ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ ᠬᠠᠮᠲᠤ ᠪᠠᠷ ᠪᠠᠶᠠᠵᠢᠬᠤ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2022/2/16
      ᠶᠠᠩ ᠱᠤᠤ ᠬᠤᠸᠠ      ᠶᠡᠷᠦᠩᠬᠡᠢ ᠱᠦᠵᠢ ᠰᠢ ᠶᠢᠨ ᠫᠢᠩ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠠᠷᠪᠠᠳᠤᠭᠠᠷ ᠤᠳᠠᠭ᠎ᠠ ᠶᠢᠨ ᠬᠤᠷᠠᠯ ᠳᠡᠭᠡᠷ᠎ᠡ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠬᠠᠮᠲᠤ ᠪᠠᠷ ᠪᠠᠶᠠᠵᠢᠬᠤ ᠶᠢ ᠠᠬᠢᠭᠤᠯᠬᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠮᠲᠤ ᠪᠠᠷ ᠪᠠᠶᠠᠵᠢᠬᠤ ᠲᠤᠬᠠᠢ ᠠᠯᠢ ᠣᠯᠠᠨ ᠴᠢᠬᠤᠯᠠ ᠥᠭᠦᠯᠡᠯᠲᠡ ᠨᠡᠶᠢᠲᠡᠯᠡᠵᠦ᠂ ᠠᠯᠢ ᠣᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠶᠠᠭᠤᠨ ᠳᠤ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ᠂ ᠶᠠᠮᠠᠷ ᠶᠠᠩᠵᠤ ᠶᠢᠨ ᠬᠠᠮᠲᠤ ᠶᠢᠨ ᠪᠠᠶᠠᠵᠢᠯ ᠢ ᠪᠡᠶᠡᠯᠡᠭᠦᠯᠬᠦ ᠵᠢᠴᠢ ᠬᠠᠮᠲᠤ ᠪᠠᠷ ᠪᠠᠶᠠᠵᠢᠬᠤ ᠶᠢ ᠬᠡᠷᠬᠢᠨ ᠪᠡᠶᠡᠯᠡᠭᠦᠯᠬᠦ ᠲᠤᠬᠠᠢ ᠴᠢᠬᠤᠯᠠ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠲᠦᠭ ᠲᠦᠮᠡᠨ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠳᠤ ᠦᠵᠡᠯ ᠰᠠᠨᠠᠭᠠᠨ ᠤ ᠵᠢᠯᠣᠭᠤᠳᠤᠯᠭ᠎ᠠ ᠪᠠ ᠠᠵᠢᠯᠯᠠᠭᠠᠨ ᠤ ᠵᠦᠭᠯᠡᠭᠦᠷ ᠬᠠᠩᠭᠠᠭᠰᠠᠨ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠤᠳᠤᠷᠢᠳᠬᠤ ᠭᠤᠣᠯᠯᠠᠭᠴᠢ ᠮᠥᠨ᠂ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠪᠠᠶᠢᠷᠢᠨ ᠳᠤ ᠣᠷᠣᠰᠢᠵᠤ ᠪᠠᠶᠢᠳᠠᠭ᠃ ᠬᠠᠮᠲᠤ ᠪᠠᠷ ᠪᠠᠶᠠᠵᠢᠬᠤ ᠶᠢ ᠠᠬᠢᠭᠤᠯᠬᠤ ᠳᠤ ᠡᠷᠬᠡᠪᠰᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃      ᠭᠠᠭᠴᠠ ᠬᠦ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠪᠠᠯ ᠰᠠᠶ᠋ᠢ ᠬᠠᠮᠲᠤ ᠪᠠᠷ ᠪᠠᠶᠠᠵᠢᠬᠤ ᠵᠠᠮ ᠳᠡᠭᠡᠷ᠎ᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨᠵᠢ ᠴᠢᠨᠠᠷ ᠪᠠ ᠴᠢᠭᠯᠡᠯ ᠢ ᠢᠮᠠᠭᠲᠠ ᠪᠠᠷᠢᠮᠲᠠᠯᠠᠬᠤ ᠶᠢ ᠪᠠᠲᠤᠯᠠᠵᠤ ᠴᠢᠳᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠳᠡᠭ᠂ ᠶᠠᠮᠠᠷ ᠴᠦ ᠥᠪᠡᠷ ᠤᠨ ᠣᠨᠴᠠᠭᠠᠢ ᠠᠰᠢᠭ ᠲᠤᠰᠠ ᠭᠡᠵᠦ ᠪᠠᠶᠢᠬᠤ ᠦᠭᠡᠢ᠂ ᠶᠡᠷᠦ ᠠᠴᠠ ᠶᠠᠮᠠᠷᠪᠠ ᠠᠰᠢᠭ ᠲᠤᠰᠠ ᠶᠢᠨ ᠪᠦᠯᠦᠭᠯᠡᠯ᠂ ᠶᠠᠮᠠᠷᠪᠠ ᠡᠷᠬᠡ ᠮᠡᠳᠡᠯ ᠤᠨ ᠪᠦᠯᠭᠦᠮ᠂ ᠶᠠᠮᠠᠷᠪᠠ ᠣᠨᠴᠠ ᠡᠷᠬᠡᠲᠦ ᠳᠠᠪᠬᠤᠷᠭ᠎ᠠ ᠶᠢᠨ ᠠᠰᠢᠭ ᠲᠤᠰᠠ ᠶᠢ ᠲᠥᠯᠥᠭᠡᠯᠡᠳᠡᠭ ᠦᠭᠡᠢ ᠶᠤᠮ ᠃ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠪᠣᠯ ᠠᠷᠠᠳ ᠤᠯᠠᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠂ ᠪᠠᠰᠠ ᠴᠸ ᠮᠠᠨ ᠤ ᠨᠠᠮ ᠤᠨ ᠵᠠᠭᠤᠨ ᠵᠢᠯ ᠤᠨ ᠲᠤᠷᠰᠢ ᠬᠤᠪᠢᠷᠠᠰᠢ ᠦᠭᠡᠢ ᠲᠡᠮᠡᠴᠡᠬᠦ ᠬᠠᠷᠠᠯᠲᠠ ᠮᠥᠨ᠃ ᠬᠠᠮᠲᠤ ᠪᠠᠷ ᠪᠠᠶᠠᠵᠢᠬᠤ ᠶᠢ ᠠᠬᠢᠭᠤᠯᠬᠤ ᠳᠤ ᠭᠠᠭᠴᠠ ᠬᠦ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠪᠠᠯ ᠰᠠᠶ᠋ᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨᠵᠢ ᠴᠢᠨᠠᠷ ᠪᠠ ᠴᠢᠭᠯᠡᠯ ᠢ ᠪᠠᠲᠤᠯᠠᠵᠤ ᠴᠢᠳᠠᠨ᠎ᠠ᠃      ᠭᠠᠭᠴᠠ ᠬᠦ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠪᠠᠯ ᠰᠠᠶ᠋ᠢ ᠬᠠᠮᠲᠤ ᠪᠠᠷ ᠪᠠᠶᠠᠵᠢᠬᠤ ᠵᠠᠮ ᠳᠡᠭᠡᠷ᠎ᠡ ︽ᠨᠢᠭᠡᠨ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠬᠤ︾᠎ ᠶᠢ ᠪᠠᠲᠤᠯᠠᠵᠤ ᠴᠢᠳᠠᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯ ᠨᠢᠭᠡᠨ ᠦᠷᠭᠦᠯᠵᠢᠯᠡᠨ ᠲᠡᠮᠡᠴᠡᠬᠦ᠂ ᠲᠠᠰᠤᠷᠠᠯᠳᠠ ᠦᠭᠡᠢ ᠬᠤᠷᠠᠮᠳᠤᠭᠤᠯᠬᠤ ᠶᠠᠪᠤᠴᠠ ᠮᠥᠨ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠪᠣᠯ ᠪᠠᠰᠠ ᠴᠸ ᠨᠢᠭᠡᠨ ᠦᠷᠭᠦᠯᠵᠢᠯᠡᠨ ᠲᠡᠮᠡᠴᠡᠬᠦ᠂ ᠠᠯᠬᠤᠮ ᠠᠯᠬᠤᠮ ᠢᠶᠠᠷ ᠤᠷᠤᠭᠰᠢ ᠭᠦᠭᠵᠢᠭᠦ ᠶᠠᠪᠤᠴᠠ ᠮᠥᠨ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠨᠢ ᠠᠯᠤᠰ ᠭᠡᠳᠦ ᠶᠢ ᠲᠥᠯᠥᠪᠵᠢᠭᠦᠯᠬᠦ ᠮᠥᠷᠲᠡᠭᠡᠨ ᠪᠠᠰᠠ ᠣᠳᠣᠬᠢ ᠪᠠᠶᠢᠳᠠᠯ ᠳᠤ ᠠᠵᠢᠯᠯᠠᠵᠤ᠂ ᠨᠢᠭᠡᠨ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠨᠢᠭᠡ ᠨᠢᠭᠡ ᠠᠯᠬᠤᠮ ᠢᠶᠠᠷ ᠵᠠᠯᠭᠠᠨ ᠬᠢᠵᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠡᠶᠡᠯᠡᠭᠦᠯᠬᠦ ᠳᠤ ᠠᠰᠢᠭᠲᠠᠢ ᠶᠤᠮ᠃ ᠵᠠᠭᠤᠨ ᠵᠢᠯ ᠤᠨ ᠲᠤᠷᠰᠢ᠂ ᠮᠠᠨ ᠤ ᠨᠠᠮ ᠢᠮᠠᠭᠲᠠ ᠤᠯᠤᠰ ᠣᠷᠣᠨ ᠤ ᠴᠡᠴᠡᠭᠯᠡᠯ ᠬᠥᠭᠵᠢᠯ ᠪᠠᠶᠠᠵᠢᠯ ᠬᠦᠴᠦᠷᠬᠡᠭᠵᠢᠯ᠂ ᠠᠷᠠᠳ ᠲᠦᠮᠡᠨ ᠤ ᠬᠠᠮᠲᠤ ᠪᠠᠷ ᠴᠡᠴᠡᠭᠯᠡᠨ ᠬᠦᠴᠦᠷᠬᠡᠭᠵᠢᠬᠦ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠭᠰᠡᠭᠡᠷ ᠢᠷᠡᠪᠡ᠃ ᠨᠡᠶᠢᠭᠡᠮ ᠵᠢᠷᠤᠮ ᠤᠨ ᠦᠨᠳᠦᠰᠦᠨ ᠪᠠᠶᠢᠭᠤᠯᠤᠯ ᠢ ᠪᠠᠶᠢᠭᠤᠯᠤᠭᠰᠠᠨ ᠨᠢ ᠬᠠᠮᠲᠤ ᠪᠠᠷ ᠪᠠᠶᠠᠵᠢᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠳᠤ ᠨᠡᠶᠢᠭᠡᠮ ᠤᠨ ᠪᠠᠶᠢᠭᠤᠯᠤᠯ ᠤᠨ ᠰᠠᠭᠤᠷᠢ ᠶᠢ ᠲᠠᠯᠪᠢᠭᠰᠠᠨ ᠪᠠᠶᠢᠨ᠎ᠠ᠃ ᠥᠭᠡᠷᠡᠴᠢᠯᠡᠯᠲᠡ ᠨᠡᠭᠡᠭᠡᠯᠲᠡ ᠬᠢᠭᠰᠡᠨ ᠤ ᠲᠠᠷᠠᠭ᠎ᠠ᠂ ᠳ᠋ᠧᠩ ᠰᠢᠶᠣᠣ ᠫᠢᠩ ᠨᠥᠬᠦᠷ ᠬᠠᠮᠲᠤ ᠪᠠᠷ ᠪᠠᠶᠠᠵᠢᠬᠤ ᠶᠢ ᠣᠯᠠᠨᠲᠠ ᠴᠢᠬᠤᠯᠠᠴᠢᠯᠠᠵᠤ᠂ ︽ᠴᠥᠭᠡᠨ ᠲᠣᠭᠠᠨ ᠤ ᠬᠥᠮᠥᠨ ᠪᠠᠶᠠᠵᠢᠭᠰᠠᠨ᠂ ᠣᠯᠠᠩᠬᠢ ᠲᠣᠭᠠᠨ ᠤ ᠬᠥᠮᠥᠨ ᠶᠠᠳᠠᠭᠤ ᠪᠠᠶᠢᠳᠠᠭ ᠨᠢ ᠨᠡᠶᠢᠭᠡᠮ ᠵᠢᠷᠤᠮ ᠪᠢᠰᠢ ᠶᠤᠮ᠃ ᠨᠡᠶᠢᠭᠡᠮ ᠵᠢᠷᠤᠮ ᠤᠨ ᠬᠠᠮᠤᠭ ᠤᠨ ᠶᠡᠭᠡ ᠳᠠᠪᠠᠭᠤᠯᠢᠭ ᠴᠢᠨᠠᠷ ᠪᠣᠯ ᠬᠠᠮᠲᠤ ᠪᠠᠷ ᠪᠠᠶᠠᠵᠢᠬᠤ ᠶᠠᠪᠤᠳᠠᠯ ᠪᠣᠯᠣᠨ᠎ᠠ︾ ᠭᠡᠵᠦ ᠵᠢᠭᠠᠵᠤ ᠭᠠᠷᠭᠠᠪᠠ᠃ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ᠂ ᠮᠠᠨ ᠤ ᠨᠠᠮ ᠪᠣᠳᠠᠲᠤ ᠪᠠᠶᠢᠳᠠᠯ ᠠᠴᠠ ᠡᠭᠦᠰᠴᠦ᠂ ᠬᠡᠰᠡᠭ ᠬᠥᠮᠥᠰ᠂ ᠬᠡᠰᠡᠭ ᠭᠠᠵᠠᠷ ᠣᠷᠣᠨ ᠤ ᠤᠷᠢᠳ ᠢᠶᠠᠷ ᠪᠠᠶᠠᠵᠢᠬᠤ ᠶᠢ ᠵᠥᠪᠰᠢᠶᠡᠷᠡᠵᠦ᠂ ᠤᠷᠢᠳ ᠢᠶᠠᠷ ᠪᠠᠶᠠᠵᠢᠭᠰᠠᠨ ᠨᠢ ᠰᠡᠭᠦᠯᠡᠷ ᠪᠠᠶᠠᠵᠢᠬᠤ ᠶᠢ ᠳᠠᠶᠢᠴᠢᠯᠠᠬᠤ ᠪᠠᠷ ᠳᠠᠮᠵᠢᠭᠤᠯᠤᠨ᠂ ᠡᠯ᠎ᠡ ᠲᠠᠯ᠎ᠠ ᠶᠢᠨ ᠠᠮᠢᠳᠤᠯᠢᠭ ᠬᠦᠴᠦᠨ ᠢ ᠬᠥᠭᠵᠢᠭᠡᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠨ ᠬᠥᠭᠵᠢᠭᠦᠯᠵᠦ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠳᠤ ᠡᠯᠪᠡᠭ ᠪᠠᠶᠠᠯᠢᠭ ᠪᠣᠳᠠᠰ ᠤᠨ ᠰᠠᠭᠤᠷᠢ ᠶᠢ ᠲᠠᠯᠪᠢᠭᠰᠠᠨ ᠪᠠᠶᠢᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠬᠠᠮᠲᠤ ᠪᠠᠷ ᠪᠠᠶᠠᠵᠢᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠨᠳᠦᠰᠦᠨ ᠵᠠᠷᠴᠢᠮ ᠮᠥᠨ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠪᠣᠯ ᠮᠠᠨ ᠤ ᠨᠠᠮ ᠤᠨ ᠴᠢᠬᠤᠯᠠ ᠡᠭᠦᠷᠭᠡ ᠮᠥᠨ ᠭᠡᠵᠦ ᠳᠠᠭᠢᠨ ᠳᠠᠪᠲᠠᠨ ᠴᠢᠬᠤᠯᠠᠴᠢᠯᠠᠭᠰᠠᠨ ᠶᠤᠮ ; ᠪᠢᠳᠡ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠨᠢ ᠡᠴᠦᠰ ᠤᠨ ᠡᠴᠦᠰ ᠲᠡᠭᠡᠨ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠶᠠᠪᠤᠳᠠᠯ ᠪᠣᠯᠣᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠠᠴᠠ ︽ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠨᠠᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠭᠠᠬᠤ︾᠎ ᠶᠢ 2035 ᠣᠨ ᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠠᠯᠤᠰ ᠤᠨ ᠬᠠᠷᠠᠯᠲᠠ ᠪᠣᠯᠭᠠᠪᠠ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠨᠢ ᠬᠠᠮᠲᠤ ᠪᠠᠷ ᠪᠠᠶᠠᠵᠢᠬᠤ ᠶᠢ ᠠᠬᠢᠭᠤᠯᠬᠤ ᠳᠤ ᠤᠷᠢᠳ ᠡᠮᠦᠨ᠎ᠡ ᠪᠠᠶᠢᠭ᠎ᠠ ᠦᠭᠡᠢ ᠨᠥᠬᠦᠴᠡᠯ ᠢ ᠪᠦᠷᠢᠯᠳᠦᠭᠦᠯᠵᠦ ᠥᠭᠴᠡᠢ᠃ ᠭᠠᠭᠴᠠ ᠬᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠪᠠᠯ ᠰᠠᠶ᠋ᠢ ᠠᠤᠭ᠎ᠠ ᠶᠡᠭᠡ ᠪᠠᠶᠢᠯᠳᠤᠬᠤ ᠪᠣᠳᠣᠯᠭ᠎ᠠ ᠶᠢᠨ ᠵᠢᠷᠤᠭ ᠲᠥᠯᠥᠪᠯᠡᠭᠡ ᠶᠢ ᠢᠮᠠᠭᠲᠠ ᠲᠤᠭᠤᠰᠢᠯᠠᠭᠤᠯᠵᠤ᠂ ︽ᠨᠢᠭᠡᠨ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ︾ ᠴᠢᠳᠠᠨ᠎ᠠ ᠭᠡᠳᠡᠭ ᠢ ᠦᠢᠯᠡᠳᠦᠯᠭᠡ ᠭᠡᠷᠡᠴᠢᠯᠡᠪᠡ᠃      ᠭᠠᠭᠴᠠ ᠬᠦ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠪᠠᠯ ᠰᠠᠶ᠋ᠢ ᠬᠠᠮᠲᠤ ᠪᠠᠷ ᠪᠠᠶᠠᠵᠢᠬᠤ ᠵᠠᠮ ᠳᠡᠭᠡᠷ᠎ᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠬᠤ ᠶᠢ ᠪᠠᠲᠤᠯᠠᠵᠤ ᠴᠢᠳᠠᠨ᠎ᠠ᠃ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠣᠯᠣᠨ ᠵᠠᠰᠠᠯᠲᠠ ᠶᠢᠨ ᠰᠢᠰᠲ᠋ᠧᠮ ᠨᠢ ᠣᠯᠠᠨ ᠲᠠᠯ᠎ᠠ ᠶᠢᠨ ᠢᠯᠡᠳᠲᠡ ᠳᠠᠪᠠᠭᠤᠯᠢᠭ ᠲᠠᠢ ᠶᠤᠮ᠂ ᠡᠭᠦᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠬᠠᠮᠤᠭ ᠤᠨ ᠶᠡᠭᠡ ᠳᠠᠪᠠᠭᠤᠯᠢᠭ ᠮᠥᠨ᠂ ᠨᠠᠮ ᠤᠨ ᠤᠳᠤᠷᠢᠳᠤᠯᠭ᠎ᠠ ᠠᠴᠠ ᠰᠠᠯᠪᠠᠯ ᠪᠤᠰᠤᠳ ᠢᠯᠡᠳᠲᠡ ᠳᠠᠪᠠᠭᠤᠯᠢᠭ ᠢ ᠦᠨᠡᠨ ᠬᠦ ᠤᠯᠤᠰ ᠤᠨ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠴᠢᠳᠠᠬᠤ ᠦᠭᠡᠢ ᠶᠤᠮ᠃ ᠬᠠᠮᠲᠤ ᠪᠠᠷ ᠪᠠᠶᠠᠵᠢᠬᠤ ᠵᠠᠮ ᠳᠡᠭᠡᠷ᠎ᠡ᠂ ᠭᠠᠭᠴᠠ ᠬᠦ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠯᠪᠣᠭᠳᠠᠬᠤ ᠬᠠᠮᠢᠶ᠎ᠠ ᠪᠦᠬᠦᠢ ᠴᠢᠬᠤᠯᠠ ᠶᠡᠭᠡ ᠠᠰᠠᠭᠤᠳᠠᠯ ᠪᠣᠯᠣᠨ ᠠᠵᠢᠯ ᠤᠨ ᠪᠠᠶᠢᠷᠢᠯᠠᠭᠤᠯᠤᠯᠲᠠ ᠳᠤ ᠦᠵᠦ ᠲᠥᠯᠥᠪᠯᠡᠭᠡ ᠬᠢᠵᠦ᠂ ᠶᠡᠷᠦᠩᠬᠡᠢ ᠪᠠᠶᠢᠷᠢᠰᠢᠭᠤᠯᠤᠯᠲᠠ ᠬᠢᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠪᠦᠬᠦᠯᠢ ᠴᠣᠭᠴᠠ ᠪᠠᠷ ᠠᠬᠢᠭᠤᠯᠪᠠᠯ ᠰᠠᠶ᠋ᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢ ᠤᠯᠤᠰ ᠤᠨ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠦᠭᠦ ᠤᠯᠤᠰ ᠤᠨ ᠠᠷᠠᠳ ᠲᠦᠮᠡᠨ ᠰᠡᠳᠬᠢᠯ ᠨᠢᠭᠡᠳᠦᠨ ᠬᠦᠴᠦ ᠪᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠵᠦ᠂ ᠬᠡᠰᠡᠭ ᠲᠠᠯ᠎ᠠ ᠶᠢᠨ ᠠᠰᠢᠭ ᠲᠤᠰᠠ ᠶᠢ ᠬᠠᠷᠢᠯᠴᠠᠨ ᠬᠠᠷᠰᠢᠯᠠᠵᠤ᠂ ᠬᠠᠷᠢᠯᠴᠠᠨ ᠦᠭᠡᠶᠢᠰᠭᠡᠭᠦ ᠶᠢ ᠰᠡᠷᠭᠡᠶᠢᠯᠡᠵᠦ ᠴᠢᠳᠠᠨ᠎ᠠ ; ᠰᠠᠶ᠋ᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠶᠠᠪᠤᠴᠠ ᠳᠤ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠢ ᠪᠤᠯᠭᠠᠵᠤ᠂ ᠬᠥᠭᠵᠢᠯᠲᠡ ᠶᠢᠨ ᠠᠷᠭ᠎ᠠ ᠭᠡᠯᠪᠡᠷᠢ ᠪᠠᠨ ᠦᠨᠡᠨ ᠬᠦ ᠬᠤᠪᠢᠷᠠᠭᠤᠯᠵᠤ᠂ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠭᠦ ᠬᠦᠴᠦᠨ ᠤ ᠬᠤᠪᠢᠰᠤᠯᠲᠠ ᠶᠢ ᠠᠬᠢᠭᠤᠯᠵᠤ᠂ ᠨᠡᠩ ᠴᠢᠨᠠᠷ ᠰᠠᠶᠢᠲᠠᠢ᠂ ᠨᠡᠩ ᠦᠷ᠎ᠡ ᠪᠦᠲᠦᠮᠵᠢᠲᠡᠢ᠂ ᠨᠡᠩ ᠲᠥᠪ ᠭᠤᠣᠯᠴᠢ᠂ ᠨᠡᠩ ᠦᠷᠭᠦᠯᠵᠢᠯᠡᠬᠦ᠂ ᠨᠡᠩ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠬᠠᠮᠲᠤ ᠪᠠᠷ ᠪᠠᠶᠠᠵᠢᠬᠤ ᠶᠢ ᠠᠬᠢᠭᠤᠯᠵᠤ ᠴᠢᠳᠠᠨ᠎ᠠ ; ᠰᠠᠶ᠋ᠢ ᠭᠠᠵᠠᠷ ᠣᠷᠣᠨ ᠤ ᠵᠥᠷᠢᠶ᠎ᠡ᠂ ᠬᠤᠳᠠ ᠬᠥᠳᠡᠭᠡ ᠶᠢᠨ ᠵᠥᠷᠢᠶ᠎ᠡ᠂ ᠣᠷᠣᠯᠭ᠎ᠠ ᠶᠢᠨ ᠵᠥᠷᠢᠶ᠎ᠡ ᠵᠡᠷᠭᠡ ᠠᠰᠠᠭᠤᠳᠠᠯ ᠢ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠶᠠᠷ ᠲᠤᠶᠢᠯ ᠲᠡᠶᠢᠰᠢ ᠲᠤᠶᠢᠯᠰᠢᠷᠠᠬᠤ ᠶᠢ ᠪᠦᠲᠦᠮᠵᠢᠲᠡᠢ ᠰᠡᠷᠭᠡᠶᠢᠯᠡᠵᠦ ᠴᠢᠳᠠᠨ᠎ᠠ ; ᠰᠠᠶ᠋ᠢ ᠠᠵᠤ ᠠᠬᠤ ᠶᠢᠨ ᠬᠥᠭᠵᠢᠯᠲᠡ᠂ ᠨᠡᠶᠢᠭᠡᠮ ᠤᠨ ᠳᠠᠪᠰᠢᠯᠲᠠ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠵᠡᠷᠭᠡ ᠪᠠᠷ ᠴᠢᠬᠤᠯᠠᠴᠢᠯᠠᠵᠤ᠂ ᠬᠥᠭᠵᠢᠯᠲᠡ ᠶᠢᠨ ᠲᠡᠩᠴᠡᠭᠦᠷᠢᠲᠦ ᠴᠢᠨᠠᠷ ᠵᠣᠬᠢᠴᠠᠩᠭᠤᠢ ᠴᠢᠨᠠᠷ ᠪᠠᠭᠲᠠᠭᠠᠮᠵᠢᠲᠤ ᠴᠢᠨᠠᠷ ᠢ ᠳᠡᠭᠡᠭᠰᠢᠯᠡᠭᠦᠯᠵᠦ᠂ ᠬᠥᠮᠥᠨ ᠪᠦᠭᠦᠨ ᠳᠤ ᠡᠳ᠋ᠯᠡᠭᠦᠯᠭᠦ ᠵᠦᠢ ᠵᠣᠬᠢᠰᠲᠠᠢ ᠬᠤᠪᠢᠶᠠᠷᠢᠯᠠᠯᠲᠠ ᠶᠢᠨ ᠪᠠᠶᠢᠷᠢᠰᠢᠯ ᠢ ᠪᠤᠶ ᠪᠤᠯᠭᠠᠵᠤ᠂ ᠬᠥᠮᠥᠨ ᠪᠦᠭᠦᠨ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠂ ᠡᠴᠦᠰ ᠲᠡᠭᠡᠨ ᠬᠠᠮᠲᠤ ᠪᠠᠷ ᠪᠠᠶᠠᠵᠢᠬᠤ ᠶᠢ ᠪᠡᠶᠡᠯᠡᠭᠦᠯᠵᠦ ᠴᠢᠳᠠᠨ᠎ᠠ᠃      ᠭᠠᠭᠴᠠ ᠬᠦ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠪᠠᠯ ᠰᠠᠶ᠋ᠢ ᠬᠠᠮᠲᠤ ᠪᠠᠷ ᠪᠠᠶᠠᠵᠢᠬᠤ ᠵᠠᠮ ᠳᠡᠭᠡᠷ᠎ᠡ ᠡᠯ᠎ᠡ ᠵᠦᠢᠯ ᠤᠨ ᠬᠦᠨᠳᠦ ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠶᠢ ᠪᠠᠲᠤᠯᠠᠵᠤ ᠴᠢᠳᠠᠨ᠎ᠠ᠃ ︽ᠬᠤᠣᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢᠨ ᠠᠭᠤᠯᠵᠠᠷ ᠲᠤ ᠵᠣᠭᠰᠣᠵᠤ᠂ ᠬᠦᠴᠢᠷ ᠪᠡᠷᠬᠡᠰᠢᠶᠡᠯᠲᠡᠢ ᠠᠶᠠᠨ ᠵᠠᠮ ᠢᠶᠠᠨ ᠡᠷᠭᠢᠴᠡᠭᠦᠯᠵᠦ᠂ ᠨᠠᠮ ᠤᠨ ᠤᠳᠤᠷᠢᠳᠤᠯᠭ᠎ᠠ ᠪᠣᠯ ᠨᠠᠮ ᠪᠣᠯᠣᠨ ᠤᠯᠤᠰ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠂ ᠪᠠᠰᠠ ᠴᠤ ᠠᠯᠢᠪᠠ ᠬᠦᠴᠢᠷ ᠪᠡᠷᠬᠡᠰᠢᠶᠡᠯ ᠪᠣᠯᠣᠨ ᠠᠶᠤᠯ ᠲᠦᠭᠰᠢᠭᠦᠷᠢ ᠶᠢ ᠢᠯᠠᠨ ᠳᠠᠪᠠᠭ᠋ᠤ ︽ᠲᠣᠭᠲᠠᠪᠤᠷᠢᠵᠢᠭᠤᠯᠤᠭᠴᠢ︾ ᠮᠥᠨ ᠭᠡᠳᠡᠭ ᠢ ᠨᠡᠩ ᠭᠦᠨᠵᠡᠭᠡᠢ ᠣᠶᠢᠯᠠᠭᠠᠬᠤ ᠬᠡᠷᠡᠭᠲᠡᠢ᠃ ᠣᠳᠣᠬᠠᠨ ᠳᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠤᠴᠠᠵᠤ ᠪᠣᠯᠣᠰᠢ ᠦᠭᠡᠢ ᠲᠡᠦᠬᠡᠨ ᠠᠬᠢᠴᠠ ᠳᠤ ᠣᠷᠣᠪᠠ᠂ ᠭᠡᠪᠡᠴᠦ ᠤᠷᠤᠭᠰᠢᠯᠠᠯᠲᠠ ᠶᠢᠨ ᠵᠠᠮ ᠲᠡᠶᠢᠮᠦ ᠰᠠᠷᠠᠭᠤᠯ ᠳᠠᠷᠳᠠᠩ ᠵᠠᠮ ᠪᠢᠰᠢ ᠶᠤᠮ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ ᠡᠮᠦᠨ᠎ᠡ᠂ ᠤᠯᠤᠰ ᠤᠨ ᠳᠣᠲᠣᠭᠠᠳᠤ ᠶᠢᠨ ᠨᠡᠶᠢᠭᠡᠮ ᠤᠨ ᠭᠤᠣᠯ ᠵᠥᠷᠢᠴᠡᠯ ᠤᠨ ᠭᠦᠨᠵᠡᠭᠡᠢ ᠬᠤᠪᠢᠷᠠᠯᠲᠠ ᠶᠢᠨ ᠡᠮᠦᠨ᠎ᠡ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠥᠷᠢᠰᠦᠯᠳᠦᠭᠡᠨ ᠤᠯᠠᠨ᠂ ᠬᠤᠯᠪᠣᠭᠳᠠᠬᠤ ᠵᠥᠷᠢᠴᠡᠯ ᠪᠠ ᠠᠰᠠᠭᠤᠳᠠᠯ ᠬᠤᠷᠴᠠ ᠰᠢᠷᠦᠭᠦᠨ᠂ ᠲᠡᠮᠡᠴᠡᠯ ᠤᠨ ᠪᠠᠶᠢᠳᠠᠯ ᠪᠤᠳᠤᠯᠢᠶᠠᠨᠲᠠᠢ ᠪᠠᠶᠢᠬᠤ ᠨᠢ ᠴᠥᠮ ᠤᠷᠢᠳᠤ ᠡᠮᠦᠨ᠎ᠡ ᠪᠠᠶᠢᠭ᠎ᠠ ᠦᠭᠡᠢ ᠶᠤᠮ᠃ ᠪᠠᠶᠢᠳᠠᠯ ᠬᠡᠳᠦᠢ ᠬᠦᠨᠳᠦ ᠬᠡᠴᠡᠭᠦᠦ ᠪᠤᠳᠤᠯᠢᠶᠠᠨᠲᠠᠢ ᠪᠤᠯᠬᠤ ᠲᠤᠳᠤᠮ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠲᠡᠳᠦᠢ ᠪᠠᠷᠢᠮᠲᠠᠯᠠᠬᠤ ᠬᠡᠷᠡᠭᠲᠡᠢ᠃ ᠬᠦᠴᠢᠷ ᠪᠡᠷᠬᠡ ᠶᠢ ᠲᠤᠭᠤᠯᠬᠤ ᠵᠠᠩᠭᠢᠯᠠᠭ᠎ᠠ ᠶᠢᠨ ᠦᠶ᠎ᠡ ᠳᠤ᠂ ᠭᠠᠭᠴᠠ ᠬᠦ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠪᠠᠯ ᠰᠠᠶ᠋ᠢ ᠤᠯᠤᠰ ᠤᠨ ᠳᠣᠲᠣᠭᠠᠳᠤ ᠭᠠᠳᠠᠭᠠᠳᠤ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠯᠡᠵᠦ᠂ ᠬᠥᠭᠵᠢᠯᠲᠡ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠬᠦᠨᠳᠦ ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ ᠰᠡᠷᠭᠡᠶᠢᠯᠡᠨ ᠠᠷᠢᠯᠭᠠᠵᠤ᠂ ᠬᠢᠮᠤᠷᠠᠯ ᠤᠨ ᠳᠤᠮᠳᠠ ᠠᠵᠠ ᠲᠣᠭᠢᠶᠠᠯ ᠢ ᠪᠤᠢ ᠪᠤᠯᠭᠠᠵᠤ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠴᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠰᠤ ᠴᠢᠨᠠᠷ᠂ ᠪᠦᠲᠦᠴᠡ᠂ ᠬᠡᠪᠴᠢᠶ᠎ᠡ᠂ ᠬᠤᠷᠳᠤᠴᠠ᠂ ᠦᠷ᠎ᠡ ᠠᠰᠢᠭ᠂ ᠠᠮᠤᠷ ᠲᠦᠪᠰᠢᠨ ᠢ ᠬᠠᠷᠢᠯᠴᠠᠨ ᠨᠢᠭᠡᠳᠬᠡᠵᠦ᠂ ᠡᠴᠦᠰ ᠲᠡᠭᠡᠨ ᠬᠠᠮᠲᠤ ᠪᠠᠷ ᠪᠠᠶᠠᠵᠢᠬᠤ ᠶᠢ ᠪᠡᠶᠡᠯᠡᠭᠦᠯᠵᠦ ᠴᠢᠳᠠᠨ᠎ᠠ᠃ ᠭᠠᠭᠴᠠ ᠬᠦ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠪᠠᠯ ᠰᠠᠶ᠋ᠢ ᠬᠥᠭᠵᠢᠯᠲᠡ ᠶᠢᠨ ᠵᠢᠮ᠎ᠡ ᠶᠣᠰᠣ ᠶᠢ ᠲᠠᠨᠢᠨ ᠡᠵᠡᠮᠰᠢᠵᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠤᠯᠭᠠᠵᠤ᠂ ᠡᠯ᠎ᠡ ᠲᠠᠯ᠎ᠠ ᠶᠢᠨ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠥᠭᠵᠢᠯᠲᠡ ᠶᠢᠨ ᠣᠷᠴᠢᠨ ᠲᠣᠭᠤᠷᠢᠨ ᠤ ᠭᠦᠨᠵᠡᠭᠡᠢ ᠪᠤᠳᠤᠯᠢᠶᠠᠨᠲᠠᠢ ᠬᠤᠪᠢᠷᠠᠯᠲᠠ ᠪᠣᠯᠣᠨ ᠬᠦᠨᠳᠦ ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠳᠤᠮᠳᠠ ᠨᠢᠭᠡᠳᠦᠯᠲᠡᠢ ᠵᠣᠷᠢᠭ ᠰᠠᠨᠠᠭ᠎ᠠ ᠶᠢ ᠪᠦᠷᠢᠯᠳᠦᠭᠦᠯᠵᠦ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠠᠤᠭ᠎ᠠ ᠶᠡᠭᠡ ᠬᠦᠴᠦᠨ ᠢ ᠨᠢᠭᠲᠠᠷᠠᠭᠤᠯᠵᠤ ᠴᠢᠳᠠᠨ᠎ᠠ᠃ ᠲᠤᠭ᠎ᠠ ᠲᠣᠮᠰᠢ ᠦᠭᠡᠢ ᠪᠣᠳᠠᠲᠤ ᠶᠠᠪᠤᠳᠠᠯ ᠭᠡᠷᠡᠴᠢᠯᠡᠭᠰᠡᠨ ᠨᠢ᠂ ᠰᠠᠯᠬᠢ ᠪᠣᠷᠣᠭᠠᠨ ᠲᠠᠭᠠᠷᠢᠨ ᠢᠷᠡᠬᠦ ᠦᠶ᠎ᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠳᠤᠮᠳᠠᠳᠤ ᠤᠯᠤᠰ ᠤᠨ ᠠᠷᠠᠳ ᠲᠦᠮᠡᠨ ᠤ ᠬᠠᠮᠤᠭ ᠤᠨ ᠨᠠᠶᠢᠳᠠᠪᠤᠷᠢᠲᠠᠢ᠂ ᠬᠠᠮᠤᠭ ᠤᠨ ᠪᠠᠲᠤ ᠴᠢᠩᠭ᠎ᠠ ᠲᠦᠰᠢᠭ ᠲᠤᠯᠭᠠᠭᠤᠷᠢ ᠪᠠᠶᠢᠭᠰᠠᠨ ᠶᠤᠮ᠃      ᠠᠭᠤᠤ ᠶᠡᠭᠡ ᠦᠢᠯᠡᠰ ᠢ ᠡᠷᠬᠡᠪᠰᠢ ᠠᠭᠤᠤ ᠶᠡᠭᠡ ᠨᠠᠮ ᠤᠳᠤᠷᠢᠳᠬᠤ ᠬᠡᠷᠡᠭᠲᠡᠢ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠰᠡᠳᠬᠢᠯ ᠨᠢᠭᠡᠳᠦᠨ ᠬᠠᠮᠲᠤ ᠪᠠᠷ ᠲᠡᠮᠡᠴᠡᠵᠦ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠭᠡᠭᠡᠨ ᠰᠠᠷᠠᠭᠤᠯ ᠢᠷᠡᠭᠡᠳᠦᠢ ᠶᠢ ᠯᠠᠪᠲᠠᠢ ᠪᠡᠶᠡᠯᠡᠭᠦᠯᠵᠦ ᠴᠢᠳᠠᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ᠃︵ᠵᠣᠬᠢᠶᠠᠭᠴᠢ᠄ ︽ᠦᠢᠯᠡᠳᠦᠯᠭᠡ︾ ᠰᠡᠳᠬᠦᠯ ᠤᠨ ᠬᠤᠷᠢᠶ᠎ᠠ ᠶᠢᠨ ᠤᠯᠤᠰ ᠲᠥᠷᠥ ᠶᠢᠨ ᠨᠠᠶᠢᠷᠠᠭᠤᠯᠬᠤ ᠬᠡᠯᠲᠡᠰ ᠤᠨ ᠳᠡᠳ᠋ ᠡᠷᠭᠢᠯᠡᠭᠴᠢ᠂ ᠪᠦᠭᠦ ᠤᠯᠤᠰ ᠤᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠨᠡᠶᠢᠭᠡᠮᠯᠢᠭ ᠤᠨ ᠣᠨᠴᠠ ᠤᠷᠢᠭᠰᠠᠨ ᠰᠤᠳᠤᠯᠤᠭᠴᠢ︶
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号