- ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠲᠤᠬᠠᠢ ᠦᠭᠦᠯᠡᠭᠦ ᠨᠢ ① | ᠠᠨ ᠬᠤᠸᠠ ᠸᠧᠢ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠰᠠᠶᠢᠲᠤᠷ ᠬᠡᠷᠡᠭᠯᠡᠵᠦ᠂ ᠲᠠᠨᠢᠯᠲᠠ ᠶᠢᠨ ᠲᠠᠯ᠎ᠠ ᠪᠠᠷ ᠨᠡᠩ | ᠭᠦᠢᠴᠡᠳ᠂ ᠠᠵᠢᠯᠯᠠᠭ᠎ᠠ ᠶᠢᠨ ᠲᠠᠯ᠎ᠠ ᠪᠠᠷ ᠨᠡᠩ ᠤᠬᠠᠮᠰᠠᠷ ᠲᠠᠢ᠂ ᠠᠵᠢᠯ ᠤᠨ ᠲᠠᠯ᠎ᠠ ᠪᠠᠷ ᠨᠡᠩ ᠵᠢᠳᠬᠦᠯ | ᠴᠢᠷᠮᠠᠶᠢᠯᠭ᠎ᠠ ᠲᠠᠢ ᠪᠠᠶᠢᠵᠤ᠂ ᠶᠠᠭᠤ ᠬᠢᠬᠦ᠂ ᠶᠠᠭᠤ ᠬᠢᠵᠦ ᠪᠤᠯᠬᠤ ᠦᠭᠡᠢ ᠭᠡᠳᠡᠭ ᠲᠤ ᠡᠷᠬᠡᠪᠰᠢ ᠳᠣᠲᠣᠷ᠎ᠠ ᠪᠠᠨ | ᠲᠤᠭ᠎ᠠ ᠲᠠᠢ ᠪᠠᠶᠢᠵᠤ᠂ ᠶᠠᠭᠠᠬᠢᠵᠤ ᠬᠢᠬᠦ᠂ ᠶᠠᠭᠠᠬᠢᠵᠤ ᠬᠢᠪᠡᠯ ᠰᠠᠶᠢᠨ ᠭᠡᠳᠡᠭ ᠲᠤ ᠠᠷᠭ᠎ᠠ ᠰᠠᠮᠪᠠᠭ᠎ᠠ ᠲᠠᠢ ᠪᠠᠶᠢᠵᠤ᠂ | ᠬᠤᠪᠢᠷᠠᠯᠲᠠ ᠶᠢᠨ ᠳᠤᠮᠳᠠ ᠤᠷᠤᠭᠰᠢᠯᠠᠨ ᠲᠠᠪᠰᠢᠪᠠᠯ ᠰᠠᠶ᠋ᠢ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠰᠢᠨ᠎ᠡ | ᠪᠠᠶᠢᠳᠠᠯ ᠢ ᠡᠭᠦᠳᠴᠦ ᠴᠢᠳᠠᠨ᠎ᠠ᠃ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠠᠴᠠ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ | ᠠᠶᠠᠨ ᠳᠤ ᠮᠣᠷᠳᠠᠵᠤ᠂ ᠡᠭᠦᠷᠭᠡᠯᠡᠵᠦ ᠪᠠᠶᠢᠭ᠎ᠠ ᠴᠢᠬᠤᠯᠠ ᠶᠡᠭᠡ ᠬᠠᠷᠢᠭᠤᠴᠠᠯᠭ᠎ᠠ ᠪᠣᠯᠣᠨ ᠢᠷᠠᠭᠤ ᠠᠯᠳᠠᠷᠲᠤ | ᠡᠭᠦᠷᠭᠡ ᠪᠠᠨ ᠰᠠᠶᠢᠲᠤᠷ ᠭᠦᠢᠴᠡᠳᠬᠡᠬᠦ ᠳᠤ ᠥᠪᠥᠷ ᠮᠣᠩᠭᠤᠯ ᠡᠷᠬᠡᠪᠰᠢ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ | ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢᠶᠠᠷ ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢᠨ᠎ᠡ ᠮᠡᠷᠭᠡᠵᠢᠯ᠂ ᠰᠢᠨ᠎ᠡ ᠲᠥᠷᠥᠯ ᠵᠦᠢᠯ᠂ ᠰᠢᠨ᠎ᠡ ᠬᠥᠳᠡᠯᠭᠡᠭᠴᠢ ᠡᠨᠧᠷᠭᠢ ᠪᠠᠷ ᠭᠠᠷᠳᠠᠴᠠ ᠪᠣᠯᠭᠠᠨ᠂ | ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠦᠢᠯᠡᠳᠪᠦᠷᠢᠯᠡᠯ ᠤᠨ ᠵᠠᠭᠪᠤᠷ ᠢ ᠢᠳᠡᠪᠬᠢᠲᠡᠢ ᠪᠠᠷ | ᠣᠷᠣᠭᠤᠯᠵᠤ ᠠᠪᠴᠢᠷᠠᠨ᠂ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠢᠨ᠎ᠡ ᠶᠢ ᠡᠭᠦᠳᠭᠦ ᠬᠢᠷᠢ ᠬᠡᠮᠵᠢᠶ᠎ᠡ ᠲᠠᠰᠤᠷᠠᠯᠲᠠ ᠦᠭᠡᠢ | ᠳᠡᠭᠡᠭᠰᠢᠯᠡᠪᠡ ; ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠪᠠᠷ | ᠮᠠᠨᠳᠤᠭᠰᠠᠨ ᠠᠵᠤ ᠦᠢᠯᠡᠰ ᠤᠨ ᠨᠡᠮᠡᠭᠳᠡᠯ ᠬᠡᠮᠵᠢᠶ᠎ᠡ ᠶᠢ ᠪᠣᠶᠢᠵᠢᠭᠤᠯᠬᠤ ᠶᠢ ᠲᠦᠷᠭᠡᠳᠬᠡᠵᠦ᠂ ᠦᠬᠠᠢ ᠬᠤᠲᠠ ᠠᠮᠢ | ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠳᠤᠯ ᠦᠭᠡᠢ ᠬᠥᠭᠵᠢᠭᠦᠯᠬᠦ ᠵᠠᠮ ᠳᠡᠭᠡᠷ᠎ᠡ ︽ᠤᠰᠤᠲᠥ᠋ᠷᠥᠭᠴᠢ︾ ᠶᠢ | ᠤᠭᠰᠠᠷᠠᠪᠠ ; ᠬᠠᠶᠠᠭᠳᠠᠮᠠᠯ ᠪᠣᠳᠠᠰ ᠢ ᠡᠷᠳᠡᠨᠢ ᠪᠤᠯᠭᠠᠬᠤ᠂ ᠪᠣᠬᠢᠷᠳᠤᠯ ᠦᠭᠡᠢ ᠶᠠᠪᠤᠵᠤ ᠰᠠᠭᠤᠬᠤ᠂ ᠪᠣᠬᠢᠷᠳᠤᠯ | ᠦᠭᠡᠢ ᠡᠨᠧᠷᠭᠢ ᠪᠠᠷ ᠢᠯᠴᠢ ᠬᠠᠩᠭᠠᠬᠤ ᠪᠣᠯᠭᠠᠨ ᠬᠤᠪᠢᠷᠠᠭᠤᠯᠵᠤ᠂ ᠣᠷᠳᠣᠰ ᠬᠤᠳᠠ ᠶᠢᠨ ᠨᠡᠭᠦᠷᠡᠰᠦᠨ ᠤ ᠠᠵᠤ | ᠦᠢᠯᠡᠰ ᠢ ︽ᠪᠠᠭᠠᠰᠬᠠᠬᠤ︾᠂ ︽ᠰᠢᠯᠢᠳᠡᠭᠵᠢᠭᠦᠯᠬᠦ︾᠂ ︽ᠨᠣᠭᠤᠭᠠᠷᠠᠭᠤᠯᠬᠤ︾ ᠵᠠᠮ ᠢᠶᠠᠷ ᠵᠠᠮᠨᠠᠵᠤ᠂ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠤᠮᠠᠷᠠᠲᠤ ᠬᠢᠯᠢ ᠶᠢᠨ ᠡᠬᠡ ᠭᠠᠵᠠᠷ ᠳᠡᠭᠡᠷᠡᠬᠢ ᠠᠯᠢ | ᠤᠯᠠᠨ ᠬᠥᠭᠵᠢᠯᠲᠡ ᠶᠢᠨ ᠦᠢᠯᠡᠳᠦᠯᠭᠡ ᠨᠢ ᠥᠪᠥᠷ ᠮᠣᠩᠭᠤᠯ ᠤᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ | ᠵᠠᠮᠨᠠᠬᠤ ᠰᠡᠳᠬᠢᠯ ᠬᠥᠳᠡᠯᠭᠡᠮ᠎ᠡ ᠪᠠᠶᠢᠳᠠᠯ ᠢ ᠦᠵᠡᠭᠦᠯᠵᠡᠢ᠃ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠭᠦ ᠲᠠᠯ᠎ᠠ ᠪᠠᠷ | ᠲᠤᠭᠤᠰᠢᠯᠠᠭᠤᠯᠵᠤ᠂ ᠰᠢᠨ᠎ᠡ ᠵᠠᠮ ᠢᠶᠠᠷ ᠰᠠᠶᠢᠲᠤᠷ ᠵᠠᠮᠨᠠᠪᠠᠯ ᠰᠠᠶ᠋ᠢ ᠰᠠᠶᠢᠨ ᠰᠠᠶᠢᠬᠠᠨ ᠢᠷᠡᠭᠡᠳᠦᠢ ᠶᠢ ᠵᠢᠷᠤᠭᠯᠠᠵᠤ᠂ | ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠴᠦ ᠴᠢᠳᠠᠨ᠎ᠠ ᠭᠡᠳᠡᠭ ᠢ ᠦᠢᠯᠡᠳᠦᠯᠭᠡ ᠲᠠᠭᠢᠨ ᠳᠠᠪᠲᠠᠨ ᠭᠡᠷᠡᠴᠢᠯᠡᠭᠰᠡᠨ | ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ | ᠶᠡᠭᠡ ᠬᠤᠷᠠᠯ ᠠᠴᠠ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠳᠤᠯ ᠦᠭᠡᠢ ᠪᠠᠷ ᠬᠥᠭᠵᠢᠭᠦᠯᠬᠦ | ᠱᠠᠭᠠᠷᠳᠠᠯᠭ᠎ᠠ ᠳᠤ ᠵᠣᠬᠢᠴᠠᠬᠤ ᠦᠭᠡᠢ ᠦᠵᠡᠯ ᠰᠠᠨᠠᠭ᠎ᠠ ᠣᠶᠢᠯᠠᠭᠠᠭᠳᠠᠬᠤᠨ᠂ ᠦᠢᠯᠡ ᠠᠵᠢᠯᠯᠠᠭ᠎ᠠ ᠶᠢᠨ ᠠᠷᠭ᠎ᠠ | ᠭᠡᠯᠪᠡᠷᠢ᠂ ᠬᠥᠭᠵᠢᠯᠲᠡ ᠶᠢᠨ ᠵᠠᠭᠪᠤᠷ ᠲᠤ ᠡᠷᠡᠰ ᠲᠣᠬᠢᠷᠠᠭᠤᠯᠤᠯᠲᠠ ᠬᠢᠵᠦ ᠵᠠᠯᠠᠷᠠᠭᠤᠯᠬᠤ ᠪᠤᠶᠤ ᠲᠠᠶᠠᠭᠳᠠᠵᠤ᠂ | ᠬᠤᠷᠳᠤᠴᠠ ᠳᠤ ᠲᠦᠰᠢᠭᠯᠡᠬᠦ᠂ ᠠᠷᠭ᠎ᠠ ᠵᠠᠮ ᠳᠤ ᠲᠦᠰᠢᠭᠯᠡᠬᠦ ᠠᠴᠠ ᠲᠤᠶᠢᠯᠪᠤᠷᠢᠲᠠᠢ ᠠᠩᠭᠢᠵᠢᠷᠠᠵᠤ᠂ ᠳᠠᠷᠤᠯᠲᠠ ᠶᠢ | ᠲᠤᠯᠵᠤ᠂ ᠡᠪᠡᠷᠰᠢᠶᠡᠯ ᠢ ᠲᠡᠰᠪᠦᠷᠢᠯᠡᠨ᠂ ᠯᠠᠪᠳᠠᠭᠤᠨ ᠪᠠᠲᠤᠲᠠᠢ ᠪᠠᠷ ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ | ᠭᠡᠵᠦ ᠲᠣᠳᠣᠷᠬᠠᠢ ᠳᠤᠷᠠᠳᠴᠠᠢ᠃ ᠡᠨᠡ ᠪᠣᠯ ᠥᠪᠥᠷ ᠮᠣᠩᠭᠤᠯ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ | ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠦᠢᠯᠡᠴᠢᠯᠡᠬᠦ ᠪᠠ ᠠᠭᠤᠰᠤᠯᠴᠠᠬᠤ ᠶᠢᠨ ᠵᠠᠶᠢᠯᠠᠰᠢ ᠦᠭᠡᠢ ᠰᠣᠩᠭᠤᠯᠲᠠ ᠮᠥᠨ᠂ ᠪᠠᠰᠠ ᠴᠤ ᠵᠢᠮ᠎ᠡ ᠶᠣᠰᠣᠨ ᠤ | ᠬᠠᠨᠳᠤᠰᠢ᠂ ᠪᠠᠶᠢᠳᠠᠯ ᠤᠨ ᠬᠠᠨᠳᠤᠰᠢ᠂ ᠠᠷᠠᠳ ᠲᠦᠮᠡᠨ ᠤ ᠬᠦᠰᠡᠯ ᠡᠷᠡᠮᠡᠯᠵᠡᠯ ᠮᠥᠨ᠃ | ᠮᠠᠷᠺᠰ᠄ ︽ᠰᠡᠳᠬᠢᠬᠦᠢ ᠳᠤ ᠪᠤᠰᠤᠳᠴᠢ ᠦᠨᠡᠨ ᠶᠣᠰᠣᠴᠢ ᠴᠢᠨᠠᠷ ᠪᠠᠶᠢᠬᠤ ᠡᠰᠡᠬᠦ ᠨᠢ ᠤᠨᠤᠯ ᠤᠨ | ᠠᠰᠠᠭᠤᠳᠠᠯ ᠪᠢᠰᠢ᠂ ᠬᠠᠷᠢᠨ ᠦᠢᠯᠡᠳᠦᠯᠭᠡ ᠶᠢᠨ ᠠᠰᠠᠭᠤᠳᠠᠯ ᠮᠥᠨ︾᠃ ᠰᠢᠨ᠎ᠡ ᠵᠠᠮ ᠢᠶᠠᠷ ᠭᠤᠶᠢᠪᠢᠰᠢ ᠦᠭᠡᠢ | ᠰᠠᠶᠢᠲᠤᠷ ᠵᠠᠮᠨᠠᠬᠤ ᠨᠢ ᠪᠠᠶᠢᠳᠠᠯ ᠤᠨ ᠲᠤᠬᠠᠢ ᠭᠦᠨᠵᠡᠭᠡᠢ ᠵᠠᠳᠠᠯᠤᠯᠲᠠ ᠠᠴᠠ ᠢᠷᠡᠯᠲᠡ ᠲᠠᠢ᠂ ᠢᠷᠡᠭᠡᠳᠦᠢ ᠶᠢᠨ ᠲᠤᠬᠠᠢ | ᠰᠢᠨᠵᠢᠯᠡᠬᠦ ᠤᠬᠠᠭᠠᠨᠴᠢ ᠮᠠᠭᠠᠳᠯᠠᠯᠲᠠ ᠠᠴᠠ ᠢᠷᠡᠯᠲᠡ ᠲᠠᠢ ᠶᠤᠮ᠃ ᠨᠢᠭᠡ ᠲᠠᠯ᠎ᠠ ᠪᠠᠷ᠂ ᠭᠠᠳᠠᠭᠠᠳᠤ ᠣᠷᠴᠢᠨ | ᠨᠥᠬᠦᠴᠡᠯ ᠨᠡᠩ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠣᠯᠵᠤ᠂ ᠡᠬᠢ ᠪᠠᠶᠠᠯᠢᠭ ᠣᠷᠴᠢᠨ ᠠᠬᠤᠢ ᠶᠢᠨ | ᠬᠢᠵᠠᠭᠠᠷᠯᠠᠯ ᠴᠢᠩᠭᠠᠷᠠᠵᠤ᠂ ᠤᠯᠠᠮᠵᠢᠯᠠᠯᠲᠤ ᠬᠥᠭᠵᠢᠯᠲᠡ ᠶᠢᠨ ᠵᠠᠭᠪᠤᠷ ᠦᠷᠭᠦᠯᠵᠢᠯᠡᠬᠦᠶ᠎ᠡ ᠪᠡᠷᠬᠡ ᠪᠣᠯᠵᠤ᠂ ᠬᠠᠭᠤᠴᠢᠨ | ᠵᠠᠮ ᠢᠶᠠᠷ ᠢᠶᠠᠨ ᠵᠠᠮᠨᠠᠵᠤ ᠳᠡᠶᠢᠯᠭᠦ ᠦᠭᠡᠢ᠂ ᠲᠠᠭᠢᠵᠤ ᠶᠠᠪᠤᠵᠤ ᠪᠤᠯᠬᠤ ᠦᠭᠡᠢ ᠪᠣᠯᠵᠤ᠂ ᠠᠮᠢ ᠠᠬᠤᠢ ᠶᠢᠨ ᠣᠷᠴᠢᠨ | ᠨᠥᠬᠦᠴᠡᠯ ᠵᠥᠪᠰᠢᠶᠡᠷᠡᠬᠦ ᠦᠭᠡᠢ᠂ ᠠᠷᠠᠳ ᠤᠯᠠᠨ ᠵᠥᠪᠰᠢᠶᠡᠷᠡᠬᠦ ᠦᠭᠡᠢ ᠪᠠᠶᠢᠨ᠎ᠠ ; ᠨᠥᠭᠦᠭᠡ ᠲᠠᠯ᠎ᠠ ᠪᠠᠷ᠂ | ᠪᠠᠶᠢᠳᠠᠯ ᠬᠥᠭᠵᠢᠵᠦ᠂ ᠴᠠᠭ ᠦᠶ᠎ᠡ ᠳᠠᠪᠰᠢᠵᠤ ᠪᠠᠶᠢᠨ᠎ᠠ᠂ ᠥᠪᠥᠷ ᠮᠣᠩᠭᠤᠯ ᠶᠠᠭ ᠶᠡᠭᠡ ᠦᠢᠯᠡᠰ ᠢ ᠪᠦᠲᠦᠭᠡᠵᠦ | ᠪᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ᠂ ᠤᠷᠤᠭᠰᠢᠯᠠᠬᠤ ᠦᠭᠡᠢ ᠪᠣᠯ ᠲᠦᠯᠬᠢᠭᠳᠡᠨ | ᠤᠬᠤᠷᠢᠬᠤ ᠳᠤ ᠲᠤᠯᠤᠭᠰᠠᠨ ᠭᠡᠯᠪᠡᠷᠢ ᠪᠠᠨ ᠬᠤᠪᠢᠷᠠᠭᠤᠯᠬᠤ ᠵᠠᠩᠭᠢᠯᠠᠭ᠎ᠠ ᠶᠢᠨ ᠬᠤᠭᠤᠴᠠᠭ᠎ᠠ᠂ ᠠᠵᠢᠯ ᠬᠢᠵᠦ ᠦᠢᠯᠡᠰ | ᠴᠣᠭᠴᠠᠯᠠᠬᠤ ᠬᠥᠭᠵᠢᠯᠲᠡ ᠶᠢᠨ ᠰᠢᠵᠢᠷ ᠠᠯᠲᠠᠨ ᠴᠠᠭ ᠦᠶ᠎ᠡ ᠳᠤ ᠣᠷᠣᠰᠢᠵᠤ ᠪᠠᠶᠢᠨ᠎ᠠ᠂ ᠡᠶᠢᠮᠦᠷᠬᠦᠦ | ᠵᠠᠩᠭᠢᠯᠠᠭ᠎ᠠ ᠶᠢᠨ ᠴᠠᠭ ᠦᠶ᠎ᠡ ᠳᠤ ᠰᠢᠨ᠎ᠡ ᠰᠡᠳᠬᠢᠮᠵᠢ ᠪᠠᠷ ᠰᠢᠨ᠎ᠡ ᠭᠠᠷᠬᠤ ᠵᠠᠮ ᠡᠷᠢᠯᠬᠢᠯᠡᠵᠦ᠂ ᠰᠢᠨ᠎ᠡ | ᠣᠶᠢᠯᠠᠭᠠᠭᠳᠠᠬᠤᠨ ᠢᠶᠠᠷ ᠰᠢᠨ᠎ᠡ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠲᠤᠯᠭᠠᠮ ᠱᠠᠭᠠᠷᠳᠠᠵᠤ ᠪᠠᠶᠢᠨ᠎ᠠ᠂ | ᠶᠠᠭᠠᠬᠢᠭᠰᠠᠨ ᠴᠤ ᠰᠢᠨ᠎ᠡ ᠱᠠᠬᠠᠢ ᠡᠮᠦᠰᠴᠦ ᠬᠠᠭᠤᠴᠢᠨ ᠵᠠᠮ ᠢᠶᠠᠷ ᠢᠶᠠᠨ ᠵᠠᠮᠨᠠᠵᠤ ᠪᠤᠯᠬᠤ ᠦᠭᠡᠢ᠂ ᠣᠷᠴᠢᠨ | ᠲᠣᠭᠤᠷᠢᠨ ᠢ ᠡᠪᠳᠡᠭᠦ ᠪᠠᠷ ᠦᠨ᠎ᠡ ᠥᠷᠲᠡᠭ ᠪᠣᠯᠭᠠᠨ ᠪᠦᠳᠦᠭᠦᠯᠢᠭ ᠮᠠᠶ᠋ᠢᠭ ᠤᠨ ᠬᠥᠭᠵᠢᠯᠲᠡ ᠶᠢᠨ ᠵᠠᠭᠪᠤᠷ ᠲᠤ | ᠪᠤᠴᠠᠵᠤ ᠪᠤᠯᠬᠤ ᠦᠭᠡᠢ᠃ | ᠬᠥᠭᠵᠢᠯᠲᠡ ᠶᠢᠨ ᠣᠶᠢᠯᠠᠭᠠᠭᠳᠠᠬᠤᠨ ᠢᠶᠠᠨ ᠡᠷᠡᠰ ᠬᠤᠪᠢᠷᠠᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠬᠤ ᠪᠣᠯ | ᠬᠡᠶᠢᠰᠪᠦᠷᠢ ᠠᠴᠠ ᠬᠡᠶᠢᠰᠪᠦᠷᠢ ᠳᠤ ᠬᠦᠷᠬᠦ᠂ ᠤᠬᠠᠭᠳᠠᠬᠤᠨ ᠠᠴᠠ ᠤᠬᠠᠭᠳᠠᠬᠤᠨ ᠳᠤ ᠬᠦᠷᠬᠦ ᠶᠠᠪᠤᠳᠠᠯ ᠪᠢᠰᠢ᠂ | ᠵᠥᠪᠭᠡᠨ ᠠᠮᠠᠨ ᠳᠡᠭᠡᠷ᠎ᠡ ᠪᠠᠨ ᠬᠡᠯᠡᠭᠡᠳ ᠯᠡ ᠪᠠᠶᠢᠵᠤ ᠪᠤᠯᠬᠤ ᠦᠭᠡᠢ᠂ ᠦᠵᠡᠯ ᠰᠠᠨᠠᠭᠠᠨ ᠤ ᠭᠤᠭᠴᠤᠭ᠎ᠠ ᠳᠤ | ᠵᠣᠭᠰᠣᠵᠤ ᠪᠤᠯᠬᠤ ᠦᠭᠡᠢ᠂ ᠬᠠᠷᠢᠨ ᠦᠢᠯᠡᠳᠦᠯᠭᠡ ᠶᠢ ᠵᠢᠯᠤᠭᠤᠳᠴᠤ᠂ ᠦᠢᠯᠡᠳᠦᠯᠭᠡ ᠳᠤ ᠠᠭᠤᠰᠬᠠᠬᠤ ᠬᠡᠷᠡᠭᠲᠡᠢ᠃ | ᠥᠪᠥᠷ ᠮᠣᠩᠭᠤᠯ ᠳᠤ ᠠᠪᠴᠤ ᠬᠡᠯᠡᠪᠡᠯ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠯᠠᠪᠳᠠᠭᠤᠨ ᠬᠤᠯᠠ ᠠᠶᠠᠯᠠᠶ᠎ᠠ | ᠭᠡᠪᠡᠯ ᠡᠷᠬᠡᠪᠰᠢ ᠲᠠᠷᠢᠬᠢ ᠲᠣᠯᠣᠭᠠᠢ ᠶᠢᠨ ᠰᠢᠭᠤᠷᠭ᠎ᠠ ᠶᠢ ᠳᠡᠭᠳᠡᠭᠡᠵᠦ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ | ᠰᠢᠨᠡᠳᠬᠡᠵᠦ᠂ ᠣᠷᠣᠨ ᠳᠠᠶᠠᠭᠠᠷ ᠢᠶᠠᠨ ᠴᠠᠭ ᠤᠨ ᠪᠠᠶᠢᠳᠠᠯ ᠳᠤ ᠦᠯᠦ ᠲᠣᠬᠢᠷᠠᠬᠤ ᠦᠵᠡᠯ ᠰᠠᠨᠠᠭ᠎ᠠ ᠦᠢᠯᠡ | ᠠᠵᠢᠯᠯᠠᠭ᠎ᠠ ᠳᠤ ᠲᠤᠶᠢᠯᠪᠤᠷᠢᠲᠠᠢ ᠬᠤᠪᠢᠰᠬᠠᠯᠲᠤ ᠴᠢᠨᠠᠷᠲᠠᠢ ᠥᠭᠡᠷᠡᠴᠢᠯᠡᠯᠲᠡ ᠬᠢᠬᠦ ᠶᠢ ᠠᠬᠢᠭᠤᠯᠵᠤ᠂ ᠰᠡᠳᠬᠢᠬᠦᠢ ᠶᠢᠨ | ᠲᠣᠭᠲᠠᠮᠠᠯ ᠬᠠᠨᠳᠤᠰᠢ᠂ ᠠᠵᠢᠯ ᠤᠨ ᠳᠠᠳᠬᠠᠯ᠂ ᠠᠷᠭ᠎ᠠ ᠵᠠᠮ ᠳᠤ ᠲᠦᠰᠢᠭᠯᠡᠬᠦ ᠶᠢ ᠡᠷᠡᠰ ᠠᠷᠢᠯᠭᠠᠵᠤ᠂ ᠡᠯ᠎ᠡ | ᠵᠦᠢᠯ ᠤᠨ ᠰᠢᠨ᠎ᠡ ᠱᠠᠭᠠᠷᠳᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ | ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠰᠠᠶᠢᠲᠤᠷ ᠬᠡᠷᠡᠭᠯᠡᠵᠦ᠂ ᠲᠠᠨᠢᠯᠲᠠ ᠶᠢᠨ ᠲᠠᠯ᠎ᠠ ᠪᠠᠷ ᠨᠡᠩ | ᠭᠦᠢᠴᠡᠳ᠂ ᠠᠵᠢᠯᠯᠠᠭ᠎ᠠ ᠶᠢᠨ ᠲᠠᠯ᠎ᠠ ᠪᠠᠷ ᠨᠡᠩ ᠤᠬᠠᠮᠰᠠᠷ ᠲᠠᠢ᠂ ᠠᠵᠢᠯ ᠤᠨ ᠲᠠᠯ᠎ᠠ ᠪᠠᠷ ᠨᠡᠩ ᠵᠢᠳᠬᠦᠯ | ᠴᠢᠷᠮᠠᠶᠢᠯᠭ᠎ᠠ ᠲᠠᠢ ᠪᠠᠶᠢᠵᠤ᠂ ᠡᠷᠬᠡᠪᠰᠢ ᠶᠠᠭᠤ ᠬᠢᠬᠦ᠂ ᠶᠠᠭᠤ ᠬᠢᠵᠦ ᠪᠤᠯᠬᠤ ᠦᠭᠡᠢ ᠭᠡᠳᠡᠭ ᠲᠤ ᠳᠣᠲᠣᠷ᠎ᠠ ᠪᠠᠨ | ᠲᠤᠭ᠎ᠠ ᠲᠠᠢ ᠪᠠᠶᠢᠵᠤ᠂ ᠶᠠᠭᠠᠬᠢᠵᠤ ᠬᠢᠬᠦ᠂ ᠶᠠᠭᠠᠬᠢᠵᠤ ᠬᠢᠪᠡᠯ ᠰᠠᠶᠢᠨ ᠭᠡᠳᠡᠭ ᠲᠤ ᠠᠷᠭ᠎ᠠ ᠰᠠᠮᠪᠠᠭ᠎ᠠ ᠲᠠᠢ ᠪᠠᠶᠢᠵᠤ᠂ | ᠬᠤᠪᠢᠷᠠᠯᠲᠠ ᠶᠢᠨ ᠳᠤᠮᠳᠠ ᠤᠷᠤᠭᠰᠢᠯᠠᠨ ᠲᠠᠪᠰᠢᠬᠤ ︽ᠵᠢᠩᠬᠢᠨᠢ ᠨᠣᠮ︾ ᠢ ᠰᠠᠶᠢᠲᠤᠷ ᠤᠩᠰᠢᠪᠠᠯ ᠰᠠᠶ᠋ᠢ ᠰᠢᠨ᠎ᠡ | ᠵᠠᠮ ᠢᠶᠠᠷ ᠰᠠᠶᠢᠲᠤᠷ ᠵᠠᠮᠨᠠᠵᠤ᠂ ᠰᠢᠨ᠎ᠡ ᠪᠠᠶᠢᠳᠠᠯ ᠢ ᠡᠭᠦᠳᠴᠦ ᠴᠢᠳᠠᠨ᠎ᠠ᠃ | ︽ᠮᠥᠰᠥ ᠶᠢ ᠬᠡᠷᠬᠢᠨ ᠴᠤᠭᠤᠯᠳᠠᠭ ᠪᠤᠶ︖ ᠤᠷᠢᠳ ᠢᠶᠠᠷ ᠠᠯᠤᠬ᠎ᠠ ᠪᠠᠷ ᠨᠢᠭᠡ ᠴᠡᠭ ᠲᠤ ᠲᠥᠪᠯᠡᠷᠡᠭᠦᠯᠦᠨ | ᠴᠣᠬᠢᠨ᠎ᠠ︾᠃ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠰᠢᠨ᠎ᠡ ᠠᠶᠠᠨ ᠳᠤ ᠮᠣᠷᠳᠠᠬᠤ ᠳᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠪᠣᠯ ᠳᠠᠷᠤᠢ ᠮᠥᠰᠥ ᠬᠠᠭᠠᠯᠬᠤ ᠠᠯᠤᠬ᠎ᠠ ᠮᠥᠨ᠂ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠬᠤ ᠪᠣᠯ ᠳᠠᠷᠤᠢ ᠬᠦᠴᠦ ᠪᠠᠨ ᠲᠥᠪᠯᠡᠷᠡᠭᠦᠯᠦᠨ ᠴᠣᠬᠢᠬᠤ ᠲᠡᠷᠡ ᠨᠢᠭᠡ ᠴᠡᠭ ᠪᠣᠯᠣᠨ᠎ᠠ᠃ | ᠬᠤᠪᠢᠰᠤᠩᠭᠤᠢ ᠰᠡᠳᠬᠢᠬᠦᠢ ᠪᠠᠷ ᠰᠢᠨ᠎ᠡ ᠬᠥᠭᠵᠢᠯᠲᠡ ᠶᠢᠨ ᠱᠠᠲᠤᠨ ᠳᠤ ᠲᠤᠯᠭᠠᠷᠠᠵᠤ ᠪᠠᠶᠢᠭ᠎ᠠ ᠰᠢᠨ᠎ᠡ ᠠᠵᠠ | ᠲᠣᠭᠢᠶᠠᠯ ᠰᠢᠨ᠎ᠡ ᠥᠷᠢᠰᠦᠯᠳᠦᠭᠡᠨ ᠢ ᠡᠵᠡᠮᠳᠡᠵᠦ᠂ ᠰᠢᠰᠲ᠋ᠧᠮ ᠤᠨ ᠣᠶᠢᠯᠠᠭᠠᠭᠳᠠᠬᠤᠨ ᠢᠶᠠᠷ ᠵᠢᠮ᠎ᠡ ᠶᠣᠰᠣ ᠶᠢ | ᠣᠨᠣᠪᠴᠢᠲᠠᠶ ᠣᠶᠢᠯᠠᠭᠠᠵᠤ᠂ ᠴᠢᠭᠯᠡᠯ ᠢ ᠣᠨᠣᠪᠴᠢᠲᠠᠶ ᠲᠠᠨᠢᠵᠤ᠂ ᠠᠷᠭ᠎ᠠ ᠵᠠᠮ ᠢ ᠣᠨᠣᠪᠴᠢᠲᠠᠶ ᠡᠵᠡᠮᠳᠡᠵᠦ᠂ | ᠵᠠᠩᠭᠢᠯᠠᠭ᠎ᠠ ᠶᠢ ᠣᠨᠣᠪᠴᠢᠲᠠᠶ ᠡᠵᠡᠮᠳᠡᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ ᠬᠠᠷᠠᠯᠲᠠ ᠪᠠᠷ | ᠤᠳᠤᠷᠢᠳᠤᠮᠵᠢ ᠪᠤᠯᠭᠠᠵᠤ ᠪᠠᠶᠢᠭᠠᠳ ᠬᠥᠭᠵᠢᠯᠲᠡ ᠶᠢᠨ ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠵᠦ᠂ | ᠵᠣᠷᠢᠭᠲᠠᠢ ᠪᠠᠷ ᠬᠤᠪᠢᠷᠠᠯᠲᠠ ᠶᠢ ᠡᠷᠢᠯᠬᠢᠯᠡᠵᠦ᠂ ᠢᠳᠡᠪᠬᠢᠲᠡᠢ ᠬᠤᠪᠢᠷᠠᠭᠤᠯᠵᠤ᠂ ᠪᠣᠳᠠᠲᠠᠢ ᠶᠢ ᠡᠷᠬᠢᠮᠯᠡᠨ | ᠬᠤᠪᠢᠷᠠᠯᠲᠠ ᠶᠢ ᠰᠦᠪᠡᠭᠴᠢᠯᠡᠵᠦ᠂ ᠨᠠᠩ ᠢᠯᠡᠭᠦᠦ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠤ | ᠪᠠᠶᠢᠭᠠᠳ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠰᠢᠨ᠎ᠡ ᠵᠠᠮ ᠢᠶᠠᠷ | ᠰᠠᠶᠢᠲᠤᠷ ᠵᠠᠮᠨᠠᠪᠠᠯ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠢᠷᠡᠭᠡᠳᠦᠢ ᠯᠠᠪᠲᠠᠢ ᠨᠠᠩ ᠰᠠᠶᠢᠨ | ᠰᠠᠶᠢᠬᠠᠨ ᠪᠤᠯᠬᠤ ᠶᠤᠮ᠃ | |