ᠡᠷᠡᠯᠬᠡᠭᠯᠡᠨ ᠤᠷᠤᠭᠰᠢᠯᠠᠵᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠶ᠎ᠡ
ᠨᠡᠶᠢᠲᠡᠯᠡᠭᠰᠡᠨ ᠴᠠᠭ᠄
2022/2/16
     ᠵᠣᠬᠢᠶᠠᠭᠴᠢ᠄  ᠶᠤᠸᠠᠨ ᠪᠦᠦ ᠨᠢᠶᠠᠨ      - ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠲᠤᠬᠠᠢ ᠦᠭᠦᠯᠡᠭᠦ ᠨᠢ ②                ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠵᠦ᠂ ᠢᠯᠴᠢ ᠴᠠᠭᠢᠯᠭᠠᠨ ᠤ ᠠᠷᠠᠯᠵᠢᠶᠠᠨ ᠤ ᠴᠠᠭᠢᠯᠭᠠᠨ ᠤ ᠦᠨ᠎ᠡ ᠶᠢ ᠥᠰᠬᠡᠵᠦ᠂ ᠨᠡᠭᠦᠷᠡᠰᠦᠨ ᠤ ᠪᠣᠷᠣᠯᠠᠭᠤᠯᠬᠤ ᠦᠨ᠎ᠡ ᠶᠢ ᠪᠠᠭᠤᠷᠠᠭᠤᠯᠵᠤ᠂ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠬᠦ ᠶᠣᠰᠣᠲᠠᠢ ᠬᠡᠮᠵᠢᠶ᠎ᠡ ᠪᠠᠷ ᠨᠡᠭᠦᠷᠡᠰᠦ ᠶᠢ ᠭᠦᠢᠴᠡᠳ ᠦᠢᠯᠡᠳᠪᠦᠷᠢᠯᠡᠵᠦ ᠂ ᠴᠠᠭᠢᠯᠭᠠᠨ ᠤ ᠦᠢᠯᠡᠳᠪᠦᠷᠢ ᠶᠢᠨ ᠬᠠᠩᠭᠠᠬᠤ ᠶᠣᠰᠣᠲᠠᠢ ᠬᠡᠮᠵᠢᠶ᠎ᠡ ᠪᠠᠷ ᠴᠠᠭᠢᠯᠭᠠᠨ ᠢ ᠭᠦᠢᠴᠡᠳ ᠬᠠᠩᠭᠠᠬᠤ ᠶᠢ ᠠᠬᠢᠭᠤᠯᠪᠠ ᠁ 2021 ᠣᠨ ᠢ ᠡᠷᠭᠢᠴᠡᠭᠦᠯᠪᠡᠯ᠂ ᠥᠪᠥᠷ ᠮᠣᠩᠭᠤᠯ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠪᠦᠭᠦ ᠤᠯᠤᠰ ᠵᠢᠴᠢ ᠪᠦᠭᠦ ᠣᠷᠣᠨ ᠤ ᠡᠨᠧᠷᠭᠢ ᠶᠢᠨ ᠲᠣᠭᠲᠠᠭᠤᠨ ᠬᠠᠩᠭᠠᠯᠭ᠎ᠠ ᠶᠢ ᠬᠦᠴᠦᠲᠡᠢ ᠪᠠᠲᠤᠯᠠᠪᠠ᠃           ᠬᠠᠷᠢᠭᠤᠴᠠᠯᠭ᠎ᠠ ᠪᠣᠯ ᠳᠠᠷᠤᠢ ᠶᠡᠭᠡ ᠲᠠᠯ᠎ᠠ ᠮᠥᠨ᠂ ᠡᠭᠦᠷᠭᠡ ᠪᠣᠯ ᠳᠠᠷᠤᠢ ᠬᠥᠳᠡᠯᠭᠡᠭᠦ ᠬᠦᠴᠦᠨ ᠮᠥᠨ᠃ ᠦᠨᠳᠦᠰᠦᠲᠡᠨ ᠤ ᠬᠢᠯᠢ ᠬᠢᠵᠠᠭᠠᠷ ᠭᠠᠵᠠᠷ ᠣᠷᠣᠨ ᠪᠣᠯᠤᠭᠰᠠᠨ ᠤ ᠬᠤᠪᠢ ᠳᠤ᠂ ᠨᠠᠮ ᠪᠣᠯᠣᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠳᠠᠬᠢ ᠥᠪᠥᠷ ᠮᠣᠩᠭᠤᠯ ᠤᠨ ᠪᠠᠶᠢᠷᠢ ᠰᠠᠭᠤᠷᠢ ᠲᠤᠶᠢᠯ ᠤᠨ ᠴᠢᠬᠤᠯᠠ ᠶᠤᠮ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ᠂ ︽ᠬᠤᠶᠠᠷ ᠬᠠᠯᠬᠠᠪᠴᠢ ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾᠎ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ ᠰᠢᠨ᠎ᠡ ᠠᠶᠠᠨ ᠳᠠᠭᠠᠨ ᠡᠷᠡᠮᠡᠬᠡᠶᠢᠯᠡᠨ ᠤᠷᠤᠭᠰᠢᠯᠠᠬᠤ ᠳᠤ᠂ ᠪᠢᠳᠡ ᠨᠡᠩ ᠴᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ᠂ ᠤᠯᠤᠰ ᠤᠨ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠢ ᠪᠠᠲᠤᠯᠠᠬᠤ᠂ ᠡᠷᠭᠢᠨ ᠲᠣᠭᠤᠷᠢᠨ ᠤ ᠬᠥᠷᠰᠢ ᠤᠯᠤᠰ ᠪᠠ ᠭᠠᠳᠠᠭᠠᠳᠤ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ᠂ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠡᠬᠡ ᠤᠯᠤᠰ ᠤᠨ ᠤᠮᠠᠷᠠᠲᠤ ᠬᠢᠯᠢ ᠬᠢᠵᠠᠭᠠᠷ ᠢ ᠰᠠᠬᠢᠨ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠪᠣᠯᠣᠨ ᠢᠷᠠᠭᠤ ᠠᠯᠳᠠᠷᠲᠤ ᠡᠭᠦᠷᠭᠡ ᠶᠢ ᠪᠦᠭᠦ ᠬᠦᠴᠦᠨ ᠢᠶᠠᠷ ᠢᠶᠠᠨ ᠰᠠᠶᠢᠲᠤᠷ ᠭᠦᠢᠴᠡᠳᠬᠡᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠳᠤ ᠲᠠᠰᠤᠷᠠᠯᠳᠠ ᠦᠭᠡᠢ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠃      ᠥᠪᠥᠷ ᠮᠣᠩᠭᠤᠯ ᠳᠤ ᠠᠪᠴᠤ ᠬᠡᠯᠡᠪᠡᠯ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠴᠢᠬᠤᠯᠠ ᠶᠡᠭᠡ ᠬᠠᠷᠢᠭᠤᠴᠠᠯᠭ᠎ᠠ ᠪᠣᠯᠣᠨ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠶᠡᠭᠡ ᠲᠠᠯ᠎ᠠ ᠶᠢᠨ ᠤᠬᠠᠮᠰᠠᠷ ᠢ ᠪᠤᠢ ᠪᠤᠯᠭᠠᠵᠤ᠂ ᠤᠬᠠᠮᠰᠠᠷ ᠠᠴᠠ ᠪᠠᠨ ᠶᠡᠭᠡ ᠲᠠᠯ᠎ᠠ ᠶᠢ ᠲᠠᠭᠠᠵᠤ᠂ ᠶᠡᠭᠡ ᠲᠠᠯ᠎ᠠ ᠶᠢ ᠡᠷᠡᠰ ᠬᠠᠮᠠᠭᠠᠯᠠᠬᠤ ᠪᠣᠯ ᠳᠠᠷᠤᠢ ︽ᠤᠯᠤᠰ ᠤᠨ ᠶᠡᠭᠡ ᠲᠠᠯ᠎ᠠ︾᠎ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠤᠨ ᠰᠢᠰᠲ᠋ᠧᠮᠲᠦ ᠴᠢᠨᠠᠷ ᠪᠣᠯᠣᠨ ᠪᠦᠬᠦᠯᠢ ᠴᠣᠭᠴᠠᠲᠤ ᠴᠢᠨᠠᠷ ᠢ ᠴᠢᠩᠭᠠᠳᠬᠠᠵᠤ᠂ ᠥᠪᠥᠷ ᠮᠣᠩᠭᠤᠯ ᠤᠨ ᠬᠥᠭᠵᠢᠯᠲᠡ ᠶᠢᠨ ᠠᠯᠬᠤᠭ᠎ᠠ ᠶᠢ ᠨᠠᠮ ᠪᠣᠯᠣᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠶᠡᠭᠡ ᠲᠠᠯ᠎ᠠ ᠯᠤᠭ᠎ᠠ ᠢᠵᠢᠯ ᠠᠯᠬᠤᠮ ᠢᠶᠠᠷ ᠤᠷᠤᠭᠰᠢᠯᠠᠭᠤᠯᠵᠤ ᠪᠠᠶᠢᠭ᠎ᠠ ᠶᠠᠪᠤᠳᠠᠯ ᠪᠣᠯᠣᠨ᠎ᠠ᠃ ᠭᠠᠭᠴᠠᠬᠦ ᠢᠩᠭᠢᠪᠡᠯ ᠰᠠᠶ᠋ᠢ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠵᠤ᠂ ᠥᠪᠥᠷ ᠮᠣᠩᠭᠤᠯ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠯᠠᠪᠳᠠᠭᠤᠨ ᠬᠤᠯᠠ ᠠᠶᠠᠯᠠᠬᠤ ᠶᠢ ᠪᠠᠲᠤᠯᠠᠵᠤ ᠴᠢᠳᠠᠨ᠎ᠠ᠃      ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠣᠯ ᠤᠷᠢᠶ᠎ᠠ ᠪᠢᠰᠢ᠂ ᠬᠠᠷᠢᠨ ᠦᠢᠯᠡᠳᠦᠯᠭᠡ ᠶᠢᠨ ᠳᠤᠮᠳᠠ ᠵᠣᠷᠢᠭᠲᠠᠢ ᠪᠠᠷ ᠡᠭᠦᠷᠭᠡᠯᠡᠬᠦ ᠵᠣᠷᠢᠭ ᠰᠥᠰᠥ ᠶᠢ ᠳᠠᠪᠲᠠᠨ ᠪᠤᠯᠪᠠᠰᠤᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠳᠤ᠂ ᠪᠢᠳᠡᠡ ᠤ ᠶᠡᠭᠡ ᠲᠠᠯ᠎ᠠ ᠶᠢ ᠡᠷᠭᠢᠮᠯᠡᠭᠦ᠂ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠵᠤ᠂ ᠬᠠᠷᠢᠭᠤᠴᠠᠯᠭ᠎ᠠ ᠪᠣᠯᠣᠨ ᠡᠭᠦᠷᠭᠡ ᠶᠢ ᠦᠨᠡᠨ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠶᠢ ᠱᠠᠭᠠᠷᠳᠠᠵᠤ ᠪᠠᠶᠢᠨ᠎ᠠ᠃ ᠪᠢᠳᠡ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠢᠮᠠᠭᠲᠠ ᠳᠡᠶᠢᠯᠦᠩᠭᠦᠢ ᠪᠠᠶᠢᠷᠢᠨ ᠳᠤ ᠲᠠᠯᠪᠢᠵᠤ᠂ ᠠᠮᠢ ᠠᠬᠤᠢ ᠣᠷᠴᠢᠨ ᠲᠣᠭᠤᠷᠢᠨ ᠢ ᠬᠤᠬᠢᠷᠠᠭᠤᠯᠬᠤ ᠴᠢᠨᠠᠭᠰᠢᠯᠠᠪᠠᠯ ᠡᠪᠳᠡᠭᠦ ᠬᠥᠭᠵᠢᠯᠲᠡ ᠶᠢᠨ ᠵᠠᠭᠪᠤᠷ ᠢ ᠲᠠᠶᠠᠭᠳᠠᠬᠤ ᠭᠡᠷᠡᠭᠲᠡᠢ ; ᠡᠬᠢ ᠪᠠᠶᠠᠯᠢᠭ ᠤᠨ ᠤᠭ ᠰᠤᠷᠪᠤᠯᠵᠢ᠂ ᠠᠵᠤ ᠦᠢᠯᠡᠰ ᠤᠨ ᠰᠠᠭᠤᠷᠢ ᠵᠡᠷᠭᠡ ᠲᠠᠯ᠎ᠠ ᠶᠢᠨ ᠬᠠᠷᠢᠴᠠᠭᠤᠯᠤᠭᠰᠠᠨ ᠳᠠᠪᠠᠭᠤᠯᠢᠭ ᠢ ᠨᠡᠩ ᠰᠠᠶᠢᠨ ᠪᠠᠳᠠᠷᠠᠭᠤᠯᠵᠤ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠪᠣᠶᠢᠵᠢᠭᠤᠯᠵᠤ ᠦᠷ᠎ᠡ ᠠᠰᠢᠭ ᠢ ᠨᠡᠮᠡᠭᠳᠡᠭᠦᠯᠦᠨ᠂ ᠤᠯᠤᠰ ᠣᠷᠣᠨ ᠳᠤ ᠨᠡᠩ ᠲᠣᠭᠲᠠᠭᠤᠨ᠂ ᠨᠡᠩ ᠠᠮᠤᠷ ᠲᠦᠪᠰᠢᠨ᠂ ᠨᠡᠩ ᠤᠯᠠᠨ ᠪᠣᠬᠢᠷᠳᠤᠯ ᠦᠭᠡᠢ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢ ᠬᠠᠩᠭᠠᠬᠤ ᠭᠡᠷᠡᠭᠳᠡᠢ ; ᠭᠠᠳᠠᠭᠠᠳᠤ ᠨᠡᠭᠡᠭᠡᠯᠲᠡ ᠶᠢ ᠪᠦᠭᠦ ᠲᠠᠯ᠎ᠠ ᠪᠠᠷ ᠥᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠣᠮᠣ ᠵᠠᠬ᠎ᠠ ᠳᠡᠯᠭᠡᠭᠦᠷ ᠲᠤ ᠭᠦᠨᠵᠡᠭᠡᠢ ᠠᠭᠤᠰᠤᠯᠴᠠᠵᠤ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠨᠡᠭᠡᠭᠡᠯᠲᠡ ᠶᠢᠨ ᠳᠠᠪᠠᠭᠤᠯᠢᠭ ᠪᠣᠯᠭᠠᠨ ᠨᠡᠩ ᠰᠠᠶᠢᠲᠤᠷ ᠬᠤᠪᠢᠷᠠᠭᠤᠯᠬᠤ ᠭᠡᠷᠡᠭᠳᠡᠢ ; ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠴᠢᠩᠭ᠎ᠠ ᠠᠳᠬᠤᠨ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠡᠭᠦᠷᠢᠳᠡ ᠳᠡᠯᠭᠡᠷᠡᠭᠦᠯᠬᠦ ᠭᠡᠷᠡᠭᠳᠡᠢ ; ᠰᠠᠨᠠᠭᠠᠰᠢᠷᠠᠨ ᠵᠣᠪᠠᠨᠢᠬᠤ ᠤᠬᠠᠮᠰᠠᠷ ᠪᠠ ᠲᠡᠮᠡᠴᠡᠯ ᠤᠨ ᠵᠣᠷᠢᠭ ᠰᠠᠨᠠᠭ᠎ᠠ ᠶᠢ ᠴᠠᠭ ᠢᠮᠠᠭᠲᠠ ᠪᠠᠷᠢᠮᠲᠠᠯᠠᠵᠤ᠂ ᠠᠮᠤᠷ ᠲᠦᠪᠰᠢᠨ ᠬᠥᠭᠵᠢᠯᠲᠡ ᠶᠢᠨ ᠬᠢᠵᠠᠭᠠᠷ ᠱᠤᠭᠤᠮ ᠢ ᠪᠠᠲᠤ ᠰᠠᠬᠢᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠨᠡᠩ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠤᠨ ᠶᠡᠭᠡ ᠲᠠᠯ᠎ᠠ ᠶᠢ ᠨᠡᠩ ᠠᠮᠤᠷ ᠲᠣᠭᠲᠠᠭᠤᠨ ᠡᠮᠬᠢ ᠵᠢᠷᠤᠮ ᠲᠠᠢ ᠪᠤᠯᠭᠠᠬᠤ ᠬᠡᠷᠡᠭᠲᠡᠢ᠃      ᠢᠷᠡᠭᠡᠳᠦᠢ ᠶᠢᠨ ᠤᠷᠳᠤ ᠤᠳᠠᠭᠠᠨ ᠠᠶᠠᠨ ᠵᠠᠮ ᠳᠤ᠂ ᠠᠶᠤᠯ ᠲᠦᠭᠰᠢᠭᠦᠷᠢ ᠥᠷᠢᠰᠦᠯᠳᠦᠭᠡᠨ ᠪᠠᠭ᠎ᠠ ᠪᠤᠰᠤ᠂ ᠬᠥᠭᠵᠢᠯᠲᠡ ᠶᠢᠨ ᠠᠵᠠ ᠲᠣᠭᠢᠶᠠᠯ ᠨᠡᠩ ᠤᠯᠠᠨ ᠪᠠᠶᠢᠨ᠎ᠠ᠂ ᠪᠢᠳᠡ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠬᠡᠬᠦᠳᠡᠭ ᠴᠡᠭᠡᠵᠢᠨ ᠳᠡᠭᠡᠨ ᠪᠦᠭᠦ ᠲᠠᠯ᠎ᠠ ᠶᠢ ᠪᠣᠳᠣᠯᠬᠢᠯᠠᠬᠤ ᠪᠠᠷ ᠪᠠᠷᠠᠬᠤ ᠦᠭᠡᠢ᠂ ᠯᠠᠪᠳᠠᠭᠤᠨ ᠪᠠᠲᠤᠲᠠᠢ ᠠᠵᠢᠯᠯᠠᠵᠤ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠨ᠂ ᠦᠨᠡᠨ ᠬᠦ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠵᠤ᠂ ᠤᠮᠠᠷᠠᠲᠤ ᠬᠢᠯᠢ ᠶᠢᠨ ᠡᠬᠡ ᠭᠠᠵᠠᠷ ᠲᠤ ᠭᠡᠷᠡᠯ ᠭᠢᠯᠪᠠᠭ᠎ᠠ ᠨᠡᠮᠡᠷᠢᠯᠡᠬᠦ ᠪᠠᠷ ᠪᠠᠷᠠᠬᠤ ᠦᠭᠡᠢ᠂ ᠪᠠᠰᠠ ᠪᠦᠭᠦ ᠤᠯᠤᠰ ᠤᠨ ᠶᠡᠭᠡ ᠲᠠᠯ᠎ᠠ ᠳᠤ ᠭᠡᠷᠡᠯ ᠭᠢᠯᠪᠠᠭ᠎ᠠ ᠨᠡᠮᠡᠷᠢᠯᠡᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号