| ᠰᠠᠷᠡᠨ | ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ︽ᠰᠢᠨ᠎ᠡ | ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠨᠠᠮ ᠤᠨ ᠦᠨᠳᠦᠰᠦᠲᠡᠨ ᠤ ᠠᠵᠢᠯ ᠤᠨ ᠭᠤᠣᠯ | ᠰᠢᠵᠢᠮ ᠪᠤᠯᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠣᠯ ᠳᠠᠷᠤᠢ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠳᠠᠭᠠᠭᠤᠯᠵᠤ ᠪᠠᠶᠢᠭᠠᠳ | ᠢᠴᠢᠭᠦᠷᠢ ᠭᠤᠲᠤᠮᠰᠢᠭ ᠢᠶᠠᠨ ᠬᠠᠮᠲᠤᠳᠬᠠᠬᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠭᠡᠭᠦ ᠪᠠᠨ | ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ | ᠪᠤᠯᠭᠠᠬᠤ ᠶᠠᠪᠤᠳᠠᠯ ᠪᠣᠯᠣᠨ᠎ᠠ︾ ᠭᠡᠵᠦ ᠥᠭᠦᠯᠡᠭᠰᠡᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠡᠦᠬᠡ ᠶᠢᠨ ᠵᠠᠶᠢᠯᠠᠰᠢ ᠦᠭᠡᠢ ᠴᠢᠨᠠᠷ᠂ ᠲᠤᠶᠢᠯ ᠤᠨ ᠴᠢᠬᠤᠯᠠ | ᠴᠢᠨᠠᠷ ᠪᠠ ᠠᠬᠤᠶᠢᠴᠢ ᠬᠠᠨᠳᠤᠯᠭᠠᠲᠤ ᠴᠢᠨᠠᠷ ᠢ ᠲᠣᠳᠣᠷᠬᠠᠢ ᠲᠤᠰᠬᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ | ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠪᠣᠯᠤᠭᠰᠠᠨ ᠪᠠᠶᠢᠨ᠎ᠠ᠃ | ᠨᠢᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ | ᠦᠨᠳᠦᠰᠦᠲᠡᠨ ᠨᠦᠭᠦᠳ ᠤᠨ ᠦᠨᠳᠦᠰᠦᠨ ᠠᠰᠢᠭ ᠲᠤᠰᠠ ᠶᠢ ᠬᠠᠮᠠᠭᠠᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ | ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠴᠥᠮ᠎ᠡ ᠪᠣᠯ | ᠬᠠᠭᠠᠴᠠᠯ ᠵᠠᠳᠠᠷᠠᠯ ᠢ ᠡᠰᠡᠷᠭᠦᠴᠡᠨ᠂ ᠤᠯᠤᠰ ᠣᠷᠣᠨ ᠤ ᠨᠢᠭᠡᠳᠦᠯ ᠢ ᠬᠠᠮᠠᠭᠠᠯᠠᠬᠤ ᠶᠠᠪᠤᠳᠠᠯ ᠪᠣᠯᠣᠨ᠎ᠠ᠃ ᠡᠨᠡ ᠨᠢ | ᠤᠯᠤᠰ ᠣᠷᠣᠨ ᠤ ᠬᠠᠮᠤᠭ ᠤᠨ ᠥᠨᠳᠥᠷ ᠠᠰᠢᠭ ᠲᠤᠰᠠ ᠪᠥᠭᠡᠳ ᠦᠨᠳᠦᠰᠦᠲᠡᠨ ᠨᠦᠭᠦᠳ ᠤᠨ ᠬᠠᠮᠲᠤ ᠶᠢᠨ | ᠠᠰᠢᠭ ᠲᠤᠰᠠ ᠮᠥᠨ᠃ ᠲᠡᠦᠬᠡᠨ ᠤᠯᠠᠮᠵᠢᠯᠠᠯ ᠪᠠ ᠣᠳᠣᠬᠢ ᠪᠠᠶᠢᠳᠠᠯ ᠠᠴᠠ ᠦᠵᠡᠬᠦ ᠳᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠷᠢᠮᠲᠠᠯᠠᠪᠠᠯ ᠡᠯ᠎ᠡ ᠦᠨᠳᠦᠰᠦᠲᠡᠨ | ᠬᠤᠭᠤᠷᠣᠨᠳᠤ ᠪᠠᠨ ᠣᠶᠢᠯᠠᠭᠠᠯᠴᠠᠨ᠂ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠨ ᠵᠣᠯ ᠵᠢᠷᠭᠠᠯᠲᠤ ᠠᠮᠤᠷ | ᠲᠠᠶᠢᠪᠤᠩ ᠠᠮᠢᠳᠤᠷᠠᠯ ᠢ ᠴᠣᠭᠴᠠᠯᠠᠨ ᠪᠠᠶᠢᠭᠤᠯᠵᠤ ᠴᠢᠳᠠᠨ᠎ᠠ᠃ ᠬᠡᠷᠪᠡ ᠡᠰᠡᠷᠭᠦ ᠴᠢᠭᠯᠡᠯ ᠢᠶᠠᠷ ᠬᠥᠭᠵᠢᠪᠡᠯ᠂ | ᠦᠨᠳᠦᠰᠦᠲᠡᠨ ᠤ ᠰᠠᠮᠠᠭᠤᠷᠠᠯ ᠪᠠ ᠬᠠᠭᠠᠴᠠᠯ ᠭᠠᠷᠴᠤ᠂ ᠲᠡᠷᠡᠴᠢᠯᠡᠨ ᠦᠨᠳᠦᠰᠦᠲᠡᠨ ᠨᠦᠭᠦᠳ ᠤᠨ ᠬᠤᠭᠤᠷᠤᠨᠲᠤᠭᠢ | ᠵᠥᠷᠢᠴᠡᠯ ᠨᠢ ᠮᠦᠷᠭᠦᠯᠲᠦᠭᠡᠨ ᠪᠣᠯᠵᠤ ᠤᠯᠠᠷᠢᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠪᠤᠰᠨᠢᠭᠤᠯᠵᠤ | ᠂ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠬᠤᠬᠢᠷᠠᠭᠤᠯᠬᠤ ᠪᠣᠯᠣᠨ᠎ᠠ᠃ ᠲᠡᠦᠬᠡᠨ ᠪᠣᠳᠠᠲᠤ ᠪᠠᠶᠢᠳᠠᠯ ᠤᠨ | ᠪᠢᠲᠡᠨ ᠳᠤ ᠥᠭᠭᠦᠭᠰᠡᠨ ᠨᠢᠭᠡᠨ ᠰᠡᠷᠡᠮᠵᠢ ᠳᠣᠬᠢᠶ᠎ᠠ ᠪᠣᠯ ︽ᠪᠦᠯᠬᠦᠮᠳᠡᠯ ᠪᠣᠯ ᠵᠣᠯ ᠵᠢᠷᠭᠠᠯ᠂ ᠬᠠᠭᠠᠴᠠᠯ ᠪᠤᠲᠠᠷᠡᠯ ᠪᠣᠯ | ᠭᠠᠢ ᠭᠠᠮᠰᠢᠭ︾ ᠪᠣᠯᠣᠨ᠎ᠠ᠃ ᠡᠶᠢᠮᠦ ᠠᠴᠠ᠂ ᠭᠠᠭᠴᠠ ᠬᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠤᠯᠤᠰ ᠣᠷᠣᠨ ᠤ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ | ᠬᠠᠮᠠᠭᠠᠯᠠᠬᠤ ᠪᠠᠲᠤ ᠪᠠᠬᠢ ᠦᠵᠡᠯ ᠰᠠᠨᠠᠭᠠᠨ ᠤ ᠤᠷᠲᠤ ᠴᠠᠭᠠᠨ ᠬᠡᠷᠡᠮ ᠢ ᠪᠠᠶᠢᠭᠤᠯᠵᠤ᠂ ᠦᠨᠳᠦᠰᠦᠲᠡᠨ ᠨᠦᠭᠦᠳ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠪᠠᠯ ᠰᠠᠶ᠋ᠢ ᠡᠯ᠎ᠡ | ᠵᠦᠢᠯ ᠤᠨ ᠬᠡᠲᠦᠷᠡᠮᠡᠬᠡᠢ᠂ ᠬᠠᠭᠠᠴᠠᠭᠤᠯᠬᠤ ᠦᠵᠡᠯ ᠰᠠᠨᠠᠭᠠᠨ ᠤ ᠨᠡᠪᠴᠢᠯᠲᠡ ᠨᠤᠷᠠᠭᠠᠯᠲᠠ ᠶᠢ ᠪᠦᠲᠦᠮᠵᠢᠲᠡᠢ | ᠡᠰᠡᠷᠭᠦᠴᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠦᠨᠳᠦᠰᠦᠨ ᠠᠰᠢᠭ ᠲᠤᠰᠠ ᠶᠢ | ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ ᠴᠢᠳᠠᠨ᠎ᠠ᠃ | ᠬᠤᠶᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠲᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ | ᠱᠠᠭᠠᠷᠳᠠᠯᠭ᠎ᠠ ᠮᠥᠨ᠃ ᠤᠯᠤᠰ ᠤᠨ ᠳᠣᠲᠣᠭᠠᠳᠤ ᠶᠢᠨ ᠪᠠᠶᠢᠳᠠᠯ ᠠᠴᠠ ᠦᠵᠡᠬᠦ ᠳᠤ᠂ ᠲᠤᠮᠲᠠᠲᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠲᠠᠪᠰᠢᠨ ᠣᠷᠣᠵᠤ᠂ ᠲᠤᠮᠲᠠᠲᠤ ᠶᠢᠨ ᠦᠨᠳᠦᠰᠦᠲᠡᠨ ᠤ | ᠣᠮᠣᠭᠰᠢᠯᠲᠤ ᠰᠡᠳᠬᠢᠯᠭᠡ᠂ ᠬᠠᠮᠲᠤ ᠶᠢᠨ ᠲᠠᠨᠢᠯᠲᠠ ᠪᠠ ᠨᠢᠭᠲᠠᠷᠠᠯ ᠤᠨ ᠬᠦᠴᠦᠨ ᠤᠷᠢᠳ ᠪᠠᠶᠢᠭ᠎ᠠ ᠦᠭᠡᠢ | ᠨᠡᠮᠡᠭᠳᠡᠵᠦ᠂ ᠣᠶᠢᠷ᠎ᠠ ᠦᠶ᠎ᠡ ᠠᠴᠠ ᠨᠠᠭᠠᠰᠢᠬᠢ ᠬᠠᠮᠤᠭ ᠤᠨ ᠰᠠᠶᠢᠨ ᠬᠥᠭᠵᠢᠯᠲᠡ ᠶᠢᠨ ᠴᠠᠭ ᠦᠶ᠎ᠡ ᠪᠣᠯᠤᠭᠰᠠᠨ | ᠮᠥᠷᠲᠡᠭᠡᠨ ᠪᠠᠰᠠ ᠨᠠᠷᠢᠨ ᠪᠤᠳᠤᠯᠢᠶᠠᠨᠲᠠᠢ ᠪᠠᠶᠢᠳᠠᠯ ᠲᠤᠯᠭᠠᠷᠠᠵᠤ ᠪᠠᠶᠢᠨ᠎ᠠ᠃ ᠳᠡᠯᠡᠬᠡᠢ ᠶᠢᠨ ᠪᠠᠶᠢᠳᠠᠯ ᠠᠴᠠ | ᠦᠵᠡᠬᠦ ᠳᠤ᠂ ᠣᠳᠣᠬᠠᠨ ᠤ ᠳᠡᠯᠡᠬᠡᠢ ᠶᠢᠷᠲᠢᠨᠴᠦ ᠶᠠᠭ ᠰᠠᠶᠢᠬᠠᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠶᠢᠨ ᠳᠤᠮᠳᠠ ᠣᠷᠣᠰᠢᠵᠤ᠂ ᠤᠯᠠᠨ ᠤᠯᠤᠰ ᠤᠨ ᠪᠠᠶᠢᠷᠢᠰᠢᠯ ᠳᠤ ᠶᠡᠭᠡ ᠬᠤᠪᠢᠰᠤᠯᠲᠠ ᠶᠡᠭᠡ | ᠲᠣᠬᠢᠷᠠᠭᠤᠯᠤᠯᠲᠠ ᠭᠠᠷᠴᠤ᠂ ᠠᠷᠠᠯᠵᠢᠶᠠᠨ ᠤ ᠬᠠᠮᠠᠭᠠᠯᠠᠬᠤ ᠦᠵᠡᠯ᠂ ᠬᠡᠲᠦᠷᠡᠮᠡᠬᠡᠢ ᠦᠨᠳᠦᠰᠦᠲᠡᠨ ᠤ ᠦᠵᠡᠯ ᠵᠡᠷᠭᠡ | ᠡᠯ᠎ᠡ ᠲᠠᠯ᠎ᠠ ᠶᠢᠨ ᠡᠯᠧᠮᠧᠨ᠋ᠲ ᠨᠢ ᠳᠡᠯᠡᠬᠡᠢ ᠶᠢᠨ ᠪᠠᠶᠢᠳᠠᠯ ᠢ ᠤᠯᠠᠮ ᠪᠤᠳᠤᠯᠢᠶᠠᠨᠲᠠᠢ ᠪᠤᠯᠭᠠᠵᠤ ᠪᠤᠢ᠃ ᠡᠭᠡᠳᠡᠷᠡᠭᠡᠨ | ᠪᠤᠳᠤᠯᠢᠶᠠᠨᠲᠠᠢ ᠲᠠᠢ ᠳᠡᠯᠡᠬᠡᠢ ᠶᠢᠨ ᠪᠠᠶᠢᠳᠠᠯ ᠪᠠ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠢᠯᠠᠨ | ᠳᠠᠪᠠᠭ᠋ᠤ ᠳᠤ ᠡᠯ᠎ᠡ ᠦᠨᠳᠦᠰᠦᠲᠡᠨ ᠤ ᠠᠷᠠᠳ ᠲᠦᠮᠡᠨ ᠪᠦᠯᠬᠦᠮᠳᠡᠯ ᠢᠶᠠᠨ ᠤᠯᠠᠮ ᠴᠢᠨᠠᠭᠰᠢᠳᠠ ᠴᠢᠩᠭᠠᠳᠬᠠᠵᠤ᠂ | ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠵᠤ᠂ ᠠᠨᠠᠷ ᠤᠨ ᠦᠷ᠎ᠡ ᠰᠢᠭ ᠪᠦᠯᠬᠦᠮᠳᠡᠵᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠲᠤᠯᠲᠠ ᠶᠢ ᠪᠡᠶᠡᠯᠡᠭᠦᠯᠬᠦ ᠯᠤᠲᠤ ᠴᠢᠩᠭ᠎ᠠ ᠬᠦᠴᠦᠨ ᠢ ᠨᠡᠮᠡᠷᠢᠯᠡᠬᠦ | ᠴᠢᠬᠤᠯᠠᠲᠠᠢ᠃ ᠲᠤᠮᠲᠠᠲᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠲᠤᠯᠲᠠ ᠶᠢ ᠪᠡᠶᠡᠯᠡᠭᠦᠯᠬᠦ ᠳᠤ ᠨᠢᠭᠡ ᠴᠤ | ᠦᠨᠳᠦᠰᠦᠲᠡᠨ ᠢ ᠣᠷᠬᠢᠭᠳᠠᠭᠤᠯᠵᠤ ᠪᠤᠯᠬᠤ ᠦᠭᠡᠢ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠨᠢ | ᠲᠤᠮᠲᠠᠲᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠲᠤᠯᠲᠠ ᠳᠤ ᠰᠦᠷᠯᠢᠭ ᠰᠠᠶᠢᠬᠠᠨ ᠵᠢᠷᠤᠭ ᠲᠥᠯᠥᠪᠯᠡᠭᠡ | ᠬᠠᠩᠭᠠᠭᠰᠠᠨ ᠪᠠᠶᠢᠨ᠎ᠠ᠂ ᠡᠯ᠎ᠡ ᠦᠨᠳᠦᠰᠦᠲᠡᠨ ᠤ ᠶᠡᠭᠡ ᠪᠦᠯᠬᠦᠮᠳᠡᠯ ᠪᠣᠯ ᠡᠨᠡ ᠬᠦ ᠵᠢᠷᠤᠭ ᠲᠥᠯᠥᠪᠯᠡᠭᠡ ᠶᠢ ᠪᠣᠳᠠᠲᠤ | ᠠᠬᠤᠢ ᠪᠤᠯᠭᠠᠬᠤ ᠶᠢᠨ ᠤᠷᠢᠲᠠᠯ ᠪᠠ ᠦᠨᠳᠦᠰᠦᠨ ᠪᠠᠲᠤᠯᠠᠭ᠎ᠠ ᠮᠥᠨ᠃ ᠡᠶᠢᠮᠦ ᠠᠴᠠ᠂ ᠭᠠᠭᠴᠠ ᠬᠦ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠪᠠᠯ ᠰᠠᠶ᠋ᠢ ᠡᠯ᠎ᠡ ᠦᠨᠳᠦᠰᠦᠲᠡᠨ ᠤ | ᠠᠷᠠᠳ ᠲᠦᠮᠡᠨ ᠤ ᠪᠤᠲᠤᠯ ᠰᠡᠳᠬᠢᠯ ᠤᠨ ᠨᠡᠶᠢᠯᠡᠯᠲᠡ᠂ ᠦᠨᠳᠦᠰᠦᠨ ᠠᠰᠢᠭ ᠲᠤᠰᠠ ᠶᠢᠨ ᠨᠢᠭᠡᠳᠦᠯ ᠢ ᠪᠡᠶᠡᠯᠡᠭᠦᠯᠵᠦ | ᠂ ᠬᠠᠶᠢᠷ᠎ᠠ ᠰᠡᠳᠬᠢᠯᠭᠡ ᠶᠢᠨ ᠬᠠᠮᠲᠤ ᠶᠢᠨ ᠭᠦᠭ ᠠᠶᠠᠰ ᠢ ᠴᠢᠪᠬᠠᠳᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠲᠤᠯᠲᠠ ᠶᠢ ᠪᠡᠶᠡᠯᠡᠭᠦᠯᠬᠦ ᠶᠠᠪᠤᠴᠠ ᠳᠤ ᠦᠨᠳᠦᠰᠦᠲᠡᠨ ᠤ ᠬᠦᠷᠢᠶ᠎ᠡ ᠴᠠᠷᠠᠭ᠎ᠠ ᠳᠤ ᠡᠭᠦᠰᠴᠦ ᠮᠡᠲᠡᠭᠦ | ᠠᠶᠤᠯ ᠲᠦᠭᠰᠢᠭᠦᠷᠢ ᠪᠠ ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ᠂ ᠨᠠᠮ ᠪᠠ ᠤᠯᠤᠰ ᠣᠷᠣᠨ ᠤ ᠬᠥᠭᠵᠢᠨ | ᠮᠠᠨᠳᠤᠬᠤ᠂ ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠴᠢᠬᠤᠯᠠ ᠦᠵᠡᠯ ᠰᠠᠨᠠᠭᠠᠨ ᠤ ᠪᠠᠲᠤᠯᠠᠭ᠎ᠠ ᠬᠠᠩᠭᠠᠵᠤ | ᠴᠢᠳᠠᠨ᠎ᠠ᠃ | ᠭᠤᠷᠪᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠪᠣᠯ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠤ ᠡᠶ᠎ᠡ ᠵᠣᠬᠢᠴᠠᠩᠭᠤᠢ ᠨᠡᠶᠢᠭᠡᠮ ᠵᠢᠷᠤᠮ ᠤᠨ | ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠰᠢᠨ᠎ᠡ | ᠲᠤᠮᠲᠠᠲᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠮᠠᠨ ᠤ ᠤᠯᠤᠰ ᠤᠨ ᠦᠨᠳᠦᠰᠦᠲᠡᠨ ᠤ ᠬᠠᠷᠢᠴᠠᠭᠠᠨ ᠤ | ᠬᠥᠭᠵᠢᠯᠲᠡ ᠶᠢᠨ ᠶᠡᠷᠦᠩᠬᠡᠢ ᠬᠠᠨᠳᠤᠰᠢ ᠪᠣᠯ ᠲᠤᠩ ᠰᠠᠶᠢᠨ ᠶᠤᠮ᠂ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠠᠴᠠ | ᠨᠠᠭᠠᠰᠢ ᠡᠯ᠎ᠡ ᠵᠦᠢᠯ ᠤᠨ ᠠᠵᠢᠯ ᠦᠢᠯᠡᠰ ᠤᠨ ᠤᠷᠤᠭᠰᠢᠲᠠᠢ ᠠᠬᠢᠭᠰᠠᠨ ᠤ ᠨᠢᠭᠡᠨ ᠴᠢᠬᠤᠯᠠ ᠰᠢᠯᠲᠠᠭᠠᠨ ᠨᠢ ᠳᠠᠷᠤᠢ | ᠦᠨᠳᠦᠰᠦᠲᠡᠨ ᠤ ᠬᠠᠷᠢᠴᠠᠭᠠᠨ ᠤ ᠶᠡᠷᠦᠩᠬᠡᠢ ᠴᠣᠭᠴᠠ ᠶᠢᠨ ᠡᠶ᠎ᠡ ᠵᠣᠬᠢᠴᠠᠯ ᠢ ᠪᠠᠲᠤᠯᠠᠭᠰᠠᠨ ᠳᠤ ᠣᠷᠣᠰᠢᠨ᠎ᠠ᠃ | ᠭᠡᠪᠡᠴᠦ ᠨᠡᠶᠢᠭᠡᠮ ᠤᠨ ᠬᠥᠭᠵᠢᠯᠲᠡ ᠬᠤᠪᠢᠰᠤᠯᠲᠠ ᠶᠢ ᠳᠠᠭᠠᠯᠳᠤᠨ᠂ ᠨᠢᠭᠡ ᠲᠠᠯ᠎ᠠ ᠪᠠᠷ ᠦᠨᠳᠦᠰᠦᠲᠡᠨ ᠤ | ᠬᠠᠷᠢᠴᠠᠭᠠᠨ ᠳᠤ ᠪᠠᠰᠠ ᠰᠢᠨ᠎ᠡ ᠪᠠᠶᠢᠳᠠᠯ ᠰᠢᠨ᠎ᠡ ᠥᠷᠢᠰᠦᠯᠳᠦᠭᠡᠨ ᠢᠯᠡᠷᠡᠪᠡ᠂ ᠲᠤᠬᠠᠶᠢᠯᠠᠪᠠᠯ ᠨᠡᠶᠢᠭᠡᠮ ᠳᠡᠭᠡᠷ᠎ᠡ | ᠦᠨᠳᠦᠰᠦᠲᠡᠨ ᠤ ᠡᠯᠧᠮᠧᠨ᠋ᠲ ᠲᠤ ᠬᠤᠯᠪᠣᠭᠳᠠᠭᠰᠠᠨ ᠵᠥᠷᠢᠴᠡᠯ ᠮᠦᠷᠭᠦᠯᠲᠦᠭᠡᠨ ᠭᠠᠷᠴᠤ᠂ ᠴᠢᠨᠠᠭᠰᠢᠯᠠᠭᠠᠳ ᠵᠠᠷᠢᠮ | ᠭᠠᠵᠠᠷ ᠣᠷᠣᠨ ᠳᠤ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠡᠭᠦᠰᠦᠨ᠂ ᠵᠠᠷᠢᠮ ᠭᠠᠵᠠᠷ ᠣᠷᠣᠨ ᠳᠤ | ᠦᠨᠳᠦᠰᠦᠲᠡᠨ ᠬᠤᠭᠤᠷᠣᠨᠳᠤ ᠶᠢᠨ ᠵᠠᠪᠰᠠᠷᠳᠠᠯ ᠤᠨ ᠦᠵᠡᠭᠳᠡᠯ ᠢᠯᠡᠷᠡᠵᠦ᠂ ᠮᠠᠨ ᠤ ᠤᠯᠤᠰ ᠤᠨ ᠦᠨᠳᠦᠰᠦᠲᠡᠨ ᠤ | ᠬᠠᠷᠢᠴᠠᠭᠠᠨ ᠳᠤ ᠯᠤᠲᠤ ᠶᠡᠭᠡ ᠮᠠᠭᠤ ᠲᠤᠰᠬᠠᠯ ᠠᠪᠴᠢᠷᠠᠭᠰᠠᠨ ᠪᠠᠶᠢᠨ᠎ᠠ᠃ ᠨᠦᠭᠦᠭᠡ ᠲᠠᠯ᠎ᠠ ᠪᠠᠷ ᠥᠷᠥᠨᠡᠳᠠᠬᠢᠨ ᠤ | ᠳᠠᠶᠢᠰᠤᠩᠨᠠᠭᠴᠢ ᠡᠲᠡᠭᠡᠳ ᠦᠨᠳᠦᠰᠦᠲᠡᠨ᠂ ᠱᠠᠰᠢᠨ ᠰᠤᠷᠲᠠᠬᠤᠨ ᠪᠠ ᠬᠥᠮᠥᠨ ᠤ ᠡᠷᠬᠡ ᠶᠢᠨ ᠠᠰᠠᠭᠤᠳᠠᠯ ᠢ | ᠠᠰᠢᠭᠯᠠᠵᠤ᠂ ᠮᠠᠨ ᠤ ᠤᠯᠤᠰ ᠲᠤ ᠥᠷᠥᠨᠡᠳᠠᠬᠢᠨᠴᠢᠯᠠᠬᠤ᠂ ᠵᠠᠳᠠᠷᠠᠭᠤᠯᠬᠤ ᠣᠪ ᠮᠡᠭᠡ ᠶᠠᠪᠤᠭᠤᠯᠬᠤ ᠪᠠᠨ ᠶᠡᠷᠦ ᠠᠴᠠ | ᠲᠠᠶᠠᠭᠳᠠᠭ᠎ᠠ ᠦᠭᠡᠢ᠃ ᠡᠲᠡᠭᠡᠷ ᠦᠨᠳᠦᠰᠦᠲᠡᠨ ᠤ ᠬᠠᠷᠢᠴᠠᠭᠠᠨ ᠤ ᠬᠥᠭᠵᠢᠯᠲᠡ ᠳᠤ ᠠᠰᠢᠭ ᠦᠭᠡᠢ ᠪᠠᠶᠢᠳᠠᠯ ᠢ | ᠠᠷᠭᠠᠴᠠᠭᠠᠬᠤ ᠳᠤ ︽ᠭᠤᠷᠪᠠᠨ ᠰᠠᠯᠵᠤ ᠴᠢᠳᠠᠬᠤ ᠦᠭᠡᠢ︾ ᠴᠢᠬᠤᠯᠠ ᠵᠠᠷᠴᠢᠮ ᠢ ᠪᠠᠷᠢᠮᠲᠠᠯᠠᠵᠤ᠂ ᠡᠯ᠎ᠡ | ᠦᠨᠳᠦᠰᠦᠲᠡᠨ ᠤ ᠬᠤᠭᠤᠷᠣᠨᠳᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠦᠨᠳᠦᠰᠦᠲᠡᠨ ᠤ | ᠬᠠᠷᠢᠴᠠᠭᠠᠨ ᠤ ᠰᠢᠨ᠎ᠡ ᠪᠠᠶᠢᠳᠠᠯ ᠰᠢᠨ᠎ᠡ ᠥᠷᠢᠰᠦᠯᠳᠦᠭᠡᠨ ᠳᠤ ᠵᠥᠪ ᠬᠠᠨᠳᠤᠵᠤ᠂ ᠡᠷᠬᠡ ᠲᠡᠭᠰᠢ ᠪᠦᠯᠬᠦᠮᠳᠡᠯ ᠲᠠᠢ | ᠬᠠᠷᠢᠯᠴᠠᠨ ᠬᠠᠪᠰᠤᠷᠤᠯᠴᠠᠬᠤ ᠡᠶ᠎ᠡ ᠵᠣᠬᠢᠴᠠᠩᠭᠤᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ | ᠴᠢᠨᠠᠭᠰᠢᠳᠠ ᠪᠠᠬᠢᠵᠢᠭᠦᠯᠦᠨ ᠬᠥᠭᠵᠢᠭᠦᠯᠵᠦ᠂ ᠲᠤᠮᠲᠠᠲᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ᠃ ᠭᠠᠭᠴᠠ ᠬᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠪᠠᠯ ᠰᠠᠶ᠋ᠢ ᠦᠨᠳᠦᠰᠦᠲᠡᠨ ᠨᠦᠭᠦᠳ ᠤᠨ ᠲᠤᠮᠲᠠᠲᠤ ᠶᠢᠨ | ᠦᠨᠳᠦᠰᠦᠲᠡᠨ ᠤ ᠲᠤᠬᠠᠢ ᠤᠬᠠᠮᠰᠠᠷᠲᠤ ᠬᠠᠮᠲᠤ ᠶᠢᠨ ᠲᠠᠨᠢᠯᠲᠠ ᠶᠢ ᠨᠡᠮᠡᠭᠳᠡᠭᠦᠯᠵᠦ᠂ ᠮᠠᠨ ᠤ ᠤᠯᠤᠰ ᠤᠨ | ᠦᠨᠳᠦᠰᠦᠲᠡᠨ ᠤ ᠬᠠᠷᠢᠴᠠᠭ᠎ᠠ ᠶᠢᠨ ᠬᠥᠭᠵᠢᠯᠲᠡ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ | ᠲᠤᠮᠲᠠᠲᠤ ᠶᠢᠨ ᠦᠨᠳᠦᠰᠦᠲᠡᠨ ᠢ ᠬᠠᠮᠲᠤ ᠶᠢᠨ ᠲᠠᠨᠢᠯᠲᠠ ᠶᠢᠨ ᠬᠡᠮᠵᠢᠶ᠎ᠡ ᠪᠠᠷ ᠨᠡᠩ ᠥᠨᠳᠥᠷ᠂ ᠨᠢᠭᠲᠠᠷᠠᠯ ᠤᠨ | ᠬᠦᠴᠦᠨ ᠢᠶᠠᠷ ᠨᠡᠩ ᠴᠢᠩᠭ᠎ᠠ ᠬᠤᠪᠢ ᠵᠠᠶᠠᠭᠠᠨ ᠤ ᠬᠠᠮᠲᠤ ᠶᠢᠨ ᠴᠣᠭᠴᠠ ᠪᠤᠯᠭᠠᠬᠤ ᠶᠢ ᠠᠬᠢᠭᠤᠯᠵᠤ ᠴᠢᠳᠠᠨ᠎ᠠ᠃ | ᠳᠥᠷᠪᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠪᠣᠯ ᠨᠠᠮ ᠤᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠡᠭᠦᠳᠭᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ | ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠭᠰᠠᠨ ᠢ ᠲᠤᠩᠬᠠᠭᠯᠠᠭᠰᠠᠨ ᠨᠢ ᠨᠠᠮ ᠤᠨ ᠦᠨᠳᠦᠰᠦᠲᠡᠨ ᠤ ᠠᠵᠢᠯ | ᠴᠤ ᠰᠢᠨ᠎ᠡ ᠴᠠᠭ ᠦᠶ᠎ᠡ ᠳᠤ ᠣᠷᠣᠭᠰᠠᠨ ᠢ ᠪᠡᠯᠭᠡᠳᠡᠵᠦ ᠪᠠᠶᠢᠨ᠎ᠠ᠃ ᠰᠢᠨ᠎ᠡ ᠴᠠᠭ ᠦᠶ᠎ᠡ ᠶᠢᠨ ᠦᠨᠳᠦᠰᠦᠲᠡᠨ ᠤ | ᠠᠵᠢᠯ ᠳᠤ ᠴᠠᠭ ᠦᠶ᠎ᠡ ᠶᠢᠨ ᠬᠤᠪᠢᠷᠠᠯᠲᠠ ᠶᠢ ᠳᠠᠭᠠᠯᠳᠤᠨ ᠤᠯᠠᠨ ᠠᠷᠪᠢᠨ ᠰᠢᠨ᠎ᠡ ᠠᠰᠠᠭᠤᠳᠠᠯ ᠪᠠ ᠰᠢᠨ᠎ᠡ ᠪᠠᠶᠢᠳᠠᠯ | ᠢᠯᠡᠷᠡᠵᠦ ᠪᠠᠶᠢᠨ᠎ᠠ᠃ ᠡᠲᠡᠭᠡᠷ ᠪᠠᠶᠢᠳᠠᠯ ᠳᠤ ᠴᠢᠭᠯᠡᠭᠦᠯᠦᠨ᠂ ᠨᠠᠮ ᠠᠴᠠ ᠰᠢᠨ᠎ᠡ ᠴᠠᠭ ᠦᠶ᠎ᠡ ᠳᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ | ᠡᠯ᠎ᠡ ᠲᠠᠯ᠎ᠠ ᠶᠢᠨ ᠠᠵᠢᠯ ᠢ ᠠᠬᠢᠭᠤᠯᠬᠤ ᠪᠠᠶᠢᠯᠳᠤᠬᠤ ᠪᠣᠳᠣᠯᠭ᠎ᠠ ᠶᠢ ᠳᠤᠷᠠᠳᠤᠨ ᠭᠠᠷᠭᠠᠪᠠ᠃ ᠨᠠᠮ ᠤᠨ | ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠡᠭᠦᠳᠭᠦ ᠳᠤ᠂ ᠦᠨᠳᠦᠰᠦᠲᠡᠨ ᠤ ᠠᠵᠢᠯ ᠤᠨ ᠦᠨᠳᠦᠰᠦᠨ | ᠵᠠᠷᠴᠢᠮ ᠢ ᠪᠠᠷᠢᠮᠲᠠᠯᠠᠭᠰᠠᠨ ᠰᠠᠭᠤᠷᠢᠨ ᠳᠡᠭᠡᠷ᠎ᠡ ᠴᠠᠭ ᠦᠶ᠎ᠡ ᠶᠢᠨ ᠬᠤᠪᠢᠷᠠᠯᠲᠠ ᠳᠤ ᠨᠡᠶᠢᠴᠡᠭᠦ ᠦᠭᠡᠢ ᠲᠦᠷᠦ ᠶᠢᠨ | ᠪᠣᠳᠣᠯᠭ᠎ᠠ ᠳᠤ ᠲᠣᠬᠢᠷᠠᠭᠤᠯᠤᠯᠲᠠ ᠬᠢᠬᠦ ᠴᠢᠬᠤᠯᠠᠲᠠᠢ᠃ ᠨᠡᠶᠢᠲᠡᠯᠢᠭ ᠴᠢᠨᠠᠷ ᠢ ᠨᠡᠮᠡᠭᠳᠡᠭᠦᠯᠬᠦ ᠴᠢᠭᠯᠡᠯ ᠢᠶᠠᠷ | ᠦᠨᠳᠦᠰᠦᠲᠡᠨ ᠤ ᠠᠵᠢᠯ ᠢ ᠰᠠᠶᠢᠵᠢᠷᠠᠭᠤᠯᠵᠤ᠂ ᠨᠡᠶᠢᠲᠡᠯᠢᠭ ᠴᠢᠨᠠᠷ ᠪᠠ ᠵᠦᠷᠢᠶᠡᠨᠲᠦ ᠴᠢᠨᠠᠷ ᠤᠨ ᠣᠷᠭᠠᠨᠢᠭ | ᠨᠢᠭᠡᠳᠦᠯ ᠢ ᠭᠦᠨᠵᠡᠭᠡᠢ ᠲᠠᠨᠢᠨ ᠮᠡᠳᠡᠷᠡᠵᠦ᠂ ᠵᠦᠷᠢᠶᠡᠨᠲᠦ ᠴᠢᠨᠠᠷ ᠢ ᠬᠦᠨᠳᠦᠳᠬᠡᠨ ᠤᠯᠠᠨ ᠡᠰᠢᠲᠦ ᠴᠢᠨᠠᠷ ᠢ | ᠪᠠᠭᠲᠠᠭᠠᠬᠤ ᠮᠥᠷᠲᠡᠭᠡᠨ ᠨᠡᠶᠢᠲᠡᠯᠢᠭ ᠴᠢᠨᠠᠷ ᠢ ᠨᠡᠮᠡᠭᠳᠡᠭᠦᠯᠦᠨ᠂ ᠨᠢᠭᠡ ᠴᠣᠭᠴᠠᠴᠢᠯᠠᠬᠤ ᠶᠢ ᠠᠬᠢᠭᠤᠯᠵᠤ᠂ | ᠳᠤᠮᠳᠠᠳᠤ ᠶᠢᠨ ᠦᠨᠳᠦᠰᠦᠲᠡᠨ ᠢ ᠬᠠᠮᠲᠤ ᠶᠢᠨ ᠲᠠᠨᠢᠯᠲᠠ ᠶᠢᠨ ᠬᠡᠮᠵᠢᠶ᠎ᠡ ᠪᠠᠷ ᠨᠡᠩ ᠥᠨᠳᠥᠷ᠂ ᠨᠢᠭᠲᠠᠷᠠᠯ ᠤᠨ | ᠬᠦᠴᠦᠨ ᠢᠶᠠᠷ ᠨᠡᠩ ᠴᠢᠩᠭ᠎ᠠ ᠬᠤᠪᠢ ᠵᠠᠶᠠᠭᠠᠨ ᠤ ᠬᠠᠮᠲᠤ ᠶᠢᠨ ᠴᠣᠭᠴᠠ ᠪᠤᠯᠭᠠᠬᠤ ᠪᠠᠷ ᠴᠢᠷᠮᠠᠶᠢᠬᠤ ᠬᠡᠷᠡᠭᠲᠡᠢ᠃ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠪᠣᠯ ᠤᠯᠠᠨ ᠦᠨᠳᠦᠰᠦᠲᠡᠨ ᠲᠠᠢ ᠨᠢᠭᠡᠳᠦᠭᠰᠡᠨ | ᠤᠯᠤᠰ ᠤᠨ ᠦᠨᠳᠦᠰᠦᠲᠡᠨ ᠤ ᠡᠯᠧᠮᠧᠨ᠋ᠲ ᠪᠠ ᠣᠷᠣᠨ ᠪᠦᠰᠡ ᠶᠢᠨ ᠡᠯᠧᠮᠧᠨ᠋ᠲ ᠢ ᠣᠷᠭᠠᠨᠢᠭ ᠢᠶᠠᠷ | ᠤᠶᠠᠯᠳᠤᠭᠤᠯᠤᠭᠰᠠᠨ ᠤᠨᠴᠠᠭᠠᠢ ᠤᠯᠤᠰ ᠲᠦᠷᠦ ᠶᠢᠨ ᠭᠡᠯᠪᠡᠷᠢ ᠪᠤᠯᠬᠤ ᠶᠤᠮ᠃ ᠦᠨᠳᠦᠰᠦᠲᠡᠨ ᠤ ᠣᠷᠣᠨ ᠤ | ᠥᠪᠡᠷᠲᠡᠭᠡᠨ ᠵᠠᠰᠠᠬᠤ ᠨᠢ ᠵᠣᠬᠢᠬᠤ ᠦᠨᠳᠦᠰᠦᠲᠡᠨ ᠤ ᠲᠥᠪᠯᠡᠷᠡᠨ ᠰᠠᠭᠤᠭᠰᠠᠨ ᠭᠠᠵᠠᠷ ᠣᠷᠣᠨ ᠢᠶᠠᠷ ᠣᠷᠣᠰᠢᠨ | ᠲᠣᠭᠲᠠᠨᠢᠬᠤ ᠪᠠ ᠭᠦᠭᠵᠢᠭᠦ ᠨᠥᠬᠦᠴᠡᠯ ᠢᠶᠠᠨ ᠪᠣᠯᠭᠠᠳᠠᠭ᠃ ᠬᠡᠷᠪᠡ ᠵᠣᠬᠢᠬᠤ ᠭᠠᠵᠠᠷ ᠣᠷᠣᠨ ᠠᠴᠠ ᠰᠠᠯᠪᠠᠯ ᠡᠯ᠎ᠡ | ᠦᠨᠳᠦᠰᠦᠲᠡᠨ ᠥᠪᠡᠷᠲᠡᠭᠡᠨ ᠵᠠᠰᠠᠬᠤ ᠡᠷᠬᠡ ᠪᠠᠨ ᠬᠡᠷᠡᠭᠵᠢᠭᠦᠯᠬᠦ ᠶᠢᠨ ᠠᠷᠭ᠎ᠠ ᠦᠭᠡᠢ ᠪᠣᠯᠵᠤ᠂ ᠥᠪᠡᠷᠲᠡᠭᠡᠨ ᠵᠠᠰᠠᠬᠤ | ᠡᠷᠬᠡ ᠶᠢ ᠬᠡᠷᠡᠭᠵᠢᠭᠦᠯᠦᠭᠰᠡᠨ ᠴᠤ ᠦᠨᠳᠦᠰᠦᠲᠡᠨ ᠨᠦᠭᠦᠳ ᠤᠨ ᠬᠤᠭᠤᠷᠤᠨᠲᠤᠭᠢ ᠪᠦᠯᠬᠦᠮᠳᠡᠯ ᠪᠠ ᠬᠥᠭᠵᠢᠯᠲᠡ ᠳᠤ | ᠠᠰᠢᠭ ᠦᠭᠡᠢ ᠪᠣᠯᠣᠨ᠎ᠠ᠃ ᠡᠶᠢᠮᠦ ᠠᠴᠠ ᠡᠨᠡ ᠬᠤᠶᠠᠷ ᠡᠯᠧᠮᠧᠨ᠋ᠲ ᠢ ᠵᠥᠪ ᠤᠨᠤᠪᠴᠢᠲᠠᠢ ᠤᠶᠠᠯᠳᠤᠭᠤᠯᠪᠠᠯ ᠰᠠᠶ᠋ᠢ | ᠡᠯ᠎ᠡ ᠦᠨᠳᠦᠰᠦᠲᠡᠨ ᠤ ᠳᠣᠲᠣᠭᠠᠳᠤ ᠶᠢᠨ ᠬᠡᠷᠡᠭ ᠶᠠᠪᠤᠳᠠᠯ ᠢᠶᠠᠨ ᠥᠪᠡᠷᠲᠡᠭᠡᠨ ᠡᠵᠡᠨ ᠮᠡᠲᠡᠨ ᠬᠠᠮᠢᠶᠠᠷᠬᠤ ᠡᠷᠬᠡ ᠶᠢ | ᠪᠠᠲᠤᠯᠠᠵᠤ᠂ ᠡᠯ᠎ᠡ ᠦᠨᠳᠦᠰᠦᠲᠡᠨ ᠤ ᠬᠠᠮᠲᠤ ᠶᠢᠨ ᠬᠥᠭᠵᠢᠯᠲᠡ ᠶᠢ ᠪᠡᠶᠡᠯᠡᠭᠦᠯᠵᠦ ᠴᠢᠳᠠᠨ᠎ᠠ᠃ ᠭᠠᠭᠴᠠ ᠬᠦ | ᠦᠨᠳᠦᠰᠦᠲᠡᠨ ᠤ ᠡᠯᠧᠮᠧᠨ᠋ᠲ ᠪᠠ ᠣᠷᠣᠨ ᠪᠦᠰᠡ ᠶᠢᠨ ᠡᠯᠧᠮᠧᠨ᠋ᠲ ᠢ ᠣᠷᠭᠠᠨᠢᠭ ᠢᠶᠠᠷ ᠤᠶᠠᠯᠳᠤᠭᠤᠯᠪᠠᠯ ᠰᠠᠶ᠋ᠢ ᠰᠢᠨ᠎ᠡ | ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠨᠠᠷᠢᠯᠢᠭ ᠪᠥᠭᠡᠳ ᠯᠠᠪᠳᠠᠭᠤᠨ ᠪᠠᠲᠤᠲᠠᠢ ᠰᠠᠶᠢᠲᠤᠷ ᠬᠢᠵᠦ | ᠴᠢᠳᠠᠨ᠎ᠠ᠃ | ︵ᠵᠣᠬᠢᠶᠠᠭᠴᠢ᠄ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠦᠨᠳᠦᠰᠦᠲᠡᠨ ᠤ ᠤᠨᠤᠯ ᠵᠢᠭᠠᠨ | ᠰᠤᠳᠤᠯᠬᠤ ᠲᠠᠰᠤᠭ ᠤᠨ ᠡᠷᠭᠢᠯᠡᠭᠴᠢ᠂ ᠫᠷᠤᠹᠧᠰᠰᠤᠷ︶ |