ᠬᠤᠯᠠᠳᠠᠬᠢᠨ ᠢ ᠲᠤᠬᠳᠠᠭᠠᠬᠴᠢ ᠬᠤᠷᠢᠶ᠎ᠠ ᠶᠢᠨ ᠵᠢᠭᠤᠯᠴᠢᠯᠠᠯ ᠤᠨ ᠣᠷᠣᠨ
ᠨᠡᠶᠢᠲᠡᠯᠡᠭᠰᠡᠨ ᠴᠠᠭ᠄
2022/11/4
           1731 ᠤᠨ ᠳᠤ ᠪᠠᠶᠢᠭᠤᠯᠤᠭᠳᠠᠭᠰᠠᠨ ᠬᠤᠯᠠᠳᠠᠬᠢᠨ ᠢ ᠲᠤᠬᠳᠠᠭᠠᠬᠴᠢ ᠬᠤᠷᠢᠶ᠎ᠠ ᠶᠢᠨ ᠬᠠᠭᠤᠴᠢᠨ ᠬᠤᠳᠠ ᠪᠤᠯ ᠬᠤᠰᠢᠭᠤᠨ ᠳᠡᠰ ᠤᠨ ᠭᠤᠤᠯᠳᠠᠯᠭ᠎ᠠ ᠲᠠᠢ ᠳᠡᠣᠭᠡ ᠶᠢᠨ ᠳᠣᠷᠠᠰᠬᠠᠯᠳᠣ ᠵᠦᠢᠯ ᠢ ᠬᠠᠮᠠᠭᠠᠯᠠᠬᠤ ᠨᠢᠭᠡᠴᠡ ᠮᠥᠨ᠂ ᠣᠣᠯ ᠤᠨ ᠬᠤᠯᠠᠳᠠᠬᠢᠨ ᠢ ᠲᠤᠬᠳᠠᠭᠠᠬᠴᠢ ᠬᠤᠷᠢᠶ᠎ᠠ ᠶᠢᠨ ᠪᠠᠷᠠᠭᠤᠨ ᠳᠠᠯ᠎ᠠ ᠳᠤ ᠪᠠᠶᠢᠷᠢᠰᠢᠵᠤ ᠪᠠᠶᠢᠵᠡᠢ᠃ ᠲᠡᠷᠡ ᠨᠢ ᠳᠠᠷᠦᠢ ᠴᠢᠩ ᠣᠯᠣᠰ ᠤᠨ ᠸᠠᠩ ᠨᠤᠶᠠᠨ᠂ ᠢᠵᠠᠭᠤᠷᠳᠠᠨ᠂ ᠱᠠᠰᠢᠨ ᠰᠣᠷᠳᠠᠬᠤᠨ ᠤ ᠬᠦᠮᠦᠰ ᠵᠡᠷᠭᠡ ᠳᠡᠭᠡᠳᠣ ᠳᠠᠪᠬᠤᠷᠭᠠᠳᠠᠨ ᠪᠠ ᠭᠡᠰᠡᠭ ᠳᠣᠮᠳᠠ ᠳᠣᠣᠷ᠎ᠠ ᠵᠡᠷᠭᠡ ᠶᠢᠨ ᠡᠩ ᠤᠨ ᠠᠷᠠᠳ ᠤᠨ ᠣᠷᠣᠨ ᠰᠠᠭᠤᠴᠠ ᠪᠤᠯᠤᠨ᠎ᠠ᠃ ᠬᠤᠯᠠᠳᠠᠬᠢᠨ ᠢ ᠲᠤᠬᠳᠠᠭᠠᠬᠴᠢ ᠬᠤᠷᠢᠶ᠎ᠠ ᠶᠢᠨ ᠬᠠᠭᠤᠴᠢᠨ ᠣᠷᠣᠨ ᠰᠠᠭᠤᠴᠠ ᠬᠢᠭᠡᠳ ᠪᠤᠶᠠᠨ ᠠᠷᠪᠢᠳᠬᠠᠭᠴᠢ ᠰᠦᠮ᠎ᠡ᠂ ᠸᠠᠩ ᠤᠨ ᠣᠷᠳᠣᠨ ᠵᠡᠷᠭᠡ ᠨᠢ ᠬᠤᠯᠠᠳᠠᠬᠢᠨ ᠢ ᠲᠤᠬᠳᠠᠭᠠᠬᠴᠢ ᠬᠤᠷᠢᠶ᠎ᠠ ᠶᠢᠨ ᠬᠠᠭᠤᠴᠢᠨ ᠬᠤᠳᠠ ᠳᠣᠳᠣᠷᠠᠬᠢ ᠡᠷᠳᠡᠨ ᠤ ᠪᠠᠷᠢᠯᠭ᠎ᠠ ᠶᠢᠨ ᠭᠤᠤᠯ ᠴᠣᠭᠴᠠ ᠪᠤᠯᠵᠤ᠂ ᠬᠤᠱᠣᠳ ᠮᠤᠩᠭᠤᠯᠴᠣᠳ ᠤᠨ ᠨᠡᠬᠦᠳᠡᠯ ᠮᠠᠯᠵᠢᠯ ᠠᠴᠠ ᠪᠠᠨ ᠳᠣᠭᠳᠠᠪᠣᠷᠢᠵᠢᠨ ᠰᠠᠭᠤᠷᠢᠰᠢᠭᠰᠠᠨ ᠤ ᠴᠢᠬᠤᠯᠠ ᠢᠯᠡᠷᠡᠯ ᠪᠤᠯᠤᠨ᠎ᠠ᠂ ᠮᠥᠨ ᠴᠦ ᠴᠢᠩ ᠣᠯᠣᠰ ᠤᠨ ᠦᠶ᠎ᠡ ᠶᠢᠨ ᠠᠯᠠᠱᠠ ᠶᠢᠨ ᠬᠠᠭᠤᠴᠢᠨ ᠬᠤᠳᠠ ᠶᠢᠨ ᠪᠠᠷᠢᠯᠭ᠎ᠠ ᠶᠢᠨ ᠨᠡᠶᠢᠳᠡᠯᠢᠭ ᠳᠠᠭᠤᠷᠶ᠋ᠶᠠᠯ ᠪᠤᠯᠵᠤ᠂ ᠳᠠᠣᠭᠡ᠂ ᠦᠨᠳᠦᠰᠦᠳᠡᠨ᠂ ᠱᠠᠰᠢᠨ ᠰᠣᠷᠳᠠᠬᠤᠨ ᠪᠠ ᠬᠠᠭᠤᠴᠢᠨ ᠬᠤᠳᠠ ᠶᠢᠨ ᠪᠠᠷᠢᠯᠭ᠎ᠠ ᠶᠢ ᠰᠣᠳᠣᠯᠬᠤ ᠳᠤ ᠨᠡᠯᠢᠶᠡᠳ ᠦᠨ᠎ᠡ ᠦᠷᠳᠡᠭ ᠲᠠᠢ᠃ ᠬᠤᠯᠠᠳᠠᠬᠢᠨ ᠢ ᠲᠤᠬᠳᠠᠭᠠᠬᠴᠢ ᠬᠤᠷᠢᠶ᠎ᠠ ᠶᠢᠨ ᠬᠠᠭᠤᠴᠢᠨ ᠰᠠᠭᠤᠴᠠ ᠶᠢᠨ ᠶᠠᠷᠤᠩᠭᠡᠢ ᠪᠠᠶᠢᠷᠢᠯᠡᠯ᠂ ᠭᠤᠤᠯ ᠪᠠᠷᠢᠯᠭ᠎ᠠ ᠶᠢᠨ ᠳᠦᠷᠰᠣ ᠭᠡᠯᠪᠡᠷᠢ ᠶᠢᠨ ᠣᠨᠴᠠᠯᠢᠭ ᠢ ᠬᠠᠮᠠᠭᠠᠯᠠᠬᠤ ᠨᠢ ᠦᠨᠳᠦᠰᠦᠳᠡᠨ ᠤ ᠰᠢᠯᠢᠳᠡᠭ ᠰᠣᠶᠣᠯ ᠢ ᠪᠠᠳᠠᠷᠠᠭᠤᠯᠣᠨ ᠮᠠᠨᠳᠣᠭᠤᠯᠬᠤ ᠳᠤ ᠳᠦᠯᠬᠢᠴᠠ ᠦᠢᠯᠡᠳᠦᠯ ᠦᠵᠡᠬᠦᠯᠬᠦ ᠪᠦᠭᠡᠳ ᠲᠡᠷᠡ ᠨᠢ ᠠᠯᠠᠱᠠ ᠶᠢᠨ ᠰᠣᠶᠣᠯ᠂ ᠠᠶᠠᠯᠠᠯ ᠵᠢᠭᠤᠯᠴᠢᠯᠠᠯ ᠤᠨ ᠦᠢᠯᠡᠰ ᠤᠨ ᠨᠢᠭᠡᠨ ᠭᠡᠷᠡᠯᠳᠣ ᠴᠢᠭ ᠪᠤᠯᠵᠡᠢ᠃ 2017 ᠣᠨ ᠳᠤ ᠣᠯᠣᠰ ᠤᠨ 4A ᠳᠡᠰ ᠤᠨ ᠠᠶᠠᠯᠠᠯ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号