ᠬᠦᠰᠡᠯᠡᠩᠳᠣ ᠡᠯᠡᠰᠣ ᠮᠠᠩᠬᠠᠨ ᠤ ᠮᠠᠰᠢᠨ ᠳᠡᠷᠭᠡ ᠰᠠᠨᠰᠠᠷ ᠤᠨ ᠠᠶᠠᠯᠠᠯ ᠤᠨ ᠴᠡᠴᠡᠷᠯᠢᠭ
ᠨᠡᠶᠢᠲᠡᠯᠡᠭᠰᠡᠨ ᠴᠠᠭ᠄
2022/11/4
       ᠠᠯᠠᠱᠠ ᠠᠶᠢᠮᠠᠭ ᠤᠨ ᠬᠦᠰᠡᠯᠡᠩᠳᠣ ᠬᠤᠪᠢᠴᠠᠭ᠎ᠠ ᠡᠵᠡᠮᠰᠢᠭᠰᠡᠨ ᠰᠣᠶᠣᠯ ᠤᠨ ᠬᠢᠵᠠᠭᠠᠷᠳᠣ ᠺᠣᠮᠫᠠᠨᠢ ᠨᠢ ᠣᠯᠣᠰ ᠤᠨ 5A ᠳᠡᠰ ᠤᠨ ᠵᠢᠭᠤᠯᠴᠢᠯᠠᠯ ᠤᠨ ᠦᠵᠡᠮᠵᠢᠳᠣ ᠣᠷᠣᠨ ᠤ ᠪᠠᠷᠢᠮᠵᠢᠶ᠎ᠠ ᠪᠠᠷ᠂ ᠳᠦᠯᠦᠪᠯᠡᠭᠡ ᠪᠠᠷ ᠨᠢᠰᠭᠡᠯ ᠤᠨ ᠦᠢᠯᠡᠳᠪᠦᠷᠢᠯᠡᠯ᠂ ᠨᠢᠰᠭᠡᠯ ᠤᠨ ᠮᠠᠲ᠋ᠧᠷᠢᠶᠠᠯ ᠢ ᠦᠢᠯᠡᠳᠪᠦᠷᠢᠯᠡᠬᠦ᠂ ᠠᠭᠠᠷ ᠠᠶᠠᠯᠠᠯ ᠤᠨ ᠪᠤᠯᠪᠠᠰᠣᠷᠠᠯ᠂ ᠠᠭᠠᠷ ᠠᠶᠠᠯᠠᠯ ᠤᠨ ᠳᠡᠭᠡᠭᠡᠪᠤᠷᠢᠯᠡᠯᠳᠡ ᠶᠢ ᠨᠡᠪᠳᠡᠷᠡᠬᠦᠯᠬᠦ ᠵᠡᠷᠭᠡ ᠨᠢᠭᠡ ᠴᠣᠭᠴᠠᠵᠢᠭᠰᠠᠨ᠂ ᠨᠡᠯᠢᠶᠡᠳ ᠭᠡᠪᠴᠢᠶᠡᠵᠢᠭᠰᠡᠨ ᠠᠭᠠᠷ ᠠᠶᠠᠯᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠤᠢ ᠪᠤᠯᠭᠠᠵᠤ᠂ ᠣᠯᠠᠨ ᠣᠯᠣᠰᠵᠢᠬᠰᠡᠨ ᠬᠠᠮᠤᠭ ᠦᠨᠳᠦᠷ ᠪᠠᠷᠢᠮᠵᠢᠶ᠎ᠠ ᠪᠠᠷ ᠠᠽᠢᠶ᠎ᠠ ᠶᠢᠨ ᠬᠠᠮᠤᠭ ᠶᠡᠭᠡ ᠣᠯᠠᠨ ᠣᠯᠣᠰᠵᠢᠭᠰᠠᠨ ᠰᠢᠨᠵᠢ ᠲᠠᠢ ᠠᠭᠠᠷ ᠠᠶᠠᠯᠠᠯ ᠤᠨ ᠭᠤᠤᠯ ᠰᠡᠳᠣᠪᠳᠣ ᠴᠡᠴᠡᠷᠯᠢᠭ ᠢ ᠪᠦᠳᠦᠭᠡᠨ ᠪᠠᠶᠢᠭᠤᠯᠵᠤ ᠪᠤᠢ᠃ ᠠᠯᠠᠱᠠ ᠶᠢᠨ ᠬᠦᠰᠡᠯᠡᠩᠳᠣ ᠡᠯᠡᠰᠣ ᠮᠠᠩᠬᠠᠨ ᠤ ᠮᠠᠰᠢᠨ ᠳᠡᠷᠭᠡ ᠰᠠᠨᠰᠠᠷ ᠤᠨ ᠠᠶᠠᠯᠠᠯ ᠤᠨ ᠴᠡᠴᠡᠷᠯᠢᠭ ᠢ ᠪᠦᠳᠦᠭᠡᠨ ᠪᠠᠶᠢᠭᠤᠯᠤᠭᠰᠠᠨ ᠤ ᠲᠠᠷᠠᠭ᠋ ᠎ᠠ ᠳᠣᠯᠣᠭᠠᠨ ᠶᠡᠭᠡ ᠡᠵᠡᠩᠨᠡᠯᠳᠡ ᠶᠢᠨ ᠭᠡᠰᠡᠭ ᠢᠶᠠᠷ ᠪᠦᠷᠢᠯᠳᠦᠨ᠎ᠡ᠂ ᠡᠬᠦᠨ ᠳᠤ ᠨᠢᠰᠭᠡᠯ ᠦᠢᠯᠡᠳᠪᠦᠷᠢᠯᠡᠬᠦ᠂ ᠠᠭᠠᠷ ᠠᠶᠠᠯᠠᠯ ᠤᠨ ᠮᠦᠽᠸᠢ ᠂ ᠨᠢᠰᠭᠡᠯ ᠤᠨ ᠳᠡᠭᠡᠳᠣ ᠰᠣᠷᠭᠠᠭᠤᠯᠢ᠂ FBO ᠰᠠᠭᠤᠷᠢᠨ ᠭᠠᠵᠠᠷ᠂ ᠨᠢᠰᠭᠡᠯ ᠢᠶᠠᠷ ᠵᠤᠭᠠᠴᠠᠬᠤ᠂ ᠪᠠᠶᠢᠰᠢᠩ ᠤᠨ ᠪᠠᠭᠤᠴᠠ ᠵᠢᠴᠢ ᠮᠣᠳᠣᠨ ᠭᠡᠷ ᠤᠨ ᠪᠠᠭᠤᠳᠠᠯ᠂ ᠪᠠᠰᠠ ᠦᠨᠳᠦᠰᠦᠳᠡᠨ ᠤ ᠣᠨᠴᠠᠯᠢᠭᠳᠣ ᠵᠡᠭᠡᠯᠢ ᠵᠡᠷᠭᠡ ᠪᠠᠷ ᠨᠢᠰᠭᠡᠯ ᠦᠢᠯᠡᠳᠪᠦᠷᠢᠯᠡᠬᠦ᠂ ᠬᠠᠮᠠᠭᠠᠯᠠᠬᠤ᠂ ᠪᠤᠯᠪᠠᠰᠣᠷᠠᠯᠳᠠ᠂ ᠵᠤᠭ᠎ᠠ ᠴᠡᠩᠭᠡᠯ ᠵᠡᠷᠭᠡ ᠶᠢ ᠳᠣᠭᠳᠠᠭᠰᠠᠨ ᠴᠠᠭ ᠲᠤ ᠪᠦᠬᠦ ᠳᠡᠯᠡᠭᠡᠢ ᠶᠢᠨ ᠴᠢᠨᠠᠷᠳᠠᠢ ᠬᠠᠮᠤᠭ ᠶᠡᠭᠡ ᠠᠭᠠᠷ ᠠᠶᠠᠯᠠᠯ ᠤᠨ ᠪᠡᠶ᠎ᠡ ᠶᠢᠨ ᠳᠠᠮᠢᠷ᠂ ᠰᠣᠶᠣᠯ ᠤᠨ ᠠᠵᠢᠯᠯᠠᠭ᠎ᠠ ᠶᠢ ᠶᠠᠪᠤᠭᠳᠠᠭᠤᠯᠵᠣ᠂ ᠣᠯᠠᠨ ᠣᠯᠣᠰ ᠤᠨ ᠶᠡᠷᠤᠩᠭᠡᠶᠢᠯᠡᠭᠰᠡᠨ ᠠᠭᠠᠷ ᠮᠠᠨᠳᠠᠯ ᠤᠨ ᠰᠣᠶᠣᠯ ᠵᠢᠭᠤᠯᠴᠢᠯᠠᠯ ᠤᠨ ᠨᠡᠷᠡᠳᠣ ᠳᠡᠮᠳᠡᠭ ᠢ ᠪᠠᠶᠢᠭᠤᠯᠬᠤ ᠪᠤᠯᠤᠨ᠎ᠠ᠃ 2017 ᠣᠨ ᠳᠤ ᠣᠯᠣᠰ ᠤᠨ 4A ᠳᠡᠰ ᠤᠨ ᠠᠶᠠᠯᠠᠯ ᠵᠢᠭᠤᠯᠴᠢᠯᠠᠯ ‍ᠤᠨ‌ᠦᠵᠡᠮᠵᠢ ᠶᠢᠨ ᠣᠷᠣᠨ ᠪᠣᠯᠪᠡ᠃  
     
 
ᠢᠷᠡᠯᠲᠡ᠄ ᠥᠩ ᠥᠷᠭᠡᠨ ᠠᠯᠠᠱᠠ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号