ᠼᠧᠨ ᠵᠡᠷᠭᠡᠴᠡᠭᠰᠡᠨ ᠬᠤᠶᠠᠷ ᠮᠧᠲ᠋ᠢᠯᠳᠦ ᠬᠦᠴᠢᠯ ᠤᠨ ᠲᠠᠪᠤᠰᠤ᠄ ᠵᠢᠯ ᠤᠨ ᠲᠦᠷᠪᠡᠨ ᠤᠯᠠᠷᠢᠯ ᠳᠤ ᠦᠷᠬᠦᠯᠵᠢ ᠬᠡᠷᠡᠭᠯᠡᠵᠦ ᠪᠠᠶᠢᠨ᠎ᠠ᠃ ᠡᠨᠡᠬᠦ ᠲᠦᠷᠦᠯ ᠤᠨ ᠬᠢᠮᠢ ᠶᠢᠨ ᠨᠡᠶᠢᠯᠡᠮᠡᠯ ᠪᠤᠳᠠᠰ ᠤᠨ ᠬᠡᠷᠡᠭᠴᠡᠭᠡ ᠨᠢ ᠲᠤᠩ ᠦᠷᠭᠡᠨ᠃ ᠠᠮᠢᠳᠠᠨ ᠳᠤ ᠬᠢᠭᠰᠡᠨ ᠲᠤᠷᠰᠢᠯᠳᠠ ᠶᠢ ᠦᠨᠳᠦᠰᠦᠯᠡᠪᠡᠯ᠂ ᠡᠨᠡᠬᠦ ᠲᠦᠷᠦᠯ ᠤᠨ ᠬᠢᠮᠢ ᠶᠢᠨ ᠨᠡᠶᠢᠯᠡᠮᠡᠯ ᠪᠤᠳᠠᠰ ᠨᠢ ᠡᠷᠡᠭᠳᠡᠶᠢᠴᠤᠳ ᠤᠨ ᠪᠡᠯᠭᠡ ᠶᠢᠨ ᠡᠷᠭᠡᠳᠡᠨ ᠤ ᠦᠰᠦᠯᠳᠡ ᠶᠢ ᠨᠦᠯᠦᠭᠡᠯᠡᠨ᠎ᠡ ᠬᠡᠳᠡᠭ ᠢ ᠭᠡᠷᠡᠴᠢᠯᠡᠵᠡᠢ᠃        ᠰᠡᠷᠭᠡᠶᠢᠯᠡᠬᠦ ᠠᠷᠭ᠎ᠠ        ᠵᠠᠷᠢᠮ ᠭᠤᠶᠤᠯᠠᠯ ᠤᠨ ᠡᠳ᠋ ᠤᠨ ᠺᠤᠮᠫᠠᠨᠢ ᠡᠨᠡᠬᠦ ᠲᠦᠷᠦᠯ ᠤᠨ ᠬᠢᠮᠢ ᠶᠢᠨ ᠨᠡᠶᠢᠯᠡᠮᠡᠯ ᠪᠤᠳᠠᠰ ᠢ ᠬᠡᠷᠡᠭᠯᠡᠬᠦ ᠦᠭᠡᠢ ᠪᠤᠯᠵᠠᠢ᠃ ᠭᠡᠪᠡᠴᠦ ᠪᠤᠰᠤᠳ ᠠᠵᠢᠯ ᠲᠦᠷᠦᠯ ᠲᠡᠭᠡᠷ᠎ᠡ ᠦᠷᠭᠡᠨ ᠢᠶᠠᠷ ᠬᠡᠷᠡᠭᠯᠡᠵᠦ ᠪᠠᠶᠢᠨ᠎ᠠ᠃              ᠬᠤᠷᠤᠬᠠᠢ ᠠᠯᠠᠬᠤ ᠡᠮ᠄ ᠬᠤᠷᠤᠬᠠᠢ ᠠᠯᠠᠬᠤ ᠡᠮ ᠨᠢ ᠵᠦᠪᠬᠡᠨ ᠬᠤᠷᠤᠬᠠᠢ ᠰᠢᠪᠠᠵᠢ ᠶᠢ ᠯᠠ ᠠᠯᠠᠵᠤ ᠪᠠᠶᠢᠭ᠎ᠠ ᠪᠢᠰᠢ᠂ DDT ᠮᠡᠳᠦ ᠶᠢᠨ ᠬᠤᠷᠤᠬᠠᠢ ᠠᠯᠠᠬᠤ ᠡᠮ ᠢ ᠠᠯᠢ ᠡᠷᠳᠡ ᠬᠡᠷᠡᠭᠯᠡᠬᠦ ᠪᠠᠨ ᠪᠤᠯᠢᠵᠠᠢ᠃ ᠭᠡᠪᠡᠴᠦ ᠡᠩ ᠤᠨ ᠬᠡᠷᠡᠭᠯᠡᠭᠡᠨ ᠤ ᠬᠤᠷᠤᠬᠠᠢ ᠠᠯᠠᠬᠤ ᠡᠮ ᠢ ᠪᠠᠰᠠ ᠦᠷᠭᠡᠨ ᠬᠡᠪᠴᠢᠶ᠎ᠡ ᠪᠠᠷ ᠬᠡᠷᠡᠭᠯᠡᠭᠰᠡᠭᠡᠷ᠃ ᠬᠤᠷᠤᠬᠠᠢ ᠠᠯᠠᠬᠤ ᠡᠮ ᠨᠢ ᠠᠭᠰᠠᠭ᠎ᠠ᠂ ᠮᠡᠳᠡᠷᠡᠯ ᠤᠨ ᠰᠢᠰᠲ᠋ᠧᠮ ᠤᠨ ᠡᠪᠡᠳᠴᠢᠨ᠂ ᠪᠤᠶᠢᠵᠢᠯᠳᠠ ᠶᠢᠨ ᠤᠨᠳᠤᠤᠰᠢᠯ ᠪᠠ ᠦᠯᠦ ᠬᠠᠯᠳᠠᠭᠠᠬᠤ ᠰᠢᠰᠲ᠋ᠧᠮ ᠤᠨ ᠡᠪᠡᠳᠴᠢᠨ ᠲᠠᠢ ᠰᠢᠭᠤᠳ ᠬᠠᠷᠢᠴᠠᠭ᠎ᠠ ᠲᠠᠢ ᠭᠡᠳᠡᠭ ᠢ ᠲᠤᠷᠰᠢᠯᠳᠠ ᠭᠡᠷᠡᠴᠢᠯᠡᠵᠡᠦ ᠪᠠᠶᠢᠨ᠎ᠠ᠃        ᠰᠡᠷᠭᠡᠶᠢᠯᠡᠬᠦ ᠠᠷᠭ᠎ᠠ       ᠢᠳᠡᠭᠡᠨ ᠢᠶᠠᠨ ᠰᠠᠶᠢᠳᠤᠷ ᠤᠭᠢᠶᠠᠵᠤ ᠴᠡᠪᠡᠷᠯᠡᠨ᠎ᠡ᠃ ᠤᠷᠭᠠᠨᠢᠭ ᠢᠳᠡᠭᠡᠨ ᠢᠯᠡᠭᠦᠦ ᠢᠳᠡᠬᠦ ᠶᠢ ᠠᠩᠬᠠᠷᠤᠨ᠎ᠠ᠂ ᠬᠤᠷᠤᠬᠠᠢ ᠠᠯᠠᠬᠤ ᠡᠮ ᠠᠷᠪᠢᠨ ᠬᠡᠷᠡᠭᠯᠡᠬᠦ ᠤᠷᠴᠢᠨ ᠳᠤ ᠤᠳᠠᠭᠠᠨ ᠪᠠᠶᠢᠬᠤ ᠠᠴᠠ ᠵᠠᠶᠢᠯᠠᠰᠭᠢᠨ᠎ᠠ᠃        ᠠᠭᠤᠰᠤᠮᠠᠬᠠᠢ ᠲᠦᠷᠪᠡᠨ ᠹᠧᠯᠤᠷᠳᠤ ᠡᠲ᠋ᠧᠨ ᠤ ᠪᠦᠭᠡᠭᠡᠨᠡᠷᠡᠯ᠄ ᠠᠭᠤᠰᠤᠮᠠᠬᠠᠢ ᠲᠦᠷᠪᠡᠨ ᠹᠧᠯᠤᠷᠳᠤ ᠡᠲ᠋ᠧᠨ ᠤ ᠪᠦᠭᠡᠭᠡᠨᠡᠷᠡᠯ ︵PFA︶ ᠠᠮᠢᠳᠤᠷᠠᠯ ᠳᠤ ᠠᠯᠢ ᠤᠯᠠᠨ ᠲᠦᠳᠡ ᠲᠦᠭᠦᠮ ᠢ ᠠᠪᠴᠢᠷᠠᠵᠤ ᠦᠭᠭᠦᠭᠰᠡᠨ ᠪᠠᠶᠢᠨ᠎ᠠ᠂ ᠭᠡᠪᠡᠴᠦ ᠠᠭᠤᠰᠤᠮᠠᠬᠠᠢ ᠲᠦᠷᠪᠡᠨ ᠹᠧᠯᠤᠷᠳᠤ ᠡᠲ᠋ᠧᠨ ᠤ ᠪᠦᠭᠡᠭᠡᠨᠡᠷᠡᠯ ︵PFA︶ ᠨᠢ ᠦᠮᠡᠨ ᠡᠭᠦᠰᠭᠡᠵᠦ ᠮᠡᠳᠡᠨ᠎ᠡ᠃        PFA ᠶᠢ ᠪᠤᠳᠠᠰ ᠤᠨ ᠦᠷᠦᠭᠳᠡᠵᠦ ᠰᠢᠯᠪᠠᠷᠠᠬᠤ᠂ ᠪᠤᠵᠠᠷᠳᠤᠵᠤ ᠪᠤᠬᠢᠷᠳᠤᠬᠤ ᠠᠴᠠ ᠰᠡᠷᠭᠡᠶᠢᠯᠡᠬᠦ ᠳᠤ ᠬᠡᠷᠡᠭᠯᠡᠳᠡᠭ ᠂ ᠬᠦᠮᠦᠨ ᠤ ᠪᠡᠶ᠎ᠡ ᠳᠤ ᠰᠢᠩᠭᠡᠪᠡᠯ ᠠᠮᠠᠷᠬᠠᠨ ᠠᠷᠢᠯᠳᠠᠭ ᠦᠭᠡᠢ᠂ ᠵᠠᠷᠢᠮ ᠺᠤᠮᠫᠠᠨᠢ PFA ᠶᠢ ᠬᠡᠷᠡᠭᠯᠡᠬᠦ ᠪᠠᠨ ᠪᠤᠯᠢᠵᠠᠢ᠃ ᠲᠡᠭᠦᠨ ᠤ ᠵᠠᠯᠭᠠᠮᠵᠢ ᠪᠤᠳᠠᠰ ᠨᠢ ᠤᠷᠴᠢᠨ ᠲᠤᠭᠤᠷᠢᠨ ᠢ ᠪᠤᠬᠢᠷᠳᠤᠭᠤᠯᠳᠠᠭ᠂ ᠤᠳᠤᠬᠠᠨ ᠤ PFA ᠶᠢᠨ ᠨᠢᠭᠡ ᠵᠦᠢᠯ ᠤᠨ ᠵᠠᠯᠭᠠᠮᠵᠢ ᠪᠤᠳᠠᠰ ᠢ ᠵᠢᠪᠡᠷᠡᠬᠦ ᠦᠭᠡᠢ ᠪᠤᠯᠤᠳ ᠲᠤᠭᠤᠭᠠᠨ ᠳᠤ ᠬᠡᠷᠡᠭᠯᠡᠵᠦ ᠪᠠᠶᠢᠨ᠎ᠠ᠃ ᠭᠡᠪᠡᠴᠦ ᠲᠡᠷᠡ ᠨᠢ ᠦᠮᠡᠨ ᠡᠪᠡᠳᠴᠢᠨ ᠢ ᠡᠭᠦᠰᠭᠡᠵᠦ ᠮᠡᠳᠡᠨ᠎ᠡ᠃       ᠰᠡᠷᠭᠡᠶᠢᠯᠡᠬᠦ ᠠᠷᠭ᠎ᠠ       ᠠᠭᠠᠷ᠂ ᠤᠰᠤ ᠤ ᠢᠳᠡᠭᠡᠨ ᠳᠤ ᠪᠦᠷ ᠠᠭᠤᠯᠤᠭᠳᠠᠵᠤ ᠪᠠᠶᠢᠨ᠎ᠠ᠂ ᠲᠡᠭᠦᠨ ᠠᠴᠠ ᠵᠠᠶᠢᠯᠠᠰᠬᠢᠬᠦ ᠳᠤ ᠶᠡᠭᠡ ᠪᠡᠷᠭᠡᠳᠡᠢ ᠪᠠᠶᠢᠳᠠᠭ᠃        ᠾᠯᠤᠷᠳᠤ ᠬᠤᠶᠠᠷ ᠪᠧᠨ᠋ᠼᠧᠨ ᠤ ᠪᠦᠭᠡᠭᠡᠨᠡᠷᠡᠯ᠄ ᠾᠯᠤᠷᠳᠤ ᠬᠤᠶᠠᠷ ᠪᠧᠨ᠋ᠼᠧᠨ  ᠤ ᠪᠦᠭᠡᠭᠡᠨᠡᠷᠡᠯ ︵PCB︶  ᠢ ᠠᠯᠢ ᠡᠷᠳᠡ ᠬᠡᠷᠡᠭᠯᠡᠬᠦ ᠪᠠᠨ ᠪᠤᠯᠢᠵᠠᠢ᠃ ᠭᠡᠪᠡᠴᠦ ᠡᠨᠡᠬᠦ ᠪᠤᠳᠠᠰ ᠨᠢ ᠮᠠᠨ  ᠤ ᠠᠮᠢᠳᠤᠷᠠᠯ ᠲᠤᠮᠳᠠ ᠮᠦᠨᠴᠦ ᠤᠷᠤᠰᠢᠭᠰᠠᠭᠠᠷ ᠪᠠᠶᠢᠨ᠎ᠠ᠃        ᠾᠯᠤᠷᠳᠤ ᠬᠤᠶᠠᠷ ᠪᠧᠨ᠋ᠼᠧᠨ ᠤ ᠪᠦᠭᠡᠭᠡᠨᠡᠷᠡᠯ ︵PCB︶ ᠪᠤᠯ ᠠᠮᠠᠷᠬᠠᠨ ᠰᠢᠳᠠᠳᠠᠭ ᠦᠭᠡᠢ᠂ ᠡᠯᠧᠺᠲᠷᠤᠨ ᠪᠦᠳᠦᠭᠡᠭᠳᠡᠭᠦᠨ ᠤ ᠬᠦᠷᠦᠭᠡᠯᠳᠡ ᠪᠠ ᠬᠦᠨᠳᠡᠶᠢᠷᠡᠭᠦᠯᠦᠭᠴᠢ ᠪᠠᠷ ᠬᠡᠷᠡᠭᠯᠡᠳᠡᠭ ᠮᠠᠲ᠋ᠧᠷᠢᠶᠠᠯ ᠮᠦᠨ᠃ ᠡᠩ ᠤᠨ ᠤᠷᠴᠢᠨ ᠳᠤ ᠠᠮᠠᠷᠬᠠᠨ ᠵᠠᠳᠠᠷᠠᠳᠠᠭ ᠦᠭᠡᠢ᠃ ᠬᠦᠮᠦᠨ ᠪᠠ ᠠᠮᠢᠳᠠᠨ ᠤ ᠪᠡᠶ᠎ᠡ ᠳᠤ ᠬᠤᠷᠠᠮᠳᠤᠨ᠂ ᠡᠯᠢᠭᠡ ᠶᠢ ᠭᠡᠮᠳᠦᠭᠡᠨ᠂ ᠦᠮᠡᠨ ᠡᠪᠡᠳᠴᠢᠨ ᠢ ᠡᠭᠦᠰᠭᠡᠳᠡᠭ᠃        ᠰᠡᠷᠭᠡᠶᠢᠯᠡᠬᠦ ᠠᠷᠭ᠎ᠠ       ᠾᠯᠤᠷᠳᠤ ᠬᠤᠶᠠᠷ ᠪᠧᠨ᠋ᠼᠧᠨ ᠤ ᠪᠦᠭᠡᠭᠡᠨᠡᠷᠡᠯ ︵PCB︶ ᠢ ᠨᠢᠭᠡᠨᠳᠡ ᠬᠡᠷᠡᠭᠯᠡᠬᠦ ᠶᠢ ᠴᠠᠭᠠᠵᠠᠯᠠᠭᠰᠠᠨ ᠪᠤᠯᠪᠠᠴᠤ ᠮᠠᠨ ᠠᠮᠢᠳᠤᠷᠠᠯ ᠲᠤᠮᠳᠠ ᠮᠦᠨᠴᠦ ᠦᠷᠭᠡᠨ ᠲᠡᠯᠭᠡᠷᠡᠩᠭᠦᠢ ᠤᠷᠤᠰᠢᠭᠰᠠᠭᠠᠷ ᠪᠠᠶᠢᠨ᠎ᠠ᠃ ᠾᠯᠤᠷᠳᠤ ᠬᠤᠶᠠᠷ ᠪᠧᠨ᠋ᠼᠧᠨ ᠤ ᠪᠦᠭᠡᠭᠡᠨᠡᠷᠡᠯ ︵PCB︶ ᠳᠤ ᠪᠤᠬᠢᠷᠳᠤᠭᠰᠠᠨ ᠤᠷᠤᠨ ᠤ ᠠᠮᠢᠳᠠᠨ ᠤᠷᠭᠤᠮᠠᠯ ᠢ ᠢᠳᠡᠭᠡᠨ ᠳᠤ ᠬᠡᠷᠡᠭᠯᠡᠬᠦ ᠠᠴᠠ ᠵᠠᠶᠢᠯᠠᠰᠭᠢᠪᠠᠯ ᠵᠤᠬᠢᠨ᠎ᠠ᠃             ᠬᠤᠤᠰ ᠹᠧᠨᠤᠯ A᠄ ᠬᠤᠤᠰ ᠹᠧᠨᠤᠯ A ᠪᠤᠯ ᠤᠰᠤᠨ ᠴᠤᠮᠤ ᠳᠠᠬᠢ ᠬᠤᠷᠮᠤᠨ ᠪᠤᠯᠤᠨ᠎ᠠ᠃        ᠤᠯᠠᠩᠬᠢ ᠰᠦᠯᠢᠶᠤᠤ ᠰᠠᠪᠠᠨ ᠳᠤ ᠪᠦᠷ ᠨᠡᠬᠦᠷᠠᠰᠦᠬᠦ᠋ᠴᠢᠯ ᠤᠨ ᠡᠰᠲ᠋ᠧᠷ ᠤᠨ ᠪᠦᠭᠡᠭᠡᠨᠡᠷᠡᠯ ᠢ ᠠᠭᠤᠯᠵᠤ ᠪᠠᠶᠢᠳᠠᠭ ᠶᠤᠮ᠃ ᠲᠡᠷᠡ ᠨᠢ ᠬᠤᠤᠰ ᠹᠧᠨᠤᠯ A ᠠᠴᠠ ᠡᠭᠦᠰᠦᠭᠰᠡᠨ ᠶᠤᠮ᠃ ᠬᠤᠤᠰ ᠹᠧᠨᠤᠯ A ᠪᠤᠯ ᠨᠡᠶᠢᠯᠡᠮᠡᠯ ᠡᠮ᠎ᠡ ᠬᠤᠷᠮᠤᠨ ᠶᠤᠮ᠃ ᠰᠦᠯᠢᠶᠤᠤ ᠶᠢᠨ ᠵᠠᠳᠠᠷᠠᠬᠤ ᠶᠢ ᠲᠠᠭᠠᠯᠳᠤᠨ ᠰᠢᠩᠭᠡᠨ ᠪᠡᠶᠡᠳᠦ ᠪᠤᠯᠳᠠᠭ᠃ ᠲᠡᠷᠡ ᠨᠢ ᠬᠡᠪᠡᠯᠢ ᠳᠠᠬᠢ ᠬᠡᠦᠬᠡᠢ ᠶᠢᠨ ᠪᠡᠯᠭᠡ ᠶᠢᠨ ᠰᠢᠰᠲ᠋ᠧᠮ ᠢ ᠭᠡᠮᠳᠦᠭᠡᠳᠡᠭ᠃             ᠰᠡᠷᠭᠡᠶᠢᠯᠡᠬᠦ ᠠᠷᠭ᠎ᠠ       ᠬᠠᠳᠠᠭᠤ ᠰᠦᠯᠢᠶᠤᠤ ᠰᠠᠪᠠ ᠬᠡᠷᠡᠭᠰᠡᠯ ᠢ ᠲᠤᠳᠠᠭᠤ ᠬᠡᠷᠡᠭᠯᠡᠪᠡᠯ ᠵᠤᠬᠢᠨ᠎ᠠ᠃              ᠬᠦᠨᠳᠦ ᠲᠡᠮᠦᠷᠯᠢᠭ᠄ ᠬᠦᠮᠦᠨ ᠤ ᠡᠷᠡᠭᠦᠯ ᠮᠡᠨᠳᠦ ᠳᠤ ᠬᠦᠨᠳᠦ ᠨᠤᠴᠢᠳᠠᠢ ᠬᠤᠤᠷ ᠬᠦᠨᠦᠭᠡᠯ ᠲᠠᠢ ᠪᠠᠶᠢᠳᠠᠭ᠃        ᠬᠤᠤᠷ᠎ᠠ ᠲᠠᠢ ᠲᠡᠮᠦᠷᠯᠢᠭ ᠪᠤᠯ ᠦᠷᠦᠭᠡᠨ ᠲᠤᠳᠤᠷ᠎ᠠ ᠦᠷᠭᠦᠯᠵᠢ ᠲᠤᠬᠢᠶᠠᠯᠳᠤᠳᠠᠭ ᠪᠤᠬᠢᠷᠳᠤᠯ ᠡᠳ᠋ ᠪᠤᠯᠤᠨ᠎ᠠ᠃ ᠬᠠᠭᠤᠴᠢᠨ ᠪᠤᠳᠤᠭ ᠰᠢᠷ ᠲᠤ ᠲᠤᠭᠤᠯᠭ᠎ᠠ ᠠᠭᠤᠯᠵᠤ ᠪᠠᠶᠢᠳᠠᠭ᠃ ᠰᠡᠷᠢᠶ᠎ᠡ ᠵᠢᠭᠠᠰᠤᠨ ᠳᠤ ᠮᠦᠩᠭᠦᠨ ᠤᠰᠤ ᠠᠭᠤᠯᠵᠤ ᠪᠠᠶᠢᠳᠠᠭ᠃ ᠦᠨᠳᠦᠷ ᠨᠢᠭᠳᠠᠴᠠᠳᠤ ᠮᠤᠳᠤᠨ ᠡᠳ᠋ᠯᠡᠯ ᠬᠡᠷᠡᠭᠰᠡᠯ ᠳᠤ ᠠᠷᠰᠧᠨ ᠪᠠ ᠾᠷᠤᠮ ᠠᠭᠤᠯᠵᠤ ᠪᠠᠶᠢᠳᠠᠭ᠃ ᠡᠳᠡᠭᠡᠷ ᠨᠢ ᠬᠡᠦᠬᠡᠳ ᠤᠨ ᠦᠰᠦᠯᠳᠡ ᠪᠤᠶᠢᠵᠢᠯᠳᠠ ᠶᠢ ᠶᠠᠭᠠᠬᠢᠬᠤ ᠶᠢᠨ ᠠᠷᠭ᠎ᠠ ᠦᠭᠡᠢ ᠨᠦᠯᠦᠭᠡᠯᠡᠳᠡᠭ ᠶᠤᠮ᠃        ᠰᠡᠷᠭᠡᠶᠢᠯᠡᠬᠦ ᠠᠷᠭ᠎ᠠ       ᠪᠤᠳᠤᠭ ᠰᠢᠷ ᠢ ᠲᠤᠷ᠎ᠠ ᠪᠠᠷ ᠢᠶᠠᠨ ᠬᠡᠷᠡᠭᠯᠡᠵᠦ ᠪᠤᠯᠬᠤ ᠦᠭᠡᠢ᠂ ᠦᠨᠳᠦᠷ ᠨᠢᠭᠳᠠᠴᠠᠳᠤ ᠮᠤᠳᠤᠨ ᠡᠳ᠋ᠯᠡᠯ ᠬᠡᠷᠡᠭᠰᠡᠯ ᠢ ᠬᠡᠷᠡᠭᠯᠡᠬᠦ ᠠᠴᠠ ᠠᠯᠢ ᠴᠢᠳᠠᠬᠤ ᠪᠠᠷ ᠵᠠᠶᠢᠯᠠᠰᠭᠢᠬᠦ ᠬᠡᠷᠡᠭᠳᠡᠢ᠂ ᠵᠢᠷᠮᠦᠰᠦᠨ ᠪᠦᠰᠡᠭᠦᠢ ᠪᠠ ᠬᠡᠦᠬᠡᠳ ᠵᠢᠭᠠᠰᠤ ᠢᠳᠡᠬᠦ ᠳᠡᠭᠡᠨ ᠬᠢᠴᠢᠶᠡᠪᠡᠯ ᠵᠤᠬᠢᠨ᠎ᠠ᠃            
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号