ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠡᠯᠪᠡᠭ ᠪᠠᠶᠠᠯᠢᠭ ᠠᠭᠤᠯᠤᠭᠳᠠᠬᠤᠨ ᠢ ᠵᠥᠪ ᠡᠵᠡᠮᠰᠢᠶ᠎ᠡ
ᠨᠡᠶᠢᠲᠡᠯᠡᠭᠰᠡᠨ ᠴᠠᠭ᠄
2022/2/16
           ᠦ᠋ ᠢ ᠴᠢᠶᠦ᠋ᠨ      ᠡᠨᠡ ᠵᠢᠯ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠥᠭᠡᠷᠡᠴᠢᠯᠡᠯᠲᠡ ᠨᠡᠭᠡᠭᠡᠯᠲᠡ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠮᠠᠨ ᠤ ᠨᠠᠮ ᠤᠨ ᠦᠨᠳᠦᠰᠦᠲᠡᠨ ᠤ ᠠᠰᠠᠭᠤᠳᠠᠯ ᠢ ᠡᠵᠡᠮᠳᠡᠵᠦ᠂ ᠦᠨᠳᠦᠰᠦᠲᠡᠨ ᠤ ᠠᠵᠢᠯ ᠢ ᠰᠠᠶᠢᠲᠤᠷ ᠬᠢᠭᠰᠡᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠪᠡ᠃ ᠡᠭᠦᠨ ᠤ ᠬᠠᠮᠲᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠰᠢᠨ᠎ᠡ ᠱᠠᠭᠠᠷᠳᠠᠯᠭ᠎ᠠ ᠳᠤᠷᠠᠳᠴᠤ᠂ ᠣᠨᠴᠠᠭᠠᠶᠢᠯᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠮᠠᠷᠺᠰ ᠤᠨ ᠦᠵᠡᠯ ᠤᠨ ᠦᠨᠳᠦᠰᠦᠲᠡᠨ ᠤ ᠦᠵᠡᠯᠲᠡ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠨᠤᠯ ᠤᠨ ᠰᠠᠭᠤᠷᠢ ᠮᠥᠨ᠃ ᠮᠠᠷᠺᠰ ᠪᠣᠯᠣᠨ ᠡᠩᠭᠧᠯᠰ ᠵᠣᠬᠢᠶᠠᠯ ᠳᠠᠭᠠᠨ ᠦᠨᠳᠦᠰᠦᠲᠡᠨ ᠤ ᠢᠪᠴᠤᠤ ᠦᠵᠡᠯ ᠢ ᠡᠰᠡᠷᠭᠦᠴᠡᠵᠦ᠂ ᠦᠨᠳᠦᠰᠦᠲᠡᠨ ᠨᠦᠭᠦᠳ ᠴᠥᠮ ᠡᠷᠬᠡ ᠲᠡᠭᠰᠢ ᠪᠠᠶᠢᠬᠤ ᠶᠢ ᠰᠠᠨᠠᠭᠠᠴᠢᠯᠠᠭᠰᠠᠨ ᠪᠥᠭᠡᠳ ᠦᠨᠳᠦᠰᠦᠲᠡᠨ ᠤ ᠠᠰᠠᠭᠤᠳᠠᠯ ᠢ ᠦᠭᠡᠶᠢᠭᠦᠦ ᠠᠩᠭᠢ ᠶᠢᠨ ᠬᠤᠪᠢᠰᠬᠠᠯᠲᠤ ᠦᠢᠯᠡᠰ ᠲᠠᠢ ᠤᠶᠠᠯᠳᠤᠭᠤᠯᠵᠤ᠂ ᠦᠭᠡᠶᠢᠭᠦᠦ ᠠᠩᠭᠢ ᠡᠴᠦᠰ ᠲᠡᠭᠡᠨ ᠥᠪᠡᠷ ᠢ ᠪᠠᠨ ᠴᠢᠯᠦᠭᠡᠯᠡᠬᠦ ᠪᠠ ᠪᠦᠭᠦ ᠬᠥᠮᠥᠨ ᠲᠥᠷᠥᠯᠬᠢᠲᠡᠨ ᠤ ᠴᠢᠯᠦᠭᠡᠯᠡᠯᠲᠡ ᠶᠢ ᠪᠡᠶᠡᠯᠡᠭᠦᠯᠬᠦ ᠳᠤ ᠦᠨᠳᠦᠰᠦᠲᠡᠨ ᠨᠦᠭᠦᠳ ᠤᠨ ᠬᠤᠯᠪᠣᠭᠠᠯᠠᠯ ᠨᠢᠭᠡᠳᠦᠯ ᠢᠶᠠᠷ ᠦᠨᠳᠦᠰᠦᠨ ᠨᠥᠬᠦᠴᠡᠯ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃      ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠠᠬᠢ ︽ᠶᠡᠭᠡ ᠨᠢᠭᠡᠳᠦᠯ︾᠎ ᠤᠨ ᠨᠡᠶᠢᠭᠡᠮ ᠤᠨ ᠵᠠᠰᠠᠯᠲᠠ ᠶᠢᠨ ᠵᠠᠭᠪᠤᠷ ᠪᠣᠯᠣᠨ ︽ᠡᠪ ᠨᠠᠶᠢᠷᠠᠮᠳᠠᠯ︾᠎ ᠤᠨ ᠦᠵᠡᠯ ᠰᠠᠨᠠᠭ᠎ᠠ ᠵᠡᠷᠭᠡ ᠥᠭᠦᠯᠡᠯᠲᠡ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠣᠶᠣᠯ ᠤᠨ ᠰᠠᠭᠤᠷᠢ ᠮᠥᠨ᠃ ᠳᠤᠮᠳᠠᠳᠤ ᠤᠯᠤᠰ ᠤᠨ ᠲᠡᠦᠬᠡ ᠶᠢ ᠡᠷᠭᠢᠴᠡᠭᠦᠯᠪᠡᠯ᠂ ︽ᠶᠡᠭᠡ ᠨᠢᠭᠡᠳᠦᠯ︾᠎ ᠨᠢ ᠳᠤᠮᠳᠠᠳᠤ ᠤᠯᠤᠰ ᠤᠨ ᠡᠷᠲᠡᠨ ᠤ ᠤᠯᠤᠰ ᠲᠦᠷᠦ ᠦᠵᠡᠯ ᠰᠠᠨᠠᠭᠠᠨ ᠤ ᠰᠢᠰᠲ᠋ᠧᠮ ᠳᠤ ᠲᠤᠭᠤᠰᠢᠯᠠᠭᠳᠠᠵᠤ᠂ ᠤᠳᠤ ᠦᠶ᠎ᠡ ᠶᠢᠨ ᠳᠤᠮᠳᠠᠳᠤ ᠤᠯᠤᠰ ᠤᠨ ᠬᠢᠯᠢ ᠬᠢᠵᠠᠭᠠᠷ ᠤᠨ ᠪᠠᠶᠢᠷᠢᠰᠢᠯ ᠪᠣᠯᠣᠨ ᠤᠯᠠᠨ ᠦᠨᠳᠦᠰᠦᠲᠡᠨ ᠤ ᠵᠠᠰᠠᠯᠲᠠ ᠶᠢᠨ ᠵᠠᠭᠪᠤᠷ ᠢ ᠲᠣᠭᠲᠠᠭᠠᠪᠠ᠃ ᠡᠭᠦᠨ ᠤ ᠬᠠᠮᠲᠤ᠂ ᠳᠤᠮᠳᠠᠳᠤ ᠤᠯᠤᠰ ᠤᠨ ᠡᠷᠲᠡᠨ ᠤ ᠦᠶ᠎ᠡ ᠶᠢᠨ ᠬᠦᠰᠡᠯᠡᠩᠲᠦ ᠨᠡᠶᠢᠭᠡᠮ ᠲᠤᠬᠠᠶᠢᠯᠠᠪᠠᠯ ︽ᠡᠪ ᠨᠠᠶᠢᠷᠠᠮᠳᠠᠯ︾᠎ ᠤᠨ ᠨᠡᠶᠢᠭᠡᠮ ᠤᠨ ᠲᠤᠬᠠᠢ ᠦᠵᠡᠯ ᠰᠠᠨᠠᠭ᠎ᠠ ᠨᠢ ᠥᠨᠢ ᠤᠳᠠᠭᠠᠨ ᠲᠡᠦᠬᠡ ᠲᠠᠢ ᠶᠤᠮ᠃ ︽ᠡᠪ ᠨᠠᠶᠢᠷᠠᠮᠳᠠᠯ︾᠎ ᠤᠨ ᠨᠡᠶᠢᠭᠡᠮ ᠳᠤ᠂ ᠳᠡᠯᠡᠬᠡᠢ ᠳ᠋ᠠᠬᠢᠨ ᠢᠶᠠᠷ ᠢᠶᠠᠨ ᠨᠢᠭᠡ ᠭᠡᠷ ᠪᠦᠯᠢ ᠪᠣᠯᠵᠤ᠂ ᠬᠥᠮᠥᠨ ᠬᠥᠮᠥᠨ ᠤ ᠬᠤᠭᠤᠷᠣᠨᠳᠤ ᠦᠨᠡᠨᠴᠢ ᠢᠲᠡᠭᠡᠮᠵᠢᠲᠡᠢ ᠡᠶ᠎ᠡ ᠨᠠᠶᠢᠷᠲᠠᠢ ᠪᠠᠶᠢᠵᠤ᠂ ᠬᠠᠷᠢᠯᠴᠠᠨ ᠲᠡᠳᠬᠦᠨ ᠳᠡᠮᠵᠢᠳᠡᠭ᠃ ᠡᠭᠦᠨ ᠳᠤ ᠬᠥᠮᠥᠨ ᠬᠥᠮᠥᠨ ᠤ ᠬᠤᠭᠤᠷᠣᠨᠳᠣᠭᠢ ᠡᠶ᠎ᠡ ᠵᠣᠬᠢᠴᠠᠯ ᠲᠠᠢ ᠬᠠᠷᠢᠴᠠᠭ᠎ᠠ᠂ ᠪᠦᠷᠢᠨ ᠲᠡᠭᠦᠯᠳᠡᠷ ᠨᠡᠶᠢᠭᠡᠮ ᠤᠨ ᠪᠠᠲᠤᠯᠠᠭ᠎ᠠ ᠂ ᠡᠶ᠎ᠡ ᠨᠠᠶᠢᠷᠲᠠᠢ ᠪᠠᠷ ᠬᠠᠮᠲᠤ ᠣᠷᠣᠰᠢᠬᠤ ᠪᠠ ᠬᠠᠮᠲᠤ ᠪᠠᠷ ᠲᠠᠪᠰᠢᠬᠤ ᠶᠢᠨ ᠠᠭᠤᠯᠤᠭᠳᠠᠬᠤᠨ ᠠᠭᠤᠯᠤᠭᠳᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠯᠤᠭ᠎ᠠ ᠦᠷᠳᠡᠭ ᠤᠨ ᠬᠠᠮᠲᠤ ᠶᠢᠨ ᠲᠠᠨᠢᠯᠲᠠ ᠲᠠᠢ ᠪᠠᠶᠢᠳᠠᠭ      ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠤᠷᠰᠢᠬᠢ ᠦᠨᠳᠦᠰᠦᠲᠡᠨ ᠤ ᠵᠠᠰᠠᠯᠲᠠ ᠶᠢᠨ ᠲᠤᠷᠰᠢᠯᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃ ᠰᠢᠨ᠎ᠡ ᠳᠤᠮᠳᠠᠳᠤ ᠤᠯᠤᠰ ᠤᠨ ᠪᠠᠶᠢᠭᠤᠯᠤᠭᠳᠠᠭᠰᠠᠨ ᠨᠢ ᠬᠠᠭᠤᠴᠢᠨ ᠳᠤᠮᠳᠠᠳᠤ ᠤᠯᠤᠰ ᠤᠨ ᠲᠠᠷᠠᠬᠠᠢ ᠪᠤᠲᠠᠷᠬᠠᠢ ᠪᠠᠶᠢᠳᠠᠯ ᠢ ᠲᠤᠶᠢᠯᠪᠤᠷᠢᠲᠠᠢ ᠡᠴᠦᠰᠯᠡᠭᠦᠯᠵᠦ᠂ ᠦᠨᠳᠦᠰᠦᠲᠡᠨ ᠨᠦᠭᠦᠳ ᠤᠨ ᠤᠷᠢᠳᠤ ᠡᠮᠦᠨ᠎ᠡ ᠪᠠᠶᠢᠭ᠎ᠠ ᠦᠭᠡᠢ ᠪᠦᠯᠬᠦᠮᠳᠡᠯ ᠢ ᠪᠡᠶᠡᠯᠡᠭᠦᠯᠵᠦ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠨᠢᠭᠡᠨ ᠦᠨᠳᠦᠰᠦᠨ ᠤᠯᠤᠰ ᠲᠦᠷᠦ ᠶᠢᠨ ᠪᠠᠶᠢᠭᠤᠯᠤᠯ ᠪᠣᠯᠭᠠᠨ ᠦᠨᠳᠦᠰᠦᠨ ᠬᠠᠤᠯᠢ ᠳᠤ ᠪᠢᠴᠢᠵᠦ ᠣᠷᠣᠭᠤᠯᠪᠠ᠃ ᠥᠭᠡᠷᠡᠴᠢᠯᠡᠯᠲᠡ ᠨᠡᠭᠡᠭᠡᠯᠲᠡ ᠠᠴᠠ ᠨᠠᠭᠠᠰᠢ᠂ ᠮᠠᠨ ᠤ ᠨᠠᠮ ᠠᠯᠢ ᠣᠯᠠᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠮᠠᠨ ᠤ ᠤᠯᠤᠰ ᠤᠨ ᠡᠯ᠎ᠡ ᠦᠨᠳᠦᠰᠦᠲᠡᠨ ᠤ ᠳᠦᠷᠰᠦ ᠪᠠᠶᠢᠳᠠᠯ᠂ ᠦᠨᠳᠦᠰᠦᠲᠡᠨ ᠤ ᠣᠷᠣᠨ ᠤ ᠳᠦᠷᠰᠦ ᠪᠠᠶᠢᠳᠠᠯ᠂ ᠦᠨᠳᠦᠰᠦᠲᠡᠨ ᠤ ᠬᠠᠷᠢᠴᠠᠭᠠᠨ ᠤ ᠳᠦᠷᠰᠦ ᠪᠠᠶᠢᠳᠠᠯ ᠳᠤ ᠲᠡᠦᠬᠡᠲᠦ ᠴᠢᠨᠠᠷᠲᠠᠢ ᠬᠤᠪᠢᠷᠠᠯᠲᠠ ᠭᠠᠷᠭᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠨᠠᠮ ᠤᠨ ᠦᠨᠳᠦᠰᠦᠲᠡᠨ ᠤ ᠤᠨᠤᠯ ᠪᠣᠯᠣᠨ ᠲᠦᠷᠦ ᠶᠢᠨ ᠪᠣᠳᠣᠯᠭ᠎ᠠ ᠶᠢ ᠤᠯᠠᠮᠵᠢᠯᠠᠨ ᠵᠠᠯᠭᠠᠮᠵᠢᠯᠠᠬᠤ ᠶᠢᠨ ᠬᠠᠮᠲᠤ ᠴᠠᠭ ᠦᠶ᠎ᠡ ᠶᠢ ᠲᠠᠭᠠᠨ ᠪᠦᠭᠦ ᠲᠠᠯ᠎ᠠ ᠪᠠᠷ ᠤᠷᠤᠭᠰᠢᠯᠠᠵᠤ᠂ ᠦᠨᠳᠦᠰᠦᠲᠡᠨ ᠤ ᠠᠵᠢᠯ ᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠥᠨᠳᠥᠷᠴᠡ ᠳᠤ ᠲᠠᠯᠪᠢᠵᠤ ᠪᠦᠲᠦᠭᠡᠯᠴᠢ ᠴᠢᠨᠠᠷᠲᠠᠢ ᠪᠠᠷ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾᠎ ᠶᠢ ᠳᠤᠷᠠᠳᠴᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃      ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠳᠡᠪᠬᠢᠲᠡᠢ ᠬᠥᠮᠥᠵᠢᠭᠦᠯᠬᠦ︾᠎ ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾᠎ ᠶᠢ ᠳᠤᠷᠠᠳᠤᠭᠰᠠᠨ ᠶᠠᠪᠤᠳᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠮᠠᠷᠺᠰ ᠤᠨ ᠦᠵᠡᠯ ᠤᠨ ᠪᠣᠳᠠᠰᠴᠢ ᠲᠡᠦᠬᠡ ᠶᠢᠨ ᠦᠵᠡᠯᠲᠡ ᠪᠠ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠥᠨᠳᠥᠷᠴᠡ ᠠᠴᠠ ᠣᠳᠣᠬᠠᠨ ᠤ ᠦᠨᠳᠦᠰᠦᠲᠡᠨ ᠤ ᠬᠠᠷᠢᠴᠠᠭ᠎ᠠ ᠶᠢᠨ ᠬᠥᠭᠵᠢᠯᠲᠡ ᠶᠢᠨ ᠣᠳᠣᠬᠢ ᠪᠠᠶᠢᠳᠠᠯ ᠢ ᠭᠦᠨᠵᠡᠭᠡᠢ ᠬᠢᠨᠠᠨ ᠦᠵᠡᠵᠦ᠂ ᠮᠠᠷᠺᠰ ᠤᠨ ᠦᠵᠡᠯ ᠤᠨ ᠦᠨᠳᠦᠰᠦᠲᠡᠨ ᠤ ᠦᠵᠡᠯᠲᠡ ᠶᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠪᠠᠶᠠᠯᠢᠭᠵᠢᠭᠤᠯᠵᠤ ᠬᠥᠭᠵᠢᠭᠦᠯᠦᠭᠰᠡᠨ ᠢ ᠦᠵᠡᠵᠦ ᠭᠠᠷᠴᠤ ᠪᠣᠯᠣᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠳᠠᠷᠤᠢ ᠦᠨᠳᠦᠰᠦᠲᠡᠨ ᠨᠦᠭᠦᠳ ᠤᠨ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ ᠪᠠᠶᠢᠬᠤ ᠶᠢ ᠬᠠᠮᠠᠭᠠᠯᠠᠵᠤ᠂ ᠳᠤᠮᠳᠠᠳᠤ ᠶᠢᠨ ᠰᠣᠶᠣᠯ ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠴᠢᠷᠮᠠᠶᠢᠨ ᠲᠡᠮᠡᠴᠡᠬᠦ ᠶᠠᠪᠤᠳᠠᠯ ᠪᠣᠯᠣᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠳᠠᠷᠤᠢ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠢᠴᠢᠭᠦᠷᠢ ᠭᠤᠲᠤᠮᠰᠢᠭ ᠢᠶᠠᠨ ᠬᠠᠮᠲᠤᠳᠬᠠᠬᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠭᠡᠭᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠤᠯᠭᠠᠬᠤ ᠶᠠᠪᠤᠳᠠᠯ ᠪᠣᠯᠣᠨ᠎ᠠ᠃      ᠦᠢᠯᠡᠳᠦᠯᠭᠡ ᠶᠢᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠠᠭᠠᠨ᠂ ᠥᠪᠡᠷᠮᠢᠴᠡ ᠦᠨᠳᠦᠰᠦᠲᠡᠨ ᠤ ᠰᠣᠶᠣᠯ ᠤᠨ ᠲᠡᠮᠳᠡᠭ ᠢ ᠪᠤᠢ ᠪᠤᠯᠭᠠᠬᠤ ᠪᠠᠷ ᠳᠠᠮᠵᠢᠭᠤᠯᠤᠨ ᠰᠣᠶᠣᠯ ᠤᠨ ᠬᠠᠮᠲᠤ ᠶᠢᠨ ᠲᠠᠨᠢᠯᠲᠠ ᠶᠢ ᠨᠡᠮᠡᠭᠳᠡᠭᠦᠯᠵᠦ ᠪᠣᠯᠣᠨ᠎ᠠ᠃ ᠨᠢᠭᠡ ᠲᠠᠯ᠎ᠠ ᠪᠠᠷ᠂ ᠰᠣᠶᠣᠯ ᠨᠢ ᠲᠡᠮᠳᠡᠭ ᠪᠠ ᠳᠦᠷᠢ ᠲᠥᠷᠬᠦ ᠶᠢᠨ ᠬᠡᠷᠡᠭᠯᠡᠯᠲᠡ ᠳᠤ ᠲᠦᠰᠢᠭᠯᠡᠵᠦ ᠰᠤᠷᠴᠤ ᠡᠵᠡᠮᠰᠢᠬᠦ ᠪᠠ ᠤᠯᠠᠮᠵᠢᠯᠠᠭᠳᠠᠨ᠎ᠠ᠂ ᠡᠶᠢᠮᠦ ᠠᠴᠠ᠂ ᠪᠢᠳᠡ ᠬᠠᠮᠲᠤ ᠶᠢᠨ ᠲᠠᠨᠢᠯᠲᠠ ᠶᠢᠨ ᠴᠢᠨᠠᠷᠲᠠᠢ ᠳᠤᠮᠳᠠᠳᠤ ᠶᠢᠨ ᠰᠣᠶᠣᠯ ᠤᠨ ᠲᠡᠮᠳᠡᠭ ᠢ ᠲᠠᠰᠤᠷᠠᠯᠳᠠ ᠦᠭᠡᠢ ᠪᠤᠯᠪᠠᠰᠤᠷᠠᠭᠤᠯᠵᠤ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠱᠤᠭᠤᠬᠤ ᠬᠡᠷᠡᠭᠲᠡᠢ᠃ ᠵᠢᠱᠢᠶᠡᠯᠡᠪᠡᠯ᠂ ᠲᠦᠮᠡᠨ ᠭᠠᠵᠠᠷ ᠤᠨ ᠣᠷᠳᠣ ᠴᠠᠭᠠᠨ ᠬᠡᠷᠡᠮ᠂ ᠳᠤᠮᠳᠠᠳᠤ ᠤᠯᠤᠰ ᠤᠨ ᠵᠡᠪᠰᠡᠭ ᠤᠨ ᠡᠷᠳᠡᠮ ᠵᠡᠷᠭᠡ ᠪᠠᠷ ᠲᠥᠯᠥᠭᠡᠯᠡᠭᠦᠯᠦᠭᠰᠡᠨ ᠳᠤᠮᠳᠠᠳᠤ ᠶᠢᠨ ᠰᠣᠶᠣᠯ ᠤᠨ ᠥᠪ᠂ ᠬᠥᠬᠡ ᠬᠤᠸᠠᠷᠲᠤ ᠱᠠᠭᠠᠵᠠᠩ᠂ ᠳᠤᠮᠳᠠᠳᠤ ᠶᠢᠨ ᠵᠠᠩᠭᠢᠶ᠎ᠠ᠂ ᠡᠷᠲᠡᠨ ᠤ ᠬᠡᠪ ᠨᠠᠮᠪᠠ ᠲᠠᠢ ᠬᠤᠪᠴᠠᠰᠤ ᠵᠠᠰᠠᠯ ᠢᠶᠠᠷ ᠲᠥᠯᠥᠭᠡᠯᠡᠭᠦᠯᠦᠭᠰᠡᠨ ᠳᠤᠮᠳᠠᠳᠤ ᠶᠢᠨ ᠭᠤᠸ᠎ᠠ ᠲᠠᠭᠠᠰᠢᠶᠠᠯ ᠤᠨ ᠳᠤᠷ᠎ᠠ ᠰᠣᠨᠢᠷᠬᠠᠯ᠂ 5G ᠪᠠ ︽ᠢᠨᠲ᠋ᠧᠷ ᠰᠦᠯᠵᠢᠶ᠎ᠡ +︾᠎ ᠪᠠᠷ ᠲᠥᠯᠥᠭᠡᠯᠡᠭᠦᠯᠦᠭᠰᠡᠨ ᠣᠲᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠪᠣᠯ ᠴᠥᠮ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢᠨ ᠢᠯᠡᠷᠡᠯ ᠪᠠ ᠳᠤᠮᠳᠠᠳᠤ ᠶᠢᠨ ᠰᠣᠶᠣᠯ ᠤᠨ ᠢᠯᠡᠷᠬᠡᠶᠢᠯᠡᠯ ᠮᠥᠨ᠃ ᠨᠦᠭᠦᠭᠡ ᠲᠠᠯ᠎ᠠ ᠪᠠᠷ᠂ ᠦᠨᠳᠦᠰᠦᠲᠡᠨ ᠨᠦᠭᠦᠳ ᠤᠨ ᠰᠣᠶᠣᠯ ᠤᠨ ᠥᠪᠡᠷᠮᠢᠴᠡ ᠴᠢᠨᠠᠷ ᠢ ᠭᠦᠨᠳᠦᠳᠭᠡᠵᠦ᠂ ᠦᠨᠳᠦᠰᠦᠲᠡᠨ ᠨᠦᠭᠦᠳ ᠤᠨ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ ᠪᠠ ᠰᠢᠨ᠎ᠡ ᠶᠢ ᠡᠭᠦᠳᠭᠦ ᠴᠢᠨᠠᠷᠲᠠᠢ ᠬᠥᠭᠵᠢᠯᠲᠡ ᠶᠢ ᠬᠠᠮᠠᠭᠠᠯᠠᠨ ᠠᠬᠢᠭᠤᠯᠬᠤ ᠬᠡᠷᠡᠭᠲᠡᠢ᠃      ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠦᠨᠳᠦᠰᠦᠲᠡᠨ ᠤ ᠭᠠᠵᠠᠷ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠰᠠᠶᠢᠲᠤᠷ ᠬᠢᠨ᠎ᠡ᠃ ᠰᠤᠷᠭᠠᠨ ᠬᠥᠮᠦᠵᠢᠯ ᠪᠣᠯ ᠰᠣᠶᠣᠯ ᠢ ᠲᠦᠭᠡᠮᠡᠯᠵᠢᠭᠦᠯᠬᠦ ᠪᠠ ᠬᠠᠮᠲᠤ ᠶᠢᠨ ᠲᠠᠨᠢᠯᠲᠠ ᠶᠢ ᠠᠬᠢᠭᠤᠯᠬᠤ ᠭᠤᠣᠯ ᠠᠷᠭ᠎ᠠ ᠵᠠᠮ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠤᠯᠤᠰ ᠲᠦᠷᠦ ᠶᠢᠨ ᠪᠠᠲᠤᠯᠠᠭ᠎ᠠ ᠮᠥᠨ᠃ ᠡᠨᠡ ᠬᠦ ᠤᠷᠢᠲᠠᠯ ᠳᠣᠣᠷ᠎ᠠ᠂ ᠦᠨᠳᠦᠰᠦᠲᠡᠨ ᠤ ᠭᠠᠵᠠᠷ ᠣᠷᠣᠨ ᠤ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠢ ᠰᠠᠶᠢᠲᠤᠷ ᠬᠢᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠭᠦ ᠲᠠᠯ᠎ᠠ ᠪᠠᠷ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠵᠠᠯᠠᠭᠤᠴᠤᠳ ᠪᠠᠭᠠᠴᠤᠳ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠴᠢᠩᠭᠠᠳᠬᠠᠬᠤ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ᠃      ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠬᠡᠷᠡᠭᠲᠡᠢ᠃ ᠭᠠᠭᠴᠠ ᠬᠦ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠪᠠᠷ ᠳᠡᠮᠵᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠪᠠᠯ ᠰᠠᠶ᠋ᠢ ᠬᠥᠮᠥᠰ ᠤᠨ ᠰᠡᠳᠬᠢᠯ ᠢ ᠨᠢᠭᠲᠠᠷᠠᠭᠤᠯᠵᠤ ᠴᠢᠳᠠᠨ᠎ᠠ᠃ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠪᠡᠶᠡᠯᠡᠭᠦᠯᠬᠦ ᠰᠢᠨ᠎ᠡ ᠠᠶᠠᠨ ᠳᠤ 56 ᠦᠨᠳᠦᠰᠦᠲᠡᠨ ᠤ ᠨᠢᠭᠡ ᠶᠢ ᠴᠦ ᠣᠷᠬᠢᠭᠳᠠᠭᠤᠯᠵᠤ ᠪᠤᠯᠬᠤ ᠦᠭᠡᠢ᠃ ᠤᠯᠤᠰ ᠠᠴᠠ ᠦᠨᠳᠦᠰᠦᠲᠡᠨ ᠤ ᠭᠠᠵᠠᠷ ᠣᠷᠣᠨ ᠢ ᠳᠡᠮᠵᠢᠭᠦ ᠲᠥᠷᠥ ᠶᠢᠨ ᠪᠣᠳᠣᠯᠭ᠎ᠠ ᠶᠢᠨ ᠳᠣᠣᠷ᠎ᠠ᠂ ᠦᠨᠳᠦᠰᠦᠲᠡᠨ ᠤ ᠭᠠᠵᠠᠷ ᠣᠷᠣᠨ ᠨᠢ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠪᠠ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠬᠡᠷᠡᠭᠲᠡᠢ᠃      ︵ᠵᠣᠬᠢᠶᠠᠭᠴᠢ᠄ ᠯᠠᠨᠵᠧᠦ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ︶
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号