ᠰᠢᠨ᠎ᠡ ᠠᠶᠠᠨ ᠳᠠᠭᠠᠨ ᠰᠢᠨ᠎ᠡ ᠠᠮᠵᠢᠯᠲᠠ ᠭᠠᠷᠭᠠᠶ᠎ᠠ
ᠨᠡᠶᠢᠲᠡᠯᠡᠭᠰᠡᠨ ᠴᠠᠭ᠄
2022/2/16
     ᠯᠢ ᠬᠤᠢ ᠶᠦᠩ      2021 ᠣᠨ ᠳᠤ ᠥᠪᠥᠷ ᠮᠣᠩᠭᠤᠯ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠯᠬᠤᠮ ᠢ ᠠᠯᠬᠤᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ ᠰᠢᠨ᠎ᠡ ᠳᠦᠷᠰᠦ ᠪᠠᠶᠢᠳᠠᠯ ᠢ ᠪᠤᠢ ᠪᠤᠯᠭᠠᠵᠦ᠂ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠠᠷᠠᠳ ᠤᠨ ᠠᠮᠢᠳᠤᠷᠠᠯ ᠳᠤ ᠪᠤᠶᠠᠨ ᠵᠢᠷᠭᠠᠯ ᠨᠡᠮᠡᠵᠦ᠂ ᠠᠮᠢ ᠠᠬᠤᠢ ᠶᠢᠨ ᠪᠣᠯᠪᠠᠰᠤᠨ ᠤ ᠰᠢᠨ᠎ᠡ ᠪᠠᠶᠢᠳᠠᠯ ᠢ ᠪᠤᠢ ᠪᠤᠯᠭᠠᠵᠦ᠂ ᠪᠦᠳᠦᠮᠵᠢ ᠰᠠᠶᠢᠨ ᠴᠠᠭ ᠦᠶ᠎ᠡ ᠶᠢᠨ ᠰᠢᠯᠭᠠᠯᠲᠠ ᠶᠢᠨ ᠬᠠᠭᠤᠳᠠᠰᠤ ᠲᠤᠰᠢᠶᠠᠯ᠎ᠠ᠃ ᠡᠨᠡ ᠪᠣᠯ ᠮᠠᠨ ᠤ ᠥᠷᠢᠰᠦᠯᠳᠦᠭᠡᠨ ᠳᠤ ᠬᠠᠨᠳᠤᠬᠤ ᠲᠣᠭᠲᠠᠯ ᠬᠦᠴᠦᠨ ᠪᠠ ᠢᠲᠡᠭᠡᠯ ᠬᠦᠴᠦᠨ ᠮᠥᠨ᠂ ᠪᠠᠰᠠ ᠴᠤ ᠪᠢᠳᠡᠨ ᠤ ᠢᠷᠡᠭᠡᠳᠦᠢ ᠳᠤ ᠬᠠᠨᠳᠤᠬᠤ ᠡᠷᠴᠢ ᠵᠣᠷᠢᠭ ᠪᠠ ᠢᠲᠡᠭᠡᠯ ᠵᠣᠷᠢᠭ ᠮᠥᠨ᠃      ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠤᠶᠢᠪᠢᠰᠢ ᠦᠭᠡᠢ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠪᠣᠯ ᠰᠢᠨ᠎ᠡ ᠴᠠᠭ ᠦᠶ᠎ᠡ᠂ ᠰᠢᠨ᠎ᠡ ᠱᠠᠲᠤ ᠦᠶ᠎ᠡ ᠶᠢᠨ ᠨᠢᠭᠡ ᠤᠳᠠᠭ᠎ᠠ ᠶᠢᠨ ᠬᠠᠲᠠᠭᠤ ᠳᠠᠶᠢᠯᠠᠯᠳᠤᠭᠠᠨ᠂ ᠶᠡᠭᠡ ᠰᠢᠯᠭᠠᠯᠲᠠ ᠮᠥᠨ᠃ ᠶᠠᠰᠤ ᠴᠢᠨᠠᠷ ᠰᠠᠶᠢᠲᠠᠢ᠂ ᠦᠷ᠎ᠡ ᠠᠰᠢᠭ ᠰᠠᠶᠢᠲᠠᠢ᠂ ᠪᠦᠲᠦᠴᠡ ᠲᠣᠬᠢᠷᠠᠮᠵᠢᠲᠠᠢ᠂ ᠪᠣᠬᠢᠷᠳᠤᠯ ᠦᠭᠡᠢ ᠬᠥᠭᠵᠢᠭᠦᠯᠬᠦ ᠳᠤ ︽ᠲᠡᠮᠡᠴᠡᠵᠦ︾᠂ ᠡᠷᠴᠢ ᠵᠣᠷᠢᠭ ᠢᠶᠠᠨ ᠬᠥᠪᠴᠢᠯᠡᠵᠦ᠂ ᠦᠷᠭᠦᠯᠵᠢᠯᠡᠨ ᠬᠦᠴᠦᠯᠡᠵᠦ᠂ ︽ᠬᠦᠴᠢᠷ ᠠᠰᠠᠭᠤᠳᠠᠯ︾᠎ ᠢ ᠣᠨᠢᠯᠠᠨ ᠨᠢᠭᠡ ᠨᠢᠭᠡ ᠪᠠᠷ ᠰᠢᠢᠳᠪᠦᠷᠢᠯᠡᠬᠦ ᠴᠢᠬᠤᠯᠠᠲᠠᠢ ᠪᠥᠭᠡᠳ ᠪᠠᠰᠠ ᠴᠢᠳᠠᠮᠠᠭᠠᠢ ᠪᠠᠷ ︽ᠰᠢᠨ᠎ᠡ ᠶᠢ ᠡᠭᠦᠳᠴᠦ︾᠂ ᠲᠠᠰᠤᠷᠠᠯᠳᠠ ᠦᠭᠡᠢ ᠰᠢᠨ᠎ᠡ ᠰᠡᠳᠬᠢᠴᠡ ᠰᠢᠨ᠎ᠡ ᠠᠷᠭ᠎ᠠ ᠪᠠᠷ ᠰᠢᠨ᠎ᠡ ᠠᠰᠠᠭᠤᠳᠠᠯ ᠰᠢᠨ᠎ᠡ ᠥᠷᠢᠰᠦᠯᠳᠦᠭᠡᠨ ᠢ ᠠᠷᠭᠠᠴᠠᠭᠠᠬᠤ ᠬᠡᠷᠡᠭᠲᠡᠢ᠃ ᠭᠠᠭᠴᠠ ᠬᠦ ᠰᠡᠳᠬᠢᠬᠦᠢ ᠶᠢᠨ ᠲᠣᠭᠲᠠᠮᠠᠯ ᠬᠠᠨᠳᠤᠰᠢ ᠶᠢ ᠰᠢᠪᠲᠤᠯᠵᠤ᠂ ᠨᠠᠩ ᠶᠡᠭᠡ ᠰᠥᠰᠥ ᠵᠣᠷᠢᠭ ᠪᠠ ᠡᠷᠴᠢᠮ ᠢᠶᠠᠷ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠪᠡᠯ ᠪᠢᠳᠡ ᠰᠠᠶ᠋ᠢ ᠴᠢᠨᠠᠷ ᠰᠠᠶᠢᠲᠠᠢ ᠬᠥᠭᠵᠢᠯᠲᠡ ᠶᠢᠨ ᠰᠢᠯᠭᠠᠯᠲᠠ ᠶᠢᠨ ᠬᠠᠭᠤᠳᠠᠰᠤ ᠶᠢ ᠰᠠᠶᠢᠨ ᠬᠠᠷᠢᠭᠤᠯᠵᠤ ᠴᠢᠳᠠᠨ᠎ᠠ᠃      ᠨᠠᠮ ᠤᠨ ᠭᠡᠰᠢᠭᠦᠨ ᠺᠠᠳ᠋ᠷᠴᠤᠳ ᠰᠢᠨ᠎ᠡ ᠴᠠᠭ ᠦᠶ᠎ᠡ ᠳᠤ ᠥᠷᠭᠡᠨ ᠣᠯᠠᠨ ᠲᠦᠮᠡᠨ ᠢ ᠳᠠᠭᠠᠭᠤᠯᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢᠨ ᠳᠠᠭᠠᠭᠤᠯᠤᠭᠴᠢ ᠪᠣᠯᠤᠭᠰᠠᠨ ᠤ ᠬᠤᠪᠢ ᠳᠤ᠂ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠠᠷᠠᠳ ᠲᠦᠮᠡᠨ ᠳᠤ ᠨᠢᠭᠲᠠ ᠲᠦᠰᠢᠭᠯᠡᠵᠦ᠂ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠢᠯᠡᠳᠴᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠵᠦ᠂ ᠵᠣᠷᠢᠭ ᠰᠢᠭᠤᠳᠤᠨ ᠦᠷᠭᠦᠯᠵᠢᠯᠡᠨ ᠲᠡᠮᠡᠴᠡᠵᠦ᠂ ᠨᠢᠭᠡ ᠴᠠᠭ ᠤᠨ ᠭᠠᠪᠢᠶ᠎ᠠ ᠳᠤ ᠰᠢᠨᠤᠬᠤ ᠦᠭᠡᠢ᠂ ᠪᠤᠤᠬᠢᠶ᠎ᠠ ᠳᠠᠮᠵᠢᠭᠤᠯᠵᠤ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠦᠨᠡᠨ ᠪᠣᠳᠠᠲᠠᠢ ᠠᠷᠭ᠎ᠠ ᠬᠡᠮᠵᠢᠶ᠎ᠡ᠂ ᠦᠢᠯᠡ ᠠᠵᠢᠯᠯᠠᠭ᠎ᠠ᠂ ᠦᠷ᠎ᠡ ᠪᠦᠳᠦᠮᠵᠢ ᠪᠠᠷ ᠠᠷᠠᠳ ᠲᠦᠮᠡᠨ ᠤ ᠵᠣᠪᠠᠨᠢᠯ ᠢ ᠠᠷᠢᠯᠭᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃      ᠰᠤᠷᠤᠯᠴᠠᠬᠤ ᠦᠭᠡᠢ ᠪᠣᠯ ᠠᠵᠢᠯ ᠢᠶᠠᠨ ᠰᠠᠶᠢᠨ ᠬᠢᠵᠦ ᠴᠢᠳᠠᠬᠤ ᠦᠭᠡᠢ᠂ ᠤᠷᠤᠰᠬᠠᠯ ᠢ ᠲᠠᠭᠠᠵᠦ ᠠᠮᠵᠢᠬᠤ ᠦᠭᠡᠢ᠂ ᠴᠠᠭ ᠦᠶ᠎ᠡ ᠠᠴᠠ ᠬᠤᠴᠣᠷᠬᠤ ᠪᠣᠯᠣᠨ᠎ᠠ᠃ ᠬᠥᠮᠥᠨ ᠤ ᠠᠮᠢᠳᠤᠷᠠᠯ ᠪᠣᠯ ᠶᠠᠭ ᠨᠢᠭᠡᠨ ᠨᠣᠮ ᠰᠢᠭ᠋᠂ ᠬᠥᠮᠥᠨ ᠡᠳᠦᠷ ᠪᠣᠯᠭᠠᠨ ᠡᠨᠡᠬᠦ ᠨᠣᠮ ᠢᠶᠠᠨ ᠪᠢᠴᠢᠳᠡᠭ᠃ ᠶᠠᠭᠤ ᠪᠢᠴᠢᠭᠦ ᠨᠢ ᠥᠪᠡᠷ ᠠᠴᠠ ᠴᠢᠨᠢ ᠲᠣᠭᠲᠠᠭᠠᠭᠳᠠᠨ᠎ᠠ᠃ ᠭᠡᠪᠡᠴᠦ ᠬᠥᠮᠥᠨ ᠤ ᠠᠮᠢᠳᠤᠷᠠᠯ ᠤᠨ ᠡᠨᠡ ᠨᠣᠮ ᠢ ᠪᠢᠴᠢᠭᠦ ᠳᠤ ᠰᠤᠷᠤᠯᠴᠠᠬᠤ ᠠᠴᠠ ᠨᠢᠭᠡᠬᠡᠨ ᠮᠥᠴᠡ ᠴᠸ ᠰᠠᠯᠵᠤ ᠪᠤᠯᠬᠤ ᠦᠭᠡᠢ᠃ ᠰᠠᠶᠢᠨ ᠰᠤᠷᠤᠯᠴᠠᠪᠠᠯ ᠬᠥᠮᠥᠨ ᠤ ᠠᠮᠢᠳᠤᠷᠠᠯ ᠤᠨ ᠨᠣᠮ ᠢᠶᠠᠨ ᠰᠠᠶ᠋ᠢ ᠰᠠᠶᠢᠬᠠᠨ ᠪᠢᠴᠢᠵᠦ ᠴᠢᠳᠠᠨ᠎ᠠ ᠃ ᠨᠠᠮ ᠤᠨ ᠭᠡᠰᠢᠭᠦᠨ ᠺᠠᠳ᠋ᠷ ᠲᠤ ᠠᠪᠴᠤ ᠬᠡᠯᠡᠪᠡᠯ᠂ ᠰᠠᠶᠢᠲᠤᠷ ᠰᠤᠷᠤᠯᠴᠠᠵᠣ᠂ ᠤᠬᠠᠮᠰᠠᠷ ᠠᠴᠠ ᠪᠠᠨ ᠦᠵᠡᠯ ᠰᠠᠨᠠᠭᠠᠨ ᠤ ᠪᠣᠯᠪᠠᠰᠤᠷᠠᠯ᠂ ᠤᠯᠤᠰ ᠲᠦᠷᠦ ᠶᠢᠨ ᠪᠣᠯᠪᠠᠰᠤᠷᠠᠯ᠂ ᠦᠢᠯᠡᠳᠦᠯᠭᠡ ᠶᠢᠨ ᠪᠣᠯᠪᠠᠰᠤᠷᠠᠯ᠂ ᠲᠤᠰᠬᠠᠢ ᠮᠡᠷᠭᠡᠵᠢᠯ ᠤᠨ ᠪᠣᠯᠪᠠᠰᠤᠷᠠᠯ ᠬᠢᠵᠦ᠂ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠣᠷᠣᠯᠴᠠᠵᠤ᠂ ᠤᠯᠤᠰ ᠤᠨ ᠪᠠᠶᠢᠳᠠᠯ ᠢ ᠣᠶᠢᠯᠠᠭᠠᠵᠤ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠳᠠᠪᠲᠠᠭᠳᠠᠨ ᠪᠣᠯᠪᠠᠰᠤᠷᠠᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠠᠯᠬᠢ ᠪᠣᠷᠣᠭᠠᠨ ᠳᠤ ᠡᠷᠳᠡᠮ ᠴᠢᠳᠠᠪᠤᠷᠢ ᠪᠠᠨ ᠨᠡᠮᠡᠭᠳᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠳᠤᠮᠳᠠ ᠤᠭ ᠰᠠᠨᠠᠭ᠎ᠠ ᠪᠠᠨ ᠳᠠᠪᠲᠠᠨ ᠪᠤᠯᠪᠠᠰᠤᠷᠠᠭᠤᠯᠬᠤ ᠬᠡᠷᠡᠭᠲᠡᠢ᠃      ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠳᠤ᠂ ᠬᠠᠷᠠᠯᠲᠠ ᠪᠠᠨ ᠵᠥᠪ ᠲᠠᠨᠢᠵᠤ᠂ ᠡᠷᠡᠮᠡᠬᠡᠶᠢᠯᠡᠨ ᠤᠷᠤᠭᠰᠢᠯᠠᠬᠤ ᠠᠴᠠ ᠰᠠᠯᠵᠤ ᠴᠢᠳᠠᠬᠤ ᠦᠭᠡᠢ᠂ ᠨᠡᠩ ᠢᠯᠡᠭᠦᠦ ᠰᠢᠷᠭᠠᠭᠤ ᠬᠠᠲᠠᠭᠤᠵᠢᠯᠲᠠᠢ ᠠᠵᠢᠯᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ᠠᠯᠢᠪᠠ ᠬᠦᠴᠢᠷ ᠠᠰᠠᠭᠤᠳᠠᠯ ᠢ ᠭᠠᠭᠴᠠ ᠬᠦ ᠪᠣᠳᠠᠲᠠᠢ ᠠᠵᠢᠯᠯᠠᠪᠠᠯ ᠰᠠᠶ᠋ᠢ ᠰᠢᠢᠳᠪᠦᠷᠢᠯᠡᠵᠦ ᠴᠢᠳᠠᠨ᠎ᠠ ; ᠠᠯᠢᠪᠠ ᠠᠵᠠ ᠲᠣᠭᠢᠶᠠᠯ ᠢ ᠪᠣᠳᠠᠲᠠᠢ ᠠᠵᠢᠯᠯᠠᠪᠠᠯ ᠰᠠᠶ᠋ᠢ ᠡᠵᠡᠮᠳᠡᠵᠦ ᠴᠢᠳᠠᠨ᠎ᠠ ; ᠠᠯᠢᠪᠠ ᠬᠦᠰᠡᠯ ᠡᠷᠡᠮᠡᠯᠵᠡᠯ ᠢ ᠪᠣᠳᠠᠲᠠᠢ ᠠᠵᠢᠯᠯᠠᠪᠠᠯ ᠰᠠᠶ᠋ᠢ ᠪᠡᠶᠡᠯᠡᠭᠦᠯᠵᠦ ᠴᠢᠳᠠᠨ᠎ᠠ᠃ ᠬᠡᠳᠦᠢ ᠪᠡᠷᠬᠡ ᠬᠠᠲᠠᠭᠤᠵᠢᠯᠲᠠᠢ ᠪᠤᠯᠬᠤ ᠲᠤᠳᠤᠮ ᠬᠦᠴᠢᠷ ᠢ ᠰᠥᠷᠦᠨ ᠤᠷᠤᠭᠰᠢᠯᠠᠬᠤ ᠰᠥᠰᠥ ᠵᠣᠷᠢᠭ᠂ ᠠᠶᠤᠯ ᠲᠦᠭᠰᠢᠭᠦᠷᠢ ᠠᠴᠠ ᠠᠶᠤᠬᠤ ᠦᠭᠡᠢ ᠰᠥᠰᠥ ᠵᠣᠷᠢᠭ ᠢ ᠴᠢᠨᠢ ᠲᠡᠳᠦᠢ ᠰᠢᠯᠭᠠᠳᠠᠭ᠃ ᠠᠭᠤᠤ ᠶᠡᠭᠡ ᠲᠡᠮᠡᠴᠡᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ ᠬᠥᠭᠦᠷᠭᠡ ᠲᠠᠯᠪᠢᠵᠤ᠂ ᠬᠦᠨᠳᠦ ᠡᠭᠦᠷᠭᠡ ᠶᠢ ᠡᠭᠦᠷᠭᠡᠯᠡᠵᠦ᠂ ᠵᠣᠷᠢᠭ ᠰᠢᠭᠤᠳᠤᠨ ᠤᠷᠤᠭᠰᠢᠯᠠᠵᠤ᠂ ᠥᠷᠢᠰᠦᠯᠳᠦᠭᠡᠨ ᠳᠤ ᠨᠢᠭᠤᠷᠳᠠᠨ ᠣᠷᠣᠯᠴᠠᠪᠠᠯ ᠯᠠᠪᠲᠠᠢ ᠤᠷᠤᠭᠰᠢᠯᠠᠯᠲᠠ ᠶᠢᠨ ᠵᠠᠮ ᠳᠡᠭᠡᠷᠡᠬᠢ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ ᠴᠢᠳᠠᠨ᠎ᠠ᠃      ᠰᠢᠨ᠎ᠡ ᠵᠢᠯ ᠳᠤ ᠰᠢᠨ᠎ᠡ ᠳᠦᠷᠰᠦ ᠪᠠᠶᠢᠳᠠᠯ ᠢ ᠪᠤᠢ ᠪᠤᠯᠭᠠᠵᠦ᠂ ᠰᠢᠨ᠎ᠡ ᠠᠶᠠᠨ ᠳᠤ ᠰᠢᠨ᠎ᠡ ᠠᠮᠵᠢᠯᠲᠠ ᠭᠠᠷᠭᠠᠶ᠎ᠠ᠃ ᠡᠭᠦᠷᠭᠡᠯᠡᠵᠦ ᠪᠠᠶᠢᠭ᠎ᠠ ᠬᠦᠨᠳᠦ ᠴᠢᠬᠤᠯᠠ ᠤᠯᠤᠰ ᠲᠦᠷᠦ ᠶᠢᠨ ᠬᠠᠷᠢᠭᠤᠴᠠᠯᠭ᠎ᠠ ᠪᠣᠯᠣᠨ ᠢᠷᠠᠭᠤ ᠠᠯᠳᠠᠷᠲᠤ ᠡᠭᠦᠷᠭᠡ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠡᠭᠦᠷᠢᠳᠡ ᠴᠠᠯᠠᠭᠠᠶᠢᠷᠠᠬᠤ ᠦᠭᠡᠢ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠰᠠᠯᠬᠢ ᠳᠠᠪᠠᠯᠭᠠᠨ ᠢ ᠰᠥᠷᠦᠨ ᠵᠦᠰᠦᠵᠦ ᠡᠷᠡᠮᠡᠬᠡᠶᠢᠯᠡᠨ ᠤᠷᠤᠭᠰᠢᠯᠠᠳᠠᠭ ᠯᠠ ᠶᠤᠮ ᠪᠣᠯ ᠳᠠᠷᠤᠢ ᠪᠦᠭᠦ ᠲᠠᠯ᠎ᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠠᠮᠤᠭ ᠤᠨ ᠬᠦᠴᠦᠷᠬᠡᠭ ᠬᠥᠳᠡᠯᠭᠡᠭᠦ ᠬᠦᠴᠦᠨ ᠬᠠᠩᠭᠠᠵᠤ ᠴᠢᠳᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号