| ᠯᠢᠦ ᠬᠠᠢ ᠹᠧᠩ | ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ | ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡᠨ ᠳᠤ ᠮᠠᠨ ᠤ ᠨᠠᠮ ᠤᠨ ᠵᠠᠭᠤᠨ ᠵᠢᠯ ᠤᠨ ᠦᠨᠳᠦᠰᠦᠲᠡᠨ ᠤ | ᠠᠵᠢᠯ ᠤᠨ ᠠᠮᠵᠢᠯᠲᠠ ᠲᠠᠢ ᠲᠤᠷᠰᠢᠯᠭ᠎ᠠ ᠵᠢᠴᠢ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠴᠢᠬᠤᠯᠠ ᠦᠵᠡᠯ ᠰᠠᠨᠠᠭ᠎ᠠ ᠠᠭᠤᠯᠤᠭᠳᠠᠵᠤ ᠪᠠᠶᠢᠳᠠᠭ᠃ ᠲᠥᠪ ᠤᠨ ᠦᠨᠳᠦᠰᠦᠲᠡᠨ ᠤ ᠠᠵᠢᠯ ᠤᠨ ᠬᠤᠷᠠᠯ | ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︿ | ᠬᠥᠲᠥᠯᠪᠦᠷᠢ﹀ ᠪᠣᠯᠣᠨ᠎ᠠ᠂ ᠪᠤᠢ ᠪᠦᠬᠦᠢ ᠠᠵᠢᠯ ᠢ ᠡᠨᠡ ᠳᠡᠭᠡᠷ᠎ᠡ ᠲᠥᠪᠯᠡᠷᠡᠭᠦᠯᠬᠦ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ | ᠠᠬᠢᠭᠤᠯᠵᠤ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ | ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ ᠮᠠᠨ ᠤ ᠨᠠᠮ ᠤᠨ | ᠵᠠᠭᠤᠨ ᠵᠢᠯ ᠤᠨ ᠦᠨᠳᠦᠰᠦᠲᠡᠨ ᠤ ᠠᠵᠢᠯ ᠤᠨ ᠠᠮᠵᠢᠯᠲᠠ ᠲᠠᠢ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠮᠠᠨ ᠤ | ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ | ᠰᠤᠳᠤᠯᠭᠠᠨ ᠢ ᠭᠦᠨᠵᠡᠭᠡᠶᠢᠷᠡᠭᠦᠯᠵᠦ᠂ ᠤᠳᠤ ᠦᠶ᠎ᠡ ᠶᠢᠨ ᠪᠣᠯᠪᠠᠰᠤᠨ ᠤ ᠬᠥᠮᠦᠵᠢᠯ ᠢ ᠴᠢᠩᠭᠠᠳᠬᠠᠵᠤ᠂ ᠪᠣᠯᠪᠠᠰᠤᠨ ᠢ | ᠡᠭᠦᠳᠦᠨ ᠪᠠᠶᠢᠭᠤᠯᠬᠤ᠂ ᠠᠷᠠᠳ ᠢᠷᠭᠡᠳ ᠤᠨ ᠶᠣᠰᠣ ᠰᠤᠷᠲᠠᠬᠤᠨ ᠢ ᠴᠢᠩᠭᠠᠳᠬᠠᠬᠤ᠂ ᠴᠠᠭ ᠦᠶ᠎ᠡ ᠶᠢᠨ ᠰᠢᠨ᠎ᠡ | ᠬᠥᠮᠥᠨ ᠢ ᠬᠥᠮᠥᠵᠢᠭᠦᠯᠬᠦ ᠵᠡᠷᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠤᠯᠠᠨ | ᠲᠦᠮᠡᠨ ᠢ ᠬᠥᠲᠥᠯᠥᠨ ᠵᠢᠯᠤᠭᠤᠳᠴᠤ ᠦᠵᠡᠯ ᠰᠠᠨᠠᠭ᠎ᠠ ᠣᠶᠢᠯᠠᠭᠠᠭᠳᠠᠬᠤᠨ᠂ ᠤᠶᠤᠨ ᠰᠠᠨᠠᠭ᠎ᠠ ᠤᠷᠮ᠎ᠠ ᠰᠣᠨᠢᠷᠬᠠᠯ᠂ | ᠠᠮᠢᠳᠤᠷᠠᠯ ᠤᠨ ᠠᠷᠭ᠎ᠠ ᠭᠡᠯᠪᠡᠷᠢ ᠶᠢᠨ ᠲᠠᠯ᠎ᠠ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠭᠤᠯᠬᠤ ᠬᠡᠷᠡᠭᠲᠡᠢ︾ ᠭᠡᠵᠦ | ᠴᠢᠬᠤᠯᠠᠴᠢᠯᠠᠪᠠ᠃ ︽ᠳᠦᠷᠪᠡᠨ ᠲᠡᠦᠬᠡ︾ ᠶᠢ ᠰᠤᠷᠤᠯᠴᠠᠬᠤ ᠳᠤᠮᠳᠠ ᠬᠦᠰᠡᠯᠡᠩ ᠢᠲᠡᠭᠡᠯ ᠪᠢᠰᠢᠷᠡᠯ ᠢᠶᠠᠨ | ᠪᠠᠲᠤᠳᠬᠠᠵᠤ᠂ ᠲᠡᠦᠬᠡ ᠶᠢᠨ ᠮᠡᠳᠡᠷᠡᠮᠵᠢ ᠪᠠᠨ ᠨᠡᠮᠡᠭᠳᠡᠭᠦᠯᠪᠡᠯ ᠦᠨᠳᠦᠰᠦᠲᠡᠨ ᠤ ᠠᠰᠠᠭᠤᠳᠠᠯ ᠤᠨ ᠬᠥᠭᠵᠢᠯᠲᠡ ᠶᠢᠨ | ᠵᠢᠮ᠎ᠡ ᠶᠣᠰᠣᠨ ᠤ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ | ᠶᠢ ᠪᠦᠭᠦ ᠲᠠᠯ᠎ᠠ ᠪᠠᠷ ᠣᠨᠣᠪᠴᠢᠲᠠᠢ ᠣᠶᠢᠯᠠᠭᠠᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ | ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠲᠤᠬᠠᠢ ᠳᠡᠭᠡᠳᠦ ᠬᠡᠮᠵᠢᠶᠡᠨ ᠤ ᠮᠡᠳᠡᠷᠡᠮᠵᠢ ᠪᠠᠨ ᠪᠠᠲᠤᠳᠬᠠᠵᠤ ᠴᠢᠳᠠᠨ᠎ᠠ᠃ | ᠨᠢᠭᠡᠳᠦᠭᠰᠡᠨ ᠣᠯᠠᠨ ᠦᠨᠳᠦᠰᠦᠲᠡᠨ ᠲᠠᠢ ᠤᠯᠤᠰ ᠪᠣᠯ ᠮᠠᠨ ᠤ ᠤᠯᠤᠰ ᠤᠨ ᠦᠨᠳᠦᠰᠦᠨ ᠤᠯᠤᠰ ᠤᠨ | ᠪᠠᠶᠢᠳᠠᠯ ᠮᠥᠨ | ᠡᠬᠡ ᠤᠯᠤᠰ ᠤᠨ ᠨᠢᠭᠡᠳᠦᠯ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠤᠭ ᠤᠨ ᠳᠡᠭᠡᠳᠦ | ᠠᠰᠢᠭ ᠲᠤᠰᠠ ᠮᠥᠨ᠂ ᠦᠨᠳᠦᠰᠦᠲᠡᠨ ᠤ ᠪᠦᠯᠬᠦᠮᠳᠡᠯ ᠪᠣᠯ ᠡᠬᠡ ᠤᠯᠤᠰ ᠤᠨ ᠨᠢᠭᠡᠳᠦᠯ ᠤᠨ ᠴᠢᠬᠤᠯᠠ ᠪᠠᠲᠤᠯᠠᠭ᠎ᠠ | ᠮᠥᠨ᠃ ᠠᠭᠤᠤ ᠶᠡᠭᠡ ᠡᠬᠡ ᠤᠯᠤᠰ ᠢᠶᠠᠨ ᠮᠡᠳᠡᠷᠡᠨ ᠵᠥᠪᠰᠢᠶᠡᠷᠡᠬᠦ ᠳᠤ ᠤᠯᠤᠰ ᠤᠨ ᠪᠠᠶᠢᠳᠠᠯ᠂ ᠤᠯᠤᠰ ᠤᠨ ᠲᠡᠦᠬᠡ | ᠶᠢ ᠭᠦᠨᠵᠡᠭᠡᠢ ᠣᠶᠢᠯᠠᠭᠠᠬᠤ ᠴᠢᠬᠤᠯᠠᠲᠠᠢ ᠶᠤᠮ᠂ ︽ᠲᠦᠷᠪᠡᠨ ᠲᠡᠦᠬᠡ︾ ᠶᠢ ᠰᠤᠷᠤᠯᠴᠠᠬᠤ ᠪᠠᠷ ᠳᠠᠮᠵᠢᠨ᠂ | ᠨᠢᠭᠡᠳᠦᠭᠰᠡᠨ ᠤᠯᠠᠨ ᠦᠨᠳᠦᠰᠦᠲᠡᠨ ᠲᠠᠢ ᠤᠯᠤᠰ ᠪᠣᠯ ᠮᠠᠨ ᠤ ᠤᠯᠤᠰ ᠤᠨ ᠦᠨᠳᠦᠰᠦᠨ ᠤᠯᠤᠰ ᠤᠨ ᠪᠠᠶᠢᠳᠠᠯ | ᠮᠥᠨ᠂ ᠤᠯᠠᠨ ᠦᠨᠳᠦᠰᠦᠲᠡᠨ ᠪᠣᠯ ᠮᠠᠨ ᠤ ᠤᠯᠤᠰ ᠤᠨ ᠣᠨᠴᠠᠯᠢᠭ ᠮᠥᠨ᠂ ᠪᠠᠰᠠ ᠴᠦ ᠮᠠᠨ ᠤ ᠤᠯᠤᠰ ᠤᠨ | ᠬᠥᠭᠵᠢᠯᠲᠡ ᠶᠢᠨ ᠠᠰᠢᠭᠲᠠᠢ ᠬᠦᠴᠦᠨ ᠵᠦᠢᠯ ᠮᠥᠨ᠂ ᠳᠤᠮᠳᠠᠳᠤ ᠶᠢᠨ ᠦᠨᠳᠦᠰᠦᠲᠡᠨ ᠤ ᠤᠯᠠᠨ ᠡᠰᠢᠲᠦ ᠨᠢᠭᠡ | ᠴᠣᠭᠴᠠᠲᠤ ᠪᠠᠶᠢᠷᠢᠰᠢᠯ ᠪᠣᠯ ᠡᠪᠦᠭᠡ ᠳᠡᠭᠡᠳᠦᠰ ᠤᠨ ᠪᠢᠳᠡᠨ ᠳᠤ ᠦᠯᠡᠳᠡᠭᠡᠵᠦ ᠥᠭᠭᠦᠭᠰᠡᠨ ᠡᠯᠪᠡᠭ ᠪᠠᠶᠠᠯᠢᠭ ᠥᠪ | ᠬᠥᠷᠥᠩᠭᠡ ᠮᠥᠨ᠂ ᠪᠠᠰᠠ ᠴᠤ ᠮᠠᠨ ᠤ ᠤᠯᠤᠰ ᠤᠨ ᠬᠥᠭᠵᠢᠯᠲᠡ ᠶᠢᠨ ᠯᠤᠲᠤ ᠶᠡᠭᠡ ᠳᠠᠪᠠᠭᠤᠯᠢᠭ ᠮᠥᠨ ᠭᠡᠳᠡᠭ ᠢ | ᠪᠢᠳᠡ ᠭᠦᠢᠴᠡᠳ ᠲᠠᠨᠢᠵᠤ ᠣᠯᠪᠠ᠃ ᠳᠤᠮᠳᠠᠳᠤ ᠤᠯᠤᠰ ᠤᠨ ᠲᠡᠦᠬᠡ ᠪᠣᠯ ᠳᠠᠷᠤᠢ ᠦᠨᠳᠦᠰᠦᠲᠡᠨ ᠨᠦᠭᠦᠳ ᠤᠨ | ᠬᠠᠮᠲᠤ ᠪᠠᠷ ᠴᠣᠭᠴᠠᠯᠠᠨ ᠪᠠᠶᠢᠭᠤᠯᠵᠤ᠂ ᠬᠥᠭᠵᠢᠭᠦᠯᠵᠦ᠂ ᠪᠠᠬᠢᠵᠢᠭᠦᠯᠦᠭᠰᠡᠨ ᠠᠭᠤᠤ ᠶᠡᠭᠡ ᠡᠬᠡ ᠤᠯᠤᠰ ᠤᠨ ᠲᠡᠦᠬᠡ | ᠮᠥᠨ᠃ ᠦᠨᠳᠦᠰᠦᠲᠡᠨ ᠨᠦᠭᠦᠳ ᠰᠢᠨ᠎ᠡ ᠳᠤᠮᠳᠠᠳᠤ ᠤᠯᠤᠰ ᠢ ᠬᠠᠮᠲᠤ ᠪᠠᠷ ᠴᠣᠭᠴᠠᠯᠠᠨ ᠪᠠᠶᠢᠭᠤᠯᠵᠤ᠂ ᠨᠡᠶᠢᠭᠡᠮ | ᠵᠢᠷᠤᠮ ᠤᠨ ᠵᠠᠮ ᠢ ᠬᠠᠮᠲᠤ ᠪᠠᠷ ᠨᠡᠭᠡᠭᠡᠵᠦ᠂ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠬᠠᠮᠲᠤ ᠪᠠᠷ ᠰᠦᠪᠡᠭᠴᠢᠯᠡᠵᠦ | ᠂ ᠰᠢᠨ᠎ᠡ ᠴᠠᠭ ᠦᠶ᠎ᠡ ᠳᠤ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠪᠡ᠃ ᠰᠢᠨ᠎ᠡ | ᠳᠤᠮᠳᠠᠳᠤ ᠤᠯᠤᠰ ᠦᠨᠳᠦᠰᠦᠲᠡᠨ ᠤ ᠡᠷᠬᠡ ᠲᠡᠭᠰᠢ ᠶᠢ ᠤᠯᠤᠰ ᠪᠠᠶᠢᠭᠤᠯᠬᠤ ᠦᠨᠳᠦᠰᠦᠨ ᠵᠠᠷᠴᠢᠮ ᠤᠨ ᠢᠶᠠᠨ ᠨᠢᠭᠡ | ᠪᠤᠯᠭᠠᠵᠤ᠂ ᠦᠨᠳᠦᠰᠦᠲᠡᠨ ᠤ ᠭᠠᠵᠠᠷ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠲᠣᠭᠲᠠᠭᠠᠵᠤ᠂ | ᠦᠨᠳᠦᠰᠦᠲᠡᠨ ᠨᠦᠭᠦᠳ ᠤᠨ ᠠᠷᠠᠳ ᠲᠦᠮᠡᠨ ᠲᠡᠦᠬᠡᠨ ᠳᠡᠭᠡᠷ᠎ᠡ ᠠᠩᠬ᠎ᠠ ᠤᠳᠠᠭ᠎ᠠ ᠡᠷᠬᠡ ᠲᠡᠭᠰᠢ ᠤᠯᠤᠰ | ᠲᠦᠷᠦ ᠶᠢᠨ ᠡᠷᠬᠡ ᠶᠢ ᠵᠢᠩᠬᠢᠨᠢ ᠣᠯᠵᠤ᠂ ᠬᠠᠮᠲᠤ ᠪᠠᠷ ᠡᠷᠬᠡ ᠮᠡᠳᠡᠨ ᠡᠵᠡᠨ ᠰᠠᠭᠤᠵᠤ᠂ ᠬᠠᠭᠤᠴᠢᠨ ᠳᠤᠮᠳᠠᠳᠤ | ᠤᠯᠤᠰ ᠤᠨ ᠦᠨᠳᠦᠰᠦᠲᠡᠨ ᠤ ᠳᠠᠷᠤᠯᠠᠯ᠂ ᠮᠥᠷᠭᠦᠯᠳᠦᠭᠡᠨ ᠤ ᠭᠠᠰᠢᠭᠤᠨ ᠲᠡᠦᠬᠡ ᠶᠢ ᠡᠴᠦᠰᠯᠡᠭᠦᠯᠵᠦ᠂ | ᠦᠨᠳᠦᠰᠦᠲᠡᠨ ᠨᠦᠭᠦᠳ ᠤᠨ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ | ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠬᠥᠭᠵᠢᠭᠦᠯᠬᠦ ᠰᠢᠨ᠎ᠡ ᠴᠠᠭ ᠦᠶ᠎ᠡ ᠶᠢ ᠨᠡᠭᠡᠭᠡᠵᠡᠢ᠃ | ᠳᠤᠮᠳᠠᠳᠤ ᠶᠢᠨ ᠦᠨᠳᠦᠰᠦᠲᠡᠨ ᠪᠣᠯ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ | ᠳᠤᠮᠳᠠᠳᠤ ᠤᠯᠤᠰ ᠤᠨ ᠲᠡᠦᠬᠡ ᠪᠣᠯ ᠳᠠᠷᠤᠢ ᠦᠨᠳᠦᠰᠦᠲᠡᠨ ᠨᠦᠭᠦᠳ ᠠᠭᠤᠰᠤᠯᠴᠠᠵᠤ ᠤᠯᠠᠨ ᠡᠰᠢᠲᠦ ᠨᠢᠭᠡ | ᠴᠣᠭᠴᠠᠵᠢᠭᠰᠠᠨ ᠳᠤᠮᠳᠠᠳᠤ ᠶᠢᠨ ᠦᠨᠳᠦᠰᠦᠲᠡᠨ ᠤ ᠲᠡᠦᠬᠡ ᠪᠣᠯᠣᠨ᠎ᠠ᠃ ᠳᠤᠮᠳᠠᠳᠤ ᠶᠢᠨ ᠦᠨᠳᠦᠰᠦᠲᠡᠨ ᠪᠣᠯ ᠬᠡᠨ | ᠠᠯᠢᠨ ᠠᠴᠠ ᠪᠠᠨ ᠰᠠᠯᠵᠤ ᠪᠣᠯᠣᠰᠢ ᠦᠭᠡᠢ ᠬᠠᠮᠲᠤ ᠶᠢᠨ ᠴᠣᠭᠴᠠ ᠮᠥᠨ᠃ ᠳᠤᠮᠳᠠᠳᠤ ᠶᠢᠨ ᠦᠨᠳᠦᠰᠦᠲᠡᠨ ᠪᠣᠯᠣᠨ | ᠦᠨᠳᠦᠰᠦᠲᠡᠨ ᠨᠦᠭᠦᠳ ᠤᠨ ᠬᠠᠷᠢᠴᠠᠭ᠎ᠠ ᠪᠣᠯ ᠨᠢᠭᠡᠨ ᠲᠣᠮᠣ ᠭᠡᠷ ᠪᠦᠯᠢ ᠪᠣᠯᠣᠨ ᠭᠡᠷ ᠪᠦᠯᠢ ᠶᠢᠨ ᠪᠦᠷᠢᠯᠳᠦᠭᠦᠨ ᠤ | ᠬᠠᠷᠢᠴᠠᠭ᠎ᠠ ᠮᠥᠨ᠂ ᠦᠨᠳᠦᠰᠦᠲᠡᠨ ᠨᠦᠭᠦᠳ ᠤᠨ ᠬᠠᠷᠢᠴᠠᠭ᠎ᠠ ᠪᠣᠯ ᠡᠨᠡ ᠬᠦ ᠲᠣᠮᠣ ᠭᠡᠷ ᠪᠦᠯᠢ ᠶᠢᠨ ᠳᠣᠲᠣᠷᠠᠬᠢ | ᠠᠳᠠᠯᠢ ᠪᠤᠰᠤ ᠪᠦᠷᠢᠯᠳᠦᠭᠦᠨ ᠤ ᠬᠠᠷᠢᠴᠠᠭ᠎ᠠ ᠮᠥᠨ᠃ ᠦᠨᠳᠦᠰᠦᠲᠡᠨ ᠨᠦᠭᠦᠳ ᠴᠥᠮ ᠳᠤᠮᠳᠠᠳᠤ ᠶᠢᠨ | ᠦᠨᠳᠦᠰᠦᠲᠡᠨ ᠤ ᠲᠣᠮᠣ ᠭᠡᠷ ᠪᠦᠯᠢ ᠶᠢᠨ ᠡᠷᠬᠡ ᠲᠡᠭᠰᠢ ᠪᠦᠷᠢᠯᠳᠦᠭᠦᠨ ᠮᠥᠨ᠂ ᠠᠨᠠᠷ ᠤᠨ ᠦᠷ᠎ᠡ ᠰᠢᠭ ᠨᠢᠭᠲᠠᠷᠠᠨ | ᠪᠦᠯᠬᠦᠮᠳᠡᠬᠦ ᠬᠡᠷᠡᠭᠲᠡᠢ᠃ ᠦᠨᠳᠦᠰᠦᠲᠡᠨ ᠨᠦᠭᠦᠳ ᠪᠦᠯᠬᠦᠮᠳᠡᠨ ᠠᠭᠤᠰᠤᠯᠴᠠᠵᠤ᠂ ᠤᠯᠠᠨ ᠡᠰᠢᠵᠢᠨ ᠨᠢᠭᠡ | ᠴᠣᠭᠴᠠᠵᠢᠭᠰᠠᠨ ᠨᠢ ᠦᠨᠳᠦᠰᠦᠲᠡᠨ ᠨᠦᠭᠦᠳ ᠤᠨ ᠰᠣᠶᠣᠯ ᠤᠨ ᠲᠠᠯ᠎ᠠ ᠪᠠᠷ ᠬᠠᠷᠢᠯᠴᠠᠨ ᠰᠢᠩᠭᠡᠭᠡᠵᠦ᠂ ᠠᠵᠤ | ᠠᠬᠤᠢ ᠶᠢᠨ ᠲᠠᠯ᠎ᠠ ᠪᠠᠷ ᠬᠠᠷᠢᠯᠴᠠᠨ ᠲᠦᠰᠢᠭᠯᠡᠵᠦ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠳᠣᠲᠣᠨᠣᠰᠤᠭ | ᠪᠠᠶᠢᠬᠤ ᠠᠴᠠ ᠢᠷᠡᠯᠲᠡ ᠲᠠᠢ᠂ ᠳᠤᠮᠳᠠᠳᠤ ᠶᠢᠨ ᠦᠨᠳᠦᠰᠦᠲᠡᠨ ᠤ ᠪᠦᠯᠬᠦᠮᠳᠡᠯ ᠨᠢᠭᠡᠳᠦᠯ ᠢ ᠬᠥᠭᠡᠭᠡᠴᠡᠯᠳᠦᠬᠦ | ᠳᠣᠲᠣᠭᠠᠳᠤ ᠬᠥᠳᠡᠯᠭᠡᠭᠦ ᠬᠦᠴᠦᠨ ᠠᠴᠠ ᠢᠷᠡᠯᠲᠡ ᠲᠠᠢ ᠶᠤᠮ᠃ ᠦᠨᠳᠦᠰᠦᠲᠡᠨ ᠨᠦᠭᠦᠳ ᠥᠷᠭᠡᠨ ᠠᠭᠤᠳᠠᠮ | ᠨᠤᠲᠤᠭ ᠳᠡᠪᠢᠰᠬᠡᠷ ᠢ ᠬᠠᠮᠲᠤ ᠪᠠᠷ ᠨᠡᠭᠡᠭᠡᠵᠦ᠂ ᠥᠨᠢ ᠤᠳᠠᠭᠠᠨ ᠲᠡᠦᠬᠡ ᠶᠢ ᠬᠠᠮᠲᠤ ᠪᠠᠷ ᠪᠢᠴᠢᠭᠯᠡᠵᠦ᠂ ᠭᠡᠷᠡᠯ | ᠰᠠᠴᠤᠷᠠᠩᠭᠤᠢ ᠰᠣᠶᠣᠯ ᠢ ᠬᠠᠮᠲᠤ ᠪᠠᠷ ᠡᠭᠦᠳᠦᠨ ᠪᠦᠲᠦᠭᠡᠵᠦ᠂ ᠠᠭᠤᠤ ᠶᠡᠭᠡ ᠵᠣᠷᠢᠭ ᠰᠠᠨᠠᠭ᠎ᠠ ᠶᠢ ᠬᠠᠮᠲᠤ ᠪᠠᠷ | ᠪᠣᠶᠢᠵᠢᠭᠤᠯᠪᠠ᠃ ᠲᠡᠦᠬᠡ ᠶᠢᠨ ᠤᠷᠳᠤ ᠠᠶᠠᠨ ᠳᠤ ᠦᠨᠳᠦᠰᠦᠲᠡᠨ ᠨᠦᠭᠦᠳ ᠤᠯᠤᠰ ᠢᠶᠠᠨ ᠬᠠᠶᠢᠷᠠᠯᠠᠬᠤ ᠦᠵᠡᠯ ᠢᠶᠠᠷ | ᠭᠤᠣᠯ ᠪᠤᠯᠭᠠᠭᠰᠠᠨ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠶᠢ ᠬᠠᠮᠲᠤ ᠪᠠᠷ ᠴᠣᠭᠴᠠᠯᠠᠪᠠ᠃ ᠢᠯᠠᠩᠭᠤᠶ᠎ᠠ | ᠣᠶᠢᠷ᠎ᠠ ᠦᠶ᠎ᠡ ᠠᠴᠠ ᠨᠠᠭᠠᠰᠢ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠲᠡᠦᠬᠡᠨ ᠶᠠᠪᠤᠴᠠ ᠳᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠴᠢᠰᠤ ᠪᠠᠨ ᠤᠷᠤᠰᠬᠠᠵᠤ᠂ | ᠰᠡᠳᠬᠢᠯ ᠵᠢᠷᠦᠬᠡ ᠪᠠᠨ ᠬᠤᠯᠪᠣᠵᠤ᠂ ᠬᠠᠮᠲᠤ ᠶᠢᠨ ᠴᠣᠭᠴᠠ ᠶᠢᠨ ᠤᠬᠠᠮᠰᠠᠷ ᠤᠷᠢᠳ ᠡᠮᠦᠨ᠎ᠡ ᠪᠠᠶᠢᠭ᠎ᠠ ᠦᠭᠡᠢ | ᠴᠢᠩᠭᠠᠷᠠᠪᠠ᠃ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠶᠢᠨ | ᠦᠨᠳᠦᠰᠦᠲᠡᠨ ᠢ ᠳᠠᠭᠠᠭᠤᠯᠤᠨ ᠪᠣᠰᠴᠤ ᠵᠣᠭᠰᠣᠭᠰᠠᠨ᠂ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ | ᠦᠰᠦᠷᠦᠯᠲᠡ ᠶᠢ ᠪᠡᠶᠡᠯᠡᠭᠦᠯᠪᠡ᠃ ᠦᠨᠳᠦᠰᠦᠲᠡᠨ ᠤ ᠰᠡᠷᠭᠦᠨ ᠮᠠᠨᠳᠤᠯᠲᠠ ᠪᠣᠯ ᠪᠦᠭᠦ ᠳᠤᠮᠳᠠᠳᠤ ᠶᠢᠨ ᠬᠥᠪᠡᠭᠦᠳ | ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠬᠠᠮᠲᠤ ᠶᠢᠨ ᠬᠠᠷᠠᠯᠲᠠ ᠮᠥᠨ᠂ ᠳᠤᠮᠳᠠᠳᠤ ᠶᠢᠨ ᠦᠨᠳᠦᠰᠦᠲᠡᠨ ᠪᠠ ᠳᠤᠮᠳᠠᠳᠤ ᠤᠯᠤᠰ ᠤᠨ ᠠᠷᠠᠳ | ᠲᠦᠮᠡᠨ ᠤ ᠬᠠᠮᠲᠤ ᠶᠢᠨ ᠠᠰᠢᠭ ᠲᠤᠰᠠ ᠮᠥᠨ᠂ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ | ᠳᠣᠲᠣᠨᠣ ᠪᠠᠶᠢᠵᠤ᠂ ᠳᠤᠮᠳᠠᠳᠤ ᠶᠢᠨ ᠵᠡᠭᠦᠳᠦ ᠶᠢ ᠰᠡᠳᠬᠢᠯ ᠨᠢᠭᠡᠳᠦᠨ ᠬᠠᠮᠲᠤ ᠪᠠᠷ ᠲᠡᠷᠭᠡᠯᠰᠢᠭᠦᠯᠬᠦ ᠪᠣᠯ ᠰᠢᠨ᠎ᠡ ᠴᠠᠭ | ᠦᠶ᠎ᠡ ᠶᠢᠨ ᠦᠨᠳᠦᠰᠦᠲᠡᠨ ᠤ ᠠᠵᠢᠯ ᠤᠨ ᠠᠮᠢᠳᠤᠯᠢᠭ ᠵᠢᠷᠤᠭᠯᠠᠯ ᠮᠥᠨ᠃ ᠪᠢᠳᠠ ᠠᠭᠤᠤ ᠶᠡᠭᠡ ᠳᠤᠮᠳᠠᠳᠤ ᠶᠢᠨ | ᠦᠨᠳᠦᠰᠦᠲᠡᠨ ᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠵᠣᠷᠢᠭ | ᠰᠠᠨᠠᠭ᠎ᠠ ᠶᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠴᠢᠰᠤ ᠪᠠ ᠰᠦᠭ ᠰᠦᠨᠡᠰᠦ ᠳᠤ ᠠᠭᠤᠰᠬᠠᠨ᠂ | ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢ ᠠᠬᠢᠭᠤᠯᠬᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠭᠦ | ᠬᠦᠴᠦᠨ ᠪᠤᠯᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠵᠢᠷᠦᠬᠡ ᠪᠠᠨ ᠬᠤᠯᠪᠣᠵᠤ᠂ ᠨᠢᠭᠡ | ᠰᠡᠳᠬᠢᠯ ᠨᠢᠭᠡ ᠵᠣᠷᠢᠭ ᠢᠶᠠᠷ ᠳᠤᠮᠳᠠᠳᠤ ᠶᠢᠨ ᠵᠡᠭᠦᠳᠦ ᠶᠢ ᠬᠠᠮᠲᠤ ᠪᠠᠷ ᠪᠡᠶᠡᠯᠡᠭᠦᠯᠵᠦ᠂ ᠳᠤᠮᠳᠠᠳᠤ ᠶᠢᠨ | ᠦᠨᠳᠦᠰᠦᠲᠡᠨ ᠤ ᠢᠷᠠᠭᠤ ᠠᠯᠳᠠᠷ ᠪᠠ ᠬᠦᠰᠡᠯ ᠵᠡᠭᠦᠳᠦ ᠶᠢ ᠬᠠᠮᠲᠤ ᠪᠠᠷ ᠡᠳ᠋ᠯᠡᠭᠦ ᠶᠢ ᠠᠬᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠳᠠ ᠦᠭᠡᠢ ᠪᠠᠲᠤ ᠴᠣᠭᠴᠠᠯᠠᠵᠤ᠂ | ᠳᠤᠮᠳᠠᠳᠤ ᠶᠢᠨ ᠦᠨᠳᠦᠰᠦᠲᠡᠨ ᠤ ᠪᠠᠭᠲᠠᠭᠠᠮᠵᠢᠲᠤ ᠴᠢᠨᠠᠷ ᠨᠡᠩ ᠶᠡᠭᠡ᠂ ᠨᠢᠭᠲᠠᠷᠠᠯ ᠤᠨ ᠬᠦᠴᠦᠨ ᠨᠡᠩ ᠴᠢᠩᠭ᠎ᠠ | ᠬᠤᠪᠢ ᠵᠠᠶᠠᠭᠠᠨ ᠤ ᠬᠠᠮᠲᠤ ᠶᠢᠨ ᠴᠣᠭᠴᠠ ᠲᠡᠶᠢᠰᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ | ᠰᠣᠶᠣᠯ ᠤᠨ ᠬᠠᠮᠲᠤ ᠶᠢᠨ ᠲᠠᠨᠢᠯᠲᠠ ᠪᠣᠯ ᠦᠨᠳᠦᠰᠦᠲᠡᠨ ᠤ ᠪᠦᠯᠬᠦᠮᠳᠡᠯ ᠤᠨ ᠦᠨᠳᠦᠰᠦ ᠦᠨᠳᠦᠰᠦᠲᠡᠨ ᠤ | ᠡᠶ᠎ᠡ ᠨᠠᠶᠢᠷᠠᠮᠳᠠᠭᠤ ᠶᠢᠨ ᠰᠦᠭ ᠰᠦᠨᠡᠰᠦ ᠮᠥᠨ | ᠰᠣᠶᠣᠯ ᠤᠨ ᠬᠠᠮᠲᠤ ᠶᠢᠨ ᠲᠠᠨᠢᠯᠲᠠ ᠪᠣᠯ ᠬᠠᠮᠤᠭ ᠤᠨ ᠭᠦᠨ ᠳᠠᠪᠬᠤᠷᠭ᠎ᠠ ᠶᠢᠨ ᠬᠠᠮᠲᠤ ᠶᠢᠨ ᠲᠠᠨᠢᠯᠲᠠ ᠮᠥᠨ | ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠦᠨᠳᠦᠰᠦᠲᠡᠨ ᠤ ᠡᠶ᠎ᠡ ᠨᠠᠶᠢᠷᠠᠮᠳᠠᠭᠤ ᠶᠢᠨ ᠰᠦᠭ ᠰᠦᠨᠡᠰᠦ | ᠮᠥᠨ᠃ ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠤᠨ ᠪᠣᠯᠪᠠᠰᠤᠨ ᠲᠠᠰᠤᠷᠠᠯᠲᠠ ᠦᠭᠡᠢ | ᠦᠷᠭᠦᠯᠵᠢᠯᠡᠭᠰᠡᠨ ᠤ ᠮᠠᠰᠢ ᠴᠢᠬᠤᠯᠠ ᠨᠢᠭᠡ ᠰᠢᠯᠲᠠᠭᠠᠨ ᠪᠣᠯ ᠳᠠᠷᠤᠢ ᠡᠷᠲᠡᠨ ᠠᠴᠠ ᠨᠠᠭᠠᠰᠢᠬᠢ | ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠢ ᠬᠠᠮᠲᠤ ᠶᠢᠨ ᠲᠠᠨᠢᠯᠲᠠ ᠲᠠᠢ | ᠪᠠᠶᠢᠭᠰᠠᠨ ᠳᠤ ᠣᠷᠣᠰᠢᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠦᠨᠳᠦᠰᠦᠲᠡᠨ ᠨᠦᠭᠦᠳ | ᠬᠠᠮᠲᠤ ᠪᠠᠷ ᠡᠭᠦᠳᠦᠨ ᠪᠦᠲᠦᠭᠡᠭᠰᠡᠨ ᠶᠤᠮ᠂ ᠦᠨᠳᠦᠰᠦᠲᠡᠨ ᠨᠦᠭᠦᠳ ᠤᠨ ᠤᠶᠤᠨ ᠤᠬᠠᠭᠠᠨ ᠤ ᠤᠭᠢ ᠪᠦᠲᠦᠭᠡᠯ | ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠡᠳ᠋ ᠪᠠᠶᠠᠯᠢᠭ ᠮᠥᠨ᠃ ᠪᠢᠳᠡ | ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠥᠪ ᠡᠬᠡ ᠤᠯᠤᠰ ᠤᠨ | ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠤ | ᠦᠵᠡᠯᠲᠡ ᠲᠠᠢ ᠪᠤᠯᠭᠠᠵᠤ᠂ ᠳᠤᠮᠳᠠᠳᠤ ᠶᠢᠨ ᠰᠣᠶᠣᠯ ᠤᠨ ᠲᠤᠬᠠᠢ ᠲᠠᠨᠢᠨ ᠮᠡᠳᠡᠷᠡᠬᠦᠢ ᠪᠠᠨ ᠴᠢᠩᠭᠠᠳᠬᠠᠭᠰᠠᠨ ᠤ | ᠰᠠᠭᠤᠷᠢᠨ ᠳᠡᠭᠡᠷ᠎ᠡ᠂ ᠦᠨᠳᠦᠰᠦᠲᠡᠨ ᠨᠦᠭᠦᠳ ᠤᠨ ᠰᠣᠶᠣᠯ ᠢ ᠤᠯᠠᠮᠵᠢᠯᠠᠨ ᠬᠠᠮᠠᠭᠠᠯᠠᠬᠤ ᠪᠠ ᠰᠢᠨ᠎ᠡ ᠶᠢ ᠡᠭᠦᠳᠦᠨ | ᠢᠳᠡᠭᠡᠰᠢᠬᠦ ᠶᠢ ᠠᠬᠢᠭᠤᠯᠵᠤ᠂ ᠰᠣᠶᠣᠯ ᠤᠨ ᠢᠲᠡᠭᠡᠯ ᠢ ᠨᠢ ᠨᠡᠮᠡᠭᠳᠡᠭᠦᠯᠦᠨ᠂ ᠦᠨᠳᠦᠰᠦᠲᠡᠨ ᠨᠦᠭᠦᠳ ᠤᠨ | ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠦᠨᠳᠦᠰᠦᠲᠡᠨ ᠨᠦᠭᠦᠳ ᠤᠨ ᠶᠡᠭᠡ | ᠪᠦᠯᠬᠦᠮᠳᠡᠯ ᠤᠨ ᠦᠨᠳᠦᠰᠦᠨ ᠪᠠᠲᠤᠯᠠᠭ᠎ᠠ ᠮᠥᠨ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠨᠠᠮ ᠪᠠ ᠤᠯᠤᠰ ᠤᠨ ᠦᠨᠳᠦᠰᠦ ᠪᠠ | ᠠᠮᠢᠨ ᠰᠤᠳᠠᠰᠤ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠤᠭ ᠤᠨ ᠢᠯᠡ ᠲᠣᠳᠣ ᠮᠥᠨ ᠴᠢᠨᠠᠷ ᠤᠨ ᠣᠨᠴᠠᠯᠢᠭ ᠮᠥᠨ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠬᠠᠮᠤᠭ ᠤᠨ ᠶᠡᠭᠡ ᠳᠠᠪᠠᠭᠤᠯᠢᠭ ᠮᠥᠨ | ᠃ ᠳᠤᠮᠳᠠᠳᠤ ᠶᠢᠨ ᠦᠨᠳᠦᠰᠦᠲᠡᠨ ᠤ ᠣᠶᠢᠷ᠎ᠠ ᠦᠶ᠎ᠡ ᠠᠴᠠ ᠨᠠᠭᠠᠰᠢᠬᠢ 180 ᠭᠠᠷᠤᠢ ᠵᠢᠯ ᠤᠨ ᠲᠡᠦᠬᠡ᠂ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠠᠴᠠ ᠨᠠᠭᠠᠰᠢᠬᠢ 100 ᠵᠢᠯ ᠤᠨ ᠲᠡᠦᠬᠡ᠂ ᠪᠦᠭᠦᠳᠠ | ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ 70 ᠭᠠᠷᠤᠢ ᠵᠢᠯ ᠤᠨ ᠲᠡᠦᠬᠡ | ᠴᠥᠮ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ | ᠦᠭᠡᠢ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠠᠶᠢᠵᠤ ᠴᠢᠳᠠᠬᠤ ᠦᠭᠡᠢ ᠭᠡᠳᠡᠭ ᠢ | ᠭᠦᠢᠴᠡᠳ ᠭᠡᠷᠡᠴᠢᠯᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠦᠨᠳᠦᠰᠦᠲᠡᠨ ᠤ | ᠠᠵᠢᠯ ᠤᠨ ᠠᠮᠵᠢᠯᠲᠠ ᠣᠯᠬᠤ ᠶᠢᠨ ᠦᠨᠳᠦᠰᠦᠨ ᠪᠠᠲᠤᠯᠠᠭ᠎ᠠ ᠮᠥᠨ᠂ ᠪᠠᠰᠠ ᠴᠤ ᠦᠨᠳᠦᠰᠦᠲᠡᠨ ᠨᠦᠭᠦᠳ ᠤᠨ ᠶᠡᠭᠡ | ᠪᠦᠯᠬᠦᠮᠳᠡᠯ ᠤᠨ ᠦᠨᠳᠦᠰᠦᠨ ᠪᠠᠲᠤᠯᠠᠭ᠎ᠠ ᠮᠥᠨ᠃ ᠪᠢᠳᠡ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠠᠴᠠ᠂ | ᠢᠯᠠᠩᠭᠤᠶ᠎ᠠ ᠨᠠᠮ ᠤᠨ ᠦᠨᠳᠦᠰᠦᠲᠡᠨ ᠤ ᠠᠵᠢᠯ ᠤᠨ ᠲᠡᠦᠬᠡ᠂ ᠨᠠᠮ ᠤᠨ ᠦᠨᠳᠦᠰᠦᠲᠡᠨ ᠤ ᠤᠨᠤᠯ ᠤᠨ ᠲᠡᠦᠬᠡ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠤᠭᠰᠠᠨ ᠲᠡᠦᠬᠡ ᠠᠴᠠ ᠤᠶᠤᠨ ᠤᠬᠠᠭᠠᠨ ᠪᠠ | ᠡᠷᠴᠢ ᠬᠦᠴᠦᠨ ᠣᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠮᠥᠵᠢᠭᠦᠯᠦᠨ ᠵᠢᠯᠤᠭᠤᠳᠴᠤ ᠪᠠᠶᠢᠭᠠᠳ | ᠴᠢᠩ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠭᠤᠶᠢᠪᠢᠰᠢ ᠦᠭᠡᠢ ᠪᠠᠷ ᠨᠠᠮ ᠢᠶᠠᠨ ᠳᠠᠭᠠᠬᠤ | ᠪᠤᠯᠭᠠᠬᠤ ᠬᠡᠷᠡᠭᠲᠡᠢ᠃ | ᠭᠠᠭᠴᠠ ᠬᠦ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠠᠶ᠋ᠢ ᠡᠯ᠎ᠡ ᠦᠨᠳᠦᠰᠦᠲᠡᠨ ᠢ | ᠨᠢᠭᠲᠠᠷᠠᠭᠤᠯᠤᠨ ᠬᠥᠭᠵᠢᠭᠦᠯᠵᠦ ᠴᠢᠳᠠᠨ᠎ᠠ | ᠭᠠᠭᠴᠠ ᠬᠦ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠠᠶ᠋ᠢ ᠦᠨᠳᠦᠰᠦᠲᠡᠨ ᠨᠦᠭᠦᠳ ᠢ | ᠨᠢᠭᠲᠠᠷᠠᠭᠤᠯᠵᠤ᠂ ᠦᠨᠳᠦᠰᠦᠲᠡᠨ ᠨᠦᠭᠦᠳ ᠢ ᠬᠥᠭᠵᠢᠭᠦᠯᠵᠦ᠂ ᠦᠨᠳᠦᠰᠦᠲᠡᠨ ᠨᠦᠭᠦᠳ ᠢ ᠴᠡᠴᠡᠭᠯᠡᠭᠦᠯᠵᠦ ᠴᠢᠳᠠᠨ᠎ᠠ᠃ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯ ᠨᠠᠮ ᠪᠠ ᠠᠷᠠᠳ ᠲᠦᠮᠡᠨ ᠤ ᠲᠦᠮᠡᠨ ᠪᠡᠷᠬᠡ | ᠮᠢᠩᠭᠠᠨ ᠵᠣᠪᠠᠭᠤᠷᠢ ᠶᠢ ᠲᠤᠭᠤᠯᠵᠤ᠂ ᠯᠤᠲᠤ ᠶᠡᠭᠡ ᠦᠷᠡᠭᠳᠡᠯ ᠭᠠᠷᠭᠠᠵᠤ ᠪᠠᠶᠢᠭᠠᠳ ᠣᠯᠣᠭᠰᠠᠨ ᠦᠨᠳᠦᠰᠦᠨ | ᠠᠮᠵᠢᠯᠲᠠ ᠪᠦᠲᠦᠮᠵᠢ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ | ᠵᠥᠪ ᠵᠠᠮ ᠮᠥᠨ᠃ ᠭᠠᠭᠴᠠ ᠬᠦ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠠᠪᠤᠷᠠᠵᠤ ᠴᠢᠳᠠᠨ᠎ᠠ᠂ ᠭᠠᠭᠴᠠ ᠬᠦ | ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠬᠥᠭᠵᠢᠭᠦᠯᠵᠦ ᠴᠢᠳᠠᠨ᠎ᠠ᠂ ᠭᠠᠭᠴᠠ ᠬᠦ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠪᠡᠯ ᠰᠠᠶ᠋ᠢ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠵᠦ ᠴᠢᠳᠠᠨ᠎ᠠ ᠭᠡᠳᠡᠭ ᠢ ᠲᠡᠦᠬᠡ ᠪᠠ ᠦᠢᠯᠡᠳᠦᠯᠭᠡ ᠭᠦᠢᠴᠡᠳ ᠭᠡᠷᠡᠴᠢᠯᠡᠵᠡᠢ᠃ | ᠪᠢᠳᠠ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠳᠣᠣᠷ᠎ᠠ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠲᠠᠰᠤᠷᠠᠯᠳᠠ ᠦᠭᠡᠢ ᠠᠬᠢᠭᠤᠯᠵᠤ᠂ ᠠᠷᠠᠳ ᠤᠯᠠᠨ ᠤ | ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ | ᠬᠠᠩᠭᠠᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ | ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠪᠠᠷ ᠴᠢᠷᠮᠠᠶᠢᠵᠤ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠳᠠᠪᠠᠭᠤᠯᠢᠭ ᠢ ᠦᠨᠡᠨ ᠬᠦ ᠣᠶᠢᠯᠠᠭᠠᠬᠤ ᠶᠢᠨ ᠬᠠᠮᠲᠤ | ᠤᠬᠠᠮᠰᠠᠷ ᠠᠴᠠ ᠪᠠᠨ ᠴᠥᠬᠦᠷᠡᠰᠢ ᠦᠭᠡᠢ ᠲᠡᠮᠡᠴᠡᠵᠦ᠂ ᠬᠦᠴᠦᠨ ᠴᠢᠳᠠᠯ ᠢᠶᠠᠨ ᠡᠷᠭᠦᠭᠦ ᠬᠡᠷᠡᠭᠲᠡᠢ᠃ | ︵ᠵᠣᠬᠢᠶᠠᠭᠴᠢ ᠶᠢᠨ ᠬᠠᠶ᠋ᠢᠭ᠄ ᠭᠦᠭᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠤᠨᠤᠯ ᠤᠨ ᠰᠢᠰᠲ᠋ᠧᠮ ᠤᠨ ᠰᠤᠳᠤᠯᠭᠠᠨ ᠤ ᠲᠥᠪ︶ | | |