ᠬᠠᠯᠳᠠᠷ ᠨᠠᠭᠤᠷ ᠤᠨ ᠡᠯᠡᠰᠣ ᠮᠠᠩᠬᠠᠨ ᠤ ᠠᠮᠢ ᠠᠬᠤᠢ ᠶᠢᠨ ᠵᠢᠭᠤᠯᠴᠢᠯᠠᠯ ᠤᠨ ᠣᠷᠣᠨ
ᠨᠡᠶᠢᠲᠡᠯᠡᠭᠰᠡᠨ ᠴᠠᠭ᠄
2022/11/4
         ᠬᠠᠯᠳᠠᠷ ᠨᠠᠭᠤᠷ ᠨᠢ ᠳᠡᠭᠷᠢ ᠡᠯᠡᠰᠣᠨ ᠤ ᠦᠷᠦᠴᠡᠨ ᠳᠤ ᠪᠠᠶᠢᠷᠢᠰᠢᠵᠤ᠂ ᠪᠠᠶᠠᠨᠬᠤᠳᠠ ᠠᠴᠠ 84  ᠺᠢᠯᠤᠮᠧᠲᠷ ᠵᠠᠶᠢᠳᠠᠢ᠂ ᠳᠣᠮᠳᠠᠳᠣ ᠣᠯᠣᠰ ᠤᠨ ᠨᠢᠭᠡᠳᠦᠭᠡᠷ ︽ᠠᠮᠢ ᠠᠬᠤᠢ ᠶᠢᠨ ᠠᠶᠠᠯᠠᠯ ᠵᠢᠭᠤᠯᠴᠢᠯᠠᠯ ᠪᠠ ᠣᠷᠴᠢᠨ ᠳᠣᠭᠤᠷᠢᠨ ᠤ ᠰᠣᠷᠭᠠᠨ ᠬᠦᠮᠦᠵᠢᠯ︾ ᠢᠶᠠᠷ ᠰᠡᠳᠦᠪᠯᠡᠭᠰᠡᠨ ᠡᠯᠡᠰᠣ ᠮᠠᠩᠬᠠᠨ ᠤ ᠪᠠᠷᠳᠠᠭ᠎ᠠ ᠰᠢᠨᠵᠢᠯᠡᠭᠡ ᠶᠢᠨ ᠣᠷᠣᠨ ᠪᠣᠯᠵᠡᠢ᠃ 2005 ᠣᠨ ᠳᠤ ᠣᠯᠣᠰ ᠤᠨ 4A ᠳᠡᠰ ᠤᠨ ᠠᠶᠠᠯᠠᠯ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠪᠡ᠃ ᠬᠠᠯᠳᠠᠷ ᠨᠠᠭᠤᠷ ᠨᠢ ᠬᠠᠴᠢᠨ ᠭᠠᠶᠢᠬᠠᠯᠳᠠᠢ ᠨᠠᠭᠤᠷ ᠪᠠᠶᠢᠵᠤ᠂ ᠳᠦᠷᠪᠡᠨ ᠳᠠᠯ᠎ᠠ ᠪᠠᠷ ᠨᠢ ᠡᠯᠡᠰᠣ ᠮᠠᠩᠬ᠎ᠠ ᠬᠦᠷᠢᠶᠡᠯᠡᠭᠰᠡᠨ ᠡᠨᠡ ᠬᠦ ᠨᠠᠭᠤᠷ ᠤᠨ ᠣᠰᠣᠨ ᠤ ᠳᠠᠯᠠᠪᠡᠢ ᠨᠢ 4.5 ᠳᠡᠭᠰᠢ ᠳᠦᠷᠪᠡᠯᠵᠢᠨ ᠺᠢᠯᠤᠮᠧᠲᠷ᠂ ᠬᠦᠨ ᠨᠢ 2-4  ᠮᠧᠲᠷ ᠪᠠᠶᠢᠵᠤ᠂ ᠨᠣᠮᠢᠨ ᠳᠣᠯᠬᠢᠶᠠᠨ ᠬᠠᠶᠠᠯᠠᠨ ᠬᠤᠯᠣᠰᠣ ᠨᠠᠶᠢᠭᠤᠯᠵᠠᠨ᠂ ᠨᠣᠭᠤᠰᠣ ᠰᠢᠪᠠᠭᠤ ᠴᠢᠯᠦᠭᠡᠳᠡᠢ ᠱᠣᠩᠪᠠᠨ᠎ᠠ᠃ ᠨᠠᠭᠤᠷ ᠤᠨ ᠬᠦᠪᠡᠭᠡ ᠪᠠᠷ ᠬᠢ ᠭᠡᠭᠡᠨᠴᠢᠷ ᠭᠤᠶᠤᠮᠰᠤᠭ ᠮᠤᠩᠭᠤᠯ ᠭᠡᠷ᠂ ᠣᠷᠣᠰ ᠮᠠᠶ᠋ᠢᠭ ᠤᠨ ᠠᠮᠠᠷᠠᠯᠳᠠ ᠶᠢᠨ ᠭᠠᠵᠠᠷ ᠲᠠᠢ᠂ ᠦᠢᠯᠡᠴᠢᠯᠡᠬᠦ ᠴᠢᠳᠠᠪᠤᠷᠢ ᠪᠠᠷ ᠪᠦᠷᠢᠨ ᠳᠡᠬᠦᠯᠳᠡᠷ᠂ ᠳᠦᠷᠦᠯ ᠵᠦᠢᠯ ᠢᠶᠠᠷ ᠠᠷᠪᠢᠨ᠃ ᠭᠤᠤᠯ ᠵᠤᠭᠠᠴᠠᠵᠤ ᠨᠠᠭᠠᠳᠬᠤ ᠵᠦᠢᠯ ᠭᠡᠪᠡᠯ ᠮᠠᠰᠢᠨ ᠳᠡᠷᠭᠡ ᠪᠠᠷ ᠡᠯᠡᠰᠣ ᠳᠣᠭᠤᠯᠬᠤ᠂ ᠡᠯᠡᠰᠣᠨ ᠣᠷᠭᠤᠮᠠᠯ ᠰᠣᠨᠢᠷᠬᠠᠬᠤ᠂ ᠱᠣᠩᠭᠤᠯ ᠣᠩᠭᠤᠴᠠ᠂ ᠡᠯᠡᠰᠣᠨ ᠣᠬᠢᠶᠠᠯᠭ᠎ᠠ᠂ ᠮᠤᠩᠭᠤᠯ ᠦᠨᠳᠦᠰᠦᠳᠡᠨ ᠤ ᠵᠠᠩ ᠵᠠᠩᠰᠢᠯ᠂ ᠳᠡᠮᠡᠭᠡ ᠮᠣᠷᠢ ᠣᠨᠣᠬᠤ᠂ ᠦᠨᠳᠦᠰᠦᠳᠡᠨ ᠤ ᠢᠳᠡᠭᠡᠨ ᠣᠮᠳᠠᠭᠠᠨ ᠢ ᠠᠮᠳᠠᠯᠠᠬᠤ ᠵᠡᠷᠭᠡ ᠪᠤᠢ᠃ ᠣᠳᠣ ᠨᠢᠭᠡᠨᠳᠡ ᠦᠪᠦᠷ ᠮᠤᠩᠭᠤᠯ ᠤᠨ ᠪᠠᠷᠠᠭᠤᠨ ᠭᠡᠰᠡᠭ ᠲᠠᠬᠢ ᠬᠠᠮᠤᠭ ᠳᠣᠪᠤᠶᠢᠮ᠎ᠠ ᠣᠨᠴᠠᠯᠢᠭ ᠲᠠᠢ᠂ ᠳᠠᠳᠠᠬᠤ ᠬᠦᠴᠦᠨ ᠢᠶᠠᠷ ᠶᠡᠭᠡ ᠡᠯᠡᠰᠣ ᠮᠠᠩᠬᠠᠨ ᠤ ᠪᠠᠷᠳᠠᠭᠠᠳᠣ ᠠᠶᠠᠯᠠᠯ ᠵᠢᠭᠤᠯᠴᠢᠯᠠᠯ ᠤᠨ ᠰᠠᠭᠤᠷᠢᠨ ᠭᠠᠵᠠᠷ ᠪᠤᠯᠵᠡᠢ᠃
 
ᠢᠷᠡᠯᠲᠡ᠄ ᠥᠩ ᠥᠷᠭᠡᠨ ᠠᠯᠠᠱᠠ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号