| | ᠰᠠᠴᠤᠷᠠᠯ | ᠴᠠᠭᠠᠨ ᠰᠠᠷ᠎ᠠ ᠠᠴᠠ ᠡᠮᠦᠨᠡᠬᠡᠨ ᠠᠬᠠᠮᠠᠳ ᠨᠠᠮ ᠤᠨ ᠭᠡᠰᠢᠭᠦᠨ ᠪᠠ ᠠᠮᠢᠳᠤᠷᠠᠯ ᠨᠢ ᠬᠦᠴᠢᠷᠳᠡᠯᠲᠡᠢ ᠨᠠᠮ ᠤᠨ | ᠭᠡᠰᠢᠭᠦᠨ ᠢ ᠡᠷᠭᠢᠨ ᠲᠣᠬᠤᠨᠢᠭᠤᠯᠬᠤ ᠪᠣᠯ ᠮᠠᠨ ᠤ ᠨᠠᠮ ᠤᠨ ᠰᠢᠯᠢᠳᠡᠭ ᠤᠯᠠᠮᠵᠢᠯᠠᠯ ᠪᠠ ᠤᠯᠤᠰ ᠲᠦᠷᠦ ᠶᠢᠨ | ᠳᠠᠪᠠᠭᠤᠯᠢᠭ ᠪᠣᠯᠣᠨ᠎ᠠ᠃ ᠡᠨᠡ ᠬᠦ ᠡᠷᠭᠢᠨ ᠦᠵᠡᠵᠦ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠨᠢ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠬᠤ ᠬᠠᠶᠢᠷ᠎ᠠ ᠬᠠᠯᠠᠮᠵᠢ ᠶᠢᠨ ᠢᠨᠵᠧᠨᠧᠷᠢᠩ ᠮᠥᠨ᠂ ᠡᠶᠢᠮᠦ ᠠᠴᠠ ᠨᠠᠮ ᠤᠨ | ᠭᠡᠰᠢᠭᠦᠨ ᠺᠠᠳ᠋ᠷᠴᠤᠳ ᠡᠷᠬᠡᠪᠰᠢ ᠦᠨᠡᠨ ᠰᠡᠳᠬᠢᠯ ᠠᠴᠠ ᠪᠠᠨ ᠦᠨᠳᠦᠰᠦᠨ ᠱᠠᠲᠤᠨ ᠳᠤ ᠬᠦᠷᠴᠦ᠂ ᠲᠣᠬᠤᠨᠢᠭᠤᠯᠬᠤ | ᠡᠲᠡᠭᠡᠳ ᠲᠤ ᠨᠠᠮ ᠵᠠᠰᠠᠭ ᠤᠨ ᠬᠠᠶᠢᠷ᠎ᠠ ᠬᠠᠯᠠᠮᠵᠢ᠂ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠭᠦᠨᠵᠡᠭᠡᠢ | ᠮᠡᠳᠡᠷᠡᠭᠦᠯᠬᠦ ᠴᠢᠬᠤᠯᠠᠲᠠᠢ ᠪᠠᠶᠢᠳᠠᠭ᠃ | ᠦᠨᠳᠦᠰᠦᠨ ᠱᠠᠲᠤᠨ ᠳᠤ ᠦᠷᠭᠦᠯᠵᠢ ᠪᠠᠭᠤᠵᠤ ᠬᠠᠶᠢᠷ᠎ᠠ ᠰᠡᠳᠬᠢᠯᠭᠡ ᠪᠠᠨ ᠬᠠᠮᠲᠤᠳᠬᠠᠬᠤ ᠪᠣᠯ ᠳᠤᠩ | ᠴᠢᠬᠤᠯᠠ᠃ ᠨᠠᠮ ᠤᠨ ᠭᠡᠰᠢᠭᠦᠨ ᠺᠠᠳ᠋ᠷᠴᠤᠳ ᠡᠷᠭᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠬᠦ ᠠᠴᠠ ᠪᠠᠨ ᠡᠮᠦᠨ᠎ᠡ᠂ | ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ᠂ ᠠᠬᠠᠮᠠᠳ ᠨᠠᠮ ᠤᠨ ᠭᠡᠰᠢᠭᠦᠨ ᠵᠡᠷᠭᠡ ᠲᠣᠬᠤᠨᠢᠭᠤᠯᠬᠤ ᠡᠲᠡᠭᠡᠳ ᠤᠨ | ᠪᠣᠳᠠᠲᠠᠢ ᠪᠠᠶᠢᠳᠠᠯ ᠢ ᠤᠷᠢᠳ ᠢᠶᠠᠷ ᠣᠶᠢᠯᠠᠭᠠᠵᠤ᠂ ᠡᠷᠭᠢᠨ ᠲᠣᠬᠤᠨᠢᠭᠤᠯᠬᠤ ᠲᠥᠯᠥᠪᠯᠡᠭᠡ ᠪᠠᠨ ᠤᠷᠢᠳᠴᠢᠯᠠᠨ | ᠰᠠᠶᠢᠲᠤᠷ ᠬᠢᠬᠦ᠂ ᠲᠣᠬᠤᠨᠢᠭᠤᠯᠬᠤ ᠡᠲᠡᠭᠡᠳ ᠲᠠᠢ ᠬᠠᠮᠲᠤ ᠰᠠᠭᠤᠯᠴᠠᠨ ᠡᠳᠦᠷ ᠲᠤᠲᠤᠮ ᠤᠨ ᠠᠷᠰᠠᠷ ᠶᠠᠪᠤᠳᠠᠯ ᠠᠴᠠ | ᠵᠣᠭᠤᠭᠳᠠᠨ᠂ ᠬᠦᠴᠢᠷ ᠠᠰᠠᠭᠤᠳᠠᠯ ᠬᠦᠴᠢᠷ ᠶᠠᠪᠤᠳᠠᠯ ᠢ ᠨᠢ ᠰᠡᠳᠬᠢᠯ ᠲᠠᠯᠪᠢᠨ ᠰᠣᠨᠣᠰᠴᠤ᠂ ᠰᠡᠳᠬᠢᠯ ᠢ ᠨᠢ | ᠲᠠᠶᠢᠳᠬᠤᠷᠠᠭᠤᠯᠬᠤ ᠦᠭᠡ ᠶᠢ ᠬᠠᠨᠳᠤᠯᠭᠠᠲᠤ ᠴᠢᠨᠠᠷᠲᠠᠢ ᠪᠠᠷ ᠰᠠᠶᠢᠲᠤᠷ ᠶᠠᠷᠢᠵᠤ᠂ ᠬᠠᠮᠲᠤ ᠶᠢᠨ ᠬᠠᠶᠢᠷ᠎ᠠ | ᠰᠡᠳᠬᠢᠯᠭᠡ ᠪᠠᠨ ᠨᠡᠮᠡᠭᠳᠡᠭᠦᠯᠬᠦ᠂ ᠢᠯᠠᠩᠭᠤᠶ᠎ᠠ ᠠᠬᠠᠮᠠᠳ ᠨᠠᠮ ᠤᠨ ᠭᠡᠰᠢᠭᠦᠨ ᠳᠤ ᠢᠯᠡᠭᠦᠬᠡᠨ ᠬᠠᠶᠢᠷ᠎ᠠ ᠬᠠᠯᠠᠮᠵᠢ | ᠬᠦᠷᠲᠡᠭᠡᠵᠦ᠂ ᠴᠢᠳᠠᠯ ᠤᠨ ᠢᠶᠠᠨ ᠬᠢᠷᠢ ᠪᠠᠷ ᠠᠮᠢᠳᠤᠷᠠᠯ ᠤᠨ ᠬᠦᠴᠢᠷ ᠠᠰᠠᠭᠤᠳᠠᠯ ᠢ ᠨᠢ ᠬᠠᠪᠰᠤᠷᠤᠨ | ᠰᠢᠢᠳᠪᠦᠷᠢᠯᠡᠬᠦ ᠶᠢᠨ ᠬᠠᠮᠲᠤ ᠦᠨᠡᠨ ᠰᠡᠳᠬᠢᠯ ᠠᠴᠠ ᠪᠠᠨ ᠬᠠᠯᠠᠮᠵᠢᠯᠠᠵᠤ᠂ ᠲᠡᠳᠡᠨᠡᠷ ᠲᠤ ᠵᠣᠬᠢᠶᠠᠨ | ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠬᠦ ᠴᠢᠬᠤᠯᠠᠲᠠᠢ᠃ | ᠬᠥᠮᠥᠨ ᠤ ᠰᠡᠳᠬᠢᠯ ᠢ ᠳᠤᠯᠠᠭᠠᠴᠠᠭᠤᠯᠬᠤ ᠨᠢ ᠠᠯᠢᠪᠠ ᠠᠴᠠ ᠡᠷᠬᠢᠮ ᠪᠠᠶᠢᠳᠠᠭ᠂ ᠢᠯᠠᠩᠭᠤᠶ᠎ᠠ | ᠲᠣᠬᠤᠨᠢᠭᠤᠯᠬᠤ ᠡᠲᠡᠭᠡᠳ ᠤᠨ ᠳᠣᠲᠣᠷᠠᠬᠢ ᠠᠬᠠᠮᠠᠳ ᠨᠠᠮ ᠤᠨ ᠭᠡᠰᠢᠭᠦᠨ ᠪᠣᠯ ᠴᠥᠮ ᠡᠯ᠎ᠡ ᠵᠦᠢᠯ ᠤᠨ ᠠᠶᠤᠯ | ᠲᠦᠭᠰᠢᠭᠦᠷᠢ ᠥᠷᠢᠰᠦᠯᠳᠦᠭᠡᠨ ᠢ ᠥᠩᠭᠡᠷᠡᠭᠦᠯᠦᠭᠰᠡᠨ ︽ᠠᠬᠠᠮᠠᠳ ᠪᠠᠶᠢᠯᠳᠤᠭᠴᠢ︾ ᠪᠠᠶᠢᠵᠤ᠂ ᠡᠯᠪᠡᠭ ᠪᠠᠶᠠᠯᠢᠭ | ᠠᠮᠢᠳᠤᠷᠠᠯ ᠤᠨ ᠤᠶᠤᠨ ᠤᠬᠠᠭᠠᠨ ᠪᠠ ᠠᠵᠢᠯ ᠤᠨ ᠲᠤᠷᠰᠢᠯᠭ᠎ᠠ ᠲᠠᠢ ᠶᠤᠮ᠃ ᠡᠭᠦᠨ ᠳᠤ᠂ ᠠᠬᠠᠮᠠᠳ ᠨᠠᠮ ᠤᠨ | ᠭᠡᠰᠢᠭᠦᠨ ᠨᠢᠭᠡ ᠪᠦᠷᠢ ᠶᠢᠨ ᠪᠣᠳᠠᠲᠤ ᠪᠠᠶᠢᠳᠠᠯ ᠢ ᠨᠢ ᠦᠨᠳᠦᠰᠦᠯᠡᠵᠦ᠂ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠰᠡᠳᠬᠢᠯ ᠤᠨ ᠦᠭᠡ ᠪᠠᠨ ᠰᠣᠯᠢᠯᠴᠠᠵᠤ᠂ ᠲᠡᠳᠡᠨ ᠤ ᠭᠠᠷᠭᠠᠭᠰᠠᠨ ᠵᠢᠳᠬᠦᠯ ᠴᠢᠷᠮᠠᠶᠢᠯᠭ᠎ᠠ ᠳᠤ | ᠲᠠᠯᠠᠷᠬᠠᠵᠤ᠂ ᠤᠭ ᠰᠠᠨᠠᠭ᠎ᠠ ᠪᠠᠨ ᠦᠷᠭᠦᠯᠵᠢᠯᠡᠨ ᠪᠠᠷᠢᠮᠲᠠᠯᠠᠵᠤ᠂ ᠬᠤᠪᠢ ᠨᠡᠮᠡᠷᠢ ᠪᠠᠨ ᠴᠢᠨᠠᠭᠰᠢᠳᠠ ᠦᠵᠡᠭᠦᠯᠭᠦ ᠶᠢ | ᠨᠢ ᠬᠥᠲᠥᠯᠥᠨ ᠵᠢᠯᠤᠭᠤᠳᠬᠤ ᠶᠢᠨ ᠬᠠᠮᠲᠤ ᠨᠡᠶᠢᠭᠡᠮ ᠨᠡᠶᠢᠲᠡ ᠶᠢᠨ ᠢᠳᠡᠪᠬᠢ ᠬᠦᠴᠦᠨ ᠵᠦᠢᠯ ᠢ ᠢᠳᠡᠪᠬᠢᠲᠡᠢ | ᠳᠠᠮᠵᠢᠭᠤᠯᠬᠤ ᠬᠡᠷᠡᠭᠲᠡᠢ᠃ | ᠡᠷᠭᠢᠨ ᠦᠵᠡᠵᠦ ᠪᠣᠯᠭᠤᠭᠠᠨ ᠲᠣᠬᠤᠨᠢᠭᠤᠯᠬᠤ ᠪᠣᠯ ᠠᠷᠠᠳ ᠤᠨ ᠰᠡᠳᠬᠢᠯ ᠢ ᠳᠤᠯᠠᠭᠠᠴᠠᠭᠤᠯᠵᠤ ᠲᠦᠮᠡᠨ ᠤ | ᠰᠡᠳᠬᠢᠯ ᠢ ᠨᠢᠭᠲᠠᠷᠠᠭᠤᠯᠬᠤ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠤᠯᠬᠤ ᠪᠥᠭᠡᠳ ᠪᠠᠰᠠ ᠴᠸ ᠨᠢᠭᠡ | ᠤᠳᠠᠭᠠᠨ ᠤ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠰᠡᠳᠬᠢᠯ ᠤᠨ ᠳᠠᠭᠤᠨ ᠢ ᠰᠣᠨᠣᠰᠬᠤ ᠣᠯᠳᠠᠰᠢ | ᠦᠭᠡᠢ ᠲᠣᠭᠢᠶᠠᠯ ᠮᠥᠨ᠃ ᠲᠣᠬᠤᠨᠢᠭᠤᠯᠤᠯ ᠢ ᠤᠯᠠᠨ ᠲᠦᠮᠡᠨ ᠳᠤ ᠭᠦᠷᠭᠡᠭᠦ ᠶᠢᠨ ᠬᠠᠮᠲᠤ ᠪᠠᠰᠠ ᠰᠠᠨᠠᠯ | ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠶᠢᠯ ᠡᠷᠦᠭᠡ ᠪᠠᠷ ᠶᠠᠪᠤᠵᠤ ᠰᠠᠨᠠᠯ ᠰᠠᠨᠠᠭᠤᠯᠭ᠎ᠠ ᠶᠢ ᠰᠣᠨᠣᠰᠴᠤ᠂ | ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ ᠦᠨᠡᠨ ᠮᠡᠳᠡᠯᠭᠡ ᠨᠡᠪᠲᠡᠷᠬᠡᠢ ᠦᠵᠡᠯᠲᠡ ᠶᠢ ᠡᠵᠡᠮᠰᠢᠬᠦ | ᠬᠡᠷᠡᠭᠲᠡᠢ᠃ ᠣᠨ ᠤ ᠡᠴᠦᠰ ᠵᠢᠯ ᠤᠨ ᠡᠬᠢ ᠪᠣᠯ ᠶᠠᠭ ᠳᠠᠷᠠᠭᠠᠴᠢ ᠶᠢᠨ ᠠᠵᠢᠯ ᠢᠶᠠᠨ ᠲᠥᠯᠥᠪᠯᠡᠬᠦ ᠴᠢᠬᠤᠯᠠ ᠴᠠᠭ | ᠬᠤᠭᠤᠴᠠᠭ᠎ᠠ ᠪᠣᠯᠣᠨ᠎ᠠ᠂ ᠡᠷᠭᠢᠨ ᠦᠵᠡᠵᠦ ᠪᠣᠯᠭᠤᠭᠠᠨ ᠲᠣᠬᠤᠨᠢᠭᠤᠯᠬᠤ ᠳᠠᠭᠠᠨ ᠳᠠᠷᠤᠤ ᠬᠢᠴᠢᠶᠡᠩᠭᠦᠢ ᠪᠠᠷ ᠰᠤᠷᠭᠠᠯ | ᠬᠦᠷᠲᠡᠵᠦ᠂ ᠠᠵᠢᠯ ᠤᠨ ᠳᠤᠮᠳᠠᠬᠢ ︽ᠬᠦᠴᠢᠷ ᠲᠦᠪᠡᠭ ᠲᠠᠢ ᠡᠪᠡᠳᠴᠢᠨ ᠡᠮᠭᠡᠭ︾ ᠢᠶᠠᠨ | ᠰᠠᠨᠠᠭᠠᠴᠢᠯᠠᠭ᠎ᠠ ᠠᠴᠠ ᠪᠠᠨ ᠶᠠᠷᠢᠯᠴᠠᠵᠤ᠂ ᠠᠬᠠᠮᠠᠳ ᠨᠠᠮ ᠤᠨ ᠭᠡᠰᠢᠭᠦᠨ ᠤ ᠲᠤᠬᠠᠢ ᠶᠢᠨ ᠭᠠᠵᠠᠷ ᠤᠨ | ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠶᠢ ᠢᠯᠡᠭᠦᠬᠡᠨ ᠬᠤᠷᠢᠶᠠᠵᠤ᠂ ᠲᠡᠳᠡᠨ ᠤ ︽ᠤᠶᠤᠨ ᠤ ᠤᠭᠤᠲᠠ︾᠂ | ︽ᠲᠤᠷᠰᠢᠯᠭ᠎ᠠ ᠶᠢᠨ ᠬᠥᠮᠥᠷᠭᠡ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ︽ᠦᠨᠡᠨ | ᠲᠤᠷᠰᠢᠯᠭ᠎ᠠ︾ ᠶᠢ ᠰᠤᠷᠪᠤᠯᠵᠢᠯᠠᠵᠤ᠂ ᠬᠥᠭᠵᠢᠯᠲᠡ ᠶᠢᠨ ︽ᠮᠡᠷᠭᠡᠨ ᠠᠷᠭ᠎ᠠ ᠤᠬᠠᠭᠠᠨ︾ ᠢ ᠡᠷᠢᠯᠬᠢᠯᠡᠬᠦ ᠨᠢ | ᠬᠤᠶᠢᠰᠢᠳᠠ ᠶᠢᠨ ᠠᠵᠢᠯ ᠢᠶᠠᠨ ᠨᠠᠩ ᠰᠠᠶᠢᠲᠤᠷ ᠥᠷᠨᠢᠭᠦᠯᠬᠦ ᠳᠤ ᠴᠢᠬᠤᠯᠠ ᠦᠢᠯᠡᠳᠦᠯ ᠦᠵᠡᠭᠦᠯᠭᠦ ᠨᠢ ᠯᠠᠪᠲᠠᠢ᠃ |