ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠬᠥᠮᠦᠵᠢᠯ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ
ᠨᠡᠶᠢᠲᠡᠯᠡᠭᠰᠡᠨ ᠴᠠᠭ᠄
2022/2/16
       ᠬᠠᠢ ᠶᠢᠩ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠮᠠᠨ ᠤ ᠤᠯᠤᠰ ᠤᠨ ᠨᠢᠭᠡᠳᠦᠭᠰᠡᠨ ᠣᠯᠠᠨ ᠦᠨᠳᠦᠰᠦᠲᠡᠨ ᠲᠠᠢ ᠤᠯᠤᠰ ᠤᠨ ᠦᠨᠳᠦᠰᠦᠨ ᠤᠯᠤᠰ ᠤᠨ ᠪᠠᠶᠢᠳᠠᠯ ᠠᠴᠠ ᠡᠭᠦᠰᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠠᠰᠠᠭᠤᠳᠠᠯ ᠢ ᠤᠯᠠᠨ ᠤᠳᠠᠭ᠎ᠠ ᠳᠤᠷᠠᠳᠴᠤ ᠥᠩᠭᠡᠷᠡᠭᠰᠡᠨ ᠶᠤᠮ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠡᠭᠡᠷ᠎ᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ︽ᠨᠠᠮ ᠤᠨ ᠳᠦᠷᠢᠮ︾᠎ ᠳᠤ ᠪᠢᠴᠢᠨ ᠣᠷᠣᠭᠤᠯᠤᠭᠰᠠᠨ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠨᠢ ᠨᠢᠭᠡᠨᠲᠡ ᠪᠦᠭᠦ ᠨᠠᠮ ᠤᠨ ᠬᠠᠮᠲᠤ ᠶᠢᠨ ᠵᠣᠷᠢᠭ ᠰᠠᠨᠠᠭ᠎ᠠ ᠪᠠ ᠦᠨᠳᠦᠰᠦᠨ ᠵᠢᠷᠤᠮᠯᠠᠯ ᠪᠣᠯᠤᠭᠰᠠᠨ ᠪᠠᠶᠢᠳᠠᠭ᠃ ᠲᠦᠷᠦᠭᠦᠬᠡᠨ ᠬᠤᠷᠠᠯᠳᠤᠭᠰᠠᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ᠄ ︽ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ᠂ ᠵᠠᠪᠠᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠪᠤᠯᠭᠠᠬᠤ ᠬᠡᠷᠡᠭᠲᠡᠢ︾ ᠭᠡᠵᠦ ᠴᠢᠬᠤᠯᠠᠴᠢᠯᠠᠪᠠ᠃ ᠡᠶᠢᠮᠦ ᠠᠴᠠ᠂ ᠶᠡᠭᠡ ᠳᠡᠭᠡᠳᠦ ᠰᠤᠷᠭᠠᠭᠤᠯᠢ ᠨᠤᠭᠤᠳ ᠲᠤ ᠠᠪᠴᠤ ᠬᠡᠯᠡᠪᠡᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ ᠣᠷᠣᠭᠤᠯᠬᠤ ᠪᠣᠯ ᠮᠠᠨ ᠤ ᠡᠮᠦᠨ᠎ᠡ ᠲᠠᠯᠪᠢᠭᠳᠠᠵᠤ ᠪᠠᠶᠢᠭ᠎ᠠ ᠴᠢᠬᠤᠯᠠ ᠨᠢᠭᠡᠨ ᠤᠯᠤᠰ ᠲᠦᠷᠦ ᠶᠢᠨ ᠡᠭᠦᠷᠭᠡ ᠪᠤᠯᠬᠤ ᠶᠤᠮ᠃      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠶᠢᠨ ᠦᠨᠳᠦᠰᠦᠲᠡᠨ ᠤ ᠪᠦᠯᠬᠦᠮᠳᠡᠯ ᠨᠢᠭᠲᠠᠷᠠᠯ ᠢ ᠴᠢᠩᠭᠠᠳᠬᠠᠬᠤ ᠶᠢᠨ ᠠᠯᠤᠰ ᠭᠡᠳᠤ ᠶᠢᠨ ᠪᠠ ᠦᠨᠳᠦᠰᠦᠨ ᠵᠦᠢᠯ ᠪᠣᠯ ᠰᠣᠶᠣᠯ ᠤᠨ ᠮᠡᠳᠡᠷᠡᠮᠵᠢ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠳᠡᠪᠬᠢᠲᠡᠢ ᠬᠥᠮᠥᠵᠢᠭᠦᠯᠬᠦ ᠶᠠᠪᠤᠳᠠᠯ ᠪᠣᠯᠣᠨ᠎ᠠ︾ ᠭᠡᠵᠦ ᠵᠢᠭᠠᠵᠤ ᠭᠠᠷᠭᠠᠪᠠ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ︾ ᠪᠣᠯ ᠴᠢᠬᠤᠯᠠ ᠶᠡᠭᠡ ᠤᠨᠤᠯ ᠤᠨ ᠪᠦᠲᠦᠭᠡᠯᠴᠢ ᠦᠵᠡᠯᠲᠡ᠂ ᠤᠯᠤᠰ ᠣᠷᠣᠨ ᠤ ᠨᠢᠭᠡᠳᠦᠯ ᠤᠨ ᠰᠠᠭᠤᠷᠢ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠤᠶᠤᠨ ᠰᠠᠨᠠᠭᠠᠨ ᠤ ᠬᠦᠴᠦᠨ ᠴᠢᠳᠠᠯ ᠤᠨ ᠰᠦᠭ ᠰᠦᠨᠡᠰᠦ ᠪᠤᠯᠬᠤ ᠨᠢ ᠳᠠᠮᠵᠢᠭ ᠦᠭᠡᠢ ᠶᠤᠮ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠢ ᠳᠤᠮᠳᠠᠳᠤ ᠤᠯᠤᠰᠴᠢᠯᠠᠭᠰᠠᠨ ᠴᠢᠬᠤᠯᠠ ᠶᠡᠭᠡ ᠤᠨᠤᠯ ᠤᠨ ᠡᠭᠦᠳᠦᠯᠲᠡ ᠶᠢᠨ ᠴᠢᠨᠠᠷ ᠪᠦᠬᠦᠢ ᠦᠷ᠎ᠡ ᠪᠦᠲᠦᠭᠡᠯ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠭᠤᠣᠯ ᠥᠭᠦᠯᠡᠮᠵᠢ ᠶᠢᠨ ᠴᠢᠬᠤᠯᠠ ᠦᠵᠡᠯᠲᠡ ᠮᠥᠨ᠂ ᠰᠢᠨ᠎ᠡ ᠴᠠᠭ ᠦᠶ᠎ᠡ ᠳᠤ ᠦᠨᠳᠦᠰᠦᠲᠡᠨ ᠤ ᠠᠵᠢᠯ ᠢ ᠥᠷᠨᠢᠭᠦᠯᠬᠦ ᠶᠢᠨ ᠴᠢᠬᠤᠯᠠ ᠵᠢᠷᠤᠮᠯᠠᠯ ᠮᠥᠨ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠲᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠳᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠶᠡᠭᠡ ᠳᠡᠭᠡᠳᠦ ᠰᠤᠷᠭᠠᠭᠤᠯᠢ ᠶᠢᠨ ᠪᠠᠭᠰᠢ ᠨᠠᠷ ᠡᠯ᠎ᠡ ᠵᠦᠢᠯ ᠤᠨ ᠠᠷᠭ᠎ᠠ ᠠᠪᠴᠠᠯ ᠢ ᠠᠰᠢᠭᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠬᠥᠮᠦᠵᠢᠯ ᠢ ᠪᠦᠭᠦ ᠲᠠᠯ᠎ᠠ ᠪᠠᠷ ᠰᠢᠰᠲ᠋ᠧᠮ ᠲᠠᠢ ᠪᠥᠭᠡᠳ ᠭᠦᠨᠵᠡᠭᠡᠢ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ ᠪᠠ ᠭᠤᠣᠯ ᠴᠢᠬᠤᠯᠠ ᠠᠭᠤᠯᠭ᠎ᠠ ᠶᠢ ᠭᠦᠢᠴᠡᠳ ᠲᠠᠨᠢᠬᠤ ᠬᠡᠷᠡᠭᠲᠡᠢ᠃      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠪᠣᠯ ᠶᠡᠭᠡ ᠳᠡᠭᠡᠳᠦ ᠰᠤᠷᠭᠠᠭᠤᠯᠢ ᠶᠢᠨ ᠨᠡᠶᠢᠭᠡᠮ ᠵᠢᠷᠤᠮ ᠤᠨ ᠰᠤᠷᠭᠠᠭᠤᠯᠢ ᠡᠷᠭᠢᠯᠡᠭᠦ ᠴᠢᠭᠯᠡᠯ ᠢ ᠪᠠᠷᠢᠮᠲᠠᠯᠠᠬᠤ ᠶᠢᠨ ᠮᠥᠨ ᠴᠢᠨᠠᠷ ᠤᠨ ᠱᠠᠭᠠᠷᠳᠠᠯᠭ᠎ᠠ ᠪᠣᠯᠣᠨ᠎ᠠ᠂ ᠮᠥᠨ ᠴᠦ ᠮᠠᠨ ᠤ ᠶᠡᠭᠡ ᠳᠡᠭᠡᠳᠦ ᠰᠤᠷᠭᠠᠭᠤᠯᠢ ᠶᠢᠨ ᠪᠠᠭᠰᠢ ᠨᠠᠷ ᠤᠨ ᠲᠡᠦᠬᠡᠲᠦ ᠡᠭᠦᠷᠭᠡ ᠪᠠᠨ ᠪᠡᠶᠡᠯᠡᠭᠦᠯᠬᠦ ᠶᠢᠨ ᠪᠣᠳᠠᠲᠠᠢ ᠢᠯᠡᠷᠡᠯ ᠪᠣᠯᠣᠨ᠎ᠠ᠃ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠳᠤ ᠵᠠᠯᠠᠭᠤ ᠣᠶᠤᠲᠠᠳ ᠤᠨ ᠡᠷᠡᠭᠦᠯ ᠢᠶᠠᠷ ᠦᠰᠦᠨ ᠪᠣᠶᠢᠵᠢᠵᠤ᠂ ᠪᠦᠭᠦ ᠲᠠᠯ᠎ᠠ ᠪᠠᠷ ᠭᠦᠭᠵᠢᠭᠦ ᠶᠢ ᠭᠤᠣᠯᠳᠠᠯᠭ᠎ᠠ ᠪᠤᠯᠭᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠬᠤ᠂ ᠮᠡᠳᠡᠯᠭᠡ ᠮᠡᠳᠡᠴᠡ ᠪᠠᠨ ᠨᠡᠮᠡᠭᠳᠡᠭᠦᠯᠬᠦ᠂ ᠡᠷᠡᠮᠡᠬᠡᠶᠢᠯᠡᠨ ᠲᠡᠮᠡᠴᠡᠬᠦ ᠵᠣᠷᠢᠭ ᠰᠠᠨᠠᠭ᠎ᠠ ᠶᠢ ᠬᠥᠮᠥᠵᠢᠭᠦᠯᠬᠦ ᠵᠡᠷᠭᠡ ᠲᠠᠯ᠎ᠠ ᠪᠠᠷ ᠬᠦᠴᠦ ᠲᠠᠯᠪᠢᠬᠤ ᠬᠡᠷᠡᠭᠲᠡᠢ᠃ ᠤᠯᠤᠰ ᠢᠶᠠᠨ ᠬᠠᠶᠢᠷᠠᠯᠠᠭᠴᠢ᠂ ᠬᠦᠰᠡᠯᠡᠩ ᠲᠠᠢ ᠲᠡᠮᠡᠴᠡᠭᠴᠢ᠂ ᠬᠠᠷᠢᠭᠤᠴᠠᠯᠭ᠎ᠠ ᠲᠠᠢ ᠡᠭᠦᠳᠦᠨ ᠨᠡᠭᠡᠭᠡᠭᠴᠢ ᠪᠠ ᠶᠣᠰᠣ ᠮᠣᠷᠠᠯ ᠲᠠᠢ ᠴᠢᠷᠮᠠᠶᠢᠨ ᠵᠢᠳᠬᠦᠭᠴᠢ ᠶᠢ ᠨᠢᠭᠡᠳᠬᠡᠭᠰᠡᠨ ᠦᠨᠳᠦᠰᠦᠨ ᠣᠨᠴᠠᠯᠢᠭ ᠪᠦᠬᠦᠢ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ ᠴᠢᠷᠮᠠᠶᠢᠨ ᠬᠥᠮᠥᠵᠢᠭᠦᠯᠬᠦ ᠬᠡᠷᠡᠭᠲᠡᠢ᠃      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠤᠨ ᠳᠤᠮᠳᠠ᠂ ᠪᠢᠳᠡ ᠲᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠳᠠ ᠶᠢᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠳᠤ ᠵᠣᠭᠰᠣᠵᠤ᠂ ᠦᠨᠳᠦᠰᠦᠲᠡᠨ ᠤ ᠪᠦᠯᠬᠦᠮᠳᠡᠯ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ ᠭᠡᠬᠦ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠯᠤᠰ ᠢᠶᠠᠨ ᠬᠠᠶᠢᠷᠠᠯᠠᠬᠤ ᠪᠠᠷ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠶᠢᠨ ᠦᠨᠳᠦᠰᠦᠨ ᠭᠦᠭ ᠠᠶᠠᠰ ᠪᠠ ᠴᠢᠳᠠᠪᠤᠷᠢᠲᠠᠨ ᠤ ᠦᠰᠦᠨ ᠪᠤᠶᠢᠵᠢᠯᠲᠠ ᠶᠢᠨ ᠳᠡᠪᠢᠰᠬᠡᠷ ᠥᠩᠭᠡ ᠪᠤᠯᠭᠠᠵᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠶᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠰᠠᠭᠤᠷᠢ ᠴᠢᠨᠠᠷᠲᠠᠢ ᠪᠠ ᠠᠯᠤᠰ ᠭᠡᠳᠤ ᠶᠢᠨ ᠴᠢᠨᠠᠷᠲᠠᠢ ᠠᠵᠢᠯ ᠪᠤᠯᠭᠠᠵᠤ᠂ ᠦᠨᠳᠦᠰᠦᠲᠡᠨ ᠨᠥᠬᠦᠳ ᠢ ᠪᠦᠯᠬᠦᠮᠳᠡᠭᠦᠯᠦᠨ ᠬᠠᠮᠲᠤ ᠪᠠᠷ ᠲᠠᠪᠰᠢᠬᠤ ᠠᠵᠢᠯ ᠢ ᠪᠦᠭᠦ ᠲᠠᠯ᠎ᠠ ᠪᠠᠷ᠂ ᠭᠦᠨᠵᠡᠭᠡᠢ᠂ ᠤᠳᠠᠭᠠᠨ ᠳᠠᠭᠠᠭᠠᠮᠠᠭᠠᠢ ᠥᠷᠨᠢᠭᠦᠯᠵᠦ᠂ ᠣᠶᠤᠲᠠᠳ ᠤᠨ ᠳᠤᠮᠳᠠᠳᠤ ᠶᠢᠨ ᠦᠨᠳᠦᠰᠦᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠲᠤᠬᠠᠢ ᠲᠠᠨᠢᠯᠲᠠ᠂ ᠮᠡᠳᠡᠷᠡᠮᠵᠢ ᠪᠠ ᠬᠠᠷᠢᠶᠠᠯᠠᠯ ᠢ ᠴᠢᠩᠭᠠᠳᠬᠠᠬᠤ ᠬᠡᠷᠡᠭᠲᠡᠢ᠃ ᠣᠶᠤᠲᠠᠳ ᠲᠤ ᠳᠤᠮᠳᠠᠳᠤ ᠶᠢᠨ ᠦᠨᠳᠦᠰᠦᠲᠡᠨ ᠤ ᠤᠯᠠᠨ ᠡᠰᠢ ᠪᠠ ᠨᠢᠭᠡ ᠴᠣᠭᠴᠠ ᠶᠢᠨ ᠬᠤᠪᠢᠰᠤᠩᠭᠤᠢ ᠬᠠᠷᠢᠴᠠᠭ᠎ᠠ ᠶᠢ ᠵᠥᠪ ᠢᠶᠠᠷ ᠲᠠᠨᠢᠭᠤᠯᠵᠤ᠂ ᠤᠯᠤᠰ ᠤᠨ ᠮᠡᠳᠡᠷᠡᠮᠵᠢ ᠶᠢ ᠴᠢᠩᠭᠠᠳᠬᠠᠨ᠂ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠤᠯᠠᠮᠵᠢᠯᠠᠨ᠂ ᠡᠭᠦᠳᠦᠯᠲᠡ ᠶᠢᠨ ᠴᠢᠨᠠᠷᠲᠠᠢ ᠪᠠᠷ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠬᠥᠮᠦᠵᠢᠯ ᠢ ᠵᠢᠭᠠᠬᠤ ᠮᠠᠲ᠋ᠧᠷᠢᠶᠠᠯ ᠳᠤ ᠣᠷᠣᠭᠤᠯᠤᠨ᠂ ᠬᠢᠴᠢᠶᠡᠯ ᠤᠨ ᠲᠠᠩᠬᠢᠮ ᠳᠤ ᠣᠷᠣᠭᠤᠯᠵᠤ᠂ ᠤᠶᠤᠨ ᠲᠠᠷᠢᠬᠢᠨ ᠳᠤ ᠨᠢ ᠬᠠᠳᠠᠩᠰᠢᠭᠤᠯᠤᠨ᠂ ᠰᠤᠷᠤᠭᠴᠢᠳ ᠤᠨ ᠥᠪᠡᠷ ᠢ ᠪᠠᠨ ᠳᠤᠮᠳᠠᠳᠤ ᠶᠢᠨ ᠦᠨᠳᠦᠰᠦᠲᠡᠨ ᠤ ᠨᠢᠭᠡ ᠭᠡᠰᠢᠭᠦᠨ ᠮᠥᠨ ᠭᠡᠬᠦ ᠤᠬᠠᠮᠰᠠᠷ ᠢ ᠪᠠᠲᠤ ᠪᠠᠬᠢ ᠪᠤᠢ ᠪᠤᠯᠭᠠᠵᠤ᠂ ᠵᠥᠪ ᠣᠨᠣᠪᠴᠢᠲᠠᠶ ᠡᠬᠡ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠲᠡᠦᠬᠡ ᠶᠢᠨ ᠦᠵᠡᠯᠲᠡ ᠪᠠ ᠱᠠᠰᠢᠨ ᠤ ᠦᠵᠡᠯᠲᠡ ᠶᠢ ᠪᠤᠢ ᠪᠤᠯᠭᠠᠵᠤ᠂ ᠤᠯᠤᠰ ᠲᠦᠷᠦ ᠶᠢᠨ ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ᠂ ᠬᠠᠶᠢᠷ᠎ᠠ ᠰᠡᠳᠬᠢᠯᠭᠡ ᠶᠢᠨ ᠮᠡᠳᠡᠷᠡᠮᠵᠢ᠂ ᠦᠷᠳᠡᠭ ᠤᠨ ᠮᠡᠳᠡᠷᠡᠮᠵᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠭᠦᠨ ᠤ ᠤᠯᠠᠮ ᠠᠴᠠ ᠳᠤᠮᠳᠠᠳᠤ ᠶᠢᠨ ᠦᠨᠳᠦᠰᠦᠲᠡᠨ ᠤ ᠨᠡᠩ ᠥᠨᠳᠥᠷ ᠳᠠᠪᠬᠤᠷᠭ᠎ᠠ ᠳᠠᠬᠢ ᠶᠡᠭᠡ ᠪᠦᠯᠬᠦᠮᠳᠡᠯ ᠶᠡᠭᠡ ᠲᠠᠪᠰᠢᠯᠳᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃      ᠶᠡᠭᠡ ᠳᠡᠭᠡᠳᠦ ᠰᠤᠷᠭᠠᠭᠤᠯᠢ ᠨᠤᠭᠤᠳ ᠨᠢ ᠦᠵᠡᠯ ᠤᠬᠠᠮᠰᠠᠷ ᠤᠨ ᠭᠡᠯᠪᠡᠷᠢ ᠶᠢᠨ ᠭᠤᠣᠯ ᠵᠢᠭᠰᠠᠭᠠᠯ ᠤᠨ ᠭᠠᠵᠠᠷ ᠪᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠢᠯᠢᠳᠡᠭ ᠰᠣᠶᠣᠯ ᠢᠶᠠᠷ ᠬᠥᠮᠥᠰ ᠤᠨ ᠰᠡᠳᠬᠢᠯ ᠢ ᠰᠢᠮᠡᠵᠢᠭᠦᠯᠵᠦ᠂ ᠲᠡᠦᠬᠡ ᠶᠢᠨ ᠲᠤᠷᠰᠢᠯᠭ᠎ᠠ ᠰᠤᠷᠭᠠᠮᠵᠢ᠂ ᠲᠤᠯᠭᠠᠷᠠᠵᠤ ᠪᠦᠬᠦᠢ ᠠᠶᠤᠯ ᠲᠦᠭᠰᠢᠭᠦᠷᠢ ᠪᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠭᠡᠬᠦ ᠥᠨᠳᠥᠷᠴᠡ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠪᠠᠷ ᠦᠨᠳᠦᠰᠦ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠡᠬᠦ ᠡᠨᠡ ᠬᠦ ᠨᠠᠮ ᠤᠨ ᠦᠨᠳᠦᠰᠦᠲᠡᠨ ᠤ ᠣᠨᠣᠯ ᠤᠨ ᠴᠢᠬᠤᠯᠠ ᠶᠡᠭᠡ ᠡᠭᠦᠳᠦᠯᠲᠡ ᠶᠢᠨ ᠴᠢᠨᠠᠷ ᠪᠦᠬᠦᠢ ᠦᠷ᠎ᠡ ᠪᠦᠲᠦᠭᠡᠯ ᠢ ᠣᠨᠣᠪᠴᠢᠲᠠᠶ ᠮᠥᠷᠲᠡᠭᠡᠨ ᠲᠤᠭᠤᠷᠠᠲᠠᠯ᠎ᠠ ᠶᠠᠷᠢᠵᠤ᠂ ᠪᠠᠭᠰᠢ ᠰᠤᠷᠤᠭᠴᠢᠳ ᠤᠨ ᠤᠶᠤᠨ ᠲᠠᠷᠢᠬᠢᠨ ᠳᠤ ᠭᠦᠨ ᠬᠠᠳᠠᠩᠰᠢᠭᠤᠯᠵᠤ᠂ ᠶᠣᠰᠣ ᠰᠤᠷᠲᠠᠬᠤᠨ ᠣᠶᠣᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠵᠡᠷᠭᠡ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠬᠡᠷᠡᠭᠲᠡᠢ᠃      ︵ᠵᠣᠬᠢᠶᠠᠭᠴᠢ ᠶᠢᠨ ᠬᠠᠶ᠋ᠢᠭ᠄ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠣᠯᠠᠨ ᠤᠯᠤᠰ ᠤᠨ ᠤᠷᠠᠯᠢᠭ ᠤᠨ ᠵᠢᠷᠤᠭ ᠲᠥᠯᠥᠪᠯᠡᠭᠡ ᠶᠢᠨ ᠳᠡᠭᠡᠳᠦ ᠰᠤᠷᠭᠠᠭᠤᠯᠢ︶
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号